ᠣᠶ᠋ᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠪᠠ ᠵᠠᠰᠠᠭ᠎ᠤᠨ ᠣᠷᠳᠣᠨ᠎ᠠᠴᠠ 《2022 ᠣᠨ᠎ᠤ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠪᠥᠬᠦ ᠲᠠᠯ᠎ᠠ᠎ᠪᠠᠷ ᠠᠬᠢᠭᠤᠯᠬᠤ ᠭᠤᠣᠯᠳᠠᠯᠭ᠎ᠠ᠎ᠲᠠᠢ ᠠᠵᠢᠯ᠎ᠢ ᠰᠠᠶ᠋ᠢᠲᠤᠷ ᠬᠢᠬᠦ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠡᠷᠡᠭᠵᠢᠭᠦᠯᠬᠦ ᠰᠠᠨᠠᠯ》 (ᠳᠣᠷᠣᠭᠰᠢ 《ᠬᠡᠷᠡᠭᠵᠢᠭᠦᠯᠬᠦ ᠰᠠᠨᠠᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠮᠠᠯᠵᠢᠬᠤ ᠲᠠᠷᠢᠶᠠᠯᠠᠬᠤ ᠣᠷᠣᠨ᠎ᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ᠎ᠤᠨ ᠬᠠᠷᠢᠭᠤᠴᠠᠯᠭ᠋ᠠᠲᠠᠨ 《ᠬᠡᠷᠡᠭᠵᠢᠭᠦᠯᠬᠦ ᠰᠠᠨᠠᠯ》᠎ᠤᠨ ᠬᠤᠯᠪᠣᠭᠳᠠᠯ ᠪᠦᠬᠦᠢ ᠠᠰᠠᠭᠤᠳᠠᠯ᠎ᠤᠨ ᠲᠤᠬᠠᠢ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃
ᠠᠰᠠᠭᠤᠯᠲᠠ᠄ 《ᠬᠡᠷᠡᠭᠵᠢᠭᠦᠯᠬᠦ ᠰᠠᠨᠠᠯ》᠎ᠢ ᠨᠡᠶ᠋ᠢᠲᠡᠯᠡᠭᠰᠡᠨ ᠠᠬᠤᠢ ᠪᠠᠶ᠋ᠢᠳᠠᠯ᠎ᠨᠢ ᠶᠠᠮᠠᠷ ᠪᠣᠶ? ᠬᠠᠷᠢᠭᠤᠯᠲᠠ᠄
ᠰᠢ ᠵᠢᠨ ᠫᠢᠩ ᠶᠡᠷᠦᠩᠬᠡᠢ ᠱᠦᠵᠢ ᠴᠢᠬᠤᠯᠠᠴᠢᠯᠠᠬᠤ᠎ᠳᠤ᠎ᠪᠠᠨ᠂ ᠡᠯ᠎ᠡ ᠵᠦᠢ᠍ᠯ᠎ᠤᠨ ᠲᠦᠭᠰᠢᠭᠦᠷᠢ ᠵᠢᠨ ᠰᠢᠯᠭ᠋ᠠᠯᠲᠠ ᠵᠢ ᠠᠷᠭ᠋ᠠᠴᠠᠭ᠋ᠠᠬᠤ᠎ᠳᠤ ᠡᠷᠬᠡᠪᠰᠢ ᠤᠯᠤᠰ᠎ᠤᠨ ᠪᠠᠶ᠋ᠢᠯᠳᠤᠬᠤ ᠪᠣᠳᠣᠯᠭ᠎ᠠ ᠵᠢᠨ ᠬᠡᠷᠡᠭᠴᠡᠭᠡ ᠵᠢ ᠪᠣᠳᠣᠯᠬᠢᠯᠠᠨ᠂ ᠲᠠᠷᠢᠶᠠᠯᠠᠩ᠎ᠤᠨ ᠦᠨᠳᠦᠰᠦᠨ ᠪᠠᠶ᠋ᠢᠳᠠᠯ᠎ᠢ ᠲᠣᠭᠲᠠᠪᠤᠷᠢᠵᠢᠭᠤᠯᠵᠤ᠂ 《ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ》᠎ᠤ ᠠᠵᠢᠯ᠎ᠢ ᠰᠠᠶ᠋ᠢᠲᠤᠷ ᠬᠢᠵᠦ᠂ ᠠᠷᠭ᠎ᠠ ᠬᠡᠮᠵᠢᠶ᠎ᠡ ᠵᠢ ᠴᠢᠩᠭ᠎ᠠ ᠬᠡᠷᠡᠭᠵᠢᠭᠦᠯᠵᠦ᠂ ᠭᠠᠷᠤᠯᠲᠠ ᠵᠢ ᠲᠣᠭᠲᠠᠪᠤᠷᠢᠵᠢᠭᠤᠯᠤᠨ ᠬᠠᠩᠭ᠋ᠠᠯᠭ᠎ᠠ ᠵᠢ ᠪᠠᠲᠤᠯᠠᠬᠤ ᠵᠢ ᠦᠨᠡᠨ ᠬᠦ᠌ ᠪᠠᠲᠤᠯᠠᠵᠤ᠂ ᠲᠠᠷᠢᠶᠠᠯᠠᠩ ᠬᠥᠳᠡᠭᠡ ᠲᠣᠰᠬᠤᠨ᠎ᠤ ᠲᠣᠭᠲᠠᠭᠤᠨ ᠵᠶ᠋ᠠᠷ ᠬᠥᠭᠵᠢᠬᠦ ᠵᠢ ᠦᠨᠡᠨ ᠬᠦ᠌ ᠪᠠᠲᠤᠯᠠᠬᠤ ᠬᠡᠷᠡᠭᠲᠡᠢ ᠭᠡᠵᠡᠢ᠃
2021 ᠣᠨ᠎ᠳᠤ᠂ ᠮᠠᠨ ᠤ ᠣᠷᠣᠨ ᠶᠡᠷᠦᠩᠬᠡᠢ ᠱᠦᠵᠢ ᠰᠢ ᠵᠢᠨ ᠫᠢᠩ᠎ᠤ 《ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ》᠎ᠤ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠣᠨ ᠥᠪᠥᠷ ᠮᠣᠩᠭᠤᠯ᠎ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠤᠯᠠᠪᠤᠷᠢ ᠵᠢᠨ ᠵᠣᠷᠢᠭ ᠰᠠᠨᠠᠭ᠎ᠠ ᠵᠢ ᠡᠷᠡᠰ ᠳᠤᠭᠤᠰᠢᠯᠠᠭᠤᠯᠵᠤ᠂ ᠠᠮᠢ ᠠᠬᠤᠢ ᠵᠢ ᠲᠡᠷᠢᠭᠦᠨ᠎ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷ ᠰᠠᠶ᠋ᠢᠲᠠᠢ ᠬᠥᠭᠵᠢᠯᠲᠡ ᠵᠢᠨ ᠰᠢᠨ᠎ᠡ ᠵᠠᠮ ᠵᠶ᠋ᠠᠷ ᠵᠠᠮᠨᠠᠬᠤ ᠵᠢ ᠪᠠᠷᠢᠮᠲᠠᠯᠠᠵᠤ᠂ ᠪᠦᠬᠦ ᠣᠷᠣᠨ᠎ᠤ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠳᠤ 《ᠠᠷᠪᠠᠨ ᠨᠠᠢ᠍ᠮᠠᠨ ᠵᠢᠯ ᠳᠠᠷᠠᠭ᠋ᠠᠯᠠᠨ ᠡᠯᠪᠡᠭ ᠬᠤᠷᠢᠶᠠᠯᠲᠠ ᠣᠯᠬᠤ》 ᠵᠢ ᠪᠡᠶᠡᠯᠡᠭᠦᠯᠵᠦ᠂ ᠮᠠᠯ ᠠᠵᠤ ᠠᠬᠤᠢ ᠵᠢᠨ ᠦᠢ᠍ᠯᠡᠳᠪᠦᠷᠢᠯᠡᠯ᠎ᠳᠤ 《ᠠᠷᠪᠠᠨ ᠳᠣᠯᠣᠭ᠋ᠠᠨ ᠵᠢᠯ ᠳᠠᠷᠠᠭ᠋ᠠᠯᠠᠨ ᠲᠣᠭᠲᠠᠭᠤᠨ ᠪᠠᠶ᠋ᠢᠬᠤ》 ᠵᠢ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ᠎ᠤ ᠪᠠᠶ᠋ᠢᠩᠭᠤ ᠰᠠᠭᠤᠭ᠎ᠠ ᠰᠠᠭᠤᠭ᠋ᠠᠯᠢ ᠠᠷᠠᠳ᠎ᠤᠨ ᠬᠥᠮᠥᠨ ᠳᠤᠮᠳᠠᠴᠢ ᠵᠢᠨ ᠡᠵᠡᠮᠳᠡᠵᠦ ᠪᠣᠯᠬᠤᠶ᠋ᠢᠴᠠ ᠣᠷᠣᠯᠭ᠎ᠠ 18337 ᠲᠥᠭᠦᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 10.7%᠎ᠪᠠᠷ ᠨᠡᠮᠡᠭᠳᠡᠪᠡ᠃ ᠨᠡᠮᠡᠭᠳᠡᠯ᠎ᠤᠨ ᠬᠤᠷᠳᠤᠴᠠ᠎ᠨᠢ ᠬᠤᠲᠠ ᠪᠠᠯᠭ᠋ᠠᠰᠤᠨ᠎ᠤ ᠰᠠᠭᠤᠭ᠋ᠠᠯᠢ ᠠᠷᠠᠳ᠎ᠠᠴᠠ 3.4 ᠵᠠᠭᠤᠨ᠎ᠤ ᠨᠢᠭᠡᠴᠢ ᠥᠨᠳᠥᠷ ᠪᠠᠶ᠋ᠢᠵᠤ᠂ ᠮᠠᠯᠵᠢᠬᠤ ᠲᠠᠷᠢᠶᠠᠯᠠᠬᠤ ᠣᠷᠣᠨ᠎ᠤ ᠬᠥᠮᠥᠰ᠎ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠦᠷᠭᠦᠯᠵᠢᠯᠡᠨ ᠰᠠᠶ᠋ᠢᠵᠢᠷᠠᠵᠤ᠂ ᠬᠥᠳᠡᠭᠡ ᠲᠣᠰᠬᠤᠨ᠎ᠤ ᠵᠠᠰᠠᠯᠲᠠ ᠵᠢᠨ ᠲᠦᠪᠰᠢᠨ ᠲᠠᠰᠤᠷᠠᠯᠲᠠ ᠦᠭᠡᠢ ᠳᠡᠭᠡᠭᠰᠢᠯᠡᠨ᠂ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ᠎ᠤ ᠬᠥᠭᠵᠢᠯᠲᠡ ᠵᠢᠨ ᠪᠠᠶ᠋ᠢᠳᠠᠯ ᠦᠷᠭᠦᠯᠵᠢᠯᠡᠨ ᠰᠠᠶ᠋ᠢᠵᠢᠷᠠᠵᠤ᠂ ᠲᠠᠷᠢᠶᠠᠯᠠᠩ ᠮᠠᠯ ᠠᠵᠤ ᠠᠬᠤᠢ ᠵᠢᠨ ᠦᠢ᠍ᠯᠡᠳᠪᠦᠷᠢᠯᠡᠯ ᠲᠣᠭᠲᠠᠭᠤᠨ᠎ᠤ ᠳᠤᠮᠳᠠ ᠤᠷᠤᠭᠰᠢᠯᠠᠨ ᠲᠠᠪᠰᠢᠬᠤ ᠵᠢ ᠪᠠᠲᠤᠯᠠᠨ᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠵᠢᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠪᠦᠬᠦ ᠲᠠᠯ᠎ᠠ᠎ᠪᠠᠷ ᠠᠬᠢᠭᠤᠯᠬᠤ ᠵᠢ ᠯᠠᠪᠳᠠᠭᠤᠨ ᠪᠠᠲᠤᠲᠠᠢ ᠠᠯᠬᠤᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠦᠯᠦᠪᠵᠢᠭᠦᠯᠭᠡ ᠵᠢᠨ ᠰᠠᠶ᠋ᠢᠨ ᠡᠬᠢᠯᠡᠯᠲᠡ ᠵᠢ ᠪᠡᠶᠡᠯᠡᠭᠦᠯᠬᠦ᠎ᠳᠤ ᠬᠦᠴᠦᠲᠡᠢ ᠲᠤᠯᠭ᠋ᠠᠭᠤᠷᠢᠯᠠᠯ ᠬᠠᠩᠭ᠋ᠠᠵᠠᠢ᠃ ᠣᠳᠣᠬᠠᠨ᠎ᠳᠤ᠂ ᠵᠠᠭᠤᠨ ᠵᠢᠯ᠎ᠤᠨ ᠬᠤᠪᠢᠷᠠᠯᠲᠠ ᠪᠠ ᠵᠠᠭᠤᠨ ᠵᠢᠯ᠎ᠤᠨ ᠬᠢᠵᠢᠭ᠎ᠤᠨ ᠪᠠᠶ᠋ᠢᠳᠠᠯ ᠰᠣᠯᠪᠢᠴᠠᠨ ᠳᠠᠪᠬᠤᠴᠠᠵᠤ᠂ ᠨᠠᠷᠢᠨ ᠪᠤᠳᠤᠯᠢᠶᠠᠨᠲᠠᠢ ᠪᠥᠭᠡᠳ ᠬᠦᠨᠳᠦ ᠬᠡᠴᠡᠭᠦᠦ ᠭᠠᠳᠠᠭ᠋ᠠᠳᠤ ᠣᠷᠴᠢᠨ ᠨᠥᠬᠦᠴᠡᠯ᠎ᠤᠨ ᠡᠮᠦᠨ᠎ᠡ᠂ ᠲᠠᠷᠢᠶᠠᠯᠠᠩ᠎ᠤᠨ ᠦᠨᠳᠦᠰᠦᠨ ᠪᠠᠶ᠋ᠢᠳᠠᠯ᠎ᠢ ᠲᠣᠭᠲᠠᠪᠤᠷᠢᠵᠢᠭᠤᠯᠵᠤ᠂ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ᠎ᠤ ᠠᠵᠢᠯ᠎ᠢ ᠰᠠᠶ᠋ᠢᠲᠤᠷ ᠬᠢᠵᠦ᠂ ᠲᠠᠷᠢᠶᠠᠯᠠᠩ᠎ᠤᠨ ᠤᠨᠠᠯᠲᠠ ᠵᠢ ᠲᠣᠭᠲᠠᠪᠤᠷᠢᠵᠢᠭᠤᠯᠤᠨ ᠤᠨᠠᠯᠲᠠ ᠵᠢ ᠨᠡᠮᠡᠭᠳᠡᠭᠦᠯᠬᠦ᠂ ᠲᠠᠷᠢᠶᠠᠴᠢᠳ᠎ᠤᠨ ᠣᠷᠣᠯᠭ᠎ᠠ ᠵᠢ ᠲᠣᠭᠲᠠᠭᠤᠨ ᠵᠶ᠋ᠠᠷ ᠨᠡᠮᠡᠭᠳᠡᠭᠦᠯᠬᠦ᠂ ᠬᠥᠳᠡᠭᠡ ᠲᠣᠰᠬᠤᠨ᠎ᠤ ᠠᠮᠤᠷ ᠲᠣᠭᠲᠠᠭᠤᠨ ᠪᠠᠶ᠋ᠢᠬᠤ ᠵᠢ ᠦᠨᠡᠨ ᠬᠦ᠌ ᠪᠠᠲᠤᠯᠠᠬᠤ᠎ᠨᠢ ᠠᠵᠤ ᠠᠬᠤᠢ ᠨᠡᠶ᠋ᠢᠭᠡᠮ᠎ᠤᠨ ᠲᠣᠭᠲᠠᠭᠤᠨ ᠪᠥᠭᠡᠳ ᠡᠷᠡᠭᠦᠯ ᠵᠶ᠋ᠠᠷ ᠬᠥᠭᠵᠢᠬᠦ ᠵᠢ ᠲᠦᠯᠬᠢᠨ ᠠᠬᠢᠭᠤᠯᠬᠤ᠎ᠳᠤ ᠣᠨᠴᠠᠭ᠋ᠠᠶ ᠴᠢᠬᠤᠯᠠ ᠠᠴᠢ ᠬᠤᠯᠪᠣᠭᠳᠠᠯ᠎ᠲᠠᠢ ᠶᠤᠮ᠃ ᠡᠨᠡ ᠵᠢᠯ᠎ᠤᠨ 1 ᠰᠠᠷ᠎ᠠ ᠵᠢᠨ 5 ᠤ ᠡᠳᠦᠷ᠂ ᠨᠠᠮ᠎ᠤᠨ ᠲᠥᠪ ᠬᠤᠷᠢᠶ᠎ᠠ᠂ ᠲᠦᠷᠦ ᠵᠢᠨ ᠶᠠᠪᠤᠳᠠᠯ᠎ᠤᠨ ᠬᠤᠷᠢᠶᠠᠨ᠎ᠠᠴᠠ 《2022 ᠣᠨ᠎ᠤ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ᠎ᠲᠠᠢ ᠠᠵᠢᠯ᠎ᠢ ᠪᠦᠬᠦ ᠲᠠᠯ᠎ᠠ᠎ᠪᠠᠷ ᠠᠬᠢᠭᠤᠯᠬᠤ ᠲᠤᠬᠠᠢ ᠨᠠᠮ᠎ᠤᠨ ᠲᠥᠪ ᠬᠤᠷᠢᠶ᠎ᠠ᠂ ᠲᠦᠷᠦ ᠵᠢᠨ ᠶᠠᠪᠤᠳᠠᠯ᠎ᠤᠨ ᠬᠤᠷᠢᠶᠠᠨ᠎ᠤ ᠰᠠᠨᠠᠯ》᠎ᠢ ᠳᠠᠷᠤᠮᠠᠯᠯᠠᠨ ᠲᠠᠷᠬᠠᠭ᠋ᠠᠵᠤ᠂ 《ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ》᠎ᠤ ᠠᠵᠢᠯ᠎ᠳᠤ ᠪᠦᠬᠦ ᠲᠠᠯ᠎ᠠ ᠵᠢᠨ ᠪᠠᠶ᠋ᠢᠷᠢᠯᠠᠭᠤᠯᠤᠯᠲᠠ ᠬᠢᠵᠡᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠪᠣᠯᠣᠨ ᠵᠠᠰᠠᠭ᠎ᠤᠨ ᠣᠷᠳᠣᠨ ᠨᠠᠮ᠎ᠤᠨ ᠲᠥᠪ ᠬᠤᠷᠢᠶᠠᠨ᠎ᠤ ᠰᠢᠨ᠎ᠡ ᠬᠥᠭᠵᠢᠯᠲᠡ ᠵᠢᠨ ᠱᠠᠲᠤᠨ᠎ᠳᠠᠬᠢ 《ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ》᠎ᠤ ᠠᠵᠢᠯ᠎ᠤᠨ ᠲᠤᠬᠠᠢ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢ ᠲᠣᠭᠲᠠᠭ᠋ᠠᠯᠲᠠ ᠵᠢ ᠭᠦᠨᠵᠡᠭᠡᠢ ᠣᠶ᠋ᠢᠯᠠᠭ᠋ᠠᠨ ᠡᠵᠡᠮᠰᠢᠵᠦ᠂ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠂ ᠲᠥᠪ᠎ᠤᠨ ᠬᠥᠳᠡᠭᠡ ᠲᠣᠰᠬᠤᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ᠎ᠤ ᠪᠣᠳᠠᠲᠤ ᠪᠠᠶ᠋ᠢᠳᠠᠯ᠎ᠢ ᠲᠤᠭᠤᠰᠢᠯᠠᠭᠤᠯᠬᠤ᠎ᠲᠠᠢ ᠤᠶᠠᠯᠳᠤᠭᠤᠯᠵᠤ᠂ ᠲᠥᠪ᠎ᠤᠨ 《ᠰᠠᠨᠠᠯ》᠎ᠳᠤ ᠳᠤᠷᠠᠳᠤᠭᠰᠠᠨ ᠴᠢᠬᠤᠯᠠ ᠶᠡᠭᠡ ᠡᠭᠦᠷᠭᠡ ᠠᠷᠭ᠎ᠠ ᠬᠡᠮᠵᠢᠶ᠎ᠡ ᠵᠢ ᠨᠢᠭᠡᠳ ᠨᠢᠭᠡ᠎ᠪᠠᠷ ᠨᠠᠷᠢᠯᠢᠭᠵᠢᠭᠤᠯᠤᠨ ᠪᠠᠶ᠋ᠢᠷᠢᠯᠠᠭᠤᠯᠵᠤ᠂ 《ᠬᠡᠷᠡᠭᠵᠢᠭᠦᠯᠬᠦ ᠰᠠᠨᠠᠯ》᠎ᠢ ᠲᠣᠭᠲᠠᠭ᠋ᠠᠨ ᠨᠡᠶ᠋ᠢᠲᠡᠯᠡᠪᠡ᠃
ᠠᠰᠠᠭᠤᠯᠲᠠ᠄ 《ᠬᠡᠷᠡᠭᠵᠢᠭᠦᠯᠬᠦ ᠰᠠᠨᠠᠯ》᠎ᠤᠨ ᠭᠤᠣᠯ ᠠᠭᠤᠯᠭ᠎ᠠ᠎ᠨᠢ ᠶᠠᠭᠤ ᠪᠣᠶ?
ᠬᠠᠷᠢᠭᠤᠯᠲᠠ᠄ 《ᠬᠡᠷᠡᠭᠵᠢᠭᠦᠯᠬᠦ ᠰᠠᠨᠠᠯ》᠎ᠳᠤ 37 ᠵᠦᠢ᠍ᠯ᠎ᠤᠨ ᠭᠤᠣᠯᠳᠠᠯᠭ᠎ᠠ᠎ᠲᠠᠢ ᠡᠭᠦᠷᠭᠡ ᠵᠢ ᠳᠤᠷᠠᠳᠤᠨ ᠭᠠᠷᠭ᠋ᠠᠵᠤ᠂ ᠠᠮᠤ ᠪᠤᠳᠠᠭ᠋ᠠᠨ᠎ᠤ ᠤᠨᠠᠯᠲᠠ ᠵᠢ ᠲᠣᠭᠲᠠᠪᠤᠷᠢᠵᠢᠭᠤᠯᠤᠨ ᠤᠨᠠᠯᠲᠠ ᠵᠢ ᠨᠡᠮᠡᠭᠳᠡᠭᠦᠯᠬᠦ᠂ ᠲᠠᠷᠢᠶᠠᠨ ᠭᠠᠵᠠᠷ᠎ᠢ ᠬᠠᠮᠠᠭ᠋ᠠᠯᠠᠬᠤ ᠪᠠ ᠪᠦᠲᠦᠭᠡᠨ ᠪᠠᠶ᠋ᠢᠭᠤᠯᠬᠤ᠂ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢ ᠠᠵᠤ ᠦᠢ᠍ᠯᠡᠰᠵᠢᠭᠦᠯᠦᠨ ᠬᠥᠭᠵᠢᠭᠦᠯᠬᠦ᠂ ᠲᠠᠷᠢᠶᠠᠯᠠᠩ ᠮᠠᠯ ᠠᠵᠤ ᠠᠬᠤᠢ ᠵᠢᠨ ᠨᠠᠷᠠᠲᠤ ᠲᠡᠮᠳᠡᠭ᠎ᠢ ᠳᠡᠭᠡᠭᠰᠢᠯᠡᠭᠦᠯᠬᠦ᠂ ᠦᠷ᠎ᠡ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ᠂ ᠰᠦ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠵᠡᠷᠭᠡ ᠵᠢᠷᠭᠤᠭ᠋ᠠᠨ ᠶᠡᠭᠡ ᠠᠵᠢᠯᠯᠠᠭ᠎ᠠ ᠵᠡᠷᠭᠡ ᠪᠣᠳᠠᠲᠠᠢ ᠠᠷᠭ᠎ᠠ ᠬᠡᠮᠵᠢᠶ᠎ᠡ ᠵᠢ ᠭᠦᠨᠵᠡᠭᠡᠢ ᠬᠡᠷᠡᠭᠵᠢᠭᠦᠯᠬᠦ᠎ᠪᠠᠷ ᠲᠣᠳᠣᠷᠬᠠᠢ ᠲᠣᠭᠲᠠᠭ᠋ᠠᠵᠤ᠂ 55 ᠵᠦᠢ᠍ᠯ᠎ᠤᠨ ᠪᠣᠳᠠᠲᠠᠢ ᠭᠦᠢ᠍ᠴᠡᠳᠬᠡᠯ ᠲᠤᠭ᠎ᠠ ᠵᠢ ᠵᠢᠭᠰᠠᠭ᠋ᠠᠵᠠᠢ᠃ 《ᠬᠡᠷᠡᠭᠵᠢᠭᠦᠯᠬᠦ ᠰᠠᠨᠠᠯ》᠎ᠤᠨ ᠭᠤᠣᠯ ᠠᠭᠤᠯᠭ᠎ᠠ ᠵᠢ ᠬᠤᠷᠢᠶᠠᠩᠭᠤᠶ᠋ᠢᠯᠠᠪᠠᠯ᠄ 《ᠬᠤᠶᠠᠷ ᠬᠤᠷᠢᠭ᠎ᠠ ᠱᠤᠭᠤᠮ》᠎ᠢ ᠪᠠᠲᠤ ᠰᠠᠬᠢᠵᠤ᠂ 《ᠭᠤᠷᠪᠠᠨ ᠵᠦᠢ᠍ᠯ᠎ᠤᠨ ᠭᠤᠣᠯᠳᠠᠯᠭ᠎ᠠ》 ᠵᠢ ᠰᠠᠶ᠋ᠢᠲᠤᠷ ᠠᠳᠬᠤᠵᠤ᠂ 《ᠳᠥᠷᠪᠡᠨ ᠵᠦᠢ᠍ᠯ᠎ᠤᠨ ᠲᠤᠯᠭ᠋ᠠᠭᠤᠷᠢᠯᠠᠯ》᠎ᠢ ᠴᠢᠩᠭ᠋ᠠᠷᠠᠭᠤᠯᠤᠨ᠂ 《ᠨᠢᠭᠡ ᠵᠢ ᠴᠢᠩᠭ᠋ᠠᠳᠬᠠᠬᠤ》 ᠵᠢ ᠪᠠᠷᠢᠮᠲᠠᠯᠠᠬᠤ ᠪᠤᠯᠤᠨ᠎ᠠ᠃ 《ᠬᠤᠶᠠᠷ ᠬᠤᠷᠢᠭ᠎ᠠ ᠱᠤᠭᠤᠮ》᠎ᠢ ᠪᠠᠲᠤ ᠰᠠᠬᠢᠬᠤ ᠪᠣᠯ ᠳᠠᠷᠤᠢ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ ᠪᠠ ᠬᠡᠪᠴᠢᠶᠡᠵᠢᠭᠰᠡᠨ ᠴᠢᠨᠠᠷᠲᠠᠢ᠎ᠪᠠᠷ ᠲᠠᠬᠢᠨ ᠶᠠᠳᠠᠭᠤᠷᠠᠬᠤ ᠦᠭᠡᠢ ᠪᠠᠶ᠋ᠢᠬᠤ ᠬᠤᠶᠠᠷ ᠬᠤᠷᠢᠭ᠎ᠠ ᠱᠤᠭᠤᠮ᠎ᠢ ᠪᠠᠲᠤ ᠰᠠᠬᠢᠬᠤ ᠶᠠᠪᠤᠳᠠᠯ ᠪᠣᠯᠣᠨ᠎ᠠ᠃ ᠠᠮᠤ ᠪᠤᠳᠠᠭ᠋ᠠᠨ᠎ᠤ ᠦᠢ᠍ᠯᠡᠳᠪᠦᠷᠢᠯᠡᠯ ᠪᠣᠯᠣᠨ ᠴᠢᠬᠤᠯᠠ ᠪᠣᠯᠬᠤ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠬᠠᠩᠭ᠋ᠠᠯᠭ᠎ᠠ ᠵᠢ ᠪᠦᠬᠦ ᠬᠦᠴᠦᠨ ᠵᠶ᠋ᠠᠷ ᠵᠶ᠋ᠠᠨ ᠰᠠᠶ᠋ᠢᠲᠤᠷ ᠠᠳᠬᠤᠵᠤ᠂ ᠲᠠᠷᠢᠶᠠᠨ ᠭᠠᠵᠠᠷ᠎ᠢ ᠬᠠᠮᠠᠭ᠋ᠠᠯᠠᠬᠤ ᠪᠦᠲᠦᠭᠡᠨ ᠪᠠᠶ᠋ᠢᠭᠤᠯᠤᠯᠲᠠ ᠵᠢᠨ ᠬᠠᠲᠠᠭᠤ ᠠᠷᠭ᠎ᠠ ᠬᠡᠮᠵᠢᠶ᠎ᠡ ᠵᠢ ᠨᠡᠩ ᠶᠡᠭᠡ ᠡᠷᠴᠢᠮ ᠵᠶ᠋ᠠᠷ ᠰᠠᠶ᠋ᠢᠲᠤᠷ ᠨᠠᠶ᠋ᠢᠳᠠᠪᠤᠷᠢᠵᠢᠭᠤᠯᠤᠨ᠂ ᠠᠮᠤ ᠪᠤᠳᠠᠭ᠎ᠠ ᠲᠠᠷᠢᠬᠤ ᠲᠠᠯᠠᠪᠠᠢ ᠵᠢ 10290 ᠲᠦᠮᠡᠨ ᠮᠦ᠍᠎ᠳᠤ ᠲᠣᠭᠲᠠᠪᠤᠷᠢᠵᠢᠭᠤᠯᠵᠤ᠂ ᠤᠨᠠᠯᠲᠠ ᠵᠢ 750 ᠳ᠋ᠦᠩᠰᠢᠭᠤᠷ ᠵᠢᠩ ᠣᠷᠴᠢᠮ᠎ᠳᠤ ᠲᠣᠭᠲᠠᠪᠤᠷᠢᠵᠢᠭᠤᠯᠬᠤ ᠵᠢ ᠪᠠᠲᠤᠯᠠᠨ᠂ 《ᠢᠳᠡᠰᠢᠨ ᠨᠤᠭᠤᠭ᠎ᠠ》 ᠵᠢᠨ ᠪᠦᠲᠦᠭᠡᠭᠳᠡᠬᠦᠨ᠎ᠤ ᠬᠠᠩᠭ᠋ᠠᠯᠭ᠎ᠠ ᠵᠢ ᠪᠠᠲᠤᠯᠠᠬᠤ ᠬᠡᠷᠡᠭᠲᠡᠢ; ᠲᠠᠬᠢᠨ ᠶᠠᠳᠠᠭᠤᠷᠠᠬᠤ ᠵᠢ ᠰᠡᠷᠭᠡᠶ᠋ᠢᠯᠡᠬᠦ ᠵᠢ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠵᠢ ᠲᠡᠭᠦᠯᠳᠡᠷᠵᠢᠭᠦᠯᠦᠨ ᠨᠠᠶ᠋ᠢᠳᠠᠪᠤᠷᠢᠵᠢᠭᠤᠯᠵᠤ᠂ ᠭᠤᠣᠯᠳᠠᠯᠭ᠎ᠠ᠎ᠲᠠᠢ ᠭᠠᠵᠠᠷ ᠣᠷᠣᠨ᠎ᠢ ᠬᠠᠪᠰᠤᠷᠤᠨ ᠲᠡᠳᠬᠦᠬᠦ ᠡᠷᠴᠢᠮ ᠵᠶ᠋ᠠᠨ ᠴᠢᠩᠭ᠋ᠠᠷᠠᠭᠤᠯᠤᠨ᠂ ᠬᠠᠪᠰᠤᠷᠤᠨ ᠲᠡᠳᠬᠦᠬᠦ ᠲᠦᠷᠦ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠵᠢ ᠠᠬᠢᠭᠤᠯᠵᠤ᠂ ᠬᠡᠪᠴᠢᠶᠡᠵᠢᠭᠰᠡᠨ ᠴᠢᠨᠠᠷᠲᠠᠢ᠎ᠪᠠᠷ ᠲᠠᠬᠢᠨ ᠶᠠᠳᠠᠭᠤᠷᠠᠬᠤ ᠪᠠᠶ᠋ᠢᠳᠠᠯ ᠡᠭᠦᠰᠬᠦ ᠦᠭᠡᠢ ᠪᠠᠶ᠋ᠢᠬᠤ ᠵᠢ ᠪᠠᠲᠤᠯᠠᠨ᠂ ᠶᠠᠳᠠᠭᠤ᠎ᠠᠴᠠ ᠠᠩᠭᠢᠵᠢᠷᠠᠭᠰᠠᠨ ᠬᠥᠮᠥᠨ ᠠᠮᠠ ᠵᠢᠨ ᠣᠷᠣᠯᠭ᠎ᠠ ᠵᠢ ᠦᠷᠭᠦᠯᠵᠢᠯᠡᠨ ᠨᠡᠮᠡᠭᠳᠡᠭᠦᠯᠬᠦ ᠵᠢ ᠠᠬᠢᠭᠤᠯᠤᠨ᠎ᠠ᠃ 《ᠭᠤᠷᠪᠠᠨ ᠭᠤᠣᠯᠳᠠᠯᠭ᠎ᠠ》 ᠵᠢ ᠰᠠᠶ᠋ᠢᠲᠤᠷ ᠠᠳᠬᠤᠬᠤ ᠪᠣᠯ ᠳᠠᠷᠤᠢ ᠬᠥᠳᠡᠭᠡ ᠲᠣᠰᠬᠤᠨ᠎ᠤ ᠬᠥᠭᠵᠢᠯᠲᠡ᠂ ᠬᠥᠳᠡᠭᠡ ᠲᠣᠰᠬᠤᠨ᠎ᠤ ᠪᠦᠲᠦᠭᠡᠨ ᠪᠠᠶ᠋ᠢᠭᠤᠯᠤᠯᠲᠠ᠂ ᠬᠥᠳᠡᠭᠡ ᠲᠣᠰᠬᠤᠨ᠎ᠤ ᠵᠠᠰᠠᠯᠲᠠ ᠵᠢᠨ ᠭᠤᠣᠯᠳᠠᠯᠭ᠎ᠠ᠎ᠲᠠᠢ ᠠᠵᠢᠯ᠎ᠢ ᠯᠠᠪᠳᠠᠭᠤᠨ ᠪᠠᠲᠤᠲᠠᠢ ᠡᠮᠬᠢ ᠳᠢᠭᠯᠢᠮ᠎ᠲᠠᠢ ᠰᠠᠶ᠋ᠢᠲᠤᠷ ᠬᠢᠬᠦ ᠶᠠᠪᠤᠳᠠᠯ ᠪᠣᠯᠣᠨ᠎ᠠ᠃ ᠬᠥᠳᠡᠭᠡ ᠲᠣᠰᠬᠤᠨ᠎ᠤ ᠬᠥᠭᠵᠢᠯᠲᠡ ᠵᠢᠨ ᠲᠠᠯ᠎ᠠ᠎ᠪᠠᠷ᠂ ᠥᠪᠥᠷ ᠮᠣᠩᠭᠤᠯ᠎ᠤᠨ ᠲᠠᠷᠢᠶᠠᠯᠠᠩ ᠮᠠᠯ ᠠᠵᠤ ᠠᠬᠤᠢ ᠵᠢᠨ ᠡᠬᠢ ᠪᠠᠶᠠᠯᠢᠭ᠎ᠤᠨ ᠳᠠᠪᠠᠭᠤᠯᠢᠭ᠂ ᠠᠵᠤ ᠦᠢ᠍ᠯᠡᠰ᠎ᠤᠨ ᠰᠠᠭᠤᠷᠢ ᠵᠡᠷᠭᠡ ᠲᠠᠯ᠎ᠠ ᠵᠢᠨ ᠬᠠᠷᠢᠴᠠᠩᠭᠤᠢ ᠳᠠᠪᠠᠭᠤᠯᠢᠭ᠎ᠢ ᠪᠠᠳᠠᠷᠠᠭᠤᠯᠵᠤ᠂ ᠮᠠᠯᠵᠢᠬᠤ ᠲᠠᠷᠢᠶᠠᠯᠠᠬᠤ ᠣᠷᠣᠨ᠎ᠤ ᠨᠢᠭᠡᠳᠦᠭᠡᠷ ᠬᠤᠶᠠᠳᠤᠭ᠋ᠠᠷ ᠭᠤᠷᠪᠠᠳᠤᠭ᠋ᠠᠷ ᠠᠵᠤ ᠦᠢ᠍ᠯᠡᠰ᠎ᠤᠨ ᠠᠭᠤᠰᠤᠯᠴᠠᠨ ᠬᠥᠭᠵᠢᠬᠦ ᠵᠢ ᠦᠷᠭᠦᠯᠵᠢᠯᠡᠨ ᠠᠬᠢᠭᠤᠯᠵᠤ᠂ ᠮᠠᠯᠴᠢᠨ ᠲᠠᠷᠢᠶᠠᠴᠢᠨ᠎ᠢ ᠳᠠᠶ᠋ᠢᠴᠢᠯᠠᠨ ᠲᠤᠬᠠᠢ ᠵᠢᠨ ᠭᠠᠵᠠᠷ ᠪᠤᠶᠤ ᠣᠶ᠋ᠢᠷ᠎ᠠ ᠬᠠᠪᠢ᠎ᠳᠤ᠎ᠪᠠᠨ ᠠᠵᠢᠯ ᠣᠯᠵᠤ ᠣᠷᠣᠯᠭ᠎ᠠ᠎ᠪᠠᠨ ᠨᠡᠮᠡᠭᠳᠡᠭᠦᠯᠦᠨ᠎ᠡ; ᠬᠥᠳᠡᠭᠡ ᠲᠣᠰᠬᠤᠨ᠎ᠤ ᠪᠦᠲᠦᠭᠡᠨ ᠪᠠᠶ᠋ᠢᠭᠤᠯᠤᠯᠲᠠ ᠵᠢᠨ ᠲᠠᠯ᠎ᠠ᠎ᠪᠠᠷ᠂ ᠬᠥᠳᠡᠭᠡ ᠲᠣᠰᠬᠤᠨ᠎ᠤ ᠪᠦᠲᠦᠭᠡᠨ ᠪᠠᠶ᠋ᠢᠭᠤᠯᠤᠯᠲᠠ ᠵᠢᠨ ᠬᠡᠷᠡᠭᠵᠢᠭᠦᠯᠬᠦ ᠲᠣᠭᠲᠠᠴᠠ ᠵᠢ ᠪᠦᠷᠢᠨᠰᠢᠭᠦᠯᠵᠦ᠂ ᠮᠠᠯᠵᠢᠬᠤ ᠲᠠᠷᠢᠶᠠᠯᠠᠬᠤ ᠣᠷᠣᠨ᠎ᠤ ᠭᠤᠣᠯᠳᠠᠯᠭ᠎ᠠ᠎ᠲᠠᠢ ᠬᠦᠷᠢᠶᠡᠨ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠮᠠᠯᠴᠢᠨ ᠲᠠᠷᠢᠶᠠᠴᠢᠨ᠎ᠤ ᠦᠢ᠍ᠯᠡᠳᠪᠦᠷᠢᠯᠡᠯ ᠠᠮᠢᠳᠤᠷᠠᠯ᠎ᠤᠨ ᠪᠣᠳᠠᠲᠠᠢ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠬᠦ ᠬᠡᠷᠡᠭᠲᠡᠢ; ᠬᠥᠳᠡᠭᠡ ᠲᠣᠰᠬᠤᠨ᠎ᠤ ᠵᠠᠰᠠᠯᠲᠠ ᠵᠢᠨ ᠲᠠᠯ᠎ᠠ᠎ᠪᠠᠷ᠂ ᠮᠠᠯᠵᠢᠬᠤ ᠲᠠᠷᠢᠶᠠᠯᠠᠬᠤ ᠣᠷᠣᠨ᠎ᠤ ᠦᠨᠳᠦᠰᠦᠨ ᠱᠠᠲᠤᠨ᠎ᠤ ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ ᠳᠣᠣᠷᠠᠬᠢ ᠥᠪᠡᠷᠲᠡᠭᠡᠨ ᠵᠠᠰᠠᠬᠤ᠂ ᠬᠠᠤᠯᠢ᠎ᠪᠠᠷ ᠵᠠᠰᠠᠬᠤ᠂ ᠶᠣᠰᠣ ᠮᠣᠷᠠᠯ ᠵᠶ᠋ᠠᠷ ᠵᠠᠰᠠᠬᠤ ᠵᠢ ᠤᠶᠠᠯᠳᠤᠭᠤᠯᠤᠭᠰᠠᠨ ᠬᠥᠳᠡᠭᠡ ᠲᠣᠰᠬᠤᠨ᠎ᠤ ᠵᠠᠰᠠᠯᠲᠠ ᠵᠢᠨ ᠰᠢᠰᠲ᠋ᠧᠮᠵᠢ ᠵᠢ ᠪᠦᠷᠢᠨᠰᠢᠭᠦᠯᠵᠦ᠂ ᠮᠠᠯᠵᠢᠬᠤ ᠲᠠᠷᠢᠶᠠᠯᠠᠬᠤ ᠣᠷᠣᠨ᠎ᠤ ᠨᠡᠶ᠋ᠢᠭᠡᠮ᠎ᠤᠨ ᠠᠮᠤᠷ ᠲᠠᠶ᠋ᠢᠪᠤᠩ ᠲᠣᠭᠲᠠᠭᠤᠨ᠎ᠢ ᠦᠨᠡᠨ ᠬᠦ᠌ ᠬᠠᠮᠠᠭ᠋ᠠᠯᠠᠨ᠎ᠠ᠃ 《ᠳᠥᠷᠪᠡᠨ ᠵᠦᠢ᠍ᠯ᠎ᠤᠨ ᠪᠠᠲᠤᠯᠠᠭ᠎ᠠ》 ᠵᠢ ᠴᠢᠩᠭ᠋ᠠᠳᠬᠠᠬᠤ ᠭᠡᠳᠡᠭ᠎ᠨᠢ ᠳᠠᠷᠤᠢ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ᠎ᠢ ᠤᠷᠢᠳ ᠵᠶ᠋ᠠᠷ ᠬᠥᠭᠵᠢᠭᠦᠯᠬᠦ ᠵᠢ ᠪᠠᠷᠢᠮᠲᠠᠯᠠᠵᠤ᠂ ᠪᠡᠯᠡ ᠮᠥᠩᠭᠦ ᠵᠢᠨ ᠣᠷᠣᠭᠤᠯᠤᠯᠲᠠ᠂ ᠮᠥᠩᠭᠦᠨ ᠭᠦᠢ᠍ᠯᠭᠡᠭᠡᠨ᠎ᠤ ᠦᠢ᠍ᠯᠡᠴᠢᠯᠡᠭᠡ᠂ ᠴᠢᠳᠠᠪᠤᠷᠢᠲᠠᠨ᠎ᠤ ᠡᠩᠨᠡᠭᠡ᠂ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠳᠥᠷᠪᠡᠨ ᠲᠠᠯ᠎ᠠ᠎ᠪᠠᠷ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠴᠢᠬᠤᠯᠠ ᠬᠦᠴᠦᠨ ᠵᠦᠢ᠍ᠯ᠎ᠤᠨ ᠪᠠᠲᠤᠯᠠᠭ᠎ᠠ ᠵᠢ ᠦᠷᠭᠦᠯᠵᠢᠯᠡᠨ ᠴᠢᠩᠭ᠋ᠠᠳᠬᠠᠬᠤ ᠶᠠᠪᠤᠳᠠᠯ ᠪᠣᠯᠣᠨ᠎ᠠ᠃ 《ᠨᠢᠭᠡ ᠵᠢ ᠴᠢᠩᠭ᠋ᠠᠳᠬᠠᠬᠤ》 ᠵᠢ ᠪᠠᠷᠢᠮᠲᠠᠯᠠᠬᠤ ᠪᠣᠯ ᠳᠠᠷᠤᠢ ᠨᠠᠮ᠎ᠠᠴᠠ 《ᠲᠠᠷᠢᠶᠠᠯᠠᠩ ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠮᠠᠯᠴᠢᠨ ᠲᠠᠷᠢᠶᠠᠴᠢᠨ》᠎ᠤ ᠠᠵᠢᠯ᠎ᠳᠠᠬᠢ ᠪᠦᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠬᠤ ᠶᠠᠪᠤᠳᠠᠯ ᠪᠣᠯᠣᠨ᠎ᠠ᠃ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠪᠦᠬᠦ ᠲᠠᠯ᠎ᠠ᠎ᠪᠠᠷ ᠠᠬᠢᠭᠤᠯᠬᠤ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠬᠤ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠬᠢᠨᠠᠨ ᠰᠢᠯᠭ᠋ᠠᠬᠤ ᠲᠣᠭᠲᠠᠴᠠ ᠵᠢ ᠪᠦᠷᠢᠨᠰᠢᠭᠦᠯᠬᠦ᠂ ᠨᠠᠮ᠎ᠤᠨ ᠮᠠᠯᠵᠢᠬᠤ ᠲᠠᠷᠢᠶᠠᠯᠠᠬᠤ ᠣᠷᠣᠨ᠎ᠤ ᠠᠵᠢᠯ᠎ᠤᠨ ᠪᠠᠶ᠋ᠢᠭᠤᠯᠤᠮᠵᠢ ᠵᠢ ᠪᠠᠶ᠋ᠢᠭᠤᠯᠤᠨ ᠬᠦᠴᠦᠷᠬᠡᠭᠵᠢᠭᠦᠯᠬᠦ᠂ ᠴᠡᠭ᠎ᠢ ᠠᠳᠬᠤᠨ ᠪᠦᠬᠦ ᠲᠠᠯ᠎ᠠ ᠵᠢ ᠳᠠᠶ᠋ᠢᠴᠢᠯᠠᠨ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠪᠦᠬᠦ ᠲᠠᠯ᠎ᠠ᠎ᠪᠠᠷ ᠥᠷᠨᠢᠭᠦᠯᠬᠦ ᠵᠢ ᠠᠬᠢᠭᠤᠯᠬᠤ ᠵᠡᠷᠭᠡ ᠲᠠᠯ᠎ᠠ᠎ᠪᠠᠷ ᠲᠣᠳᠣᠷᠬᠠᠢ ᠱᠠᠭ᠋ᠠᠷᠳᠠᠯᠭ᠎ᠠ ᠳᠤᠷᠠᠳᠪᠠ᠃
ᠠᠰᠠᠭᠤᠯᠲᠠ᠄ ᠥᠪᠥᠷ ᠮᠣᠩᠭᠤᠯ ᠤᠯᠤᠰ᠎ᠤᠨ 《ᠠᠮᠤ ᠪᠤᠳᠠᠭ᠋ᠠᠨ᠎ᠤ ᠬᠥᠮᠥᠷᠭᠡ》᠂ 《ᠰᠦ ᠵᠢᠨ ᠬᠦᠮᠦᠷᠭᠡ》᠂ 《ᠮᠢᠬᠠᠨ᠎ᠤ ᠬᠥᠮᠥᠷᠭᠡ》 ᠪᠣᠯᠤᠭᠰᠠᠨ᠎ᠤ ᠬᠤᠪᠢ᠎ᠳᠤ᠂ ᠡᠨᠡ ᠵᠢᠯ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ ᠪᠠ ᠴᠢᠬᠤᠯᠠ ᠪᠣᠯᠬᠤ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠬᠠᠩᠭ᠋ᠠᠯᠭ᠎ᠠ ᠵᠢ ᠪᠠᠲᠤᠯᠠᠬᠤ ᠲᠠᠯ᠎ᠠ᠎ᠪᠠᠷ ᠶᠠᠮᠠᠷ ᠶᠠᠮᠠᠷ ᠪᠣᠳᠠᠲᠠᠢ ᠠᠷᠭ᠎ᠠ ᠬᠡᠮᠵᠢᠶ᠎ᠡ ᠠᠪᠤᠭᠰᠠᠨ ᠪᠣᠶ?
ᠬᠠᠷᠢᠭᠤᠯᠲᠠ᠄ 《ᠬᠡᠷᠡᠭᠵᠢᠭᠦᠯᠬᠦ ᠰᠠᠨᠠᠯ》᠎ᠳᠤ ᠭᠤᠣᠯᠳᠠᠭᠤ ᠳᠥᠷᠪᠡᠨ ᠲᠠᠯ᠎ᠠ᠎ᠪᠠᠷ ᠪᠠᠶ᠋ᠢᠷᠢᠯᠠᠭᠤᠯᠤᠯᠲᠠ ᠲᠣᠬᠢᠷᠠᠭᠤᠯᠤᠯᠲᠠ ᠬᠢᠪᠡ᠄ ᠨᠢᠭᠡ᠎ᠳᠤ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠢ ᠪᠥᠬᠦ ᠬᠦᠴᠦᠨ ᠵᠶ᠋ᠠᠷ ᠵᠶ᠋ᠠᠨ ᠰᠠᠶ᠋ᠢᠲᠤᠷ ᠠᠳᠬᠤᠨ᠎ᠠ᠃ ᠤᠯᠤᠰ᠎ᠤᠨ 13 ᠠᠮᠤ ᠪᠤᠳᠠᠭ᠋ᠠᠨ᠎ᠤ ᠭᠤᠣᠯ ᠭᠠᠷᠤᠯᠲᠠ ᠵᠢᠨ ᠣᠷᠣᠨ᠎ᠤ ᠨᠢᠭᠡ ᠪᠣᠯᠤᠭᠰᠠᠨ᠎ᠤ ᠬᠤᠪᠢ᠎ᠳᠤ᠂ ᠪᠢᠳᠡ ᠤᠯᠤᠰ ᠲᠦᠷᠦ ᠵᠢᠨ ᠵᠣᠭᠰᠣᠴᠠ᠎ᠪᠠᠨ ᠴᠢᠨᠠᠭᠰᠢᠳᠠ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠬᠦ᠎ᠪᠠᠨ ᠴᠢᠩᠭ᠋ᠠᠳᠬᠠᠵᠤ᠂ ᠠᠮᠤ ᠪᠤᠳᠠᠭ᠋ᠠᠨ᠎ᠤ ᠠᠮᠤᠷ ᠲᠦᠪᠰᠢᠨ᠎ᠤ ᠨᠠᠮ ᠵᠠᠰᠠᠭ ᠠᠳᠠᠯᠢ ᠬᠠᠷᠢᠭᠤᠴᠠᠯᠭ᠎ᠠ᠎ᠲᠠᠢ ᠪᠠᠶ᠋ᠢᠬᠤ ᠱᠠᠭ᠋ᠠᠷᠳᠠᠯᠭ᠎ᠠ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠠᠮᠤ ᠪᠤᠳᠠᠭ᠋ᠠᠨ᠎ᠤ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠳᠦᠷᠢᠮ᠎ᠤᠨ ᠬᠢᠨᠠᠨ ᠰᠢᠯᠭ᠋ᠠᠯᠲᠠ ᠵᠢ ᠥᠷᠨᠢᠭᠦᠯᠵᠦ᠂ ᠠᠮᠤ ᠪᠤᠳᠠᠭ᠋ᠠᠨ᠎ᠤ ᠤᠨᠠᠯᠲᠠ ᠵᠢ ᠲᠣᠭᠲᠠᠪᠤᠷᠢᠵᠢᠭᠤᠯᠤᠨ ᠤᠨᠠᠯᠲᠠ ᠵᠢ ᠨᠡᠮᠡᠭᠳᠡᠭᠦᠯᠬᠦ ᠠᠵᠢᠯᠯᠠᠭ᠎ᠠ ᠵᠢ ᠬᠡᠷᠡᠭᠵᠢᠭᠦᠯᠵᠦ᠂ ᠠᠮᠤ ᠪᠤᠳᠠᠭ᠎ᠠ ᠲᠠᠷᠢᠬᠤ ᠲᠠᠯᠠᠪᠠᠢ ᠪᠣᠯᠣᠨ ᠠᠮᠤ ᠪᠤᠳᠠᠭ᠋ᠠᠨ᠎ᠤ ᠤᠨᠠᠯᠲᠠ ᠵᠢᠨ ᠲᠣᠭᠲᠠᠭᠤᠨ ᠪᠠᠶ᠋ᠢᠬᠤ ᠵᠢ ᠪᠠᠲᠤᠯᠠᠬᠤ ᠬᠡᠷᠡᠭᠲᠡᠢ᠃ ᠲᠠᠷᠢᠶᠠᠯᠠᠩ᠎ᠤᠨ ᠪᠦᠲᠦᠴᠡ ᠵᠢ ᠤᠯᠠᠮ ᠨᠢᠭᠡ ᠠᠯᠬᠤᠮ ᠲᠣᠬᠢᠷᠠᠭᠤᠯᠤᠨ ᠰᠢᠯᠢᠳᠡᠭᠵᠢᠭᠦᠯᠵᠦ᠂ ᠰᠢᠷ᠎ᠠ ᠪᠤᠷᠴᠠᠭ ᠪᠠ ᠡᠷᠳᠡᠨᠢ ᠰᠢᠰᠢ ᠵᠢᠨ ᠪᠦᠰᠡᠯᠢᠭ ᠬᠡᠯᠪᠡᠷᠢᠲᠡᠢ ᠰᠣᠯᠢᠪᠴᠠᠯ ᠲᠠᠷᠢᠶᠠᠯᠠᠭ᠎ᠠ ᠵᠢ ᠶᠡᠭᠡ᠎ᠪᠠᠷ ᠬᠥᠭᠵᠢᠭᠦᠯᠵᠦ᠂ ᠰᠢᠷ᠎ᠠ ᠪᠤᠷᠴᠠᠭ ᠪᠠ ᠲᠣᠰᠣᠯᠢᠭ ᠲᠠᠷᠢᠮᠠᠯ᠎ᠤᠨ ᠦᠢ᠍ᠯᠡᠳᠪᠦᠷᠢᠯᠡᠬᠦ ᠴᠢᠳᠠᠪᠤᠷᠢ ᠵᠢ ᠳᠡᠭᠡᠭᠰᠢᠯᠡᠭᠦᠯᠦᠨ᠎ᠡ᠃ ᠲᠠᠷᠢᠶᠠᠯᠠᠩ᠎ᠢ ᠬᠦᠴᠦᠷᠬᠡᠭᠵᠢᠭᠦᠯᠦᠨ ᠲᠠᠷᠢᠶᠠᠴᠢᠳ᠎ᠲᠤ ᠠᠰᠢᠭ ᠬᠦᠷᠲᠡᠭᠡᠬᠦ ᠲᠦᠷᠦ ᠵᠢᠨ ᠪᠣᠳᠣᠯᠭ᠎ᠠ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠭᠤᠷᠪᠠᠨ ᠶᠡᠭᠡ ᠠᠮᠤ ᠪᠤᠳᠠᠭ᠋ᠠᠨ᠎ᠤ ᠲᠠᠷᠢᠮᠠᠯ᠎ᠤᠨ ᠪᠦᠷᠢᠨ ᠥᠪᠡᠷ᠎ᠤᠨ ᠦᠷᠲᠡᠭ᠎ᠤᠨ ᠳᠠᠭ᠋ᠠᠳᠬᠠᠯ ᠪᠠ ᠲᠠᠷᠢᠮᠠᠯ᠎ᠤᠨ ᠣᠷᠣᠯᠭ᠎ᠠ ᠵᠢᠨ ᠳᠠᠭ᠋ᠠᠳᠬᠠᠯ᠂ ᠠᠮᠤ ᠪᠤᠳᠠᠭ᠋ᠠᠨ᠎ᠤ ᠭᠠᠷᠤᠯᠲᠠ ᠵᠢᠨ ᠲᠣᠮᠣ ᠰᠢᠶᠠᠨ᠎ᠢ ᠪᠦᠬᠦᠨ᠎ᠢ ᠬᠠᠮᠤᠷᠬᠤ ᠵᠢ ᠪᠡᠶᠡᠯᠡᠭᠦᠯᠵᠦ᠂ ᠲᠠᠷᠢᠶᠠᠯᠠᠩ᠎ᠤᠨ ᠨᠡᠶ᠋ᠢᠭᠡᠮᠴᠢᠯᠡᠭᠰᠡᠨ ᠦᠢ᠍ᠯᠡᠴᠢᠯᠡᠭᠡ ᠵᠢ ᠲᠦᠷᠭᠡᠪᠴᠢᠯᠡᠨ ᠬᠥᠭᠵᠢᠭᠦᠯᠵᠦ᠂ ᠲᠠᠷᠢᠶᠠᠴᠢᠳ᠎ᠤᠨ ᠠᠮᠤ ᠪᠤᠳᠠᠭ᠎ᠠ ᠳᠠᠷᠢᠭᠰᠠᠨ᠎ᠤ ᠠᠰᠢᠭ ᠣᠷᠣᠯᠭ᠎ᠠ ᠵᠢ ᠪᠠᠲᠤᠯᠠᠬᠤ ᠲᠣᠭᠲᠠᠴᠠ ᠵᠢ ᠲᠡᠭᠦᠯᠳᠡᠷᠵᠢᠭᠦᠯᠵᠦ᠂ ᠡᠯ᠎ᠡ ᠭᠠᠵᠠᠷ᠎ᠤᠨ ᠲᠠᠷᠢᠶᠠᠯᠠᠩ᠎ᠢ ᠴᠢᠬᠤᠯᠠᠴᠢᠯᠠᠨ ᠠᠮᠤ ᠪᠤᠳᠠᠭ᠎ᠠ ᠵᠢ ᠠᠳᠬᠤᠬᠤ᠂ ᠲᠠᠷᠢᠶᠠᠴᠢᠳ᠎ᠤᠨ ᠲᠠᠷᠢᠶᠠᠨ ᠠᠵᠢᠯ ᠬᠢᠵᠦ ᠠᠮᠤ ᠪᠤᠳᠠᠭ᠎ᠠ ᠲᠠᠷᠢᠬᠤ ᠢᠳᠡᠪᠬᠢᠵᠢᠯ᠎ᠢ ᠭᠦᠢ᠍ᠴᠡᠳ ᠳᠠᠶ᠋ᠢᠴᠢᠯᠠᠨ᠎ᠠ᠃ ᠬᠤᠶᠠᠷ᠎ᠲᠤ 《ᠬᠤᠯᠢᠰᠢᠨ ᠢᠳᠡᠭᠡ》 ᠵᠢᠨ ᠪᠦᠲᠦᠭᠡᠭᠳᠡᠬᠦᠨ᠎ᠤ ᠬᠠᠩᠭ᠋ᠠᠯᠭ᠎ᠠ ᠵᠢ ᠪᠠᠲᠤᠯᠠᠨ᠎ᠠ᠃ 《ᠢᠳᠡᠰᠢᠨ ᠨᠣᠭᠤᠭ᠎ᠠ》 ᠵᠢᠨ ᠠᠶ᠋ᠢᠮᠠᠭ ᠬᠤᠲᠠ ᠵᠢᠨ ᠳᠠᠷᠤᠭ᠎ᠠ ᠬᠠᠷᠢᠭᠤᠴᠠᠬᠤ ᠳᠦᠷᠢᠮ᠎ᠤᠨ ᠰᠢᠯᠭ᠋ᠠᠨ ᠬᠢᠨᠠᠬᠤ ᠵᠢ ᠥᠷᠨᠢᠭᠦᠯᠵᠦ᠂ ᠴᠢᠬᠤᠯᠠ ᠪᠣᠯᠬᠤ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠬᠠᠩᠭ᠋ᠠᠯᠭ᠎ᠠ ᠵᠢᠨ ᠴᠢᠳᠠᠪᠤᠷᠢ ᠵᠢ ᠳᠡᠭᠡᠭᠰᠢᠯᠡᠭᠦᠯᠦᠨ᠎ᠡ᠃ ᠰᠦ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠵᠢ ᠭᠦᠨᠵᠡᠭᠡᠢ ᠬᠡᠷᠡᠭᠵᠢᠭᠦᠯᠵᠦ᠂ ᠰᠦ ᠵᠢᠨ ᠦᠢ᠍ᠯᠡᠰ᠎ᠤᠨ ᠴᠢᠬᠤᠯᠠ ᠶᠡᠭᠡ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠨ᠂ ᠪᠥᠬᠦ ᠣᠷᠣᠨ᠎ᠤ ᠰᠦ ᠵᠢᠨ ᠭᠠᠷᠤᠯᠲᠠ ᠵᠢ 720 ᠲᠦᠮᠡᠨ ᠲᠣᠨ᠎ᠠᠴᠠ ᠳᠠᠪᠠᠭᠤᠯᠬᠤ᠎ᠪᠠᠷ ᠴᠢᠷᠮᠠᠶ᠋ᠢᠨ᠎ᠠ᠃ ᠠᠯᠠᠰᠢᠨ ᠦᠬᠡᠷ ᠠᠯᠠᠰᠢᠨ ᠬᠤᠨᠢᠨ᠎ᠤ ᠬᠥᠭᠵᠢᠯᠲᠡ ᠵᠢᠨ ᠲᠠᠪᠤᠨ ᠵᠢᠯ᠎ᠤᠨ ᠠᠵᠢᠯᠯᠠᠭ᠎ᠠ ᠵᠢ ᠬᠡᠷᠡᠭᠵᠢᠭᠦᠯᠵᠦ᠂ ᠭᠠᠭ᠍ᠠᠢ ᠵᠢᠨ ᠦᠢ᠍ᠯᠡᠳᠪᠦᠷᠢᠯᠡᠯ᠎ᠤᠨ ᠣᠷᠳᠣ ᠬᠤᠭᠤᠴᠠᠭ᠋ᠠᠨ᠎ᠤ ᠪᠦᠲᠦᠮᠵᠢᠲᠡᠶ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠤᠨ᠂ ᠲᠡᠵᠢᠭᠡᠯ ᠡᠪᠡᠰᠦ ᠪᠣᠷᠳᠣᠭ᠋ᠠᠨ᠎ᠤ ᠲᠤᠰᠬᠠᠶ᠋ᠢᠵᠢᠭᠰᠠᠨ ᠦᠢ᠍ᠯᠡᠳᠪᠦᠷᠢᠯᠡᠯ᠎ᠢ ᠬᠥᠭᠵᠢᠭᠦᠯᠵᠦ᠂ ᠦᠬᠡᠷ ᠬᠤᠨᠢᠨ ᠮᠢᠬ᠎ᠠ ᠵᠢᠨ 180 ᠲᠦᠮᠡᠨ ᠲᠣᠨ ᠣᠷᠴᠢᠮ᠎ᠳᠤ ᠲᠣᠭᠲᠠᠭᠤᠨ ᠪᠠᠶ᠋ᠢᠯᠭ᠋ᠠᠬᠤ ᠵᠢ ᠦᠨᠡᠨ ᠬᠦ᠌ ᠪᠠᠲᠤᠯᠠᠨ᠎ᠠ᠃ ᠲᠤᠬᠠᠢ ᠵᠢᠨ ᠭᠠᠵᠠᠷ ᠣᠷᠣᠨ᠎ᠤ ᠪᠠᠶ᠋ᠢᠳᠠᠯ᠎ᠳᠤᠨᠢ ᠲᠣᠬᠢᠷᠠᠭᠤᠯᠤᠨ ᠲᠦᠬᠦᠭᠡᠷᠦᠮᠵᠢᠲᠦ ᠲᠠᠷᠢᠶᠠᠯᠠᠩ ᠮᠠᠯ ᠠᠵᠤ ᠠᠬᠤᠢ ᠵᠢ ᠲᠦᠷᠭᠡᠳᠬᠡᠨ ᠬᠥᠭᠵᠢᠭᠦᠯᠵᠦ᠂ ᠨᠡᠯᠢᠶᠡᠳ ᠴᠢᠩᠭ᠎ᠠ ᠣᠷᠣᠨ ᠪᠦᠰᠡ ᠵᠢᠨ ᠥᠷᠢᠰᠦᠯᠳᠦᠬᠦ ᠬᠦᠴᠦᠨ᠎ᠲᠠᠢ ᠪᠠ ᠪᠥᠬᠦ ᠤᠯᠤᠰ᠎ᠲᠤ ᠨᠥᠯᠥᠭᠡᠯᠡᠬᠦ ᠬᠦᠴᠦᠨ᠎ᠲᠠᠢ ᠢᠳᠡᠰᠢᠨ ᠨᠣᠭᠤᠭ᠎ᠠ ᠵᠢᠨ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠢ ᠰᠦᠪᠡᠭᠴᠢᠯᠡᠨ ᠪᠠᠶ᠋ᠢᠭᠤᠯᠤᠨ᠎ᠠ᠃ ᠭᠤᠷᠪᠠ᠎ᠳᠤ ᠲᠠᠷᠢᠶᠠᠨ ᠭᠠᠵᠠᠷ᠎ᠢ ᠬᠠᠮᠠᠭ᠋ᠠᠯᠠᠬᠤ ᠵᠠᠭᠤᠮᠠᠭ᠋ᠠᠢ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠤᠨ᠎ᠠ᠃ ᠲᠠᠷᠢᠶᠠᠨ ᠭᠠᠵᠠᠷ᠎ᠤᠨ ᠬᠠᠮᠠᠭ᠋ᠠᠯᠠᠯᠲᠠ ᠪᠠ ᠪᠦᠲᠦᠭᠡᠨ ᠪᠠᠶ᠋ᠢᠭᠤᠯᠤᠯᠲᠠ ᠵᠢᠨ ᠠᠵᠢᠯᠯᠠᠭ᠎ᠠ ᠵᠢ ᠭᠦᠨᠵᠡᠭᠡᠢ ᠬᠡᠷᠡᠭᠵᠢᠭᠦᠯᠵᠦ᠂ ᠲᠠᠷᠢᠶᠠᠨ ᠭᠠᠵᠠᠷ᠎ᠤᠨ ᠬᠠᠮᠠᠭ᠋ᠠᠯᠠᠯᠲᠠ᠎ᠳᠤ ᠨᠠᠮ ᠵᠠᠰᠠᠭ ᠠᠳᠠᠯᠢ ᠬᠠᠷᠢᠭᠤᠴᠠᠯᠭ᠎ᠠ᠎ᠲᠠᠢ ᠪᠠᠶ᠋ᠢᠬᠤ ᠵᠢ ᠬᠡᠷᠡᠭᠵᠢᠭᠦᠯᠦᠨ᠂ ᠲᠠᠷᠢᠶᠠᠨ ᠭᠠᠵᠠᠷ᠎ᠤᠨ ᠪᠠᠶ᠋ᠢᠬᠤ ᠬᠡᠮᠵᠢᠶ᠎ᠡ ᠪᠠ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢᠨ ᠬᠠᠷᠠᠯᠲᠠᠲᠤ ᠡᠭᠦᠷᠭᠡ ᠵᠢ ᠲᠤᠭ᠎ᠠ ᠶᠣᠰᠣᠭ᠋ᠠᠷ ᠣᠷᠣᠨ ᠪᠠᠶ᠋ᠢᠷᠢ᠎ᠲᠠᠢ ᠱᠠᠲᠤ ᠳᠠᠷᠠᠭ᠋ᠠᠯᠠᠨ ᠬᠤᠪᠢᠶᠠᠷᠢᠯᠠᠨ ᠪᠠᠭᠤᠯᠭ᠋ᠠᠵᠤ᠂ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢ ᠬᠠᠲᠠᠭᠤ ᠭᠦᠢ᠍ᠴᠡᠳᠬᠡᠬᠦ ᠲᠤᠭ᠎ᠠ ᠪᠣᠯᠭ᠋ᠠᠨ ᠴᠢᠩᠭ᠎ᠠ ᠬᠢᠨᠠᠨ ᠰᠢᠯᠭ᠋ᠠᠵᠤ᠂ ᠨᠢᠭᠡ ᠯᠡ ᠫᠢᠶᠣᠣ᠎ᠪᠠᠷ ᠦᠭᠡᠶ᠋ᠢᠰᠬᠡᠬᠦ᠂ ᠨᠠᠰᠤᠨ ᠲᠤᠷᠰᠢᠲᠠ ᠬᠠᠷᠢᠭᠤᠴᠠᠯᠭ᠎ᠠ ᠨᠡᠬᠡᠮᠵᠢᠯᠡᠬᠦ ᠵᠢ ᠬᠡᠷᠡᠭᠵᠢᠭᠦᠯᠦᠨ᠎ᠡ᠃ ᠲᠠᠷᠢᠶᠠᠨ ᠭᠠᠵᠠᠷ᠎ᠤᠨ ᠬᠡᠷᠡᠭᠯᠡᠯᠲᠡ ᠵᠢᠨ ᠵᠠᠬᠢᠷᠤᠨ ᠬᠠᠮᠢᠶᠠᠷᠤᠯᠲᠠ ᠵᠢ ᠴᠢᠩᠭ᠋ᠠᠳᠬᠠᠵᠤ᠂ ᠲᠠᠷᠢᠶᠠᠨ ᠭᠠᠵᠠᠷ᠎ᠢ ᠡᠵᠡᠯᠡᠬᠦ ᠪᠠ ᠨᠥᠬᠦᠪᠦᠷᠢᠯᠡᠬᠦ ᠵᠢ ᠲᠡᠩᠴᠡᠭᠦᠷᠢᠲᠡᠢ ᠪᠠᠶ᠋ᠢᠯᠭ᠋ᠠᠬᠤ ᠲᠦᠷᠦ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠵᠤ᠂ ᠲᠠᠷᠢᠶᠠᠨ ᠭᠠᠵᠠᠷ᠎ᠤᠨ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠡᠷᠴᠢᠮ᠎ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠱᠠᠲᠤ ᠦᠶ᠎ᠡ ᠵᠢᠨ ᠴᠢᠨᠠᠷᠲᠠᠢ ᠡᠭᠦᠷᠭᠡ ᠵᠢ ᠪᠥᠬᠦ ᠲᠠᠯ᠎ᠠ᠎ᠪᠠᠷ ᠪᠡᠶᠡᠯᠡᠭᠦᠯᠵᠦ᠂ ᠬᠠᠷ᠎ᠠ ᠬᠥᠷᠥᠰᠥ ᠵᠢ ᠬᠠᠮᠠᠭ᠋ᠠᠯᠠᠬᠤ ᠪᠠ ᠬᠤᠵᠢᠷᠯᠢᠭ ᠭᠠᠵᠠᠷ᠎ᠢ ᠰᠠᠶ᠋ᠢᠵᠢᠷᠠᠭᠤᠯᠬᠤ ᠠᠵᠢᠯ᠎ᠢ ᠰᠠᠶ᠋ᠢᠲᠤᠷ ᠠᠳᠬᠤᠵᠤ᠂ ᠲᠠᠷᠢᠶᠠᠨ ᠭᠠᠵᠠᠷ᠎ᠤᠨ ᠶᠠᠰᠤ ᠴᠢᠨᠠᠷ᠎ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠲᠠᠷᠢᠶᠠᠨ ᠭᠠᠵᠠᠷ ᠪᠣᠯ ᠳᠠᠷᠤᠢ ᠲᠠᠷᠢᠶᠠᠨ ᠭᠠᠵᠠᠷ ᠮᠥᠨ ᠪᠥᠭᠡᠳ ᠡᠷᠬᠡᠪᠰᠢ ᠰᠢᠯᠢᠳᠡᠭ ᠲᠠᠷᠢᠶᠠᠨ ᠭᠠᠵᠠᠷ ᠪᠠᠶ᠋ᠢᠬᠤ ᠬᠡᠷᠡᠭᠲᠡᠢ ᠭᠡᠳᠡᠭ᠎ᠢ ᠦᠨᠡᠨ ᠬᠦ᠌ ᠪᠡᠶᠡᠯᠡᠭᠦᠯᠬᠦ ᠬᠡᠷᠡᠭᠲᠡᠢ᠃ ᠳᠥᠷᠪᠡ᠎ᠳᠤ ᠲᠠᠷᠢᠶᠠᠯᠠᠩ ᠮᠠᠯ ᠠᠵᠤ ᠠᠬᠤᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠲᠣᠨᠤᠭ ᠲᠥᠬᠦᠭᠡᠷᠦᠮᠵᠢ ᠵᠢᠨ ᠲᠤᠯᠭ᠋ᠠᠭᠤᠷᠢᠯᠠᠯ᠎ᠢ ᠦᠷ᠎ᠡ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠵᠢ ᠭᠦᠨᠵᠡᠭᠡᠢ ᠬᠡᠷᠡᠭᠵᠢᠭᠦᠯᠵᠦ᠂ ᠤᠳᠤᠮᠰᠢᠯ ᠡᠳ᠋᠎ᠤᠨ ᠡᠬᠢ ᠪᠠᠶᠠᠯᠢᠭ᠎ᠢ ᠬᠠᠮᠠᠭ᠋ᠠᠯᠠᠨ ᠠᠰᠢᠭᠯᠠᠬᠤ᠂ ᠳᠠᠪᠠᠭᠤᠯᠢᠭ ᠣᠨᠴᠠᠯᠢᠭᠲᠤ ᠡᠭᠦᠯᠳᠡᠷ᠎ᠢ ᠪᠣᠶ᠋ᠢᠵᠢᠭᠤᠯᠬᠤ᠂ ᠰᠠᠶ᠋ᠢᠨ ᠡᠭᠦᠯᠳᠡᠷᠵᠢᠭᠦᠯᠬᠦ ᠬᠢᠷᠢ ᠬᠡᠮᠵᠢᠶ᠎ᠡ ᠵᠢ ᠳᠡᠭᠡᠭᠰᠢᠯᠡᠭᠦᠯᠬᠦ ᠵᠢ ᠲᠦᠯᠬᠢᠨ ᠠᠬᠢᠭᠤᠯᠵᠤ᠂ ᠪᠣᠶ᠋ᠢᠵᠢᠭᠤᠯᠤᠨ ᠦᠷᠡᠵᠢᠭᠦᠯᠵᠦ ᠳᠡᠯᠭᠡᠷᠡᠭᠦᠯᠬᠦ ᠵᠢ ᠨᠢᠭᠡ ᠴᠣᠭᠴᠠᠵᠢᠭᠤᠯᠤᠨ ᠬᠥᠭᠵᠢᠭᠦᠯᠬᠦ ᠵᠢ ᠲᠦᠯᠬᠢᠨ ᠠᠬᠢᠭᠤᠯᠤᠨ᠎ᠠ᠃ ᠡᠪᠡᠰᠦᠨ᠎ᠤ ᠦᠢ᠍ᠯᠡᠰ᠂ ᠰᠠᠭ᠋ᠠᠯᠢ ᠵᠢᠨ ᠦᠨᠢᠶ᠎ᠡ᠂ ᠠᠯᠠᠰᠢᠨ ᠦᠬᠡᠷ᠂ ᠠᠯᠠᠰᠢᠨ ᠬᠤᠨᠢ᠂ ᠲᠥᠮᠥᠰᠥ ᠵᠡᠷᠭᠡ ᠳᠠᠪᠠᠭᠤᠯᠢᠭ ᠣᠨᠴᠠᠯᠢᠭᠲᠤ ᠠᠵᠤ ᠦᠢ᠍ᠯᠡᠰ ᠵᠶ᠋ᠠᠷ ᠭᠤᠣᠯᠳᠠᠯᠭ᠎ᠠ ᠪᠣᠯᠭ᠋ᠠᠨ᠂ 《ᠵᠠᠷᠯᠠᠨ ᠮᠠᠩᠯᠠᠶ᠋ᠢᠯᠠᠭᠤᠯᠬᠤ》 ᠳᠦᠷᠢᠮ᠎ᠢ ᠬᠡᠷᠡᠭᠵᠢᠭᠦᠯᠵᠦ᠂ ᠡᠭᠦᠯᠳᠡᠷ᠎ᠤᠨ ᠦᠢ᠍ᠯᠡᠰ᠎ᠤᠨ ᠵᠠᠩᠭᠢᠯᠠᠭ᠎ᠠ ᠵᠢᠨ ᠭᠤᠣᠯᠯᠠᠬᠤ ᠮᠡᠷᠭᠡᠵᠢᠯ᠎ᠤᠨ ᠪᠣᠭᠤᠮᠲᠠ ᠰᠢᠪᠲᠤᠯᠬᠤ ᠵᠢ ᠥᠷᠨᠢᠭᠦᠯᠦᠨ᠎ᠡ᠃ ᠰᠢᠨ᠎ᠡ ᠨᠢᠭᠡᠨ ᠡᠭᠡᠯᠵᠢ ᠵᠢᠨ ᠲᠠᠷᠢᠶᠠᠯᠠᠩ᠎ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠬᠦ᠎ᠳᠤ ᠨᠥᠬᠦᠪᠦᠷᠢ ᠥᠭᠬᠦ ᠲᠦᠷᠦ ᠵᠢᠨ ᠪᠣᠳᠣᠯᠭ᠎ᠠ ᠵᠢ ᠨᠠᠷᠢᠯᠢᠭ ᠣᠨᠣᠴᠠᠲᠠᠢ᠎ᠪᠠᠷ ᠬᠡᠷᠡᠭᠵᠢᠭᠦᠯᠵᠦ᠂ ᠲᠠᠷᠢᠶᠠᠯᠠᠩ᠎ᠤᠨ ᠮᠠᠰᠢᠨ ᠪᠠᠭ᠋ᠠᠵᠢ ᠵᠢ ᠰᠤᠳᠤᠯᠤᠨ ᠨᠡᠭᠡᠭᠡᠵᠦ ᠳᠡᠯᠭᠡᠷᠡᠭᠦᠯᠦᠨ ᠬᠡᠷᠡᠭᠯᠡᠬᠦ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃
ᠠᠰᠠᠭᠤᠯᠲᠠ᠄ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠵᠢᠨ ᠦᠷ᠎ᠡ ᠪᠦᠲᠦᠭᠡᠯ᠎ᠢ ᠪᠠᠬᠢᠵᠢᠭᠦᠯᠦᠨ ᠦᠷᠭᠡᠳᠭᠡᠵᠦ᠂ ᠬᠡᠪᠴᠢᠶᠡᠵᠢᠭᠰᠡᠨ ᠴᠢᠨᠠᠷᠲᠠᠢ᠎ᠪᠠᠷ ᠲᠠᠬᠢᠨ ᠶᠠᠳᠠᠭᠤᠷᠠᠬᠤ ᠬᠤᠷᠢᠭ᠎ᠠ ᠱᠤᠭᠤᠮ᠎ᠢ ᠰᠠᠬᠢᠬᠤ ᠲᠠᠯ᠎ᠠ᠎ᠪᠠᠷ᠂ ᠶᠠᠮᠠᠷ ᠶᠠᠮᠠᠷ ᠪᠣᠳᠠᠲᠠᠢ ᠠᠷᠭ᠎ᠠ ᠬᠡᠮᠵᠢᠶ᠎ᠡ ᠠᠪᠤᠭᠰᠠᠨ ᠪᠤᠢ?
ᠬᠠᠷᠢᠭᠤᠯᠲᠠ᠄ ᠶᠡᠷᠦᠩᠬᠡᠢ ᠱᠦᠵᠢ ᠰᠢ ᠵᠢᠨ ᠫᠢᠩ ᠵᠢᠭ᠋ᠠᠵᠤ ᠭᠠᠷᠭ᠋ᠠᠭᠰᠠᠨ᠎ᠨᠢ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢᠨ ᠤᠷᠢᠲᠠᠯ ᠪᠣᠯ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠵᠢᠨ ᠦᠷ᠎ᠡ ᠪᠦᠲᠦᠭᠡᠯ᠎ᠢ ᠪᠠᠬᠢᠵᠢᠭᠦᠯᠬᠦ ᠶᠠᠪᠤᠳᠠᠯ ᠪᠣᠯᠣᠨ᠎ᠠ᠂ ᠦᠷᠭᠦᠯᠵᠢᠯᠡᠨ ᠴᠢᠩᠭ᠎ᠠ ᠠᠳᠬᠤᠵᠤ ᠰᠠᠶ᠋ᠢᠲᠤᠷ ᠠᠳᠬᠤᠵᠤ᠂ ᠶᠠᠳᠠᠭᠤ᠎ᠠᠴᠠ ᠠᠩᠭᠢᠵᠢᠷᠠᠭᠰᠠᠨ ᠤᠯᠠᠨ ᠲᠦᠮᠡᠨ᠎ᠤ ᠠᠮᠢᠳᠤᠷᠠᠯ᠎ᠢ ᠨᠡᠩ ᠦᠨᠳᠦᠷ ᠳᠡᠭᠲᠡᠷ᠎ᠲᠤ ᠭᠠᠷᠭ᠋ᠠᠬᠤ ᠬᠡᠷᠡᠭᠲᠡᠢ ᠭᠡᠪᠡ᠃ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ ᠪᠦᠬᠦ ᠲᠠᠯ᠎ᠠ ᠵᠢᠨ ᠢᠯᠠᠯᠲᠠ ᠵᠢ ᠣᠯᠣᠭᠰᠠᠨ᠎ᠤ ᠳᠠᠷᠠᠭ᠎ᠠ᠂ ᠠᠵᠢᠯ᠎ᠤᠨ ᠲᠣᠭᠲᠠᠴᠠ᠂ ᠲᠦᠷᠦ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ᠂ ᠪᠠᠶ᠋ᠢᠭᠤᠯᠤᠮᠵᠢ ᠡᠩᠨᠡᠭᠡ ᠵᠡᠷᠭᠡ ᠵᠢ ᠵᠣᠯᠭ᠋ᠠᠭᠤᠯᠬᠤ ᠠᠵᠢᠯ ᠡᠮᠬᠢ ᠵᠢᠷᠤᠮ᠎ᠲᠠᠢ ᠠᠬᠢᠵᠤ᠂ ᠮᠠᠨ᠎ᠤ ᠣᠷᠣᠨ᠎ᠤ ᠶᠠᠳᠠᠭᠤ᠎ᠠᠴᠠ ᠠᠩᠭᠢᠵᠢᠷᠠᠭᠤᠯᠬᠤ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠬᠡᠭᠰᠡᠨ ᠪᠣᠯᠪᠠᠴᠤ ᠬᠡᠰᠡᠭ ᠶᠠᠳᠠᠭᠤ᠎ᠠᠴᠠ ᠠᠩᠭᠢᠵᠢᠷᠠᠭᠤᠯᠬᠤ ᠭᠠᠵᠠᠷ ᠣᠷᠣᠨ᠎ᠤ ᠬᠥᠭᠵᠢᠯᠲᠡ ᠵᠢᠨ ᠰᠠᠭᠤᠷᠢ ᠮᠦᠨ ᠬᠦ᠌ ᠨᠡᠯᠢᠶᠡᠳ ᠪᠠᠭᠤᠷᠠᠢ ᠪᠠᠶ᠋ᠢᠵᠤ᠂ ᠲᠠᠬᠢᠨ ᠶᠠᠳᠠᠭᠤᠷᠠᠬᠤ ᠵᠢ ᠰᠡᠷᠭᠡᠶ᠋ᠢᠯᠡᠬᠦ ᠡᠭᠦᠷᠭᠡ ᠮᠦᠨ ᠬᠦ᠌ ᠨᠡᠯᠢᠶᠡᠳ ᠬᠦᠨᠳᠦ ᠪᠠᠶ᠋ᠢᠨ᠎ᠠ᠃ ᠪᠢᠳᠡ ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠰᠢᠢ᠍ᠳᠪᠦᠷᠢᠯᠡᠭᠰᠡᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠬᠡᠵᠦ᠂ ᠬᠡᠪᠴᠢᠶᠡᠵᠢᠭᠰᠡᠨ ᠴᠢᠨᠠᠷᠲᠠᠢ᠎ᠪᠠᠷ ᠳᠠᠬᠢᠨ ᠶᠠᠳᠠᠭᠤᠷᠠᠬᠤ ᠬᠢᠵᠠᠭ᠋ᠠᠷ ᠱᠤᠭᠤᠮ᠎ᠢ ᠰᠠᠬᠢᠬᠤ ᠶᠠᠪᠤᠳᠠᠯ᠎ᠢ ᠮᠠᠯᠵᠢᠬᠤ ᠲᠠᠷᠢᠶᠠᠯᠠᠬᠤ ᠣᠷᠣᠨ᠎ᠤ ᠠᠵᠢᠯ᠎ᠤᠨ ᠲᠡᠷᠢᠭᠦᠨ ᠴᠢᠬᠤᠯᠠ ᠡᠭᠦᠷᠭᠡ ᠪᠣᠯᠭ᠋ᠠᠨ ᠴᠢᠩᠭ᠎ᠠ ᠠᠳᠬᠤᠵᠤ ᠪᠣᠳᠠᠲᠠᠢ᠎ᠪᠠᠷ ᠠᠳᠬᠤᠬᠤ ᠬᠡᠷᠡᠭᠲᠡᠢ᠃ ᠲᠦᠷᠪᠡᠨ ᠵᠦᠢ᠍ᠯ᠎ᠤᠨ ᠠᠵᠢᠯ᠎ᠢ ᠭᠤᠣᠯᠳᠠᠯᠭ᠎ᠠ᠎ᠲᠠᠢ ᠰᠠᠶ᠋ᠢᠲᠤᠷ ᠬᠢᠨ᠎ᠡ᠄ ᠨᠢᠭᠡ᠎ᠳᠤ ᠭᠤᠣᠯ ᠪᠣᠯᠬᠤ ᠬᠠᠮᠲᠤᠯᠢᠭ᠎ᠲᠤ ᠠᠩᠬᠠᠷᠤᠯ ᠵᠶ᠋ᠠᠨ ᠲᠥᠪᠯᠡᠷᠡᠭᠦᠯᠦᠨ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ᠎ᠪᠠᠨ ᠲᠡᠭᠦᠯᠳᠡᠷᠵᠢᠭᠦᠯᠦᠨ᠎ᠡ᠃ ᠵᠢᠭᠰᠠᠭ᠋ᠠᠨ ᠪᠠᠶ᠋ᠢᠴᠠᠭ᠋ᠠᠬᠤ ᠪᠠ ᠭᠤᠶᠤᠴᠢᠯᠠᠨ ᠮᠡᠳᠡᠭᠦᠯᠬᠦ ᠲᠣᠭᠲᠠᠴᠠ ᠵᠢ ᠰᠢᠯᠢᠳᠡᠭᠵᠢᠭᠦᠯᠵᠦ᠂ ᠳᠠᠬᠢᠨ ᠶᠠᠳᠠᠭᠤᠷᠠᠬᠤ᠂ ᠶᠠᠳᠠᠭᠤᠷᠠᠬᠤ ᠲᠦᠭᠰᠢᠭᠦᠷᠢ᠎ᠲᠠᠢ ᠪᠠ ᠭᠡᠨᠡᠳᠲᠡ ᠬᠦᠨᠳᠦ ᠨᠣᠴᠢᠲᠠᠢ ᠬᠦᠴᠢᠷᠳᠡᠯ ᠲᠤᠯᠭ᠋ᠠᠷᠠᠬᠤ ᠮᠠᠯᠴᠢᠨ ᠲᠠᠷᠢᠶᠠᠴᠢᠨ ᠡᠷᠦᠬᠡ ᠵᠢ ᠬᠢᠨᠠᠨ ᠰᠢᠯᠭ᠋ᠠᠬᠤ ᠬᠡᠪᠴᠢᠶᠡᠨ᠎ᠳᠤ ᠣᠷᠣᠭᠤᠯᠤᠨ᠎ᠠ᠃ ᠬᠢᠨᠠᠨ ᠬᠡᠮᠵᠢᠭᠳᠡᠬᠦ ᠡᠲᠡᠭᠡᠳ᠎ᠤᠨ ᠲᠦᠭᠰᠢᠭᠦᠷᠢ ᠵᠢᠨ ᠲᠦᠷᠦᠯ ᠢᠯᠭ᠋ᠠᠯ᠎ᠢ ᠦᠨᠳᠦᠰᠦᠯᠡᠨ᠂ ᠬᠥᠭᠵᠢᠯᠲᠡ ᠵᠢᠨ ᠬᠡᠷᠡᠭᠴᠡᠭᠡ ᠵᠢ ᠤᠨᠢᠨ ᠳᠡᠭᠡᠷ᠎ᠡ᠎ᠨᠢ ᠲᠦᠷᠦ ᠵᠢᠨ ᠪᠣᠳᠣᠯᠭ᠎ᠠ ᠵᠢ ᠬᠡᠷᠡᠭᠵᠢᠭᠦᠯᠵᠦ᠂ ᠲᠠᠬᠢᠨ ᠶᠠᠳᠠᠭᠤᠷᠠᠬᠤ ᠶᠠᠳᠠᠭᠤᠷᠠᠬᠤ ᠲᠦᠭᠰᠢᠭᠦᠷᠢ ᠵᠢ ᠲᠣᠭᠲᠠᠭᠤᠨ ᠵᠶ᠋ᠠᠷ ᠠᠷᠢᠯᠭ᠋ᠠᠬᠤ ᠬᠡᠷᠡᠭᠲᠡᠢ᠃ ᠶᠠᠳᠠᠭᠤ᠎ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ᠎ᠢ ᠪᠠᠬᠢᠵᠢᠭᠦᠯᠦᠭᠰᠡᠨᠤ ᠳᠠᠷᠠᠭ᠋ᠠᠬᠢ ᠦᠨᠡᠯᠡᠨ ᠵᠢᠱ᠌ᠢᠬᠦ ᠠᠵᠢᠯ᠎ᠢ ᠰᠠᠶ᠋ᠢᠲᠤᠷ ᠬᠢᠵᠦ᠂ ᠬᠠᠪᠰᠤᠷᠤᠨ ᠲᠡᠳᠬᠦᠬᠦ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ᠂ ᠲᠦᠷᠦ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠬᠤ᠂ ᠠᠵᠢᠯ᠎ᠢ ᠨᠠᠶ᠋ᠢᠳᠠᠪᠤᠷᠢᠵᠢᠭᠤᠯᠬᠤ ᠵᠢ ᠲᠦᠯᠬᠢᠨ ᠠᠬᠢᠭᠤᠯᠬᠤ ᠬᠡᠷᠡᠭᠲᠡᠢ᠃ ᠬᠤᠶᠠᠷ᠎ᠲᠤ᠂ ᠭᠤᠣᠯᠳᠠᠯᠭ᠎ᠠ᠎ᠲᠠᠢ ᠬᠦᠷᠢᠶᠡᠨ᠎ᠳᠤ ᠠᠩᠬᠠᠷᠤᠯ ᠵᠶ᠋ᠠᠨ ᠲᠥᠪᠯᠡᠷᠡᠭᠦᠯᠵᠦ ᠪᠠᠶ᠋ᠢᠭ᠋ᠠᠳ ᠶᠠᠳᠠᠭᠤ᠎ᠠᠴᠠ ᠠᠩᠭᠢᠵᠢᠷᠠᠭᠰᠠᠨ ᠬᠥᠮᠥᠨ ᠠᠮᠠ ᠵᠢᠨ ᠣᠷᠣᠯᠭ᠎ᠠ ᠵᠢ ᠦᠷᠭᠦᠯᠵᠢᠯᠡᠨ ᠲᠤᠭᠲᠠᠭᠤᠨ ᠵᠶ᠋ᠠᠷ ᠨᠡᠮᠡᠭᠳᠡᠭᠦᠯᠦᠨ᠎ᠡ᠃ ᠶᠠᠳᠠᠭᠤ᠎ᠠᠴᠠ ᠠᠩᠭᠢᠵᠢᠷᠠᠭᠰᠠᠨ ᠭᠠᠵᠠᠷ ᠣᠷᠣᠨ᠎ᠤ ᠥᠪᠡᠷ᠎ᠢ᠎ᠪᠠᠨ ᠬᠥᠭᠵᠢᠭᠦᠯᠬᠦ ᠴᠢᠳᠠᠪᠤᠷᠢ ᠵᠢ ᠨᠡᠮᠡᠭᠳᠡᠭᠦᠯᠵᠦ᠂ ᠣᠨᠴᠠᠯᠢᠭᠲᠤ ᠠᠵᠤ ᠦᠢ᠍ᠯᠡᠰ᠎ᠤᠨ ᠬᠥᠭᠵᠢᠯᠲᠡ ᠵᠢᠨ ᠲᠥᠯᠦᠪᠵᠢᠭᠦᠯᠭᠡ ᠵᠢ ᠰᠠᠶ᠋ᠢᠲᠤᠷ ᠬᠢᠵᠦ᠂ ᠵᠣᠯᠭ᠋ᠠᠭᠤᠯᠬᠤ ᠪᠡᠯᠡ ᠮᠥᠩᠭᠦ ᠵᠢᠨ ᠠᠵᠤ ᠦᠢ᠍ᠯᠡᠰ᠎ᠤᠨ ᠬᠥᠭᠵᠢᠯᠲᠡ᠎ᠳᠤ ᠬᠡᠷᠡᠭᠯᠡᠬᠦ ᠬᠤᠪᠢ ᠵᠢᠨ ᠵᠢᠩ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠤ ᠦᠢ᠍ᠯᠡᠰ ᠵᠶ᠋ᠠᠷ ᠳᠠᠶ᠋ᠢᠴᠢᠯᠠᠬᠤ᠎ᠪᠠᠷ ᠳᠡᠮᠵᠢᠨ ᠶᠠᠳᠠᠭᠤ᠎ᠠᠴᠠ ᠠᠩᠭᠢᠵᠢᠷᠠᠭᠰᠠᠨ ᠬᠥᠮᠥᠨ ᠠᠮᠠ ᠵᠢᠨ ᠭᠡᠷ ᠪᠦᠯᠢ ᠵᠢᠨ ᠡᠵᠡᠩᠨᠡᠯᠲᠡ ᠵᠢᠨ ᠴᠢᠨᠠᠷᠲᠠᠢ ᠣᠷᠣᠯᠭ᠎ᠠ ᠵᠢ ᠨᠡᠮᠡᠭᠳᠡᠭᠦᠯᠦᠨ᠎ᠡ᠃ ᠬᠥᠳᠡᠯᠮᠦᠷᠢ ᠨᠢᠭᠲᠠᠷᠠᠭᠰᠠᠨ ᠬᠡᠯᠪᠡᠷᠢ ᠵᠢᠨ ᠠᠵᠤ ᠦᠢ᠍ᠯᠡᠰ᠎ᠢ ᠬᠥᠭᠵᠢᠭᠦᠯᠬᠦ᠂ ᠪᠡᠭᠡᠵᠢᠩ ᠥᠪᠥᠷ ᠮᠣᠩᠭᠤᠯ᠎ᠤᠨ ᠬᠥᠳᠡᠯᠮᠦᠷᠢ ᠦᠢ᠍ᠯᠡᠴᠢᠯᠡᠭᠡᠨ᠎ᠤ ᠬᠠᠮᠵᠢᠯᠴᠠᠭ᠎ᠠ ᠵᠢ ᠴᠢᠩᠭ᠋ᠠᠳᠬᠠᠬᠤ᠂ ᠬᠠᠪᠰᠤᠷᠤᠨ ᠲᠡᠳᠬᠦᠬᠦ ᠦᠢ᠍ᠯᠡᠳᠪᠦᠷᠢ ᠵᠢᠨ ᠲᠠᠰᠤᠭ᠎ᠤᠨ ᠬᠥᠭᠵᠢᠯᠲᠡ ᠵᠢ ᠳᠡᠮᠵᠢᠬᠦ᠂ ᠨᠡᠶ᠋ᠢᠲᠡ ᠵᠢᠨ ᠠᠰᠠᠷᠠᠮᠵᠢ ᠵᠢᠨ ᠠᠵᠢᠯ᠎ᠤᠨ ᠪᠠᠶ᠋ᠢᠷᠢ ᠵᠢ ᠰᠢᠯᠢᠳᠡᠭᠵᠢᠭᠦᠯᠬᠦ ᠵᠡᠷᠭᠡ ᠣᠯᠠᠨ ᠵᠦᠢ᠍ᠯ᠎ᠤᠨ ᠠᠷᠭ᠎ᠠ ᠬᠡᠯᠪᠡᠷᠢ᠎ᠪᠠᠷ ᠳᠠᠮᠵᠢᠭᠤᠯᠤᠨ᠂ ᠶᠠᠳᠠᠭᠤ᠎ᠠᠴᠠ ᠠᠩᠭᠢᠵᠢᠷᠠᠭᠰᠠᠨ ᠬᠥᠮᠥᠨ ᠠᠮᠠ ᠵᠢᠨ ᠠᠵᠢᠯ ᠣᠯᠬᠤ ᠠᠷᠭ᠎ᠠ ᠵᠠᠮ᠎ᠢ ᠥᠷᠭᠡᠳᠬᠡᠵᠦ᠂ ᠶᠠᠳᠠᠭᠤ᠎ᠠᠴᠠ ᠠᠩᠭᠢᠵᠢᠷᠠᠭᠰᠠᠨ ᠬᠥᠳᠡᠯᠮᠦᠷᠢ ᠬᠦᠴᠦᠨ᠎ᠤ ᠠᠵᠢᠯ ᠣᠯᠬᠤ ᠬᠡᠪᠴᠢᠶ᠎ᠡ ᠵᠢ ᠲᠤᠭᠲᠠᠪᠤᠷᠢᠵᠢᠭᠤᠯᠬᠤ ᠬᠡᠷᠡᠭᠲᠡᠢ᠃ ᠭᠤᠷᠪᠠ᠎ᠳᠤ ᠭᠤᠣᠯᠳᠠᠯᠭ᠎ᠠ᠎ᠲᠠᠢ ᠭᠠᠵᠠᠷ ᠣᠷᠣᠨ᠎ᠳᠤ ᠠᠩᠬᠠᠷᠤᠯ ᠵᠶ᠋ᠠᠨ ᠲᠥᠪᠯᠡᠷᠡᠭᠦᠯᠦᠨ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠤᠨ᠎ᠠ᠃ ᠲᠥᠷᠥ ᠵᠢᠨ ᠪᠣᠳᠣᠯᠭ᠎ᠠ ᠵᠢ ᠨᠢᠭᠡᠳᠦᠯᠲᠡᠢ ᠲᠥᠯᠥᠪᠯᠡᠨ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠵᠦ᠂ ᠨᠢᠭᠡ ᠪᠦᠯᠦᠭ ᠳᠤᠲᠠᠭᠤᠳᠠᠯ᠎ᠢ ᠨᠥᠬᠦᠪᠦᠷᠢᠯᠡᠵᠦ ᠬᠥᠭᠵᠢᠯᠲᠡ ᠵᠢ ᠠᠬᠢᠭᠤᠯᠬᠤ ᠲᠥᠷᠥᠯ ᠵᠦᠢ᠍ᠯ᠎ᠢ ᠬᠡᠷᠡᠭᠵᠢᠭᠦᠯᠦᠨ᠂ ᠪᠡᠯᠡ ᠮᠥᠩᠭᠦ᠂ ᠴᠢᠳᠠᠪᠤᠷᠢᠲᠠᠨ᠎ᠤ ᠳᠡᠮᠵᠢᠯᠭᠡ ᠵᠢᠨ ᠡᠷᠴᠢᠮ᠎ᠢ ᠴᠢᠩᠭ᠋ᠠᠷᠠᠭᠤᠯᠵᠤ᠂ ᠬᠥᠭᠵᠢᠯᠲᠡ ᠵᠢ ᠬᠢᠨᠠᠨ ᠬᠡᠮᠵᠢᠵᠦ ᠦᠨᠡᠯᠡᠬᠦ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ᠎ᠲᠠᠢ ᠬᠠᠪᠰᠤᠷᠤᠨ ᠲᠡᠳᠬᠦᠬᠦ ᠬᠤᠰᠢᠭᠤ ᠰᠢᠶᠠᠨ᠎ᠤ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠪᠥᠬᠦ ᠲᠠᠯ᠎ᠠ᠎ᠪᠠᠷ ᠲᠦᠯᠬᠢᠨ ᠠᠬᠢᠭᠤᠯᠬᠤ ᠰᠢᠨ᠎ᠡ ᠠᠶᠠᠨ ᠵᠠᠮ᠎ᠳᠤ ᠡᠩᠨᠡᠭᠡ᠎ᠠᠴᠠ᠎ᠪᠠᠨ ᠬᠤᠴᠣᠷᠬᠤ ᠦᠭᠡᠢ ᠪᠠᠶ᠋ᠢᠬᠤ ᠵᠢ ᠦᠨᠠᠨ ᠬᠦ᠌ ᠪᠠᠲᠤᠯᠠᠬᠤ ᠬᠡᠷᠡᠭᠲᠡᠢ᠃ ᠣᠨᠳᠣᠣ ᠭᠠᠵᠠᠷ᠎ᠲᠤ ᠨᠡᠭᠦᠯᠭᠡᠵᠦ ᠲᠥᠪᠯᠡᠷᠡᠭᠦᠯᠦᠨ ᠲᠥᠪᠬᠢᠨᠡᠭᠦᠯᠬᠦ ᠣᠷᠣᠨ᠎ᠤ ᠦᠷᠭᠦᠯᠵᠢᠯᠡᠨ ᠲᠡᠳᠬᠦᠬᠦ ᠵᠢ ᠴᠢᠩᠭ᠋ᠠᠷᠠᠭᠤᠯᠵᠤ᠂ ᠨᠡᠭᠦᠯᠭᠡᠬᠦ ᠨᠡᠶ᠋ᠢᠭᠡᠮ ᠲᠣᠭᠤᠷᠢᠭ᠎ᠤᠨ ᠰᠠᠭᠤᠷᠢ ᠲᠦᠭᠦᠭᠡᠷᠦᠮᠵᠢ ᠪᠠ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠶᠠᠰᠤ ᠴᠢᠨᠠᠷ᠎ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠨᠡᠭᠦᠯᠭᠡᠭᠰᠡᠨ ᠣᠯᠠᠨ ᠲᠦᠮᠡᠨ᠎ᠤ ᠯᠠᠪᠳᠠᠭᠤᠨ ᠲᠣᠭᠲᠠᠭᠤᠨ᠂ ᠠᠭᠤᠰᠤᠯᠴᠠᠵᠤ ᠳᠡᠶ᠋ᠢᠯᠬᠦ᠂ ᠠᠯᠬᠤᠮ ᠠᠯᠬᠤᠮ ᠵᠶ᠋ᠠᠷ ᠪᠠᠶᠠᠵᠢᠨ ᠴᠢᠨᠡᠭᠡᠯᠢᠭᠵᠢᠬᠦ ᠵᠢ ᠦᠨᠠᠨ ᠬᠦ᠌ ᠪᠠᠲᠤᠯᠠᠬᠤ ᠬᠡᠷᠡᠭᠲᠡᠢ᠃ ᠳᠥᠷᠪᠡ᠎ᠳᠤ ᠬᠠᠪᠰᠤᠷᠤᠨ ᠲᠡᠳᠬᠦᠬᠦ ᠲᠦᠷᠦ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠲᠦᠯᠬᠢᠨ ᠠᠬᠢᠭᠤᠯᠤᠨ᠎ᠠ᠃ ᠬᠠᠪᠰᠤᠷᠤᠨ ᠲᠡᠳᠬᠦᠬᠦ ᠭᠤᠣᠯ ᠲᠦᠷᠦ ᠵᠢᠨ ᠪᠣᠳᠣᠯᠭ᠎ᠠ ᠵᠢ ᠶᠡᠷᠦᠩᠬᠡᠢ᠎ᠳᠤ᠎ᠪᠠᠨ ᠲᠣᠭᠲᠠᠭᠤᠨ ᠪᠠᠶ᠋ᠢᠯᠭ᠋ᠠᠵᠤ᠂ ᠶᠠᠳᠠᠭᠤ᠎ᠠᠴᠠ ᠠᠩᠭᠢᠵᠢᠷᠠᠭᠰᠠᠨ ᠭᠠᠵᠠᠷ ᠣᠷᠣᠨ᠎ᠤ ᠬᠥᠭᠵᠢᠯᠲᠡ ᠵᠢᠨ ᠴᠢᠳᠠᠪᠤᠷᠢ ᠵᠢ ᠦᠷᠭᠦᠯᠵᠢᠯᠡᠨ ᠳᠡᠭᠡᠭᠰᠢᠯᠡᠭᠦᠯᠦᠨ᠎ᠡ᠃ ᠪᠡᠭᠡᠵᠢᠩ ᠥᠪᠥᠷ ᠮᠣᠩᠭᠤᠯ᠎ᠤᠨ ᠬᠠᠮᠵᠢᠯᠴᠠᠬᠤ ᠠᠵᠢᠯ᠎ᠤᠨ ᠬᠦᠷᠢᠶ᠎ᠡ ᠴᠠᠷᠠᠭ᠎ᠠ ᠵᠢ ᠥᠷᠭᠡᠳᠬᠡᠨ᠂ ᠬᠡᠷᠡᠭᠯᠡᠭᠡ᠎ᠪᠠᠷ ᠬᠠᠪᠰᠤᠷᠤᠨ ᠲᠡᠳᠬᠦᠬᠦ᠂ ᠪᠠᠭ᠎ᠠ ᠲᠣᠭ᠋ᠠᠨ᠎ᠤ ᠢᠲᠡᠭᠡᠮᠵᠢᠲᠦ ᠵᠢᠭᠡᠯᠡᠯᠭᠡ᠂ 《ᠲᠦᠮᠡᠨ ᠠᠵᠤ ᠠᠬᠤᠶ᠋ᠢᠯᠠᠯ ᠵᠶ᠋ᠠᠷ ᠲᠦᠮᠡᠨ ᠲᠣᠰᠬᠤᠨ᠎ᠢ ᠬᠥᠭᠵᠢᠭᠦᠯᠦᠨ ᠮᠠᠨᠳᠤᠭᠤᠯᠬᠤ》 ᠵᠡᠷᠭᠡ ᠬᠠᠪᠰᠤᠷᠤᠨ ᠲᠡᠳᠬᠦᠬᠦ ᠲᠣᠭᠲᠠᠴᠠ ᠵᠢ ᠪᠠᠷᠢᠮᠲᠠᠯᠠᠨ ᠲᠡᠭᠦᠯᠳᠡᠷᠵᠢᠭᠦᠯᠵᠦ᠂ ᠨᠡᠶ᠋ᠢᠭᠡᠮ ᠵᠶ᠋ᠠᠷ ᠵᠶ᠋ᠠᠨ ᠬᠠᠪᠰᠤᠷᠤᠨ ᠲᠡᠳᠬᠦᠬᠦ ᠬᠦᠴᠦᠷᠬᠡᠭ ᠶᠡᠭᠡ ᠨᠡᠶ᠋ᠢᠯᠡᠯ ᠬᠦᠴᠦᠨ᠎ᠢ ᠨᠢᠭᠲᠠᠷᠠᠭᠤᠯᠤᠨ᠎ᠠ᠃
ᠠᠰᠠᠭᠤᠯᠲᠠ᠄ ᠬᠥᠳᠡᠭᠡ ᠲᠣᠰᠬᠤᠨ᠎ᠤ ᠠᠵᠤ ᠦᠢ᠍ᠯᠡᠰ᠎ᠤᠨ ᠬᠥᠭᠵᠢᠯᠲᠡ ᠵᠢ ᠬᠡᠷᠬᠢᠨ ᠠᠬᠢᠭᠤᠯᠬᠤ ᠪᠤᠢ? ᠶᠠᠮᠠᠷ ᠶᠠᠮᠠᠷ ᠭᠤᠣᠯᠳᠠᠯᠭ᠎ᠠ᠎ᠲᠠᠢ ᠡᠭᠦᠷᠭᠡ ᠪᠠᠶ᠋ᠢᠬᠤ ᠪᠤᠢ?
ᠬᠠᠷᠢᠭᠤᠯᠲᠠ᠄ ᠶᠡᠷᠦᠩᠬᠡᠢ ᠱᠦᠵᠢ ᠰᠢ ᠵᠢᠨ ᠫᠢᠩ ᠵᠢᠭ᠋ᠠᠵᠤ ᠭᠠᠷᠭ᠋ᠠᠭᠰᠠᠨ᠎ᠨᠢ᠂ ᠠᠵᠤ ᠦᠢ᠍ᠯᠡᠰ᠎ᠢ ᠬᠥᠭᠵᠢᠭᠦᠯᠬᠦ ᠪᠣᠯ ᠬᠥᠳᠡᠭᠡ ᠲᠣᠰᠬᠤᠨ᠎ᠤ ᠠᠯᠢᠪᠠ ᠠᠰᠠᠭᠤᠳᠠᠯ᠎ᠢ ᠰᠢᠢ᠍ᠳᠪᠦᠷᠢᠯᠡᠬᠦ ᠵᠢᠨ ᠤᠷᠢᠲᠠᠯ ᠮᠥᠨ ᠭᠡᠵᠡᠢ᠃ ᠭᠠᠭᠴᠠ ᠬᠦ᠌ ᠬᠥᠳᠡᠭᠡ ᠲᠣᠰᠬᠤᠨ᠎ᠤ ᠠᠵᠤ ᠦᠢ᠍ᠯᠡᠰ᠎ᠢ ᠲᠦᠷᠭᠡᠨ ᠬᠥᠭᠵᠢᠭᠦᠯᠪᠡᠯ ᠰᠠᠶᠢ ᠮᠠᠯ ᠠᠵᠤ ᠠᠬᠤᠢ ᠲᠠᠷᠢᠶᠠᠯᠠᠩ᠎ᠤᠨ ᠪᠦᠬᠦ ᠲᠠᠯ᠎ᠠ᠎ᠪᠠᠷ ᠲᠡᠰ ᠳᠡᠪᠰᠢᠬᠦ᠂ ᠮᠠᠯᠵᠢᠬᠤ ᠲᠠᠷᠢᠶᠠᠯᠠᠬᠤ ᠣᠷᠣᠨ᠎ᠤ ᠪᠦᠬᠦ ᠲᠠᠯ᠎ᠠ᠎ᠪᠠᠷ ᠲᠠᠪᠰᠢᠬᠤ᠂ ᠮᠠᠯᠴᠢᠨ ᠲᠠᠷᠢᠶᠠᠴᠢᠨ᠎ᠤ ᠪᠦᠬᠦ ᠲᠠᠯ᠎ᠠ᠎ᠪᠠᠷ ᠬᠥᠭᠵᠢᠬᠦ ᠵᠢ ᠨᠡᠩ ᠰᠠᠶ᠋ᠢᠲᠤᠷ ᠠᠬᠢᠭᠤᠯᠵᠤ ᠴᠢᠳᠠᠨ᠎ᠠ᠃ ᠣᠶ᠋ᠢᠷ᠎ᠠ ᠵᠢᠨ ᠵᠢᠯ᠎ᠠᠴᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠪᠣᠯᠣᠨ ᠵᠠᠰᠠᠭ᠎ᠤᠨ ᠣᠷᠳᠣᠨ᠎ᠠᠴᠠ ᠶᠡᠷᠦᠩᠬᠡᠢ ᠱᠦᠵᠢ ᠰᠢ ᠵᠢᠨ ᠫᠢᠩ ᠵᠢᠨ ᠥᠪᠥᠷ ᠮᠣᠩᠭᠤᠯ᠎ᠳᠤ ᠶᠠᠷᠢᠭᠰᠠᠨ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠤᠯᠠᠪᠤᠷᠢ ᠵᠢᠨ ᠵᠣᠷᠢᠭ ᠰᠠᠨᠠᠭ᠎ᠠ ᠵᠢ ᠡᠷᠡᠰ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠠᠮᠢ ᠠᠬᠤᠢ ᠵᠢ ᠲᠡᠷᠢᠭᠦᠨ᠎ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷ ᠰᠠᠶ᠋ᠢᠲᠠᠢ ᠬᠥᠭᠵᠢᠯᠲᠡ ᠵᠢᠨ ᠰᠢᠨ᠎ᠡ ᠵᠠᠮ ᠵᠶ᠋ᠠᠷ ᠵᠠᠮᠨᠠᠬᠤ ᠵᠢ ᠪᠠᠷᠢᠮᠲᠠᠯᠠᠵᠤ᠂ ᠮᠢᠩᠭ᠋ᠠᠨ ᠳ᠋ᠦᠩᠰᠢᠭᠤᠷ᠎ᠤᠨ ᠲᠠᠰ᠎ᠤᠨ ᠰᠦ ᠵᠢᠨ ᠦᠢ᠍ᠯᠡᠰ ᠪᠠ ᠡᠷᠳᠡᠨᠢ ᠰᠢᠰᠢ᠂ ᠵᠠᠭᠤᠨ ᠳ᠋ᠦᠩᠰᠢᠭᠤᠷ᠎ᠤᠨ ᠲᠠᠰ᠎ᠤᠨ ᠠᠯᠠᠰᠢᠨ ᠦᠬᠡᠷ᠂ ᠠᠯᠠᠰᠢᠨ ᠬᠤᠨᠢ᠂ ᠲᠥᠮᠥᠰᠥ᠂ ᠡᠯᠳᠡᠪ ᠠᠮᠤ᠂ ᠪᠤᠭᠤᠳᠠᠢ᠂ ᠨᠡᠷᠡᠨ ᠬᠤᠸᠠᠷ᠂ ᠢᠳᠡᠰᠢᠨ ᠨᠣᠭᠤᠭ᠎ᠠ᠂ ᠢᠮᠠᠭ᠋ᠠᠨ ᠨᠣᠣᠯᠣᠭᠤᠷ᠂ ᠰᠢᠷ᠎ᠠ ᠪᠤᠷᠴᠠᠭ᠂ ᠲᠡᠵᠢᠭᠡᠯ ᠡᠪᠡᠰᠦ ᠵᠡᠷᠭᠡ 12 ᠵᠦᠢ᠍ᠯ᠎ᠤᠨ ᠦᠢ᠍ᠯᠡᠳᠪᠦᠷᠢᠯᠡᠬᠦ ᠪᠣᠯᠪᠠᠰᠤᠷᠠᠭᠤᠯᠬᠤ ᠪᠣᠷᠣᠯᠠᠭᠤᠯᠬᠤ ᠵᠢ ᠨᠢᠭᠡ ᠴᠣᠭᠴᠠᠵᠢᠭᠤᠯᠤᠭᠰᠠᠨ ᠳᠠᠪᠠᠭᠤᠯᠢᠭ ᠣᠨᠴᠠᠯᠢᠭᠲᠤ ᠠᠵᠤ ᠦᠢ᠍ᠯᠡᠰ᠎ᠤᠨ ᠬᠡᠯᠬᠢᠶ᠎ᠡ ᠵᠢ ᠠᠩᠬ᠎ᠠ ᠠᠯᠬᠤᠮ ᠪᠠᠶ᠋ᠢᠭᠤᠯᠵᠤ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠤᠨ ᠴᠢᠨᠠᠷ ᠰᠠᠶ᠋ᠢᠲᠠᠢ ᠥᠨᠳᠥᠷ ᠦᠷ᠎ᠡ ᠪᠦᠲᠦᠮᠵᠢᠲᠡᠶ ᠲᠡᠶ᠋ᠢᠰᠢ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠤᠨ᠎ᠠ᠃ ᠲᠠᠷᠠᠭ᠋ᠠᠴᠢ ᠵᠢᠨ ᠠᠯᠬᠤᠮ᠎ᠳᠤ᠂ ᠭᠤᠷᠪᠠᠨ ᠵᠦᠢ᠍ᠯ᠎ᠤᠨ ᠠᠵᠢᠯ᠎ᠢ ᠭᠤᠣᠯᠳᠠᠯᠭ᠎ᠠ᠎ᠲᠠᠢ ᠰᠠᠶ᠋ᠢᠲᠤᠷ ᠠᠳᠬᠤᠨ᠎ᠠ᠄ ᠨᠢᠭᠡ᠎ᠳᠤ ᠠᠵᠤ ᠦᠢ᠍ᠯᠡᠰᠵᠢᠭᠦᠯᠬᠦ ᠪᠠ ᠨᠠᠷᠠᠲᠤ ᠲᠡᠮᠳᠡᠭᠵᠢᠭᠦᠯᠬᠦ ᠬᠤᠶᠠᠷ ᠵᠠᠩᠭᠢᠯᠠᠭ᠎ᠠ ᠵᠢ ᠪᠥᠬᠦ ᠬᠦᠴᠦᠨ ᠵᠶ᠋ᠠᠷ ᠵᠶ᠋ᠠᠨ ᠰᠠᠶ᠋ᠢᠲᠤᠷ ᠠᠳᠬᠤᠨ᠎ᠠ᠃ ᠣᠳᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢ ᠠᠵᠤ ᠦᠢ᠍ᠯᠡᠰᠵᠢᠭᠦᠯᠦᠨ ᠬᠥᠭᠵᠢᠭᠦᠯᠬᠦ ᠠᠵᠢᠯᠯᠠᠭ᠎ᠠ ᠵᠢ ᠰᠠᠭ᠋ᠠᠯᠢ ᠵᠢᠨ ᠦᠢ᠍ᠯᠡᠰ᠂ ᠠᠯᠠᠰᠢᠨ ᠦᠬᠡᠷ᠂ ᠠᠯᠠᠰᠢᠨ ᠬᠤᠨᠢ᠂ ᠲᠥᠮᠥᠰᠥ ᠵᠡᠷᠭᠡ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠳᠠᠪᠠᠭᠤᠯᠢᠭ ᠠᠵᠤ ᠦᠢ᠍ᠯᠡᠰ᠎ᠤᠨ ᠪᠦᠰᠡ ᠪᠠ ᠠᠵᠤ ᠦᠢ᠍ᠯᠡᠰ᠎ᠤᠨ ᠰᠦᠷᠦᠭᠵᠢᠯ᠎ᠢ ᠬᠦᠴᠦᠯᠡᠨ ᠪᠣᠶ ᠪᠣᠯᠭ᠋ᠠᠵᠤ᠂ ᠰᠦ ᠵᠢᠨ ᠦᠢ᠍ᠯᠡᠰ᠂ ᠠᠯᠠᠰᠢᠨ ᠦᠬᠡᠷ᠂ ᠠᠯᠠᠰᠢᠨ ᠬᠤᠨᠢ᠂ ᠲᠥᠮᠥᠰᠥ᠂ ᠢᠮᠠᠭ᠋ᠠᠨ ᠨᠣᠣᠯᠣᠭᠤᠷ ᠵᠡᠷᠭᠡ 5 ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠭᠤᠣᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ ᠵᠢ ᠪᠦᠲᠦᠭᠡᠨ ᠪᠠᠶ᠋ᠢᠭᠤᠯᠵᠤ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠪᠣᠯᠪᠠᠰᠤᠷᠠᠭᠤᠯᠤᠨ ᠬᠤᠪᠢᠷᠠᠭᠤᠯᠬᠤ ᠨᠣᠷᠮ᠎ᠠ ᠪᠠ ᠥᠷᠲᠡᠭ ᠨᠡᠮᠡᠭᠳᠡᠯ᠎ᠤᠨ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠤᠨ ᠴᠢᠨᠠᠷ ᠰᠠᠶ᠋ᠢᠲᠠᠢ ᠥᠨᠳᠥᠷ ᠦᠷ᠎ᠡ ᠪᠦᠲᠦᠮᠵᠢᠲᠡᠶ᠎ᠪᠠᠷ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠵᠢᠨ ᠨᠠᠷᠠᠲᠤ ᠲᠥᠷᠥᠯ ᠲᠡᠮᠳᠡᠭ᠎ᠢ ᠳᠡᠭᠡᠭᠰᠢᠯᠡᠭᠦᠯᠬᠦ ᠠᠵᠢᠯᠯᠠᠭ᠎ᠠ ᠵᠢ ᠬᠡᠷᠡᠭᠵᠢᠭᠦᠯᠵᠦ᠂ 《ᠮᠧᠩ》 ᠥᠰᠥᠭ᠎ᠤᠨ ᠲᠡᠮᠳᠡᠭ ᠵᠶ᠋ᠠᠷ ᠬᠥᠲᠥᠯᠥᠨ ᠳᠠᠭ᠋ᠠᠭᠤᠯᠤᠭᠰᠠᠨ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠥᠷᠥᠯ ᠲᠡᠮᠳᠡᠭ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠤᠨ᠂ ᠨᠠᠷᠠᠲᠤ ᠲᠥᠷᠥᠯ ᠲᠡᠮᠳᠡᠭ᠎ᠢ ᠤᠬᠠᠭᠤᠯᠤᠨ ᠳᠡᠯᠭᠡᠷᠡᠭᠦᠯᠬᠦ ᠡᠷᠴᠢᠮ᠎ᠢ ᠦᠷᠭᠦᠯᠵᠢᠯᠡᠨ ᠴᠢᠩᠭ᠋ᠠᠷᠠᠭᠤᠯᠵᠤ᠂ ᠴᠢᠨᠠᠷ ᠰᠠᠶ᠋ᠢᠲᠠᠢ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠪᠥᠬᠦ ᠤᠯᠤᠰ᠎ᠲᠤ ᠪᠣᠷᠤᠯᠠᠭᠤᠯᠭ᠎ᠠ ᠰᠠᠶ᠋ᠢᠲᠠᠢ᠂ ᠳᠡᠯᠡᠬᠡᠢ᠎ᠳᠤ ᠬᠠᠨᠳᠤᠬᠤ ᠵᠢ ᠠᠬᠢᠭᠤᠯᠤᠨ᠎ᠠ᠃ ᠬᠤᠶᠠᠷ᠎ᠲᠤ ᠮᠠᠯᠵᠢᠬᠤ ᠲᠠᠷᠢᠶᠠᠯᠠᠬᠤ ᠣᠷᠣᠨ᠎ᠤ ᠨᠢᠭᠡᠳᠦᠭᠡᠷ ᠬᠤᠶᠠᠳᠤᠭ᠋ᠠᠷ ᠭᠤᠷᠪᠠᠳᠤᠭ᠋ᠠᠷ ᠠᠵᠤ ᠦᠢ᠍ᠯᠡᠰ᠎ᠤᠨ ᠠᠭᠤᠰᠤᠯᠴᠠᠨ ᠬᠥᠭᠵᠢᠬᠦ ᠵᠢ ᠦᠷᠭᠦᠯᠵᠢᠯᠡᠨ ᠠᠬᠢᠭᠤᠯᠤᠨ᠎ᠠ᠃ ᠰᠢᠶᠠᠨ᠎ᠤ ᠬᠡᠪᠴᠢᠶᠡᠨ᠎ᠳᠠᠬᠢ ᠬᠠᠷᠢᠴᠠᠩᠭᠤᠢ ᠳᠠᠪᠠᠭᠤᠯᠢᠭ ᠵᠶ᠋ᠠᠷ ᠢᠯᠡᠷᠬᠡᠢ᠂ ᠳᠠᠶ᠋ᠢᠴᠢᠯᠠᠬᠤ ᠴᠢᠳᠠᠪᠤᠷᠢ᠎ᠪᠠᠷ ᠴᠢᠩᠭ᠎ᠠ᠂ ᠠᠵᠢᠯ ᠣᠯᠭᠤᠬᠤ ᠪᠠᠭᠲᠠᠭ᠋ᠠᠮᠵᠢ᠎ᠪᠠᠷ ᠶᠡᠭᠡ ᠠᠵᠤ ᠦᠢ᠍ᠯᠡᠰ᠎ᠢ ᠶᠡᠬᠡᠪᠡᠷ ᠬᠥᠭᠵᠢᠭᠦᠯᠵᠦ᠂ ᠪᠣᠯᠪᠠᠰᠤᠷᠠᠭᠤᠯᠬᠤ᠎ᠨᠢ ᠰᠢᠶᠠᠨ ᠰᠢᠶᠠᠩ᠎ᠳᠤ ᠪᠣᠢ᠂ ᠰᠠᠭᠤᠷᠢᠨ ᠭᠠᠵᠠᠷ᠎ᠨᠢ ᠭᠠᠴᠠᠭ᠎ᠠ ᠲᠣᠰᠬᠤᠨ᠎ᠳᠤ ᠪᠣᠢ᠂ ᠣᠷᠣᠯᠭ᠎ᠠ ᠨᠡᠮᠡᠭᠳᠡᠬᠦ᠎ᠨᠢ ᠮᠠᠯᠴᠢᠨ ᠲᠠᠷᠢᠶᠠᠴᠢᠨ ᠡᠷᠦᠬᠡ᠎ᠳᠤ ᠪᠠᠶ᠋ᠢᠬᠤ ᠵᠢ ᠪᠡᠶᠡᠯᠡᠭᠦᠯᠬᠦ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ᠎ᠤ ᠢᠯᠡᠭᠡᠯᠲᠡ ᠵᠢᠨ ᠲᠣᠣᠷ ᠰᠦᠯᠵᠢᠶ᠎ᠡ᠂ ᠬᠦᠢ᠍ᠲᠡᠨ ᠬᠡᠯᠬᠢᠶᠡᠲᠦ ᠪᠠᠷᠠᠭ᠋ᠠᠨ᠎ᠤ ᠭᠦᠢ᠍ᠯᠭᠡᠭᠡᠨ᠎ᠤ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠵᠦ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠰᠢᠭᠤᠳ ᠨᠡᠪᠲᠡᠷᠡᠭᠦᠯᠭᠡ ᠪᠠ ᠪᠠᠷᠠᠭ᠎ᠠ ᠵᠢᠨ ᠡᠷᠡᠭᠦᠯ ᠵᠶ᠋ᠠᠷ ᠬᠥᠭᠵᠢᠬᠦ ᠵᠢ ᠬᠥᠲᠥᠯᠥᠨ ᠵᠢᠯᠤᠭᠤᠳᠴᠤ᠂ ᠲᠠᠷᠢᠶᠠᠯᠠᠩ ᠮᠠᠯ ᠠᠵᠤ ᠠᠬᠤᠢ ᠵᠢᠨ ᠣᠯᠠᠨ ᠵᠦᠢ᠍ᠯ᠎ᠤᠨ ᠴᠢᠳᠠᠮᠵᠢ ᠵᠢ ᠠᠭᠤᠳᠠᠯᠵᠤ᠂ ᠮᠠᠯᠴᠢᠨ ᠲᠠᠷᠢᠶᠠᠴᠢᠨ᠎ᠢ ᠳᠠᠶ᠋ᠢᠴᠢᠯᠠᠨ ᠲᠤᠬᠠᠢ ᠵᠢᠨ ᠭᠠᠵᠠᠷ ᠭᠡᠷ ᠣᠶ᠋ᠢᠷ᠎ᠠ ᠬᠠᠪᠢ᠎ᠳᠤ᠎ᠪᠠᠨ ᠠᠵᠢᠯ ᠣᠯᠵᠤ ᠠᠳᠠᠯ ᠦᠢ᠍ᠯᠡᠰ ᠴᠣᠭᠴᠠᠯᠠᠬᠤ ᠵᠢ ᠳᠠᠶ᠋ᠢᠴᠢᠯᠠᠨ᠎ᠠ᠃ ᠮᠠᠯᠴᠢᠨ ᠲᠠᠷᠢᠶᠠᠴᠢᠨ ᠬᠦᠴᠦ ᠶᠠᠪᠤᠭᠰᠠᠳ᠎ᠲᠤ ᠠᠵᠢᠯ᠎ᠤᠨ ᠪᠠᠶ᠋ᠢᠷᠢ ᠵᠢ ᠲᠣᠭᠲᠠᠪᠤᠷᠢᠵᠢᠭᠤᠯᠤᠨ ᠠᠵᠢᠯ ᠣᠯᠭᠤᠬᠤ ᠡᠯ᠎ᠡ ᠲᠥᠷᠥᠯ᠎ᠤᠨ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠵᠤ᠂ ᠬᠥᠳᠡᠯᠮᠦᠷᠢᠴᠢᠳ᠎ᠤᠨ ᠡᠷᠬᠡ ᠠᠰᠢᠭ᠎ᠢ ᠪᠠᠲᠤᠯᠠᠬᠤ ᠲᠣᠭᠲᠠᠴᠠ ᠵᠢ ᠲᠡᠭᠦᠯᠳᠡᠷᠵᠢᠭᠦᠯᠦᠨ᠂ ᠨᠢᠭᠡ ᠪᠦᠯᠦᠭ ᠰᠢᠨ᠎ᠡ ᠵᠢ ᠡᠭᠦᠳᠦᠨ ᠠᠳᠠᠯ ᠦᠢ᠍ᠯᠡᠰ ᠴᠣᠭᠴᠠᠯᠠᠬᠤ ᠳᠠᠭ᠋ᠠᠭᠤᠯᠤᠭᠴᠢ ᠵᠢ ᠪᠣᠶ᠋ᠢᠵᠢᠭᠤᠯᠵᠤ᠂ ᠮᠠᠯᠵᠢᠬᠤ ᠲᠠᠷᠢᠶᠠᠯᠠᠬᠤ ᠣᠷᠣᠨ᠎ᠤ ᠬᠥᠳᠡᠯᠮᠦᠷᠢ ᠬᠦᠴᠦᠨ᠎ᠤ ᠡᠮᠬᠢ ᠵᠢᠷᠤᠮ᠎ᠲᠠᠢ᠎ᠪᠠᠷ ᠰᠢᠯᠵᠢᠵᠦ ᠠᠵᠢᠯ ᠣᠯᠬᠤ ᠵᠢ ᠠᠬᠢᠭᠤᠯᠤᠨ᠎ᠠ᠃ ᠭᠤᠷᠪᠠ᠎ᠳᠤ ᠬᠥᠭᠵᠢᠭᠦᠯᠬᠦ ᠪᠠ ᠬᠠᠮᠠᠭ᠋ᠠᠯᠠᠬᠤ ᠵᠢᠨ ᠬᠠᠷᠢᠴᠠᠭ᠎ᠠ ᠵᠢ ᠨᠢᠭᠡᠳᠦᠯᠲᠡᠢ ᠲᠥᠯᠥᠪᠯᠡᠨ᠎ᠡ᠃ ᠲᠠᠷᠢᠶᠠᠯᠠᠩ᠎ᠤᠨ ᠣᠯᠠᠨ ᠡᠬᠢᠲᠦ ᠪᠣᠬᠢᠷᠳᠤᠯ᠎ᠢ ᠶᠡᠷᠦᠩᠬᠡᠶ᠋ᠢᠯᠡᠨ ᠵᠠᠰᠠᠬᠤ ᠵᠢ ᠴᠢᠩᠭ᠋ᠠᠳᠬᠠᠵᠤ᠂ ᠠᠮᠢ ᠠᠬᠤᠢ ᠵᠢ ᠬᠠᠮᠠᠭ᠋ᠠᠯᠠᠵᠤ ᠰᠡᠷᠭᠦᠭᠡᠬᠦ ᠴᠢᠬᠤᠯᠠ ᠶᠡᠭᠡ ᠢᠨᠵᠧᠨᠧᠷᠢᠩ᠎ᠢ ᠬᠡᠷᠡᠭᠵᠢᠭᠦᠯᠦᠨ᠂ ᠪᠡᠯᠴᠢᠭᠡᠷᠯᠡᠭᠦᠯᠬᠦ ᠵᠢ ᠴᠠᠭ᠋ᠠᠵᠠᠯᠠᠬᠤ᠂ ᠪᠡᠯᠴᠢᠭᠡᠷ ᠥᠨᠵᠢᠭᠦᠯᠬᠦ᠂ ᠮᠠᠯ ᠪᠡᠯᠴᠢᠭᠡᠷ᠎ᠢ ᠲᠡᠩᠴᠡᠭᠦᠷᠢ᠎ᠲᠠᠢ ᠪᠠᠶ᠋ᠢᠯᠭ᠋ᠠᠬᠤ ᠳᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ᠎ᠤ ᠪᠣᠬᠢᠷᠳᠤᠯ ᠦᠭᠡᠢ ᠬᠥᠭᠵᠢᠯᠲᠡ ᠵᠢ ᠠᠬᠢᠭᠤᠯᠤᠨ᠎ᠠ᠃
ᠠᠰᠠᠭᠤᠯᠲᠠ᠄ ᠬᠥᠳᠡᠭᠡ ᠲᠣᠰᠬᠤᠨ᠎ᠤ ᠪᠦᠲᠦᠭᠡᠨ ᠪᠠᠶ᠋ᠢᠭᠤᠯᠤᠯᠲᠠ ᠵᠢ ᠲᠦᠯᠬᠢᠨ ᠠᠬᠢᠭᠤᠯᠬᠤ ᠲᠠᠯ᠎ᠠ᠎ᠪᠠᠷ ᠶᠠᠮᠠᠷ ᠶᠠᠮᠠᠷ ᠪᠣᠳᠠᠲᠠᠢ ᠠᠷᠭ᠎ᠠ ᠬᠡᠮᠵᠢᠶ᠎ᠡ ᠠᠪᠤᠭᠰᠠᠨ ᠪᠤᠢ?
ᠬᠠᠷᠢᠭᠤᠯᠲᠠ᠄ ᠰᠢ ᠵᠢᠨ ᠫᠢᠩ ᠶᠡᠷᠦᠩᠬᠡᠢ ᠱᠦᠵᠢ᠂ ᠬᠥᠳᠡᠭᠡ ᠲᠣᠰᠬᠤᠨ᠎ᠤ ᠪᠦᠲᠦᠭᠡᠨ ᠪᠠᠶ᠋ᠢᠭᠤᠯᠤᠯᠲᠠ ᠵᠢᠨ ᠠᠵᠢᠯᠯᠠᠭ᠎ᠠ ᠵᠢ ᠬᠡᠷᠡᠭᠵᠢᠭᠦᠯᠵᠦ᠂ ᠤᠯᠠᠨ ᠨᠡᠶ᠋ᠢᠲᠡ ᠵᠢᠨ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠵᠢᠨ ᠭᠤᠣᠯᠳᠠᠯᠭ᠎ᠠ ᠵᠢ ᠦᠷᠭᠦᠯᠵᠢᠯᠡᠨ ᠬᠥᠳᠡᠭᠡ ᠲᠣᠰᠬᠤᠨ᠎ᠳᠤ ᠲᠠᠯᠪᠢᠵᠤ᠂ ᠬᠤᠳᠠ ᠬᠥᠳᠡᠭᠡ ᠵᠢᠨ ᠦᠨᠳᠦᠰᠦᠨ ᠤᠯᠠᠨ ᠨᠡᠶ᠋ᠢᠲᠡ ᠵᠢᠨ ᠦᠢ᠍ᠯᠡᠴᠢᠯᠡᠭᠡ ᠵᠢ ᠠᠳᠠᠯᠢ ᠲᠡᠭᠰᠢ ᠪᠣᠯᠭ᠋ᠠᠬᠤ ᠵᠢ ᠠᠬᠢᠭᠤᠯᠬᠤ ᠲᠠᠯ᠎ᠠ᠎ᠪᠠᠷ ᠦᠷᠭᠦᠯᠵᠢᠯᠡᠨ ᠬᠦᠴᠦᠯᠡᠵᠦ᠂ ᠲᠦᠭᠡᠮᠡᠯ ᠬᠠᠷᠠᠭ᠋ᠠᠯᠵᠠᠯ᠎ᠤᠨ ᠴᠢᠨᠠᠷᠲᠠᠢ᠂ ᠦᠨᠳᠦᠰᠦᠨ ᠵᠦᠢ᠍ᠯ᠎ᠢ ᠪᠠᠲᠤᠯᠠᠬᠤ ᠴᠢᠨᠠᠷᠲᠠᠢ᠂ ᠰᠠᠭᠤᠷᠢ ᠴᠢᠨᠠᠷᠲᠠᠢ ᠠᠷᠠᠳ᠎ᠤᠨ ᠠᠮᠢᠳᠤᠷᠠᠯ᠎ᠤᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠬᠤ ᠵᠢ ᠴᠢᠬᠤᠯᠠᠴᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃ 《ᠬᠡᠷᠡᠭᠵᠢᠭᠦᠯᠬᠦ ᠰᠠᠨᠠᠯ》᠎ᠳᠤ᠂ ᠬᠥᠳᠡᠭᠡ ᠲᠣᠰᠬᠤᠨ᠎ᠤ ᠪᠦᠲᠦᠭᠡᠨ ᠪᠠᠶ᠋ᠢᠭᠤᠯᠤᠯᠲᠠ ᠵᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠳᠤᠷᠠᠳᠤᠪᠠ᠃ ᠨᠢᠭᠡ᠎ᠳᠤ ᠬᠡᠷᠡᠭᠵᠢᠭᠦᠯᠬᠦ ᠲᠣᠭᠲᠠᠴᠠ ᠵᠢ ᠲᠡᠭᠦᠯᠳᠡᠷᠵᠢᠭᠦᠯᠦᠨ᠎ᠡ᠃ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠪᠣᠯ ᠨᠢᠭᠡ ᠵᠦᠢ᠍ᠯ᠎ᠤᠨ ᠤᠷᠲᠤ ᠬᠤᠭᠤᠴᠠᠭ᠋ᠠᠨ᠎ᠤ ᠡᠭᠦᠷᠭᠡ ᠪᠠ ᠰᠢᠰᠲ᠋ᠧᠮᠲᠦ ᠢᠨᠵᠧᠨᠧᠷᠢᠩ ᠮᠥᠨ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠮᠠᠯᠴᠢᠨ ᠲᠠᠷᠢᠶᠠᠴᠢᠨ᠎ᠤ ᠲᠥᠯᠥᠭᠡ ᠬᠥᠭᠵᠢᠭᠦᠯᠬᠦ᠂ ᠬᠥᠳᠡᠭᠡ ᠲᠣᠰᠬᠤᠨ᠎ᠤ ᠪᠦᠲᠦᠭᠡᠨ ᠪᠠᠶ᠋ᠢᠭᠤᠯᠤᠯᠲᠠ ᠵᠢ ᠮᠠᠯᠴᠢᠨ ᠲᠠᠷᠢᠶᠠᠴᠢᠨ᠎ᠤ ᠲᠥᠯᠥᠭᠡ ᠪᠠᠶ᠋ᠢᠭᠤᠯᠬᠤ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠵᠤ᠂ ᠳᠣᠣᠷ᠎ᠠ᠎ᠠᠴᠠ ᠳᠡᠭᠡᠭᠰᠢ᠂ ᠲᠣᠰᠬᠤᠨ᠎ᠤ ᠠᠷᠠᠳ ᠥᠪᠡᠷᠲᠡᠭᠡᠨ ᠵᠠᠰᠠᠬᠤ᠂ ᠮᠠᠯᠴᠢᠨ ᠲᠠᠷᠢᠶᠠᠴᠢᠨ ᠣᠷᠤᠯᠴᠠᠬᠤ᠂ ᠭᠠᠵᠠᠷ ᠣᠷᠣᠨ᠎ᠤ ᠪᠠᠶ᠋ᠢᠳᠠᠯ᠎ᠳᠤᠨᠢ ᠲᠣᠬᠢᠷᠠᠭᠤᠯᠬᠤ᠂ ᠰᠢᠨᠵᠢᠯᠡᠬᠦ ᠤᠬᠠᠭ᠋ᠠᠨᠴᠢ᠎ᠪᠠᠷ ᠲᠥᠯᠥᠪᠵᠢᠭᠦᠯᠬᠦ ᠵᠢ ᠪᠠᠷᠢᠮᠲᠠᠯᠠᠵᠤ᠂ ᠠᠶ᠋ᠢᠯ ᠲᠣᠰᠬᠤᠨ᠎ᠤ ᠪᠦᠬᠦᠯᠢ ᠴᠣᠭᠴᠠ ᠵᠢᠨ ᠣᠷᠴᠢᠨ ᠲᠣᠭᠤᠷᠢᠨ᠎ᠢ ᠠᠯᠬᠤᠮ ᠠᠯᠬᠤᠮ ᠵᠶ᠋ᠠᠷ ᠰᠠᠶ᠋ᠢᠵᠢᠷᠠᠭᠤᠯᠵᠤ᠂ ᠠᠶ᠋ᠢᠯ ᠲᠣᠰᠬᠤᠨ᠎ᠤ ᠲᠥᠬᠦᠭᠡᠷᠦᠮᠵᠢ ᠵᠢᠨ ᠲᠦᠪᠰᠢᠨ᠎ᠢ ᠳᠡᠭᠡᠭᠰᠢᠯᠡᠭᠦᠯᠵᠦ᠂ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠴᠢᠳᠠᠪᠬᠢ ᠵᠢ ᠴᠢᠩᠭ᠋ᠠᠳᠬᠠᠵᠤ᠂ ᠦᠨᠡᠨᠬᠦ ᠰᠠᠶ᠋ᠢᠨ ᠶᠠᠪᠤᠳᠠᠯ᠎ᠢ ᠰᠠᠶ᠋ᠢᠲᠤᠷ ᠬᠢᠵᠦ᠂ ᠪᠣᠳᠠᠲᠠᠢ ᠶᠠᠪᠤᠳᠠᠯ᠎ᠢ ᠪᠣᠳᠠᠲᠠᠢ ᠬᠢᠨ᠎ᠡ᠃ ᠬᠤᠶᠠᠷ᠎ᠲᠤ ᠮᠠᠯᠵᠢᠬᠤ ᠲᠠᠷᠢᠶᠠᠯᠠᠬᠤ ᠣᠷᠣᠨ᠎ᠤ ᠬᠥᠮᠥᠰ᠎ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ᠎ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠠᠪᠤᠨ ᠵᠢᠯ᠎ᠤᠨ ᠠᠵᠢᠯᠯᠠᠭ᠎ᠠ ᠵᠢ ᠦᠷᠭᠦᠯᠵᠢᠯᠡᠨ ᠬᠡᠷᠡᠭᠵᠢᠭᠦᠯᠦᠨ᠎ᠡ᠃ ᠲᠤᠬᠠᠢ ᠵᠢᠨ ᠭᠠᠵᠠᠷ᠎ᠤᠨ ᠪᠣᠳᠠᠲᠠᠢ ᠨᠥᠬᠦᠴᠡᠯ ᠪᠠ ᠮᠠᠯᠴᠢᠨ ᠲᠠᠷᠢᠶᠠᠴᠢᠨ᠎ᠤ ᠪᠣᠳᠠᠲᠠᠢ ᠬᠡᠷᠡᠭᠴᠡᠭᠡ ᠱᠠᠭ᠋ᠠᠷᠳᠠᠯᠭ᠎ᠠ᠎ᠠᠴᠠ ᠡᠭᠦᠰᠴᠦ᠂ ᠮᠠᠯᠵᠢᠬᠤ ᠲᠠᠷᠢᠶᠠᠯᠠᠬᠤ ᠣᠷᠣᠨ᠎ᠤ ᠠᠷᠢᠭᠤᠨ ᠴᠡᠪᠡᠷ ᠵᠣᠷᠯᠣᠩ᠎ᠢ ᠰᠢᠨ᠎ᠡ᠎ᠪᠠᠷ ᠪᠠᠶ᠋ᠢᠭᠤᠯᠬᠤ ᠥᠭᠡᠷᠡᠴᠢᠯᠡᠯᠲᠡ ᠵᠢ ᠯᠠᠪᠳᠠᠭᠤᠨ ᠵᠶ᠋ᠠᠷ ᠥᠷᠨᠢᠭᠦᠯᠵᠦ᠂ 《ᠠᠰᠠᠭᠤᠳᠠᠯ᠎ᠲᠠᠢ ᠡᠷᠦᠬᠡ ᠵᠢᠨ ᠵᠣᠷᠯᠣᠩ》᠎ᠢ ᠴᠡᠭᠴᠡᠯᠡᠨ ᠰᠠᠶ᠋ᠢᠵᠢᠷᠠᠭᠤᠯᠵᠤ ᠬᠠᠰᠤᠬᠤ ᠵᠢ ᠦᠨᠠᠨ ᠬᠦ᠌ ᠰᠠᠶ᠋ᠢᠲᠤᠷ ᠬᠢᠨ᠎ᠡ᠃ ᠮᠠᠯᠵᠢᠬᠤ ᠲᠠᠷᠢᠶᠠᠯᠠᠬᠤ ᠣᠷᠣᠨ᠎ᠤ ᠠᠮᠢᠳᠤᠷᠠᠯ᠎ᠤᠨ ᠬᠤᠭ ᠨᠣᠪᠰᠢ ᠵᠢ ᠬᠤᠷᠢᠶᠠᠨ ᠲᠡᠭᠡᠭᠡᠪᠦᠷᠢᠯᠡᠵᠦ ᠰᠢᠢ᠍ᠳᠪᠦᠷᠢᠯᠡᠬᠦ᠂ ᠪᠣᠬᠢᠷ ᠤᠰᠤ ᠵᠢ ᠵᠠᠰᠠᠬᠤ ᠵᠡᠷᠭᠡ ᠵᠢ ᠦᠷᠭᠦᠯᠵᠢᠯᠡᠨ ᠠᠬᠢᠭᠤᠯᠵᠤ᠂ ᠠᠶ᠋ᠢᠯ ᠲᠣᠰᠬᠤᠨ᠎ᠢ ᠴᠡᠪᠡᠷᠯᠡᠬᠦ ᠠᠵᠢᠯᠯᠠᠭ᠎ᠠ ᠪᠠ ᠬᠥᠳᠡᠭᠡ ᠲᠣᠰᠬᠤᠨ᠎ᠢ ᠨᠣᠭᠤᠭ᠋ᠠᠷᠠᠭᠤᠯᠵᠤ ᠭᠤᠶᠣᠵᠢᠭᠤᠯᠬᠤ ᠠᠵᠢᠯᠯᠠᠭ᠎ᠠ ᠵᠢ ᠭᠦᠨᠵᠡᠭᠡᠢ ᠬᠡᠷᠡᠭᠵᠢᠭᠦᠯᠵᠦ᠂ ᠰᠠᠶ᠋ᠢᠨ ᠰᠠᠶ᠋ᠢᠬᠠᠨ ᠠᠮᠢ ᠠᠬᠤᠢ ᠵᠢᠨ ᠣᠷᠣᠰᠢᠨ ᠰᠠᠭᠤᠷᠢᠰᠢᠬᠤ᠎ᠳᠤ ᠲᠣᠬᠢᠷᠠᠮᠵᠢᠲᠠᠢ ᠣᠷᠴᠢᠨ ᠲᠣᠭᠤᠷᠢᠨ᠎ᠢ ᠪᠣᠶ ᠪᠣᠯᠭ᠋ᠠᠨ᠎ᠠ᠃ ᠭᠤᠷᠪᠠ᠎ᠳᠤ ᠲᠦᠭᠡᠮᠡᠯ ᠬᠠᠷᠠᠭ᠋ᠠᠯᠵᠠᠯ᠎ᠤᠨ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢ᠍ᠯ᠎ᠢ ᠪᠠᠲᠤᠯᠠᠬᠤ ᠴᠢᠨᠠᠷᠲᠠᠢ ᠠᠷᠠᠳ᠎ᠤᠨ ᠠᠮᠢᠳᠤᠷᠠᠯ᠎ᠤᠨ ᠪᠠᠶ᠋ᠢᠭᠤᠯᠤᠯᠲᠠ᠎ᠳᠤ ᠠᠩᠬᠠᠷᠤᠯ ᠵᠶ᠋ᠠᠨ ᠲᠦᠪᠯᠡᠷᠡᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ᠎ᠤ ᠵᠠᠮ᠂ ᠤᠰᠤ ᠬᠠᠩᠭ᠋ᠠᠬᠤ᠂ ᠴᠠᠬᠢᠯᠭ᠋ᠠᠨ ᠬᠡᠷᠡᠭᠯᠡᠬᠦ᠂ ᠲᠣᠣᠷ ᠰᠦᠯᠵᠢᠶ᠎ᠡ᠂ ᠣᠷᠣᠨ ᠰᠠᠭᠤᠴᠠ ᠵᠢᠨ ᠠᠮᠤᠷ ᠲᠦᠪᠰᠢᠨ᠂ ᠲᠣᠭ᠋ᠠᠴᠢᠯᠠᠭᠰᠠᠨ ᠬᠥᠳᠡᠭᠡ ᠲᠣᠰᠬᠤᠨ ᠵᠡᠷᠭᠡ ᠭᠤᠣᠯᠳᠠᠯᠭ᠎ᠠ᠎ᠲᠠᠢ ᠬᠦᠷᠢᠶ᠎ᠡ ᠴᠠᠷᠠᠭ᠎ᠠ ᠵᠢᠨ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠣᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡᠨ᠎ᠤ ᠰᠢᠶᠠᠨ᠎ᠤ ᠬᠡᠪᠴᠢᠶ᠎ᠡ ᠵᠢ ᠨᠢᠭᠡᠳᠦᠯᠲᠡᠢ ᠲᠥᠯᠥᠪᠯᠡᠬᠦ ᠵᠢ ᠴᠢᠩᠭ᠋ᠠᠷᠠᠭᠤᠯᠤᠨ᠂ ᠮᠠᠯᠴᠢᠨ ᠲᠠᠷᠢᠶᠠᠴᠢᠨ ᠲᠦᠮᠡᠨ᠎ᠤ ᠦᠢ᠍ᠯᠡᠳᠪᠦᠷᠢᠯᠡᠯ ᠠᠮᠢᠳᠤᠷᠠᠯ᠎ᠤᠨ ᠨᠥᠬᠦᠴᠡᠯ᠎ᠢ ᠦᠨᠡᠨ ᠬᠦ᠌ ᠰᠠᠶ᠋ᠢᠵᠢᠷᠠᠭᠤᠯᠤᠨ᠎ᠠ᠃
ᠠᠰᠠᠭᠤᠯᠲᠠ᠄ ᠥᠪᠡᠷᠲᠡᠭᠡᠨ ᠵᠠᠰᠠᠬᠤ ᠣᠷᠣᠨ᠎ᠠᠴᠠ ᠬᠥᠳᠡᠭᠡ ᠲᠣᠰᠬᠤᠨ᠎ᠤ ᠵᠠᠰᠠᠯᠲᠠ ᠵᠢᠨ ᠠᠵᠢᠯ᠎ᠢ ᠬᠡᠷᠬᠢᠨ ᠠᠬᠢᠭᠤᠯᠬᠤ ᠪᠤᠢ?
ᠬᠠᠷᠢᠭᠤᠯᠲᠠ᠄ ᠬᠥᠳᠡᠭᠡ ᠲᠣᠰᠬᠤᠨ᠎ᠤ ᠵᠠᠰᠠᠯᠲᠠ ᠪᠣᠯ ᠤᠯᠤᠰ᠎ᠤᠨ ᠵᠠᠰᠠᠯᠲᠠ ᠵᠢᠨ ᠰᠠᠭᠤᠷᠢ ᠮᠥᠨ᠃ ᠬᠥᠳᠡᠭᠡ ᠲᠣᠰᠬᠤᠨ᠎ᠤ ᠪᠦᠲᠦᠮᠵᠢᠲᠡᠢ ᠵᠠᠰᠠᠯᠲᠠ ᠪᠠᠶ᠋ᠢᠬᠤ ᠦᠭᠡᠢ ᠪᠣᠯ ᠬᠥᠳᠡᠭᠡ ᠲᠣᠰᠬᠤᠨ᠎ᠤ ᠪᠦᠬᠦ ᠲᠠᠯ᠎ᠠ ᠵᠢᠨ ᠬᠥᠭᠵᠢᠯ ᠮᠠᠨᠳᠤᠯ ᠪᠠᠶ᠋ᠢᠵᠤ ᠴᠢᠳᠠᠬᠤ ᠦᠭᠡᠢ ᠶᠤᠮ᠃ ᠰᠢᠨ᠎ᠡ ᠱᠠᠲᠤ ᠦᠶ᠎ᠡ ᠰᠢᠨ᠎ᠡ ᠠᠶᠠᠨ ᠵᠠᠮ᠎ᠳᠤ᠂ ᠪᠢᠳᠡᠨ᠎ᠳᠤ ᠲᠤᠯᠭ᠋ᠠᠷᠠᠵᠤ ᠪᠠᠶ᠋ᠢᠭ᠎ᠠ ᠭᠠᠳᠠᠭ᠋ᠠᠳᠤ ᠣᠷᠴᠢᠨ ᠨᠥᠬᠦᠴᠡᠯ ᠨᠡᠩ ᠡᠭᠡᠳᠡᠷᠡᠭᠡᠨ ᠪᠤᠳᠤᠯᠢᠶᠠᠨᠲᠠᠢ ᠪᠣᠯᠵᠤ᠂ ᠥᠭᠡᠷᠡᠴᠢᠯᠡᠯᠲᠡ ᠬᠥᠭᠵᠢᠯᠲᠡ ᠲᠣᠭᠲᠠᠭᠤᠨ᠎ᠤ ᠡᠭᠦᠷᠭᠡ ᠨᠡᠩ ᠬᠠᠲᠠᠭᠤ ᠪᠡᠷᠬᠡ ᠪᠥᠭᠡᠳ ᠨᠦᠰᠡᠷ ᠬᠦᠨᠳᠦ ᠪᠣᠯᠵᠤ᠂ ᠬᠥᠳᠡᠭᠡ ᠲᠣᠰᠬᠤᠨ᠎ᠤ ᠵᠠᠰᠠᠯᠲᠠ ᠵᠢ ᠴᠢᠩᠭ᠋ᠠᠳᠬᠠᠨ ᠰᠠᠶ᠋ᠢᠵᠢᠷᠠᠭᠤᠯᠵᠤ᠂ ᠬᠥᠳᠡᠭᠡ ᠲᠣᠰᠬᠤᠨ᠎ᠢ ᠴᠢᠳᠠᠮᠠᠭ᠋ᠠᠢ᠎ᠪᠠᠷ ᠵᠠᠰᠠᠬᠤ᠎ᠪᠠᠷ ᠰᠢᠨ᠎ᠡ ᠪᠠᠶ᠋ᠢᠳᠠᠯ᠎ᠢ ᠨᠡᠭᠡᠭᠡᠬᠦ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ᠂ ᠶᠡᠭᠡ ᠲᠠᠯ᠎ᠠ ᠵᠢ ᠲᠣᠭᠲᠠᠭᠤᠨ ᠪᠠᠶ᠋ᠢᠯᠭ᠋ᠠᠬᠤ᠎ᠳᠤ ᠰᠠᠭᠤᠷᠢ ᠲᠤᠯᠭ᠋ᠠᠭᠤᠷᠢᠯᠠᠯ ᠬᠠᠩᠭ᠋ᠠᠬᠤ ᠬᠡᠷᠡᠭᠲᠡᠢ᠃ ᠨᠢᠭᠡ᠎ᠳᠤ ᠮᠠᠯᠵᠢᠬᠤ ᠲᠠᠷᠢᠶᠠᠯᠠᠬᠤ ᠣᠷᠣᠨ᠎ᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠳᠠᠶ᠋ᠢᠴᠢᠨ ᠪᠠᠬᠢᠯᠡᠯᠲᠡ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠬᠡᠷᠡᠭᠲᠡᠢ᠃ ᠬᠤᠰᠢᠭᠤ ᠰᠢᠶᠠᠨ᠎ᠤ ᠱᠠᠲᠤᠨ᠎ᠤ ᠨᠠᠮ᠎ᠤᠨ ᠬᠤᠷᠢᠶ᠎ᠠ ᠵᠢᠨ ᠰᠢᠶᠠᠩ᠎ᠢ ᠠᠳᠬᠤᠵᠤ ᠲᠣᠰᠬᠤᠨ᠎ᠢ ᠠᠬᠢᠭᠤᠯᠬᠤ ᠡᠭᠦᠷᠭᠡ ᠰᠢᠶᠠᠩ ᠪᠠᠯᠭ᠋ᠠᠰᠤᠨ᠎ᠤ ᠨᠠᠮ᠎ᠤᠨ ᠬᠤᠷᠢᠶ᠎ᠠ ᠵᠢᠨ ᠨᠢᠭᠡᠳᠦᠯᠲᠡᠢ ᠵᠢᠯᠤᠭᠤᠳᠬᠤ ᠪᠠ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠲᠣᠭᠲᠠᠴᠠ ᠵᠢ ᠪᠦᠷᠢᠨᠰᠢᠭᠦᠯᠵᠦ᠂ ᠭᠠᠴᠠᠭ᠎ᠠ ᠲᠣᠰᠬᠤᠨ᠎ᠤ ᠳᠠᠭ᠋ᠠᠭᠤᠯᠤᠭᠴᠢ ᠵᠢᠨ ᠡᠩᠨᠡᠭᠡ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠂ ᠨᠠᠷᠢᠨ ᠲᠠᠩᠰᠠ ᠵᠢᠨ ᠳᠦᠷᠢᠮ᠂ ᠬᠤᠪᠢ ᠬᠤᠷᠠᠮᠳᠤᠭᠤᠯᠬᠤ ᠳᠦᠷᠢᠮ ᠵᠡᠷᠭᠡ ᠵᠠᠰᠠᠯᠲᠠ ᠵᠢᠨ ᠠᠷᠭ᠎ᠠ ᠮᠠᠶᠢᠭ᠎ᠢ ᠳᠡᠯᠭᠡᠷᠡᠭᠦᠯᠵᠦ᠂ ᠲᠣᠰᠬᠤᠨ᠎ᠳᠤ ᠰᠠᠭᠤᠭ᠎ᠠ ᠨᠢᠭᠡᠳᠦᠭᠡᠷ ᠱᠦᠵᠢ ᠪᠠ ᠠᠵᠢᠯᠯᠠᠬᠤ ᠠᠩᠭᠢ ᠵᠢᠨ ᠨᠠᠮ᠎ᠤᠨ ᠪᠠᠶ᠋ᠢᠭᠤᠯᠤᠯᠲᠠ ᠵᠢ ᠠᠳᠬᠤᠵᠤ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠦᠢ᠍ᠯᠡᠳᠦᠯ᠎ᠢ ᠪᠠᠳᠠᠷᠠᠭᠤᠯᠵᠤ᠂ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠭᠰᠠᠨ ᠥᠪᠡᠷᠲᠡᠭᠡᠨ ᠵᠠᠰᠠᠬᠤ᠂ ᠬᠠᠤᠯᠢ᠎ᠪᠠᠷ ᠵᠠᠰᠠᠬᠤ᠂ ᠮᠣᠷᠠᠯ ᠵᠶ᠋ᠠᠷ ᠵᠠᠰᠠᠬᠤ ᠵᠢ ᠤᠶᠠᠯᠳᠤᠭᠤᠯᠤᠭᠰᠠᠨ ᠬᠥᠳᠡᠭᠡ ᠲᠣᠰᠬᠤᠨ᠎ᠤ ᠵᠠᠰᠠᠯᠲᠠ ᠵᠢᠨ ᠰᠢᠰᠲ᠋ᠧᠮᠵᠢ ᠵᠢ ᠪᠦᠷᠢᠨᠰᠢᠭᠦᠯᠦᠨ᠎ᠡ᠃ ᠬᠤᠶᠠᠷ᠎ᠲᠤ ᠮᠠᠯᠵᠢᠬᠤ ᠲᠠᠷᠢᠶᠠᠯᠠᠬᠤ ᠣᠷᠣᠨ᠎ᠤ ᠣᠶᠤᠨ᠎ᠤ ᠪᠣᠯᠪᠠᠰᠤᠨ᠎ᠤ ᠪᠠᠶ᠋ᠢᠭᠤᠯᠤᠯᠲᠠ ᠵᠢᠨ ᠪᠦᠲᠦᠮᠵᠢᠲᠡᠶ ᠲᠠᠪᠴᠠᠩ᠎ᠤᠨ ᠠᠴᠢᠶᠠᠯᠠᠪᠤᠷᠢ ᠵᠢᠨ ᠨᠠᠮ᠎ᠤᠨ ᠮᠠᠯᠵᠢᠬᠤ ᠲᠠᠷᠢᠶᠠᠯᠠᠬᠤ ᠣᠷᠣᠨ᠎ᠳᠠᠬᠢ ᠦᠵᠡᠯ ᠰᠠᠨᠠᠭ᠎ᠠ ᠤᠯᠤᠰ ᠲᠥᠷᠥ ᠵᠢᠨ ᠬᠥᠲᠥᠯᠥᠨ ᠳᠠᠭ᠋ᠠᠭᠤᠯᠬᠤ ᠵᠢ ᠴᠢᠩᠭ᠋ᠠᠳᠬᠠᠵᠤ᠂ ᠮᠠᠯᠵᠢᠬᠤ ᠲᠠᠷᠢᠶᠠᠯᠠᠬᠤ ᠣᠷᠣᠨ᠎ᠤ ᠵᠠᠩ ᠳᠠᠳᠬᠠᠯ᠎ᠢ ᠥᠭᠡᠷᠡᠴᠢᠯᠡᠬᠦ ᠵᠢ ᠦᠷᠭᠦᠯᠵᠢᠯᠡᠨ ᠠᠬᠢᠭᠤᠯᠵᠤ᠂ ᠥᠨᠳᠥᠷ ᠦᠨ᠎ᠡ᠎ᠲᠠᠢ ᠪᠣᠭᠲᠣᠯᠠᠬᠤ ᠪᠡᠯᠡᠭ᠂ ᠶᠡᠭᠡ᠎ᠪᠠᠷ ᠪᠠᠵᠠᠭ᠋ᠠᠵᠤ ᠶᠡᠭᠡ᠎ᠪᠠᠷ ᠡᠷᠭᠢᠯᠡᠬᠦ᠂ ᠠᠰᠠᠷᠠᠯᠢ ᠬᠦᠩᠭᠡᠪᠴᠢᠯᠡᠨ ᠤᠷᠤᠰᠢᠭᠤᠯᠭ᠎ᠠ ᠵᠢ ᠬᠦᠨᠳᠦᠳᠭᠡᠬᠦ ᠵᠡᠷᠭᠡ ᠬᠠᠭᠤᠴᠢᠨ ᠶᠣᠰᠣ ᠪᠦᠳᠦᠭᠦᠯᠢᠭ ᠳᠠᠳᠬᠠᠯ᠎ᠢ ᠴᠡᠭᠴᠡᠯᠡᠨ ᠵᠠᠰᠠᠨ᠎ᠠ᠃ ᠭᠤᠷᠪᠠ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠤᠭᠴᠠᠯᠠᠨ᠎ᠠ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢ ᠴᠣᠭᠴᠠᠯᠠᠨ ᠪᠠᠶ᠋ᠢᠭᠤᠯᠬᠤ ᠦᠵᠡᠯ ᠤᠬᠠᠮᠰᠠᠷ᠎ᠤᠨ ᠬᠥᠮᠦᠵᠢᠯ᠎ᠢ ᠭᠦᠨᠵᠡᠭᠡᠶ᠋ᠢᠷᠡᠭᠦᠯᠦᠨ ᠪᠠᠬᠢᠵᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠲᠡᠦᠬᠡ ᠵᠢᠨ ᠦᠵᠡᠯᠲᠡ ᠵᠢᠨ ᠬᠥᠮᠦᠵᠢᠯ᠎ᠢ ᠴᠢᠩᠭ᠋ᠠᠳᠬᠠᠨ᠂ ᠮᠠᠯᠴᠢᠨ ᠲᠠᠷᠢᠶᠠᠴᠢᠨ ᠣᠯᠠᠨ ᠲᠦᠮᠡᠨ᠎ᠤ ᠳᠤᠮᠳᠠᠳᠤ ᠵᠢᠨ ᠦᠨᠳᠦᠰᠦᠲᠡᠨ ᠵᠶ᠋ᠠᠨ ᠮᠡᠳᠡᠷᠡᠬᠦ ᠰᠡᠳᠬᠢᠯᠭᠡ᠂ ᠬᠠᠷᠢᠶᠠᠯᠠᠭᠳᠠᠬᠤ ᠰᠡᠳᠬᠢᠯᠭᠡ᠂ ᠣᠮᠤᠭ ᠪᠠᠭ᠍ᠠᠳᠤᠯᠲᠤ ᠰᠡᠳᠬᠢᠯᠭᠡ ᠵᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠪᠦᠬᠦ ᠲᠠᠯ᠎ᠠ᠎ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ᠎ᠤᠨ ᠨᠢᠭᠡᠳᠦᠯᠲᠡᠢ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠬᠡᠷᠡᠭᠯᠡᠬᠦ ᠵᠢ ᠡᠷᠡᠰ ᠭᠤᠶ᠋ᠢᠪᠢᠰᠢ ᠦᠭᠡᠢ ᠬᠡᠷᠡᠭᠵᠢᠭᠦᠯᠦᠨ᠎ᠡ᠃ ᠳᠥᠷᠪᠡ᠎ᠳᠤ᠂ ᠮᠠᠯᠵᠢᠬᠤ ᠲᠠᠷᠢᠶᠠᠯᠠᠬᠤ ᠣᠷᠣᠨ᠎ᠤ ᠨᠡᠶ᠋ᠢᠭᠡᠮ᠎ᠤᠨ ᠠᠮᠤᠷ ᠲᠣᠭᠲᠠᠭᠤᠨ ᠪᠠᠶ᠋ᠢᠳᠠᠯ᠎ᠢ ᠦᠨᠡᠨ ᠬᠦ᠌ ᠬᠠᠮᠠᠭ᠋ᠠᠯᠠᠨ᠎ᠠ᠃ ᠰᠢᠨ᠎ᠡ ᠴᠠᠭ ᠦᠶ᠎ᠡ ᠵᠢᠨ 《ᠹᠧᠩᠴᠢᠶᠤᠤ ᠵᠢᠨ ᠲᠤᠷᠰᠢᠯᠭ᠎ᠠ》 ᠵᠢ ᠪᠠᠷᠢᠮᠲᠠᠯᠠᠨ ᠬᠥᠭᠵᠢᠭᠦᠯᠵᠦ᠂ ᠨᠠᠩ ᠥᠨᠳᠥᠷ ᠬᠢᠷᠢ ᠲᠦᠪᠰᠢᠨ ᠪᠦᠬᠦᠢ ᠠᠮᠤᠷ ᠠᠮᠤᠭᠤᠯᠠᠩ ᠬᠠᠤᠯᠢ᠎ᠪᠠᠷ ᠵᠠᠰᠠᠬᠤ ᠬᠥᠳᠡᠭᠡ ᠲᠣᠰᠬᠤᠨ᠎ᠤ ᠪᠦᠲᠦᠭᠡᠨ ᠪᠠᠶ᠋ᠢᠭᠤᠯᠤᠯᠲᠠ ᠵᠢ ᠠᠬᠢᠭᠤᠯᠤᠨ᠂ ᠭᠤᠣᠯᠳᠠᠯᠭ᠎ᠠ᠎ᠲᠠᠢ ᠬᠦᠷᠢᠶᠡᠨ᠎ᠳᠠᠬᠢ ᠲᠦᠭᠰᠢᠭᠦᠷᠢ ᠵᠢᠨ ᠳᠠᠯᠳᠠ ᠬᠡᠮ᠎ᠢ ᠵᠢᠭᠰᠠᠭ᠋ᠠᠨ ᠪᠠᠶ᠋ᠢᠴᠠᠭ᠋ᠠᠬᠤ ᠪᠠ ᠲᠤᠰᠬᠠᠢ ᠵᠦᠢ᠍ᠯ ᠵᠶ᠋ᠠᠷ ᠵᠠᠰᠠᠬᠤ ᠵᠢ ᠥᠷᠨᠢᠭᠦᠯᠦᠨ᠎ᠡ᠃
ᠠᠰᠠᠭᠤᠯᠲᠠ᠄ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠪᠦᠬᠦ ᠲᠠᠯ᠎ᠠ᠎ᠪᠠᠷ ᠠᠬᠢᠭᠤᠯᠬᠤ ᠡᠯ᠎ᠡ ᠵᠦᠢ᠍ᠯ᠎ᠤᠨ ᠭᠤᠣᠯᠳᠠᠯᠭ᠎ᠠ᠎ᠲᠠᠢ ᠡᠭᠦᠷᠭᠡ ᠵᠢ ᠨᠠᠶ᠋ᠢᠳᠠᠪᠤᠷᠢᠵᠢᠭᠤᠯᠵᠤ ᠦᠷ᠎ᠡ ᠪᠦᠲᠦᠮᠵᠢ ᠣᠯᠬᠤ ᠵᠢ ᠬᠡᠷᠬᠢᠨ ᠪᠠᠲᠤᠯᠠᠬᠤ ᠪᠤᠢ?
ᠬᠠᠷᠢᠭᠤᠯᠲᠠ᠄ ᠣᠳᠣᠬᠠᠨ᠎ᠳᠤ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠪᠦᠬᠦ ᠲᠠᠯ᠎ᠠ᠎ᠪᠠᠷ ᠠᠬᠢᠭᠤᠯᠬᠤ ᠠᠵᠢᠯ ᠨᠢᠭᠡᠨᠲᠡ ᠲᠥᠯᠥᠪᠵᠢᠭᠦᠯᠦᠨ ᠪᠠᠶ᠋ᠢᠷᠢᠰᠢᠭᠤᠯᠵᠤ ᠪᠠᠶ᠋ᠢᠭᠰᠠᠨ᠎ᠠᠴᠠ᠎ᠪᠠᠨ ᠪᠣᠳᠠᠲᠠᠢ ᠪᠠᠷᠢᠯᠭ᠎ᠠ ᠪᠠᠷᠢᠬᠤ ᠱᠠᠲᠤᠨ᠎ᠳᠤ ᠣᠷᠣᠵᠤ᠂ ᠪᠦᠬᠦ ᠨᠠᠮ ᠪᠦᠬᠦ ᠨᠡᠶ᠋ᠢᠭᠡᠮ ᠵᠶ᠋ᠠᠷ ᠵᠶ᠋ᠠᠨ ᠶᠡᠷᠦᠩᠬᠡᠢ ᠳᠠᠶ᠋ᠢᠴᠢᠯᠠᠯᠲᠠ ᠬᠢᠵᠦ᠂ ᠰᠠᠯᠠᠭ᠎ᠠ ᠮᠥᠴᠢᠷ ᠪᠣᠯᠣᠨ ᠣᠷᠣᠨ ᠨᠤᠲᠤᠭ᠎ᠤᠨ᠎ᠬᠢᠨ ᠵᠡᠷᠭᠡ᠎ᠪᠡᠷ ᠬᠦᠴᠦᠯᠡᠵᠦ᠂ ᠦᠨᠡᠨ ᠪᠣᠳᠠᠲᠠᠢ᠎ᠪᠠᠷ ᠠᠵᠢᠯᠯᠠᠵᠤ᠂ ᠰᠦᠷ ᠬᠦᠴᠦᠨ᠎ᠢ ᠢᠯᠡᠷᠡᠭᠦᠯᠵᠦ᠂ ᠠᠵᠢᠯᠯᠠᠭ᠎ᠠ ᠵᠢ ᠥᠷᠨᠢᠭᠦᠯᠬᠦ ᠴᠢᠬᠤᠯᠠᠲᠠᠢ ᠪᠠᠶ᠋ᠢᠨ᠎ᠠ᠃ ᠲᠠᠷᠠᠭ᠋ᠠᠴᠢ ᠵᠢᠨ ᠠᠯᠬᠤᠮ᠎ᠳᠤ᠂ ᠪᠢᠳᠡ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠥᠳᠡᠭᠡ ᠲᠣᠰᠬᠤᠨ᠎ᠤ ᠠᠵᠢᠯ᠎ᠤᠨ ᠳᠦᠷᠢᠮ》 ᠵᠢᠴᠢ ᠥᠪᠡᠷᠲᠡᠭᠡᠨ ᠵᠠᠰᠠᠬᠤ ᠣᠷᠣᠨ᠎ᠤ ᠬᠡᠷᠡᠭᠵᠢᠭᠦᠯᠬᠦ ᠠᠷᠭ᠎ᠠ ᠵᠢ ᠭᠦᠨᠵᠡᠭᠡᠢ ᠲᠤᠭᠤᠰᠢᠯᠠᠭᠤᠯᠵᠤ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠠᠤᠯᠢ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ᠂ ᠵᠣᠬᠢᠶᠠᠨ ᠪᠠᠶ᠋ᠢᠭᠤᠯᠤᠯᠲᠠ᠎ᠪᠠᠷ ᠠᠬᠢᠭᠤᠯᠬᠤ᠂ ᠡᠯᠧᠮᠧᠨ᠋ᠲ᠎ᠢ ᠪᠠᠲᠤᠯᠠᠬᠤ᠂ ᠬᠢᠨᠠᠨ ᠰᠢᠯᠭ᠋ᠠᠵᠤ ᠦᠨᠡᠯᠡᠬᠦ᠂ ᠬᠢᠨᠠᠯᠲᠠ ᠲᠠᠯᠪᠢᠵᠤ ᠪᠠᠶ᠋ᠢᠴᠠᠭ᠋ᠠᠬᠤ ᠵᠡᠷᠭᠡ ᠲᠠᠯ᠎ᠠ᠎ᠠᠴᠠ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠲᠣᠭᠲᠠᠴᠠ ᠵᠢ ᠪᠦᠷᠢᠨᠰᠢᠭᠦᠯᠬᠦ ᠵᠢ ᠠᠬᠢᠭᠤᠯᠵᠤ᠂ ᠥᠷᠭᠡᠨ ᠳᠡᠯᠭᠡᠷᠡᠩᠭᠦᠢ ᠳᠠᠶ᠋ᠢᠴᠢᠯᠠᠵᠤ᠂ ᠬᠦᠴᠦᠨ ᠵᠶ᠋ᠠᠨ ᠲᠥᠪᠯᠡᠷᠡᠭᠦᠯᠦᠨ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠪᠦᠬᠦ ᠲᠠᠯ᠎ᠠ᠎ᠪᠠᠷ ᠠᠬᠢᠭᠤᠯᠬᠤ ᠬᠡᠷᠡᠭᠲᠡᠢ᠃ ᠬᠤᠶᠠᠷ ᠲᠠᠯ᠎ᠠ ᠵᠢᠨ ᠠᠵᠢᠯ᠎ᠢ ᠭᠤᠣᠯᠳᠠᠯᠭ᠎ᠠ᠎ᠲᠠᠢ ᠰᠠᠶ᠋ᠢᠲᠤᠷ ᠠᠳᠬᠤᠬᠤ ᠬᠡᠷᠡᠭᠲᠡᠢ᠄ ᠨᠢᠭᠡ ᠲᠠᠯ᠎ᠠ᠎ᠪᠠᠷ᠂ ᠨᠠᠮ᠎ᠤᠨ 《ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ》᠎ᠤ ᠠᠵᠢᠯ᠎ᠳᠠᠬᠢ ᠪᠦᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠬᠤ ᠬᠡᠷᠡᠭᠲᠡᠢ᠃ ᠬᠥᠳᠡᠭᠡ ᠲᠣᠰᠬᠤᠨ᠎ᠤ ᠬᠥᠭᠵᠢᠯᠲᠡ᠂ ᠬᠥᠳᠡᠭᠡ ᠲᠣᠰᠬᠤᠨ᠎ᠤ ᠪᠦᠲᠦᠭᠡᠨ ᠪᠠᠶ᠋ᠢᠭᠤᠯᠤᠯᠲᠠ᠂ ᠬᠥᠳᠡᠭᠡ ᠲᠣᠰᠬᠤᠨ᠎ᠤ ᠵᠠᠰᠠᠯᠲᠠ ᠵᠢᠨ ᠡᠯ᠎ᠡ ᠵᠦᠢ᠍ᠯ᠎ᠤᠨ ᠭᠤᠣᠯᠳᠠᠯᠭ᠎ᠠ᠎ᠲᠠᠢ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ᠎ᠳᠤ ᠡᠴᠦᠰ᠎ᠤᠨ ᠡᠴᠦᠰ᠎ᠲᠤ᠎ᠪᠠᠨ ᠨᠠᠮ᠎ᠤᠨ ᠤᠳᠤᠷᠢᠳᠤᠯᠭ᠎ᠠ᠎ᠳᠤ ᠲᠦᠰᠢᠭᠯᠡᠬᠦ ᠬᠡᠷᠡᠭᠲᠡᠢ᠃ ᠨᠢᠭᠡ᠎ᠳᠤ ᠬᠠᠷᠢᠭᠤᠴᠠᠯᠭ᠎ᠠ ᠵᠢ ᠪᠤᠲᠠᠲᠠᠶ᠋ᠢᠵᠢᠭᠤᠯᠬᠤ ᠬᠡᠷᠡᠭᠲᠡᠢ᠃ ᠲᠠᠪᠤᠨ ᠱᠠᠲᠤᠨ᠎ᠤ ᠱᠦᠵᠢ ᠵᠢᠨ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠠᠳᠬᠤᠬᠤ ᠪᠣᠳᠠᠲᠠᠢ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠵᠤ᠂ ᠰᠠᠯᠠᠭ᠎ᠠ ᠮᠥᠴᠢᠷ᠎ᠤᠨ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠤᠭᠰᠠᠨ ᠪᠣᠳᠠᠲᠤ ᠠᠮᠵᠢᠯᠲᠠ ᠵᠢ ᠬᠢᠨᠠᠨ ᠰᠢᠯᠭ᠋ᠠᠬᠤ ᠵᠢ ᠰᠦᠪᠡᠭᠴᠢᠯᠡᠨ ᠥᠷᠨᠢᠭᠦᠯᠵᠦ᠂ ᠠᠶ᠋ᠢᠮᠠᠭ ᠬᠤᠲᠠ ᠵᠢᠨ ᠨᠠᠮ ᠵᠠᠰᠠᠭ᠎ᠤᠨ ᠤᠳᠤᠷᠢᠳᠬᠤ ᠪᠠᠭ ᠪᠣᠯᠣᠨ ᠤᠳᠤᠷᠢᠳᠬᠤ ᠺᠠᠳ᠋ᠷᠴᠤᠳ᠎ᠤᠨ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠤᠭᠰᠠᠨ ᠪᠣᠳᠠᠲᠤ ᠠᠮᠵᠢᠯᠲᠠ ᠵᠢ ᠬᠢᠨᠠᠨ ᠰᠢᠯᠭ᠋ᠠᠬᠤ ᠵᠢ ᠲᠡᠭᠦᠯᠳᠡᠷᠵᠢᠭᠦᠯᠵᠦ᠂ ᠲᠥᠪᠯᠡᠷᠡᠭᠦᠯᠦᠨ ᠬᠤᠭᠤᠴᠠᠭ᠎ᠠ ᠰᠣᠯᠢᠭᠰᠠᠨ᠎ᠤ ᠳᠠᠷᠠᠭ᠋ᠠᠬᠢ ᠡᠯ᠎ᠡ ᠱᠠᠲᠤᠨ᠎ᠤ ᠨᠠᠮ ᠵᠠᠰᠠᠭ᠎ᠤᠨ ᠤᠳᠤᠷᠢᠳᠬᠤ ᠺᠠᠳ᠋ᠷ ᠢᠯᠠᠩᠭᠤᠶ᠎ᠠ 《ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ》᠎ᠤ ᠠᠵᠢᠯ᠎ᠢ ᠬᠤᠪᠢᠳᠠᠨ ᠬᠠᠮᠢᠶᠠᠷᠴᠤ ᠪᠠᠶ᠋ᠢᠭ᠎ᠠ ᠤᠳᠤᠷᠢᠳᠬᠤ ᠺᠠᠳ᠋ᠷᠴᠤᠳ᠎ᠤᠨ ᠪᠣᠯᠪᠠᠰᠤᠷᠠᠭᠤᠯᠤᠯ᠎ᠢ ᠴᠢᠩᠭ᠋ᠠᠳᠬᠠᠵᠤ᠂ ᠨᠠᠮ᠎ᠤᠨ ᠮᠠᠯᠵᠢᠬᠤ ᠲᠠᠷᠢᠶᠠᠯᠠᠬᠤ ᠣᠷᠣᠨ᠎ᠤ ᠠᠵᠢᠯ᠎ᠢ ᠬᠠᠮᠢᠶᠠᠷᠴᠤ ᠪᠠᠶ᠋ᠢᠭ᠎ᠠ ᠤᠯᠤᠰ ᠲᠥᠷᠥ ᠵᠢᠨ ᠳᠠᠪᠠᠭᠤᠯᠢᠭ᠎ᠢ ᠤᠯᠠᠮ ᠨᠢᠭᠡ ᠠᠯᠬᠤᠮ ᠬᠥᠳᠡᠭᠡ ᠲᠣᠰᠬᠤᠨ᠎ᠢ ᠪᠥᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠦᠴᠦᠷᠬᠡᠭ ᠶᠡᠭᠡ ᠬᠦᠳᠡᠯᠭᠡᠬᠦ ᠬᠦᠴᠦᠨ ᠪᠣᠯᠭ᠋ᠠᠨ ᠬᠤᠪᠢᠷᠠᠭᠤᠯᠬᠤ ᠬᠡᠷᠡᠭᠲᠡᠢ᠃ ᠬᠤᠶᠠᠷ᠎ᠲᠤ ᠪᠠᠶ᠋ᠢᠭᠤᠯᠤᠮᠵᠢ ᠵᠢ ᠬᠦᠴᠦᠷᠬᠡᠭᠵᠢᠭᠦᠯᠬᠦ ᠬᠡᠷᠡᠭᠲᠡᠢ᠃ ᠨᠠᠮ᠎ᠤᠨ ᠬᠤᠷᠢᠶ᠎ᠠ ᠵᠢᠨ ᠮᠠᠯᠵᠢᠬᠤ ᠲᠠᠷᠢᠶᠠᠯᠠᠬᠤ ᠣᠷᠣᠨ᠎ᠤ ᠠᠵᠢᠯ᠎ᠤᠨ ᠤᠳᠤᠷᠢᠳᠬᠤ ᠳᠤᠭᠤᠶ᠋ᠢᠯᠠᠩ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠲᠦᠷᠦᠭᠦᠯᠡᠨ ᠶᠡᠷᠦᠩᠬᠡᠶ᠋ᠢᠯᠡᠨ ᠠᠳᠬᠤᠬᠤ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠦᠢ᠍ᠯᠡᠳᠦᠯ᠎ᠢ ᠴᠢᠩᠭ᠋ᠠᠷᠠᠭᠤᠯᠵᠤ᠂ ᠡᠯ᠎ᠡ ᠱᠠᠲᠤᠨ᠎ᠤ ᠨᠠᠮ᠎ᠤᠨ ᠬᠤᠷᠢᠶ᠎ᠠ ᠵᠢᠨ ᠮᠠᠯᠵᠢᠬᠤ ᠲᠠᠷᠢᠶᠠᠯᠠᠬᠤ ᠣᠷᠣᠨ᠎ᠤ ᠠᠯᠪᠠᠨ ᠭᠡᠷ᠎ᠤᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠨ᠂ ᠭᠤᠣᠯᠳᠠᠯᠭ᠎ᠠ᠎ᠲᠠᠢ ᠡᠭᠦᠷᠭᠡ ᠵᠢ ᠬᠤᠪᠢᠶᠠᠷᠢᠯᠠᠨ ᠨᠠᠶ᠋ᠢᠳᠠᠪᠤᠷᠢᠵᠢᠭᠤᠯᠬᠤ ᠪᠠ ᠰᠢᠮᠳᠠᠭᠤᠯᠤᠨ ᠪᠠᠶ᠋ᠢᠴᠠᠭ᠋ᠠᠵᠤ ᠰᠢᠮᠳᠠᠭᠤᠯᠤᠨ ᠭᠦᠢ᠍ᠴᠡᠳᠬᠡᠬᠦ ᠲᠣᠭᠲᠠᠴᠠ ᠵᠢ ᠪᠦᠷᠢᠨᠰᠢᠭᠦᠯᠵᠦ᠂ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠭᠤᠷᠪᠠ᠎ᠳᠤ᠂ ᠴᠡᠭ᠎ᠢ ᠠᠳᠬᠤᠵᠤ ᠨᠡᠶ᠋ᠢᠳᠡᠮ᠎ᠢ ᠳᠠᠶ᠋ᠢᠴᠢᠯᠠᠬᠤ ᠬᠡᠷᠡᠭᠲᠡᠢ᠃ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢᠱ᠌ᠢᠶ᠎ᠡ ᠦᠵᠡᠭᠦᠯᠦᠨ ᠡᠭᠦᠳᠦᠨ ᠪᠠᠶ᠋ᠢᠭᠤᠯᠬᠤ ᠠᠵᠢᠯ᠎ᠢ ᠱᠠᠲᠤ ᠬᠤᠪᠢᠶᠠᠨ ᠥᠷᠨᠢᠭᠦᠯᠵᠦ᠂ 《ᠲᠦᠮᠡᠨ ᠠᠵᠤ ᠠᠬᠤᠶ᠋ᠢᠯᠠᠯ ᠵᠶ᠋ᠠᠷ ᠲᠦᠮᠡᠨ ᠲᠣᠰᠬᠤᠨ᠎ᠢ ᠬᠥᠭᠵᠢᠭᠦᠯᠦᠨ ᠮᠠᠨᠳᠤᠭᠤᠯᠬᠤ》 ᠠᠵᠢᠯᠯᠠᠭ᠎ᠠ ᠵᠢ ᠭᠦᠨᠵᠡᠭᠡᠢ ᠠᠬᠢᠭᠤᠯᠵᠤ᠂ ᠲᠣᠭᠲᠠᠭ᠋ᠠᠯ ᠶᠣᠰᠣᠭ᠋ᠠᠷ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠬᠥᠬᠢᠭᠦᠯᠦᠨ ᠵᠣᠷᠢᠭᠵᠢᠭᠤᠯᠬᠤ ᠳᠦᠷᠢᠮ᠎ᠢ ᠪᠠᠶ᠋ᠢᠭᠤᠯᠵᠤ᠂ ᠪᠦᠬᠦ ᠨᠡᠶ᠋ᠢᠭᠡᠮ ᠵᠶ᠋ᠠᠷ ᠵᠶ᠋ᠠᠨ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠎ᠳᠤ ᠬᠠᠮᠲᠤ᠎ᠪᠠᠷ ᠣᠷᠤᠯᠴᠠᠬᠤ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠤᠢ ᠪᠣᠯᠭ᠋ᠠᠬᠤ ᠬᠡᠷᠡᠭᠲᠡᠢ᠃ ᠨᠦᠭᠦᠭᠡ ᠲᠠᠯ᠎ᠠ᠎ᠪᠠᠷ᠂ ᠲᠦᠷᠦ ᠵᠢᠨ ᠪᠣᠳᠣᠯᠭ᠎ᠠ ᠵᠢᠨ ᠪᠠᠲᠤᠯᠠᠭ᠎ᠠ ᠵᠢᠨ ᠡᠷᠴᠢᠮ ᠪᠠ ᠪᠠᠶ᠋ᠢᠭᠤᠯᠤᠯ ᠲᠣᠭᠲᠠᠴᠠ ᠵᠢᠨ ᠲᠠᠯ᠎ᠠ ᠪᠠ ᠰᠢᠨ᠎ᠡ ᠵᠢ ᠡᠭᠦᠳᠬᠦ ᠪᠡᠯᠡ ᠮᠥᠩᠭᠦ ᠵᠢᠨ ᠣᠷᠣᠭᠤᠯᠤᠯᠲᠠ ᠵᠢᠨ ᠲᠠᠯ᠎ᠠ᠎ᠪᠠᠷ᠂ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ᠎ᠢ ᠦᠷᠭᠦᠯᠵᠢᠯᠡᠨ ᠡᠩ᠎ᠤᠨ ᠣᠯᠠᠨ ᠨᠡᠶ᠋ᠢᠲᠡ ᠵᠢᠨ ᠲᠥᠰᠥᠪ᠎ᠤᠨ ᠤᠷᠢᠳᠠᠪᠠᠷ ᠪᠠᠲᠤᠯᠠᠬᠤ ᠬᠦᠷᠢᠶ᠎ᠡ ᠪᠣᠯᠭ᠋ᠠᠵᠤ᠂ ᠭᠠᠵᠠᠷ ᠰᠢᠷᠣᠢ ᠵᠢ ᠰᠢᠯᠵᠢᠭᠦᠯᠦᠨ ᠥᠭᠭᠦᠭᠰᠡᠨ ᠣᠷᠣᠯᠭ᠎ᠠ ᠵᠢᠨ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ᠎ᠳᠤ ᠬᠡᠷᠡᠭᠯᠡᠬᠦ ᠬᠠᠷᠢᠴᠠᠯ᠎ᠢ ᠲᠣᠭᠲᠠᠭᠤᠨ ᠵᠶ᠋ᠠᠷ ᠳᠡᠭᠡᠭᠰᠢᠯᠡᠭᠦᠯᠦᠨ᠂ ᠵᠢᠭᠡᠯᠡᠯᠭᠡ ᠵᠢᠨ ᠲᠡᠮᠳᠡᠭᠲᠦ ᠪᠠ ᠰᠠᠭᠤᠷᠢ ᠮᠥᠩᠭᠦ ᠵᠢᠨ ᠦᠢ᠍ᠯᠡᠳᠦᠯ᠎ᠢ ᠰᠠᠶ᠋ᠢᠲᠤᠷ ᠪᠠᠳᠠᠷᠠᠭᠤᠯᠵᠤ᠂ ᠣᠷᠣᠭᠤᠯᠤᠯᠲᠠ ᠵᠢᠨ ᠡᠷᠴᠢᠮ᠎ᠢ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠬᠠᠷᠠᠯᠲᠠᠲᠤ ᠡᠭᠦᠷᠭᠡ᠎ᠯᠦᠭᠡ ᠬᠠᠷᠢᠯᠴᠠᠨ ᠵᠣᠬᠢᠴᠠᠭᠤᠯᠬᠤ ᠵᠢ ᠦᠨᠠᠨ ᠬᠦ᠌ ᠪᠠᠲᠤᠯᠠᠬᠤ ᠬᠡᠷᠡᠭᠲᠡᠢ; ᠮᠥᠩᠭᠦᠨ ᠭᠦᠢ᠍ᠯᠭᠡᠭᠡᠨ᠎ᠤ ᠦᠢ᠍ᠯᠡᠴᠢᠯᠡᠭᠡᠨ᠎ᠤ ᠲᠠᠯ᠎ᠠ᠎ᠪᠠᠷ᠂ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠎ᠳᠤ ᠦᠢ᠍ᠯᠡᠴᠢᠯᠡᠬᠦ ᠵᠢ ᠬᠢᠨᠠᠨ ᠰᠢᠯᠭ᠋ᠠᠵᠤ ᠦᠨᠡᠯᠡᠨ ᠵᠢᠱ᠌ᠢᠬᠦ ᠵᠢ ᠥᠷᠨᠢᠭᠦᠯᠵᠦ᠂ ᠢᠲᠡᠭᠡᠮᠵᠢᠲᠦ ᠵᠢᠭᠡᠯᠡᠯᠭᠡ ᠲᠠᠯᠪᠢᠬᠤ ᠡᠷᠴᠢᠮ᠎ᠢ ᠴᠢᠩᠭ᠋ᠠᠷᠠᠭᠤᠯᠵᠤ᠂ ᠠᠯᠠᠰᠢᠨ ᠦᠬᠡᠷ᠂ ᠠᠯᠠᠰᠢᠨ ᠬᠤᠨᠢ᠂ ᠣᠨᠴᠠᠯᠢᠭᠲᠤ ᠰᠦ᠂ ᠲᠡᠮᠡᠭᠡ ᠵᠡᠷᠭᠡ ᠣᠷᠣᠨ ᠨᠤᠲᠤᠭ᠎ᠤᠨ ᠳᠠᠪᠠᠭᠤᠯᠢᠭ ᠣᠨᠴᠠᠯᠢᠭᠲᠤ ᠳᠠᠭ᠋ᠠᠳᠬᠠᠯ᠎ᠤᠨ ᠲᠤᠷᠰᠢᠯᠲᠠ ᠵᠢ ᠥᠷᠨᠢᠭᠦᠯᠦᠨ᠎ᠡ; ᠴᠢᠳᠠᠪᠤᠷᠢᠲᠠᠨ᠎ᠤ ᠡᠩᠨᠡᠭᠡ ᠵᠢᠨ ᠲᠠᠯ᠎ᠠ᠎ᠪᠠᠷ᠂ ᠤᠷᠮᠠᠰᠢᠭᠤᠯᠬᠤ ᠪᠠᠲᠤᠯᠠᠭ᠎ᠠ ᠵᠢᠨ ᠲᠣᠭᠲᠠᠴᠠ ᠵᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠂ ᠡᠷᠡᠭᠦᠯ ᠬᠠᠮᠠᠭ᠋ᠠᠯᠠᠯ᠂ ᠰᠤᠷᠭ᠋ᠠᠨ ᠬᠥᠮᠦᠵᠢᠯ᠂ ᠡᠮ ᠡᠮᠨᠡᠯᠭᠡ ᠵᠡᠷᠭᠡ ᠡᠯ᠎ᠡ ᠲᠦᠷᠦᠯ᠎ᠤᠨ ᠴᠢᠳᠠᠪᠤᠷᠢᠲᠠᠨ᠎ᠤ ᠦᠨᠳᠦᠰᠦᠨ ᠱᠠᠲᠤᠨ᠎ᠳᠤ ᠭᠦᠨᠵᠡᠭᠡᠶ᠋ᠢᠷᠡᠬᠦ᠂ ᠬᠥᠳᠡᠭᠡ ᠲᠣᠰᠬᠤᠨ᠎ᠳᠤ ᠦᠢ᠍ᠯᠡᠴᠢᠯᠡᠬᠦ ᠵᠢ ᠬᠥᠲᠥᠯᠥᠨ ᠵᠢᠯᠤᠭᠤᠳᠴᠤ᠂ ᠣᠷᠣᠨ ᠨᠤᠲᠤᠭ᠎ᠤᠨ ᠴᠢᠳᠠᠪᠤᠷᠢᠲᠠᠨ᠎ᠢ ᠶᠡᠭᠡ᠎ᠪᠠᠷ ᠬᠥᠮᠥᠵᠢᠭᠦᠯᠬᠦ ᠬᠡᠷᠡᠭᠲᠡᠢ; ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠠᠯ᠎ᠠ᠎ᠪᠠᠷ᠂ ᠬᠤᠶᠠᠳᠤᠭ᠋ᠠᠷ ᠡᠭᠡᠯᠵᠢ ᠵᠢᠨ ᠭᠠᠵᠠᠷ ᠰᠢᠷᠣᠢ ᠵᠢᠨ ᠳᠠᠭ᠋ᠠᠭ᠋ᠠᠴᠢᠯᠠᠯᠲᠠ ᠵᠢᠨ ᠬᠤᠭᠤᠴᠠᠭ᠎ᠠ ᠲᠤᠯᠤᠭᠰᠠᠨ᠎ᠤ ᠳᠠᠷᠠᠭ᠎ᠠ ᠳᠠᠬᠢᠨ 30 ᠵᠢᠯ ᠤᠷᠲᠤᠳᠬᠠᠬᠤ ᠲᠤᠷᠰᠢᠯᠲᠠ᠂ ᠮᠠᠯᠵᠢᠬᠤ ᠲᠠᠷᠢᠶᠠᠯᠠᠬᠤ ᠣᠷᠣᠨ᠎ᠤ ᠬᠠᠮᠲᠤ ᠵᠢᠨ ᠥᠮᠴᠢᠯᠡᠯ᠎ᠤᠨ ᠡᠷᠬᠡ ᠵᠢᠨ ᠳᠦᠷᠢᠮ᠎ᠤᠨ ᠥᠭᠡᠷᠡᠴᠢᠯᠡᠯᠲᠡ᠂ ᠣᠷᠣᠨ ᠰᠠᠭᠤᠴᠠ ᠵᠢᠨ ᠰᠠᠭᠤᠷᠢ ᠭᠠᠵᠠᠷ᠎ᠤᠨ ᠥᠭᠡᠷᠡᠴᠢᠯᠡᠯᠲᠡ ᠵᠡᠷᠭᠡ ᠡᠯ᠎ᠡ ᠲᠥᠷᠥᠯ᠎ᠤᠨ ᠭᠤᠣᠯᠳᠠᠯᠭ᠎ᠠ᠎ᠲᠠᠢ ᠥᠭᠡᠷᠡᠴᠢᠯᠡᠯᠲᠡ ᠵᠢᠨ ᠡᠭᠦᠷᠭᠡ ᠵᠢ ᠯᠠᠪᠳᠠᠭᠤᠨ ᠪᠠᠲᠤᠲᠠᠢ ᠰᠠᠶ᠋ᠢᠲᠤᠷ ᠬᠢᠵᠦ᠂ ᠮᠠᠯᠵᠢᠬᠤ ᠲᠠᠷᠢᠶᠠᠯᠠᠬᠤ ᠣᠷᠣᠨ᠎ᠤ ᠬᠥᠭᠵᠢᠯᠲᠡ ᠵᠢᠨ ᠠᠮᠢᠵᠢᠷᠠᠯ᠎ᠤᠨ ᠬᠦᠴᠦᠨ᠎ᠢ ᠬᠥᠭᠵᠢᠭᠡᠬᠦ ᠬᠡᠷᠡᠭᠲᠡᠢ᠃