ᠵᠡᠭᠦᠨ ᠬᠤᠶ᠋ᠢᠲᠤ ᠣᠷᠣᠨ᠎ᠤ ᠬᠠᠷ᠎ᠠ ᠬᠥᠷᠥᠰᠥᠲᠦ ᠭᠠᠵᠠᠷ᠎ᠤᠨ ᠬᠠᠮᠠᠭ᠋ᠠᠯᠠᠯᠲᠠ ᠵᠢᠨ ᠴᠢᠨᠠᠷᠲᠠᠢ ᠲᠠᠷᠢᠶᠠᠯᠠᠭ᠎ᠠ ᠵᠢᠨ ᠠᠵᠢᠯᠯᠠᠭ᠎ᠠ ᠵᠢᠨ ᠲᠥᠯᠥᠪᠯᠡᠭᠡ ᠵᠢ ᠵᠢᠷᠤᠮᠵᠢᠭᠤᠨ ᠪᠥᠭᠡᠳ ᠥᠨᠳᠥᠷ ᠪᠦᠲᠦᠮᠵᠢᠲᠡᠶ ᠬᠡᠷᠡᠭᠵᠢᠭᠦᠯᠬᠦ ᠵᠢ ᠠᠬᠢᠭᠤᠯᠬᠤ ᠵᠢᠨ ᠲᠤᠰᠠᠳᠠ᠂ 5 ᠳ᠋ᠤᠭ᠋ᠠᠷ ᠰᠠᠷ᠎ᠠ ᠵᠢᠨ 25᠎ᠤ ᠡᠳᠦᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠲᠢᠩᠬᠢᠮ ᠡᠳ᠋᠎ᠤᠨ ᠵᠠᠰᠠᠭ᠎ᠤᠨ ᠲᠢᠩᠬᠢᠮ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 2022 ᠣᠨ᠎ᠤ ᠬᠠᠷ᠎ᠠ ᠬᠥᠷᠥᠰᠥᠲᠦ ᠭᠠᠵᠠᠷ᠎ᠤᠨ ᠬᠠᠮᠠᠭ᠋ᠠᠯᠠᠯᠲᠠ ᠵᠢᠨ ᠴᠢᠨᠠᠷᠲᠠᠢ ᠲᠠᠷᠢᠶᠠᠯᠠᠭ᠎ᠠ ᠵᠢ ᠠᠬᠢᠭᠤᠯᠬᠤ ᠠᠵᠢᠯᠯᠠᠭ᠎ᠠ ᠵᠢᠨ ᠬᠡᠷᠡᠭᠵᠢᠭᠦᠯᠬᠦ ᠲᠥᠰᠥᠯ》 (ᠳᠣᠷᠣᠭᠰᠢ 《ᠬᠡᠷᠡᠭᠵᠢᠭᠦᠯᠬᠦ ᠲᠥᠰᠥᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠪᠠ᠃
ᠵᠡᠭᠦᠨ ᠬᠡᠰᠡᠭ᠎ᠤᠨ ᠳᠥᠷᠪᠡᠨ ᠠᠶ᠋ᠢᠮᠠᠭ ᠬᠤᠲᠠ᠂ ᠬᠡᠷᠡᠭᠵᠢᠭᠦᠯᠬᠦ ᠬᠤᠰᠢᠭᠤ ᠰᠢᠶᠠᠨ᠎ᠤ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠭᠦᠨᠵᠡᠭᠡᠢ ᠣᠶ᠋ᠢᠯᠠᠭ᠋ᠠᠬᠤ᠎ᠳᠤ ᠳᠥᠭᠦᠮ ᠦᠵᠡᠭᠦᠯᠵᠦ᠂ ᠬᠠᠷ᠎ᠠ ᠬᠥᠷᠥᠰᠥᠲᠦ ᠭᠠᠵᠠᠷ᠎ᠤᠨ ᠬᠠᠮᠠᠭ᠋ᠠᠯᠠᠯᠲᠠ ᠵᠢᠨ ᠴᠢᠨᠠᠷᠲᠠᠢ ᠲᠠᠷᠢᠶᠠᠯᠠᠭ᠎ᠠ ᠵᠢ ᠡᠮᠬᠢ ᠵᠢᠷᠤᠮ᠎ᠲᠠᠢ ᠥᠷᠨᠢᠭᠦᠯᠬᠦ ᠵᠢ ᠵᠢᠯᠤᠭᠤᠳᠬᠤ ᠵᠢᠨ ᠲᠤᠰᠠᠳᠠ᠂ ᠡᠳᠦᠭᠡ ᠬᠠᠮᠢᠶ᠎ᠠ ᠪᠦᠬᠦᠢ ᠠᠭᠤᠯᠭ᠎ᠠ ᠵᠢ ᠳᠣᠣᠷᠠᠬᠢ ᠮᠡᠲᠦ ᠲᠠᠶ᠋ᠢᠯᠪᠤᠷᠢᠯᠠᠪᠠ᠄
ᠨᠢᠭᠡ᠂ ᠨᠣᠣᠷᠠᠭᠯᠠᠭᠰᠠᠨ ᠠᠬᠤᠢ ᠪᠠᠶ᠋ᠢᠳᠠᠯ
《ᠵᠡᠭᠦᠨ ᠬᠤᠶ᠋ᠢᠲᠤ ᠵᠢᠨ ᠬᠠᠷ᠎ᠠ ᠬᠥᠷᠥᠰᠥᠲᠦ ᠭᠠᠵᠠᠷ᠎ᠤᠨ ᠬᠠᠮᠠᠭ᠋ᠠᠯᠠᠯᠲᠠ ᠵᠢᠨ ᠴᠢᠨᠠᠷᠲᠠᠢ ᠲᠠᠷᠢᠶᠠᠯᠠᠭ᠎ᠠ ᠵᠢᠨ ᠠᠵᠢᠯᠯᠠᠭ᠎ᠠ ᠵᠢᠨ ᠲᠥᠯᠥᠪᠯᠡᠭᠡ (2020 — 2025 ᠣᠨ)》 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠠᠷ᠎ᠠ ᠬᠥᠷᠥᠰᠥᠲᠦ ᠭᠠᠵᠠᠷ᠎ᠤᠨ ᠬᠠᠮᠠᠭ᠋ᠠᠯᠠᠯᠲᠠ ᠵᠢᠨ ᠴᠢᠨᠠᠷᠲᠠᠢ ᠲᠠᠷᠢᠶᠠᠯᠠᠭ᠎ᠠ ᠵᠢ ᠠᠬᠢᠭᠤᠯᠬᠤ ᠠᠵᠢᠯᠯᠠᠭ᠎ᠠ ᠵᠢᠨ ᠲᠥᠰᠥᠯ (2020 — 2025 ᠣᠨ)》 《ᠲᠠᠷᠢᠶᠠᠯᠠᠩ ᠬᠥᠳᠡᠭᠡ ᠲᠣᠰᠬᠤᠨ᠎ᠤ ᠶᠠᠮᠤᠨ᠎ᠤ ᠲᠠᠷᠢᠶᠠᠯᠠᠩ᠎ᠤᠨ ᠮᠠᠰᠢᠨᠴᠢᠯᠠᠯᠲᠠ ᠵᠢᠨ ᠬᠠᠮᠢᠶᠠᠷᠤᠯᠲᠠ ᠵᠢᠨ ᠵᠤᠷᠭ᠋ᠠᠨ ᠲᠥᠯᠥᠪᠯᠡᠭᠡ ᠡᠳ᠋᠎ᠤᠨ ᠶᠠᠪᠤᠳᠠᠯ᠎ᠤᠨ ᠵᠤᠷᠭ᠋ᠠᠨ ᠡᠳ᠋᠎ᠤᠨ ᠵᠠᠰᠠᠭ᠎ᠤᠨ ᠶᠠᠮᠤᠨ᠎ᠤ ᠲᠠᠷᠢᠶᠠᠯᠠᠩ ᠬᠥᠳᠡᠭᠡ ᠲᠣᠰᠬᠤᠨ᠎ᠤ ᠵᠤᠷᠭ᠋ᠠᠨ᠎ᠤ 2022 ᠣᠨ᠎ᠤ ᠵᠡᠭᠦᠨ ᠬᠤᠶ᠋ᠢᠲᠤ ᠵᠢᠨ ᠬᠠᠷ᠎ᠠ ᠬᠥᠷᠥᠰᠥᠲᠦ ᠭᠠᠵᠠᠷ᠎ᠤᠨ ᠬᠠᠮᠠᠭ᠋ᠠᠯᠠᠯᠲᠠ ᠵᠢᠨ ᠴᠢᠨᠠᠷᠲᠠᠢ ᠲᠠᠷᠢᠶᠠᠯᠠᠭ᠎ᠠ ᠵᠢᠨ ᠠᠵᠢᠯᠯᠠᠭ᠎ᠠ ᠵᠢᠨ ᠲᠥᠯᠥᠪᠯᠡᠭᠡ ᠵᠢ ᠬᠡᠷᠡᠭᠵᠢᠭᠦᠯᠬᠦ ᠠᠵᠢᠯ᠎ᠢ ᠰᠠᠶ᠋ᠢᠲᠤᠷ ᠬᠢᠬᠦ ᠲᠤᠬᠠᠢ ᠮᠡᠳᠡᠭᠳᠡᠯ》᠎ᠤᠨ ᠱᠠᠭ᠋ᠠᠷᠳᠠᠯᠭ᠎ᠠ ᠶᠣᠰᠣᠭ᠋ᠠᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠲᠢᠩᠬᠢᠮ ᠬᠠᠮᠢᠶ᠎ᠠ ᠪᠦᠬᠦᠢ ᠨᠢᠭᠡᠴᠢ ᠪᠠ ᠬᠠᠷ᠎ᠠ ᠬᠥᠷᠥᠰᠥᠲᠦ ᠭᠠᠵᠠᠷ᠎ᠤᠨ ᠬᠠᠮᠠᠭ᠋ᠠᠯᠠᠯᠲᠠ ᠵᠢᠨ ᠴᠢᠨᠠᠷᠲᠠᠢ ᠲᠠᠷᠢᠶᠠᠯᠠᠭ᠎ᠠ ᠵᠢᠨ ᠲᠤᠰᠬᠠᠢ ᠮᠡᠷᠭᠡᠵᠢᠯᠲᠡᠨ᠎ᠤ ᠳᠤᠭᠤᠶ᠋ᠢᠯᠠᠩ᠎ᠢ ᠵᠣᠬᠢᠶᠠᠨ ᠪᠠᠶ᠋ᠢᠭᠤᠯᠤᠨ 《ᠬᠡᠷᠡᠭᠵᠢᠭᠦᠯᠬᠦ ᠲᠥᠰᠥᠯ》᠎ᠢ ᠲᠤᠭᠤᠷᠪᠢᠬᠤ ᠠᠵᠢᠯ᠎ᠢ ᠥᠷᠨᠢᠭᠦᠯᠪᠡ᠃ 《ᠬᠡᠷᠡᠭᠵᠢᠭᠦᠯᠬᠦ ᠲᠥᠰᠥᠯ》᠎ᠢ ᠣᠶ᠋ᠢᠷ᠎ᠠ ᠵᠢᠨ ᠵᠢᠯ᠎ᠤᠨ ᠲᠤᠷᠰᠢᠬᠢ ᠠᠵᠢᠯ ᠵᠶ᠋ᠠᠨ ᠥᠷᠨᠢᠭᠦᠯᠦᠭᠰᠡᠨ ᠪᠣᠳᠠᠲᠠᠢ᠎ᠲᠠᠢ ᠤᠶᠠᠯᠳᠤᠭᠤᠯᠤᠨ᠂ ᠰᠠᠨᠠᠯ ᠬᠤᠷᠢᠶᠠᠬᠤ᠂ ᠲᠤᠰᠬᠠᠢ ᠮᠡᠷᠭᠡᠵᠢᠯᠲᠡᠨ ᠵᠶ᠋ᠠᠷ ᠨᠤᠲᠠᠯᠠᠭᠤᠯᠬᠤ᠎ᠪᠠᠷ ᠳᠡᠮᠵᠢᠨ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠲᠠᠢ ᠬᠤᠯᠪᠣᠭ᠋ᠠᠯᠠᠨ ᠳᠠᠷᠤᠮᠠᠯᠯᠠᠨ ᠲᠠᠷᠬᠠᠭ᠋ᠠᠵᠤ ᠬᠡᠷᠡᠭᠵᠢᠭᠦᠯᠦᠨ᠎ᠡ᠃
ᠬᠤᠶᠠᠷ᠂ ᠭᠤᠣᠯ ᠪᠣᠯᠬᠤ ᠪᠣᠷᠣ ᠲᠥᠰᠥᠪ
《ᠬᠡᠷᠡᠭᠵᠢᠭᠦᠯᠬᠦ ᠲᠥᠰᠥᠯ》᠎ᠳᠤ 《ᠬᠡᠪᠴᠢᠶ᠎ᠡ ᠵᠢ ᠲᠣᠭᠲᠠᠭᠤᠨ ᠵᠶ᠋ᠠᠷ ᠥᠷᠭᠡᠳᠬᠡᠵᠦ᠂ ᠶᠠᠰᠤ ᠴᠢᠨᠠᠷ᠎ᠢ ᠲᠡᠷᠢᠭᠦᠨ᠎ᠳᠤ ᠲᠠᠯᠪᠢᠬᠤ》 ᠵᠠᠷᠴᠢᠮ᠎ᠢ ᠪᠠᠷᠢᠮᠲᠠᠯᠠᠨ᠂ ᠬᠠᠮᠠᠭ᠋ᠠᠯᠠᠯᠲᠠ ᠵᠢᠨ ᠴᠢᠨᠠᠷᠲᠠᠢ ᠲᠠᠷᠢᠶᠠᠯᠠᠭ᠎ᠠ ᠵᠢ 《ᠢᠯᠡᠭᠦᠦ ᠪᠦᠷᠬᠦᠭᠦᠯᠵᠦ᠂ ᠳᠤᠲᠠᠭᠤ ᠰᠢᠷᠣᠢ ᠬᠥᠳᠡᠯᠭᠡᠬᠦ》 ᠭᠤᠣᠯᠯᠠᠬᠤ ᠮᠡᠷᠭᠡᠵᠢᠯ᠎ᠤᠨ ᠱᠠᠭ᠋ᠠᠷᠳᠠᠯᠭ᠎ᠠ ᠵᠢ ᠪᠠᠲᠤ ᠡᠵᠡᠮᠳᠡᠵᠦ᠂ 《ᠨᠢᠭᠡ ᠡᠭᠦᠷᠭᠡ ᠬᠠᠷᠠᠯᠲᠠ》 《ᠭᠤᠷᠪᠠᠨ ᠭᠤᠣᠯᠳᠠᠯᠭ᠎ᠠ᠎ᠲᠠᠢ ᠪᠦᠲᠦᠭᠡᠨ ᠪᠠᠶ᠋ᠢᠭᠤᠯᠤᠯᠲᠠ ᠵᠢᠨ ᠠᠭᠤᠯᠭ᠎ᠠ》 ᠵᠢ ᠴᠢᠬᠤᠯᠠᠴᠢᠯᠠᠪᠠ᠃ ᠪᠣᠳᠠᠲᠠᠢ᠎ᠪᠠᠷ ᠬᠡᠯᠡᠪᠡᠯ ᠶᠡᠷᠦᠩᠬᠡᠢ ᠱᠠᠭ᠋ᠠᠷᠳᠠᠯᠭ᠎ᠠ᠂ ᠬᠠᠷᠠᠯᠲᠠ ᠡᠭᠦᠷᠭᠡ᠂ ᠮᠡᠷᠭᠡᠵᠢᠯ᠎ᠤᠨ ᠵᠠᠭᠪᠤᠷ ᠵᠢᠴᠢ ᠤᠷ᠎ᠠ ᠮᠡᠷᠭᠡᠰᠢᠯ᠎ᠢ ᠰᠢᠢ᠍ᠳᠪᠦᠷᠢᠯᠡᠬᠦ ᠱᠠᠭ᠋ᠠᠷᠳᠠᠯᠭ᠎ᠠ᠂ ᠨᠥᠬᠦᠪᠦᠷᠢ ᠪᠡᠯᠡ ᠮᠥᠩᠭᠦ ᠵᠢᠨ ᠬᠡᠷᠡᠭᠴᠡᠭᠡ᠂ ᠨᠥᠬᠦᠪᠦᠷᠢ ᠣᠯᠭᠤᠬᠤ ᠪᠠᠷᠢᠮᠵᠢᠶ᠎ᠠ ᠵᠢᠴᠢ ᠨᠥᠬᠦᠪᠦᠷᠢ ᠣᠯᠭᠤᠬᠤ ᠡᠲᠡᠭᠡᠳ᠂ ᠠᠵᠢᠯ᠎ᠤᠨ ᠲᠠᠰ ᠳᠠᠷᠠᠭ᠋ᠠᠯᠠᠯ᠂ ᠠᠬᠢᠴᠠ ᠵᠢᠨ ᠱᠠᠭ᠋ᠠᠷᠳᠠᠯᠭ᠎ᠠ᠂ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠡᠷᠭᠡ 8 ᠠᠭᠤᠯᠭ᠎ᠠ ᠵᠢ ᠨᠠᠷᠢᠯᠢᠭᠵᠢᠭᠤᠯᠤᠨ ᠲᠣᠬᠢᠷᠠᠭᠤᠯᠪᠠ᠃
ᠭᠤᠷᠪᠠ᠂ ᠭᠤᠣᠯᠳᠠᠯᠭ᠎ᠠ᠎ᠲᠠᠢ ᠠᠭᠤᠯᠭ᠎ᠠ ᠵᠢᠨ ᠲᠠᠶ᠋ᠢᠯᠤᠮᠵᠢ
(ᠨᠢᠭᠡ) ᠡᠭᠦᠷᠭᠡ ᠬᠠᠷᠠᠯᠲᠠ᠃ 2022 ᠣᠨ᠎ᠳᠤ ᠮᠠᠨ᠎ᠤ ᠣᠷᠣᠨ ᠬᠥᠯᠥᠨ ᠪᠤᠶ᠋ᠢᠷ ᠬᠤᠲᠠ᠂ ᠬᠢᠩᠭ᠋ᠠᠨ ᠠᠶ᠋ᠢᠮᠠᠭ᠂ ᠲᠦᠩᠯᠢᠶᠣᠣ ᠬᠤᠲᠠ᠂ ᠤᠯᠠᠭ᠋ᠠᠨᠬᠠᠳᠠ ᠬᠤᠲᠠ᠎ᠳᠤ ᠬᠠᠮᠠᠭ᠋ᠠᠯᠠᠯᠲᠠ ᠵᠢᠨ ᠴᠢᠨᠠᠷᠲᠠᠢ ᠲᠠᠷᠢᠶᠠᠯᠠᠭ᠎ᠠ ᠵᠢ 1350 ᠲᠦᠮᠡᠨ ᠮᠦ᠍ ᠬᠡᠷᠡᠭᠵᠢᠭᠦᠯᠵᠦ᠂ 9 ᠰᠢᠶᠠᠨ᠎ᠤ ᠪᠦᠲᠦᠭᠡᠨ ᠪᠠᠶ᠋ᠢᠭᠤᠯᠤᠯᠲᠠ ᠵᠢ ᠪᠦᠬᠦᠯᠢ ᠴᠣᠭᠴᠠ᠎ᠪᠠᠷ ᠠᠬᠢᠭᠤᠯᠵᠤ᠂ 31 ᠰᠢᠶᠠᠨ᠎ᠤ ᠱᠠᠲᠤ᠂ 87 ᠰᠢᠶᠠᠩ᠎ᠤᠨ ᠱᠠᠲᠤ ᠪᠠ 18 ᠲᠣᠰᠬᠤᠨ᠎ᠤ ᠱᠠᠲᠤ ᠵᠢᠨ ᠥᠨᠳᠥᠷ ᠪᠠᠷᠢᠮᠵᠢᠶᠠᠲᠤ ᠬᠠᠮᠠᠭ᠋ᠠᠯᠠᠯᠲᠠ ᠵᠢᠨ ᠴᠢᠨᠠᠷᠲᠠᠢ ᠲᠠᠷᠢᠶᠠᠯᠠᠭ᠎ᠠ ᠵᠢᠨ ᠬᠡᠷᠡᠭᠯᠡᠭᠡᠨ᠎ᠤ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠵᠤ᠂ ᠬᠠᠮᠠᠭ᠋ᠠᠯᠠᠯᠲᠠ ᠵᠢᠨ ᠴᠢᠨᠠᠷᠲᠠᠢ ᠲᠠᠷᠢᠶᠠᠯᠠᠭ᠎ᠠ ᠵᠢ ᠬᠡᠷᠡᠭᠵᠢᠭᠦᠯᠦᠭᠰᠡᠨ ᠦᠷ᠎ᠡ ᠪᠦᠲᠦᠮᠵᠢ ᠵᠢ ᠬᠢᠨᠠᠨ ᠰᠢᠨᠵᠢᠯᠡᠬᠦ 20 ᠴᠡᠭ᠎ᠢ ᠪᠠᠬᠢᠵᠢᠭᠦᠯᠦᠨ ᠳᠡᠭᠡᠭᠰᠢᠯᠡᠭᠦᠯᠦᠨ᠎ᠡ᠃
(ᠬᠤᠶᠠᠷ) ᠭᠤᠣᠯᠳᠠᠯᠭ᠎ᠠ᠎ᠲᠠᠢ ᠪᠦᠲᠦᠭᠡᠨ ᠪᠠᠶ᠋ᠢᠭᠤᠯᠤᠯᠲᠠ ᠵᠢᠨ ᠠᠭᠤᠯᠭ᠎ᠠ᠃ ᠨᠢᠭᠡ᠎ᠳᠤ᠂ ᠬᠠᠮᠠᠭ᠋ᠠᠯᠠᠯᠲᠠ ᠵᠢᠨ ᠴᠢᠨᠠᠷᠲᠠᠢ ᠲᠠᠷᠢᠶᠠᠯᠠᠭ᠎ᠠ ᠵᠢ ᠠᠬᠢᠭᠤᠯᠵᠤ ᠰᠢᠶᠠᠨ᠎ᠤ ᠪᠦᠲᠦᠭᠡᠨ ᠪᠠᠶ᠋ᠢᠭᠤᠯᠤᠯᠲᠠ ᠵᠢ ᠪᠦᠬᠦᠯᠢ ᠴᠣᠭᠴᠠ᠎ᠪᠠᠷ ᠠᠬᠢᠭᠤᠯᠵᠤ᠂ ᠭᠤᠷᠪᠠᠨ ᠵᠢᠯ ᠳᠠᠷᠠᠭ᠋ᠠᠯᠠᠨ ᠬᠡᠷᠡᠭᠵᠢᠭᠦᠯᠬᠦ᠎ᠪᠠᠷ ᠳᠠᠮᠵᠢᠨ᠂ ᠰᠢᠶᠠᠨ᠎ᠤ ᠬᠠᠮᠠᠭ᠋ᠠᠯᠠᠯᠲᠠ ᠵᠢᠨ ᠴᠢᠨᠠᠷᠲᠠᠢ ᠲᠠᠷᠢᠶᠠᠯᠠᠭ᠎ᠠ ᠵᠢ ᠬᠡᠷᠡᠭᠵᠢᠭᠦᠯᠬᠦ ᠲᠠᠯᠠᠪᠠᠢ ᠵᠢ ᠪᠦᠬᠦᠯᠢ ᠴᠣᠭᠴᠠ᠎ᠪᠠᠷ ᠠᠬᠢᠭᠤᠯᠬᠤ᠎ᠳᠤ ᠵᠠᠷᠴᠢᠮ ᠳᠡᠭᠡᠷ᠎ᠡ᠎ᠪᠠᠨ ᠲᠤᠰ ᠰᠢᠶᠠᠨ᠎ᠤ ᠲᠠᠷᠢᠶᠠᠯᠠᠬᠤ᠎ᠳᠤ ᠲᠣᠬᠢᠷᠠᠮᠵᠢᠲᠠᠢ ᠲᠠᠯᠠᠪᠠᠢ ᠵᠢᠨ 50%᠎ᠠᠴᠠ ᠳᠠᠪᠠᠭᠤᠯᠵᠤ᠂ ᠮᠡᠷᠭᠡᠵᠢᠯ᠎ᠢ ᠪᠣᠳᠠᠲᠠᠶ᠋ᠢᠵᠢᠭᠤᠯᠬᠤ᠂ ᠠᠵᠢᠯᠯᠠᠭ᠋ᠠᠨ᠎ᠢ ᠦᠷᠭᠦᠯᠵᠢᠯᠡᠭᠦᠯᠬᠦ ᠤᠷᠳᠤ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠴᠢᠷᠮᠠᠶ᠋ᠢᠨ ᠪᠤᠢ ᠪᠣᠯᠭ᠋ᠠᠨ᠎ᠠ᠃ ᠬᠤᠶᠠᠷ᠎ᠲᠤ᠂ ᠥᠨᠳᠥᠷ ᠪᠠᠷᠢᠮᠵᠢᠶᠠᠲᠤ ᠬᠠᠮᠠᠭ᠋ᠠᠯᠠᠯᠲᠠ ᠵᠢᠨ ᠴᠢᠨᠠᠷᠲᠠᠢ ᠲᠠᠷᠢᠶᠠᠯᠠᠭ᠎ᠠ ᠵᠢᠨ ᠬᠡᠷᠡᠭᠯᠡᠭᠡᠨ᠎ᠤ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠵᠤ᠂ ᠲᠥᠷᠥ ᠵᠢᠨ ᠪᠣᠳᠣᠯᠭ᠎ᠠ ᠵᠢᠨ ᠪᠡᠯᠡ ᠮᠥᠩᠭᠦ᠂ ᠮᠡᠷᠭᠡᠵᠢᠯ᠎ᠤᠨ ᠬᠦᠴᠦᠨ᠎ᠢ ᠬᠥᠲᠥᠯᠥᠨ ᠵᠢᠯᠤᠭᠤᠳᠴᠤ ᠪᠠᠶ᠋ᠢᠭ᠋ᠠᠳ ᠥᠨᠳᠥᠷ ᠪᠠᠷᠢᠮᠵᠢᠶᠠᠲᠤ ᠬᠡᠷᠡᠭᠯᠡᠭᠡᠨ᠎ᠤ ᠰᠠᠭᠤᠷᠢᠨ ᠭᠠᠵᠠᠷ ᠲᠡᠶ᠋ᠢᠰᠢ ᠬᠡᠯᠪᠡᠶ᠋ᠢᠯᠭᠡᠵᠦ᠂ ᠮᠡᠷᠭᠡᠵᠢᠯ᠎ᠤᠨ ᠬᠡᠷᠡᠭᠯᠡᠭᠡᠨ᠎ᠤ ᠪᠠᠷᠢᠮᠵᠢᠶ᠎ᠠ ᠵᠢ ᠴᠢᠩᠳᠠᠯᠠᠵᠤ᠂ ᠭᠤᠣᠯᠳᠠᠯᠭ᠎ᠠ᠎ᠲᠠᠢ ᠥᠨᠳᠥᠷ ᠪᠠᠷᠢᠮᠵᠢᠶᠠᠲᠤ ᠰᠠᠭᠤᠷᠢᠨ ᠭᠠᠵᠠᠷ᠎ᠢ ᠲᠠᠷᠢᠶᠠᠯᠠᠩ᠎ᠤᠨ ᠮᠠᠰᠢᠨ ᠪᠠ ᠲᠠᠷᠢᠶᠠᠯᠠᠩ᠎ᠤᠨ ᠤᠷ᠎ᠠ ᠮᠡᠷᠭᠡᠰᠢᠯ᠎ᠢ ᠭᠦᠨᠵᠡᠭᠡᠢ ᠠᠭᠤᠰᠤᠯᠴᠠᠭᠤᠯᠤᠭᠰᠠᠨ᠂ ᠬᠠᠮᠠᠭ᠋ᠠᠯᠠᠯᠲᠠ ᠵᠢᠨ ᠴᠢᠨᠠᠷᠲᠠᠢ ᠲᠠᠷᠢᠶᠠᠯᠠᠭ᠎ᠠ ᠵᠢᠨ ᠢᠵᠢ ᠪᠦᠷᠢᠳᠦᠭᠦᠯᠬᠦ ᠮᠡᠷᠭᠡᠵᠢᠯ᠎ᠢ ᠪᠠᠷᠢᠮᠵᠢᠶᠠᠵᠢᠭᠤᠯᠤᠨ᠂ ᠵᠢᠷᠤᠮᠵᠢᠭᠤᠯᠤᠭᠰᠠᠨ᠂ ᠣᠷᠣᠨ ᠪᠦᠰᠡ ᠵᠢᠨ ᠣᠨᠴᠠᠯᠢᠭ ᠵᠶ᠋ᠠᠷ ᠢᠯᠡ ᠲᠣᠳᠣ᠂ ᠳᠠᠶ᠋ᠢᠴᠢᠯᠠᠬᠤ ᠬᠦᠴᠦᠨ ᠵᠶ᠋ᠠᠷ ᠴᠢᠩᠭ᠎ᠠ ᠳᠠᠭᠤᠷᠢᠶᠠᠯ ᠪᠣᠯᠭ᠋ᠠᠨ᠎ᠠ᠃ ᠭᠤᠷᠪᠠ᠎ᠳᠤ᠂ ᠬᠡᠷᠡᠭᠵᠢᠭᠦᠯᠦᠭᠰᠡᠨ ᠦᠷ᠎ᠡ ᠪᠦᠲᠦᠮᠵᠢ ᠵᠢᠨ ᠬᠢᠨᠠᠨ ᠰᠢᠨᠵᠢᠯᠡᠯᠲᠡ ᠵᠢ ᠥᠷᠨᠢᠭᠦᠯᠦᠨ᠎ᠡ᠃ ᠠᠳᠠᠯᠢ ᠪᠤᠰᠤ ᠲᠠᠷᠢᠮᠠᠯ᠂ ᠠᠳᠠᠯᠢ ᠪᠤᠰᠤ ᠮᠡᠷᠭᠡᠵᠢᠯ᠎ᠤᠨ ᠵᠠᠭᠪᠤᠷ ᠵᠢᠴᠢ ᠣᠷᠣᠨ ᠪᠦᠰᠡ ᠵᠢᠨ ᠣᠨᠴᠠᠯᠢᠭ᠎ᠢ ᠦᠨᠳᠦᠰᠦᠯᠡᠨ᠂ 20 ᠣᠷᠳᠣ ᠬᠤᠭᠤᠴᠠᠭ᠋ᠠᠨ᠎ᠤ ᠬᠢᠨᠠᠨ ᠰᠢᠨᠵᠢᠯᠡᠬᠦ ᠴᠡᠭ᠎ᠲᠤ ᠲᠠᠷᠢᠶᠠᠨ ᠭᠠᠵᠠᠷ᠎ᠤᠨ ᠬᠥᠷᠥᠰᠥ ᠰᠢᠷᠣᠢ ᠵᠢᠨ ᠹᠢᠽᠢᠺ ᠬᠢᠮᠢ ᠵᠢᠨ ᠣᠨᠴᠠᠯᠢᠭ᠂ ᠠᠮᠢᠳᠤ ᠪᠣᠳᠠᠰ᠎ᠤᠨ ᠰᠤᠳᠤᠯᠤᠯ᠎ᠤᠨ ᠰᠢᠨᠵᠢ ᠪᠠᠶ᠋ᠢᠳᠠᠯ᠂ ᠦᠢ᠍ᠯᠡᠳᠪᠦᠷᠢᠯᠡᠯ᠎ᠤᠨ ᠥᠪᠡᠷ᠎ᠤᠨ ᠥᠷᠲᠡᠭ᠂ ᠲᠠᠷᠢᠮᠠᠯ᠎ᠤᠨ ᠤᠨᠠᠯᠲᠠ ᠵᠢᠨ ᠬᠤᠪᠢᠷᠠᠯᠲᠠ᠂ ᠡᠪᠡᠰᠦ ᠬᠤᠷᠣᠬᠠᠢ ᠵᠢᠨ ᠬᠥᠨᠥᠭᠡᠯ᠎ᠤᠨ ᠬᠤᠪᠢᠷᠠᠯᠲᠠ ᠪᠠ ᠮᠠᠰᠢᠨ ᠪᠠᠭ᠋ᠠᠵᠢ ᠲᠣᠨᠣᠭᠯᠠᠯ᠎ᠤᠨ ᠬᠡᠷᠡᠭᠯᠡᠭᠡᠨ᠎ᠤ ᠴᠢᠨᠠᠷ ᠵᠡᠷᠭᠡ ᠪᠠᠶ᠋ᠢᠳᠠᠯ᠎ᠢ ᠬᠢᠨᠠᠨ ᠰᠢᠨᠵᠢᠯᠡᠬᠦ ᠵᠢ ᠭᠤᠣᠯᠳᠠᠯᠭ᠎ᠠ᠎ᠲᠠᠢ ᠥᠷᠨᠢᠭᠦᠯᠦᠨ᠎ᠡ᠃
(ᠭᠤᠷᠪᠠ) ᠭᠤᠣᠯᠴᠢᠯᠠᠨ ᠠᠬᠢᠭᠤᠯᠬᠤ ᠮᠡᠷᠭᠡᠵᠢᠯ᠎ᠤᠨ ᠵᠠᠭᠪᠤᠷ᠃ 2022 ᠣᠨ᠎ᠳᠤ᠂ ᠡᠰᠢ ᠰᠦᠷᠡᠯ᠎ᠤᠨ ᠭᠠᠵᠠᠷ᠎ᠤᠨ ᠭᠠᠳᠠᠷᠭᠤ ᠵᠢ ᠪᠦᠷᠬᠦᠭᠰᠡᠨ ᠬᠡᠮᠵᠢᠶ᠎ᠡ᠎ᠪᠠᠷ 3 ᠵᠦᠢ᠍ᠯ᠎ᠤᠨ ᠬᠠᠮᠠᠭ᠋ᠠᠯᠠᠯᠲᠠ ᠵᠢᠨ ᠴᠢᠨᠠᠷᠲᠠᠢ ᠲᠠᠷᠢᠶᠠᠯᠠᠬᠤ ᠮᠡᠷᠭᠡᠵᠢᠯ᠎ᠤᠨ ᠵᠠᠭᠪᠤᠷ᠎ᠢ ᠬᠡᠷᠡᠭᠵᠢᠭᠦᠯᠦᠨ᠎ᠡ᠃ ᠨᠢᠭᠡ᠎ᠳᠤ᠂ ᠲᠠᠷᠢᠮᠠᠯ᠎ᠢ ᠬᠤᠷᠢᠶᠠᠭᠰᠠᠨ᠎ᠤ ᠳᠠᠷᠠᠭ᠎ᠠ ᠡᠰᠢ ᠰᠦᠷᠡᠯ᠎ᠢ ᠪᠦᠬᠦᠯᠢ᠎ᠪᠠᠷ᠎ᠨᠢ ᠪᠦᠷᠬᠦᠭᠦᠯᠵᠦ ᠡᠪᠦᠯᠵᠢᠭᠦᠯᠬᠦ + ᠬᠠᠪᠤᠷ᠎ᠲᠤ ᠬᠠᠭ᠋ᠠᠯᠪᠤᠷᠢᠯᠠᠬᠤ ᠦᠭᠡᠢ ᠪᠤᠶᠤ ᠪᠠᠭ᠎ᠠ ᠬᠠᠭ᠋ᠠᠯᠪᠤᠷᠢᠯᠠᠵᠤ ᠲᠠᠷᠢᠨ᠎ᠠ᠃ ᠬᠤᠶᠠᠷ᠎ᠲᠤ᠂ ᠲᠠᠷᠢᠮᠠᠯ᠎ᠢ ᠬᠤᠷᠢᠶᠠᠭᠰᠠᠨ᠎ᠤ ᠳᠠᠷᠠᠭ᠎ᠠ ᠡᠰᠢ ᠰᠦᠷᠡᠯ᠎ᠤᠨ ᠨᠢᠭᠡ ᠬᠡᠰᠡᠭ ᠵᠶ᠋ᠠᠷ ᠪᠦᠷᠬᠦᠭᠦᠯᠵᠦ ᠡᠪᠦᠯᠵᠢᠭᠦᠯᠬᠦ + ᠬᠠᠪᠤᠷ᠎ᠲᠤ ᠬᠠᠭ᠋ᠠᠯᠪᠤᠷᠢᠯᠠᠬᠤ ᠦᠭᠡᠢ ᠪᠤᠶᠤ ᠪᠠᠭ᠎ᠠ ᠬᠠᠭ᠋ᠠᠯᠪᠤᠷᠢᠯᠠᠵᠤ ᠲᠠᠷᠢᠨ᠎ᠠ᠃ ᠭᠤᠷᠪᠠ᠎ᠳᠤ᠂ ᠲᠠᠷᠢᠮᠠᠯ᠎ᠢ ᠬᠤᠷᠢᠶᠠᠭᠰᠠᠨ᠎ᠤ ᠳᠠᠷᠠᠭ᠎ᠠ ᠡᠰᠢ ᠰᠦᠷᠡᠯ᠎ᠢ ᠪᠠᠭ᠎ᠠ ᠬᠡᠮᠵᠢᠶ᠎ᠡ᠎ᠪᠠᠷ ᠪᠦᠷᠬᠦᠭᠦᠯᠵᠦ ᠡᠪᠦᠯᠵᠢᠭᠦᠯᠬᠦ + ᠬᠠᠪᠤᠷ᠎ᠲᠤ ᠬᠠᠭ᠋ᠠᠯᠪᠤᠷᠢᠯᠠᠬᠤ ᠦᠭᠡᠢ ᠪᠤᠶᠤ ᠪᠠᠭ᠎ᠠ ᠬᠠᠭ᠋ᠠᠯᠪᠤᠷᠢᠯᠠᠵᠤ ᠲᠠᠷᠢᠨ᠎ᠠ᠃
(ᠳᠥᠷᠪᠡ) ᠤᠷ᠎ᠠ ᠮᠡᠷᠭᠡᠰᠢᠯ᠎ᠢ ᠰᠢᠢ᠍ᠳᠪᠦᠷᠢᠯᠡᠬᠦ ᠱᠠᠭ᠋ᠠᠷᠳᠠᠯᠭ᠎ᠠ᠃ ᠡᠰᠢ ᠰᠦᠷᠡᠯ᠎ᠢ ᠪᠦᠬᠦᠯᠢ᠎ᠪᠠᠷ᠎ᠨᠢ ᠪᠦᠷᠬᠦᠭᠦᠯᠵᠦ ᠬᠠᠭ᠋ᠠᠯᠪᠤᠷᠢᠯᠠᠬᠤ ᠦᠭᠡᠢ ᠪᠤᠶᠤ ᠪᠠᠭ᠎ᠠ ᠬᠠᠭ᠋ᠠᠯᠪᠤᠷᠢᠯᠠᠬᠤ ᠵᠠᠭᠪᠤᠷ᠎ᠲᠤ ᠡᠷᠳᠡᠨᠢ ᠰᠢᠰᠢ ᠵᠢ ᠨᠠᠮᠤᠷ ᠬᠤᠷᠢᠶᠠᠬᠤ ᠦᠶᠡᠰ ᠡᠰᠢ ᠰᠦᠷᠡᠯ᠎ᠢ ᠪᠦᠬᠦᠯᠢ᠎ᠪᠠᠷ᠎ᠨᠢ ᠭᠠᠵᠠᠷ᠎ᠤᠨ ᠭᠠᠳᠠᠷᠭᠤ᠎ᠳᠤ ᠦᠯᠡᠳᠡᠭᠡᠵᠦ ᠡᠪᠦᠯᠵᠢᠭᠦᠯᠬᠦ ᠪᠤᠶᠤ ᠬᠤᠷᠢᠶᠠᠬᠤ᠎ᠳᠤ᠎ᠪᠠᠨ ᠥᠨᠳᠥᠷ ᠭᠤᠤᠷᠰᠤ ᠦᠯᠡᠳᠡᠭᠡᠵᠦ᠂ ᠳᠡᠭᠡᠳᠦ ᠬᠡᠰᠡᠭ᠎ᠤᠨ ᠡᠰᠢ ᠰᠦᠷᠡᠯ᠎ᠢ ᠬᠡᠷᠴᠢᠵᠦ ᠭᠠᠵᠠᠷ᠎ᠤᠨ ᠭᠠᠳᠠᠷᠭᠤ᠎ᠳᠤ ᠡᠪᠦᠯᠵᠢᠭᠦᠯᠵᠦ᠂ ᠳᠠᠷᠢᠬᠤ᠎ᠠᠴᠠ ᠡᠮᠦᠨᠡᠬᠢ ᠡᠰᠢ ᠰᠦᠷᠡᠯ᠎ᠤᠨ ᠪᠦᠷᠬᠦᠴᠡ ᠵᠢᠨ ᠨᠣᠷᠮ᠎ᠠ ᠵᠢ 60%᠎ᠠᠴᠠ ᠳᠡᠭᠡᠭᠰᠢ ᠪᠠᠶ᠋ᠢᠯᠭ᠋ᠠᠬᠤ᠎ᠪᠠᠷ ᠱᠠᠭ᠋ᠠᠷᠳᠠᠨ᠎ᠠ; ᠡᠰᠢ ᠰᠦᠷᠡᠯ᠎ᠤᠨ ᠨᠢᠭᠡ ᠬᠡᠰᠡᠭ ᠵᠶ᠋ᠠᠷ ᠪᠦᠷᠬᠦᠭᠦᠯᠵᠦ ᠬᠠᠭ᠋ᠠᠯᠪᠤᠷᠢᠯᠠᠬᠤ ᠦᠭᠡᠢ ᠪᠤᠶᠤ ᠪᠠᠭ᠎ᠠ ᠬᠠᠭ᠋ᠠᠯᠪᠤᠷᠢᠯᠠᠬᠤ ᠵᠠᠭᠪᠤᠷ᠎ᠲᠤ ᠵᠠᠷᠴᠢᠮ ᠳᠡᠭᠡᠷ᠎ᠡ᠎ᠪᠠᠨ ᠨᠠᠮᠤᠷ ᠡᠷᠳᠡᠨᠢ ᠰᠢᠰᠢ ᠬᠤᠷᠢᠶᠠᠬᠤ ᠦᠶ᠎ᠡ᠎ᠳᠤ᠎ᠪᠠᠨ 25cm ᠣᠷᠴᠢᠮ ᠥᠨᠳᠥᠷ ᠭᠤᠤᠷᠰᠤ ᠦᠯᠡᠳᠡᠭᠡᠬᠦ ᠵᠢᠨ ᠬᠠᠮᠲᠤ ᠬᠡᠰᠡᠭ ᠡᠰᠢ ᠰᠦᠷᠡᠯ᠎ᠢ ᠭᠠᠵᠠᠷ᠎ᠤᠨ ᠭᠠᠳᠠᠷᠭᠤ᠎ᠳᠤ ᠦᠯᠡᠳᠡᠭᠡᠨ ᠡᠪᠦᠯᠵᠢᠭᠦᠯᠵᠦ᠂ ᠳᠠᠷᠢᠬᠤ᠎ᠠᠴᠠ ᠡᠮᠦᠨᠡᠬᠢ ᠡᠰᠢ ᠰᠦᠷᠡᠯ᠎ᠤᠨ ᠪᠦᠷᠬᠦᠴᠡ ᠵᠢᠨ ᠨᠣᠷᠮ᠎ᠠ ᠵᠢ 30% — 60%᠎ᠳᠤ ᠬᠦᠷᠦᠭᠦᠯᠬᠦ ᠵᠢ ᠱᠠᠭ᠋ᠠᠷᠳᠠᠨ᠎ᠠ; ᠡᠰᠢ ᠰᠦᠷᠡᠯ᠎ᠢ ᠪᠠᠭ᠎ᠠ ᠬᠡᠮᠵᠢᠶ᠎ᠡ᠎ᠪᠠᠷ ᠪᠦᠷᠬᠦᠭᠦᠯᠵᠦ ᠬᠠᠭ᠋ᠠᠯᠪᠤᠷᠢᠯᠠᠬᠤ ᠦᠭᠡᠢ ᠪᠤᠶᠤ ᠪᠠᠭ᠎ᠠ ᠬᠠᠭ᠋ᠠᠯᠪᠤᠷᠢᠯᠠᠬᠤ ᠵᠠᠭᠪᠤᠷ᠎ᠲᠤ ᠵᠠᠷᠴᠢᠮ ᠳᠡᠭᠡᠷ᠎ᠡ᠎ᠪᠠᠨ ᠨᠠᠮᠤᠷ ᠡᠷᠳᠡᠨᠢ ᠰᠢᠰᠢ ᠬᠤᠷᠢᠶᠠᠬᠤ ᠦᠶ᠎ᠡ᠎ᠳᠤ᠎ᠪᠠᠨ 10cm᠎ᠠᠴᠠ ᠳᠡᠭᠡᠭᠰᠢ ᠭᠤᠤᠷᠰᠤ ᠦᠯᠡᠳᠡᠭᠡᠬᠦ ᠵᠢᠨ ᠬᠠᠮᠲᠤ ᠬᠡᠰᠡᠭ ᠡᠰᠢ ᠰᠦᠷᠡᠯ᠎ᠢ ᠭᠠᠵᠠᠷ᠎ᠤᠨ ᠭᠠᠳᠠᠷᠭᠤ᠎ᠳᠤ ᠦᠯᠡᠳᠡᠭᠡᠨ ᠡᠪᠦᠯᠵᠢᠭᠦᠯᠵᠦ᠂ ᠳᠠᠷᠢᠬᠤ᠎ᠠᠴᠠ ᠡᠮᠦᠨᠡᠬᠢ ᠡᠰᠢ ᠰᠦᠷᠡᠯ᠎ᠤᠨ ᠪᠦᠷᠬᠦᠴᠡ ᠵᠢᠨ ᠨᠣᠷᠮ᠎ᠠ ᠵᠢ 15% — 30%᠎ᠳᠤ ᠬᠦᠷᠦᠭᠦᠯᠬᠦ ᠵᠢ ᠱᠠᠭ᠋ᠠᠷᠳᠠᠨ᠎ᠠ᠃ ᠪᠤᠰᠤᠳ ᠲᠠᠷᠢᠮᠠᠯ᠎ᠤᠨ ᠡᠰᠢ ᠰᠦᠷᠡᠯ᠎ᠢ ᠵᠠᠷᠴᠢᠮ ᠳᠡᠭᠡᠷ᠎ᠡ᠎ᠪᠠᠨ ᠴᠥᠮ ᠭᠠᠵᠠᠷ᠎ᠤᠨ ᠭᠠᠳᠠᠷᠭᠤ᠎ᠳᠤ ᠦᠯᠡᠳᠡᠭᠡᠨ᠎ᠡ᠃
(ᠲᠠᠪᠤ) ᠨᠥᠬᠦᠪᠦᠷᠢ ᠣᠯᠭᠤᠬᠤ ᠡᠲᠡᠭᠡᠳ᠃ 《ᠬᠡᠨ ᠭᠠᠵᠠᠷ ᠰᠢᠷᠣᠢ ᠵᠢ ᠡᠵᠡᠩᠨᠡᠪᠡᠯ᠂ ᠲᠡᠷᠡ᠎ᠨᠢ ᠬᠠᠮᠠᠭ᠋ᠠᠯᠠᠯᠲᠠ ᠵᠢᠨ ᠴᠢᠨᠠᠷᠲᠠᠢ ᠲᠠᠷᠢᠶᠠᠯᠠᠭ᠎ᠠ ᠵᠢ ᠪᠣᠳᠠᠲᠠᠢ᠎ᠪᠠᠷ ᠬᠡᠷᠡᠭᠵᠢᠭᠦᠯᠵᠦ᠂ ᠲᠡᠷᠡ᠎ᠨᠢ ᠨᠥᠬᠦᠪᠦᠷᠢ ᠬᠦᠷᠳᠡᠬᠦ》 ᠵᠠᠷᠴᠢᠮ᠎ᠢ ᠪᠠᠷᠢᠮᠲᠠᠯᠠᠵᠤ᠂ ᠬᠡᠷᠡᠭᠵᠢᠭᠦᠯᠬᠦ ᠣᠷᠣᠨ ᠪᠦᠰᠡ ᠵᠢᠨ ᠳᠣᠲᠣᠷ᠎ᠠ ᠭᠠᠵᠠᠷ ᠰᠢᠷᠣᠢ ᠵᠢ ᠪᠣᠳᠠᠲᠠᠢ᠎ᠪᠠᠷ ᠡᠵᠡᠩᠨᠡᠬᠦ ᠵᠢᠨ ᠬᠠᠮᠲᠤ ᠬᠠᠮᠠᠭ᠋ᠠᠯᠠᠯᠲᠠ ᠵᠢᠨ ᠴᠢᠨᠠᠷᠲᠠᠢ ᠲᠠᠷᠢᠶᠠᠯᠠᠭ᠎ᠠ ᠵᠢ ᠰᠠᠶ᠋ᠢᠨ ᠳᠤᠷ᠎ᠠ᠎ᠠᠴᠠ᠎ᠪᠠᠨ ᠬᠡᠷᠡᠭᠵᠢᠭᠦᠯᠦᠭᠰᠡᠨ ᠬᠤᠪᠢ ᠬᠥᠮᠥᠨ ᠪᠠ ᠲᠠᠷᠢᠶᠠᠯᠠᠩ᠎ᠤᠨ ᠦᠢ᠍ᠯᠡᠳᠪᠦᠷᠢᠯᠡᠯ ᠡᠵᠡᠩᠨᠡᠯᠲᠡ ᠵᠢᠨ ᠵᠣᠬᠢᠶᠠᠨ ᠪᠠᠶ᠋ᠢᠭᠤᠯᠤᠯᠲᠠ᠎ᠪᠠᠷ ᠨᠥᠬᠦᠪᠦᠷᠢ ᠣᠯᠭᠤᠬᠤ ᠡᠲᠡᠭᠡᠳ ᠪᠣᠯᠭ᠋ᠠᠨ᠎ᠠ᠃ ᠤᠯᠤᠰ ᠪᠠ ᠣᠷᠣᠨ ᠨᠤᠲᠤᠭ᠎ᠤᠨ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠡᠳ᠋᠎ᠤᠨ ᠵᠠᠰᠠᠭ᠎ᠠᠴᠠ ᠠᠰᠠᠷᠠᠨ ᠲᠡᠵᠢᠭᠡᠵᠦ ᠪᠠᠶ᠋ᠢᠭ᠎ᠠ ᠠᠵᠢᠯᠲᠠᠨ᠂ ᠲᠤᠬᠠᠶ᠋ᠢᠯᠠᠪᠠᠯ ᠤᠯᠤᠰ᠎ᠤᠨ ᠠᠯᠪᠠᠲᠠᠨ᠂ ᠠᠯᠪᠠᠲᠠᠨ᠎ᠤ ᠬᠠᠤᠯᠢ᠎ᠪᠠᠷ ᠯᠠᠪᠯᠠᠨ ᠬᠠᠮᠢᠶᠠᠷᠴᠤ ᠪᠠᠶ᠋ᠢᠭ᠎ᠠ ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠠᠵᠢᠯᠴᠢᠨ᠂ ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠠᠵᠢᠯᠴᠢᠨ (ᠤᠷᠢᠵᠤ ᠬᠡᠷᠡᠭᠯᠡᠬᠦ ᠳᠦᠷᠢᠮᠲᠦ ᠠᠵᠢᠯᠲᠠᠨ ᠠᠵᠢᠯᠴᠢᠨ ᠪᠠᠭᠲᠠᠨ᠎ᠠ)᠎ᠢ ᠨᠥᠬᠦᠪᠦᠷᠢ ᠣᠯᠭᠤᠬᠤ ᠡᠲᠡᠭᠡᠳ᠎ᠤᠨ ᠬᠡᠪᠴᠢᠶᠡᠨ᠎ᠳᠤ ᠣᠷᠣᠭᠤᠯᠬᠤ ᠦᠭᠡᠢ᠃
(ᠵᠢᠷᠭᠤᠭ᠎ᠠ) ᠨᠥᠬᠦᠪᠦᠷᠢ ᠣᠯᠭᠤᠬᠤ ᠪᠠᠷᠢᠮᠵᠢᠶ᠎ᠠ᠃ ᠡᠷᠳᠡᠨᠢ ᠰᠢᠰᠢ ᠵᠢᠨ ᠡᠰᠢ ᠰᠦᠷᠡᠯ᠎ᠢ ᠪᠦᠬᠦᠯᠢ᠎ᠪᠠᠷ᠎ᠨᠢ ᠪᠦᠷᠬᠦᠭᠦᠯᠵᠦ ᠬᠠᠭ᠋ᠠᠯᠪᠤᠷᠢᠯᠠᠬᠤ ᠦᠭᠡᠢ ᠪᠤᠶᠤ ᠪᠠᠭ᠎ᠠ ᠬᠠᠭ᠋ᠠᠯᠪᠤᠷᠢᠯᠠᠬᠤ ᠵᠠᠭᠪᠤᠷ᠎ᠤᠨ ᠨᠥᠬᠦᠪᠦᠷᠢ ᠵᠢᠨ ᠪᠠᠷᠢᠮᠵᠢᠶ᠎ᠠ ᠵᠢ ᠮᠦ᠍ ᠪᠦᠷᠢ᠎ᠳᠤ 65 ᠲᠥᠭᠦᠷᠢᠭ᠎ᠠᠴᠠ ᠬᠡᠲᠦᠷᠡᠭᠦᠯᠬᠦ ᠦᠭᠡᠢ᠃ ᠡᠷᠳᠡᠨᠢ ᠰᠢᠰᠢ ᠵᠢᠨ ᠡᠰᠢ ᠰᠦᠷᠡᠯ᠎ᠤᠨ ᠨᠢᠭᠡ ᠬᠡᠰᠡᠭ ᠵᠶ᠋ᠠᠷ ᠪᠦᠷᠬᠦᠭᠦᠯᠬᠦ ᠵᠢᠴᠢ ᠪᠤᠰᠤᠳ ᠲᠠᠷᠢᠮᠠᠯ᠎ᠤᠨ ᠡᠰᠢ ᠰᠦᠷᠡᠯ᠎ᠢ ᠪᠦᠬᠦᠯᠢ᠎ᠪᠠᠷ᠎ᠨᠢ ᠪᠦᠷᠬᠦᠭᠦᠯᠵᠦ ᠬᠠᠭ᠋ᠠᠯᠪᠤᠷᠢᠯᠠᠬᠤ ᠦᠭᠡᠢ ᠪᠤᠶᠤ ᠳᠤᠲᠠᠭᠤ ᠬᠠᠭ᠋ᠠᠯᠪᠤᠷᠢᠯᠠᠬᠤ ᠵᠠᠭᠪᠤᠷ᠎ᠤᠨ ᠨᠥᠬᠦᠪᠦᠷᠢ ᠵᠢᠨ ᠪᠠᠷᠢᠮᠵᠢᠶ᠎ᠠ ᠵᠢ ᠮᠦ᠍ ᠪᠦᠷᠢ᠎ᠳᠤ 34 ᠲᠥᠭᠦᠷᠢᠭ᠎ᠠᠴᠠ ᠬᠡᠲᠦᠷᠡᠭᠦᠯᠬᠦ ᠦᠭᠡᠢ᠃ ᠡᠷᠳᠡᠨᠢ ᠰᠢᠰᠢ ᠵᠢᠨ ᠡᠰᠢ ᠰᠦᠷᠡᠯ᠎ᠢ ᠪᠠᠭ᠎ᠠ ᠬᠡᠮᠵᠢᠶ᠎ᠡ᠎ᠪᠠᠷ ᠪᠦᠷᠬᠦᠭᠦᠯᠵᠦ ᠬᠠᠭ᠋ᠠᠯᠪᠤᠷᠢᠯᠠᠬᠤ ᠦᠭᠡᠢ ᠪᠤᠶᠤ ᠳᠤᠲᠠᠭᠤ ᠬᠠᠭ᠋ᠠᠯᠪᠤᠷᠢᠯᠠᠬᠤ ᠵᠠᠭᠪᠤᠷ᠎ᠤᠨ ᠨᠥᠬᠦᠪᠦᠷᠢ ᠵᠢᠨ ᠪᠠᠷᠢᠮᠵᠢᠶ᠎ᠠ ᠵᠢ ᠮᠦ᠍ ᠪᠦᠷᠢ᠎ᠳᠤ 19 ᠲᠥᠭᠦᠷᠢᠭ᠎ᠠᠴᠠ ᠬᠡᠲᠦᠷᠡᠭᠦᠯᠬᠦ ᠦᠭᠡᠢ᠃