ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠤᠢ ᠰᠢᠭᠤᠢ ᠵᠢᠨ ᠳᠠᠷᠤᠭ᠎ᠠ ᠵᠢᠨ ᠳᠦᠷᠢᠮ᠎ᠤᠨ ᠤᠷᠮᠠᠰᠢᠭᠤᠯᠬᠤ ᠠᠷᠭ᠎ᠠ ᠬᠡᠮᠵᠢᠶ᠎ᠡ ᠵᠢ ᠬᠡᠷᠡᠭᠵᠢᠭᠦᠯᠬᠦ ᠠᠷᠭ᠎ᠠ (ᠲᠤᠷᠰᠢᠨ ᠬᠡᠷᠡᠭᠵᠢᠭᠦᠯᠬᠦ)
ᠨᠡᠶ᠋ᠢᠲᠡᠯᠡᠭᠰᠡᠨ ᠴᠠᠭ᠄ 2022-08-02

      ᠨᠢᠭᠡᠳᠦᠭᠡᠷ ᠵᠤᠷᠪᠤᠰ ᠰᠢᠮᠳᠠᠭᠤᠯᠤᠨ ᠪᠠᠶ᠋ᠢᠴᠠᠭ᠋ᠠᠵᠤ ᠤᠷᠮᠠᠰᠢᠭᠤᠯᠬᠤ ᠵᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠶ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠲᠤᠤᠱᠯᠠᠭᠤᠯᠤᠨ ᠨᠠᠶ᠋ᠢᠳᠠᠪᠤᠷᠢᠵᠢᠭᠤᠯᠬᠤ ᠵᠢᠨ ᠲᠤᠰᠠᠳᠠ᠂ 《ᠰᠢᠨ᠎ᠡ ᠪᠠᠶ᠋ᠢᠳᠠᠯ ᠲᠤᠤᠷᠠᠬᠢ ᠰᠢᠮᠳᠠᠭᠤᠯᠤᠨ ᠪᠠᠶ᠋ᠢᠴᠠᠭ᠋ᠠᠵᠤ ᠤᠷᠮᠠᠰᠢᠭᠤᠯᠬᠤ ᠵᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠶ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠠᠯᠪᠠᠨ ᠲᠢᠩᠬᠢᠮ᠎ᠤᠨ ᠮᠡᠳᠡᠭᠳᠡᠯ》 (ᠲᠥᠷᠥ ᠠᠯᠪᠠᠨ ᠲᠠᠷᠬᠠᠭ᠋ᠠᠭᠰᠠᠨ [ 2021 ] 49   ᠳ᠋ᠦ᠍ᠭᠡᠷ ᠲᠣᠭ᠋ᠠᠲᠤ)᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠲᠣᠰ ᠠᠷᠭ᠎ᠠ ᠵᠢ ᠲᠣᠭᠲᠠᠭ᠋ᠠᠪᠠ᠃
      ᠬᠣᠶᠠᠳᠤᠭ᠋ᠠᠷ ᠵᠤᠷᠪᠤᠰ   ᠰᠠᠢ᠌ᠲᠦᠷ ᠠᠳᠬᠤᠨ ᠪᠣᠳᠠᠲᠠᠶ ᠠᠵᠢᠯᠯᠠᠭᠰᠠᠨ᠂ ᠣᠶ ᠰᠢᠭᠤᠢ ᠵᠢᠨ ᠳᠠᠷᠤᠭ᠎ᠠ ᠵᠢᠨ ᠲᠦᠷᠢᠮ᠎ᠢ ᠪᠥᠬᠥ ᠲᠠᠯ᠎ᠠ᠎ᠪᠠᠷ ᠭᠡᠷᠡᠭᠵᠢᠬᠦᠯᠵᠦ ᠠᠵᠢᠯ᠎ᠤᠨ ᠦᠷ᠎ᠡ ᠪᠦᠲᠦᠮᠵᠢ ᠢᠯᠡᠷᠬᠡᠶ ᠭᠠᠵᠠᠷ ᠣᠷᠣᠨ᠎ᠢ ᠬᠥᠬᠢᠭᠦᠯᠦᠨ ᠵᠤᠷᠢᠭᠵᠢᠭᠤᠯᠬᠤ᠎ᠪᠠᠷ ᠳᠠᠮᠵᠢᠨ᠂ ᠡᠯ᠎ᠡ ᠭᠠᠵᠠᠷ᠎ᠤᠨ ᠣᠶ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ᠎ᠢ ᠬᠠᠮᠠᠭ᠋ᠠᠯᠠᠨ ᠬᠥᠭᠵᠢᠭᠦᠯᠬᠦ ᠢᠳᠡᠪᠬᠢᠵᠢᠯ᠂ ᠰᠠᠨᠠᠭ᠋ᠠᠴᠢᠯᠠᠭ᠋ᠠᠲᠤ ᠴᠢᠨᠠᠷ ᠪᠠ ᠪᠦᠲᠦᠭᠡᠯᠴᠢ ᠴᠢᠨᠠᠷ᠎ᠢ ᠬᠦᠢ᠍ᠴᠡᠳ ᠳᠠᠶ᠋ᠢᠴᠢᠯᠠᠨ᠂ ᠣᠶ ᠰᠢᠭᠤᠶ ᠨᠤᠲᠤᠭ ᠪᠡᠯᠴᠢᠭᠡᠷ᠎ᠢ ᠬᠠᠮᠠᠭ᠋ᠠᠯᠠᠨ ᠬᠥᠭᠵᠢᠭᠦᠯᠬᠦ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠶ᠋ᠢᠭᠤᠯᠵᠤ᠂ ᠣᠶ ᠰᠢᠭᠤᠢ ᠵᠢᠨ ᠳᠠᠷᠤᠭ᠎ᠠ ᠵᠢᠨ ᠲᠦᠷᠢᠮ᠎ᠢ ᠪᠥᠬᠥ ᠲᠠᠯ᠎ᠠ᠎ᠪᠠᠷ ᠬᠡᠷᠡᠭᠵᠢᠭᠦᠯᠬᠦ ᠠᠵᠢᠯ᠎ᠤᠨ ᠦᠷ᠎ᠡ ᠪᠦᠲᠦᠮᠵᠢ ᠵᠢ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠣᠶ ᠰᠢᠭᠤᠶ ᠨᠤᠲᠤᠭ ᠪᠡᠯᠴᠢᠭᠡᠷ᠎ᠤᠨ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠬᠡᠷᠡᠭᠲᠡᠶ᠃
      ᠭᠤᠷᠪᠠᠳᠤᠭ᠋ᠠᠷ ᠵᠤᠷᠪᠤᠰ ᠡᠷᠬᠡ ᠲᠡᠭᠰᠢ ᠲᠥᠪ ᠭᠤᠤᠯᠴᠢ ᠢᠯᠡ ᠪᠠᠶ᠋ᠢᠯᠭ᠋ᠠᠬᠤ ᠵᠠᠷᠴᠢᠮ ᠶᠣᠰᠣᠭ᠋ᠠᠷ᠂   ᠭᠦᠢ᠍ᠴᠡᠳᠬᠡᠯ ᠲᠣᠭ᠎ᠠ᠎ᠪᠠᠷ ᠭᠤᠤᠯ ᠪᠣᠯᠭ᠋ᠠᠬᠤ᠂ ᠴᠢᠨᠠᠷ᠎ᠢ ᠲᠣᠭᠲᠠᠭ᠋ᠠᠬᠤ ᠪᠠ ᠬᠡᠮᠵᠢᠶ᠎ᠡ ᠵᠢ ᠲᠣᠭᠲᠠᠭ᠋ᠠᠬᠤ ᠵᠢ ᠬᠠᠷᠢᠯᠴᠠᠨ ᠤᠶᠠᠯᠳᠤᠭᠤᠯᠬᠤ ᠵᠢ ᠪᠠᠷᠢᠮᠲᠠᠯᠠᠵᠤ᠂ ᠣᠷᠣᠨ ᠨᠤᠲᠤᠭ᠎ᠤᠨ ᠠᠵᠢᠯ᠎ᠢ ᠰᠢᠨᠵᠢᠯᠡᠬᠦ ᠤᠬᠠᠭ᠋ᠠᠨᠴᠢ᠎ᠪᠠᠷ ᠦᠨᠡᠯᠡᠵᠦ᠂ ᠠᠵᠢᠯᠯᠠᠭᠤᠯᠬᠤ ᠵᠢ ᠳᠥᠭᠥᠮᠴᠢᠯᠡᠨ᠂ ᠶᠠᠪᠤᠴᠠ ᠵᠢ ᠰᠢᠯᠢᠳᠡᠭᠵᠢᠭᠦᠯᠵᠦ᠂ ᠪᠤᠰᠤᠳᠴᠢ᠂ ᠪᠥᠬᠥ ᠲᠠᠯ᠎ᠠ᠎ᠪᠠᠷ᠂ ᠣᠨᠣᠪᠴᠢᠲᠠᠶ᠎ᠪᠠᠷ ᠦᠨᠡᠯᠡᠵᠦ᠂ ᠤᠷᠮᠠᠰᠢᠭᠤᠯᠬᠤ ᠤᠳᠤᠷᠢᠳᠤᠮᠵᠢ ᠵᠢᠨ ᠦᠢ᠍ᠯᠡᠳᠦᠯ᠎ᠢ ᠬᠦᠢ᠍ᠴᠡᠳ ᠪᠠᠳᠠᠷᠠᠭᠤᠯᠬᠤ ᠵᠢ ᠪᠠᠲᠤᠯᠠᠨ᠎ᠠ᠃
      ᠳᠥᠷᠪᠡᠳᠦᠭᠡᠷ ᠵᠤᠷᠪᠤᠰ ᠡᠯ᠎ᠡ ᠮᠤᠵᠢ (ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ᠂ ᠰᠢᠨᠵᠢᠶᠠᠩ᠎ᠤᠨ ᠦᠢ᠍ᠯᠡᠳᠪᠦᠷᠢᠯᠡᠯ ᠪᠥᠲᠥᠭᠡᠨ ᠪᠠᠶ᠋ᠢᠭᠤᠯᠤᠯᠲᠠ ᠵᠢᠨ ᠪᠢᠩᠲ᠋ᠤᠸᠠᠨ ᠪᠠᠭᠲᠠᠨ᠎ᠠ) ᠵᠢᠨ ᠣᠶ ᠰᠢᠭᠤᠢ ᠵᠢᠨ ᠳᠠᠷᠤᠭ᠎ᠠ ᠵᠢᠨ ᠲᠦᠷᠢᠮ᠎ᠢ ᠬᠡᠷᠡᠭᠵᠢᠭᠦᠯᠦᠭᠰᠡᠨ ᠠᠵᠢᠯ᠎ᠤᠨ ᠦᠷ᠎ᠡ ᠪᠦᠲᠦᠮᠵᠢ ᠵᠢ ᠪᠥᠬᠥ   ᠲᠠᠯ᠎ᠠ᠎ᠪᠠᠷ ᠦᠨᠡᠯᠡᠵᠦ᠂ ᠵᠡᠭᠦᠨ᠂ ᠳᠤᠮᠳᠠ᠂ ᠪᠠᠷᠠᠭᠤᠨ ᠬᠡᠰᠡᠭ᠎ᠤᠨ ᠭᠠᠵᠠᠷ ᠣᠷᠣᠨ᠎ᠤ ᠬᠥᠭᠵᠢᠯᠲᠡ ᠵᠢᠨ ᠵᠥᠷᠢᠶ᠎ᠡ ᠵᠢ ᠬᠦᠢ᠍ᠴᠡᠳ ᠪᠣᠳᠣᠯᠬᠢᠯᠠᠵᠤ᠂ ᠵᠢᠯ ᠪᠦᠷᠢ ᠵᠢᠨ ᠰᠢᠯᠭ᠋ᠠᠷᠠᠭᠤᠯᠤᠯᠳᠠ᠎ᠳᠤ 8 ᠬᠣᠲᠠ (ᠲᠤᠰᠬᠠᠶ ᠣᠷᠣᠨ᠂ ᠵᠧᠤ᠂ ᠠᠶ᠋ᠢᠮᠠᠭ᠎ᠢ ᠪᠠᠭᠲᠠᠭ᠋ᠠᠨ᠎ᠠ) ᠪᠤᠶᠤ ᠰᠢᠶᠠᠨ (ᠬᠣᠲᠠ᠂ ᠲᠣᠭᠣᠷᠢᠭ᠂ ᠬᠣᠰᠢᠭᠤ ᠵᠢ ᠪᠠᠭᠲᠠᠭ᠋ᠠᠨ᠎ᠠ)᠎ᠠᠴᠠ ᠬᠡᠲᠦᠷᠡᠭᠦᠯᠵᠦ ᠪᠣᠯᠬᠤ ᠥᠬᠡᠶ᠂ ᠡᠭᠦᠨ᠎ᠳᠤ ᠬᠣᠲᠠ ᠵᠢᠨ ᠱᠠᠲᠤᠨ᠎ᠤ ᠲᠣᠭ᠎ᠠ ᠬᠡᠮᠵᠢᠶ᠎ᠡ ᠵᠢ 50 %᠎ᠠᠴᠠ ᠬᠡᠲᠦᠷᠡᠭᠦᠯᠵᠦ ᠪᠣᠯᠬᠤ ᠥᠬᠡᠶ᠂ ᠨᠢᠭᠡ ᠵᠢᠯ᠎ᠤᠨ ᠬᠤᠭᠤᠴᠠᠭ᠎ᠠ᠎ᠲᠠᠢ ᠤᠷᠮᠠᠰᠢᠭᠤᠯᠤᠯ᠎ᠤᠨ ᠠᠵᠢᠯᠯᠠᠭ᠎ᠠ ᠶᠠᠪᠤᠭᠳᠠᠭᠤᠯᠵᠤ᠂ ᠲᠥᠪ᠎ᠤᠨ ᠡᠳ᠋᠎ᠤᠨ ᠵᠠᠰᠠᠭ᠎ᠤᠨ ᠣᠶ ᠰᠢᠭᠤᠶ ᠵᠢᠨ ᠦᠢ᠍ᠯᠡᠰ᠎ᠤᠨ ᠥᠭᠡᠷᠡᠴᠢᠯᠡᠯᠲᠡ ᠬᠥᠭᠵᠢᠯᠲᠡ ᠵᠢᠨ ᠪᠠᠯᠠ ᠮᠥᠩᠭᠥ ᠵᠢ ᠲᠤᠬᠢᠷᠠᠭᠤᠯᠬᠤ ᠦᠶᠡᠰ ᠲᠤᠬᠢᠷᠠᠮᠵᠢᠳᠠᠢ᠎ᠪᠠᠷ ᠱᠠᠩᠨᠠᠵᠤ ᠪᠤᠯᠤᠨ᠎ᠠ᠃
      ᠲᠠᠪᠤᠳᠤᠭ᠋ᠠᠷ ᠵᠤᠷᠪᠤᠰ ᠦᠨᠡᠯᠡᠬᠦ ᠪᠠᠷᠢᠮᠵᠢᠶ᠎ᠠ᠎ᠳᠤ ᠦᠨᠳᠦᠰᠦᠨ ᠵᠦᠢ᠍ᠯ᠂ ᠬᠤᠪᠢ ᠨᠡᠮᠡᠬᠦ ᠵᠦᠢ᠍ᠯ᠂ ᠬᠤᠪᠢ ᠬᠠᠰᠤᠬᠤ ᠵᠦᠢ᠍ᠯ ᠪᠠ ᠦᠭᠡᠶ᠋ᠢᠰᠬᠡᠬᠦ ᠵᠦᠢ᠍ᠯ ᠪᠠᠭᠲᠠᠨ᠎ᠠ᠃
     (ᠨᠢᠭᠡ) ᠦᠨᠳᠦᠰᠦᠨ ᠵᠦᠢ᠍ᠯ
   1. ᠤᠯᠤᠰ᠎ᠤᠨ ᠨᠤᠲᠤᠭ ᠳᠡᠪᠢᠰᠬᠡᠷ᠎ᠤᠨ ᠨᠣᠭᠣᠭ᠋ᠠᠷᠠᠭᠤᠯᠤᠯᠲᠠ᠄ ᠣᠨ᠎ᠤ ᠣᠶ᠋ᠢᠵᠢᠭᠤᠯᠤᠯᠲᠠ᠂ ᠡᠪᠡᠰᠦ ᠳᠠᠷᠢᠵᠤ ᠰᠠᠶ᠋ᠢᠵᠢᠷᠠᠭᠤᠯᠬᠤ ᠵᠡᠷᠭᠡ ᠠᠮᠢ ᠠᠬᠤᠶ ᠵᠢ ᠬᠠᠮᠠᠭ᠋ᠠᠯᠠᠨ ᠰᠡᠷᠭᠦᠭᠡᠬᠦ ᠡᠭᠦᠷᠭᠡ ᠵᠢ ᠯᠠᠪᠳᠠᠭᠤᠨ ᠪᠠᠲᠤᠲᠠᠶ ᠳᠥᠯᠭᠢᠨ ᠠᠬᠢᠭᠤᠯᠤᠭᠰᠠᠨ ᠪᠠᠢ᠌ᠬᠤ ᠬᠡᠷᠡᠭᠳᠡᠢ᠃
     2 . ᠡᠬᠢ ᠪᠠᠶᠠᠯᠢᠭ᠎ᠤᠨ ᠬᠠᠮᠠᠭ᠋ᠠᠯᠠᠯᠲᠠ ᠬᠠᠮᠢᠶᠠᠷᠤᠯᠲᠠ᠄ ᠣᠢ ᠰᠢᠭᠤᠶ᠂ ᠨᠤᠲᠤᠭ ᠪᠡᠯᠴᠢᠭᠡᠷ᠂ ᠴᠢᠭᠢᠭᠯᠢᠭ ᠭᠠᠵᠠᠷ᠎ᠤᠨ ᠡᠬᠢ ᠪᠠᠶᠠᠯᠢᠭ᠎ᠤᠨ ᠬᠠᠮᠠᠭ᠋ᠠᠯᠠᠯᠲᠠ ᠬᠠᠮᠢᠶᠠᠷᠤᠯᠲᠠ ᠵᠢ ᠲᠠᠰᠤᠷᠠᠯᠲᠠ ᠥᠬᠡᠶ   ᠴᠢᠩᠭ᠋ᠠᠳᠬᠠᠭᠰᠠᠨ ᠪᠠᠢ᠌ᠬᠤ ᠬᠡᠷᠡᠭᠳᠡᠢ᠃
     3 . ᠤᠯᠤᠰ᠎ᠤᠨ ᠴᠡᠴᠡᠷᠯᠢᠭ ᠵᠶ᠋ᠠᠷ ᠭᠤᠤᠯ ᠴᠣᠭᠴᠠ ᠪᠣᠯᠭ᠋ᠠᠭᠰᠠᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠰᠢᠰᠲ᠋ᠧᠮᠵᠢ ᠵᠢᠨ ᠪᠠᠶ᠋ᠢᠭᠤᠯᠤᠯᠲᠠ᠄ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠪᠠ ᠬᠢᠨᠠᠯᠲᠠ ᠬᠠᠮᠢᠶᠠᠷᠤᠯᠲᠠ ᠵᠢᠨ ᠠᠵᠢᠯ᠎ᠢ ᠪᠦᠲᠦᠮᠵᠢᠲᠡᠶ ᠨᠠᠶ᠋ᠢᠳᠠᠪᠤᠷᠢᠵᠢᠭᠤᠯᠤᠭᠰᠠᠨ ᠪᠠᠢ᠌ᠬᠤ ᠬᠡᠷᠡᠭᠳᠡᠢ᠃
     4 . ᠬᠡᠭᠡᠷ᠎ᠡ ᠵᠢᠨ ᠠᠮᠢᠲᠠᠨ ᠤᠷᠭᠤᠮᠠᠯ᠎ᠤᠨ ᠬᠠᠮᠠᠭ᠋ᠠᠯᠠᠯᠲᠠ᠄ ᠤᠯᠤᠰ᠎ᠠᠴᠠ ᠲᠣᠭᠲᠠᠭ᠋ᠠᠭᠰᠠᠨ ᠲᠤᠰᠬᠠᠶ ᠠᠪᠤᠷᠠᠨ ᠲᠤᠰᠠᠯᠠᠬᠤ ᠬᠡᠭᠡᠷ᠎ᠡ ᠵᠢᠨ ᠠᠮᠢᠲᠠᠨ ᠤᠷᠭᠤᠮᠠᠯ᠎ᠤᠨ ᠬᠠᠮᠠᠭ᠋ᠠᠯᠠᠯᠲᠠ ᠬᠠᠮᠢᠶᠠᠷᠤᠯᠲᠠ ᠵᠢᠴᠢ ᠬᠡᠭᠡᠷ᠎ᠡ ᠵᠢᠨ ᠠᠮᠢᠲᠠᠨ᠎ᠤ ᠬᠥᠨᠥᠭᠡᠯ᠎ᠢ ᠰᠡᠷᠭᠡᠶ᠋ᠢᠯᠡᠨ ᠬᠢᠵᠠᠭ᠋ᠠᠷᠯᠠᠬᠤ ᠠᠵᠢᠯ᠎ᠢ ᠴᠢᠩᠭ᠋ᠠᠳᠬᠠᠭᠰᠠᠨ ᠪᠠᠢ᠌ᠬᠤ ᠬᠡᠷᠡᠭᠳᠡᠢ᠃
     5 . ᠣᠶ ᠰᠢᠭᠤᠶ ᠨᠤᠲᠤᠭ ᠪᠡᠯᠴᠢᠭᠡᠷ᠎ᠤᠨ ᠭᠠᠮᠰᠢᠭ᠎ᠢ ᠰᠡᠷᠭᠡᠶ᠋ᠢᠯᠡᠨ ᠡᠵᠡᠮᠳᠡᠬᠦ᠄ ᠣᠶ ᠰᠢᠭᠤᠶ ᠨᠤᠲᠤᠭ ᠪᠡᠯᠴᠢᠭᠡᠷ᠎ᠤᠨ ᠭᠠᠯ᠎ᠤᠨ ᠭᠠᠮᠰᠢᠭ᠂ ᠬᠥᠨᠥᠭᠡᠯᠲᠦ ᠠᠮᠢᠳᠤ ᠪᠣᠳᠠᠰ᠎ᠤᠨ ᠭᠠᠮᠰᠢᠭ᠎ᠢ ᠰᠡᠷᠭᠡᠶ᠋ᠢᠯᠡᠨ ᠡᠵᠡᠮᠳᠡᠬᠦ ᠠᠵᠢᠯ ᠢᠯᠡᠳᠲᠡ ᠦᠷ᠎ᠡ ᠪᠦᠲᠦᠮᠵᠢ ᠤᠯᠤᠭᠰᠠᠨ ᠪᠠᠢ᠌ᠬᠤ ᠬᠡᠷᠡᠭᠳᠡᠢ᠃
     6 . ᠤᠢ ᠰᠢᠭᠤᠶ ᠵᠢᠨ ᠳᠠᠷᠤᠭ᠎ᠠ ᠵᠢᠨ ᠳᠦᠷᠢᠮ᠎ᠢ ᠬᠡᠷᠡᠭᠵᠢᠭᠦᠯᠦᠨ᠎ᠡ᠄ ᠤᠢ ᠰᠢᠭᠤᠶ ᠵᠢᠨ ᠳᠠᠷᠤᠭ᠎ᠠ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠠᠵᠢᠯ᠎ᠤᠨ ᠳᠦᠷᠢᠮ᠎ᠢ ᠲᠡᠭᠦᠯᠳᠡᠷᠵᠢᠭᠦᠯᠦᠨ ᠲᠣᠭᠲᠠᠭᠤᠨ ᠵᠶ᠋ᠠᠷ ᠬᠡᠷᠡᠭᠵᠢᠬᠦᠯᠦᠭᠰᠡᠨ ᠪᠠᠢ᠌ᠬᠤ ᠬᠡᠷᠡᠭᠳᠡᠢ᠃
     (ᠬᠣᠶᠠᠷ) ᠬᠤᠪᠢ ᠨᠡᠮᠡᠬᠦ ᠵᠤᠷᠪᠤᠰ
      ᠣᠶ ᠰᠢᠭᠤᠶ ᠨᠤᠲᠤᠭ ᠪᠡᠯᠴᠢᠭᠡᠷ᠎ᠤᠨ ᠠᠮᠢ ᠠᠬᠤᠶ ᠵᠢ ᠬᠠᠮᠠᠭ᠋ᠠᠯᠠᠨ ᠬᠥᠭᠵᠢᠭᠦᠯᠬᠦ ᠲᠥᠷᠥ ᠵᠢᠨ ᠪᠣᠳᠣᠯᠭ᠎ᠠ ᠵᠢᠨ ᠰᠢᠨ᠎ᠡ ᠵᠢ ᠡᠭᠦᠳᠬᠦ᠂ ᠣᠷᠣᠨ ᠨᠤᠲᠤᠭ᠎ᠤᠨ ᠬᠠᠤᠯᠢ ᠲᠤᠭᠲᠠᠭ᠋ᠠᠯᠳᠠ ᠪᠤᠶᠤ ᠪᠠᠲᠤᠯᠠᠭ᠎ᠠ ᠵᠢᠨ ᠲᠦᠷᠢᠮ᠎ᠢ ᠨᠡᠶ᠋ᠢᠲᠡᠯᠡᠬᠦ᠂ ᠴᠢᠬᠤᠯᠠ ᠶᠡᠬᠡ ᠲᠤᠰᠬᠠᠶ ᠠᠵᠢᠯᠯᠠᠭ᠎ᠠ᠂ ᠴᠢᠬᠤᠯᠠ ᠶᠡᠬᠡ ᠠᠮᠢ ᠠᠬᠤᠶ ᠵᠢᠨ ᠢᠨᠵᠧᠨᠧᠷᠢᠩ᠂ ᠴᠢᠬᠤᠯᠠ ᠶᠡᠬᠡ ᠣᠶ ᠰᠢᠭᠤᠶ ᠨᠤᠲᠤᠭ ᠪᠡᠯᠴᠢᠭᠡᠷ᠎ᠤᠨ ᠠᠷᠭ᠎ᠠ ᠬᠡᠮᠵᠢᠶ᠎ᠡ ᠵᠢ ᠬᠡᠷᠡᠭᠵᠢᠬᠦᠯᠦᠭᠰᠡᠨ᠎ᠨᠢ ᠪᠥᠬᠥ ᠤᠯᠤᠰ ᠪᠤᠶᠤ ᠰᠢᠰᠲ᠋ᠧᠮ᠎ᠤᠨ ᠬᠡᠪᠴᠢᠶᠡᠨ᠎ᠳᠤ ᠨᠥᠯᠥᠭᠡ   ᠦᠵᠡᠬᠦᠯᠦᠭᠰᠡᠨ ᠪᠠᠢ᠌ᠬᠤ ᠬᠡᠷᠡᠭᠳᠡᠢ; ᠬᠠᠤᠯᠢ ᠬᠡᠷᠡᠭᠵᠢᠭᠦᠯᠵᠦ ᠬᠢᠨᠠᠯᠲᠠ ᠲᠠᠯᠪᠢᠬᠤ ᠴᠢᠳᠠᠪᠤᠷᠢ ᠠᠯᠬᠤᠮ ᠠᠯᠬᠤᠮ ᠵᠶ᠋ᠠᠷ ᠳᠡᠭᠡᠭᠰᠢᠯᠡᠵᠦ᠂ ᠦᠨᠳᠦᠰᠦᠨ ᠱᠠᠲᠤᠨ᠎ᠤ ᠰᠠᠭᠤᠷᠢ ᠪᠦᠲᠦᠭᠡᠨ ᠪᠠᠶ᠋ᠢᠭᠤᠯᠤᠯᠲᠠ ᠦᠷᠭᠦᠯᠵᠢᠯᠡᠨ ᠲᠡᠭᠦᠯᠳᠡᠷᠵᠢᠭᠰᠡᠨ ᠪᠠᠢ᠌ᠬᠤ ᠬᠡᠷᠡᠭᠳᠡᠢ; ᠬᠠᠮᠢᠶ᠎ᠠ ᠪᠥᠬᠥᠶ ᠠᠵᠢᠯ᠎ᠨᠢ ᠲᠥᠪ᠎ᠤᠨ ᠤᠳᠤᠷᠢᠳᠬᠤ ᠨᠥᠬᠥᠳ᠎ᠤᠨ ᠴᠣᠬᠣᠯᠠᠪᠤᠷᠢ ᠨᠤᠲᠠᠯᠠᠯᠲᠠ ᠵᠢ ᠤᠯᠤᠭᠰᠠᠨ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠰᠢᠮᠳᠠᠭᠤᠯᠤᠨ ᠪᠠᠶ᠋ᠢᠴᠠᠭ᠋ᠠᠵᠤ ᠵᠠᠷᠯᠠᠨ ᠰᠠᠢ᠌ᠰᠢᠶᠠᠭᠰᠠᠨ᠂ ᠲᠥᠪ᠎ᠤᠨ ᠰᠠᠯᠠᠭ᠎ᠠ ᠮᠥᠴᠢᠷ ᠰᠠᠶ᠋ᠢᠰᠢᠶᠠᠨ ᠬᠥᠬᠢᠭᠦᠯᠦᠭᠰᠡᠨ ᠪᠠᠶ᠋ᠢᠪᠠᠯ ᠵᠣᠬᠢᠬᠤ ᠬᠤᠪᠢ ᠨᠡᠮᠡᠨ᠎ᠡ᠃
     (ᠭᠤᠷᠪᠠ) ᠬᠤᠪᠢ ᠬᠠᠰᠤᠬᠤ ᠵᠤᠷᠪᠤᠰ
      ᠣᠶ ᠰᠢᠭᠤᠶ ᠨᠤᠲᠤᠭ ᠪᠡᠯᠴᠢᠭᠡᠷ᠎ᠲᠤ ᠬᠣᠯᠪᠣᠭᠳᠠᠭᠰᠠᠨ ᠬᠦᠨᠳᠦ ᠶᠡᠬᠡ ᠬᠡᠷᠡᠭ᠂ ᠬᠦᠨᠳᠦ ᠶᠡᠬᠡ ᠭᠠᠯ᠎ᠤᠨ ᠠᠶᠤᠯ᠂ ᠬᠦᠨᠳᠦ ᠶᠡᠬᠡ ᠬᠥᠨᠥᠭᠡᠯᠲᠡᠶ ᠠᠮᠢᠳᠤ ᠪᠣᠳᠠᠰ᠎ᠤᠨ ᠭᠠᠮᠰᠢᠭ ᠭᠠᠷᠤᠭᠰᠠᠨ ᠪᠠᠢ᠌ᠪᠠᠯ ᠪᠠᠶ᠋ᠢᠳᠠᠯ᠎ᠢ ᠦᠨᠳᠦᠰᠦᠯᠡᠨ ᠬᠤᠪᠢ ᠬᠠᠰᠤᠬᠤ ᠬᠡᠷᠡᠭᠲᠡᠶ᠃  
      (ᠲᠤᠢ᠍ᠷᠪᠡ) ᠦᠭᠡᠶ᠋ᠢᠰᠬᠡᠬᠦ ᠵᠦᠢ᠍ᠯ
      ᠬᠣᠲᠠ᠂ ᠰᠢᠶᠠᠨ᠎ᠤ ᠬᠠᠮᠢᠶ᠎ᠠ ᠪᠥᠬᠥᠶ ᠠᠵᠢᠯ᠎ᠨᠢ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠰᠢᠮᠳᠠᠭᠤᠯᠤᠨ ᠪᠠᠢ᠌ᠴᠠᠭ᠋ᠠᠯᠳᠠ᠎ᠳᠤ ᠢᠯᠡ ᠰᠢᠭᠦᠮᠵᠢᠯᠡᠭᠳᠡᠭᠰᠡᠨ᠂ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠨᠡᠷ᠎ᠡ ᠳᠤᠷᠠᠳᠤᠨ ᠰᠢᠮᠳᠠᠭᠤᠯᠤᠨ ᠪᠠᠢ᠌ᠴᠠᠭ᠋ᠠᠭᠰᠠᠨ ᠠᠰᠠᠭᠤᠳᠠᠯ᠂ ᠪᠣᠯᠵᠣᠨ ᠶᠠᠷᠢᠯᠴᠠᠭᠰᠠᠨ ᠪᠤᠶᠤ ᠬᠠᠷᠢᠭᠤᠴᠠᠯᠭ᠎ᠠ ᠨᠡᠬᠡᠮᠵᠢᠯᠡᠭᠰᠡᠨ᠂ ᠴᠢᠬᠤᠯᠠ ᠶᠡᠬᠡ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠤᠭᠰᠠᠨ᠎ᠢ ᠪᠠᠢ᠌ᠴᠠᠭ᠋ᠠᠵᠤ ᠬᠢᠨᠠᠨ ᠪᠤᠳᠤᠬᠤ ᠶᠠᠪᠤᠴᠠ᠎ᠳᠤ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠬᠦᠨᠳᠦ ᠶᠡᠬᠡ ᠠᠰᠠᠭᠤᠳᠠᠯ᠂ ᠬᠦᠨᠳᠦ ᠶᠡᠬᠡ ᠨᠠᠵᠠᠭ᠋ᠠᠶ ᠶᠠᠷᠢᠶ᠎ᠠ ᠬᠡᠯᠡᠯᠴᠡᠭᠡᠨ᠎ᠢ ᠡᠭᠦᠰᠭᠡᠵᠦ᠂ ᠨᠡᠶ᠋ᠢᠭᠡᠮ᠎ᠳᠤ ᠮᠠᠭᠤ ᠨᠥᠯᠥᠭᠡ ᠭᠠᠷᠭ᠋ᠠᠭᠰᠠᠨ ᠪᠠᠶ᠋ᠢᠪᠠᠯ᠂ ᠤᠷᠮᠠᠰᠢᠭᠤᠯᠬᠤ ᠬᠡᠪᠴᠢᠶᠡᠨ᠎ᠳᠤ ᠣᠷᠣᠭᠤᠯᠬᠤ ᠥᠬᠡᠶ᠃
      ᠵᠢᠷᠭᠤᠳᠤᠭ᠋ᠠᠷ ᠵᠤᠷᠪᠤᠰ ᠮᠤᠵᠢ ᠵᠢᠨ ᠱᠠᠲᠤᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠣᠰ ᠮᠤᠵᠢ ᠵᠢᠨ ᠬᠡᠪᠴᠢᠶᠡᠨ ᠳᠣᠲᠣᠷᠠᠬᠢ ᠦᠪᠡᠷ ᠪᠡᠶ᠎ᠡ ᠵᠢᠨ ᠦᠨᠡᠯᠡᠯᠳᠡ ᠵᠢᠨ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠬᠤᠪᠢ ᠲᠣᠭᠲᠠᠭ᠋ᠠᠬᠤ ᠪᠠᠷᠢᠮᠵᠢᠶ᠎ᠠ (ᠳᠠᠭ᠋ᠠᠯᠳᠤᠭᠤᠯᠤᠯ 1 ᠵᠢ ᠦᠵᠡ)᠎ᠪᠠᠷ ᠯᠠᠪᠯᠠᠯᠲᠠ ᠪᠣᠯᠭ᠋ᠠᠨ᠂ ᠬᠢᠨᠠᠨ ᠲᠣᠭᠲᠠᠭ᠋ᠠᠬᠤ ᠲᠠᠰ ᠳᠠᠷᠠᠭ᠋ᠠᠯᠠᠯ᠎ᠢ ᠴᠢᠩᠳᠠᠯᠠᠵᠤ᠂ ᠤᠷᠮᠠᠰᠢᠭᠤᠯᠬᠤ᠎ᠪᠠᠷ ᠪᠠᠶ᠋ᠢᠭ᠎ᠠ 1 ᠬᠣᠲᠠ ᠪᠤᠶᠤ ᠰᠢᠶᠠᠨ᠎ᠢ ᠰᠢᠯᠢᠨ ᠰᠣᠩᠭᠣᠵᠤ ᠭᠠᠷᠭ᠋ᠠᠭ᠋ᠠᠳ᠂ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠰᠡᠨ᠎ᠤ ᠳᠠᠷᠠᠭ᠎ᠠ᠂ ᠮᠡᠳᠡᠭᠦᠯᠬᠦ ᠬᠦᠰᠦᠨᠦᠭᠲᠦ (ᠳᠠᠭ᠋ᠠᠯᠳᠤᠭᠤᠯᠤᠯ 2 ᠵᠢ ᠦᠵᠡ) ᠵᠡᠷᠭᠡ ᠬᠠᠮᠢᠶ᠎ᠠ ᠪᠥᠬᠥᠶ ᠮᠠᠲ᠋ᠧᠷᠢᠶᠠᠯ᠎ᠢ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠳᠤ ᠮᠡᠳᠡᠭᠦᠯᠦᠨ ᠬᠦᠷᠭᠡᠨ᠎ᠡ᠃ ᠡᠯ᠎ᠡ ᠮᠣᠵᠢ ᠮᠡᠳᠡᠭᠦᠯᠦᠨ ᠬᠦᠷᠭᠡᠭᠰᠡᠨ ᠮᠠᠲ᠋ᠧᠷᠢᠶᠠᠯ᠎ᠤᠨ ᠣᠨᠣᠪᠴᠢᠲᠤ ᠴᠢᠨᠠᠷ᠂ ᠦᠨᠡᠨ ᠪᠣᠳᠠᠲᠤ ᠴᠢᠨᠠᠷ᠂ ᠪᠦᠷᠢᠨ ᠪᠦᠲᠦᠨ ᠴᠢᠨᠠᠷ᠎ᠲᠤ ᠬᠠᠷᠢᠭᠤᠴᠠᠨ᠎ᠠ᠃
      ᠳᠣᠯᠣᠳᠤᠭ᠋ᠠᠷ ᠵᠤᠷᠪᠤᠰ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ ᠡᠯ᠎ᠡ ᠮᠤᠵᠢ ᠵᠢᠨ ᠮᠡᠳᠡᠭᠦᠯᠦᠨ ᠬᠦᠷᠭᠡᠭᠰᠡᠨ ᠮᠡᠳᠡᠭᠦᠯᠦᠯᠳᠡ ᠵᠢᠨ ᠮᠠᠲᠸᠷᠢᠶᠠᠯ᠎ᠳᠤ ᠬᠢᠨᠠᠨ ᠪᠠᠶ᠋ᠢᠴᠠᠭ᠋ᠠᠯᠲᠠ ᠬᠢᠵᠦ᠂ ᠤᠷᠮᠠᠰᠢᠭᠤᠯᠬᠤ᠎ᠪᠠᠷ ᠪᠠᠶ᠋ᠢᠭ᠎ᠠ ᠬᠣᠲᠠ᠂ ᠰᠢᠶᠠᠨ᠎ᠤ ᠰᠢᠯᠢᠳᠡᠭ᠎ᠢ᠎ᠨᠢ ᠰᠣᠩᠭᠣᠨ ᠭᠠᠷᠭ᠋ᠠᠵᠤ᠂ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ ᠵᠶ᠋ᠠᠷ ᠬᠢᠨᠠᠨ ᠵᠥᠪᠯᠡᠭᠦᠯᠵᠦ ᠪᠠᠲᠤᠯᠠᠭᠤᠯᠤᠭ᠋ᠠᠳ᠂ ᠲᠣᠪᠴᠢᠶ᠎ᠠ ᠵᠢᠨ ᠵᠠᠰᠠᠭ᠎ᠤᠨ ᠣᠷᠳᠣᠨ᠎ᠤ   ᠰᠦᠯᠵᠢᠶᠡᠨ᠎ᠳᠤ ᠵᠠᠷᠯᠠᠨ ᠨᠡᠶ᠋ᠢᠲᠡᠯᠡᠭᠡᠳ ᠣᠨᠳᠣᠣ ᠰᠠᠨᠠᠯ ᠦᠭᠡᠶ ᠪᠣᠯ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠠᠯᠪᠠᠨ ᠲᠢᠩᠬᠢᠮ᠎ᠳᠤ ᠮᠡᠳᠡᠭᠦᠯᠦᠨ ᠬᠦᠷᠭᠡᠵᠦ ᠴᠣᠬᠣᠯᠠᠪᠤᠷᠢᠯᠠᠭᠤᠯᠤᠭᠰᠠᠨ᠎ᠤ ᠳᠠᠷᠠᠭ᠎ᠠ   ᠤᠯᠠᠨ ᠨᠠᠢ᠌ᠳᠠ᠎ᠳᠤ ᠨᠡᠶ᠋ᠢᠲᠡᠯᠡᠨ᠎ᠡ᠃
      ᠨᠠᠢ᠍ᠮᠠᠳᠤᠭ᠋ᠠᠷ ᠵᠤᠷᠪᠤᠰ ᠲᠥᠪ᠎ᠤᠨ ᠡᠳ᠋᠎ᠤᠨ ᠵᠠᠰᠠᠭ᠎ᠨᠢ ᠣᠶ ᠰᠢᠭᠤᠶ ᠵᠢᠨ ᠥᠭᠡᠷᠡᠴᠢᠯᠡᠯᠲᠡ ᠬᠥᠭᠵᠢᠯᠲᠡ ᠵᠢᠨ ᠪᠡᠯᠡ ᠮᠥᠩᠭᠥ᠎ᠪᠠᠷ ᠳᠠᠮᠵᠢᠭᠤᠯᠤᠨ᠂ ᠤᠷᠮᠠᠰᠢᠭᠤᠯᠬᠤ᠎ᠪᠠᠷ ᠪᠠᠢ᠌ᠭ᠎ᠠ ᠬᠣᠲᠠ᠂ ᠰᠢᠶᠠᠨ ᠨᠢᠭᠡᠪᠦᠷᠢ᠎ᠳᠤ ᠨᠢᠭᠡ ᠤᠳᠠᠭ᠎ᠠ ᠵᠢᠨ ᠴᠢᠨᠠᠷᠲᠠᠶ ᠪᠡᠯᠡ ᠮᠥᠩᠭᠥ ᠵᠢᠨ ᠱᠠᠩᠨᠠᠯ ᠣᠯᠭᠣᠨ᠎ᠠ᠃ ᠵᠠᠷᠤᠳᠠᠯ᠎ᠤᠨ ᠬᠡᠷᠡᠭᠯᠡᠯᠲᠡ᠎ᠳᠤ 《ᠣᠶ ᠰᠢᠭᠤᠶ ᠵᠢᠨ ᠥᠭᠡᠷᠡᠴᠢᠯᠡᠯᠲᠡ ᠬᠥᠭᠵᠢᠯᠲᠡ ᠵᠢᠨ ᠪᠡᠯᠡ ᠮᠥᠩᠭᠥ ᠵᠢᠨ ᠬᠠᠮᠢᠶᠠᠷᠤᠯᠲᠠ ᠵᠢᠨ ᠠᠷᠭ᠎ᠠ》 ᠵᠢ ᠴᠢᠩᠭ᠎ᠠ ᠬᠡᠷᠡᠭᠵᠢᠭᠦᠯᠬᠦ ᠬᠡᠷᠡᠭᠲᠡᠶ᠃
      ᠶᠢᠰᠦᠳᠦᠭᠡᠷ ᠵᠤᠷᠪᠤᠰ ᠲᠣᠰ ᠠᠷᠭ᠎ᠠ ᠵᠢ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠡᠳ᠋᠎ᠤᠨ ᠵᠠᠰᠠᠭ᠎ᠤᠨ ᠶᠠᠮᠤᠨ᠎ᠠᠴᠠ ᠬᠠᠷᠢᠭᠤᠴᠠᠨ ᠲᠠᠶ᠋ᠢᠯᠪᠤᠷᠢᠯᠠᠨ᠎ᠠ᠃
      ᠠᠷᠪᠠᠳᠤᠭ᠋ᠠᠷ ᠵᠤᠷᠪᠤᠰ ᠲᠤᠰ ᠠᠷᠭ᠎ᠠ ᠵᠢ ᠳᠠᠷᠤᠮᠠᠯᠯᠠᠨ ᠶᠠᠪᠤᠭᠤᠯᠤᠭᠰᠠᠨ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
【ᠵᠢᠷᠤᠭᠲᠤ ᠲᠠᠢ᠌ᠯᠤᠮᠵᠢ】 ᠤᠢ ᠰᠢᠭᠤᠢ ᠵᠢᠨ ᠳᠠᠷᠤᠭ᠎ᠠ ᠵᠢᠨ ᠳᠦᠷᠢᠮ᠎ᠢ ᠰᠢᠮᠳᠠᠭᠤᠯᠤᠨ ᠪᠠᠶ᠋ᠢᠴᠠᠭ᠋ᠠᠵᠤ ᠰᠢᠯᠭ᠋ᠠᠨ ᠬᠢᠨᠠᠬᠤ ᠠᠷᠭ᠎ᠠ (ᠲᠤᠷᠰᠢᠨ ᠬᠡᠷᠡᠭᠵᠢᠭᠦᠯᠬᠦ)
【ᠵᠢᠷᠤᠭᠲᠤ ᠲᠠᠢ᠌ᠯᠤᠮᠵᠢ】 ᠤᠢ ᠰᠢᠭᠤᠢ ᠵᠢᠨ ᠳᠠᠷᠤᠭ᠎ᠠ ᠵᠢᠨ ᠳᠦᠷᠢᠮ᠎ᠢ ᠰᠢᠮᠳᠠᠭᠤᠯᠤᠨ ᠪᠠᠶ᠋ᠢᠴᠠᠭ᠋ᠠᠵᠤ ᠰᠢᠯᠭ᠋ᠠᠨ ᠬᠢᠨᠠᠬᠤ ᠠᠷᠭ᠎ᠠ (ᠲᠤᠷᠰᠢᠨ ᠬᠡᠷᠡᠭᠵᠢᠭᠦᠯᠬᠦ)
《ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠪᠠᠷᠢᠮᠵᠢᠶᠠᠵᠢᠭᠤᠯᠬᠤ ᠵᠢᠷᠤᠮᠵᠢᠭᠤᠯᠬᠤ ᠳᠥᠭᠥᠮᠴᠢᠯᠡᠬᠦ ᠵᠢ ᠲᠦᠷᠭᠡᠳᠬᠡᠨ ᠠᠬᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠡᠷᠡᠭᠵᠢᠭᠦᠯᠬᠦ ᠰᠠᠨᠠᠯ》᠎ᠤᠨ ᠲᠠᠶ᠋ᠢᠯᠤᠮᠵᠢ
ᠦᠰᠦᠭ ᠪᠢᠴᠢᠭ᠎ᠤᠨ ᠲᠠᠶ᠋ᠢᠯᠤᠮᠵᠢ᠄ 《ᠲᠠᠪᠤᠳᠤᠭ᠋ᠠᠷ ᠪᠦᠯᠦᠭ ᠥᠪᠡᠷᠲᠡᠭᠡᠨ ᠵᠠᠰᠠᠬᠤ ᠣᠷᠣᠨ᠎ᠤ ᠣᠢ ᠰᠢᠭᠤᠢ ᠵᠢᠨ ᠠᠵᠤ ᠦᠢ᠍ᠯᠡᠰᠵᠢᠯᠲᠡ ᠵᠢᠨ ᠭᠣᠣᠯᠳᠠᠯᠭ᠎ᠠ᠎ᠲᠠᠢ ᠲᠦᠷᠦᠭᠦᠯᠡᠭᠴᠢ ᠠᠵᠤ ᠠᠬᠤᠶ᠋ᠢᠯᠠᠯ᠎ᠤᠨ ᠨᠡᠷᠡᠰ ᠪᠠ ᠲᠦᠷᠦᠭᠦᠦ ᠳᠥᠷᠪᠡᠨ ᠪᠦᠯᠦᠭ ᠭᠣᠣᠯᠳᠠᠯᠭ᠎ᠠ᠎ᠲᠠᠢ ᠲᠦᠷᠦᠭᠦᠯᠡᠭᠴᠢ ᠠᠵᠤ ᠠᠬᠤᠶ᠋ᠢᠯᠠᠯ᠎ᠤᠨ ᠬᠢᠨᠠᠨ ᠰᠢᠨᠵᠢᠯᠡᠯᠲᠡ᠎ᠳᠤ ᠬᠢᠷᠢ ᠲᠡᠩᠴᠡᠭᠰᠡᠨ ᠨᠡᠷᠡᠰ᠎ᠢ ᠨᠡᠶ᠋ᠢᠲᠡᠯᠡᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
【ᠦᠰᠦᠭ ᠪᠢᠴᠢᠭ ᠵᠶ᠋ᠡᠷ ᠦᠬᠦᠯᠡᠬᠦᠢ】 ᠰᠠᠯᠬᠢᠨ ᠬᠦᠴᠦᠨ᠎ᠤ ᠴᠠᠬᠢᠯᠭ᠋ᠠᠨ᠎ᠤ ᠪᠦᠲᠦᠭᠡᠨ ᠪᠠᠶ᠋ᠢᠭᠤᠯᠤᠯᠲᠠ ᠵᠢᠨ ᠵᠦᠢ᠍ᠯᠡᠰ᠎ᠨᠢ ᠴᠢᠭᠢᠭᠯᠢᠭ ᠭᠠᠵᠠᠷ᠎ᠢ ᠡᠵᠡᠯᠡᠨ ᠬᠡᠷᠡᠭᠯᠡᠵᠦ ᠪᠤᠯᠤᠨ᠎ᠠ ᠤᠤ? ᠲᠥᠷᠥ ᠵᠢᠨ ᠪᠣᠳᠣᠯᠭ᠎ᠠ ᠵᠢᠨ ᠲᠣᠭᠲᠠᠭ᠋ᠠᠯ᠎ᠨᠢ ᠶᠠᠮᠠᠷ ᠪᠤᠢ?
 
             蒙ICP备05000248号