ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
《ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠪᠠᠷᠢᠮᠵᠢᠶᠠᠵᠢᠭᠤᠯᠬᠤ ᠵᠢᠷᠤᠮᠵᠢᠭᠤᠯᠬᠤ ᠳᠥᠭᠥᠮᠴᠢᠯᠡᠬᠦ ᠵᠢ ᠲᠦᠷᠭᠡᠳᠬᠡᠨ ᠠᠬᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠡᠷᠡᠭᠵᠢᠭᠦᠯᠬᠦ ᠰᠠᠨᠠᠯ》᠎ᠤᠨ ᠲᠠᠶ᠋ᠢᠯᠤᠮᠵᠢ
ᠨᠡᠶ᠋ᠢᠲᠡᠯᠡᠭᠰᠡᠨ ᠴᠠᠭ᠄ 2022-09-28

      ᠣᠶ᠋ᠢᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ 《ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠪᠠᠷᠢᠮᠵᠢᠶᠠᠵᠢᠭᠤᠯᠬᠤ ᠵᠢᠷᠤᠮᠵᠢᠭᠤᠯᠬᠤ ᠳᠥᠭᠥᠮᠴᠢᠯᠡᠬᠦ ᠵᠢ ᠲᠦᠷᠭᠡᠳᠬᠡᠨ ᠠᠬᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠡᠷᠡᠭᠵᠢᠭᠦᠯᠬᠦ ᠰᠠᠨᠠᠯ》 (ᠥᠪᠥᠷ ᠵᠠᠰᠠᠭ ᠲᠠᠷᠬᠠᠭ᠋ᠠᠭᠰᠠᠨ [2022] 20 ᠳ᠋ᠤᠭ᠋ᠠᠷ ᠲᠣᠭ᠋ᠠᠲᠤ᠂ ᠳᠣᠷᠣᠭᠰᠢ 《ᠬᠡᠷᠡᠭᠵᠢᠭᠦᠯᠬᠦ ᠰᠠᠨᠠᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠪᠠ᠃

      ᠨᠡᠶ᠋ᠢᠭᠡᠮ ᠨᠡᠶ᠋ᠢᠲᠡ᠎ᠪᠠᠷ 《ᠬᠡᠷᠡᠭᠵᠢᠭᠦᠯᠬᠦ ᠰᠠᠨᠠᠯ》᠎ᠤᠨ ᠬᠠᠮᠢᠶ᠎ᠠ ᠪᠦᠬᠦᠢ ᠠᠭᠤᠯᠭ᠎ᠠ ᠵᠢ ᠥᠷᠭᠡᠨ ᠵᠶ᠋ᠠᠷ ᠣᠶ᠋ᠢᠯᠠᠭ᠋ᠠᠬᠤ ᠪᠠ ᠵᠥᠪ ᠣᠶ᠋ᠢᠯᠠᠭ᠋ᠠᠬᠤ᠎ᠳᠤ ᠳᠥᠭᠥᠮ ᠦᠵᠡᠭᠦᠯᠵᠦ᠂ ᠡᠯ᠎ᠡ ᠵᠦᠢ᠍ᠯ᠎ᠤᠨ ᠠᠵᠢᠯ᠎ᠤᠨ ᠨᠠᠶ᠋ᠢᠳᠠᠪᠤᠷᠢᠵᠢᠭᠤᠯᠤᠯᠲᠠ ᠵᠢ ᠦᠨᠡᠨ ᠬᠦ᠌ ᠰᠠᠶ᠋ᠢᠲᠤᠷ ᠠᠳᠬᠤᠬᠤ ᠵᠢᠨ ᠲᠤᠰᠠᠳᠠ᠂ ᠡᠳᠦᠭᠡ ᠳᠣᠣᠷᠠᠬᠢ ᠮᠡᠲᠦ᠎ᠪᠠᠷ ᠲᠠᠶ᠋ᠢᠯᠤᠮᠵᠢ ᠬᠢᠪᠡ᠃

      ᠨᠢᠭᠡ᠂ 《ᠬᠡᠷᠡᠭᠵᠢᠭᠦᠯᠬᠦ ᠰᠠᠨᠠᠯ》᠎ᠳᠤ ᠶᠠᠮᠠᠷ ᠬᠠᠷᠠᠯᠲᠠ ᠵᠢ ᠲᠣᠭᠲᠠᠭ᠋ᠠᠭᠰᠠᠨ ᠪᠤᠢ?

     《ᠬᠡᠷᠡᠭᠵᠢᠭᠦᠯᠬᠦ ᠰᠠᠨᠠᠯ》᠎ᠳᠤ᠂ 2022 ᠣᠨ᠎ᠤ ᠵᠢᠯ᠎ᠤᠨ ᠰᠡᠭᠦᠯᠴᠢ᠎ᠠᠴᠠ ᠡᠮᠦᠨ᠎ᠡ᠂ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠂ ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ)᠂ ᠭᠠᠴᠠᠭ᠎ᠠ ᠲᠣᠰᠬᠣᠨ (ᠨᠡᠶ᠋ᠢᠭᠡᠮ ᠲᠣᠭᠣᠷᠢᠭ) ᠵᠡᠷᠭᠡ ᠲᠠᠪᠤᠨ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠴᠢᠳᠠᠪᠤᠷᠢ ᠪᠠ ᠬᠢᠷᠢ ᠲᠦᠪᠰᠢᠨ᠎ᠢ ᠢᠯᠡᠳᠲᠡ ᠳᠡᠭᠡᠭᠰᠢᠯᠡᠭᠦᠯᠬᠦ ᠬᠡᠷᠡᠭᠲᠡᠢ ᠭᠡᠵᠦ ᠲᠣᠳᠣᠷᠬᠠᠢ ᠱᠠᠭ᠋ᠠᠷᠳᠠᠪᠠ᠃ 2025 ᠣᠨ᠎ᠤ ᠵᠢᠯ᠎ᠤᠨ ᠰᠡᠭᠦᠯᠴᠢ᠎ᠠᠴᠠ ᠡᠮᠦᠨ᠎ᠡ᠂ ᠪᠦᠬᠦ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠪᠠᠷᠢᠮᠵᠢᠶᠠᠵᠢᠭᠤᠯᠬᠤ ᠵᠢᠷᠤᠮᠵᠢᠭᠤᠯᠬᠤ ᠳᠥᠭᠥᠮᠴᠢᠯᠡᠬᠦ ᠬᠢᠷᠢ ᠲᠦᠪᠰᠢᠨ᠎ᠢ ᠶᠡᠬᠡ᠎ᠪᠠᠷ ᠳᠡᠭᠡᠭᠰᠢᠯᠡᠭᠦᠯᠵᠦ᠂ 《ᠰᠦᠯᠵᠢᠶᠡᠨ ᠳᠡᠭᠡᠷ᠎ᠡ ᠭᠦᠢ᠍ᠴᠡᠳᠬᠡᠬᠦ᠂ ᠠᠯᠠᠭ᠋ᠠᠨ ᠳᠡᠭᠡᠷ᠎ᠡ᠎ᠪᠠᠨ ᠭᠦᠢ᠍ᠴᠡᠳᠬᠡᠬᠦ᠂ ᠣᠶ᠋ᠢᠷ᠎ᠠ ᠬᠠᠪᠢ᠎ᠳᠤ᠎ᠪᠠᠨ ᠭᠦᠢ᠍ᠴᠡᠳᠬᠡᠬᠦ᠂ ᠨᠢᠭᠡ ᠯᠡ ᠤᠳᠠᠭ᠎ᠠ᠎ᠳᠤ ᠭᠦᠢ᠍ᠴᠡᠳᠬᠡᠬᠦ》 ᠵᠢ ᠨᠡᠩ ᠳᠥᠭᠥᠮ ᠳᠥᠲᠡ ᠪᠥᠭᠡᠳ ᠲᠦᠷᠭᠡᠨ ᠪᠣᠯᠭ᠋ᠠᠨ᠎ᠠ᠃

      ᠬᠣᠶᠠᠷ᠂ 《ᠬᠡᠷᠡᠭᠵᠢᠭᠦᠯᠬᠦ ᠰᠠᠨᠠᠯ》᠎ᠳᠤ ᠶᠠᠮᠠᠷ ᠶᠠᠮᠠᠷ ᠡᠭᠦᠷᠭᠡ ᠵᠢ ᠲᠣᠬᠢᠷᠠᠭᠤᠯᠤᠭᠰᠠᠨ ᠪᠤᠢ?

      ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠳᠥᠭᠥᠮᠴᠢᠯᠡᠬᠦ ᠵᠢ ᠠᠬᠢᠭᠤᠯᠬᠤ ᠪᠠ ᠪᠦᠬᠦ ᠣᠷᠣᠨ᠎ᠤ ᠨᠢᠭᠡ ᠴᠣᠭᠴᠠᠵᠢᠭᠤᠯᠤᠭᠰᠠᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠎ᠤᠨ ᠦᠢ᠍ᠯᠡᠴᠢᠯᠡᠭᠡᠨ᠎ᠤ ᠴᠢᠳᠠᠪᠤᠷᠢ ᠵᠢ ᠪᠦᠬᠦ ᠲᠠᠯ᠎ᠠ᠎ᠪᠠᠷ ᠳᠡᠭᠡᠭᠰᠢᠯᠡᠭᠦᠯᠬᠦ ᠵᠡᠷᠭᠡ 4 ᠲᠠᠯ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ 18 ᠵᠦᠢ᠍ᠯ᠎ᠤᠨ ᠡᠭᠦᠷᠭᠡ ᠵᠢᠨ 40 ᠵᠤᠷᠪᠤᠰ ᠪᠣᠳᠠᠲᠠᠢ ᠠᠷᠭ᠎ᠠ ᠬᠡᠮᠵᠢᠶ᠎ᠡ ᠵᠢ ᠳᠤᠷᠠᠳᠤᠭᠰᠠᠨ ᠪᠥᠭᠡᠳ ᠬᠠᠷᠢᠭᠤᠴᠠᠯᠭ᠎ᠠ ᠪᠠ ᠠᠵᠢᠯ᠎ᠤᠨ ᠬᠤᠪᠢᠶᠠᠷᠢᠯᠠᠯ᠎ᠢ ᠲᠣᠳᠣᠷᠬᠠᠶ᠋ᠢᠯᠠᠪᠠ᠃

     (ᠨᠢᠭᠡ) ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠷᠢᠮᠵᠢᠶᠠᠵᠢᠭᠤᠯᠤᠯᠲᠠ ᠵᠢ ᠠᠬᠢᠭᠤᠯᠬᠤ ᠲᠠᠯ᠎ᠠ᠎ᠪᠠᠷ᠂ ᠨᠢᠭᠡ᠎ᠳᠤ᠂ ᠦᠢ᠍ᠯᠡᠴᠢᠯᠡᠭᠡᠨ᠎ᠤ ᠵᠦᠢ᠍ᠯᠡᠰ᠎ᠢ ᠪᠠᠷᠢᠮᠵᠢᠶᠠᠵᠢᠭᠤᠯᠬᠤ ᠵᠢ ᠠᠬᠢᠭᠤᠯᠤᠨ᠎ᠠ᠃ ᠪᠦᠬᠦ ᠣᠷᠣᠨ᠎ᠤ ᠡᠯ᠎ᠡ ᠳᠡᠰ ᠳᠠᠪᠬᠤᠷᠭ᠎ᠠ ᠵᠢᠨ ᠠᠳᠠᠯᠢ ᠨᠢᠭᠡᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠤᠨ ᠭᠠᠷᠴᠠᠭ᠎ᠤᠨ ᠲᠣᠳᠣᠷᠬᠠᠢ ᠬᠠᠭᠤᠳᠠᠰᠤ ᠵᠢ ᠨᠢᠭᠡᠳᠦᠯᠲᠡᠢ ᠪᠠᠶ᠋ᠢᠯᠭ᠋ᠠᠬᠤ ᠵᠢ ᠠᠬᠢᠭᠤᠯᠵᠤ᠂ ᠬᠥᠳᠡᠯᠮᠦᠷᠢ ᠠᠵᠢᠯ ᠣᠯᠭᠣᠯᠲᠠ᠂ ᠨᠡᠶ᠋ᠢᠭᠡᠮ᠎ᠤᠨ ᠳᠠᠭ᠋ᠠᠳᠬᠠᠯ ᠵᠡᠷᠭᠡ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠵᠦᠢ᠍ᠯᠡᠰ᠎ᠤᠨ ᠭᠠᠷᠴᠠᠭ᠎ᠢ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠤᠨ ᠭᠠᠷᠴᠠᠭ᠎ᠲᠤ ᠨᠢᠭᠡᠳᠦᠯᠲᠡᠢ ᠣᠷᠣᠭᠤᠯᠵᠤ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠤᠨ ᠦᠨᠳᠦᠰᠦᠨ ᠭᠠᠷᠴᠠᠭ᠂ ᠬᠡᠷᠡᠭᠵᠢᠭᠦᠯᠬᠦ ᠲᠣᠳᠣᠷᠬᠠᠢ ᠬᠠᠭᠤᠳᠠᠰᠤ ᠵᠢ ᠬᠢᠨᠠᠨ ᠬᠠᠷᠭᠤᠭᠤᠯᠵᠤ ᠨᠡᠶ᠋ᠢᠲᠡᠯᠡᠬᠦ ᠪᠠ ᠬᠥᠳᠡᠯᠦᠩᠭᠦᠢ᠎ᠪᠠᠷ ᠬᠠᠮᠢᠶᠠᠷᠬᠤ ᠵᠢ ᠬᠡᠷᠡᠭᠵᠢᠭᠦᠯᠦᠨ᠎ᠡ᠃ ᠬᠣᠶᠠᠷ᠎ᠲᠤ᠂ ᠲᠣᠳᠣᠷᠬᠠᠢ ᠬᠠᠭᠤᠳᠠᠰᠤ ᠵᠢ ᠪᠠᠷᠢᠮᠵᠢᠶᠠᠵᠢᠭᠤᠯᠬᠤ ᠵᠢ ᠬᠡᠷᠡᠭᠵᠢᠭᠦᠯᠦᠨ᠎ᠡ᠃ ᠤᠯᠤᠰ ᠪᠠ ᠣᠷᠣᠨ ᠨᠤᠲᠤᠭ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠤᠨ ᠲᠣᠳᠣᠷᠬᠠᠢ ᠬᠠᠭᠤᠳᠠᠰᠤ ᠵᠢᠨ ᠴᠢᠬᠤᠯᠠ ᠡᠯᠧᠮᠧᠨ᠋ᠲ᠎ᠢ ᠨᠢᠭᠡᠳᠬᠡᠬᠦ ᠵᠢ ᠠᠬᠢᠭᠤᠯᠤᠨ᠎ᠠ᠃ ᠭᠤᠷᠪᠠ᠎ᠳᠤ᠂ ᠪᠠᠷᠢᠮᠵᠢᠶ᠎ᠠ ᠵᠢᠨ ᠲᠣᠭᠲᠠᠯᠴᠠᠭ᠎ᠠ ᠵᠢ ᠪᠦᠷᠢᠨᠰᠢᠭᠦᠯᠦᠨ᠎ᠡ᠃ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠬᠠᠷᠢᠭᠤᠴᠠᠯᠭ᠎ᠠ ᠪᠠ ᠪᠠᠷᠢᠮᠵᠢᠶ᠎ᠠ ᠵᠢᠨ ᠲᠣᠭᠲᠠᠯᠴᠠᠭ᠎ᠠ ᠵᠢ ᠵᠣᠬᠢᠶᠠᠨ ᠪᠠᠶ᠋ᠢᠭᠤᠯᠤᠨ ᠪᠦᠷᠢᠨᠰᠢᠭᠦᠯᠵᠦ᠂ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠂ ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ)᠂ ᠭᠠᠴᠠᠭ᠎ᠠ ᠲᠣᠰᠬᠣᠨ (ᠨᠡᠶ᠋ᠢᠭᠡᠮ ᠲᠣᠭᠣᠷᠢᠭ) ᠲᠠᠪᠤᠨ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠨᠡᠷᠡᠲᠦ ᠲᠡᠮᠳᠡᠭᠲᠦ ᠵᠢᠨ ᠳᠦᠷᠢ ᠲᠥᠷᠬᠦ᠂ ᠦᠢ᠍ᠯᠡᠴᠢᠯᠡᠭᠡᠨ᠎ᠤ ᠪᠠᠷᠢᠮᠵᠢᠶ᠎ᠠ᠂ ᠰᠢᠯᠭ᠋ᠠᠨ ᠬᠢᠨᠠᠬᠤ ᠪᠠᠷᠢᠮᠵᠢᠶ᠎ᠠ ᠵᠢ ᠨᠢᠭᠡᠳᠬᠡᠨ᠎ᠡ᠃

     (ᠬᠣᠶᠠᠷ) ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠢᠷᠤᠮᠵᠢᠭᠤᠯᠤᠯᠲᠠ ᠵᠢ ᠠᠬᠢᠭᠤᠯᠬᠤ ᠲᠠᠯ᠎ᠠ᠎ᠪᠠᠷ᠂ ᠨᠢᠭᠡ᠎ᠳᠤ᠂ ᠬᠢᠨᠠᠨ ᠵᠥᠪᠰᠢᠶᠡᠷᠡᠬᠦ ᠦᠢ᠍ᠯᠡᠴᠢᠯᠡᠭᠡ ᠵᠢ ᠵᠢᠷᠤᠮᠵᠢᠭᠤᠯᠤᠨ᠎ᠠ᠃ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠤᠨ ᠬᠡᠷᠡᠭᠵᠢᠭᠦᠯᠦᠯᠲᠡ ᠵᠢᠨ ᠲᠣᠳᠣᠷᠬᠠᠢ ᠬᠠᠭᠤᠳᠠᠰᠤ ᠵᠢ ᠴᠢᠩᠭ᠎ᠠ ᠵᠢᠷᠤᠮᠯᠠᠵᠤ ᠪᠠᠶ᠋ᠢᠭ᠋ᠠᠳ ᠠᠵᠢᠯ ᠶᠠᠪᠤᠳᠠᠯ ᠭᠦᠢ᠍ᠴᠡᠳᠬᠡᠬᠦ ᠦᠢ᠍ᠯᠡᠴᠢᠯᠡᠭᠡ ᠬᠠᠩᠭ᠋ᠠᠵᠤ᠂ ᠭᠦᠢ᠍ᠴᠡᠳᠬᠡᠬᠦ ᠭᠣᠭᠴᠣᠭ᠎ᠠ ᠪᠠ ᠭᠤᠶᠤᠴᠢᠯᠠᠬᠤ ᠮᠠᠲ᠋ᠧᠷᠢᠶᠠᠯ᠎ᠢ ᠢᠯᠡᠭᠦᠴᠡ ᠨᠡᠮᠡᠬᠦ ᠪᠤᠶᠤ ᠬᠡᠯᠪᠡᠷᠢ ᠵᠢ᠎ᠨᠢ ᠥᠭᠡᠷᠡᠲᠦᠭᠦᠯᠦᠨ ᠨᠡᠮᠡᠵᠦ ᠪᠣᠯᠬᠤ ᠦᠭᠡᠢ᠃ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠰᠦᠯᠵᠢᠶᠡᠨ ᠳᠡᠭᠡᠷᠡᠬᠢ ᠵᠠᠭᠤᠴᠢ ᠦᠢ᠍ᠯᠡᠴᠢᠯᠡᠭᠡᠨ᠎ᠤ ᠬᠡᠲᠦ ᠳᠡᠯᠭᠡᠭᠦᠷ᠎ᠢ ᠰᠦᠯᠵᠢᠶᠡᠨ᠎ᠳᠤ ᠨᠡᠪᠲᠡᠷᠡᠭᠦᠯᠬᠦ ᠵᠢ ᠠᠬᠢᠭᠤᠯᠵᠤ᠂ ᠦᠢ᠍ᠯᠡᠴᠢᠯᠡᠭᠡᠨ᠎ᠤ ᠵᠦᠭᠯᠡᠭᠦᠷ᠎ᠢ ᠢᠯᠡ ᠪᠣᠯᠭ᠋ᠠᠨ᠂ ᠦᠢ᠍ᠯᠡᠴᠢᠯᠡᠭᠡᠨ᠎ᠤ ᠨᠥᠬᠥᠴᠡᠯ᠂ ᠴᠤᠪᠤᠷᠠᠯ᠂ ᠴᠠᠭ᠎ᠤᠨ ᠬᠢᠵᠠᠭ᠋ᠠᠷ ᠪᠠ ᠰᠦᠢ᠍ᠳᠬᠡᠯ ᠬᠤᠷᠢᠶᠠᠬᠤ ᠪᠠᠷᠢᠮᠵᠢᠶ᠎ᠠ ᠵᠡᠷᠭᠡ ᠬᠦᠴᠦᠨ ᠵᠦᠢ᠍ᠯ᠎ᠢ ᠲᠣᠳᠣᠷᠬᠠᠶ᠋ᠢᠯᠠᠵᠤ᠂ ᠠᠵᠤ ᠠᠬᠤᠶ᠋ᠢᠯᠠᠯ᠎ᠢ ᠠᠯᠪᠠᠳᠠᠵᠤ ᠪᠠᠶ᠋ᠢᠭ᠋ᠠᠳ ᠣᠨᠴᠠ ᠲᠣᠭᠲᠠᠭᠰᠠᠨ ᠵᠠᠭᠤᠴᠢ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢ ᠰᠣᠩᠭᠣᠭᠤᠯᠵᠤ ᠪᠣᠯᠬᠤ ᠦᠭᠡᠢ᠃ ᠬᠣᠶᠠᠷ᠎ᠲᠤ᠂ ᠦᠢ᠍ᠯᠡᠴᠢᠯᠡᠭᠡᠨ᠎ᠤ ᠲᠠᠯᠠᠪᠤᠷ᠎ᠢ ᠵᠢᠷᠤᠮᠵᠢᠭᠤᠯᠤᠨ᠎ᠠ᠃ ᠡᠯ᠎ᠡ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠯᠠᠪᠤᠷ᠎ᠢ ᠪᠦᠬᠦᠨ᠎ᠢ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠥᠪ᠂ ᠠᠷᠠᠳ᠎ᠲᠤ ᠳᠥᠭᠥᠮ ᠦᠵᠡᠭᠦᠯᠬᠦ ᠦᠢ᠍ᠯᠡᠴᠢᠯᠡᠭᠡᠨ᠎ᠤ ᠲᠥᠪ (ᠥᠷᠲᠡᠭᠡ) ᠪᠣᠯᠭ᠋ᠠᠵᠤ᠂ ᠠᠵᠢᠯ ᠶᠠᠪᠤᠳᠠᠯ ᠭᠦᠢ᠍ᠴᠡᠳᠬᠡᠬᠦ ᠦᠢ᠍ᠯᠡᠴᠢᠯᠡᠭᠡ ᠵᠢ ᠲᠥᠪᠯᠡᠷᠡᠭᠦᠯᠦᠨ ᠬᠠᠩᠭ᠋ᠠᠵᠤ᠂ ᠦᠢ᠍ᠯᠡᠴᠢᠯᠡᠭᠡᠨ᠎ᠤ ᠴᠣᠩᠬᠣᠪᠴᠢ ᠵᠢ ᠵᠣᠬᠢᠰᠲᠠᠢ ᠲᠣᠬᠢᠷᠠᠭᠤᠯᠤᠨ᠂ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ) ᠭᠤᠷᠪᠠᠨ ᠱᠠᠲᠤᠨ᠎ᠤ 《ᠶᠡᠷᠦᠩᠬᠡᠶ᠋ᠢᠯᠡᠭᠰᠡᠨ ᠨᠢᠭᠡ ᠴᠣᠩᠬᠣᠪᠴᠢ》 ᠵᠢ ᠪᠦᠬᠦᠨ᠎ᠢ ᠬᠠᠮᠤᠷᠤᠭᠤᠯᠬᠤ ᠵᠢ ᠪᠡᠶᠡᠯᠡᠭᠦᠯᠦᠨ᠎ᠡ᠃ ᠭᠤᠷᠪᠠ᠎ᠳᠤ᠂ ᠰᠦᠯᠵᠢᠶᠡᠨ ᠳᠡᠭᠡᠷᠡᠬᠢ ᠦᠢ᠍ᠯᠡᠴᠢᠯᠡᠭᠡ ᠵᠢ ᠵᠢᠷᠤᠮᠵᠢᠭᠤᠯᠤᠨ᠎ᠠ᠃ ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠢ᠍ᠴᠡᠳᠬᠡᠬᠦ ᠣᠷᠣᠴᠠ ᠵᠢ ᠨᠢᠭᠡᠳᠦᠯᠲᠡᠢ ᠲᠥᠯᠥᠪᠯᠡᠵᠦ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠨᠢᠭᠡᠳᠦᠯᠲᠡᠢ ᠬᠠᠩᠭ᠋ᠠᠵᠤ᠂ ᠰᠦᠯᠵᠢᠶᠡᠨ ᠳᠡᠭᠡᠷ᠎ᠡ ᠠᠵᠢᠯ ᠶᠠᠪᠤᠳᠠᠯ ᠰᠢᠢ᠍ᠳᠪᠦᠷᠢᠯᠡᠬᠦ᠎ᠳᠤ 《ᠨᠢᠭᠡ ᠯᠡ ᠤᠳᠠᠭ᠎ᠠ᠎ᠳᠤ ᠳᠠᠩᠰᠠᠯᠠᠭᠤᠯᠬᠤ᠂ ᠤᠯᠠᠨ ᠴᠡᠭ᠎ᠲᠤ ᠬᠠᠷᠢᠯᠴᠠᠨ ᠮᠡᠳᠡᠷᠡᠬᠦ᠂ ᠪᠦᠬᠦ ᠰᠦᠯᠵᠢᠶ᠎ᠡ᠎ᠳᠤ ᠨᠡᠶ᠋ᠢᠳᠡᠮ ᠨᠡᠪᠲᠡᠷᠡᠭᠦᠯᠬᠦ》 ᠵᠢ ᠪᠡᠶᠡᠯᠡᠭᠦᠯᠦᠨ᠎ᠡ᠃ ᠬᠥᠬᠡᠬᠣᠲᠠ᠂ ᠪᠤᠭᠤᠲᠤ᠂ ᠣᠷᠳᠣᠰ᠂ ᠤᠯᠠᠭ᠋ᠠᠨᠴᠠᠪ᠎ᠲᠤ 《ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ᠎ᠳᠤ ᠣᠷᠣᠬᠤ ᠶᠠᠪᠤᠳᠠᠯ》᠎ᠤᠨ ᠲᠤᠷᠰᠢᠯᠲᠠ ᠵᠢ ᠥᠷᠨᠢᠭᠦᠯᠵᠦ᠂ ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠢ᠍ᠴᠡᠳᠬᠡᠬᠦ ᠴᠢᠳᠠᠮᠵᠢ ᠵᠢ ᠨᠡᠮᠡᠭᠳᠡᠭᠦᠯᠦᠨ᠎ᠡ᠃ ᠳᠥᠷᠪᠡ᠎ᠳᠤ᠂ ᠰᠦᠯᠵᠢᠶᠡᠨ ᠳᠡᠭᠡᠷᠡᠬᠢ ᠪᠠ ᠰᠦᠯᠵᠢᠶᠡᠨ᠎ᠠᠴᠠ ᠭᠠᠳᠠᠨᠠᠬᠢ ᠦᠢ᠍ᠯᠡᠴᠢᠯᠡᠭᠡ ᠵᠢ ᠵᠢᠷᠤᠮᠵᠢᠭᠤᠯᠤᠨ᠎ᠠ᠃ ᠰᠦᠯᠵᠢᠶᠡᠨ ᠳᠡᠭᠡᠷ᠎ᠡ ᠪᠠ ᠰᠦᠯᠵᠢᠶᠡᠨ᠎ᠠᠴᠠ ᠭᠠᠳᠠᠨ᠎ᠠ ᠵᠡᠷᠭᠡ᠎ᠳᠤ᠎ᠨᠢ ᠦᠢ᠍ᠯᠡᠴᠢᠯᠡᠵᠦ᠂ ᠭᠤᠶᠤᠴᠢᠯᠠᠭᠴᠢ ᠰᠦᠯᠵᠢᠶᠡᠨ᠎ᠠᠴᠠ ᠭᠠᠳᠠᠨ᠎ᠠ ᠲᠤᠬᠠᠶ᠋ᠢᠯᠠᠭᠰᠠᠨ ᠠᠵᠢᠯ ᠵᠶ᠋ᠠᠨ ᠭᠦᠢ᠍ᠴᠡᠳᠬᠡᠬᠦ᠎ᠳᠤ᠎ᠪᠠᠨ᠂ ᠭᠤᠶᠤᠴᠢᠯᠠᠬᠤ ᠮᠠᠲ᠋ᠧᠷᠢᠶᠠᠯ᠎ᠢ ᠤᠷᠢᠳ ᠵᠶ᠋ᠠᠷ ᠰᠦᠯᠵᠢᠶᠡᠨ ᠳᠡᠭᠡᠷ᠎ᠡ᠎ᠠᠴᠠ ᠪᠣᠯᠵᠣᠬᠤ ᠪᠤᠶᠤ ᠰᠦᠯᠵᠢᠶᠡᠨ ᠳᠡᠭᠡᠷ᠎ᠡ ᠲᠤᠰᠢᠶᠠᠯᠭ᠋ᠠᠬᠤ᠎ᠪᠠᠷ ᠠᠯᠪᠠᠳᠠᠵᠤ ᠪᠣᠯᠬᠤ ᠦᠭᠡᠢ᠂ ᠠᠵᠤ ᠠᠬᠤᠶ᠋ᠢᠯᠠᠯ ᠪᠠ ᠣᠯᠠᠨ ᠲᠦᠮᠡᠨ ᠭᠦᠢ᠍ᠴᠡᠳᠬᠡᠬᠦ ᠠᠷᠭ᠎ᠠ ᠵᠠᠮ ᠵᠶ᠋ᠠᠨ ᠡᠵᠡᠨ ᠮᠡᠳᠡᠨ ᠰᠣᠩᠭᠣᠵᠤ᠂ ᠢᠯᠭ᠋ᠠᠭ᠎ᠠ ᠦᠭᠡᠢ ᠬᠦᠯᠢᠶᠡᠨ ᠠᠪᠴᠤ ᠰᠢᠢ᠍ᠳᠪᠦᠷᠢᠯᠡᠬᠦ᠂ ᠠᠳᠠᠯᠢ ᠪᠠᠷᠢᠮᠵᠢᠶ᠎ᠠ᠎ᠪᠠᠷ ᠭᠦᠢ᠍ᠴᠡᠳᠬᠡᠬᠦ ᠵᠢ ᠪᠡᠶᠡᠯᠡᠭᠦᠯᠬᠦ ᠬᠡᠷᠡᠭᠲᠡᠢ᠃ ᠲᠠᠪᠤ᠎ᠳᠤ᠂ ᠦᠨᠡᠯᠡᠨ ᠵᠢᠱ᠌ᠢᠯᠲᠡ ᠥᠷᠨᠢᠭᠦᠯᠬᠦ ᠵᠢ ᠵᠢᠷᠤᠮᠵᠢᠭᠤᠯᠤᠨ᠎ᠠ᠃ ᠡᠯ᠎ᠡ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ᠂ ᠲᠠᠪᠴᠠᠩ᠂ ᠠᠷᠠᠳ᠎ᠲᠤ ᠳᠥᠭᠥᠮ ᠦᠵᠡᠭᠦᠯᠬᠦ ᠬᠠᠯᠠᠮᠰᠢᠯ ᠤᠲᠠᠰᠤ ᠵᠢ ᠭᠦᠢ᠍ᠴᠡᠳ ᠠᠰᠢᠭᠯᠠᠨ᠂ 《ᠰᠠᠶ᠋ᠢᠨ ᠮᠠᠭᠤ ᠦᠨᠡᠯᠡᠯᠲᠡ》 ᠵᠢᠨ ᠠᠵᠢᠯ᠎ᠢ ᠪᠦᠬᠦ ᠲᠠᠯ᠎ᠠ᠎ᠪᠠᠷ ᠥᠷᠨᠢᠭᠦᠯᠦᠨ᠎ᠡ᠃

     (ᠭᠤᠷᠪᠠ) ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠳᠥᠭᠥᠮᠴᠢᠯᠡᠯᠲᠡ ᠵᠢ ᠠᠬᠢᠭᠤᠯᠬᠤ ᠲᠠᠯ᠎ᠠ᠎ᠪᠠᠷ᠂ ᠨᠢᠭᠡ᠎ᠳᠤ᠂ ᠦᠢ᠍ᠯᠡᠴᠢᠯᠡᠭᠡᠨ᠎ᠤ ᠵᠦᠢ᠍ᠯᠡᠰ᠎ᠢ ᠲᠥᠪᠯᠡᠷᠡᠭᠦᠯᠦᠨ ᠭᠦᠢ᠍ᠴᠡᠳᠬᠡᠬᠦ ᠵᠢ ᠠᠬᠢᠭᠤᠯᠤᠨ᠎ᠠ᠃ 《ᠨᠢᠭᠡ ᠬᠦᠰᠦᠨᠦᠭᠲᠦ ᠬᠠᠭᠤᠳᠠᠰᠤ》᠎ᠪᠠᠷ ᠭᠤᠶᠤᠴᠢᠯᠠᠬᠤ᠂ 《ᠨᠢᠭᠡ ᠢᠵᠢ ᠮᠠᠲ᠋ᠧᠷᠢᠶᠠᠯ》᠎ᠢ ᠬᠦᠯᠢᠶᠡᠨ ᠠᠪᠴᠤ ᠰᠢᠢ᠍ᠳᠪᠦᠷᠢᠯᠡᠬᠦ ᠵᠠᠭᠪᠤᠷ᠎ᠢ ᠪᠦᠬᠦ ᠲᠠᠯ᠎ᠠ᠎ᠪᠠᠷ ᠬᠡᠷᠡᠭᠵᠢᠭᠦᠯᠵᠦ᠂ 《ᠨᠢᠭᠡ ᠯᠡ ᠤᠳᠠᠭ᠎ᠠ᠎ᠳᠤ ᠭᠦᠢ᠍ᠴᠡᠳᠬᠡᠬᠦ》 ᠦᠢ᠍ᠯᠡᠴᠢᠯᠡᠭᠡᠨ᠎ᠤ ᠲᠤᠰᠬᠠᠢ ᠣᠷᠣᠨ᠎ᠢ ᠳᠡᠰ ᠳᠡᠪᠰᠢᠭᠦᠯᠦᠨ᠂ ᠮᠠᠲ᠋ᠧᠷᠢᠶᠠᠯ᠎ᠢ ᠰᠦᠯᠵᠢᠶᠡᠨ ᠳᠡᠭᠡᠷ᠎ᠡ ᠲᠤᠰᠢᠶᠠᠬᠤ᠂ ᠴᠣᠩᠬᠣᠪᠴᠢ ᠵᠢᠨ ᠠᠵᠢᠯᠲᠠᠨ᠎ᠤ ᠬᠦᠯᠢᠶᠡᠨ ᠠᠪᠴᠤ ᠰᠢᠢ᠍ᠳᠪᠦᠷᠢᠯᠡᠬᠦ ᠴᠢᠳᠠᠮᠵᠢ ᠵᠢ ᠪᠡᠶᠡᠯᠡᠭᠦᠯᠦᠨ᠎ᠡ᠃ ᠬᠣᠶᠠᠷ᠎ᠲᠤ᠂ 《ᠦᠨᠡᠮᠯᠡᠯ ᠦᠭᠡᠢ᠎ᠪᠠᠷ ᠭᠦᠢ᠍ᠴᠡᠳᠬᠡᠬᠦ》 ᠦᠢ᠍ᠯᠡᠴᠢᠯᠡᠭᠡ ᠵᠢ ᠳᠡᠯᠭᠡᠷᠡᠭᠦᠯᠦᠨ᠎ᠡ᠃   ᠡᠯᠸᠺᠲᠷᠣᠨ ᠦᠨᠡᠮᠯᠡᠯ᠎ᠤᠨ ᠬᠡᠷᠡᠭᠯᠡᠭᠡᠨ᠎ᠤ ᠬᠦᠷᠢᠶ᠎ᠡ ᠵᠢ ᠥᠷᠭᠡᠳᠬᠡᠬᠦ ᠵᠢ ᠠᠬᠢᠭᠤᠯᠵᠤ᠂ ᠡᠯᠺᠳ᠋ᠷᠣᠨ ᠦᠨᠡᠮᠯᠡᠯ ᠪᠣᠯᠤᠨ ᠴᠠᠭ᠋ᠠᠰᠤᠨ ᠦᠨᠡᠮᠯᠡᠯ᠎ᠤᠨ ᠠᠳᠠᠯᠢᠬᠠᠨ ᠬᠦᠴᠦᠨ᠎ᠲᠠᠢ ᠪᠠᠶ᠋ᠢᠬᠤ ᠵᠢ ᠲᠣᠳᠣᠷᠬᠠᠶ᠋ᠢᠯᠠᠵᠤ᠂ ᠴᠤᠭᠯᠠᠭᠤᠯᠤᠭᠰᠠᠨ ᠡᠯᠺᠳ᠋ᠷᠣᠨ ᠦᠨᠡᠮᠯᠡᠯ ᠵᠶ᠋ᠠᠷ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ ᠭᠦᠢ᠍ᠴᠡᠳᠬᠡᠬᠦ᠎ᠳᠤ ᠪᠣᠳᠠᠲᠠᠢ ᠦᠨᠡᠮᠯᠡᠯ ᠲᠤᠰᠢᠶᠠᠬᠤ᠎ᠠᠴᠠ ᠬᠡᠯᠲᠦᠷᠢᠭᠦᠯᠬᠦ ᠵᠢ ᠳᠡᠮᠵᠢᠨ᠎ᠡ᠃ ᠭᠤᠷᠪᠠ᠎ᠳᠤ᠂ 《ᠣᠶ᠋ᠢᠷ᠎ᠠ ᠬᠠᠪᠢ᠎ᠳᠤ᠎ᠪᠠᠨ ᠭᠦᠢ᠍ᠴᠡᠳᠬᠡᠬᠦ》 ᠵᠢ ᠶᠡᠬᠡ᠎ᠪᠠᠷ ᠬᠡᠷᠡᠭᠵᠢᠭᠦᠯᠦᠨ᠎ᠡ᠃ ᠥᠪᠡᠰᠦᠪᠡᠨ ᠦᠢ᠍ᠯᠡᠴᠢᠯᠡᠬᠦ ᠲᠡᠭᠦᠰᠬᠡᠯ ᠦᠵᠦᠭᠦᠷ᠎ᠢ ᠭᠠᠴᠠᠭ᠎ᠠ ᠲᠣᠰᠬᠣᠨ (ᠨᠡᠶ᠋ᠢᠭᠡᠮ ᠲᠣᠭᠣᠷᠢᠭ)᠂ ᠬᠦᠷᠢᠶᠡᠯᠡᠩ ᠲᠣᠭᠣᠷᠢᠭ᠂ ᠬᠤᠳᠠᠯᠳᠤᠭ᠋ᠠᠨ᠎ᠤ ᠲᠠᠯᠠᠪᠤᠷ᠂ ᠠᠰᠠᠷ ᠲᠠᠭᠲᠤ ᠵᠡᠷᠭᠡ ᠲᠠᠯᠠᠪᠤᠷ ᠲᠡᠶ᠋ᠢᠰᠢ ᠳᠡᠯᠭᠡᠷᠡᠭᠦᠯᠬᠦ ᠵᠢ ᠠᠬᠢᠭᠤᠯᠵᠤ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠢ 《ᠣᠶ᠋ᠢᠷ᠎ᠠ ᠬᠠᠪᠢ᠎ᠳᠤ᠎ᠪᠠᠨ ᠭᠦᠢ᠍ᠴᠡᠳᠬᠡᠬᠦ᠂ ᠡᠭᠦᠳᠡᠨ ᠡᠮᠦᠨ᠎ᠡ᠎ᠪᠠᠨ ᠭᠦᠢ᠍ᠴᠡᠳᠬᠡᠬᠦ》 ᠵᠢ ᠪᠡᠶᠡᠯᠡᠭᠦᠯᠦᠨ᠎ᠡ᠃ ᠡᠮᠴᠢᠯᠡᠭᠡ ᠡᠷᠡᠭᠦᠯ ᠬᠠᠮᠠᠭ᠋ᠠᠯᠠᠯ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ ᠵᠡᠷᠭᠡ ᠵᠦᠢ᠍ᠯᠡᠰ᠎ᠢ ᠨᠠᠶ᠋ᠢᠳᠠᠨ ᠬᠦᠯᠢᠶᠡᠨ ᠠᠪᠴᠤ ᠰᠢᠢ᠍ᠳᠪᠦᠷᠢᠯᠡᠬᠦ᠂ ᠡᠷᠬᠡ ᠣᠯᠭᠣᠵᠤ ᠭᠦᠢ᠍ᠴᠡᠳᠬᠡᠬᠦ᠂ ᠬᠠᠪᠰᠤᠷᠤᠨ ᠭᠦᠢ᠍ᠴᠡᠳᠬᠡᠵᠦ ᠣᠷᠣᠯᠠᠨ ᠭᠦᠢ᠍ᠴᠡᠳᠬᠡᠬᠦ ᠵᠡᠷᠭᠡ ᠠᠷᠭ᠎ᠠ᠎ᠪᠠᠷ ᠦᠨᠳᠦᠰᠦᠨ ᠱᠠᠲᠤᠨ᠎ᠤ ᠠᠷᠠᠳ᠎ᠲᠤ ᠳᠥᠭᠥᠮ ᠦᠵᠡᠭᠦᠯᠬᠦ ᠦᠢ᠍ᠯᠡᠴᠢᠯᠡᠭᠡᠨ᠎ᠤ ᠲᠥᠪ (ᠥᠷᠲᠡᠭᠡ)᠎ᠲᠤ ᠬᠦᠷᠴᠦ ᠭᠦᠢ᠍ᠴᠡᠳᠬᠡᠬᠦ ᠵᠢ ᠠᠬᠢᠭᠤᠯᠤᠨ᠎ᠠ᠃ ᠳᠥᠷᠪᠡ᠎ᠳᠤ᠂ 《ᠰᠦᠯᠵᠢᠶᠡᠨ ᠳᠡᠭᠡᠷ᠎ᠡ ᠭᠦᠢ᠍ᠴᠡᠳᠬᠡᠬᠦ᠂ ᠠᠯᠠᠭ᠋ᠠᠨ ᠳᠡᠭᠡᠷ᠎ᠡ᠎ᠪᠠᠨ ᠭᠦᠢ᠍ᠴᠡᠳᠬᠡᠬᠦ》 ᠵᠢ ᠠᠬᠢᠭᠤᠯᠤᠨ᠎ᠠ᠃ ᠠᠵᠤ ᠠᠬᠤᠶ᠋ᠢᠯᠠᠯ ᠪᠠ ᠣᠯᠠᠨ ᠲᠦᠮᠡᠨ᠎ᠤ ᠦᠷᠭᠦᠯᠵᠢ ᠭᠦᠢ᠍ᠴᠡᠳᠬᠡᠳᠡᠭ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ 《ᠠᠯᠠᠭ᠋ᠠᠨ ᠳᠡᠭᠡᠷ᠎ᠡ᠎ᠪᠠᠨ ᠭᠦᠢ᠍ᠴᠡᠳᠬᠡᠬᠦ᠂ ᠬᠤᠷᠤᠭᠤ᠎ᠪᠠᠷ ᠵᠶ᠋ᠠᠨ ᠭᠦᠢ᠍ᠴᠡᠳᠬᠡᠬᠦ》 ᠵᠢ ᠠᠬᠢᠭᠤᠯᠤᠨ᠎ᠠ᠃ ᠲᠠᠪᠤ᠎ᠳᠤ᠂ ᠮᠡᠳᠡᠭᠳᠡᠵᠦ ᠠᠮᠠᠯᠠᠬᠤ ᠳᠦᠷᠢᠮ ᠪᠣᠯᠤᠨ ᠳᠤᠲᠠᠭᠤ ᠵᠢ ᠬᠦᠯᠢᠶᠡᠨ ᠠᠪᠴᠤ ᠰᠢᠢ᠍ᠳᠪᠦᠷᠢᠯᠡᠬᠦ ᠦᠢ᠍ᠯᠡᠴᠢᠯᠡᠭᠡᠨ᠎ᠤ ᠵᠠᠭᠪᠤᠷ᠎ᠢ ᠬᠡᠷᠡᠭᠵᠢᠭᠦᠯᠦᠨ᠎ᠡ᠃ ᠮᠡᠳᠡᠭᠳᠡᠵᠦ ᠠᠮᠠᠯᠠᠬᠤ ᠳᠦᠷᠢᠮ ᠪᠠ ᠳᠤᠲᠠᠭᠤᠳᠠᠭᠰᠠᠨ᠎ᠢ ᠬᠦᠯᠢᠶᠡᠨ ᠠᠪᠴᠤ ᠰᠢᠢ᠍ᠳᠪᠦᠷᠢᠯᠡᠬᠦ ᠠᠷᠭ᠎ᠠ ᠵᠢ ᠬᠡᠷᠡᠭᠯᠡᠵᠦ ᠪᠣᠯᠬᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ ᠡᠮᠬᠢᠯᠡᠨ ᠲᠢᠭᠯᠡᠵᠦ᠂ ᠨᠡᠶ᠋ᠢᠭᠡᠮ᠎ᠳᠤ ᠨᠢᠭᠡᠳᠦᠯᠲᠡᠢ ᠨᠡᠶ᠋ᠢᠲᠡᠯᠡᠨ᠎ᠡ᠃ ᠵᠢᠷᠭᠤᠭ᠎ᠠ᠎ᠳᠤ᠂ ᠣᠶᠤᠨᠴᠢᠯᠠᠭᠰᠠᠨ ᠣᠨᠣᠪᠴᠢᠲᠠᠢ ᠥᠪᠡᠷᠮᠢᠴᠡ ᠣᠨᠴᠠᠯᠢᠭ ᠪᠦᠬᠦᠢ ᠦᠢ᠍ᠯᠡᠴᠢᠯᠡᠭᠡᠨ᠎ᠤ ᠲᠦᠪᠰᠢᠨ᠎ᠢ ᠳᠡᠭᠡᠭᠰᠢᠯᠡᠭᠦᠯᠦᠨ᠎ᠡ᠃ 《ᠨᠢᠭᠡ ᠠᠵᠤ ᠠᠬᠤᠶ᠋ᠢᠯᠠᠯ᠎ᠳᠤ ᠨᠢᠭᠡ ᠳᠠᠩᠰᠠ ᠪᠠᠶ᠋ᠢᠭᠤᠯᠬᠤ》 《ᠨᠢᠭᠡ ᠬᠥᠮᠦᠨ᠎ᠳᠤ ᠨᠢᠭᠡ ᠳᠠᠩᠰᠠ ᠪᠠᠶ᠋ᠢᠭᠤᠯᠬᠤ》 ᠵᠢ ᠲᠡᠭᠦᠯᠳᠡᠷᠵᠢᠭᠦᠯᠵᠦ᠂ ᠬᠣᠶᠠᠷ ᠬᠡᠮᠵᠢᠯᠳᠦ ᠺᠣᠳ᠋᠂ ᠲᠣᠭ᠋ᠠᠴᠢᠯᠠᠭᠰᠠᠨ ᠨᠡᠷ᠎ᠡ ᠵᠢᠨ ᠬᠠᠭᠤᠳᠠᠰᠤ ᠵᠡᠷᠭᠡ ᠠᠬᠤᠢ ᠲᠠᠯᠠᠪᠠᠢ ᠵᠢᠨ ᠬᠡᠷᠡᠭᠯᠡᠯᠲᠡ ᠵᠢ ᠵᠢᠷᠤᠮᠵᠢᠭᠤᠯᠤᠨ ᠥᠷᠭᠡᠳᠬᠡᠵᠦ᠂ ᠥᠪᠡᠷᠮᠢᠴᠡ ᠨᠠᠷᠢᠯᠢᠭ ᠣᠨᠣᠴᠠᠲᠠᠢ ᠦᠢ᠍ᠯᠡᠴᠢᠯᠡᠭᠡ ᠵᠢ ᠪᠡᠶᠡᠯᠡᠭᠦᠯᠦᠨ᠎ᠡ᠃ ᠳᠣᠯᠣᠭ᠎ᠠ᠎ᠳᠤ᠂ ᠳᠥᠭᠥᠮ ᠦᠵᠡᠭᠦᠯᠬᠦ ᠨᠡᠩ ᠣᠯᠠᠨ ᠦᠢ᠍ᠯᠡᠴᠢᠯᠡᠭᠡ ᠵᠢ ᠬᠠᠩᠭ᠋ᠠᠨ᠎ᠠ᠃ ᠨᠡᠶ᠋ᠢᠭᠡᠮ᠎ᠤᠨ ᠦᠢ᠍ᠯᠡᠴᠢᠯᠡᠭᠡ᠂ ᠨᠡᠶ᠋ᠢᠭᠡᠮ᠎ᠤᠨ ᠳᠠᠭ᠋ᠠᠳᠬᠠᠯ᠂ ᠡᠮᠴᠢᠯᠡᠭᠡ ᠡᠷᠡᠭᠦᠯ ᠬᠠᠮᠠᠭ᠋ᠠᠯᠠᠯ ᠵᠡᠷᠭᠡ ᠣᠯᠠᠨ ᠲᠦᠮᠡᠨ᠎ᠤ ᠦᠢ᠍ᠯᠡᠳᠪᠦᠷᠢᠯᠡᠯ ᠠᠮᠢᠳᠤᠷᠠᠯ᠎ᠯᠤᠭ᠎ᠠ ᠨᠢᠭᠲᠠ ᠬᠣᠯᠪᠣᠭ᠎ᠠ᠎ᠲᠠᠢ ᠭᠣᠣᠯᠳᠠᠯᠭ᠎ᠠ᠎ᠲᠠᠢ ᠬᠦᠷᠢᠶᠡᠨ᠎ᠳᠤ᠂ 《ᠡᠷᠲᠡ ᠣᠷᠣᠢ ᠬᠠᠷᠢᠮᠠᠬᠠᠢ ᠴᠢᠨᠠᠷᠲᠠᠢ᠎ᠪᠠᠷ ᠭᠦᠢ᠍ᠴᠡᠳᠬᠡᠬᠦ》 《ᠦᠳᠡ᠎ᠳᠤ ᠲᠠᠰᠤᠯᠳᠠᠭᠤᠯᠬᠤ ᠦᠭᠡᠢ》 《ᠭᠠᠷᠠᠭ᠎ᠤᠨ ᠰᠡᠭᠦᠯᠴᠢ᠎ᠳᠤ ᠠᠮᠠᠷᠠᠬᠤ ᠦᠭᠡᠢ》 ᠵᠡᠷᠭᠡ ᠴᠠᠭ᠎ᠢ ᠤᠷᠲᠤᠳᠬᠠᠬᠤ ᠦᠢ᠍ᠯᠡᠴᠢᠯᠡᠭᠡ ᠬᠠᠩᠭ᠋ᠠᠵᠤ᠂ ᠨᠠᠰᠤᠲᠠᠶ᠋ᠢᠴᠤᠳ᠂ ᠵᠡᠮᠳᠡᠭᠴᠦᠳ ᠵᠡᠷᠭᠡ ᠣᠨᠴᠠᠭ᠋ᠠᠢ ᠬᠥᠮᠦᠰ᠎ᠲᠤ ᠳᠥᠭᠥᠮ ᠦᠵᠡᠭᠦᠯᠬᠦ ᠦᠢ᠍ᠯᠡᠴᠢᠯᠡᠭᠡ ᠬᠠᠩᠭ᠋ᠠᠨ᠎ᠠ᠃

     (ᠳᠥᠷᠪᠡ) ᠪᠦᠬᠦ ᠣᠷᠣᠨ᠎ᠤ ᠨᠢᠭᠡ ᠴᠣᠭᠴᠠᠵᠢᠭᠤᠯᠤᠭᠰᠠᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠎ᠤᠨ ᠦᠢ᠍ᠯᠡᠴᠢᠯᠡᠭᠡᠨ᠎ᠤ ᠴᠢᠳᠠᠪᠤᠷᠢ ᠵᠢ ᠪᠦᠬᠦ ᠲᠠᠯ᠎ᠠ᠎ᠪᠠᠷ ᠳᠡᠭᠡᠭᠰᠢᠯᠡᠭᠦᠯᠦᠨ᠎ᠡ᠃ ᠨᠢᠭᠡ᠎ᠳᠤ᠂ ᠪᠦᠬᠦ ᠣᠷᠣᠨ᠎ᠤ ᠲᠠᠪᠴᠠᠩ᠎ᠤᠨ ᠪᠠᠶ᠋ᠢᠭᠤᠯᠤᠯᠲᠠ ᠵᠢ ᠨᠢᠭᠡᠳᠦᠯᠲᠡᠢ ᠲᠥᠯᠥᠪᠵᠢᠭᠦᠯᠬᠦ ᠵᠢ ᠴᠢᠩᠭ᠋ᠠᠳᠬᠠᠨ᠎ᠠ᠃ 《ᠢᠨᠲ᠋ᠧᠷ ᠰᠦᠯᠵᠢᠶ᠎ᠡ + ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ》 2.0 ᠲᠥᠷᠥᠯ ᠵᠦᠢ᠍ᠯ᠎ᠢ ᠬᠡᠷᠡᠭᠵᠢᠭᠦᠯᠵᠦ᠂ 《ᠤᠶᠤᠨᠲᠤ ᠵᠠᠰᠠᠭ᠎ᠤᠨ ᠶᠠᠪᠤᠳᠠᠯ》᠎ᠤᠨ ᠬᠡᠷᠡᠭᠯᠡᠭᠡᠨ᠎ᠤ ᠰᠢᠰᠲ᠋ᠧᠮ᠎ᠢ ᠪᠠᠶ᠋ᠢᠭᠤᠯᠵᠤ᠂ ᠤᠯᠤᠰ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠎ᠲᠠᠢ ᠪᠦᠬᠦ ᠲᠠᠯ᠎ᠠ᠎ᠪᠠᠷ ᠵᠣᠯᠭ᠋ᠠᠭᠤᠯᠤᠨ ᠠᠭᠤᠰᠤᠯᠴᠠᠭᠤᠯᠤᠨ᠎ᠠ᠃ ᠡᠯ᠎ᠡ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠎ᠤᠨ ᠠᠮᠤᠷ ᠲᠦᠪᠰᠢᠨ᠎ᠤ ᠪᠠᠲᠤᠯᠠᠭ᠎ᠠ ᠵᠢᠨ ᠰᠢᠰᠲ᠋ᠧᠮ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠠᠮᠤᠷ ᠲᠦᠪᠰᠢᠨ᠎ᠤ ᠬᠠᠮᠢᠶᠠᠷᠤᠯᠲᠠ ᠵᠢᠨ ᠭᠣᠣᠯ ᠴᠣᠭᠴᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠨ᠎ᠠ᠃ ᠬᠣᠶᠠᠷ᠎ᠲᠤ᠂ ᠲᠠᠪᠴᠠᠩ᠎ᠤᠨ ᠣᠯᠠᠨ ᠨᠡᠶ᠋ᠢᠲᠡ ᠵᠢᠨ ᠲᠤᠯᠭ᠋ᠠᠭᠤᠷᠢᠯᠠᠯ᠎ᠢ ᠴᠢᠩᠭ᠋ᠠᠳᠬᠠᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠳ᠎ᠤᠨ ᠲᠤᠬᠠᠶ᠋ᠢᠯᠠᠭᠰᠠᠨ ᠠᠵᠢᠯ᠎ᠤᠨ ᠰᠢᠰᠲ᠋ᠧᠮ᠎ᠨᠢ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ᠂ ᠰᠦᠯᠵᠢᠶᠡᠨ᠎ᠠᠴᠠ ᠭᠠᠳᠠᠨ᠎ᠠ ᠬᠦᠯᠢᠶᠡᠨ ᠠᠪᠴᠤ ᠰᠢᠢ᠍ᠳᠪᠦᠷᠢᠯᠡᠬᠦ ᠦᠢ᠍ᠯᠡᠴᠢᠯᠡᠭᠡᠨ᠎ᠤ ᠬᠡᠷᠡᠭᠴᠡᠭᠡ ᠵᠢ ᠪᠦᠬᠦ ᠲᠠᠯ᠎ᠠ᠎ᠪᠠᠷ ᠲᠤᠯᠭ᠋ᠠᠭᠤᠷᠢᠯᠠᠵᠤ᠂ ᠰᠢᠯᠵᠢᠮᠡᠯ ᠦᠵᠦᠭᠦᠷ᠎ᠤᠨ ᠦᠢ᠍ᠯᠡᠴᠢᠯᠡᠭᠡᠨ᠎ᠤ ᠬᠡᠪᠴᠢᠶ᠎ᠡ ᠵᠢ ᠥᠷᠭᠡᠳᠬᠡᠨ᠂ 《ᠶᠡᠷᠦᠩᠬᠡᠶ᠋ᠢᠯᠡᠭᠰᠡᠨ ᠨᠢᠭᠡ ᠴᠣᠩᠬᠣᠪᠴᠢ》 ᠵᠢᠨ ᠬᠦᠯᠢᠶᠡᠨ ᠠᠪᠴᠤ ᠰᠢᠢ᠍ᠳᠪᠦᠷᠢᠯᠡᠬᠦ ᠰᠢᠰᠲ᠋ᠧᠮ᠎ᠲᠠᠢ ᠵᠣᠯᠭ᠋ᠠᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ᠎ᠠᠴᠠ ᠭᠠᠳᠠᠨ᠎ᠠ ᠵᠢ ᠠᠭᠤᠰᠤᠯᠴᠠᠭᠤᠯᠤᠭᠰᠠᠨ ᠦᠢ᠍ᠯᠡᠴᠢᠯᠡᠭᠡᠨ᠎ᠤ ᠵᠠᠭᠪᠤᠷ᠎ᠢ ᠬᠠᠩᠭ᠋ᠠᠨ᠎ᠠ᠃ ᠭᠤᠷᠪᠠ᠎ᠳᠤ᠂ ᠲᠣᠭ᠎ᠠ ᠪᠠᠷᠢᠮᠲᠠ ᠵᠢ ᠬᠠᠮᠲᠤ᠎ᠳᠤ᠎ᠪᠠᠨ ᠬᠦᠷᠲᠡᠬᠦ ᠴᠢᠳᠠᠪᠤᠷᠢ ᠵᠢ ᠳᠡᠭᠡᠭᠰᠢᠯᠡᠭᠦᠯᠦᠨ᠎ᠡ᠃ ᠪᠦᠬᠦ ᠣᠷᠣᠨ᠎ᠤ ᠨᠢᠭᠡ ᠴᠣᠭᠴᠠᠵᠢᠭᠤᠯᠤᠭᠰᠠᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ ᠬᠢᠭᠡᠳ ᠤᠯᠤᠰ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠎ᠢ ᠭᠦᠨᠵᠡᠭᠡᠢ ᠵᠣᠯᠭ᠋ᠠᠭᠤᠯᠬᠤ᠂ ᠳ᠋ᠠᠶ᠋ᠢᠲ᠋ᠠ ᠵᠢ ᠬᠣᠣᠰ ᠴᠢᠭᠯᠡᠯ ᠵᠶ᠋ᠠᠷ ᠬᠠᠮᠲᠤ᠎ᠳᠤ᠎ᠪᠠᠨ ᠬᠦᠷᠲᠡᠬᠦ ᠵᠢ ᠠᠬᠢᠭᠤᠯᠤᠨ᠎ᠠ᠃

   

      ᠭᠤᠷᠪᠠ᠂ 《ᠬᠡᠷᠡᠭᠵᠢᠭᠦᠯᠬᠦ ᠰᠠᠨᠠᠯ》᠎ᠳᠤ ᠶᠠᠮᠠᠷ ᠶᠠᠮᠠᠷ ᠪᠠᠲᠤᠯᠠᠭ᠎ᠠ ᠵᠢᠨ ᠠᠷᠭ᠎ᠠ ᠬᠡᠮᠵᠢᠶ᠎ᠡ ᠠᠪᠤᠭᠰᠠᠨ ᠪᠣᠢ?

      ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠂ ᠡᠩᠨᠡᠭᠡᠨ᠎ᠤ ᠪᠠᠶ᠋ᠢᠭᠤᠯᠤᠯᠲᠠ᠂ ᠬᠠᠤᠯᠢ᠎ᠪᠠᠷ ᠵᠠᠰᠠᠬᠤ ᠪᠠᠲᠤᠯᠠᠭ᠎ᠠ᠂ ᠬᠢᠨᠠᠨ ᠵᠢᠯᠣᠭᠣᠳᠴᠤ ᠰᠢᠯᠭ᠋ᠠᠨ ᠦᠨᠡᠯᠡᠬᠦ᠂ ᠤᠬᠠᠭᠤᠯᠤᠨ ᠳᠡᠯᠭᠡᠷᠡᠭᠦᠯᠬᠦ ᠵᠡᠷᠭᠡ 5 ᠲᠠᠯ᠎ᠠ᠎ᠠᠴᠠ ᠪᠣᠳᠠᠲᠠᠢ ᠠᠵᠢᠯ᠎ᠤᠨ ᠱᠠᠭ᠋ᠠᠷᠳᠠᠯᠭ᠎ᠠ ᠳᠤᠷᠠᠳᠪᠠ᠃ ᠳᠡᠭᠡᠷ᠎ᠡ ᠳᠣᠣᠷ᠎ᠠ ᠱᠠᠲᠤ ᠵᠢ ᠬᠣᠯᠪᠣᠭᠰᠠᠨ᠂ ᠱᠠᠲᠤ ᠬᠤᠪᠢᠶᠠᠨ ᠬᠠᠷᠢᠭᠤᠴᠠᠭᠰᠠᠨ᠂ ᠬᠠᠮᠵᠢᠯᠴᠠᠨ ᠬᠣᠯᠪᠣᠭ᠋ᠠᠯᠠᠵᠤ ᠬᠥᠳᠡᠯᠦᠯᠴᠡᠭᠰᠡᠨ ᠪᠦᠬᠦ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠭᠲᠠᠯᠴᠠᠭ᠎ᠠ ᠵᠢ ᠪᠠᠶ᠋ᠢᠭᠤᠯᠬᠤ᠎ᠳᠤ ᠰᠠᠭᠤᠷᠢᠯᠠᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠳ᠎ᠤᠨ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠪᠣᠳᠠᠲᠠᠶ᠋ᠢᠵᠢᠭᠤᠯᠵᠤ᠂ ᠪᠦᠬᠦ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠎ᠤᠨ ᠡᠵᠡᠩᠨᠡᠯᠲᠡ ᠬᠠᠮᠢᠶᠠᠷᠤᠯᠲᠠ ᠪᠠ ᠶᠡᠷᠦᠩᠬᠡᠶ᠋ᠢᠯᠡᠭᠰᠡᠨ ᠴᠣᠩᠬᠣᠪᠴᠢ ᠵᠢᠨ ᠡᠩᠨᠡᠭᠡ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ ᠲᠠᠯ᠎ᠠ᠎ᠪᠠᠷ ᠲᠣᠳᠣᠷᠬᠠᠢ ᠱᠠᠭ᠋ᠠᠷᠳᠠᠯᠭ᠎ᠠ ᠳᠤᠷᠠᠳᠴᠤ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠵᠢᠯ᠎ᠢ ᠮᠠᠨ᠎ᠤ ᠣᠷᠣᠨ᠎ᠤ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢᠨ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠰᠢᠮᠳᠠᠭᠤᠯᠤᠨ ᠪᠠᠶ᠋ᠢᠴᠠᠭ᠋ᠠᠬᠤ ᠪᠠ ᠰᠢᠯᠭ᠋ᠠᠨ ᠬᠢᠨᠠᠬᠤ ᠠᠭᠤᠯᠭ᠎ᠠ᠎ᠳᠤ ᠣᠷᠣᠭᠤᠯᠪᠠ᠃


ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠦᠰᠦᠭ ᠪᠢᠴᠢᠭ᠎ᠤᠨ ᠲᠠᠶ᠋ᠢᠯᠤᠮᠵᠢ᠄ 《ᠲᠠᠪᠤᠳᠤᠭ᠋ᠠᠷ ᠪᠦᠯᠦᠭ ᠥᠪᠡᠷᠲᠡᠭᠡᠨ ᠵᠠᠰᠠᠬᠤ ᠣᠷᠣᠨ᠎ᠤ ᠣᠢ ᠰᠢᠭᠤᠢ ᠵᠢᠨ ᠠᠵᠤ ᠦᠢ᠍ᠯᠡᠰᠵᠢᠯᠲᠡ ᠵᠢᠨ ᠭᠣᠣᠯᠳᠠᠯᠭ᠎ᠠ᠎ᠲᠠᠢ ᠲᠦᠷᠦᠭᠦᠯᠡᠭᠴᠢ ᠠᠵᠤ ᠠᠬᠤᠶ᠋ᠢᠯᠠᠯ᠎ᠤᠨ ᠨᠡᠷᠡᠰ ᠪᠠ ᠲᠦᠷᠦᠭᠦᠦ ᠳᠥᠷᠪᠡᠨ ᠪᠦᠯᠦᠭ ᠭᠣᠣᠯᠳᠠᠯᠭ᠎ᠠ᠎ᠲᠠᠢ ᠲᠦᠷᠦᠭᠦᠯᠡᠭᠴᠢ ᠠᠵᠤ ᠠᠬᠤᠶ᠋ᠢᠯᠠᠯ᠎ᠤᠨ ᠬᠢᠨᠠᠨ ᠰᠢᠨᠵᠢᠯᠡᠯᠲᠡ᠎ᠳᠤ ᠬᠢᠷᠢ ᠲᠡᠩᠴᠡᠭᠰᠡᠨ ᠨᠡᠷᠡᠰ᠎ᠢ ᠨᠡᠶ᠋ᠢᠲᠡᠯᠡᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
【ᠦᠰᠦᠭ ᠪᠢᠴᠢᠭ ᠵᠶ᠋ᠡᠷ ᠦᠬᠦᠯᠡᠬᠦᠢ】 ᠰᠠᠯᠬᠢᠨ ᠬᠦᠴᠦᠨ᠎ᠤ ᠴᠠᠬᠢᠯᠭ᠋ᠠᠨ᠎ᠤ ᠪᠦᠲᠦᠭᠡᠨ ᠪᠠᠶ᠋ᠢᠭᠤᠯᠤᠯᠲᠠ ᠵᠢᠨ ᠵᠦᠢ᠍ᠯᠡᠰ᠎ᠨᠢ ᠴᠢᠭᠢᠭᠯᠢᠭ ᠭᠠᠵᠠᠷ᠎ᠢ ᠡᠵᠡᠯᠡᠨ ᠬᠡᠷᠡᠭᠯᠡᠵᠦ ᠪᠤᠯᠤᠨ᠎ᠠ ᠤᠤ? ᠲᠥᠷᠥ ᠵᠢᠨ ᠪᠣᠳᠣᠯᠭ᠎ᠠ ᠵᠢᠨ ᠲᠣᠭᠲᠠᠭ᠋ᠠᠯ᠎ᠨᠢ ᠶᠠᠮᠠᠷ ᠪᠤᠢ?
【ᠦᠰᠦᠭ ᠪᠢᠴᠢᠭ ᠵᠶ᠋ᠠᠷ ᠦᠭᠦᠯᠡᠬᠦᠢ 】《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠰᠢᠷᠣᠢ ᠵᠢ ᠶᠡᠷᠦᠩᠬᠡᠶ᠋ᠢᠯᠡᠨ ᠴᠡᠭᠴᠡᠯᠡᠨ ᠵᠠᠰᠠᠬᠤ ᠵᠢ ᠭᠦᠨᠵᠡᠭᠡᠶ᠋ᠢᠷᠡᠭᠦᠯᠵᠦ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠵᠢᠨ ᠬᠡᠷᠡᠭᠵᠢᠭᠦᠯᠬᠦ ᠲᠥᠰᠦᠯ》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
【ᠦᠰᠦᠭ ᠪᠢᠴᠢᠭ ᠵᠶ᠋ᠠᠷ ᠦᠭᠦᠯᠡᠬᠦᠢ】 ᠵᠠᠰᠠᠪᠤᠷᠢ ᠣᠷᠣᠭᠤᠯᠤᠭᠰᠠᠨ ᠣᠢ ᠰᠢᠭᠤᠢ ᠵᠢᠨ ᠬᠠᠤᠯᠢ ᠵᠢᠨ ᠲᠤᠬᠠᠢ ᠰᠢᠷᠢᠰ ᠲᠠᠶ᠋ᠢᠯᠤᠮᠵᠢ
【ᠵᠢᠷᠤᠭᠲᠤ ᠲᠠᠢ᠌ᠯᠤᠮᠵᠢ】 《ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠬᠥᠳᠡᠭᠡ ᠲᠣᠰᠬᠣᠨ᠎ᠢ ᠨᠣᠭᠣᠭ᠋ᠠᠷᠠᠭᠤᠯᠵᠤ ᠭᠤᠶᠤᠵᠢᠭᠤᠯᠬᠤ ᠠᠵᠢᠯᠯᠠᠭ᠋ᠠᠨ᠎ᠤ ᠲᠥᠰᠦᠯ》 (ᠨᠢᠭᠡ)
 
             蒙ICP备05000248号