ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠬᠠᠤᠯᠢ ᠶᠣᠰᠣᠭ᠋ᠠᠷ ᠪᠠᠲᠤᠯᠠᠵᠤ᠂ ᠬᠡᠭᠡᠷ᠎ᠡ ᠵᠢᠨ ᠠᠮᠢᠲᠠᠨ᠎ᠤ ᠬᠠᠮᠠᠭ᠋ᠠᠯᠠᠯᠲᠠ ᠪᠠ ᠠᠷᠠᠳ ᠣᠯᠠᠨ᠎ᠤ ᠬᠡᠪ᠎ᠤᠨ ᠦᠢ᠍ᠯᠡᠳᠪᠦᠷᠢᠯᠡᠯ ᠠᠮᠢᠳᠤᠷᠠᠯ᠎ᠤᠨ ᠵᠥᠷᠢᠴᠡᠯ᠎ᠢ ᠦᠨᠡᠨ ᠬᠦ᠌ ᠨᠠᠮᠳᠠᠭᠤᠯᠵᠤ᠂ ᠬᠠᠭᠤᠷᠠᠢ ᠳᠡᠭᠡᠷᠡᠬᠢ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠣᠯᠠᠨ ᠲᠦᠮᠡᠨ᠎ᠤ ᠢᠳᠡᠪᠬᠢᠵᠢᠯ᠎ᠢ ᠴᠢᠩᠭ᠋ᠠᠷᠠᠭᠤᠯᠬᠤ ᠪᠤᠰᠤᠳᠴᠢ ᠬᠡᠷᠡᠭᠴᠡᠭᠡ᠎ᠠᠴᠠ ᠡᠭᠦᠰᠴᠦ᠂ ᠣᠶ᠋ᠢᠷ᠎ᠠ᠎ᠳᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠠᠭᠤᠷᠠᠢ ᠳᠡᠭᠡᠷᠡᠬᠢ ᠬᠡᠭᠡᠷ᠎ᠡ ᠵᠢᠨ ᠠᠮᠢᠲᠠᠨ᠎ᠤ ᠤᠴᠠᠷᠠᠭᠤᠯᠤᠭᠰᠠᠨ ᠬᠥᠨᠥᠭᠡᠯ᠎ᠳᠤ ᠨᠥᠬᠦᠪᠦᠷᠢ ᠣᠯᠭᠤᠬᠤ ᠬᠠᠮᠢᠶᠠᠷᠤᠯᠲᠠ ᠵᠢᠨ ᠠᠷᠭ᠎ᠠ》 (ᠥᠪᠥᠷ ᠵᠠᠰᠠᠭ ᠠᠯᠪᠠᠨ ᠲᠠᠷᠬᠠᠭ᠋ᠠᠭᠰᠠᠨ [2023] 8 ᠳ᠋ᠤᠭ᠋ᠠᠷ ᠲᠣᠭ᠋ᠠᠲᠤ᠂ ᠳᠣᠷᠣᠭᠰᠢ 《ᠠᠷᠭ᠎ᠠ》 ᠭᠡᠵᠦ ᠲᠣᠪᠴᠢᠯᠠᠨ᠎ᠠ) ᠵᠢ ᠳᠠᠷᠤᠮᠠᠯᠯᠠᠨ ᠲᠠᠷᠬᠠᠭ᠋ᠠᠵᠤ᠂ ᠨᠡᠶ᠋ᠢᠭᠡᠮ ᠨᠡᠶ᠋ᠢᠲᠡ᠎ᠪᠠᠷ ᠵᠶ᠋ᠠᠨ 《ᠠᠷᠭ᠎ᠠ》 ᠵᠢᠨ ᠬᠠᠮᠢᠶ᠎ᠠ ᠪᠦᠬᠦᠢ ᠠᠭᠤᠯᠭ᠎ᠠ ᠵᠢ ᠥᠷᠭᠡᠨ ᠵᠶ᠋ᠠᠷ ᠣᠶ᠋ᠢᠯᠠᠭ᠋ᠠᠬᠤ ᠪᠠ ᠵᠥᠪ ᠣᠶ᠋ᠢᠯᠠᠭ᠋ᠠᠬᠤ᠎ᠳᠤ ᠲᠥᠬᠦᠮ ᠦᠵᠡᠭᠦᠯᠵᠦ᠂ ᠡᠯ᠎ᠡ ᠵᠦᠢ᠍ᠯ᠎ᠤᠨ ᠠᠵᠢᠯ᠎ᠤᠨ ᠨᠠᠶ᠋ᠢᠳᠠᠪᠤᠷᠢᠵᠢᠭᠤᠯᠤᠯᠲᠠ ᠵᠢ ᠦᠨᠡᠨ ᠬᠦ᠌ ᠰᠠᠶ᠋ᠢᠲᠤᠷ ᠠᠳᠬᠤᠬᠤ ᠵᠢᠨ ᠲᠤᠰᠠᠳᠠ᠂ ᠡᠳᠦᠭᠡ ᠳᠣᠣᠷᠠᠬᠢ ᠮᠡᠲᠦ ᠲᠠᠶ᠋ᠢᠯᠤᠮᠵᠢ ᠬᠢᠪᠡ᠃
ᠨᠢᠭᠡ᠂ ᠨᠠᠶ᠋ᠢᠷᠠᠭᠤᠯᠤᠨ ᠵᠣᠬᠢᠶᠠᠭᠰᠠᠨ ᠠᠬᠤᠢ ᠪᠠᠶ᠋ᠢᠳᠠᠯ
ᠣᠶ᠋ᠢᠷ᠎ᠠ ᠵᠢᠨ ᠵᠢᠯ᠎ᠤᠳ᠎ᠲᠤ᠂ ᠪᠠᠶ᠋ᠢᠭ᠋ᠠᠯᠢ ᠵᠢᠨ ᠣᠶ ᠰᠢᠭᠤᠢ ᠵᠢ ᠬᠠᠮᠠᠭ᠋ᠠᠯᠠᠬᠤ᠂ ᠬᠡᠭᠡᠷ᠎ᠡ ᠵᠢᠨ ᠠᠮᠢᠲᠠᠨ ᠤᠷᠭᠤᠮᠠᠯ᠎ᠢ ᠬᠠᠮᠠᠭ᠋ᠠᠯᠠᠬᠤ ᠵᠡᠷᠭᠡ ᠴᠢᠬᠤᠯᠠ ᠶᠡᠭᠡ ᠢᠨᠵᠧᠨᠧᠷᠢᠩ᠎ᠢ ᠶᠡᠭᠡ᠎ᠪᠠᠷ ᠬᠡᠷᠡᠭᠵᠢᠭᠦᠯᠬᠦ ᠵᠢ ᠳᠠᠭ᠋ᠠᠯᠳᠤᠨ᠂ ᠪᠥᠬᠦ ᠣᠷᠣᠨ᠎ᠤ ᠠᠮᠢ ᠠᠬᠤᠢ ᠵᠢᠨ ᠣᠷᠴᠢᠨ ᠲᠣᠭᠤᠷᠢᠨ ᠢᠯᠡᠳᠲᠡ ᠰᠠᠶ᠋ᠢᠵᠢᠷᠠᠵᠤ᠂ ᠬᠡᠭᠡᠷ᠎ᠡ ᠵᠢᠨ ᠠᠮᠢᠲᠠᠨ᠎ᠤ ᠳᠦᠷᠰᠦ ᠵᠢᠨ ᠰᠦᠷᠦᠭ ᠪᠠ ᠲᠤᠭ᠎ᠠ ᠬᠡᠮᠵᠢᠶ᠎ᠡ ᠲᠠᠰᠤᠷᠠᠯᠲᠠ ᠦᠭᠡᠢ ᠨᠡᠮᠡᠭᠳᠡᠪᠡ᠃ ᠡᠭᠦᠨ᠎ᠤ ᠳᠠᠭ᠋ᠠᠤ᠎ᠳᠤ ᠬᠡᠭᠡᠷ᠎ᠡ ᠵᠢᠨ ᠠᠮᠢᠲᠠᠨ᠎ᠤ ᠠᠵᠢᠯᠯᠠᠭ᠋ᠠᠨ᠎ᠤ ᠬᠡᠪᠴᠢᠶ᠎ᠡ ᠪᠠ ᠢᠳᠡᠰᠢᠯᠡᠬᠦ ᠬᠡᠷᠡᠭᠴᠡᠭᠡ ᠲᠠᠰᠤᠷᠠᠯᠲᠠ ᠦᠭᠡᠢ ᠨᠡᠮᠡᠭᠳᠡᠵᠦ᠂ ᠬᠡᠭᠡᠷ᠎ᠡ ᠵᠢᠨ ᠠᠮᠢᠲᠠᠨ᠎ᠤ ᠲᠠᠷᠢᠶ᠎ᠠ ᠲᠥᠮᠥᠰᠥ ᠵᠢ ᠬᠤᠬᠢᠷᠠᠭᠤᠯᠬᠤ᠂ ᠣᠶ ᠮᠣᠳᠣ ᠵᠢ ᠡᠪᠳᠡᠬᠦ ᠵᠡᠷᠭᠡ ᠬᠡᠷᠡᠭ ᠪᠠᠶ᠋ᠢᠨ ᠳᠠᠬᠢᠨ ᠡᠭᠦᠰᠴᠦ᠂ ᠴᠢᠨᠠᠭᠰᠢᠯᠠᠪᠠᠯ ᠠᠷᠠᠳ ᠣᠯᠠᠨ᠎ᠤ ᠪᠡᠶ᠎ᠡ ᠵᠢᠨ ᠠᠮᠤᠷ ᠲᠦᠪᠰᠢᠨ᠎ᠢ ᠰᠦᠷᠳᠡᠭᠦᠯᠵᠦ ᠪᠠᠶ᠋ᠢᠨ᠎ᠠ᠃
2020 ᠣᠨ᠎ᠳᠤ᠂ 《ᠬᠡᠭᠡᠷ᠎ᠡ ᠵᠢᠨ ᠠᠮᠢᠲᠠᠨ᠎ᠢ ᠬᠠᠤᠯᠢ ᠪᠤᠰᠤ᠎ᠪᠠᠷ ᠠᠷᠠᠯᠵᠢᠶᠠᠯᠠᠬᠤ ᠵᠢ ᠪᠦᠬᠦ ᠲᠠᠯ᠎ᠠ᠎ᠪᠠᠷ ᠴᠠᠭ᠋ᠠᠵᠠᠯᠠᠵᠤ᠂ ᠬᠡᠭᠡᠷ᠎ᠡ ᠵᠢᠨ ᠠᠮᠢᠲᠠᠨ᠎ᠢ ᠳᠤᠷ᠎ᠠ᠎ᠪᠠᠷ ᠵᠶ᠋ᠠᠨ ᠢᠳᠡᠬᠦ ᠪᠣᠯᠬᠢ ᠳᠠᠳᠬᠠᠯ᠎ᠢ ᠠᠷᠢᠯᠭ᠋ᠠᠵᠤ᠂ ᠠᠷᠠᠳ ᠤᠯᠠᠨ᠎ᠤ ᠠᠮᠢ ᠨᠠᠰᠤ ᠡᠷᠡᠭᠦᠯ ᠮᠡᠨᠳᠤ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠲᠤᠬᠠᠢ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ ᠲᠣᠭᠲᠠᠭ᠋ᠠᠯ》 (ᠳᠣᠷᠣᠭᠰᠢ 《ᠲᠣᠭᠲᠠᠭ᠋ᠠᠯ》 ᠭᠡᠵᠦ ᠲᠣᠪᠴᠢᠯᠠᠨ᠎ᠠ)᠎ᠢ ᠨᠡᠶ᠋ᠢᠲᠡᠯᠡᠪᠡ᠃ ᠥᠪᠡᠷᠲᠡᠭᠡᠨ ᠵᠠᠰᠠᠬᠤ ᠣᠷᠣᠨ 《ᠲᠣᠭᠲᠠᠭ᠋ᠠᠯ》᠎ᠢ ᠡᠷᠡᠰ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠬᠡᠭᠡᠷ᠎ᠡ ᠵᠢᠨ ᠠᠮᠢᠲᠠᠨ᠎ᠢ ᠬᠥᠮᠥᠨ᠎ᠤ ᠬᠦᠴᠦ᠎ᠪᠠᠷ ᠲᠡᠵᠢᠭᠡᠨ ᠦᠷᠡᠵᠢᠭᠦᠯᠬᠦ ᠠᠵᠤ ᠦᠢ᠍ᠯᠡᠰ᠎ᠤᠨ ᠤᠬᠤᠷᠢᠨ ᠭᠠᠷᠴᠤ ᠰᠢᠯᠵᠢᠭᠦᠯᠦᠨ ᠥᠭᠬᠦ ᠪᠠ ᠲᠡᠵᠢᠭᠡᠵᠦ ᠪᠠᠶ᠋ᠢᠭ᠎ᠠ ᠠᠮᠢᠲᠠᠨ᠎ᠢ ᠰᠢᠢ᠍ᠳᠪᠦᠷᠢᠯᠡᠬᠦ ᠠᠵᠢᠯ᠎ᠢ ᠪᠦᠬᠦ ᠲᠠᠯ᠎ᠠ᠎ᠪᠠᠷ ᠪᠡᠶᠡᠯᠡᠭᠦᠯᠵᠦ᠂ ᠪᠥᠬᠦ ᠣᠷᠣᠨ᠎ᠤ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠪᠠ ᠠᠰᠢᠭᠯᠠᠬᠤ ᠠᠵᠢᠯᠯᠠᠭ᠎ᠠ ᠵᠢ ᠵᠢᠷᠤᠮᠵᠢᠭᠤᠯᠵᠤ᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠬᠠᠤᠯᠢ》 ᠵᠢᠨ ᠬᠠᠤᠯᠢ᠎ᠪᠠᠷ ᠲᠣᠭᠲᠠᠭ᠋ᠠᠭᠰᠠᠨ ᠡᠭᠦᠷᠭᠡ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠨᠠᠶ᠋ᠢᠳᠠᠪᠤᠷᠢᠵᠢᠭᠤᠯᠪᠠ᠂ ᠡᠨᠡ᠎ᠨᠢ ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠵᠢᠨ ᠠᠮᠢᠲᠠᠨ᠎ᠤ ᠡᠬᠢ ᠪᠠᠶᠠᠯᠢᠭ᠎ᠢ ᠬᠠᠮᠠᠭ᠋ᠠᠯᠠᠨ ᠬᠠᠮᠢᠶᠠᠷᠬᠤ ᠳᠦᠷᠢᠮ᠎ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠨ ᠵᠠᠰᠠᠬᠤ ᠴᠢᠳᠠᠪᠤᠷᠢ ᠵᠢ ᠳᠡᠭᠡᠭᠰᠢᠯᠡᠭᠦᠯᠬᠦ᠎ᠳᠤ ᠠᠰᠢᠭᠲᠠᠢ ᠶᠤᠮ᠃
ᠬᠤᠶᠠᠷ᠂ ᠨᠠᠶ᠋ᠢᠷᠠᠭᠤᠯᠤᠨ ᠵᠣᠬᠢᠶᠠᠭᠰᠠᠨ ᠦᠨᠳᠦᠰᠦᠯᠡᠯ
《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠬᠠᠤᠯᠢ》 ᠵᠢᠨ ᠠᠷᠪᠠ ᠶᠢᠰᠦᠳᠦᠭᠡᠷ ᠵᠦᠢ᠍ᠯ᠎ᠤᠨ ᠨᠢᠭᠡᠳᠦᠭᠡᠷ ᠪᠠᠳᠠᠭ᠎ᠤᠨ ᠲᠣᠭᠲᠠᠭ᠋ᠠᠯ᠎ᠢ ᠦᠨᠳᠦᠰᠦᠯᠡᠪᠡᠯ᠄ 《ᠤᠯᠤᠰ᠎ᠤᠨ ᠭᠤᠣᠯᠳᠠᠯᠭ᠎ᠠ᠎ᠲᠠᠢ ᠬᠠᠮᠠᠭ᠋ᠠᠯᠠᠵᠤ ᠪᠠᠶ᠋ᠢᠭ᠎ᠠ ᠬᠡᠭᠡᠷ᠎ᠡ ᠵᠢᠨ ᠠᠮᠢᠲᠠᠨ ᠪᠠ ᠠᠮᠢ ᠠᠬᠤᠢ ᠵᠢᠨ᠂ ᠰᠢᠨᠵᠢᠯᠡᠬᠦ ᠤᠬᠠᠭ᠋ᠠᠨ᠎ᠤ᠂ ᠨᠡᠶ᠋ᠢᠭᠡᠮ᠎ᠤᠨ ᠴᠢᠬᠤᠯᠠ ᠦᠨ᠎ᠡ ᠦᠷᠲᠡᠭ ᠪᠦᠬᠦᠢ ᠬᠠᠭᠤᠷᠠᠢ ᠳᠡᠭᠡᠷᠡᠬᠢ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠭᠰᠠᠨ᠎ᠠᠴᠠ ᠪᠣᠯᠵᠤ ᠬᠥᠮᠥᠨ ᠦᠬᠦᠵᠦ ᠰᠢᠷᠬᠠᠲᠤᠬᠤ᠂ ᠲᠠᠷᠢᠮᠠᠯ ᠪᠤᠶᠤ ᠪᠤᠰᠤᠳ ᠡᠳ᠋ ᠬᠥᠷᠥᠩᠭᠡ᠎ᠳᠤ ᠬᠤᠬᠢᠷᠠᠯ ᠤᠴᠠᠷᠠᠭᠤᠯᠤᠭᠰᠠᠨ ᠪᠣᠯ᠂ ᠲᠤᠬᠠᠢ ᠵᠢᠨ ᠭᠠᠵᠠᠷ᠎ᠤᠨ ᠠᠷᠠᠳ᠎ᠤᠨ ᠵᠠᠰᠠᠭ᠎ᠤᠨ ᠣᠷᠳᠣᠨ᠎ᠠᠴᠠ ᠨᠥᠬᠦᠪᠦᠷᠢ ᠣᠯᠭᠤᠨ᠎ᠠ᠃ ᠪᠣᠳᠠᠲᠠᠢ ᠠᠷᠭ᠎ᠠ ᠵᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠲᠣᠭᠲᠠᠭ᠋ᠠᠨ᠎ᠠ》 ᠭᠡᠵᠦ ᠲᠣᠭᠲᠠᠭ᠋ᠠᠵᠠᠢ᠃ ᠡᠨᠡ ᠬᠦ᠌ ᠲᠣᠭᠲᠠᠭ᠋ᠠᠯ᠎ᠨᠢ ᠥᠪᠡᠷᠲᠡᠭᠡᠨ ᠵᠠᠰᠠᠬᠤ ᠣᠷᠣᠨ᠎ᠤ ᠨᠡᠶ᠋ᠢᠲᠡᠯᠡᠭᠰᠡᠨ 《ᠠᠷᠭ᠎ᠠ》 ᠵᠢᠨ ᠬᠠᠤᠯᠢ ᠴᠠᠭ᠋ᠠᠵᠠ ᠵᠢᠨ ᠦᠨᠳᠦᠰᠦᠯᠡᠯ ᠪᠣᠯᠬᠤ᠎ᠪᠠᠷ ᠪᠠᠷᠠᠬᠤ ᠦᠭᠡᠢ᠂ ᠬᠠᠤᠯᠢ᠎ᠪᠠᠷ ᠲᠣᠭᠲᠠᠭ᠋ᠠᠭᠰᠠᠨ ᠡᠭᠦᠷᠭᠡ ᠬᠠᠷᠢᠭᠤᠴᠠᠯᠭ᠎ᠠ ᠪᠣᠯᠣᠨ᠎ᠠ᠃
ᠭᠤᠷᠪᠠ᠂ 《ᠠᠷᠭ᠎ᠠ》 ᠵᠢᠨ ᠭᠤᠣᠯ ᠠᠭᠤᠯᠭ᠎ᠠ
《ᠠᠷᠭ᠎ᠠ》᠎ᠳᠤ ᠨᠡᠶ᠋ᠢᠲᠡ 17 ᠵᠦᠢ᠍ᠯ ᠪᠠᠶ᠋ᠢᠵᠤ᠂ ᠭᠤᠣᠯᠳᠠᠭᠤ ᠳᠣᠣᠷᠠᠬᠢ ᠠᠭᠤᠯᠭ᠎ᠠ᠎ᠨᠤᠭᠤᠳ᠎ᠢ ᠪᠠᠭᠲᠠᠭ᠋ᠠᠨ᠎ᠠ᠄
ᠨᠢᠭᠡ᠎ᠳᠤ᠂ ᠨᠥᠬᠦᠪᠦᠷᠢ ᠣᠯᠭᠤᠬᠤ ᠭᠤᠣᠯ ᠴᠣᠭᠴᠠ ᠵᠢ ᠲᠣᠳᠣᠷᠬᠠᠶ᠋ᠢᠯᠠᠪᠠ᠃ 《ᠠᠷᠭ᠎ᠠ》᠎ᠳᠤ᠂ ᠬᠤᠰᠢᠭᠤ ᠰᠢᠶᠠᠨ (ᠬᠤᠲᠠ᠂ ᠲᠣᠭᠤᠷᠢᠭ)᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠵᠠᠰᠠᠭ ᠵᠠᠬᠢᠷᠭ᠋ᠠᠨ᠎ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠣᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠬᠡᠭᠡᠷ᠎ᠡ ᠵᠢᠨ ᠠᠮᠢᠲᠠᠨ᠎ᠤ ᠤᠴᠠᠷᠠᠭᠤᠯᠤᠭᠰᠠᠨ ᠬᠥᠮᠥᠨ᠎ᠤ ᠦᠬᠦᠯ ᠰᠢᠷᠬᠠᠲᠤᠯ ᠪᠠ ᠡᠳ᠋ ᠬᠥᠷᠥᠩᠭᠡ ᠵᠢᠨ ᠬᠤᠬᠢᠷᠠᠯ ᠰᠦᠢ᠍ᠳᠦᠯ᠎ᠢ ᠬᠢᠨᠠᠨ ᠬᠠᠷᠭᠤᠭᠤᠯᠬᠤ᠂ ᠮᠠᠭ᠋ᠠᠳᠯᠠᠨ ᠲᠣᠭᠲᠠᠭ᠋ᠠᠬᠤ᠂ ᠨᠥᠬᠦᠪᠦᠷᠢ ᠣᠯᠭᠤᠬᠤ ᠠᠵᠢᠯ᠎ᠢ ᠬᠠᠷᠢᠭᠤᠴᠠᠨ᠎ᠠ᠃ ᠰᠢᠶᠠᠩ (ᠪᠠᠯᠭ᠋ᠠᠰᠤ᠂ ᠰᠤᠮᠤ)᠎ᠤᠨ ᠠᠷᠠᠳ᠎ᠤᠨ ᠵᠠᠰᠠᠭ᠎ᠤᠨ ᠣᠷᠳᠣᠨ᠂ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠠᠴᠠ ᠬᠡᠭᠡᠷ᠎ᠡ ᠵᠢᠨ ᠠᠮᠢᠲᠠᠨ᠎ᠤ ᠤᠴᠠᠷᠠᠭᠤᠯᠤᠭᠰᠠᠨ ᠬᠤᠬᠢᠷᠠᠯ᠎ᠤᠨ ᠪᠠᠶ᠋ᠢᠳᠠᠯ᠎ᠢ ᠪᠠᠶ᠋ᠢᠴᠠᠭ᠋ᠠᠬᠤ ᠠᠵᠢᠯ᠎ᠢ ᠰᠠᠶ᠋ᠢᠲᠤᠷ ᠬᠢᠵᠦ᠂ ᠭᠠᠴᠠᠭ᠋ᠠᠨ᠎ᠤ (ᠰᠠᠭᠤᠭ᠋ᠠᠯᠢ) ᠠᠷᠠᠳ᠎ᠤᠨ ᠵᠥᠪᠯᠡᠯ᠎ᠠᠴᠠ ᠬᠠᠮᠵᠢᠯᠴᠠᠨ ᠬᠤᠯᠪᠣᠭᠳᠠᠯ ᠪᠦᠬᠦᠢ ᠠᠵᠢᠯ᠎ᠢ ᠰᠠᠶ᠋ᠢᠲᠤᠷ ᠬᠢᠬᠦ ᠬᠡᠷᠡᠭᠲᠡᠢ᠃ ᠠᠶ᠋ᠢᠮᠠᠭ ᠬᠤᠳᠠ᠂ ᠬᠤᠰᠢᠭᠤ ᠰᠢᠶᠠᠨ (ᠬᠤᠳᠠ᠂ ᠲᠣᠭᠤᠷᠢᠭ)᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠳ᠋᠎ᠤᠨ ᠵᠠᠰᠠᠭ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠠᠷᠠᠳ᠎ᠤᠨ ᠶᠠᠪᠤᠳᠠᠯ᠂ ᠳᠣᠲᠣᠭ᠋ᠠᠳᠤ ᠵᠢ ᠬᠠᠮᠠᠭ᠋ᠠᠯᠠᠬᠤ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ᠂ ᠲᠠᠷᠢᠶᠠᠯᠠᠩ᠂ ᠡᠷᠡᠭᠦᠯ ᠬᠠᠮᠠᠭ᠋ᠠᠯᠠᠯ ᠡᠷᠡᠭᠦᠯ ᠮᠡᠨᠳᠤ ᠵᠡᠷᠭᠡ ᠬᠤᠯᠪᠣᠭᠳᠠᠯ ᠪᠦᠬᠦᠢ ᠵᠠᠰᠠᠭ ᠵᠠᠬᠢᠷᠭ᠋ᠠᠨ᠎ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠎ᠤᠳ ᠲᠤᠰ ᠲᠤᠰ᠎ᠤᠨ ᠡᠭᠦᠷᠭᠡ ᠬᠠᠷᠢᠭᠤᠴᠠᠯᠭ᠎ᠠ ᠵᠢᠨ ᠶᠣᠰᠣᠭ᠋ᠠᠷ᠂ ᠬᠡᠭᠡᠷ᠎ᠡ ᠵᠢᠨ ᠠᠮᠢᠲᠠᠨ᠎ᠤ ᠤᠴᠠᠷᠠᠭᠤᠯᠤᠭᠰᠠᠨ ᠬᠤᠬᠢᠷᠠᠯ᠎ᠢ ᠪᠠᠶ᠋ᠢᠴᠠᠭ᠋ᠠᠬᠤ᠂ ᠨᠤᠲᠠᠯᠠᠬᠤ ᠵᠡᠷᠭᠡ ᠨᠥᠬᠦᠪᠦᠷᠢ ᠣᠯᠭᠤᠬᠤ ᠬᠠᠮᠢᠶ᠎ᠠ ᠪᠦᠬᠦᠢ ᠠᠵᠢᠯ᠎ᠢ ᠬᠠᠮᠵᠢᠯᠴᠠᠨ ᠰᠠᠶ᠋ᠢᠲᠤᠷ ᠬᠢᠬᠦ ᠬᠡᠷᠡᠭᠲᠡᠢ ᠭᠡᠵᠦ ᠲᠣᠭᠲᠠᠭ᠋ᠠᠵᠠᠢ᠃
ᠬᠤᠶᠠᠷ᠎ᠲᠤ᠂ ᠨᠥᠬᠦᠪᠦᠷᠢ ᠣᠯᠭᠤᠬᠤ ᠬᠡᠪᠴᠢᠶ᠎ᠡ ᠵᠢ ᠲᠣᠳᠣᠷᠬᠠᠶ᠋ᠢᠯᠠᠪᠠ᠃ ᠠᠷᠠᠳ ᠢᠷᠭᠡᠳ᠎ᠤᠨ ᠪᠡᠶ᠎ᠡ ᠮᠠᠬᠠᠪᠤᠳ᠎ᠢ ᠭᠡᠮᠲᠦᠭᠡᠭᠰᠡᠨ ᠪᠤᠶᠤ ᠠᠷᠠᠳ ᠢᠷᠭᠡᠳ᠎ᠢ ᠦᠬᠦᠭᠦᠯᠦᠭᠰᠡᠨ; ᠬᠠᠰᠢᠶᠠᠯᠠᠨ ᠲᠡᠵᠢᠭᠡᠭᠰᠡᠨ ᠪᠤᠶᠤ ᠬᠠᠤᠯᠢ ᠶᠣᠰᠣᠭ᠋ᠠᠷ ᠵᠠᠭ᠋ᠠᠭᠯᠠᠨ ᠲᠣᠭᠲᠠᠭ᠋ᠠᠭᠰᠠᠨ ᠣᠷᠣᠨ ᠬᠡᠪᠴᠢᠶᠡᠨ ᠳᠣᠲᠣᠷ᠎ᠠ ᠪᠡᠯᠴᠢᠭᠡᠷᠯᠡᠭᠦᠯᠵᠦ ᠪᠠᠶ᠋ᠢᠭᠰᠠᠨ ᠮᠠᠯ ᠵᠢᠭᠦᠷᠲᠡᠨ᠎ᠢ ᠰᠢᠷᠬᠠᠲᠤᠭᠤᠯᠤᠭᠰᠠᠨ ᠪᠤᠶᠤ ᠦᠬᠦᠭᠦᠯᠦᠭᠰᠡᠨ; ᠬᠠᠤᠯᠢ ᠶᠣᠰᠣᠭ᠋ᠠᠷ ᠵᠠᠭ᠋ᠠᠭᠯᠠᠨ ᠲᠣᠭᠲᠠᠭ᠋ᠠᠭᠰᠠᠨ ᠣᠷᠣᠨ ᠬᠡᠪᠴᠢᠶᠡᠨ ᠳᠣᠲᠣᠷ᠎ᠠ ᠳᠠᠷᠢᠭᠰᠠᠨ ᠲᠠᠷᠢᠮᠠᠯ᠂ ᠠᠵᠤ ᠠᠬᠤᠢ ᠵᠢᠨ ᠤᠢ ᠮᠣᠳᠣ ᠵᠡᠷᠭᠡ᠎ᠳᠤ ᠰᠢᠭᠤᠳ ᠬᠤᠬᠢᠷᠠᠯ ᠤᠴᠠᠷᠠᠭᠤᠯᠤᠭᠰᠠᠨ; ᠤᠯᠠᠨ ᠲᠦᠮᠡᠨ᠎ᠤ ᠡᠳᠦᠷ ᠲᠤᠳᠤᠮ᠎ᠤᠨ ᠰᠠᠭᠤᠵᠤ ᠪᠠᠶ᠋ᠢᠭ᠎ᠠ ᠭᠡᠷ ᠪᠠᠶ᠋ᠢᠰᠢᠩ᠂ ᠭᠡᠷ᠎ᠤᠨ ᠬᠡᠷᠡᠭᠰᠡᠯ᠂ ᠮᠠᠯ᠎ᠤᠨ ᠬᠠᠰᠢᠶ᠎ᠠ ᠵᠡᠷᠭᠡ ᠦᠢ᠍ᠯᠡᠳᠪᠦᠷᠢᠯᠡᠯ ᠠᠮᠢᠳᠤᠷᠠᠯ᠎ᠤᠨ ᠪᠡᠯᠡᠳᠬᠡᠮᠵᠢ᠎ᠳᠤ ᠬᠤᠬᠢᠷᠠᠯ ᠤᠴᠠᠷᠠᠭᠤᠯᠤᠭᠰᠠᠨ; ᠬᠤᠰᠢᠭᠤ ᠰᠢᠶᠠᠨ (ᠬᠤᠲᠠ᠂ ᠲᠣᠭᠤᠷᠢᠭ)᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠵᠠᠰᠠᠭ ᠵᠠᠬᠢᠷᠭ᠋ᠠᠨ᠎ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠬᠠᠤᠯᠢ ᠶᠣᠰᠣᠭ᠋ᠠᠷ ᠨᠤᠲᠠᠯᠠᠨ ᠲᠣᠭᠲᠠᠭ᠋ᠠᠭᠰᠠᠨ ᠪᠤᠰᠤᠳ ᠪᠠᠶ᠋ᠢᠳᠠᠯ᠃
ᠭᠤᠷᠪᠠ᠎ᠳᠤ᠂ ᠨᠥᠬᠦᠪᠦᠷᠢ ᠣᠯᠭᠤᠬᠤ ᠪᠠᠷᠢᠮᠵᠢᠶ᠎ᠠ ᠵᠢ ᠲᠣᠳᠣᠷᠬᠠᠶ᠋ᠢᠯᠠᠪᠠ᠃ ᠬᠥᠮᠥᠨ᠎ᠢ ᠰᠢᠷᠬᠠᠲᠤᠭᠤᠯᠤᠭᠰᠠᠨ ᠪᠣᠯᠪᠠᠴᠤ ᠬᠥᠳᠡᠯᠮᠦᠷᠢᠯᠡᠬᠦ ᠴᠢᠳᠠᠪᠤᠷᠢ ᠵᠢ᠎ᠨᠢ ᠠᠯᠳᠠᠭᠤᠯᠤᠭᠰᠠᠨ ᠦᠭᠡᠢ ᠪᠣᠯ᠂ ᠡᠮᠴᠢᠯᠡᠭᠡᠨ᠎ᠤ ᠵᠠᠷᠤᠳᠠᠯ ᠵᠢᠴᠢ ᠠᠵᠢᠯ ᠰᠠᠭ᠋ᠠᠲᠠᠭᠰᠠᠨ᠎ᠠᠴᠠ ᠪᠣᠯᠵᠤ ᠬᠠᠰᠤᠭᠳᠠᠭᠰᠠᠨ ᠣᠷᠣᠯᠭ᠎ᠠ ᠵᠢ᠎ᠨᠢ ᠲᠥᠯᠥᠵᠦ᠂ ᠨᠥᠬᠦᠪᠦᠷᠢ ᠮᠥᠩᠭᠦ ᠵᠢᠨ ᠬᠠᠮᠤᠭ᠎ᠤᠨ ᠥᠨᠳᠥᠷ ᠲᠤᠭ᠎ᠠ ᠵᠢ ᠳᠡᠭᠡᠷ᠎ᠡ ᠵᠢᠯ᠎ᠤᠨ ᠥᠪᠡᠷᠲᠡᠭᠡᠨ ᠵᠠᠰᠠᠬᠤ ᠣᠷᠣᠨ᠎ᠤ ᠪᠥᠬᠦ ᠰᠠᠭᠤᠭ᠋ᠠᠯᠢ ᠠᠷᠠᠳ᠎ᠤᠨ ᠵᠢᠯ᠎ᠤᠨ ᠬᠥᠮᠥᠨ ᠳᠤᠮᠳᠠᠴᠢ ᠡᠵᠡᠮᠳᠡᠵᠦ ᠪᠣᠯᠬᠤᠶ᠋ᠢᠴᠠ ᠣᠷᠣᠯᠭ᠎ᠠ ᠵᠢᠨ 3 ᠳᠠᠬᠢᠨ᠎ᠠᠴᠠ ᠳᠠᠪᠠᠭᠤᠯᠬᠤ ᠦᠭᠡᠢ; ᠬᠥᠮᠥᠨ᠎ᠤ ᠬᠥᠳᠡᠯᠮᠦᠷᠢᠯᠡᠬᠦ ᠴᠢᠳᠠᠪᠤᠷᠢ ᠵᠢ ᠬᠡᠰᠡᠭ ᠲᠠᠯ᠎ᠠ᠎ᠪᠠᠷ ᠠᠯᠳᠠᠭᠤᠯᠤᠭᠰᠠᠨ ᠪᠣᠯ᠂ ᠡᠮᠴᠢᠯᠡᠭᠡᠨ᠎ᠤ ᠵᠠᠷᠤᠳᠠᠯ ᠵᠢᠴᠢ ᠨᠢᠭᠡ ᠯᠡ ᠤᠳᠠᠭ᠎ᠠ ᠵᠢᠨ ᠴᠢᠨᠠᠷᠲᠠᠢ ᠨᠥᠬᠦᠪᠦᠷᠢ ᠮᠥᠩᠭᠦ ᠥᠭᠴᠦ᠂ ᠨᠥᠬᠦᠪᠦᠷᠢ ᠮᠥᠩᠭᠦ ᠵᠢᠨ ᠬᠠᠮᠤᠭ᠎ᠤᠨ ᠥᠨᠳᠥᠷ ᠲᠤᠭ᠎ᠠ ᠵᠢ ᠳᠡᠭᠡᠷ᠎ᠡ ᠵᠢᠯ᠎ᠤᠨ ᠥᠪᠡᠷᠲᠡᠭᠡᠨ ᠵᠠᠰᠠᠬᠤ ᠣᠷᠣᠨ᠎ᠤ ᠪᠥᠬᠦ ᠰᠠᠭᠤᠭ᠋ᠠᠯᠢ ᠠᠷᠠᠳ᠎ᠤᠨ ᠵᠢᠯ᠎ᠤᠨ ᠬᠥᠮᠥᠨ ᠳᠤᠮᠳᠠᠴᠢ ᠡᠵᠡᠮᠳᠡᠵᠦ ᠪᠣᠯᠬᠤᠶ᠋ᠢᠴᠠ ᠣᠷᠣᠯᠭ᠎ᠠ ᠵᠢᠨ 5᠎ᠠᠴᠠ 10 ᠳᠠᠬᠢᠨ ᠵᠶ᠋ᠠᠷ ᠪᠤᠳᠤᠨ᠎ᠠ; ᠬᠥᠮᠥᠨ᠎ᠤ ᠬᠥᠳᠡᠯᠮᠦᠷᠢᠯᠡᠬᠦ ᠴᠢᠳᠠᠪᠤᠷᠢ ᠵᠢ ᠪᠦᠬᠦᠨ᠎ᠢ ᠠᠯᠳᠠᠭᠤᠯᠤᠭᠰᠠᠨ ᠪᠣᠯ᠂ ᠡᠮᠴᠢᠯᠡᠭᠡᠨ᠎ᠤ ᠵᠠᠷᠤᠳᠠᠯ ᠵᠢᠴᠢ ᠨᠢᠭᠡ ᠯᠡ ᠤᠳᠠᠭ᠎ᠠ ᠵᠢᠨ ᠴᠢᠨᠠᠷᠲᠠᠢ ᠨᠥᠬᠦᠪᠦᠷᠢ ᠮᠥᠩᠭᠦ ᠥᠭᠴᠦ᠂ ᠨᠥᠬᠦᠪᠦᠷᠢ ᠮᠥᠩᠭᠦ ᠵᠢᠨ ᠬᠠᠮᠤᠭ᠎ᠤᠨ ᠥᠨᠳᠥᠷ ᠲᠤᠭ᠎ᠠ ᠵᠢ ᠳᠡᠭᠡᠷ᠎ᠡ ᠵᠢᠯ᠎ᠤᠨ ᠥᠪᠡᠷᠲᠡᠭᠡᠨ ᠵᠠᠰᠠᠬᠤ ᠣᠷᠣᠨ᠎ᠤ ᠪᠥᠬᠦ ᠰᠠᠭᠤᠭ᠋ᠠᠯᠢ ᠠᠷᠠᠳ᠎ᠤᠨ ᠬᠥᠮᠥᠨ ᠳᠤᠮᠳᠠᠴᠢ ᠡᠵᠡᠮᠳᠡᠵᠦ ᠪᠣᠯᠬᠤᠶ᠋ᠢᠴᠠ ᠣᠷᠣᠯᠭ᠎ᠠ ᠵᠢᠨ 10᠎ᠠᠴᠠ 15 ᠳᠠᠬᠢᠨ ᠵᠶ᠋ᠠᠷ ᠪᠣᠳᠣᠨ᠎ᠠ; ᠬᠥᠮᠥᠨ᠎ᠢ ᠦᠬᠦᠭᠦᠯᠦᠭᠰᠡᠨ ᠪᠣᠯ᠂ ᠡᠮᠴᠢᠯᠡᠭᠡᠨ᠎ᠤ ᠵᠠᠷᠤᠳᠠᠯ ᠵᠢᠴᠢ ᠨᠥᠬᠦᠪᠦᠷᠢ ᠮᠥᠩᠭᠦ᠂ ᠣᠷᠣᠰᠢᠭᠤᠯᠭ᠎ᠠ ᠵᠢᠨ ᠵᠠᠷᠤᠳᠠᠯ᠎ᠢ᠎ᠨᠢ ᠥᠭᠴᠦ᠂ ᠶᠡᠷᠦᠩᠬᠡᠢ ᠲᠤᠭ᠎ᠠ ᠵᠢ ᠳᠡᠭᠡᠷ᠎ᠡ ᠵᠢᠯ᠎ᠤᠨ ᠥᠪᠡᠷᠲᠡᠭᠡᠨ ᠵᠠᠰᠠᠬᠤ ᠣᠷᠣᠨ᠎ᠤ ᠪᠥᠬᠦ ᠰᠠᠭᠤᠭ᠋ᠠᠯᠢ ᠠᠷᠠᠳ᠎ᠤᠨ ᠵᠢᠯ᠎ᠤᠨ ᠬᠥᠮᠥᠨ ᠳᠤᠮᠳᠠᠴᠢ ᠡᠵᠡᠮᠳᠡᠵᠦ ᠪᠣᠯᠬᠤᠶ᠋ᠢᠴᠠ ᠣᠷᠣᠯᠭ᠎ᠠ ᠵᠢᠨ 15 ᠳᠠᠬᠢᠨ ᠵᠶ᠋ᠠᠷ ᠪᠤᠳᠤᠨ᠎ᠠ᠃ ᠲᠠᠷᠢᠮᠠᠯ᠂ ᠠᠵᠤ ᠠᠬᠤᠢ ᠵᠢᠨ ᠤᠢ ᠮᠣᠳᠣᠨ᠎ᠳᠤ ᠬᠤᠬᠢᠷᠠᠯ ᠤᠴᠠᠷᠠᠭᠤᠯᠤᠭᠰᠠᠨ ᠪᠣᠯ᠂ ᠬᠤᠬᠢᠷᠠᠯ᠎ᠤᠨ ᠬᠡᠰᠡᠭ᠎ᠢ ᠳᠡᠭᠡᠷ᠎ᠡ ᠵᠢᠯ᠎ᠤᠨ ᠲᠤᠬᠠᠢ ᠵᠢᠨ ᠭᠠᠵᠠᠷ᠎ᠤᠨ ᠳᠤᠰ ᠳᠦᠷᠦᠯ᠎ᠤᠨ ᠲᠠᠷᠢᠮᠠᠯ᠂ ᠠᠵᠤ ᠠᠬᠤᠢ ᠵᠢᠨ ᠤᠢ ᠮᠣᠳᠣᠨ᠎ᠤ ᠵᠠᠬ᠎ᠠ ᠳᠡᠯᠭᠡᠭᠦᠷ᠎ᠤᠨ ᠳᠤᠮᠳᠠᠴᠢ ᠦᠨ᠎ᠡ᠎ᠪᠠᠷ ᠪᠤᠳᠤᠵᠤ᠂ ᠪᠦᠬᠦ ᠬᠤᠬᠢᠷᠠᠯ᠎ᠤᠨ 60%᠎ᠪᠠᠷ ᠨᠥᠬᠦᠪᠦᠷᠢᠯᠡᠨ᠎ᠡ; ᠭᠡᠷ᠎ᠤᠨ ᠵᠢᠭᠦᠷᠲᠡᠨ ᠭᠡᠷ᠎ᠤᠨ ᠲᠡᠵᠢᠭᠡᠪᠦᠷᠢ ᠵᠢ ᠰᠢᠷᠬᠠᠲᠤᠭᠤᠯᠤᠭᠰᠠᠨ ᠪᠣᠯ᠂ ᠲᠣᠰ ᠲᠥᠷᠥᠯ᠎ᠤᠨ ᠭᠡᠷ᠎ᠤᠨ ᠵᠢᠭᠦᠷᠲᠡᠨ ᠭᠡᠷ᠎ᠤᠨ ᠲᠡᠵᠢᠭᠡᠪᠦᠷᠢ ᠵᠢᠨ ᠲᠤᠬᠠᠢ ᠵᠢᠨ ᠦᠶ᠎ᠡ ᠵᠢᠨ ᠵᠠᠬ᠎ᠠ ᠳᠡᠯᠭᠡᠭᠦᠷ᠎ᠤᠨ ᠳᠤᠮᠳᠠᠴᠢ ᠦᠨ᠎ᠡ ᠵᠢᠨ 30%᠎ᠪᠠᠷ ᠨᠥᠬᠦᠪᠦᠷᠢᠯᠡᠨ᠎ᠡ; ᠭᠡᠷ᠎ᠤᠨ ᠵᠢᠭᠦᠷᠲᠡᠨ ᠭᠡᠷ᠎ᠤᠨ ᠲᠡᠵᠢᠭᠡᠪᠦᠷᠢ ᠵᠢ ᠦᠬᠦᠭᠦᠯᠦᠭᠰᠡᠨ ᠪᠣᠯ᠂ ᠲᠣᠰ ᠲᠥᠷᠥᠯ᠎ᠤᠨ ᠭᠡᠷ᠎ᠤᠨ ᠵᠢᠭᠦᠷᠲᠡᠨ ᠭᠡᠷ᠎ᠤᠨ ᠲᠡᠵᠢᠭᠡᠪᠦᠷᠢ ᠵᠢᠨ ᠲᠤᠬᠠᠢ ᠵᠢᠨ ᠦᠶ᠎ᠡ ᠵᠢᠨ ᠵᠠᠬ᠎ᠠ ᠳᠡᠯᠭᠡᠭᠦᠷ᠎ᠤᠨ ᠳᠤᠮᠳᠠᠴᠢ ᠦᠨ᠎ᠡ ᠵᠢᠨ 60%᠎ᠪᠠᠷ ᠨᠥᠬᠦᠪᠦᠷᠢᠯᠡᠨ᠎ᠡ᠃
ᠳᠥᠷᠪᠡ᠎ᠳᠤ᠂ ᠨᠥᠬᠦᠪᠦᠷᠢ ᠣᠯᠭᠤᠬᠤ ᠴᠤᠪᠤᠷᠠᠯ᠎ᠢ ᠲᠣᠳᠣᠷᠬᠠᠶ᠋ᠢᠯᠠᠪᠠ᠃ ᠬᠤᠬᠢᠷᠠᠯ ᠠᠮᠰᠠᠭᠴᠢ ᠪᠤᠶᠤ ᠬᠢᠨᠠᠨ ᠬᠠᠮᠠᠭ᠋ᠠᠯᠠᠭᠴᠢ᠂ ᠨᠠᠶ᠋ᠢᠳᠠᠯᠭ᠎ᠠ ᠬᠦᠯᠢᠶᠡᠭᠴᠢ᠎ᠨᠢ ᠬᠤᠬᠢᠷᠠᠯ ᠡᠭᠦᠰᠦᠭᠰᠡᠨ ᠭᠠᠵᠠᠷ᠎ᠤᠨ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ)᠎ᠳᠤ ᠴᠠᠭ ᠲᠤᠬᠠᠢᠳᠤᠨᠢ ᠮᠡᠳᠡᠭᠦᠯᠬᠦ ᠵᠢᠨ ᠬᠠᠮᠲᠤ᠂ ᠲᠤᠬᠠᠢ ᠵᠢᠨ ᠲᠠᠯᠠᠪᠤᠷ᠎ᠢ ᠬᠠᠮᠠᠭ᠋ᠠᠯᠠᠵᠤ ᠬᠢᠨᠠᠨ ᠪᠠᠶ᠋ᠢᠴᠠᠭ᠋ᠠᠬᠤ᠎ᠳᠤ ᠪᠡᠯᠡᠳᠬᠡᠬᠦ ᠬᠡᠷᠡᠭᠲᠡᠢ᠃ ᠬᠥᠮᠥᠨ᠎ᠢ ᠦᠬᠦᠭᠦᠯᠵᠦ ᠰᠢᠷᠬᠠᠲᠤᠭᠤᠯᠤᠭᠰᠠᠨ᠎ᠳᠤ ᠨᠥᠬᠦᠪᠦᠷᠢ ᠠᠪᠬᠤ᠎ᠪᠠᠷ ᠭᠤᠶᠤᠴᠢᠯᠠᠭᠰᠠᠨ ᠪᠣᠯ᠂ ᠲᠦᠷᠭᠡᠨ ᠠᠪᠤᠷᠠᠯᠲᠠ ᠳᠠᠭᠤᠰᠤᠭᠰᠠᠨ᠎ᠤ ᠳᠠᠷᠠᠭ᠋ᠠᠬᠢ 60 ᠡᠳᠦᠷ᠎ᠤᠨ ᠳᠣᠲᠣᠷ᠎ᠠ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ)᠎ᠳᠤ ᠳᠡᠪᠰᠢᠭᠦᠯᠬᠦ ᠬᠡᠷᠡᠭᠲᠡᠢ; ᠡᠳ᠋ ᠬᠥᠷᠥᠩᠭᠡ ᠵᠢᠨ ᠬᠤᠬᠢᠷᠠᠯ ᠵᠶ᠋ᠠᠨ ᠳᠥᠯᠥᠭᠦᠯᠬᠦ᠎ᠪᠠᠷ ᠭᠤᠶᠤᠴᠢᠯᠠᠭᠰᠠᠨ ᠪᠣᠯ᠂ ᠡᠳ᠋ ᠬᠥᠷᠥᠩᠭᠡ ᠵᠢᠨ ᠬᠤᠬᠢᠷᠠᠯ ᠡᠭᠦᠰᠦᠭᠰᠡᠨ᠎ᠢ ᠮᠡᠳᠡᠭᠰᠡᠨ ᠪᠤᠶᠤ ᠮᠡᠳᠡᠬᠦ ᠶᠣᠰᠣᠲᠠᠢ ᠡᠳᠦᠷ᠎ᠠᠴᠠ ᠡᠬᠢᠯᠡᠨ 15 ᠡᠳᠦᠷ᠎ᠤᠨ ᠳᠣᠲᠣᠷ᠎ᠠ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ)᠎ᠳᠤ ᠳᠡᠪᠰᠢᠭᠦᠯᠬᠦ ᠬᠡᠷᠡᠭᠲᠡᠢ᠃
ᠳᠥᠷᠪᠡ᠂ ᠲᠤᠭᠤᠰᠢᠯᠠᠭᠤᠯᠬᠤ ᠠᠷᠭ᠎ᠠ ᠬᠡᠮᠵᠢᠶ᠎ᠡ
《ᠠᠷᠭ᠎ᠠ》 ᠵᠢ ᠨᠡᠶ᠋ᠢᠲᠡᠯᠡᠨ ᠬᠡᠷᠡᠭᠵᠢᠭᠦᠯᠦᠭᠰᠡᠨ᠎ᠨᠢ 《ᠬᠥᠮᠥᠨ ᠵᠶ᠋ᠠᠷ ᠦᠨᠳᠦᠰᠦ ᠪᠣᠯᠭ᠋ᠠᠬᠤ᠂ ᠠᠮᠢ ᠠᠬᠤᠢ ᠵᠢ ᠲᠡᠷᠢᠭᠦᠨ᠎ᠳᠤ ᠲᠠᠯᠪᠢᠬᠤ᠂ ᠬᠠᠤᠯᠢ ᠶᠣᠰᠣᠭ᠋ᠠᠷ ᠬᠠᠮᠠᠭ᠋ᠠᠯᠠᠬᠤ》 ᠬᠠᠭᠤᠷᠠᠢ ᠳᠡᠭᠡᠷᠡᠬᠢ ᠬᠡᠭᠡᠷ᠎ᠡ ᠵᠢᠨ ᠠᠮᠢᠲᠠᠨ᠎ᠢ ᠵᠠᠰᠠᠬᠤ ᠣᠨᠣᠯᠵᠢᠬᠤᠨ᠎ᠢ ᠢᠯᠡᠷᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠪᠣᠯᠪᠠᠰᠤᠨ᠎ᠤ ᠳᠦᠷᠢᠮ᠎ᠤᠨ ᠲᠣᠭᠲᠠᠯᠴᠠᠭ᠎ᠠ ᠵᠢ ᠪᠦᠷᠢᠨᠰᠢᠭᠦᠯᠬᠦ᠂ ᠣᠯᠠᠨ ᠲᠦᠮᠡᠨ᠎ᠤ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠢᠳᠡᠪᠬᠢᠵᠢᠯ᠂ ᠰᠠᠨᠠᠭ᠋ᠠᠴᠢᠯᠠᠭ᠋ᠠᠲᠤ ᠴᠢᠨᠠᠷ᠎ᠢ ᠴᠢᠩᠭ᠋ᠠᠷᠠᠭᠤᠯᠬᠤ᠂ ᠠᠷᠠᠳ ᠣᠯᠠᠨ᠎ᠤ ᠪᠡᠶ᠎ᠡ ᠮᠠᠬᠠᠪᠤᠳ ᠡᠳ᠋ ᠬᠥᠷᠥᠩᠭᠡ ᠵᠢᠨ ᠠᠮᠤᠷ ᠲᠦᠪᠰᠢᠨ᠎ᠢ ᠦᠨᠡᠨ ᠬᠦ᠌ ᠬᠠᠤᠯᠢ ᠶᠣᠰᠣᠭ᠋ᠠᠷ ᠪᠠᠲᠤᠯᠠᠬᠤ ᠵᠡᠷᠭᠡ ᠲᠠᠯ᠎ᠠ᠎ᠪᠠᠷ ᠴᠥᠮ ᠲᠤᠶ᠋ᠢᠯ᠎ᠤᠨ ᠴᠢᠬᠤᠯᠠ ᠠᠴᠢ ᠬᠤᠯᠪᠣᠭᠳᠠᠯ᠎ᠲᠠᠢ ᠶᠤᠮ᠃ ᠲᠠᠷᠠᠭ᠋ᠠᠴᠢ ᠵᠢᠨ ᠠᠯᠬᠤᠮ᠎ᠳᠤ᠂ ᠳᠣᠣᠷᠠᠬᠢ ᠬᠡᠳᠦᠨ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠰᠠᠶ᠋ᠢᠲᠤᠷ ᠠᠳᠬᠤᠨ᠎ᠠ᠃
ᠨᠢᠭᠡ᠎ᠳᠤ᠂ ᠤᠬᠠᠭᠤᠯᠬᠤ ᠡᠷᠴᠢᠮ ᠵᠶ᠋ᠠᠨ ᠴᠢᠩᠭ᠋ᠠᠷᠠᠭᠤᠯᠤᠨ᠎ᠠ᠃ ᠣᠯᠠᠨ ᠵᠦᠢ᠍ᠯ᠎ᠤᠨ ᠵᠠᠭᠤᠴᠢᠯᠠᠭᠤᠷ᠎ᠢ ᠠᠰᠢᠭᠯᠠᠨ 《ᠠᠷᠭ᠎ᠠ》 ᠵᠢᠨ ᠲᠤᠬᠠᠢ ᠤᠬᠠᠭᠤᠯᠬᠤ᠂ ᠲᠠᠶ᠋ᠢᠯᠤᠮᠵᠢ ᠬᠢᠬᠦ ᠵᠢ ᠴᠢᠩᠭ᠋ᠠᠳᠬᠠᠵᠤ᠂ ᠢᠯᠠᠩᠭᠤᠶ᠎ᠠ ᠬᠠᠭᠤᠷᠠᠢ ᠳᠡᠭᠡᠷᠡᠬᠢ ᠬᠡᠭᠡᠷ᠎ᠡ ᠵᠢᠨ ᠠᠮᠢᠲᠠᠨ᠎ᠤ ᠬᠥᠨᠥᠭᠡᠯ ᠤᠴᠠᠷᠠᠭᠤᠯᠬᠤ ᠠᠶᠤᠯ ᠲᠦᠭᠰᠢᠭᠦᠷᠢ ᠣᠷᠣᠰᠢᠵᠤ ᠪᠠᠶ᠋ᠢᠭ᠎ᠠ ᠭᠤᠣᠯᠳᠠᠯᠭ᠎ᠠ᠎ᠲᠠᠢ ᠣᠷᠣᠨ ᠬᠡᠪᠴᠢᠶᠡᠨ ᠳᠣᠲᠣᠷᠠᠬᠢ ᠠᠷᠠᠳ ᠣᠯᠠᠨ᠎ᠳᠤ 《ᠠᠷᠭ᠎ᠠ》 ᠵᠢᠨ ᠠᠭᠤᠯᠭ᠎ᠠ ᠵᠢ ᠠᠯᠢ ᠲᠦᠷᠭᠡᠨ ᠵᠶ᠋ᠠᠷ ᠣᠶ᠋ᠢᠯᠠᠭ᠋ᠠᠭᠤᠯᠵᠤ᠂ ᠬᠥᠨᠥᠭᠡᠯ ᠤᠴᠠᠷᠠᠭᠤᠯᠤᠭᠰᠠᠨ᠎ᠳᠤ ᠨᠥᠬᠦᠪᠦᠷᠢ ᠣᠯᠭᠤᠬᠤ ᠴᠤᠪᠤᠷᠠᠯ᠎ᠢ ᠣᠶ᠋ᠢᠯᠠᠭ᠋ᠠᠭᠤᠯᠵᠤ᠂ ᠲᠣᠰ ᠪᠡᠶ᠎ᠡ ᠵᠢᠨ ᠡᠷᠬᠡ ᠠᠰᠢᠭ᠎ᠢ᠎ᠨᠢ ᠨᠠᠩ ᠰᠠᠶ᠋ᠢᠲᠤᠷ ᠬᠠᠮᠠᠭ᠋ᠠᠯᠠᠭᠤᠯᠤᠨ᠎ᠠ᠃
ᠬᠤᠶᠠᠷ᠎ᠲᠤ᠂ ᠴᠤᠪᠤᠷᠠᠯ᠎ᠢ ᠨᠠᠷᠢᠯᠢᠭᠵᠢᠭᠤᠯᠤᠨ ᠵᠢᠷᠤᠮᠵᠢᠭᠤᠯᠤᠨ᠎ᠠ᠃ 《ᠠᠷᠭ᠎ᠠ》 ᠵᠢᠨ ᠲᠣᠭᠲᠠᠭ᠋ᠠᠯ ᠶᠣᠰᠣᠭ᠋ᠠᠷ᠂ ᠦᠢ᠍ᠯᠡᠴᠢᠯᠡᠭᠡᠨ᠎ᠤ ᠴᠤᠪᠤᠷᠠᠯ᠎ᠢ ᠰᠢᠯᠢᠳᠡᠭᠵᠢᠭᠦᠯᠵᠦ᠂ ᠠᠷᠠᠳ᠎ᠲᠤ ᠲᠥᠬᠦᠮ ᠦᠵᠡᠭᠦᠯᠵᠦ ᠠᠰᠢᠭ ᠬᠦᠷᠲᠡᠭᠡᠬᠦ ᠠᠷᠭ᠎ᠠ ᠬᠡᠮᠵᠢᠶ᠎ᠡ ᠵᠢ ᠲᠣᠭᠲᠠᠭ᠋ᠠᠨ᠂ ᠠᠵᠢᠯ᠎ᠤᠨ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠣᠯᠠᠨ ᠲᠦᠮᠡᠨ᠎ᠤ ᠠᠰᠢᠭ ᠲᠤᠰᠠ ᠵᠢ ᠬᠠᠮᠠᠭ᠋ᠠᠯᠠᠨ᠎ᠠ᠃
ᠭᠤᠷᠪᠠ᠎ᠳᠤ᠂ ᠠᠷᠭ᠎ᠠ ᠬᠡᠮᠵᠢᠶ᠎ᠡ ᠵᠢ ᠢᠵᠢ ᠪᠦᠷᠢᠳᠦᠭᠦᠯᠦᠨ ᠨᠠᠶ᠋ᠢᠳᠠᠪᠤᠷᠢᠵᠢᠭᠤᠯᠤᠨ᠎ᠠ᠃ ᠡᠯ᠎ᠡ ᠱᠠᠲᠤᠨ᠎ᠤ ᠵᠠᠰᠠᠭ᠎ᠤᠨ ᠣᠷᠳᠣᠨ᠎ᠠᠴᠠ ᠳᠠᠭ᠋ᠠᠳᠬᠠᠯ᠎ᠤᠨ ᠪᠠᠶ᠋ᠢᠭᠤᠯᠤᠮᠵᠢ᠎ᠯᠤᠭ᠎ᠠ ᠨᠡᠪᠲᠡᠷᠡᠯᠴᠡᠵᠦ ᠵᠣᠯᠭ᠋ᠠᠭᠤᠯᠬᠤ ᠵᠢ ᠰᠠᠨᠠᠭ᠋ᠠᠴᠢᠯᠠᠭ᠎ᠠ᠎ᠠᠴᠠ᠎ᠪᠠᠨ ᠴᠢᠩᠭ᠋ᠠᠳᠬᠠᠵᠤ᠂ ᠳᠠᠭ᠋ᠠᠳᠬᠠᠯ᠎ᠤᠨ ᠪᠠᠶ᠋ᠢᠭᠤᠯᠤᠮᠵᠢ ᠵᠢᠨ ᠬᠠᠭᠤᠷᠠᠢ ᠳᠡᠭᠡᠷᠡᠬᠢ ᠬᠡᠭᠡᠷ᠎ᠡ ᠵᠢᠨ ᠠᠮᠢᠲᠠᠨ᠎ᠤ ᠬᠥᠮᠥᠨ᠎ᠤ ᠪᠡᠶ᠎ᠡ ᠡᠳ᠋ ᠬᠥᠷᠥᠩᠭᠡ᠎ᠳᠤ ᠬᠤᠬᠢᠷᠠᠯ ᠤᠴᠠᠷᠠᠭᠤᠯᠤᠭᠰᠠᠨ᠎ᠳᠤ ᠲᠥᠯᠥᠪᠦᠷᠢ ᠥᠭᠬᠦ ᠲᠥᠷᠥ ᠵᠢᠨ ᠪᠣᠳᠣᠯᠭ᠎ᠠ ᠵᠢᠨ ᠴᠢᠨᠠᠷᠲᠠᠢ ᠳᠠᠭ᠋ᠠᠳᠬᠠᠯ᠎ᠤᠨ ᠲᠤᠬᠠᠶ᠋ᠢᠯᠠᠭᠰᠠᠨ ᠠᠵᠢᠯ ᠥᠷᠨᠢᠭᠦᠯᠬᠦ ᠵᠢ ᠠᠬᠢᠭᠤᠯᠵᠤ᠂ ᠬᠠᠭᠤᠷᠠᠢ ᠳᠡᠭᠡᠷᠡᠬᠢ ᠬᠡᠭᠡᠷ᠎ᠡ ᠵᠢᠨ ᠠᠮᠢᠲᠠᠨ᠎ᠤ ᠤᠴᠠᠷᠠᠭᠤᠯᠤᠭᠰᠠᠨ ᠬᠤᠬᠢᠷᠠᠯ᠎ᠤᠨ ᠪᠠᠲᠤᠯᠠᠬᠤ ᠬᠢᠷᠢ ᠲᠦᠪᠰᠢᠨ᠎ᠢ ᠳᠡᠭᠡᠭᠰᠢᠯᠡᠭᠦᠯᠵᠦ᠂ ᠬᠤᠬᠢᠷᠠᠯ᠎ᠳᠤ ᠤᠴᠠᠷᠠᠭᠰᠠᠨ ᠨᠢᠭᠡᠴᠢ ᠵᠢᠴᠢ ᠣᠯᠠᠨ ᠲᠦᠮᠡᠨ᠎ᠤ ᠬᠤᠬᠢᠷᠠᠯ᠎ᠢ ᠤᠯᠠᠮ ᠨᠢᠭᠡ ᠠᠯᠬᠤᠮ ᠪᠠᠭ᠋ᠠᠰᠬᠠᠨ᠎ᠠ᠃ ᠭᠤᠣᠯᠳᠠᠯᠭ᠎ᠠ᠎ᠲᠠᠢ ᠬᠠᠮᠠᠭ᠋ᠠᠯᠠᠬᠤ ᠬᠠᠭᠤᠷᠠᠢ ᠳᠡᠭᠡᠷᠡᠬᠢ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠭᠰᠠᠨ᠎ᠠᠴᠠ ᠪᠣᠯᠵᠤ ᠬᠤᠬᠢᠷᠠᠯ ᠠᠮᠰᠠᠵᠤ᠂ ᠭᠡᠷ ᠪᠦᠯᠢ ᠵᠢᠨ ᠠᠮᠢᠳᠤᠷᠠᠯ᠎ᠨᠢ ᠬᠦᠴᠢᠷᠳᠡᠯᠲᠡᠢ ᠪᠣᠯᠣᠭᠰᠠᠨ ᠮᠥᠷᠲᠡᠭᠡᠨ ᠨᠡᠶ᠋ᠢᠭᠡᠮ᠎ᠤᠨ ᠠᠪᠤᠷᠠᠨ ᠲᠤᠰᠠᠯᠠᠬᠤ ᠨᠥᠬᠦᠴᠡᠯ᠎ᠳᠤ ᠨᠡᠶ᠋ᠢᠴᠡᠭᠰᠡᠨ ᠪᠣᠯ᠂ ᠲᠤᠬᠠᠢ ᠵᠢᠨ ᠭᠠᠵᠠᠷ᠎ᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠠᠴᠠ ᠨᠡᠶ᠋ᠢᠭᠡᠮ᠎ᠤᠨ ᠠᠪᠤᠷᠠᠨ ᠲᠤᠰᠠᠯᠠᠯᠲᠠ ᠭᠤᠶᠤᠴᠢᠯᠠᠵᠤ ᠪᠣᠯᠣᠨ᠎ᠠ᠃ ᠹᠢᠽᠢᠺ᠎ᠤᠨ ᠠᠷᠭ᠎ᠠ᠎ᠪᠠᠷ ᠲᠤᠰᠠᠭ᠋ᠠᠷᠯᠠᠬᠤ᠂ ᠳᠦᠷᠰᠦ ᠵᠢᠨ ᠰᠦᠷᠦᠭ᠎ᠢ ᠲᠣᠬᠢᠷᠠᠭᠤᠯᠤᠨ ᠡᠵᠡᠮᠳᠡᠬᠦ᠂ ᠣᠷᠣᠰᠢᠨ ᠠᠮᠢᠳᠤᠷᠠᠬᠤ ᠭᠠᠵᠠᠷ᠎ᠢ ᠬᠠᠮᠠᠭ᠋ᠠᠯᠠᠬᠤ ᠵᠡᠷᠭᠡ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ ᠭᠤᠣᠯᠳᠠᠯᠭ᠎ᠠ᠎ᠲᠠᠢ ᠣᠷᠣᠨ ᠪᠦᠰᠡ ᠵᠢᠨ ᠡᠬᠢ ᠡᠭᠦᠰᠦᠯ᠎ᠠᠴᠠ᠎ᠨᠢ ᠵᠠᠰᠠᠬᠤ ᠵᠢ ᠴᠢᠩᠭ᠋ᠠᠳᠬᠠᠵᠤ᠂ ᠬᠠᠭᠤᠷᠠᠢ ᠳᠡᠭᠡᠷᠡᠬᠢ ᠬᠡᠭᠡᠷ᠎ᠡ ᠵᠢᠨ ᠠᠮᠢᠳᠠᠨ᠎ᠤ ᠬᠥᠨᠥᠭᠡᠯ ᠤᠴᠠᠷᠠᠭᠤᠯᠬᠤ ᠠᠶᠤᠯ ᠲᠦᠭᠰᠢᠭᠦᠷᠢ ᠵᠢ ᠪᠠᠭ᠋ᠠᠰᠬᠠᠨ᠎ᠠ᠃
ᠳᠥᠷᠪᠡ᠎ᠳᠤ᠂ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠎ᠠ᠃ ᠲᠣᠰ ᠠᠷᠭ᠎ᠠ ᠵᠢ ᠬᠡᠷᠡᠭᠵᠢᠭᠦᠯᠦᠭᠰᠡᠨ᠎ᠤ ᠳᠠᠷᠠᠭ᠎ᠠ᠂ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠬᠠᠮᠢᠶ᠎ᠠ ᠪᠦᠬᠦᠢ ᠠᠵᠢᠯ᠎ᠳᠤ ᠬᠢᠨᠠᠯᠲᠠ ᠲᠠᠯᠪᠢᠬᠤ᠎ᠪᠠᠨ ᠴᠢᠩᠭ᠋ᠠᠳᠬᠠᠵᠤ᠂ ᠡᠯ᠎ᠡ ᠱᠠᠲᠤᠨ᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠵᠠᠰᠠᠭ ᠵᠠᠬᠢᠷᠭ᠋ᠠᠨ᠎ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠎ᠤᠳ ᠪᠤᠰᠤᠳᠴᠢ ᠪᠥᠭᠡᠳ ᠲᠥᠪ ᠭᠤᠥᠯᠴᠢ᠂ ᠢᠯᠡ ᠲᠣᠳᠣ᠎ᠪᠠᠷ ᠲᠤᠭᠤᠰᠢᠯᠠᠭᠤᠯᠤᠨ ᠬᠡᠷᠡᠭᠵᠢᠭᠦᠯᠵᠦ᠂ ᠨᠥᠬᠦᠪᠦᠷᠢ ᠣᠯᠭᠤᠬᠤ ᠶᠣᠰᠣᠲᠠᠢ ᠪᠦᠬᠦᠨ᠎ᠳᠤ᠎ᠨᠢ ᠨᠥᠬᠦᠪᠦᠷᠢ ᠣᠯᠭᠤᠬᠤ ᠵᠢᠨ ᠬᠠᠮᠲᠤ ᠵᠠᠭᠤᠴᠢᠯᠠᠭᠤᠷ ᠪᠠ ᠣᠯᠠᠨ ᠨᠡᠶ᠋ᠢᠲᠡ ᠵᠢᠨ ᠬᠢᠨᠠᠯᠲᠠ ᠲᠠᠯᠪᠢᠬᠤ ᠵᠢ ᠤᠬᠠᠮᠰᠠᠷ᠎ᠠᠴᠠ᠎ᠪᠠᠨ ᠬᠦᠯᠢᠶᠡᠵᠦ᠂ 《ᠠᠷᠭ᠎ᠠ》᠎ᠳᠤ ᠲᠣᠭᠲᠠᠭ᠋ᠠᠭᠰᠠᠨ ᠠᠷᠠᠳ᠎ᠲᠤ ᠲᠥᠬᠦᠮ ᠦᠵᠡᠭᠦᠯᠵᠦ ᠠᠰᠢᠭ ᠬᠦᠷᠲᠡᠭᠡᠬᠦ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠵᠢ ᠪᠣᠳᠠᠲᠠᠢ᠎ᠳᠤ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠪᠠᠲᠤᠯᠠᠨ᠎ᠠ᠃