ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
【ᠦᠰᠦᠭ ᠪᠢᠴᠢᠭ ᠵᠶ᠋ᠡᠷ ᠦᠬᠦᠯᠡᠬᠦᠢ】 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠦᠬᠦ ᠠᠷᠠᠳ᠎ᠤᠨ ᠠᠯᠪᠠᠨ ᠵᠢᠷᠤᠮ᠎ᠤᠨ ᠮᠣᠳᠣ ᠳᠠᠷᠢᠬᠤ ᠵᠢ ᠬᠡᠷᠡᠭᠵᠢᠭᠦᠯᠬᠦ ᠨᠠᠷᠢᠨ ᠳᠦᠷᠢᠮ
ᠨᠡᠶ᠋ᠢᠲᠡᠯᠡᠭᠰᠡᠨ ᠴᠠᠭ᠄ 2023-07-20


      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠦᠬᠦ ᠠᠷᠠᠳ᠎ᠤᠨ ᠠᠯᠪᠠᠨ ᠵᠢᠷᠤᠮ᠎ᠤᠨ ᠮᠣᠳᠣ  ᠳᠠᠷᠢᠬᠤ ᠵᠢ ᠬᠡᠷᠡᠭᠵᠢᠭᠦᠯᠬᠦ ᠨᠠᠷᠢᠨ ᠳᠦᠷᠢᠮ  

     (1991 ᠤᠨ᠎ᠤ 3 ᠰᠠᠷ᠎ᠠ ᠵᠢᠨ 13᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ  ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠢᠭ᠎ᠤᠨ 25 ᠳ᠋ᠤᠭ᠋ᠠᠷ ᠲᠤᠭ᠋ᠠᠲᠤ) 
      ᠨᠢᠭᠡᠳᠦᠭᠡᠷ ᠵᠤᠷᠪᠤᠰ ᠮᠣᠳᠣ ᠲᠠᠷᠢᠵᠤ ᠣᠶ᠋ᠢᠵᠢᠭᠤᠯᠬᠤ ᠪᠠ ᠨᠣᠭᠣᠭ᠋ᠠᠷᠠᠭᠤᠯᠬᠤ ᠠᠵᠢᠯ᠎ᠢ ᠰᠠᠶ᠋ᠢᠲᠤᠷ  ᠬᠢᠬᠦ ᠵᠢᠨ ᠲᠤᠰᠠᠳᠠ᠂ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ  ᠬᠤᠷᠠᠯ᠎ᠤᠨ 《ᠪᠦᠬᠦ  ᠠᠷᠠᠳ᠎ᠤᠨ ᠠᠯᠪᠠᠨ ᠵᠢᠷᠤᠮ᠎ᠤᠨ ᠮᠣᠳᠣ ᠳᠠᠷᠢᠬᠤ ᠬᠥᠳᠡᠯᠭᠡᠭᠡᠨ᠎ᠢ ᠥᠷᠨᠢᠭᠦᠯᠬᠦ ᠲᠤᠬᠠᠶ ᠰᠢᠢᠳᠪᠦᠷᠢ》 ᠪᠠ  ᠲᠦᠷᠦ ᠵᠢᠨ ᠶᠠᠪᠤᠳᠠᠯ᠎ᠤᠨ ᠬᠣᠷᠢᠶᠠᠨ᠎ᠤ 《ᠪᠦᠬᠦ ᠠᠷᠠᠳ᠎ᠤᠨ ᠠᠯᠪᠠᠨ ᠵᠢᠷᠤᠮ᠎ᠤᠨ ᠮᠣᠳᠣ ᠳᠠᠷᠢᠬᠤ ᠬᠥᠳᠡᠯᠭᠡᠭᠡᠨ᠎ᠢ  ᠥᠷᠨᠢᠭᠦᠯᠬᠦ ᠲᠤᠬᠠᠶ ᠬᠡᠷᠡᠭᠵᠢᠭᠦᠯᠬᠦ ᠠᠷᠭ᠎ᠠ》 ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠤ  ᠪᠠᠶ᠋ᠢᠳᠠᠯ᠎ᠲᠠᠢ ᠤᠶᠠᠯᠳᠠᠭᠤᠯᠤᠨ᠂ ᠲᠤᠰ ᠨᠠᠷᠢᠨ ᠳᠦᠷᠢᠮ᠎ᠢ ᠲᠣᠭᠲᠠᠭ᠋ᠠᠪᠠ᠃      

      ᠬᠣᠶᠠᠳᠤᠭ᠋ᠠᠷ ᠵᠤᠷᠪᠤᠰ  ᠲᠤᠰ ᠨᠠᠷᠢᠨ ᠳᠦᠷᠢᠮ᠎ᠳᠤ ᠬᠡᠯᠡᠵᠦ ᠪᠠᠶ᠋ᠢᠭ᠎ᠠ ᠠᠯᠪᠠᠨ ᠵᠢᠷᠤᠮ᠎ᠤᠨ ᠮᠣᠳᠣ  ᠲᠠᠷᠢᠬᠤ ᠭᠡᠳᠡᠭ᠎ᠨᠢ ᠪᠦᠬᠦ ᠤᠷᠤᠨ᠎ᠤ ᠵᠤᠬᠢᠬᠤ ᠨᠠᠰᠤᠨ᠎ᠳᠤ ᠬᠦᠷᠦᠭᠰᠡᠨ ᠠᠷᠠᠳ ᠢᠷᠭᠡᠳ᠎ᠤᠨ ᠤᠯᠤᠰ ᠪᠤᠶᠤ  ᠬᠠᠮᠳᠤ ᠨᠡᠢ᠌ᠳᠠ᠎ᠳᠤ  ᠮᠤᠳᠤ ᠲᠠᠷᠢᠬᠤ ᠡᠬᠦᠷᠭᠡ᠎ᠲᠠᠢ ᠪᠠᠢ᠌ᠬᠤ ᠵᠢ ᠵᠢᠭ᠋ᠠᠨ᠎ᠠ᠃ ᠮᠠᠯᠵᠢᠬᠤ ᠣᠷᠣᠨ᠎ᠤ ᠭᠠᠴᠠᠭ᠎ᠠ᠎ᠠᠴᠠ ᠲᠤᠷᠤᠭᠰᠢᠬᠢ ᠨᠢᠭᠡᠴᠡ᠂ ᠨᠥᠬᠥᠴᠡᠯ ᠵᠶ᠋ᠠᠨ ᠦᠨᠳᠦᠰᠦᠯᠡᠵᠦ᠂ ᠠᠯᠪᠠᠨ  ᠵᠢᠷᠤᠮ᠎ᠤᠨ ᠮᠣᠳᠣ ᠲᠠᠷᠢᠬᠤ ᠬᠥᠳᠡᠯᠭᠡᠭᠡᠨ᠎ᠢ ᠦᠷᠨᠢᠬᠦᠯᠵᠦ ᠪᠣᠯᠤᠨ᠎ᠠ᠃  ᠤᠯᠤᠰ᠎ᠠᠴᠠ ᠲᠦᠯᠦᠪᠯᠡᠭᠰᠡᠨ ᠤᠢ᠌ᠵᠢᠭᠤᠯᠤᠯᠳᠠ᠂ 《ᠲᠦᠷᠪᠡᠨ ᠬᠠᠵᠠᠭᠤ》᠎ᠪᠠᠷ ᠮᠣᠳᠣ ᠰᠠᠭᠤᠯᠭ᠋ᠠᠬᠤ ᠵᠢᠴᠢ  ᠬᠤᠪᠢ ᠬᠥᠮᠦᠨ᠎ᠳᠤ ᠠᠰᠢᠭ ᠬᠦᠷᠳᠡᠭᠡᠬᠦ ᠤᠢ᠌ᠵᠢᠭᠤᠯᠤᠯᠳᠠ ᠵᠡᠷᠭᠡ᠎ᠨᠢ ᠠᠯᠪᠠᠨ ᠵᠢᠷᠤᠮ᠎ᠤᠨ ᠮᠣᠳᠣ ᠲᠠᠷᠢᠬᠤ᠎ᠳᠤ  ᠪᠠᠭᠲᠠᠬᠤ ᠦᠭᠡᠢ᠃      
     ᠭᠤᠷᠪᠠᠳᠤᠭ᠋ᠠᠷ ᠵᠤᠷᠪᠤᠰ  ᠥᠪᠡᠷᠲᠡᠭᠡᠨ ᠵᠠᠰᠠᠬᠤ ᠣᠷᠣᠨ᠎ᠤ ᠬᠢᠯᠢ ᠳᠣᠲᠣᠷ᠎ᠠ ᠣᠷᠣᠰᠢᠨ ᠰᠠᠭᠤᠵᠤ ᠪᠠᠶ᠋ᠢᠭ᠎ᠠ  ᠠᠷᠠᠳ ᠢᠷᠭᠡᠨ᠂ ᠡᠷᠡᠭᠲᠡᠶ ᠠᠷᠪᠠᠨ ᠨᠢᠭᠡᠨ ᠨᠠᠰᠤᠨ᠎ᠠᠴᠠ ᠵᠢᠷᠠᠨ ᠨᠠᠰᠤ᠂ ᠡᠮᠡᠭᠲᠡᠶ ᠠᠷᠪᠠᠨ ᠨᠢᠭᠡᠨ ᠨᠠᠰᠤᠨ᠎ᠠᠴᠠ ᠲᠠᠪᠢᠨ ᠲᠠᠪᠤᠨ ᠨᠠᠰᠤ ᠬᠦᠷᠲᠡᠯᠡᠬᠢ ᠬᠥᠮᠦᠨ ᠪᠦᠷᠢ ᠭᠤᠷᠪᠠ᠎ᠠᠴᠠ ᠲᠠᠪᠤᠨ ᠰᠠᠭᠤᠷᠢ ᠮᠣᠳᠣ ᠳᠠᠷᠢᠬᠤ ᠠᠯᠪᠠᠨ ᠵᠢᠷᠤᠮ᠎ᠤᠨ ᠡᠬᠦᠷᠭᠡ ᠵᠢ ᠪᠡᠶᠡᠯᠡᠬᠦᠯᠵᠦ᠂  ᠨᠡᠯᠢᠶᠠᠳ ᠬᠦᠳᠡᠯᠮᠤᠷᠢ ᠵᠢᠨ ᠬᠡᠮᠵᠢᠶᠠᠨ᠎ᠤ ᠪᠤᠰᠤᠳ ᠣᠶ᠋ᠢᠵᠢᠭᠤᠯᠬᠤ ᠠᠵᠢᠯᠯᠠᠭ᠎ᠠ ᠵᠢ ᠪᠡᠶᠡᠯᠡᠬᠦᠯᠦᠨ᠎ᠡ᠃ ᠬᠥᠳᠡᠯᠮᠦᠷᠢᠯᠡᠬᠦ ᠴᠢᠳᠠᠪᠤᠷᠢ᠎ᠪᠠᠨ ᠠᠯᠳᠠᠭᠰᠠᠨ ᠪᠠᠶ᠋ᠢᠪᠠᠯ ᠡᠭᠦᠨ᠎ᠳᠤ ᠪᠠᠭᠲᠠᠬᠤ ᠦᠭᠡᠢ᠃ ᠠᠷᠪᠠᠨ ᠨᠢᠭᠡᠨ ᠨᠠᠰᠤᠨ᠎ᠠᠴᠠ ᠠᠷᠪᠠᠨ ᠲᠤᠯᠤᠭ᠋ᠠᠨ ᠨᠠᠰᠤᠨ᠎ᠤ ᠵᠠᠯᠠᠭᠤ ᠪᠠᠭ᠋ᠠᠴᠤᠳ᠎ᠢ ᠤᠢ᠌ᠷ᠎ᠠ ᠬᠠᠪᠢ᠎ᠳᠤ  ᠪᠠᠢ᠌ᠷᠢᠯᠠᠭᠤᠯᠵᠦ᠂ ᠳᠤᠬᠢᠷᠠᠮᠵᠢᠲᠤ ᠬᠡᠮᠵᠢᠶᠠᠨ᠎ᠤ ᠠᠯᠪᠠᠨ ᠵᠢᠷᠤᠮ᠎ᠤᠨ ᠮᠣᠳᠣ ᠲᠠᠷᠢᠭᠤᠯᠤᠨ᠎ᠠ᠃      

     ᠳᠥᠷᠪᠡᠳᠦᠭᠡᠷ ᠵᠤᠷᠪᠤᠰ  ᠤᠯᠤᠰ ᠪᠤᠶᠤ ᠬᠠᠮᠲᠤ ᠨᠡᠢ᠌ᠳᠠ ᠵᠢᠨ ᠲᠦᠯᠦᠭᠡ ᠦᠷ᠎ᠡ ᠲᠡᠭᠦᠵᠦ ᠴᠤᠭᠯᠠᠭᠤᠯᠬᠤ᠂  ᠴᠢᠬᠢ ᠪᠣᠶ᠋ᠢᠵᠢᠭᠤᠯᠬᠤ᠂ ᠭᠠᠵᠠᠷ ᠲᠡᠭᠰᠢᠯᠡᠬᠦ᠂ ᠤᠰᠤᠯᠠᠯᠳᠠ ᠬᠢᠬᠦ᠂ ᠠᠷᠠᠴᠢᠯᠠᠨ ᠪᠣᠶ᠋ᠢᠵᠢᠭᠤᠯᠬᠤ᠂ ᠬᠠᠮᠢᠶᠠᠷᠴᠤ  ᠬᠠᠮᠠᠭ᠋ᠠᠯᠠᠬᠤ᠂ ᠴᠡᠴᠡᠭ ᠪᠠ ᠡᠪᠡᠰᠦ ᠲᠠᠷᠢᠬᠤ᠂ ᠴᠢᠬᠢ ᠲᠠᠭᠡᠭᠡᠪᠦᠷᠢᠯᠡᠬᠦ᠂ ᠤᠰᠤ ᠲᠡᠭᠡᠭᠡᠪᠦᠷᠢᠯᠡᠬᠦ ᠵᠡᠷᠭᠡ ᠠᠯᠪᠠᠨ  ᠵᠢᠷᠤᠮ᠎ᠤᠨ ᠨᠤᠭᠤᠭ᠋ᠠᠷᠠᠭᠤᠯᠤᠯᠳᠠ ᠵᠢᠨ ᠬᠥᠳᠡᠯᠮᠦᠷᠢ᠎ᠳᠤ ᠤᠷᠤᠯᠴᠠᠵᠦ᠂ ᠬᠥᠳᠡᠯᠮᠦᠷᠢ ᠵᠢᠨ ᠬᠡᠮᠵᠢᠶ᠎ᠡ ᠵᠢ  ᠦᠨᠳᠦᠰᠦᠯᠡᠨ ᠨᠤᠭᠤᠯᠤᠨ ᠪᠤᠳᠤᠵᠤ᠂ ᠠᠯᠪᠠᠨ ᠵᠢᠷᠤᠮ᠎ᠤᠨ ᠮᠣᠳᠣ ᠲᠠᠷᠢᠬᠤ ᠡᠭᠦᠷᠭᠡ ᠵᠢ ᠤᠷᠤᠯᠠᠭᠤᠯᠤᠨ᠎ᠠ᠃  ᠳᠣᠣᠷ᠎ᠠ ᠵᠢᠭᠰᠠᠭ᠋ᠠᠭᠰᠠᠨ ᠪᠠᠷᠢᠮᠵᠢᠶ᠎ᠠ᠎ᠳᠤ ᠨᠡᠢ᠌ᠴᠡᠭᠰᠡᠳ ᠠᠯᠪᠠᠨ ᠵᠢᠷᠤᠮ᠎ᠤᠨ ᠮᠣᠳᠣ ᠵᠢ ᠳᠦᠷᠪᠡᠨ ᠰᠠᠭᠤᠷᠢ  ᠲᠠᠷᠢᠭᠰᠠᠨ᠎ᠲᠠᠢ ᠲᠡᠩᠴᠡᠨ᠎ᠠ ᠃     
     (ᠨᠢᠭᠡ) ᠲᠥᠯᠥᠪᠦᠷᠢ ᠦᠭᠡᠢ᠎ᠪᠠᠷ ᠤᠯᠤᠰ ᠪᠤᠶᠤ ᠬᠠᠮᠲᠤ ᠨᠡᠶ᠋ᠢᠲᠡ᠎ᠳᠤ ᠲᠠᠪᠤᠨ ᠵᠠᠭᠤᠨ ᠭ᠋ᠷᠠᠮ᠎ᠤᠨ ᠵᠢᠭ᠋ᠠᠨ  ᠲᠣᠭᠲᠠᠭ᠋ᠠᠭᠰᠠᠨ ᠮᠣᠳᠣᠨ᠎ᠤ ᠲᠦᠷᠦᠯ ᠲᠤᠰᠢᠶᠠᠨ᠎ᠠ;      
     (ᠬᠣᠶᠠᠷ) ᠴᠢᠬᠢ ᠪᠤᠢ᠌ᠵᠢᠭᠤᠯᠵᠦ᠂ ᠴᠡᠴᠡᠭ ᠲᠠᠷᠢᠭᠰᠠᠨ ᠪᠤᠶᠤ ᠵᠦᠯᠭᠡ ᠳᠡᠪᠢᠰᠴᠦ ᠤᠷᠭᠤᠭᠤᠯᠤᠭᠰᠠᠨ᠎ᠨᠢ  ᠨᠢᠭᠡ ᠬᠠᠪᠳᠠᠭ᠋ᠠᠢ ᠲᠦᠷᠪᠡᠯᠵᠢᠨ ᠮᠸᠲᠷ;     
     (ᠭᠤᠷᠪᠠ)  ᠲᠠᠷᠢᠵᠦ ᠤᠷᠭᠤᠭᠤᠯᠤᠭᠰᠠᠨ ᠨᠣᠭᠣᠭ᠋ᠠᠨ ᠰᠢᠪᠡᠭᠡ ᠬᠣᠶᠠᠷ ᠮᠧᠲᠷ     
     (ᠲᠦᠷᠪᠡ) ᠭᠠᠵᠠᠷ ᠲᠡᠭᠰᠢᠯᠡᠬᠦ᠂ ᠤᠰᠤᠯᠠᠯᠳᠠ ᠬᠢᠬᠦ᠂ ᠵᠤᠯᠵᠠᠭ᠎ᠠ ᠮᠣᠳᠣ ᠪᠣᠶ᠋ᠢᠵᠢᠭᠤᠯᠬᠤ᠂   ᠴᠡᠴᠡᠷᠯᠢᠭ᠎ᠤᠨ ᠨᠤᠭᠤᠭ᠋ᠠᠷᠠᠭᠤᠯᠤᠯᠳᠠ᠂ ᠤᠢ ᠮᠤᠳᠤᠨ᠎ᠤ ᠬᠦᠷᠢᠶ᠎ᠡ ᠬᠡᠷᠡᠰᠬᠡ ᠵᠢ ᠤᠭᠰᠠᠷᠠᠬᠤ ᠪᠤᠶᠤ ᠬᠤᠸᠠᠷ ᠴᠡᠴᠡᠭ  ᠡᠪᠡᠰᠦ ᠮᠣᠳᠣ ᠵᠢ ᠠᠷᠠᠴᠢᠯᠠᠨ ᠬᠠᠮᠠᠭ᠋ᠠᠯᠠᠵᠦ ᠬᠠᠮᠢᠶᠠᠷᠤᠨ᠎ᠠ (ᠠᠵᠢᠯᠯᠠᠭ᠋ᠠᠨ᠎ᠤ ᠬᠤᠭᠤᠴᠠᠭ᠎ᠠ᠎ᠨᠢ ᠨᠢᠭᠡ ᠡᠳᠦᠷ);        
     (ᠲᠠᠪᠤ)  ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ᠎ᠤᠨ ᠲᠡᠭᠡᠭᠡᠪᠦᠷᠢ ᠵᠢᠨ ᠵᠠᠷᠤᠳᠠᠯ 8 ᠲᠥᠭᠥᠷᠢᠭ (ᠳ᠋ᠤᠨ  ᠺᠢᠯᠣᠮᠧᠲᠷ ᠵᠶ᠋ᠡᠷ ᠨᠤᠭᠤᠯᠤᠨ ᠪᠤᠳᠤᠬᠤ) ᠬᠦᠷᠦᠭᠰᠡᠨ ᠪᠠᠢ᠌ᠬᠤ᠃      
 

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
【ᠦᠰᠦᠭ ᠪᠢᠴᠢᠭ ᠵᠶ᠋ᠡᠷ ᠦᠬᠦᠯᠡᠬᠦᠢ】 ᠨᠤᠲᠤᠭ ᠪᠡᠯᠴᠢᠬᠡᠷ᠎ᠤᠨ ᠡᠷᠬᠡ ᠵᠢᠨ ᠬᠠᠷᠢᠶᠠᠯᠠᠯ ᠵᠢᠨ ᠲᠤᠬᠠᠢ ᠲᠠᠢ᠌ᠯᠤᠮᠵᠢ
【ᠵᠢᠷᠤᠭᠲᠤ ᠲᠠᠢ᠌ᠯᠤᠮᠵᠢ】2023 ᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠭᠤᠤᠯᠳᠠᠯᠭ᠎ᠠ᠎ᠲᠠᠢ ᠠᠵᠢᠯ᠎ᠤᠨ ᠲᠤᠬᠠᠢ ᠲᠠᠶ᠋ᠢᠯᠤᠮᠵᠢ
【ᠵᠢᠷᠤᠭᠲᠤ ᠲᠠᠢ᠌ᠯᠤᠮᠵᠢ】 ᠭᠤᠤᠯᠳᠠᠯᠭ᠋ᠠᠲᠤ ᠠᠮᠢ ᠠᠬᠤᠶ ᠵᠢ ᠬᠠᠮᠠᠭ᠋ᠠᠯᠠᠵᠤ ᠰᠡᠷᠭᠦᠭᠡᠨ ᠵᠠᠰᠠᠬᠤ ᠪᠡᠯᠡ ᠮᠥᠩᠭᠥ ᠵᠢᠨ ᠬᠠᠮᠢᠶᠠᠷᠤᠯᠲᠠ ᠵᠢᠨ ᠠᠷᠭ᠎ᠠ
【ᠦᠰᠦᠭ ᠪᠢᠴᠢᠭ ᠵᠶ᠋ᠡᠷ ᠦᠬᠦᠯᠡᠬᠦᠢ】2023 ᠣᠨ᠎ᠤ ᠲᠥᠪ᠎ᠤᠨ ᠡᠳ᠋᠎ᠤᠨ ᠵᠠᠰᠠᠭ᠎ᠤᠨ ᠣᠶ᠋ᠢᠵᠢᠭᠤᠯᠬᠤ ᠨᠥᠬᠥᠪᠥᠷᠢ ᠪᠠ ᠡᠯᠡᠰᠦᠷᠬᠡᠭᠵᠢᠭᠰᠡᠨ ᠭᠠᠵᠠᠷ ᠰᠢᠷᠣᠶ ᠵᠢ ᠪᠢᠲᠡᠭᠦᠮᠵᠢᠯᠡᠨ ᠬᠠᠮᠠᠭ᠋ᠠᠯᠠᠬᠤ ᠨᠥᠬᠥᠪᠥᠷᠢ ᠵᠢᠨ ᠲᠥᠷᠥᠯ ᠵᠦᠢ᠍ᠯ᠎ᠢ ᠤᠷᠢᠳᠴᠢᠯᠠᠨ ᠪᠠᠭᠤᠯᠭ᠋ᠠᠬᠤ ᠠᠵᠢᠯ᠎ᠢ ᠰᠠᠶ᠋ᠢᠲᠤᠷ ᠬᠢᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠮᠡᠳᠡᠭᠳᠡᠯ
【ᠦᠰᠦᠭ ᠪᠢᠴᠢᠭ ᠵᠶ᠋ᠡᠷ ᠦᠬᠦᠯᠡᠬᠦᠢ】 ᠠᠮᠤᠷ᠎ᠢ ᠬᠠᠮᠠᠭ᠋ᠠᠯᠠᠬᠤ ᠬᠡᠷᠡᠭ᠎ᠢ ᠲᠠᠨᠭ᠌ᠰᠠᠯᠠᠨ ᠬᠠᠳᠠᠭ᠋ᠠᠯᠠᠬᠤ ᠵᠢ ᠬᠦᠢ᠍ᠴᠡᠳᠬᠡᠬᠦ ᠲᠦᠷᠦ ᠵᠢᠨ ᠪᠤᠳᠤᠯᠭ᠎ᠠ ᠵᠢᠨ ᠲᠠᠢ᠌ᠯᠤᠮᠵᠢ
 
             蒙ICP备05000248号