ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
【ᠦᠰᠦᠭ ᠪᠢᠴᠢᠭ ᠵᠶ᠋ᠡᠷ ᠦᠬᠦᠯᠡᠬᠦᠢ】 ᠨᠤᠲᠤᠭ ᠪᠡᠯᠴᠢᠬᠡᠷ᠎ᠤᠨ ᠡᠷᠬᠡ ᠵᠢᠨ ᠬᠠᠷᠢᠶᠠᠯᠠᠯ ᠵᠢᠨ ᠲᠤᠬᠠᠢ ᠲᠠᠢ᠌ᠯᠤᠮᠵᠢ
ᠨᠡᠶ᠋ᠢᠲᠡᠯᠡᠭᠰᠡᠨ ᠴᠠᠭ᠄ 2024-01-18

      ᠶᠢᠰᠦᠳᠦᠭᠡᠷ ᠵᠦᠢ᠍ᠯ   ᠨᠤᠲᠤᠭ ᠪᠡᠯᠴᠢᠬᠡᠷ ᠪᠣᠯ ᠤᠯᠤᠰ᠎ᠲᠤ ᠦᠮᠴᠢᠯᠡᠭᠳᠡᠨ᠎ᠡ᠂ ᠬᠠᠮᠲᠤ᠎ᠳᠤ ᠦᠮᠴᠢᠯᠡᠭᠳᠡᠨ᠎ᠡ ᠭᠡᠵᠦ ᠬᠠᠦᠯᠢ᠎ᠪᠠᠷ ᠲᠤᠭᠳᠠᠭ᠋ᠠᠭᠰᠠᠨ ᠪᠠᠢ᠌ᠪᠠᠯ ᠡᠭᠦᠨ᠎ᠳᠤ ᠪᠠᠭᠳᠠᠬᠤ ᠦᠬᠡᠢ᠃ ᠤᠯᠤᠰ᠎ᠤᠨ ᠦᠮᠴᠢᠯᠡᠯ᠎ᠤᠨ ᠨᠤᠲᠤᠭ ᠪᠡᠯᠴᠢᠬᠡᠷ᠎ᠲᠤ ᠲᠦᠷᠦ ᠵᠢᠨ ᠶᠠᠪᠤᠳᠠᠯ᠎ᠤᠨ ᠬᠤᠷᠢᠶ᠎ᠠ ᠤᠯᠤᠰ᠎ᠢ ᠲᠦᠯᠦᠬᠡᠯᠡᠨ ᠦᠮᠴᠢᠯᠡᠯ᠎ᠤᠨ ᠡᠷᠬᠡ ᠵᠢ ᠬᠡᠷᠡᠭᠵᠢᠭᠦᠯᠦᠨ᠎ᠡ᠃
      ᠶᠠᠮᠠᠷᠪᠠ ᠨᠢᠭᠡᠴᠢ ᠪᠤᠶᠤ ᠬᠤᠪᠢ ᠭᠦᠮᠦᠨ ᠲᠦᠷᠦᠨ ᠡᠵᠡᠯᠡᠬᠦ᠂ ᠬᠤᠳᠠᠯᠳᠤᠭ᠋ᠠᠯᠠᠬᠤ ᠪᠤᠶᠤ ᠪᠤᠰᠤᠳ ᠬᠡᠯᠪᠡᠷᠢ᠎ᠪᠠᠷ ᠨᠤᠲᠤᠭ ᠪᠡᠯᠴᠢᠬᠡᠷ᠎ᠢ ᠬᠠᠤᠯᠢ ᠪᠤᠰᠦ ᠰᠢᠯᠵᠢᠭᠦᠯᠦᠨ ᠦᠭᠴᠦ ᠪᠤᠯᠬᠤ ᠦᠬᠡᠢ᠃
      ᠠᠷᠪᠠᠳᠤᠭ᠋ᠠᠷ ᠵᠤᠢ᠌ᠯ   ᠤᠯᠤᠰ᠎ᠤᠨ ᠦᠮᠴᠢᠯᠡᠯ᠎ᠤᠨ ᠨᠤᠲᠤᠭ ᠪᠡᠯᠴᠢᠬᠡᠷ᠎ᠢ ᠬᠠᠤᠯᠢ ᠶᠣᠰᠤᠭ᠋ᠠᠷ ᠠᠷᠠᠳ ᠨᠡᠢ᠌ᠲᠡ ᠵᠢᠨ ᠦᠮᠴᠢᠯᠡᠯ᠎ᠤᠨ ᠳᠦᠷᠢᠮᠲᠦ ᠨᠢᠬᠡᠴᠢ᠂ ᠬᠠᠮᠲᠤ ᠵᠢᠨ ᠠᠵᠤ ᠠᠬᠤᠢ ᠵᠢᠨ ᠵᠤᠬᠢᠶᠠᠨ ᠪᠠᠢ᠌ᠭᠤᠯᠤᠯᠲᠠ ᠵᠡᠷᠭᠡ᠎ᠳᠤ ᠬᠡᠷᠡᠭᠯᠡᠭᠦᠯᠬᠦ᠎ᠪᠠᠷ ᠲᠤᠭᠲᠠᠭ᠋ᠠᠵᠤ ᠪᠤᠯᠤᠨ᠎ᠠ᠃
      ᠨᠤᠲᠤᠭ ᠪᠡᠯᠴᠢᠬᠡᠷ ᠬᠡᠷᠡᠭᠯᠡᠭᠰᠡᠨ ᠨᠢᠭᠡᠴᠢ᠎ᠨᠢ ᠨᠤᠲᠤᠭ ᠪᠡᠯᠴᠢᠬᠡᠷ᠎ᠢ ᠬᠠᠮᠠᠭ᠋ᠠᠯᠠᠬᠤ᠂ ᠪᠦᠲᠦᠭᠡᠨ ᠪᠠᠢ᠌ᠭᠤᠯᠬᠤ ᠪᠠ ᠵᠦᠢ ᠵᠤᠬᠢᠰᠲᠠᠢ᠎ᠪᠠᠷ ᠠᠰᠢᠭᠯᠠᠬᠤ ᠡᠭᠦᠷᠭᠡ ᠵᠢ ᠭᠦᠢ᠍ᠴᠡᠳᠬᠡᠬᠦ ᠬᠡᠷᠡᠭᠲᠡᠢ᠃
      ᠠᠷᠪᠠᠨ ᠨᠢᠭᠡᠳᠦᠭᠡᠷ ᠵᠦᠢ᠍ᠯ    ᠠᠷᠠᠳ ᠨᠡᠢ᠌ᠲᠡ ᠵᠢᠨ ᠦᠮᠴᠢᠯᠡᠯ᠎ᠤᠨ ᠳᠦᠷᠢᠮᠲᠦ ᠨᠢᠭᠡᠴᠢ᠂ ᠬᠠᠮᠲᠤ ᠵᠢᠨ ᠠᠵᠤ ᠠᠬᠤᠢ ᠵᠢᠨ ᠵᠤᠬᠢᠶᠠᠨ ᠪᠠᠢ᠌ᠭᠤᠯᠤᠯᠲᠠ ᠵᠡᠷᠭᠡ᠎ᠳᠤ ᠬᠡᠷᠡᠭᠯᠡᠭᠦᠯᠬᠦ᠎ᠪᠠᠷ ᠬᠠᠤᠯᠢ ᠶᠣᠰᠤᠭ᠋ᠠᠷ ᠲᠤᠭᠲᠠᠭ᠋ᠠᠭᠰᠠᠨ ᠤᠯᠤᠰ᠎ᠤᠨ ᠦᠮᠴᠢᠯᠡᠯ᠎ᠤᠨ ᠨᠤᠲᠤᠭ ᠪᠡᠯᠴᠢᠭᠡᠷ᠎ᠢ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠠᠴᠠ ᠳᠠᠩᠰᠠᠯᠠᠵᠤ᠂ ᠬᠡᠷᠡᠭᠯᠡᠬᠦ ᠡᠷᠬᠡ ᠵᠢᠨ ᠦᠨᠡᠮᠯᠡᠯ᠎ᠢ ᠬᠢᠨᠠᠨ ᠤᠯᠭᠤᠵᠤ᠂ ᠨᠤᠲᠤᠭ ᠪᠡᠯᠴᠢᠬᠡᠷ᠎ᠤᠨ ᠬᠡᠷᠡᠭᠯᠡᠬᠦ ᠡᠷᠬᠡ ᠵᠢ ᠮᠠᠭ᠋ᠠᠳᠯᠠᠨ᠎ᠠ᠃
      ᠬᠡᠷᠡᠭᠯᠡᠬᠦ ᠡᠷᠬᠡ ᠵᠢ ᠲᠤᠭᠲᠠᠭ᠋ᠠᠭ᠋ᠠᠳᠤᠢ ᠤᠯᠤᠰ᠎ᠤᠨ ᠦᠮᠴᠢᠯᠡᠯ᠎ᠤᠨ ᠨᠤᠲᠤᠭ ᠪᠡᠯᠴᠢᠬᠡᠷ᠎ᠢ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠠᠴᠠ ᠪᠦᠷᠢᠳᠭᠡᠨ ᠳᠠᠩᠰᠠᠯᠠᠬᠤ ᠵᠢᠨ ᠬᠠᠮᠳᠤ ᠬᠠᠮᠠᠭ᠋ᠠᠯᠠᠵᠤ ᠬᠠᠮᠢᠶᠠᠷᠬᠤ ᠵᠢ ᠬᠠᠷᠢᠭᠤᠴᠠᠨ᠎ᠠ᠃
      ᠬᠠᠮᠲᠤ ᠵᠢᠨ ᠦᠮᠴᠢᠯᠡᠯ᠎ᠤᠨ ᠨᠤᠲᠤᠭ ᠪᠡᠯᠴᠢᠬᠡᠷ᠎ᠢ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠤᠷᠳᠤᠨ᠎ᠠᠴᠠ ᠳᠠᠩᠰᠠᠯᠠᠵᠤ᠂ ᠦᠮᠴᠢᠯᠡᠯ᠎ᠤᠨ ᠡᠷᠬᠡ ᠵᠢᠨ ᠦᠨᠡᠮᠯᠡᠯ᠎ᠢ ᠬᠢᠨᠠᠨ ᠤᠯᠭᠤᠵᠤ᠂ ᠨᠤᠲᠤᠭ ᠪᠡᠯᠴᠢᠬᠡᠷ᠎ᠤᠨ ᠦᠮᠴᠢᠯᠡᠯ᠎ᠢ ᠬᠢᠨᠠᠨ ᠤᠯᠭᠤᠵᠤ᠂ ᠨᠤᠲᠤᠭ ᠪᠡᠯᠴᠢᠬᠡᠷ᠎ᠤᠨ ᠦᠮᠴᠢᠯᠡᠯ᠎ᠤᠨ ᠡᠷᠬᠡ ᠵᠢ ᠮᠠᠭ᠋ᠠᠳᠯᠠᠨ᠎ᠠ᠃
      ᠨᠤᠲᠤᠭ ᠪᠡᠯᠴᠢᠭᠡᠷ᠎ᠤᠨ ᠡᠷᠬᠡ ᠵᠢᠨ ᠬᠠᠷᠢᠶᠠᠯᠠᠯ᠎ᠢ ᠬᠠᠤᠯᠢ ᠶᠤᠰᠤᠭ᠋ᠠᠷ ᠬᠤᠪᠢᠷᠠᠭᠤᠯᠬᠤ ᠭᠡᠪᠡᠯ ᠨᠤᠲᠤᠭ ᠪᠡᠯᠴᠢᠬᠡᠷ᠎ᠤᠨ ᠡᠷᠬᠡ ᠵᠢᠨ ᠬᠠᠷᠢᠶᠠᠯᠠᠯ᠎ᠢ ᠬᠤᠪᠢᠷᠠᠭᠤᠯᠬᠤ᠎ᠪᠠᠷ ᠳᠠᠩᠰᠠᠯᠠᠭᠤᠯᠬᠤ ᠭᠠᠷ ᠭᠦᠢ᠍ᠴᠡᠳᠭᠡᠯ ᠬᠢᠬᠦ ᠬᠡᠷᠡᠭᠲᠡᠢ᠃
      ᠠᠷᠪᠠᠨ ᠬᠤᠶᠠᠳᠤᠭ᠋ᠠᠷ ᠵᠤᠢ᠌ᠯ    ᠬᠠᠤᠯᠢ ᠶᠤᠰᠤᠭ᠋ᠠᠷ ᠳᠠᠩᠰᠠᠯᠠᠭᠤᠯᠤᠭᠰᠠᠨ ᠨᠤᠲᠤᠭ ᠪᠡᠯᠴᠢᠬᠡᠷ᠎ᠤᠨ ᠦᠮᠴᠢᠯᠡᠭᠦ ᠡᠷᠬᠡ ᠪᠠ ᠬᠡᠷᠡᠭᠯᠡᠬᠦ ᠡᠷᠬᠡ᠎ᠨᠢ ᠬᠠᠤᠯᠢ᠎ᠪᠠᠷ ᠬᠠᠮᠠᠭ᠋ᠠᠯᠠᠭᠳᠠᠨ᠎ᠠ᠂ ᠶᠠᠮᠠᠷᠪᠠ ᠨᠢᠭᠡᠴᠢ ᠪᠤᠶᠤ ᠬᠤᠪᠢ ᠬᠦᠮᠦᠨ ᠬᠠᠯᠳᠠᠵᠤ ᠪᠤᠯᠬᠤ ᠦᠬᠡᠢ᠃
      ᠠᠷᠪᠠᠨ ᠭᠤᠷᠪᠠᠳᠤᠭ᠋ᠠᠷ ᠵᠤᠢ᠌ᠯ    ᠬᠠᠮᠲᠤ ᠵᠢᠨ ᠦᠮᠴᠢᠯᠡᠯ᠎ᠤᠨ ᠨᠤᠲᠤᠭ ᠪᠡᠯᠴᠢᠭᠡᠷ ᠪᠤᠶᠤ ᠬᠠᠤᠯᠢ ᠶᠤᠰᠤᠭ᠋ᠠᠷ ᠬᠠᠮᠲᠤ ᠵᠢᠨ ᠠᠵᠤ ᠠᠬᠤᠢ ᠵᠢᠨ ᠵᠤᠬᠢᠶᠠᠨ ᠪᠠᠢ᠌ᠭᠤᠯᠤᠯᠲᠠ᠎ᠳᠤ ᠬᠡᠷᠡᠭᠯᠡᠭᠦᠯᠬᠦ᠎ᠪᠠᠷ ᠲᠤᠭᠲᠠᠭ᠋ᠠᠭᠰᠠᠨ ᠤᠯᠤᠰ᠎ᠤᠨ ᠦᠮᠴᠢᠯᠡᠯ᠎ᠤᠨ ᠨᠤᠲᠤᠭ ᠪᠡᠯᠴᠢᠭᠡᠷ᠎ᠢ ᠲᠤᠰ ᠬᠠᠮᠲᠤ ᠵᠢᠨ ᠠᠵᠤ ᠠᠬᠤᠢ ᠵᠢᠨ ᠵᠤᠬᠢᠶᠠᠨ ᠪᠠᠢ᠌ᠭᠤᠯᠤᠯᠲᠠ ᠵᠢᠨ ᠳᠤᠲᠤᠭ᠋ᠠᠳᠤ᠎ᠳᠠᠬᠢ ᠭᠡᠷ ᠪᠦᠯᠢ ᠪᠤᠶᠤ ᠬᠤᠯᠪᠤᠭ᠎ᠠ ᠡᠷᠤᠬᠡ᠎ᠪᠠᠷ ᠳᠠᠭ᠋ᠠᠭ᠋ᠠᠴᠢᠯᠠᠭᠤᠯᠤᠨ ᠡᠵᠡᠩᠨᠡᠬᠦᠯᠵᠦ ᠪᠤᠯᠤᠨ᠎ᠠ᠃
      ᠨᠤᠲᠤᠭ ᠪᠡᠯᠴᠢᠬᠡᠷ᠎ᠢ ᠳᠠᠭ᠋ᠠᠭ᠋ᠠᠴᠢᠯᠠᠨ ᠡᠵᠡᠩᠨᠡᠵᠦ ᠪᠠᠢ᠌ᠬᠤ ᠬᠤᠭᠤᠴᠠᠭ᠋ᠠᠨ᠎ᠳᠤ᠂ ᠲᠠᠭ᠋ᠠᠭ᠋ᠠᠴᠢᠯᠠᠨ ᠡᠵᠡᠩᠨᠡᠭᠴᠢ ᠵᠢᠨ ᠬᠡᠷᠡᠭᠯᠡᠵᠦ ᠪᠠᠢ᠌ᠭ᠎ᠠ ᠨᠤᠲᠤᠭ ᠪᠡᠯᠴᠢᠬᠡᠷ᠎ᠲᠤ ᠲᠤᠬᠢᠷᠠᠭᠤᠯᠤᠯᠲᠠ ᠬᠢᠵᠤ ᠪᠤᠯᠬᠤ ᠦᠬᠡᠢ; ᠤᠨᠴᠠᠭ᠋ᠠᠢ ᠵᠠᠷᠢᠮ ᠲᠤᠬᠢᠷᠠᠭᠤᠯᠤᠯᠲᠠ ᠬᠢᠬᠦ ᠴᠢᠬᠤᠯᠠᠲᠠᠢ ᠵᠢ᠎ᠨᠢ ᠡᠷᠬᠡᠪᠰᠢ ᠲᠤᠰ ᠬᠠᠮᠲᠤ ᠵᠢᠨ ᠠᠵᠤ ᠠᠬᠤᠢ ᠵᠢᠨ ᠵᠤᠬᠢᠶᠠᠨ ᠪᠠᠢ᠌ᠭᠤᠯᠤᠯᠲᠠ ᠵᠢᠨ ᠪᠦᠷᠢᠯᠳᠦᠭᠦᠨ ᠪᠤᠯᠬᠤ ᠭᠠᠴᠠᠭ᠋ᠠᠨ᠎ᠤ ᠠᠷᠠᠳ᠎ᠤᠨ(ᠮᠠᠯᠴᠢᠨ) ᠬᠤᠷᠠᠯᠳᠤᠭ᠋ᠠᠨ᠎ᠤ ᠭᠤᠷᠪᠠᠨ᠎ᠤ ᠬᠤᠶᠠᠷ ᠬᠤᠪᠢ᠎ᠠᠴᠠ ᠳᠡᠭᠡᠭᠰᠢᠬᠢ ᠪᠦᠷᠢᠯᠳᠦᠭᠦᠨ ᠪᠤᠶᠤ ᠭᠤᠷᠪᠠᠨ᠎ᠤ ᠬᠤᠶᠠᠷ ᠬᠤᠪᠢ᠎ᠠᠴᠠ ᠳᠡᠭᠡᠭᠰᠢᠬᠢ ᠭᠠᠴᠠᠭ᠋ᠠᠨ᠎ᠤ ᠠᠷᠠᠳ᠎ᠤᠨ(ᠮᠠᠯᠴᠢᠨ) ᠲᠦᠯᠦᠭᠡᠯᠡᠭᠴᠢᠳ᠎ᠤᠨ ᠵᠦᠪᠰᠢᠶᠠᠷᠡᠯ᠎ᠢ ᠤᠯᠬᠤ ᠵᠢᠨ ᠬᠠᠮᠲᠤ᠂ ᠰᠤᠮᠤ(ᠪᠠᠯᠭ᠋ᠠᠰᠤ) ᠵᠢᠨ ᠠᠷᠠᠳ᠎ᠤᠨ ᠵᠠᠰᠠᠭ᠎ᠤᠨ ᠤᠷᠳᠤᠨ ᠪᠤᠯᠤᠨ ᠰᠢᠶᠠᠨ᠎ᠤ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠨᠤᠲᠤᠭ ᠪᠡᠯᠴᠢᠭᠡᠷ᠎ᠤᠨ ᠵᠠᠰᠠᠭ ᠵᠠᠬᠢᠷᠭ᠋ᠠᠨ᠎ᠤ ᠡᠷᠬᠢᠯᠠᠨ ᠬᠠᠮᠢᠶᠠᠷᠬᠤ ᠰᠠᠯᠠᠭ᠎ᠠ ᠮᠦᠴᠢᠷ᠎ᠲᠤ ᠮᠠᠳᠠᠭᠦᠯᠦᠨ ᠵᠦᠪᠰᠢᠶᠡᠷᠡᠭᠦᠯᠬᠦ ᠬᠡᠷᠡᠭᠲᠡᠢ᠂
      ᠬᠠᠮᠲᠤ ᠵᠢᠨ ᠦᠮᠴᠢᠯᠡᠯ᠎ᠤᠨ ᠨᠤᠲᠤᠭ ᠪᠡᠯᠴᠢᠭᠡᠷ ᠪᠤᠶᠤ ᠬᠠᠤᠯᠢ ᠶᠤᠰᠤᠭ᠋ᠠᠷ ᠬᠠᠮᠲᠤ ᠵᠢᠨ ᠠᠵᠤ ᠠᠬᠤᠢ ᠵᠢᠨ ᠵᠤᠬᠢᠶᠠᠨ ᠪᠠᠢ᠌ᠭᠤᠯᠤᠯᠲᠠ᠎ᠳᠤ ᠬᠡᠷᠡᠭᠯᠡᠭᠦᠯᠬᠦ᠎ᠪᠠᠷ ᠲᠤᠭᠲᠠᠭ᠋ᠠᠭᠰᠠᠨ ᠤᠯᠤᠰ᠎ᠤᠨ ᠦᠮᠴᠢᠯᠡᠯ᠎ᠤᠨ ᠨᠤᠲᠤᠭ ᠪᠡᠯᠴᠢᠭᠡᠷ᠎ᠢ ᠲᠤᠰ ᠬᠠᠮᠲᠤ ᠵᠢᠨ ᠠᠵᠤ ᠠᠬᠤᠢ ᠵᠣᠬᠢᠶᠠᠨ ᠪᠠᠢ᠌ᠭᠤᠯᠤᠯᠲᠠ᠎ᠠᠴᠠ ᠭᠠᠳᠠᠨᠠᠬᠢ ᠨᠢᠭᠡᠴᠢ ᠪᠤᠶᠤ ᠬᠤᠪᠢ ᠬᠦᠮᠦᠨ ᠳᠠᠭ᠋ᠠᠭ᠋ᠠᠴᠢᠯᠠᠨ ᠡᠵᠩᠨᠡᠬᠦ᠎ᠳᠤ ᠬᠦᠷᠪᠡᠯ᠂ ᠡᠷᠬᠡᠪᠰᠢ ᠲᠤᠰ ᠬᠠᠮᠲᠤ ᠵᠢᠨ ᠠᠵᠤ ᠠᠬᠤᠢ ᠵᠢᠨ ᠵᠤᠬᠢᠶᠠᠨ ᠪᠠᠢ᠌ᠭᠤᠯᠤᠯᠲᠠ ᠵᠢᠨ ᠪᠦᠷᠢᠯᠳᠦᠭᠦᠨ ᠪᠤᠯᠬᠤ ᠭᠠᠴᠠᠭ᠋ᠠᠨ᠎ᠤ ᠠᠷᠠᠳ᠎ᠤᠨ(ᠮᠠᠯᠴᠢᠨ) ᠬᠤᠷᠠᠯᠳᠤᠭ᠋ᠠᠨ᠎ᠤ ᠭᠤᠷᠪᠠᠨ᠎ᠤ ᠬᠤᠶᠠᠷ ᠬᠤᠪᠢ᠎ᠠᠴᠠ ᠳᠡᠭᠡᠭᠰᠢᠬᠢ ᠪᠦᠷᠢᠯᠳᠦᠭᠦᠨ ᠪᠤᠶᠤ ᠭᠤᠷᠪᠠᠨ᠎ᠤ ᠬᠤᠷᠠᠷ᠎ᠠᠴᠠ ᠳᠡᠭᠡᠭᠰᠢᠬᠢ ᠭᠠᠴᠠᠭ᠋ᠠᠨ᠎ᠤ ᠠᠷᠠᠳ᠎ᠤᠨ(ᠮᠠᠯᠴᠢᠨ) ᠲᠦᠯᠦᠭᠡᠯᠡᠭᠴᠢᠳ᠎ᠤᠨ ᠵᠦᠪᠰᠢᠶᠠᠷᠡᠯ᠎ᠢ ᠤᠯᠬᠤ ᠵᠢᠨ ᠬᠠᠮᠲᠤ᠂ ᠰᠤᠮᠤ(ᠪᠠᠯᠭ᠋ᠠᠰᠤ) ᠵᠢᠨ ᠠᠷᠠᠳ᠎ᠤᠨ ᠵᠠᠰᠠᠭ᠎ᠤᠨ ᠤᠷᠳᠤᠨ᠎ᠳᠤ ᠮᠡᠳᠡᠭᠦᠯᠦᠨ ᠵᠦᠪᠰᠢᠶᠡᠷᠡᠭᠦᠯᠬᠦ ᠬᠡᠷᠡᠭᠲᠡᠢ᠃
      ᠠᠷᠪᠠᠨ ᠳᠦᠷᠪᠡᠳᠦᠭᠡᠷ ᠵᠦᠢ᠍ᠯ   ᠨᠤᠲᠤᠭ ᠪᠡᠯᠴᠢᠭᠡᠷ᠎ᠢ ᠳᠠᠭ᠋ᠠᠭ᠋ᠠᠴᠢᠯᠠᠨ ᠡᠵᠡᠩᠨᠡᠬᠦ᠎ᠳᠤ᠂ ᠳᠠᠭ᠋ᠠᠭ᠋ᠠᠴᠢᠯᠠᠭᠤᠯᠤᠭᠴᠢ ᠪᠠ ᠳᠠᠭ᠋ᠠᠭ᠋ᠠᠴᠢᠯᠠᠭᠴᠢ᠎ᠨᠢ ᠪᠢᠴᠢᠭ᠎ᠤᠨ ᠭᠡᠷ᠎ᠡ ᠲᠤᠭᠲᠠᠭ᠋ᠠᠬᠤ ᠬᠡᠷᠡᠭᠲᠡᠢ᠃ ᠨᠤᠲᠤᠭ ᠪᠡᠯᠴᠢᠭᠡᠷ᠎ᠤᠨ ᠳᠠᠭ᠋ᠠᠭ᠋ᠠᠴᠢᠯᠠᠯᠲᠠ ᠵᠢᠨ ᠭᠡᠷ᠎ᠡ᠎ᠳᠤ ᠬᠤᠶᠠᠷ ᠲᠠᠯ᠎ᠠ ᠵᠢᠨ ᠡᠷᠬᠡ ᠪᠤᠯᠤᠨ ᠡᠭᠦᠷᠭᠡ᠂ ᠳᠠᠭ᠋ᠠᠭ᠋ᠠᠴᠢᠯᠠᠬᠤ ᠨᠤᠲᠤᠭ ᠪᠡᠯᠴᠢᠭᠡᠷ᠎ᠤᠨ ᠳᠦᠷᠪᠡᠨ ᠲᠠᠯ᠎ᠠ ᠵᠢᠨ ᠭᠦᠪᠡᠭᠡ ᠬᠢᠵᠠᠭ᠋ᠠᠷ᠂ ᠲᠠᠯᠠᠪᠠᠢ ᠪᠤᠯᠤᠨ ᠵᠡᠷᠭᠡ ᠳᠡᠰ᠂ ᠳᠠᠭ᠋ᠠᠭ᠋ᠠᠴᠢᠯᠠᠯᠲᠠ ᠵᠢᠨ ᠬᠤᠭᠤᠴᠠᠭ᠎ᠠ ᠪᠠ ᠡᠬᠢᠯᠡᠵᠦ ᠳᠠᠭᠤᠰᠬᠤ ᠡᠳᠦᠷ ᠬᠤᠭᠤᠴᠠᠭ᠎ᠠ᠂ ᠨᠤᠲᠤᠭ ᠪᠡᠯᠴᠢᠭᠡᠷ ᠳᠠᠭ᠋ᠠᠭ᠋ᠠᠴᠢᠯᠠᠬᠤ ᠬᠡᠷᠡᠭᠯᠡᠯᠲᠡ ᠪᠠ ᠭᠡᠷ᠎ᠡ᠎ᠠᠴᠠ ᠵᠦᠷᠢᠴᠡᠭᠰᠡᠨ ᠬᠠᠷᠢᠭᠤᠴᠠᠯᠭ᠎ᠠ ᠵᠡᠷᠭᠡ ᠠᠭᠤᠯᠭ᠎ᠠ ᠵᠢ ᠪᠠᠭᠳᠠᠭ᠋ᠠᠭᠰᠠᠨ ᠪᠠᠢ᠌ᠬᠤ ᠬᠡᠷᠡᠭᠲᠡᠢ᠃ ᠳᠠᠭ᠋ᠠᠭ᠋ᠠᠴᠢᠯᠠᠯᠲᠠ ᠵᠢᠨ ᠬᠤᠭᠤᠴᠠᠭ᠎ᠠ ᠳᠠᠭᠤᠰᠬᠤ᠎ᠳᠤ᠂ ᠤᠤᠯ᠎ᠤᠨ ᠳᠠᠭ᠋ᠠᠭ᠋ᠠᠴᠢᠯᠠᠨ ᠡᠵᠡᠩᠨᠡᠭᠴᠢ᠎ᠨᠢ ᠠᠳᠠᠯᠢ ᠨᠦᠭᠦᠴᠡᠯ᠎ᠤᠨ ᠲᠤᠤᠷ᠎ᠠ ᠤᠷᠢᠳᠠ᠎ᠪᠠᠷ ᠳᠠᠭ᠋ᠠᠭ᠋ᠠᠴᠢᠯᠠᠬᠤ ᠡᠷᠬᠡ ᠵᠢ ᠡᠳᠡᠯᠨ᠎ᠡ᠃
      ᠨᠤᠲᠤᠭ ᠪᠡᠯᠴᠢᠭᠡᠷ᠎ᠢ ᠳᠠᠭ᠋ᠠᠭ᠋ᠠᠴᠢᠯᠠᠨ ᠡᠵᠡᠩᠨᠡᠬᠦ ᠨᠢᠭᠡᠴᠢ ᠪᠠ ᠬᠣᠪᠢ ᠬᠦᠮᠦᠨ᠎ᠨᠢ ᠨᠤᠲᠤᠭ ᠪᠡᠯᠴᠢᠭᠡᠷ᠎ᠢ ᠬᠠᠮᠠᠭ᠋ᠠᠯᠠᠬᠤ᠂ ᠪᠦᠲᠦᠭᠡᠨ ᠪᠠᠢ᠌ᠭᠤᠯᠬᠤ ᠪᠠ ᠳᠠᠭ᠋ᠠᠭ᠋ᠠᠴᠢᠯᠠᠯᠲᠠ ᠵᠢᠨ ᠭᠡᠷ᠎ᠡ᠎ᠳᠤ ᠪᠤᠯᠵᠣᠨ ᠲᠣᠭᠳᠠᠭᠰᠠᠨ ᠬᠡᠷᠡᠭᠯᠠᠯᠲᠡ ᠵᠢᠨ ᠶᠤᠰᠤᠭ᠋ᠠᠷ ᠨᠤᠳᠤᠭ ᠪᠡᠯᠴᠢᠭᠡᠷ᠎ᠢ ᠵᠦᠢ ᠵᠤᠬᠢᠰᠲᠠᠢ᠎ᠪᠠᠷ ᠠᠰᠢᠭᠯᠠᠬᠤ ᠡᠭᠦᠷᠭᠡ ᠵᠢ ᠭᠦᠢ᠍ᠴᠡᠳᠭᠡᠬᠦ ᠬᠡᠷᠡᠭᠲᠡᠢ᠃
      ᠠᠷᠪᠠᠨ ᠲᠠᠪᠤᠳᠤᠭ᠋ᠠᠷ ᠵᠦᠢ᠍ᠯ   ᠨᠤᠲᠤᠭ ᠪᠡᠯᠴᠢᠭᠡᠷ᠎ᠢ ᠳᠠᠭ᠋ᠠᠭ᠋ᠠᠴᠢᠯᠠᠨ ᠡᠵᠡᠩᠨᠡᠬᠦ ᠡᠷᠬᠡ ᠵᠢ ᠬᠠᠤᠯᠢ᠎ᠪᠠᠷ ᠬᠠᠮᠠᠭ᠋ᠠᠯᠠᠬᠤ᠂ ᠰᠠᠢ᠌ᠨ ᠲᠤᠷ᠎ᠠ ᠵᠢᠨ ᠦᠨ᠎ᠡ ᠲᠦᠯᠦᠪᠦᠷᠢ᠎ᠲᠠᠢ ᠪᠠᠢ᠌ᠬᠤ ᠵᠠᠷᠴᠢᠮ ᠵᠶ᠋ᠠᠷ ᠬᠠᠤᠯᠢ ᠶᠤᠰᠤᠭ᠋ᠠᠷ ᠰᠢᠯᠵᠢᠬᠦᠯᠦᠨ ᠦᠭᠴᠦ ᠪᠤᠯᠤᠨ᠎ᠠ᠃
      ᠨᠤᠲᠤᠭ ᠪᠡᠯᠴᠢᠭᠡᠷ᠎ᠢ ᠳᠠᠭ᠋ᠠᠭ᠋ᠠᠴᠢᠯᠠᠨ ᠡᠵᠡᠩᠨᠡᠬᠦ ᠡᠷᠬᠡ ᠵᠢ ᠰᠢᠯᠵᠢᠭᠦᠯᠦᠨ ᠦᠭᠬᠦ᠎ᠳᠤ ᠬᠦᠯᠢᠶᠠᠨ ᠠᠪᠤᠭᠴᠢ᠎ᠨᠢ ᠡᠷᠬᠡᠪᠰᠢ ᠮᠠᠯ ᠠᠵᠤ ᠠᠬᠤᠢ ᠵᠢᠨ ᠦᠢ᠍ᠯᠡᠳᠪᠦᠷᠢᠯᠡᠯ᠎ᠢ ᠡᠷᠬᠢᠯᠡᠬᠦ ᠴᠢᠳᠠᠪᠦᠷᠢ᠎ᠲᠠᠢ ᠪᠠᠢ᠌ᠬᠤ ᠬᠡᠷᠡᠭᠲᠡᠢ ᠪᠦᠬᠡᠳ ᠨᠤᠲᠤᠭ ᠪᠡᠯᠴᠢᠭᠡᠷ᠎ᠢ ᠬᠠᠮᠠᠭ᠋ᠠᠯᠠᠬᠤ᠂ ᠪᠦᠳᠦᠭᠡᠨ ᠪᠠᠢ᠌ᠭᠤᠯᠬᠤ ᠪᠠ ᠳᠠᠭ᠋ᠠᠭ᠋ᠠᠴᠢᠯᠠᠯᠲᠠ ᠵᠢᠨ ᠬᠡᠷ᠎ᠠ᠎ᠳᠤ ᠪᠤᠯᠵᠤᠨ ᠲᠣᠭᠳᠠᠭᠰᠠᠨ ᠬᠡᠷᠡᠭᠯᠡᠯᠲᠡ ᠵᠢᠨ ᠶᠣᠰᠦᠭ᠋ᠠᠷ ᠨᠤᠲᠤᠭ ᠪᠡᠯᠴᠢᠭᠡᠷ᠎ᠢ ᠵᠦᠢ ᠵᠤᠬᠢᠰᠲᠠᠢ᠎ᠪᠠᠷ ᠠᠰᠢᠯᠠᠬᠤ ᠡᠭᠦᠷᠭᠡ ᠵᠢ ᠭᠦᠢ᠍ᠴᠡᠳᠭᠡᠬᠦ ᠬᠡᠷᠡᠭᠲᠡᠢ᠃
      ᠨᠤᠲᠤᠭ ᠪᠡᠯᠴᠢᠭᠡᠷ᠎ᠤᠨ ᠳᠠᠭ᠋ᠠᠭ᠋ᠠᠴᠢᠯᠠᠨ ᠡᠵᠡᠩᠨᠡᠬᠦ ᠡᠷᠬᠡ ᠵᠢ ᠰᠢᠯᠵᠢᠭᠦᠯᠦᠨ ᠦᠭᠬᠦ᠎ᠳᠡᠭᠡᠨ ᠳᠠᠭ᠋ᠠᠭ᠋ᠠᠴᠢᠯᠠᠭᠤᠯᠤᠭᠴᠢ᠎ᠪᠠᠷ ᠵᠦᠪᠰᠢᠶᠡᠷᠡᠭᠦᠯᠬᠦ ᠬᠡᠷᠡᠭᠲᠡᠢ᠃ ᠳᠠᠭ᠋ᠠᠭ᠋ᠠᠴᠢᠯᠠᠭᠴᠢ ᠬᠢᠭᠡᠳ ᠬᠦᠯᠢᠶᠠᠨ ᠠᠪᠤᠭᠴᠢ᠎ᠨᠢ ᠰᠢᠯᠵᠢᠭᠦᠯᠦᠨ ᠦᠭᠬᠦ ᠬᠤᠭᠤᠴᠠᠭ᠎ᠠ᠎ᠪᠠᠨ ᠤᠤᠯ ᠳᠠᠭ᠋ᠠᠭ᠋ᠠᠴᠢᠯᠠᠯᠲᠠ ᠵᠢᠨ ᠭᠡᠷ᠎ᠡ ᠵᠢᠨ ᠦᠯᠡᠳᠡᠭᠰᠡᠨ ᠬᠤᠭᠤᠴᠠᠭ᠎ᠠ᠎ᠠᠴᠠ ᠬᠡᠳᠦᠷᠡᠭᠦᠯᠵᠦ ᠪᠤᠯᠬᠤ ᠦᠭᠡᠢ᠃
      ᠠᠷᠪᠠᠨ ᠵᠢᠷᠭᠤᠳᠤᠭ᠋ᠠᠷ ᠵᠦᠢ᠍ᠯ   ᠨᠤᠲᠤᠭ ᠪᠡᠯᠴᠢᠭᠡᠷ᠎ᠤᠨ ᠦᠮᠴᠢᠯᠡᠬᠦ ᠡᠷᠬᠡ᠂ ᠬᠡᠷᠡᠭᠯᠡᠬᠦ ᠡᠷᠬᠡ ᠵᠢᠨ ᠲᠠᠯ᠎ᠠ ᠵᠢᠨ ᠮᠠᠷᠭᠤᠭ᠋ᠠᠨ᠎ᠢ ᠪᠤᠯ ᠲᠤᠬᠠᠢ ᠵᠢᠨ ᠭᠦᠮᠦᠨ᠎ᠨᠢ ᠵᠦᠪᠳᠡᠯᠴᠡᠵᠦ ᠪᠠᠢ᠌ᠭ᠋ᠠᠳ ᠰᠢᠢ᠍ᠳᠪᠦᠷᠢᠯᠡᠨ᠎ᠡ᠃ ᠵᠦᠪᠳᠡᠯᠴᠡᠭᠡᠳ ᠰᠢᠢ᠍ᠳᠪᠦᠷᠢᠯᠡᠵᠦ ᠳᠡᠢ᠌ᠯᠡᠬᠦ ᠦᠬᠡᠢ ᠪᠣᠯ ᠬᠤᠯᠪᠤᠭᠳᠠᠯ ᠪᠦᠬᠦᠢ ᠠᠷᠠᠳ᠎ᠤᠨ ᠵᠠᠰᠠᠭ᠎ᠤᠨ ᠤᠷᠳᠤᠨ᠎ᠠᠴᠠ ᠰᠢᠢ᠍ᠳᠪᠦᠷᠢᠯᠡᠨ᠎ᠡ᠃
      ᠨᠢᠭᠡᠴᠢ ᠵᠢᠨ ᠬᠤᠭᠤᠷᠤᠨᠳᠤᠬᠢ ᠮᠠᠷᠭᠤᠭ᠋ᠠᠨ᠎ᠢ ᠰᠢᠶᠠᠨ᠎ᠤ ᠱᠠᠳᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠠᠴᠠ ᠰᠢᠢ᠍ᠳᠪᠦᠷᠢᠯᠡᠨ᠎ᠡ; ᠬᠤᠪᠢ ᠬᠦᠮᠦᠨ᠎ᠤ ᠬᠤᠭᠤᠷᠤᠨᠳᠤᠬᠢ᠂ ᠬᠤᠪᠢ ᠬᠦᠮᠦᠨ ᠬᠢᠭᠡᠳ ᠨᠢᠭᠡᠴᠢ ᠵᠢᠨ ᠬᠤᠭᠤᠷᠤᠨᠳᠤᠬᠢ ᠮᠠᠷᠭᠤᠭ᠋ᠠᠨ᠎ᠢ ᠰᠤᠮᠤ (ᠪᠠᠯᠭ᠋ᠠᠰᠤ) ᠵᠢᠨ ᠠᠷᠠᠳ᠎ᠤᠨ ᠵᠠᠰᠠᠭ᠎ᠤᠨ ᠤᠷᠳᠤᠨ ᠪᠤᠶᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠤᠷᠳᠤᠨ ᠰᠢᠢ᠍ᠳᠪᠦᠷᠢᠯᠡᠨ᠎ᠡ᠃
      ᠲᠤᠬᠠᠢ ᠵᠢᠨ ᠬᠦᠮᠦᠨ᠎ᠨᠢ ᠬᠤᠯᠪᠤᠭᠳᠠᠯ ᠪᠦᠬᠦᠢ ᠠᠷᠠᠳ᠎ᠤᠨ ᠵᠠᠰᠠᠭ᠎ᠤᠨ ᠤᠷᠳᠤᠨ᠎ᠤ ᠰᠢᠢ᠍ᠳᠪᠦᠷᠢᠯᠡᠭᠰᠡᠨ ᠲᠣᠭᠳᠠᠭ᠋ᠠᠯ᠎ᠢ ᠬᠦᠯᠢᠶᠡᠬᠦ ᠦᠬᠡᠢ ᠪᠠᠢ᠌ᠪᠠᠯ ᠬᠠᠤᠯᠢ ᠶᠣᠰᠤᠭ᠋ᠠᠷ ᠠᠷᠠᠳ᠎ᠤᠨ ᠰᠢᠭᠦᠬᠦ ᠬᠤᠷᠢᠶᠠᠨ᠎ᠳᠤ ᠵᠠᠭ᠋ᠠᠯᠳᠤᠯᠭ᠎ᠠ ᠭᠠᠷᠭ᠋ᠠᠵᠤ ᠪᠤᠯᠤᠨ᠎ᠠ᠃
      ᠨᠤᠲᠤᠭ ᠪᠡᠯᠴᠢᠭᠡᠷ ᠵᠢᠨ ᠡᠷᠬᠡ ᠵᠢᠨ ᠬᠠᠷᠢᠶᠠᠯᠠᠯ᠎ᠤᠨ ᠲᠤᠬᠠᠢ ᠮᠠᠷᠭᠤᠭ᠋ᠠᠨ᠎ᠢ ᠰᠢᠢ᠍ᠳᠪᠦᠷᠢᠯᠡᠬᠦ᠎ᠠᠴᠠ ᠡᠮᠦᠨ᠎ᠡ᠂ ᠠᠯᠢ ᠨᠢᠭᠡ ᠲᠠᠯ᠎ᠠ᠎ᠨᠢ ᠴᠤ᠌ ᠭᠡᠳ ᠨᠤᠲᠤᠭ ᠪᠡᠯᠴᠢᠭᠡᠷ᠎ᠤᠨ ᠠᠰᠢᠭᠯᠠᠯᠲᠠ ᠵᠢᠨ ᠤᠳᠤᠬᠢ ᠪᠠᠢ᠌ᠳᠠᠯ᠎ᠢ ᠬᠤᠪᠢᠷᠠᠭᠤᠯᠵᠤ ᠪᠤᠯᠬᠤ ᠦᠬᠡᠢ᠂ ᠨᠤᠲᠤᠭ ᠪᠡᠯᠴᠢᠭᠡᠷ ᠪᠠ ᠨᠤᠲᠤᠭ ᠪᠡᠯᠴᠢᠭᠡᠷ ᠳᠡᠭᠡᠷᠡᠬᠢ ᠲᠦᠬᠦᠭᠡᠷᠦᠮᠵᠢ ᠵᠢ ᠡᠪᠳᠡᠨ ᠰᠤᠢ᠌ᠳᠬᠡᠵᠦ ᠪᠤᠯᠬᠤ ᠦᠬᠡᠢ᠃

ᠢᠷᠡᠯᠲᠡ᠄ ᠮᠠᠯᠴᠢᠳ᠎ᠤᠨ ᠭᠠᠷ ᠠᠪᠤᠯᠭ᠎ᠠ
          
ᠬᠠᠮᠢᠶ᠎ᠡ ᠪᠦᠬᠦᠢ ᠰᠣᠨᠢᠨ
【ᠵᠢᠷᠤᠭᠲᠤ ᠲᠠᠢ᠌ᠯᠤᠮᠵᠢ】2023 ᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠭᠤᠤᠯᠳᠠᠯᠭ᠎ᠠ᠎ᠲᠠᠢ ᠠᠵᠢᠯ᠎ᠤᠨ ᠲᠤᠬᠠᠢ ᠲᠠᠶ᠋ᠢᠯᠤᠮᠵᠢ
【ᠵᠢᠷᠤᠭᠲᠤ ᠲᠠᠢ᠌ᠯᠤᠮᠵᠢ】 ᠭᠤᠤᠯᠳᠠᠯᠭ᠋ᠠᠲᠤ ᠠᠮᠢ ᠠᠬᠤᠶ ᠵᠢ ᠬᠠᠮᠠᠭ᠋ᠠᠯᠠᠵᠤ ᠰᠡᠷᠭᠦᠭᠡᠨ ᠵᠠᠰᠠᠬᠤ ᠪᠡᠯᠡ ᠮᠥᠩᠭᠥ ᠵᠢᠨ ᠬᠠᠮᠢᠶᠠᠷᠤᠯᠲᠠ ᠵᠢᠨ ᠠᠷᠭ᠎ᠠ
【ᠦᠰᠦᠭ ᠪᠢᠴᠢᠭ ᠵᠶ᠋ᠡᠷ ᠦᠬᠦᠯᠡᠬᠦᠢ】2023 ᠣᠨ᠎ᠤ ᠲᠥᠪ᠎ᠤᠨ ᠡᠳ᠋᠎ᠤᠨ ᠵᠠᠰᠠᠭ᠎ᠤᠨ ᠣᠶ᠋ᠢᠵᠢᠭᠤᠯᠬᠤ ᠨᠥᠬᠥᠪᠥᠷᠢ ᠪᠠ ᠡᠯᠡᠰᠦᠷᠬᠡᠭᠵᠢᠭᠰᠡᠨ ᠭᠠᠵᠠᠷ ᠰᠢᠷᠣᠶ ᠵᠢ ᠪᠢᠲᠡᠭᠦᠮᠵᠢᠯᠡᠨ ᠬᠠᠮᠠᠭ᠋ᠠᠯᠠᠬᠤ ᠨᠥᠬᠥᠪᠥᠷᠢ ᠵᠢᠨ ᠲᠥᠷᠥᠯ ᠵᠦᠢ᠍ᠯ᠎ᠢ ᠤᠷᠢᠳᠴᠢᠯᠠᠨ ᠪᠠᠭᠤᠯᠭ᠋ᠠᠬᠤ ᠠᠵᠢᠯ᠎ᠢ ᠰᠠᠶ᠋ᠢᠲᠤᠷ ᠬᠢᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠮᠡᠳᠡᠭᠳᠡᠯ
【ᠦᠰᠦᠭ ᠪᠢᠴᠢᠭ ᠵᠶ᠋ᠡᠷ ᠦᠬᠦᠯᠡᠬᠦᠢ】 ᠠᠮᠤᠷ᠎ᠢ ᠬᠠᠮᠠᠭ᠋ᠠᠯᠠᠬᠤ ᠬᠡᠷᠡᠭ᠎ᠢ ᠲᠠᠨᠭ᠌ᠰᠠᠯᠠᠨ ᠬᠠᠳᠠᠭ᠋ᠠᠯᠠᠬᠤ ᠵᠢ ᠬᠦᠢ᠍ᠴᠡᠳᠬᠡᠬᠦ ᠲᠦᠷᠦ ᠵᠢᠨ ᠪᠤᠳᠤᠯᠭ᠎ᠠ ᠵᠢᠨ ᠲᠠᠢ᠌ᠯᠤᠮᠵᠢ
【ᠵᠢᠷᠤᠭᠲᠤ ᠲᠠᠢ᠌ᠯᠤᠮᠵᠢ】《ᠦᠷ᠎ᠡ ᠵᠢᠨ ᠦᠢ᠍ᠯᠡᠰ᠎ᠤᠨ ᠬᠥᠭᠵᠢᠯᠲᠡ ᠵᠢ ᠳᠡᠮᠵᠢᠬᠦ ᠲᠤᠬᠠᠢ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ》 ᠵᠢᠨ ᠲᠠᠶ᠋ᠢᠯᠤᠮᠵᠢ (ᠨᠢᠭᠡ)
 
             蒙ICP备05000248号