ᠡᠷᠬᠡ ᠵᠢᠨ ᠨᠡᠷᠡᠶ᠋ᠢᠳᠦᠯ ᠠᠮᠤᠷ᠎ᠢ ᠬᠠᠮᠠᠭ᠋ᠠᠯᠠᠬᠤ ᠬᠡᠷᠡᠭ᠎ᠢ ᠲᠠᠨᠭ᠌ᠰᠠᠯᠠᠨ ᠬᠠᠳᠠᠭ᠋ᠠᠯᠠᠬᠤ ᠵᠢ ᠬᠦᠢ᠍ᠴᠡᠳᠬᠡᠬᠦ
ᠡᠷᠬᠡ ᠵᠢᠨ ᠲᠥᠷᠥᠯ ᠠᠩᠬᠢᠯᠠᠯ ᠵᠠᠰᠠᠭ ᠵᠠᠬᠢᠷᠭ᠋ᠠᠨ᠎ᠤ ᠠᠯᠪᠠᠳᠠᠯᠭ᠎ᠠ ᠵᠢᠨ ᠠᠷᠭ᠎ᠠ ᠬᠡᠮᠵᠢᠶ᠎ᠡ
ᠬᠠᠷᠢᠭᠤᠴᠠᠯᠭ᠎ᠠ ᠵᠢᠨ ᠭᠣᠣᠯ ᠴᠣᠭᠴᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠢ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ
ᠲᠤᠭᠳᠠᠭ᠋ᠠᠭᠰᠠᠨ ᠦᠨᠳᠦᠰᠦᠯᠡᠯ 《ᠵᠠᠰᠠᠭ ᠵᠠᠬᠢᠷᠭ᠋ᠠᠨ᠎ᠤ ᠰᠢᠳᠬᠡᠯ᠎ᠤᠨ ᠬᠠᠤᠯᠢ》 ᠵᠢᠨ ᠭᠤᠴᠢᠨ ᠳᠣᠯᠣᠳᠤᠭ᠋ᠠᠷ ᠵᠤᠷᠪᠤᠰ᠄ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠭᠡᠷᠡᠴᠢ ᠪᠠᠷᠢᠮᠲᠠ ᠴᠤᠭᠯᠠᠭᠤᠯᠬᠤ᠎ᠳᠠᠭᠠᠨ᠂ ᠦᠯᠢᠭᠡᠷ ᠠᠪᠴᠤ ᠭᠡᠷᠡᠴᠢ ᠪᠣᠯᠭ᠋ᠠᠬᠤ ᠠᠷᠭ᠎ᠠ ᠵᠢ ᠬᠡᠷᠡᠭᠯᠡᠵᠦ ᠪᠣᠯᠤᠨ᠎ᠠ; ᠭᠡᠷᠡᠴᠢ ᠪᠠᠷᠢᠮᠲᠠ ᠤᠰᠠᠳᠤᠨ ᠠᠷᠢᠯᠵᠤ ᠮᠡᠳᠡᠬᠦ ᠪᠤᠶᠤ ᠬᠣᠵᠢᠮ ᠣᠯᠳᠠᠬᠤ᠎ᠳᠤ ᠪᠡᠷᠬᠡᠲᠡᠶ ᠪᠤᠯᠵᠤ ᠮᠡᠳᠡᠬᠦ ᠪᠠᠶ᠋ᠢᠳᠠᠯ ᠳᠣᠣᠷ᠎ᠠ᠂ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠬᠠᠷᠢᠭᠤᠴᠠᠯᠭ᠋ᠠᠲᠠᠨ ᠵᠶ᠋ᠠᠷ ᠵᠥᠪᠰᠢᠶᠡᠷᠡᠭᠦᠯᠦᠭᠡᠳ᠂ ᠤᠷᠢᠳᠠᠪᠠᠷ ᠳᠠᠨᠭ᠌ᠰᠠᠯᠠᠵᠦ ᠬᠠᠮᠠᠭ᠋ᠠᠯᠠᠨ ᠬᠠᠳᠠᠭ᠋ᠠᠯᠠᠵᠤ ᠪᠣᠯᠬᠤ ᠪᠥᠭᠡᠳ ᠳᠤᠯᠤᠭ᠋ᠠᠨ ᠡᠳᠦᠷ᠎ᠤᠨ ᠳᠣᠲᠣᠷ᠎ᠠ ᠴᠠᠭ ᠲᠤᠬᠠᠶ᠎ᠳᠤᠨᠢ ᠰᠢᠢᠳᠪᠦᠷᠢᠯᠡᠬᠦ ᠲᠣᠭᠲᠠᠭ᠋ᠠᠯ ᠭᠠᠷᠭ᠋ᠠᠬᠤ ᠬᠡᠷᠡᠭᠲᠡᠶ᠂ ᠲᠤᠰ ᠬᠤᠭᠤᠴᠠᠭ᠋ᠠᠨ᠎ᠳᠤ᠂ ᠲᠤᠬᠠᠶ ᠵᠢᠨ ᠬᠥᠮᠦᠨ ᠪᠤᠶᠤ ᠬᠣᠯᠪᠣᠭᠳᠠᠯ ᠪᠦᠬᠦᠢ ᠬᠥᠮᠦᠰ ᠭᠡᠷᠡᠴᠢ ᠪᠠᠷᠢᠮᠲᠠ ᠵᠢ ᠦᠭᠡᠢ᠌ᠰᠬᠡᠬᠦ ᠪᠤᠶᠤ ᠰᠢᠯᠵᠢᠭᠦᠯᠵᠦ ᠪᠣᠯᠬᠤ ᠦᠭᠡᠢ᠃
ᠬᠠᠷᠢᠭᠤᠴᠠᠯᠭ᠎ᠠ ᠵᠢᠨ ᠵᠦᠢ᠍ᠯᠡᠰ 1. ᠪᠠᠶ᠋ᠢᠴᠠᠭ᠋ᠠᠯᠲᠠ ᠵᠢᠨ ᠱᠠᠳᠤᠨ᠎ᠤ ᠬᠠᠷᠢᠭᠤᠴᠠᠯᠭ᠎ᠠ᠄ ᠬᠡᠷᠡᠭ ᠰᠢᠢᠳᠪᠦᠷᠢᠯᠡᠬᠦ ᠠᠵᠢᠯᠲᠠᠨ᠎ᠨᠢ ᠬᠣᠶᠠᠷ ᠬᠥᠮᠦᠨ᠎ᠠᠴᠠ ᠪᠠᠭ᠎ᠠ ᠪᠠᠶ᠋ᠢᠵᠤ ᠪᠣᠯᠬᠤ ᠦᠭᠡᠢ᠃ ᠬᠡᠷᠡᠭ ᠰᠢᠢᠳᠪᠦᠷᠢᠯᠡᠬᠦ ᠠᠵᠢᠯᠲᠠᠨ᠎ᠠᠴᠠ ᠬᠠᠤᠯᠢ ᠬᠡᠷᠡᠭᠵᠢᠬᠦᠯᠬᠦ ᠪᠡᠶ᠎ᠡ ᠵᠢᠨ ᠭᠠᠷᠤᠯ ᠵᠶ᠋ᠠᠨ ᠲᠤᠳᠤᠷᠬᠠᠢ᠌ᠯᠠᠵᠦ᠂ ᠠᠵᠢᠯᠳᠠᠨ᠎ᠤ ᠦᠨᠡᠮᠯᠡᠯ ᠵᠶ᠋ᠠᠨ ᠦᠵᠡᠭᠦᠯᠵᠦ ᠪᠠᠶ᠋ᠢᠭ᠋ᠠᠳ ᠬᠡᠷᠡᠴᠢ ᠪᠠᠷᠢᠮᠳᠠ ᠡᠵᠡᠮᠰᠢᠭᠴᠢ᠎ᠳᠤ ᠵᠠᠰᠠᠭ ᠵᠠᠬᠢᠷᠭ᠋ᠠᠨ᠎ᠤ ᠠᠯᠪᠠᠳᠠᠯᠭ᠎ᠠ ᠵᠢᠨ ᠠᠷᠭ᠎ᠠ ᠬᠡᠮᠵᠢᠶ᠎ᠡ ᠠᠪᠬᠤ ᠬᠤᠭᠤᠴᠠᠭ᠎ᠠ᠂ ᠤᠴᠢᠷ ᠰᠢᠯᠲᠠᠭ᠋ᠠᠨ ᠪᠠ ᠦᠨᠳᠦᠰᠦ ᠪᠠᠷᠢᠮᠲᠠ ᠵᠢ ᠮᠡᠳᠡᠭᠳᠡᠨ᠎ᠡ; ᠬᠡᠷᠡᠴᠢ ᠪᠠᠷᠢᠮᠲᠠ ᠡᠵᠡᠮᠰᠢᠭᠴᠢ᠂ ᠭᠡᠷᠡᠴᠢᠯᠡᠭᠴᠢ᠎ᠲᠠᠢ ᠬᠠᠮᠳᠤᠷᠠᠵᠦ ᠭᠡᠷᠡᠴᠢ ᠪᠠᠷᠢᠮᠲᠠ ᠵᠢᠨ ᠨᠡᠷᠡᠶ᠋ᠢᠳᠦᠯ᠂ ᠲᠣᠭ᠎ᠠ ᠬᠡᠮᠵᠢᠶ᠎ᠡ᠂ ᠰᠢᠨᠵᠢ ᠲᠡᠮᠳᠡᠭ ᠵᠡᠷᠭᠡ ᠵᠢ ᠳᠠᠩᠰᠠᠯᠠᠭᠤᠯᠬᠤ ᠬᠡᠷᠡᠭᠲᠡᠶ᠃ ᠴᠢᠬᠤᠯᠠᠲᠠᠢ ᠦᠶ᠎ᠠ᠎ᠳᠤ ᠤᠷᠢᠳᠠᠪᠠᠷ ᠲᠠᠨᠭ᠌ᠰᠠᠯᠠᠨ ᠬᠠᠳᠠᠭ᠋ᠠᠯᠠᠭᠰᠠᠨ ᠭᠡᠷᠡᠴᠢ ᠪᠠᠷᠢᠮᠲᠠ᠎ᠳᠤ ᠵᠢᠷᠤᠭ ᠠᠪᠴᠤ ᠪᠤᠯᠤᠨ᠎ᠠ᠃ 2. ᠬᠢᠨᠠᠨ ᠪᠠᠶ᠋ᠢᠴᠠᠭ᠋ᠠᠬᠤ ᠱᠠᠲᠤᠨ᠎ᠤ ᠬᠠᠷᠢᠭᠤᠴᠠᠯᠭ᠎ᠠ᠄ ᠬᠡᠷᠡᠭ᠎ᠢ ᠳᠠᠭ᠋ᠠᠭ᠋ᠠᠨ ᠠᠪᠴᠤ ᠰᠢᠢᠳᠪᠦᠷᠢᠯᠡᠬᠦ ᠪᠠᠶ᠋ᠢᠭᠤᠯᠤᠮᠵᠢ ᠵᠢᠨ ᠬᠠᠷᠢᠭᠤᠴᠠᠯᠭ᠋ᠠᠲᠠᠨ᠎ᠠᠴᠠ ᠬᠡᠷᠡᠭ ᠰᠢᠳᠬᠡᠬᠦ ᠠᠵᠢᠯᠳᠠᠨ᠎ᠠᠴᠠ ᠳᠤᠷᠠᠳᠤᠭᠰᠠᠨ ( ᠬᠦᠴᠦᠨ ᠦᠭᠡᠢ ᠪᠣᠯᠭ᠋ᠠᠬᠤ) ᠵᠠᠰᠠᠭ ᠵᠠᠬᠢᠷᠭ᠋ᠠᠨ᠎ᠤ ᠠᠷᠭ᠎ᠠ ᠬᠡᠮᠵᠢᠶ᠎ᠡ ᠵᠢᠨ ᠲᠦᠷᠦᠯ ᠵᠦᠢ᠍ᠯ᠂ ᠤᠴᠢᠷ ᠰᠢᠯᠲᠠᠭ᠋ᠠᠨ ᠵᠢᠴᠢ ᠬᠠᠤᠯᠢ ᠴᠠᠭ᠋ᠠᠵᠠ ᠵᠢᠨ ᠦᠨᠳᠦᠰᠦ ᠪᠠᠷᠢᠮᠲᠠ ᠵᠢ ᠬᠢᠨᠠᠨ ᠪᠠᠶ᠋ᠢᠴᠠᠭ᠋ᠠᠵᠤ᠂ ᠵᠠᠰᠠᠭ ᠵᠠᠬᠢᠷᠭ᠋ᠠᠨ᠎ᠤ ᠠᠯᠪᠠᠳᠠᠯᠭ᠎ᠠ ᠵᠢᠨ ᠠᠷᠭ᠎ᠠ ᠬᠡᠮᠵᠢᠶ᠎ᠡ ᠠᠪᠬᠤ ᠴᠢᠬᠤᠯᠠ ᠴᠢᠨᠠᠷ᠎ᠢ ᠣᠨᠴᠠᠭ᠋ᠠᠶ᠋ᠢᠯᠠᠨ ᠠᠩᠬᠠᠷᠤᠨ᠎ᠠ᠃ 3. ᠲᠣᠭᠲᠠᠭ᠋ᠠᠬᠤ ᠱᠠᠲᠤᠨ᠎ᠤ ᠬᠠᠷᠢᠭᠤᠴᠠᠯᠭ᠎ᠠ᠄ ᠭᠣᠣᠯ ᠬᠠᠷᠢᠭᠤᠴᠠᠯᠭ᠋ᠠᠲᠠᠨ ᠵᠶ᠋ᠠᠷ ᠵᠥᠪᠰᠢᠶᠡᠷᠡᠭᠦᠯᠦᠭᠡᠳ ᠵᠠᠰᠠᠭ ᠵᠠᠬᠢᠷᠭ᠋ᠠᠨ᠎ᠤ ᠠᠯᠪᠠᠳᠠᠯᠭ᠎ᠠ ᠵᠢᠨ ᠠᠷᠭ᠎ᠠ ᠬᠡᠮᠵᠢᠶ᠎ᠡ ᠠᠪᠴᠤ᠂ ᠲᠤᠬᠠᠶ ᠵᠢᠨ ᠲᠠᠯᠠᠪᠤᠷ᠎ᠲᠤ ᠲᠤᠬᠠᠶ ᠵᠢᠨ ᠬᠥᠮᠦᠨ᠎ᠳᠤ ᠵᠠᠰᠠᠭ ᠵᠠᠬᠢᠷᠭ᠋ᠠᠨ᠎ᠤ ᠠᠯᠪᠠᠳᠠᠯᠭ᠎ᠠ ᠵᠢᠨ ᠠᠷᠭ᠎ᠠ ᠬᠡᠮᠵᠢᠶ᠎ᠡ ᠠᠪᠬᠤ ᠤᠴᠢᠷ ᠰᠢᠯᠲᠠᠭ᠋ᠠᠨ᠂ ᠦᠨᠳᠦᠰᠦᠯᠡᠯ ᠪᠣᠯᠤᠨ ᠲᠤᠬᠠᠶ ᠵᠢᠨ ᠬᠥᠮᠦᠨ᠎ᠤ ᠬᠠᠤᠯᠢ ᠶᠣᠰᠣᠭ᠋ᠠᠷ ᠡᠳ᠋ᠯᠡᠬᠦ ᠡᠷᠬᠡ᠂ ᠲᠦᠷᠬᠡᠨ ᠲᠤᠰᠠᠯᠠᠮᠵᠢ ᠵᠢᠨ ᠠᠷᠭ᠎ᠠ ᠵᠠᠮ᠎ᠢ ᠮᠡᠳᠡᠭᠳᠡᠨ᠎ᠡ᠃ 4. ᠭᠦᠢ᠍ᠴᠡᠳᠬᠡᠬᠦ ᠱᠠᠳᠤᠨ᠎ᠤ ᠬᠠᠷᠢᠭᠤᠴᠠᠯᠭ᠎ᠠ᠄ 《ᠤᠷᠢᠳᠠᠪᠠᠷ ᠲᠠᠨᠭ᠌ᠰᠠᠯᠠᠨ ᠬᠠᠳᠠᠭ᠋ᠠᠯᠠᠬᠤ ᠨᠠᠷᠢᠨ ᠳᠠᠩᠰᠠ》 ᠵᠢ ᠪᠢᠴᠢᠵᠦ᠂ ᠬᠡᠷᠡᠭ᠎ᠤᠨ ᠤᠴᠢᠷ ᠰᠢᠯᠲᠠᠭ᠋ᠠᠨ᠂ ᠬᠡᠷᠡᠭ ᠰᠢᠳᠬᠡᠬᠦ ᠨᠢᠭᠡᠴᠡ᠂ ᠭᠡᠷᠡᠴᠢ ᠪᠠᠷᠢᠮᠲᠠ ᠡᠵᠡᠮᠰᠢᠭᠴᠢ ᠵᠢᠨ ᠤᠪᠤᠭ ᠨᠡᠷ᠎ᠡ ᠵᠡᠷᠭᠡ ᠪᠡᠶ᠎ᠡ ᠵᠢᠨ ᠭᠠᠷᠤᠯ᠎ᠤᠨ ᠪᠠᠶ᠋ᠢᠳᠠᠯ᠂ ᠤᠷᠢᠳᠠᠪᠠᠷ ᠲᠠᠨᠭ᠌ᠰᠠᠯᠠᠨ ᠬᠠᠳᠠᠭ᠋ᠠᠯᠠᠬᠤ ᠴᠠᠭ ᠬᠤᠭᠤᠴᠠᠭ᠎ᠠ ᠪᠠ ᠭᠠᠵᠠᠷ ᠤᠷᠤᠨ ᠵᠢᠴᠢ ᠤᠷᠢᠳᠠᠪᠠᠷ ᠲᠠᠨᠭ᠌ᠰᠠᠯᠠᠨ ᠬᠠᠳᠠᠭ᠋ᠠᠯᠠᠬᠤ ᠭᠡᠷᠡᠴᠢ ᠪᠠᠷᠢᠮᠲᠠ ᠵᠢᠨ ᠨᠡᠷᠡᠶ᠋ᠢᠳᠦᠯ᠂ ᠪᠠᠷᠢᠮᠵᠢᠶ᠎ᠠ᠂ ᠲᠣᠭ᠎ᠠ ᠬᠡᠮᠵᠢᠶ᠎ᠡ᠂ ᠣᠨᠴᠠᠯᠢᠭ ᠰᠢᠨᠵᠢ ᠵᠡᠷᠭᠡ ᠠᠭᠤᠯᠭ᠎ᠠ ᠵᠢ ᠲᠤᠳᠤᠷᠬᠠᠢ᠌ᠯᠠᠨ᠎ᠠ᠂ ᠬᠡᠷᠡᠭ ᠰᠢᠳᠬᠡᠭᠴᠢ᠂ ᠭᠡᠷᠡᠴᠢ ᠪᠠᠷᠢᠮᠲᠠ ᠡᠵᠡᠮᠰᠢᠭᠴᠢ ᠪᠠ ᠭᠡᠷᠡᠴᠢᠯᠡᠭᠴᠢ ᠭᠠᠷᠤᠨ ᠦᠰᠦᠭ ᠵᠢᠷᠤᠵᠤ ᠨᠤᠳᠠᠯᠠᠨ᠎ᠠ᠂ ᠭᠡᠷᠡᠴᠢ ᠪᠠᠷᠢᠮᠲᠠ ᠡᠵᠡᠮᠰᠢᠭᠴᠢ ᠭᠠᠷᠤᠨ ᠦᠰᠦᠭ ᠵᠢᠷᠤᠬᠤ ᠵᠢ ᠲᠡᠪᠴᠢᠭᠰᠡᠨ ᠪᠠᠶ᠋ᠢᠪᠠᠯ᠂ ᠬᠡᠷᠡᠭ ᠰᠢᠳᠬᠡᠭᠴᠢ 《ᠤᠷᠢᠳᠠᠪᠠᠷ ᠲᠠᠨᠭ᠌ᠰᠠᠯᠠᠨ ᠬᠠᠳᠠᠭ᠋ᠠᠯᠠᠬᠤ ᠭᠡᠷᠡᠴᠢ ᠪᠠᠷᠢᠮᠲᠠ ᠵᠢᠨ ᠨᠠᠷᠢᠨ ᠲᠠᠩᠰᠠ》 ᠳᠡᠭᠡᠷ᠎ᠡ ᠲᠤᠳᠤᠷᠬᠠᠢ᠌ᠯᠠᠨ᠎ᠠ᠃ 《ᠤᠷᠢᠳᠠᠪᠠᠷ ᠲᠠᠨᠭ᠌ᠰᠠᠯᠠᠨ ᠬᠠᠳᠠᠭ᠋ᠠᠯᠠᠬᠤ ᠭᠡᠷᠡᠴᠢ ᠪᠠᠷᠢᠮᠲᠠ ᠵᠢᠨ ᠨᠠᠷᠢᠨ ᠳᠠᠩᠰᠠ》 ᠵᠢ ᠨᠢᠭᠡ ᠬᠡᠯᠪᠡᠷᠢ ᠵᠢᠨ ᠬᠣᠶᠠᠷ ᠬᠤᠪᠢ᠂ ᠨᠢᠭᠡ ᠬᠤᠪᠢ ᠵᠢ ᠲᠤᠬᠠᠶ ᠵᠢᠨ ᠬᠥᠮᠦᠨ᠎ᠳᠤ ᠲᠤᠰᠢᠶᠠᠨ ᠥᠭᠴᠦ᠂ ᠨᠢᠭᠡ ᠬᠤᠪᠢ ᠵᠢ ᠳᠠᠭ᠋ᠠᠯᠳᠤᠪᠤᠷᠢ ᠡᠪᠬᠡᠮᠡᠯ᠎ᠳᠤ ᠤᠷᠤᠭᠤᠯᠤᠨ᠎ᠠ; 5. ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠬᠠᠷᠢᠭᠤᠴᠠᠯᠭ᠎ᠠ ᠵᠢ ᠬᠦᠢ᠍ᠴᠡᠳᠬᠡᠨ᠎ᠡ᠃
ᠬᠠᠷᠢᠭᠤᠴᠠᠯᠭ᠎ᠠ ᠨᠡᠬᠡᠮᠵᠢᠯᠡᠬᠦ ᠪᠠᠶ᠋ᠢᠳᠠᠯ ᠪᠠ ᠬᠠᠷᠢᠭᠤᠴᠠᠯᠭ᠎ᠠ ᠨᠡᠬᠡᠮᠵᠢᠯᠡᠬᠦ ᠦᠨᠳᠦᠰᠦᠯᠡᠯ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠮᠤᠷ᠎ᠢ ᠬᠠᠮᠠᠭ᠋ᠠᠯᠠᠬᠤ ᠠᠵᠢᠯ᠎ᠤᠨ ᠬᠠᠮᠢᠶᠠᠷᠤᠯᠲᠠ ᠵᠢᠨ ᠰᠢᠳᠭᠡᠯ᠎ᠤᠨ ᠬᠠᠤᠯᠢ》 ᠵᠢᠨ ᠵᠠᠭᠤ ᠠᠷᠪᠠᠨ ᠵᠢᠷᠭᠤᠳᠤᠭ᠋ᠠᠷ ᠵᠤᠷᠪᠤᠰ ᠠᠷᠠᠳ᠎ᠤᠨ ᠴᠠᠭᠳᠠᠭ᠎ᠠ᠎ᠠᠴᠠ ᠠᠮᠤᠷ᠎ᠢ ᠬᠠᠮᠠᠭ᠋ᠠᠯᠠᠬᠤ ᠬᠡᠷᠡᠭ᠎ᠢ ᠰᠢᠢᠳᠪᠦᠷᠢᠯᠡᠬᠦ᠎ᠳᠡᠭᠡᠨ᠂ ᠳᠣᠣᠷ᠎ᠠ ᠵᠢᠭᠰᠠᠭ᠋ᠠᠭᠰᠠᠨ ᠦᠢ᠍ᠯᠡ ᠠᠵᠢᠯᠯᠠᠭ᠎ᠠ ᠵᠢᠨ ᠨᠢᠭᠡ ᠵᠢ ᠬᠢᠭᠰᠡᠨ ᠪᠠᠶ᠋ᠢᠪᠠᠯ᠂ ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ ᠰᠢᠳᠬᠡᠯ ᠥᠭᠭᠦᠨ᠎ᠡ; ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ᠂ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ; (ᠲᠦᠷᠪᠡ) ᠳᠣᠲᠣᠷ᠎ᠠ ᠵᠠᠭᠤᠷ᠎ᠠ᠎ᠪᠠᠨ ᠬᠤᠪᠢᠶᠠᠬᠤ᠂ ᠲᠦᠷᠢᠮᠡᠬᠡᠢ᠌ᠯᠡᠨ ᠡᠵᠡᠯᠡᠬᠦ᠂ ᠨᠡᠭᠦᠯᠭᠡᠨ ᠬᠡᠷᠡᠭᠯᠡᠬᠦ᠂ ᠵᠣᠷᠢᠭᠤᠳᠠ ᠡᠪᠳᠡᠵᠦ ᠰᠦᠢ᠍ᠳᠬᠡᠭᠰᠡᠨᠢ ᠬᠤᠷᠢᠶᠠᠨ ᠠᠪᠤᠭᠰᠠᠨ᠂ ᠳᠠᠷᠤᠵᠤ ᠠᠪᠤᠭᠰᠠᠨ ᠵᠣᠭᠣᠰ ᠮᠥᠩᠭᠥ ᠡᠳ᠋ ᠪᠣᠳᠠᠰ᠃ ᠰᠢᠭᠤᠳ ᠬᠠᠷᠢᠭᠤᠴᠠᠵᠤ ᠪᠠᠶ᠋ᠢᠭ᠎ᠠ ᠭᠤᠤᠯᠯᠠᠨ ᠬᠠᠮᠢᠶᠠᠷᠬᠤ ᠠᠵᠢᠯᠲᠠᠨ ᠪᠠ ᠰᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠦᠨ᠎ᠳᠤ ᠲᠤᠬᠢᠷᠠᠮᠵᠢᠳᠠᠢ ᠵᠠᠰᠠᠭ ᠵᠠᠬᠢᠷᠭ᠋ᠠᠨ᠎ᠤ ᠰᠢᠳᠬᠡᠯ ᠥᠭᠭᠦᠨ᠎ᠡ᠃