ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠬᠠᠮᠲᠤ ᠵᠢᠨ ᠣᠶ ᠰᠢᠭᠤᠶ ᠵᠢᠨ ᠡᠷᠬᠡ ᠵᠢᠨ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠤᠨ ᠣᠶ ᠰᠢᠭᠤᠶ ᠵᠢᠨ ᠡᠷᠬᠡ ᠵᠢᠨ ᠲᠥᠷᠥᠯ᠎ᠤᠨ ᠲᠤᠭᠲᠠᠮᠠᠯ ᠬᠥᠷᠥᠩᠭᠡ ᠵᠢ ᠳᠠᠩᠰᠠᠯᠠᠬᠤ ᠠᠵᠢᠯ᠎ᠢ ᠥᠨᠳᠥᠷ ᠪᠦᠲᠦᠮᠵᠢᠲᠡᠶ᠎ᠪᠠᠷ ᠰᠠᠶ᠋ᠢᠲᠤᠷ ᠬᠢᠬᠦ ᠲᠤᠬᠠᠶ ᠤᠯᠤᠰ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ ᠵᠢᠨ ᠠᠯᠪᠠᠨ ᠲᠢᠩᠬᠢᠮ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2024-07-15


    ᠬᠠᠮᠲᠤ ᠵᠢᠨ ᠣᠶ ᠰᠢᠭᠤᠶ ᠵᠢᠨ ᠡᠷᠬᠡ ᠵᠢᠨ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠤᠨ ᠣᠶ ᠰᠢᠭᠤᠶ ᠵᠢᠨ ᠡᠷᠬᠡ ᠵᠢᠨ ᠲᠥᠷᠥᠯ᠎ᠤᠨ ᠲᠤᠭᠲᠠᠮᠠᠯ ᠬᠥᠷᠥᠩᠭᠡ ᠵᠢ ᠳᠠᠩᠰᠠᠯᠠᠬᠤ ᠠᠵᠢᠯ᠎ᠢ ᠥᠨᠳᠥᠷ ᠪᠦᠲᠦᠮᠵᠢᠲᠡᠶ᠎ᠪᠠᠷ ᠰᠠᠶ᠋ᠢᠲᠤᠷ ᠬᠢᠬᠦ ᠲᠤᠬᠠᠶ ᠤᠯᠤᠰ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ ᠵᠢᠨ ᠠᠯᠪᠠᠨ ᠲᠢᠩᠬᠢᠮ᠎ᠤᠨ ᠮᠡᠳᠡᠭᠳᠡᠯ
    ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ᠂ ᠣᠶ ᠰᠢᠭᠤᠶ ᠪᠠ ᠨᠤᠲᠤᠭ ᠪᠡᠯᠴᠢᠭᠡᠷ᠎ᠤᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ᠂ ᠰᠢᠨᠵᠢᠶᠠᠩ᠎ᠤᠨ ᠦᠢ᠍ᠯᠡᠳᠪᠦᠷᠢᠯᠡᠯ ᠪᠥᠲᠥᠭᠡᠨ ᠪᠠᠶ᠋ᠢᠭᠤᠯᠤᠯᠲᠠ ᠵᠢᠨ ᠪᠢᠩᠲ᠋ᠤᠸᠠᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠤᠯᠤᠰ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ ᠵᠢᠨ ᠡᠯ᠎ᠡ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠡᠯ᠎ᠡ ᠲᠥᠷᠥ ᠵᠢᠨ ᠪᠣᠳᠣᠯᠭ᠎ᠠ ᠵᠢᠨ ᠴᠢᠨᠠᠷᠲᠠᠶ ᠪᠠᠩᠬᠢ᠂ ᠲᠣᠮᠣ ᠬᠡᠯᠪᠡᠷᠢ ᠵᠢᠨ ᠪᠠᠩᠬᠢ᠂ ᠬᠤᠪᠢ ᠣᠷᠣᠭᠤᠯᠬᠤ ᠳᠦᠷᠢᠮᠲᠦ ᠪᠠᠩᠬᠢ᠄
    ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠬᠠᠮᠲᠤ ᠵᠢᠨ ᠣᠶ ᠰᠢᠭᠤᠶ ᠵᠢᠨ ᠡᠷᠬᠡ ᠵᠢᠨ ᠲᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠱᠠᠭ᠋ᠠᠷᠳᠠᠯᠭ᠎ᠠ ᠵᠢ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠣᠶ ᠰᠢᠭᠤᠶ ᠵᠢᠨ ᠲᠠᠷᠢᠶᠠᠯᠠᠩ ᠪᠠ ᠣᠶ ᠰᠢᠭᠤᠶ ᠵᠢᠨ ᠡᠵᠡᠩᠨᠡᠭᠴᠢ ᠵᠢᠨ ᠬᠠᠤᠯᠢ ᠶᠣᠰᠣᠨ᠎ᠤ ᠡᠷᠬᠡ ᠠᠰᠢᠭ᠎ᠢ ᠬᠠᠤᠯᠢ ᠶᠣᠰᠣᠭ᠋ᠠᠷ ᠬᠠᠮᠠᠭ᠋ᠠᠯᠠᠨ᠂ ᠪᠣᠬᠢᠷᠲᠤᠯ ᠥᠬᠡᠶ ᠬᠥᠭᠵᠢᠯᠲᠡ᠎ᠳᠤ ᠦᠢ᠍ᠯᠡᠴᠢᠯᠡᠬᠦ ᠵᠢᠨ ᠲᠤᠰᠠᠳᠠ᠂ ᠡᠳᠦᠭᠡ ᠣᠶ ᠰᠢᠭᠤᠶ ᠵᠢᠨ ᠡᠷᠬᠡ ᠵᠢᠨ ᠲᠥᠷᠥᠯ᠎ᠤᠨ ᠲᠤᠭᠲᠠᠮᠠᠯ ᠬᠥᠷᠥᠩᠭᠡ ᠵᠢ ᠳᠡᠩᠰᠡᠯᠡᠨ ᠲᠡᠮᠳᠡᠭᠯᠡᠬᠦ ᠠᠵᠢᠯ᠎ᠢ ᠵᠢᠷᠤᠮᠵᠢᠭᠤᠯᠤᠨ ᠥᠨᠳᠥᠷ ᠪᠦᠲᠦᠮᠵᠢᠲᠡᠶ᠎ᠪᠠᠷ ᠰᠠᠶ᠋ᠢᠲᠤᠷ ᠬᠢᠬᠦ ᠲᠤᠬᠠᠶ ᠳᠤᠤᠷᠠᠬᠢ ᠮᠡᠲᠦ ᠮᠡᠳᠡᠭᠳᠡᠪᠡ᠃
    ᠨᠢᠭᠡ᠂ ᠤᠤᠯ᠎ᠤᠨ ᠣᠶ ᠰᠢᠭᠤᠶ ᠵᠢᠨ ᠡᠷᠬᠡ ᠵᠢᠨ ᠦᠨᠡᠮᠯᠡᠯ᠎ᠢ ᠬᠤᠪᠢᠷᠠᠭᠤᠯᠬᠤ ᠦᠭᠡᠶ ᠪᠠᠶ᠋ᠢᠬᠤ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠬᠤ ᠬᠡᠷᠡᠭᠲᠡᠶ᠃ ᠡᠯ᠎ᠡ ᠭᠠᠵᠠᠷ᠎ᠤᠳ ᠤᠤᠯ᠎ᠤᠨ ᠣᠶ ᠰᠢᠭᠤᠶ ᠵᠢᠨ ᠡᠷᠬᠡ ᠵᠢᠨ ᠦᠨᠡᠮᠯᠡᠯ ᠬᠢᠭᠡᠳ ᠲᠤᠭᠲᠠᠮᠠᠯ ᠬᠥᠷᠥᠩᠭᠡ ᠵᠢᠨ ᠡᠷᠬᠡ ᠵᠢᠨ ᠦᠨᠡᠮᠯᠡᠯ᠎ᠤᠨ ᠬᠠᠷᠢᠴᠠᠭ᠎ᠠ ᠵᠢ ᠲᠣᠬᠢᠲᠠᠶ ᠰᠢᠢ᠍ᠳᠪᠦᠷᠢᠯᠡᠵᠦ᠂ ᠬᠠᠤᠯᠢ ᠶᠣᠰᠣᠭ᠋ᠠᠷ ᠣᠯᠭᠣᠭᠰᠠᠨ ᠤᠤᠯ᠎ᠤᠨ ᠣᠶ ᠰᠢᠭᠤᠶ ᠵᠢᠨ ᠡᠷᠬᠡ ᠵᠢᠨ ᠦᠨᠡᠮᠯᠡᠯ᠎ᠢ ᠦᠷᠭᠦᠯᠵᠢᠯᠡᠨ ᠬᠦᠴᠦᠨ᠎ᠲᠠᠢ ᠪᠠᠶ᠋ᠢᠯᠭ᠋ᠠᠬᠤ ᠵᠢ ᠪᠠᠷᠢᠮᠲᠠᠯᠠᠨ᠂ ᠡᠷᠬᠡ ᠵᠢ ᠬᠤᠪᠢᠷᠠᠭᠤᠯᠬᠤ ᠦᠭᠡᠶ ᠪᠠᠶ᠋ᠢᠵᠤ᠂ ᠠᠯᠪᠠᠳᠠᠯᠭ᠎ᠠ᠎ᠪᠠᠷ ᠦᠨᠡᠮᠯᠡᠯ ᠰᠣᠯᠢᠭᠤᠯᠵᠤ ᠪᠣᠯᠬᠤ ᠦᠭᠡᠶ᠃ ᠨᠢᠭᠡᠨᠲᠡ ᠳᠠᠩᠰᠠᠯᠠᠭᠤᠯᠤᠭᠰᠠᠨ ᠪᠣᠯᠪᠠᠴᠤ ᠡᠷᠬᠡᠲᠦ ᠬᠥᠮᠦᠨ᠎ᠳᠤ ᠬᠠᠷᠠᠬᠠᠨ ᠣᠯᠭᠣᠭ᠋ᠠᠳᠤᠶ ᠣᠶ ᠰᠢᠭᠤᠶ ᠵᠢᠨ ᠡᠷᠬᠡ ᠵᠢᠨ ᠦᠨᠡᠮᠯᠡᠯ᠎ᠢ ᠬᠠᠤᠯᠢ ᠪᠤᠰᠤ᠎ᠪᠠᠷ ᠳᠤᠷ᠎ᠠ᠎ᠪᠠᠷ ᠵᠶ᠋ᠠᠨ ᠬᠤᠷᠢᠶᠠᠨ ᠠᠪᠴᠤ ᠬᠦᠴᠦᠨ ᠦᠭᠡᠶ ᠪᠣᠯᠭ᠋ᠠᠵᠤ ᠪᠣᠯᠬᠤ ᠦᠭᠡᠶ᠃ ᠣᠶ ᠰᠢᠭᠤᠶ ᠵᠢᠨ ᠡᠷᠬᠡ ᠵᠢᠨ ᠡᠷᠬᠡᠲᠦ ᠬᠥᠮᠦᠨ ᠤᠤᠯ᠎ᠤᠨ ᠣᠶ ᠰᠢᠭᠤᠶ ᠵᠢᠨ ᠡᠷᠬᠡ ᠵᠢᠨ ᠦᠨᠡᠮᠯᠡᠯ ᠵᠶ᠋ᠠᠷ ᠵᠶ᠋ᠠᠨ ᠪᠠᠷᠢᠴᠠᠭ᠋ᠠᠯᠠᠬᠤ ᠳᠠᠩᠰᠠᠯᠠᠯ ᠬᠢᠯᠭᠡᠬᠦ᠎ᠪᠠᠷ ᠭᠤᠶᠤᠴᠢᠯᠠᠭᠰᠠᠨ ᠪᠠᠶ᠋ᠢᠪᠠᠯ᠂ ᠡᠷᠬᠡ᠎ᠨᠢ ᠳᠠᠪᠬᠤᠷᠳᠠᠭᠰᠠᠨ᠂ ᠡᠷᠬᠡ ᠵᠢᠨ ᠬᠠᠷᠢᠶ᠎ᠠ᠎ᠨᠢ ᠲᠣᠳᠣᠷᠬᠠᠶ ᠦᠭᠡᠶ᠂ ᠦᠨᠡᠮᠯᠡᠯ ᠪᠠ ᠭᠠᠵᠠᠷ ᠤᠷᠤᠨ᠎ᠨᠢ ᠨᠡᠶ᠋ᠢᠴᠡᠬᠦ ᠦᠭᠡᠶ ᠵᠡᠷᠭᠡ ᠠᠰᠠᠭᠤᠳᠠᠯ ᠣᠷᠣᠰᠢᠵᠤ ᠪᠠᠶ᠋ᠢᠬᠤ ᠪᠤᠶᠤ ᠬᠠᠤᠯᠢ ᠴᠠᠭ᠋ᠠᠵᠠ᠎ᠳᠤ ᠪᠠᠷᠢᠴᠠᠭ᠋ᠠᠯᠠᠵᠤ ᠪᠣᠯᠬᠤ ᠦᠭᠡᠶ ᠭᠡᠵᠦ ᠲᠣᠭᠲᠠᠭ᠋ᠠᠭᠰᠠᠨ ᠪᠠᠶ᠋ᠢᠳᠠᠯ᠎ᠢ ᠭᠠᠷᠭ᠋ᠠᠪᠠᠯ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠠᠯᠠᠭ᠎ᠠ ᠮᠥᠴᠢᠷ᠎ᠨᠢ ᠭᠦᠢ᠍ᠴᠡᠳᠬᠡᠬᠦ ᠵᠢᠨ ᠬᠠᠮᠲᠤ᠂ ᠪᠠᠩᠬᠢ ᠵᠢᠨ ᠦᠢ᠍ᠯᠡᠰ᠎ᠤᠨ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ ᠵᠡᠷᠭᠡ ᠪᠠᠷᠢᠴᠠᠭ᠋ᠠᠯᠠᠬᠤ ᠡᠷᠬᠡᠲᠦ ᠬᠥᠮᠦᠨ᠎ᠳᠤ ᠲᠤᠭᠲᠠᠮᠠᠯ ᠬᠥᠷᠥᠩᠭᠡ ᠵᠢᠨ ᠳᠠᠩᠰᠠᠯᠠᠭᠰᠠᠨ ᠭᠡᠷᠡᠴᠢ ᠣᠯᠭᠣᠵᠤ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠠᠯᠠᠭ᠎ᠠ ᠮᠥᠴᠢᠷ ᠪᠣᠯᠤᠨ ᠪᠠᠩᠬᠢ ᠵᠢᠨ ᠦᠢ᠍ᠯᠡᠰ᠎ᠤᠨ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ ᠵᠡᠷᠭᠡ ᠪᠠᠷᠢᠴᠠᠭ᠋ᠠᠯᠠᠬᠤ ᠡᠷᠬᠡᠲᠦ ᠬᠥᠮᠦᠨ᠎ᠨᠢ ᠤᠷᠢᠳᠠᠪᠠᠷ ᠦᠨᠡᠮᠯᠡᠯ ᠵᠶ᠋ᠠᠨ ᠰᠤᠯᠢᠭᠰᠠᠨ᠎ᠤ ᠳᠠᠷᠠᠭ᠎ᠠ ᠪᠠᠷᠢᠴᠠᠭ᠋ᠠᠯᠠᠬᠤ ᠳᠠᠩᠰᠠᠯᠠᠯ ᠬᠢᠯᠭᠡᠬᠦ ᠵᠢ ᠠᠯᠪᠠᠳᠠᠵᠤ ᠪᠣᠯᠬᠤ ᠦᠭᠡᠶ᠂ ᠭᠡᠪᠡᠴᠦ ᠪᠠᠷᠢᠴᠠᠭ᠋ᠠᠯᠠᠬᠤ ᠡᠷᠬᠡᠲᠦ ᠬᠥᠮᠦᠨ᠎ᠨᠢ ᠪᠠᠷᠢᠴᠠᠭ᠋ᠠᠨ᠎ᠳᠤ ᠦᠭᠬᠦ ᠬᠦᠮᠦᠨ᠎ᠲᠠᠢ ᠰᠠᠨᠠᠯ ᠵᠶ᠋ᠠᠨ ᠰᠤᠯᠢᠯᠴᠠᠵᠤ ᠪᠠᠶ᠋ᠢᠭ᠋ᠠᠳ ᠦᠨᠡᠮᠯᠡᠯ ᠰᠣᠯᠢᠬᠤ᠎ᠪᠠᠷ ᠭᠤᠶᠤᠴᠢᠯᠠᠭᠰᠠᠨ ᠪᠠᠶ᠋ᠢᠪᠠᠯ ᠡᠭᠦᠨ᠎ᠳᠤ ᠪᠠᠭᠲᠠᠬᠤ ᠦᠭᠡᠶ; ᠣᠶ ᠰᠢᠭᠤᠶ ᠵᠢᠨ ᠡᠷᠬᠡ ᠵᠢᠨ ᠪᠠᠷᠢᠴᠠᠭ᠋ᠠᠯᠠᠯ ᠦᠷᠭᠦᠯᠵᠢᠯᠡᠬᠦ ᠬᠤᠭᠤᠴᠠᠭ᠋ᠠᠨ᠎ᠳᠤ᠂ ᠪᠠᠷᠢᠴᠠᠭ᠋ᠠᠯᠠᠭᠴᠢ ᠬᠢᠭᠡᠳ ᠪᠠᠷᠢᠴᠠᠭ᠋ᠠᠨ᠎ᠳᠤ ᠦᠭᠬᠦ ᠡᠷᠬᠡᠲᠦ ᠬᠥᠮᠦᠨ ᠰᠠᠨᠠᠯ ᠨᠢᠭᠡᠳᠴᠦ ᠦᠨᠡᠮᠯᠡᠯ ᠰᠣᠯᠢᠬᠤ᠎ᠪᠠᠷ ᠭᠤᠶᠤᠴᠢᠯᠠᠭᠰᠠᠨ ᠪᠠᠶ᠋ᠢᠪᠠᠯ᠂ ᠤᠤᠯ᠎ᠤᠨ ᠪᠠᠷᠢᠴᠠᠭ᠋ᠠᠯᠠᠭᠰᠠᠨ ᠳᠠᠩᠰᠠᠯᠠᠯ᠎ᠢ ᠬᠦᠴᠦᠨ ᠦᠭᠡᠶ ᠪᠣᠯᠭ᠋ᠠᠬᠤ ᠴᠢᠬᠤᠯᠠ ᠦᠭᠡᠶ᠃ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠠᠯᠠᠭ᠎ᠠ ᠮᠥᠴᠢᠷ᠎ᠤᠳ ᠣᠶ ᠰᠢᠭᠤᠶ ᠵᠢᠨ ᠡᠷᠬᠡ ᠵᠢᠨ ᠵᠠᠯᠭ᠋ᠠᠮᠵᠢ ᠳᠠᠩᠰᠠᠯᠠᠯ᠎ᠢ  ᠭᠦᠢ᠍ᠴᠡᠳᠬᠡᠬᠦ᠎ᠳᠡᠭᠡᠨ᠂ ᠤᠤᠯ᠎ᠤᠨ ᠣᠶ ᠰᠢᠭᠤᠶ ᠵᠢᠨ ᠡᠷᠬᠡ ᠵᠢᠨ ᠳᠠᠩᠰᠠᠯᠠᠯ᠎ᠤᠨ ᠮᠠᠲ᠋ᠧᠷᠢᠶᠠᠯ᠎ᠢ ᠬᠠᠮᠤᠭ᠎ᠤᠨ ᠶᠡᠬᠡ ᠬᠡᠮᠵᠢᠶ᠎ᠡ᠎ᠪᠠᠷ ᠠᠰᠢᠭᠯᠠᠬᠤ ᠬᠡᠷᠡᠭᠲᠡᠶ᠂ ᠤᠤᠯ᠎ᠤᠨ ᠣᠶ ᠰᠢᠭᠤᠶ ᠵᠢᠨ ᠡᠷᠬᠡ ᠵᠢᠨ ᠦᠨᠡᠮᠯᠡᠯ᠎ᠤᠨ ᠬᠡᠪᠴᠢᠶᠡᠨ᠎ᠳᠤ  ᠤᠢ᠌ᠲᠤ ᠪᠤᠰᠤ ᠭᠠᠵᠠᠷ ᠣᠷᠣᠰᠢᠵᠤ ᠪᠠᠶ᠋ᠢᠪᠠᠴᠤ ᠡᠷᠬᠡ ᠵᠢᠨ ᠬᠠᠷᠢᠶ᠎ᠠ᠎ᠨᠢ ᠳᠠᠪᠬᠤᠷᠳᠠᠬᠤ ᠥᠬᠡᠶ ᠪᠠᠢ᠌ᠪᠠᠯ ᠥᠮᠴᠢᠯᠡᠬᠦ ᠡᠷᠬᠡ ᠵᠢᠨ ᠬᠠᠷᠢᠶᠠᠯᠠᠯ᠎ᠢ ᠨᠥᠯᠥᠭᠡᠯᠡᠬᠦ ᠥᠬᠡᠶ᠃
     ᠬᠣᠶᠠᠷ᠂ ᠣᠶ ᠰᠢᠭᠤᠶ ᠵᠢᠨ ᠡᠷᠬᠡ ᠵᠢᠨ ᠳᠠᠩᠰᠠᠯᠠᠯ᠎ᠢ ᠬᠦᠯᠢᠶᠡᠨ ᠠᠪᠴᠤ ᠰᠢᠢ᠍ᠳᠪᠦᠷᠢᠯᠡᠬᠦ ᠪᠠ ᠬᠢᠨᠠᠬᠤ ᠵᠢ ᠵᠢᠷᠤᠮᠵᠢᠭᠤᠯᠬᠤ ᠬᠡᠷᠡᠭᠲᠡᠶ᠃ ᠭᠤᠶᠤᠴᠢᠯᠠᠭᠴᠢ ᠤᠤᠯ᠎ᠤᠨ ᠣᠶ ᠰᠢᠭᠤᠶ ᠵᠢᠨ ᠡᠷᠬᠡ ᠵᠢᠨ ᠦᠨᠡᠮᠯᠡᠯ ᠵᠶ᠋ᠠᠷ ᠵᠶ᠋ᠠᠨ ᠣᠶ ᠰᠢᠭᠤᠶ ᠵᠢᠨ ᠡᠷᠬᠡ ᠵᠢ ᠬᠤᠪᠢᠷᠠᠭᠤᠯᠬᠤ᠂ ᠰᠢᠯᠵᠢᠭᠦᠯᠬᠦ ᠵᠡᠷᠭᠡ ᠳᠠᠩᠰᠠᠯᠠᠯ᠎ᠢ ᠭᠦᠢ᠍ᠴᠡᠳᠬᠡᠬᠦ᠎ᠳᠤ᠂ ᠬᠠᠤᠯᠢ᠎ᠳᠤ ᠲᠣᠭᠲᠠᠭ᠋ᠠᠭᠰᠠᠨ ᠬᠦᠯᠢᠶᠡᠨ ᠠᠪᠴᠤ ᠰᠢᠢ᠍ᠳᠪᠦᠷᠢᠯᠡᠬᠦ ᠦᠭᠡᠶ ᠪᠠᠶ᠋ᠢᠳᠠᠯ᠎ᠠᠴᠠ ᠭᠠᠳᠠᠨ᠎ᠠ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠠᠯᠠᠭ᠎ᠠ ᠮᠥᠴᠢᠷ᠎ᠨᠢ ᠤᠤᠯ᠎ᠤᠨ ᠣᠶ ᠰᠢᠭᠤᠶ ᠵᠢᠨ ᠡᠷᠬᠡ ᠵᠢᠨ ᠳᠠᠩᠰᠠᠯᠠᠯ᠎ᠨᠢ ᠲᠤᠳᠤᠷᠬᠠᠢ ᠪᠤᠰᠤ ᠪᠤᠶᠤ ᠲᠣᠭ᠎ᠠ ᠪᠠᠷᠢᠮᠲᠠ ᠵᠢ ᠰᠢᠯᠵᠢᠭᠦᠯᠦᠨ ᠲᠤᠰᠢᠶᠠᠵᠤ ᠡᠮᠬᠢᠯᠡᠨ ᠨᠡᠶ᠋ᠢᠯᠡᠭᠦᠯᠦᠭᠰᠡᠨ ᠦᠭᠡᠶ ᠵᠡᠷᠭᠡ ᠰᠢᠯᠲᠠᠭ᠋ᠠᠨ᠎ᠠᠴᠠ ᠪᠤᠯᠵᠤ ᠬᠦᠯᠢᠶᠡᠨ ᠠᠪᠴᠤ ᠰᠢᠢ᠍ᠳᠪᠦᠷᠢᠯᠡᠬᠦ ᠦᠭᠡᠶ ᠪᠠᠶ᠋ᠢᠵᠤ ᠪᠣᠯᠬᠤ ᠦᠭᠡᠶ᠂ ᠳᠤᠷ᠎ᠠ᠎ᠪᠠᠷ ᠵᠶ᠋ᠠᠨ ᠳᠠᠩᠰᠠᠯᠠᠯ᠎ᠤᠨ  ᠮᠠᠲᠸᠷᠢᠶᠠᠯ ᠨᠡᠮᠡᠵᠦ ᠪᠣᠯᠬᠤ ᠦᠭᠡᠶ᠃ ᠬᠦᠯᠢᠶᠡᠨ ᠠᠪᠤᠭᠰᠠᠨ᠎ᠤ ᠳᠠᠷᠠᠭ᠎ᠠ᠂ ᠬᠠᠤᠯᠢ ᠲᠣᠭᠲᠠᠭ᠋ᠠᠯ ᠶᠣᠰᠣᠭ᠋ᠠᠷ ᠳᠠᠩᠰᠠᠯᠠᠨ ᠬᠢᠨᠠᠨ ᠬᠠᠷᠭᠤᠭᠤᠯᠵᠤ᠂ ᠳᠡᠰ ᠳᠠᠷᠠᠭ᠋ᠠᠯᠠᠯ ᠶᠣᠰᠣᠭ᠋ᠠᠷ ᠲᠤᠭᠲᠠᠮᠠᠯ ᠬᠥᠷᠥᠩᠭᠡ ᠵᠢᠨ ᠡᠷᠬᠡ ᠵᠢᠨ ᠦᠨᠡᠮᠯᠡᠯ ᠣᠯᠭᠣᠬᠤ ᠬᠡᠷᠡᠭᠲᠡᠶ᠂ ᠤᠤᠯ᠎ᠤᠨ ᠣᠶ ᠰᠢᠭᠤᠶ ᠵᠢᠨ ᠡᠷᠬᠡ ᠵᠢᠨ ᠦᠨᠡᠮᠯᠡᠯ ᠳᠡᠭᠡᠷ᠎ᠡ ᠳᠥᠭᠥᠮ ᠲᠠᠶ᠋ᠢᠯᠪᠤᠷᠢ ᠬᠢᠵᠦ ᠪᠤᠯᠬᠤ ᠦᠭᠡᠢ᠂ ᠲᠤᠭᠲᠠᠮᠠᠯ ᠬᠥᠷᠥᠩᠭᠡ ᠵᠢ ᠳᠠᠩᠰᠠᠯᠠᠨ ᠲᠡᠮᠳᠡᠭᠯᠡᠬᠦ ᠲᠤᠰᠬᠠᠶ ᠲᠠᠮᠠᠭ᠎ᠠ ᠳᠠᠷᠤᠵᠤ ᠳᠠᠩᠰᠠᠯᠠᠨ ᠲᠡᠮᠳᠡᠭᠯᠡᠬᠦ ᠬᠡᠷᠡᠭᠳᠡᠢ᠂ ᠲᠡᠦᠬᠡᠨ᠎ᠠᠴᠠ ᠦᠯᠡᠳᠡᠭᠳᠡᠵᠦ ᠢᠷᠡᠭᠰᠡᠨ ᠠᠰᠠᠭᠤᠳᠠᠯ᠎ᠢ ᠳᠠᠩᠰᠠᠯᠠᠨ ᠲᠡᠮᠳᠡᠭᠯᠡᠬᠦ᠎ᠠᠴᠠ ᠵᠠᠶ᠋ᠢᠯᠠᠰᠬᠢᠬᠦ ᠬᠡᠷᠡᠭᠲᠡᠶ᠃ ᠬᠠᠮᠲᠤ ᠵᠢᠨ ᠥᠮᠴᠢᠯᠡᠯᠲᠦ ᠤᠢ᠌ᠲᠤ ᠭᠠᠵᠠᠷ᠎ᠲᠤ ᠬᠠᠮᠲᠤ ᠵᠢᠨ ᠤᠢ᠌ᠲᠤ ᠭᠠᠵᠠᠷ᠎ᠤᠨ ᠥᠮᠴᠢᠯᠡᠬᠦ ᠡᠷᠬᠡ ᠵᠢ ᠠᠰ᠎ᠲᠤᠨᠢ ᠳᠠᠩᠰᠠᠯᠠᠭᠤᠯᠬᠤ ᠦᠭᠡᠶ᠂ ᠬᠠᠮᠲᠤ ᠵᠢᠨ ᠭᠠᠵᠠᠷ ᠰᠢᠷᠣᠶ ᠵᠢᠨ ᠥᠮᠴᠢᠯᠡᠬᠦ ᠡᠷᠬᠡ ᠵᠢᠨ ᠳᠠᠩᠰᠠᠯᠠᠯ᠎ᠳᠤ ᠨᠢᠭᠡᠳᠦᠯᠲᠡᠶ ᠣᠷᠣᠭᠤᠯᠬᠤ ᠬᠡᠷᠡᠭᠲᠡᠶ᠃
    ᠭᠤᠷᠪᠠ᠂ ᠣᠶ᠋ᠢᠲᠤ ᠭᠠᠵᠠᠷ᠎ᠤᠨ ᠳᠠᠭ᠋ᠠᠭ᠋ᠠᠴᠢᠯᠠᠨ ᠡᠵᠡᠩᠨᠡᠬᠦ ᠡᠷᠬᠡ ᠵᠢᠨ ᠳᠠᠩᠰᠠᠯᠠᠯ᠎ᠢ ᠲᠣᠭᠲᠠᠪᠤᠷᠢᠵᠢᠭᠤᠯᠬᠤ ᠬᠡᠷᠡᠭᠲᠡᠶ᠃ ᠲᠠᠷᠢᠶᠠᠴᠢᠳ᠎ᠤᠨ ᠬᠦᠰᠡᠯ ᠰᠠᠨᠠᠭ᠎ᠠ ᠵᠢ ᠬᠦᠨᠳᠦᠳᠬᠡᠬᠦ ᠵᠢ ᠪᠠᠷᠢᠮᠲᠠᠯᠠᠨ᠂ ᠲᠠᠷᠢᠶᠠᠴᠢᠳ᠎ᠤᠨ ᠡᠷᠬᠡ ᠠᠰᠢᠭ᠎ᠢ ᠬᠠᠮᠠᠭ᠋ᠠᠯᠠᠵᠤ᠂ ᠵᠣᠩᠬᠢᠯᠠᠬᠤ ᠣᠯᠠᠨ ᠲᠣᠭ᠋ᠠᠨ᠎ᠤ ᠲᠠᠷᠢᠶᠠᠯᠠᠬᠤ ᠡᠷᠦᠬᠡ ᠵᠢᠨ ᠤᠤᠯ᠎ᠤᠨ ᠳᠠᠭ᠋ᠠᠭ᠋ᠠᠴᠢᠯᠠᠵᠤ ᠪᠠᠶ᠋ᠢᠭᠰᠠᠨ ᠤᠢ᠌ᠲᠤ ᠭᠠᠵᠠᠷ᠎ᠢ ᠦᠷᠭᠦᠯᠵᠢᠯᠡᠨ ᠲᠣᠭᠲᠠᠭᠤᠨ ᠪᠠᠶ᠋ᠢᠯᠭ᠋ᠠᠬᠤ ᠵᠢ ᠦᠨᠡᠨᠬᠦ ᠪᠠᠲᠤᠯᠠᠬᠤ ᠬᠡᠷᠡᠭᠲᠡᠶ᠃ ᠡᠷᠦᠬᠡ᠎ᠳᠤ ᠳᠠᠭ᠋ᠠᠭ᠋ᠠᠴᠢᠯᠠᠭᠤᠯᠤᠭᠰᠠᠨ ᠤᠢ᠌ᠲᠤ ᠭᠠᠵᠠᠷ᠎ᠲᠤ ᠣᠶ ᠰᠢᠭᠤᠶ ᠨᠤᠲᠤᠭ ᠪᠡᠯᠴᠢᠭᠡᠷ᠎ᠤᠨ ᠰᠠᠯᠠᠭ᠎ᠠ ᠮᠥᠴᠢᠷ᠎ᠤᠳ ᠤᠢ᠌ᠲᠤ ᠭᠠᠵᠠᠷ᠎ᠤᠨ ᠳᠠᠭ᠋ᠠᠭ᠋ᠠᠴᠢᠯᠠᠯᠲᠠ ᠵᠢᠨ ᠭᠡᠷ᠎ᠡ ᠵᠢᠨ ᠬᠠᠮᠢᠶᠠᠷᠤᠯᠲᠠ᠎ᠪᠠᠨ ᠴᠢᠩᠭ᠋ᠠᠳᠬᠠᠬᠤ ᠬᠡᠷᠡᠭᠲᠡᠶ; ᠣᠶ᠋ᠢᠲᠤ ᠭᠠᠵᠠᠷ᠎ᠤᠨ ᠳᠠᠭ᠋ᠠᠭ᠋ᠠᠴᠢᠯᠠᠯᠲᠠ ᠵᠢᠨ ᠭᠡᠷ᠎ᠡ ᠵᠢᠨ ᠡᠷᠬᠡ ᠵᠢᠨ ᠬᠠᠷᠢᠶ᠎ᠠ᠎ᠨᠢ ᠲᠣᠳᠣᠷᠬᠠᠶ᠂ ᠲᠠᠯᠠᠪᠠᠶ᠎ᠨᠢ ᠣᠨᠣᠪᠴᠢᠲᠠᠶ ᠪᠠᠶ᠋ᠢᠪᠠᠯ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠠᠯᠠᠭ᠎ᠠ ᠮᠥᠴᠢᠷ᠎ᠨᠢ ᠭᠡᠷ᠎ᠡ ᠵᠢ ᠦᠨᠳᠦᠰᠦᠯᠡᠨ ᠭᠤᠶᠤᠴᠢᠯᠠᠯ ᠶᠣᠰᠣᠭ᠋ᠠᠷ ᠣᠶ᠋ᠢᠲᠤ ᠭᠠᠵᠠᠷ᠎ᠤᠨ ᠳᠠᠭ᠋ᠠᠭ᠋ᠠᠴᠢᠯᠠᠨ ᠡᠵᠡᠩᠨᠡᠬᠦ ᠡᠷᠬᠡ ᠵᠢᠨ ᠳᠠᠩᠰᠠᠯᠠᠯ᠎ᠢ ᠭᠦᠢ᠍ᠴᠡᠳᠬᠡᠨ᠎ᠡ᠃ ᠭᠡᠷ ᠪᠦᠯᠢ ᠵᠢᠨ ᠳᠠᠭ᠋ᠠᠭ᠋ᠠᠴᠢᠯᠠᠭᠰᠠᠨ ᠤᠢ᠌ᠲᠤ ᠭᠠᠵᠠᠷ᠎ᠢ ᠲᠠᠷᠢᠶᠠᠴᠢᠨ ᠡᠷᠦᠬᠡ ᠰᠠᠶ᠋ᠢᠨ ᠳᠤᠷ᠎ᠠ᠎ᠠᠴᠠ᠎ᠪᠠᠨ ᠤᠢ᠌ᠲᠤ ᠭᠠᠵᠠᠷ᠎ᠤᠨ ᠡᠵᠡᠩᠨᠡᠯᠲᠡ ᠵᠢᠨ ᠡᠷᠬᠡ᠎ᠪᠠᠨ ᠭᠦᠢ᠍ᠯᠭᠡᠭᠡᠨ᠎ᠳᠤ ᠤᠷᠤᠭᠤᠯᠤᠭᠰᠠᠨ ᠴᠦ᠍ ᠮᠥᠨ ᠬᠦ᠌ ᠤᠢ᠌ᠲᠤ ᠭᠠᠵᠠᠷ᠎ᠤᠨ ᠳᠠᠭ᠋ᠠᠭ᠋ᠠᠴᠢᠯᠠᠨ ᠡᠵᠡᠩᠨᠡᠬᠦ ᠡᠷᠬᠡ᠎ᠲᠠᠢ᠂ ᠳᠠᠭ᠋ᠠᠭ᠋ᠠᠴᠢᠯᠠᠭᠰᠠᠨ ᠡᠷᠦᠬᠡ ᠵᠢᠨ ᠣᠶ ᠰᠢᠭᠤᠶ ᠵᠢᠨ ᠡᠷᠬᠡ ᠵᠢᠨ ᠦᠨᠡᠮᠯᠡᠯ᠎ᠢ ᠳᠤᠷ᠎ᠠ᠎ᠪᠠᠷ ᠵᠶ᠋ᠠᠨ ᠬᠤᠷᠢᠶᠠᠨ ᠠᠪᠬᠤ ᠪᠤᠶᠤ ᠬᠦᠴᠦᠨ ᠦᠭᠡᠶ ᠪᠣᠯᠭ᠋ᠠᠵᠤ ᠪᠣᠯᠬᠤ ᠦᠭᠡᠶ᠃
   ᠳᠥᠷᠪᠡ᠂ ᠣᠶ᠋ᠢᠲᠤ ᠭᠠᠵᠠᠷ᠎ᠤᠨ ᠡᠵᠡᠩᠨᠡᠯᠲᠡ ᠵᠢᠨ ᠡᠷᠬᠡ ᠵᠢᠨ ᠳᠠᠩᠰᠠᠯᠠᠯ᠎ᠢ ᠲᠡᠭᠦᠯᠳᠡᠷᠵᠢᠭᠦᠯᠦᠨ᠎ᠡ᠃ ᠣᠶ ᠰᠢᠭᠤᠶ ᠵᠢᠨ ᠦᠢ᠍ᠯᠡᠰ᠎ᠤᠨ ᠵᠣᠬᠢᠬᠤ ᠬᠡᠪᠴᠢᠶᠡᠲᠦ ᠡᠵᠡᠩᠨᠡᠯᠲᠡ ᠵᠢ ᠬᠥᠭᠵᠢᠭᠦᠯᠬᠦ ᠱᠠᠭ᠋ᠠᠷᠳᠠᠯᠭ᠎ᠠ᠎ᠳᠤ ᠵᠣᠬᠢᠴᠠᠭᠤᠯᠤᠨ᠂ ᠣᠶ ᠰᠢᠭᠤᠶ ᠨᠤᠲᠤᠭ ᠪᠡᠯᠴᠢᠭᠡᠷ᠎ᠤᠨ ᠰᠠᠯᠠᠭ᠎ᠠ ᠮᠥᠴᠢᠷ᠎ᠤᠳ ᠤᠢ᠌ᠲᠤ ᠭᠠᠵᠠᠷ᠎ᠤᠨ ᠳᠠᠭ᠋ᠠᠭ᠋ᠠᠴᠢᠯᠠᠯᠲᠠ᠂ ᠭᠦᠢ᠍ᠯᠭᠡᠭᠡᠨ᠎ᠤ ᠭᠡᠷ᠎ᠡ ᠵᠢᠨ ᠬᠠᠮᠢᠶᠠᠷᠤᠯᠲᠠ᠎ᠪᠠᠨ ᠴᠢᠩᠭ᠋ᠠᠳᠬᠠᠵᠤ᠂ ᠤᠢ᠌ᠲᠤ ᠭᠠᠵᠠᠷ᠎ᠤᠨ ᠡᠵᠡᠩᠨᠡᠯᠲᠡ ᠵᠢᠨ ᠡᠷᠬᠡ ᠵᠢᠨ ᠭᠦᠢ᠍ᠯᠭᠡᠭᠡ ᠵᠢ ᠵᠢᠷᠤᠮᠵᠢᠭᠤᠯᠬᠤ ᠬᠡᠷᠡᠭᠲᠡᠶ᠃ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠠᠯᠠᠭ᠎ᠠ ᠮᠥᠴᠢᠷ᠎ᠤᠳ ᠳᠠᠭ᠋ᠠᠭ᠋ᠠᠴᠢᠯᠠᠬᠤ᠂  ᠭᠦᠢ᠍ᠯᠭᠡᠭᠡᠨ᠎ᠤ ᠭᠡᠷ᠎ᠡ ᠵᠢ ᠦᠨᠳᠦᠰᠦᠯᠡᠨ᠂ ᠭᠤᠶᠤᠴᠢᠯᠠᠯ ᠶᠣᠰᠣᠭ᠋ᠠᠷ ᠤᠢ᠌ᠲᠤ ᠭᠠᠵᠠᠷ᠎ᠤᠨ ᠡᠵᠡᠩᠨᠡᠬᠦ ᠡᠷᠬᠡ ᠵᠢ ᠳᠠᠩᠰᠠᠯᠠᠨ ᠲᠡᠮᠳᠡᠭᠯᠡᠵᠦ᠂ ᠭᠦᠢ᠍ᠯᠭᠡᠭᠡᠨ᠎ᠤ ᠬᠤᠭᠤᠴᠠᠭ᠎ᠠ᠎ᠨᠢ 5 ᠵᠢᠯ᠎ᠠᠴᠠ ᠳᠡᠭᠡᠭᠰᠢ (5 ᠵᠢᠯ ᠪᠠᠭᠲᠠᠨ᠎ᠠ) ᠪᠠᠶ᠋ᠢᠭ᠎ᠠ ᠤᠢ᠌ᠲᠤ ᠭᠠᠵᠠᠷ᠎ᠤᠨ ᠡᠵᠡᠩᠨᠡᠬᠦ ᠡᠷᠬᠡ ᠵᠢ ᠳᠠᠭ᠋ᠠᠭ᠋ᠠᠴᠢᠯᠠᠭᠰᠠᠨ ᠲᠠᠯ᠎ᠠ ᠪᠣᠯᠤᠨ ᠬᠦᠯᠢᠶᠡᠨ ᠠᠪᠤᠭᠰᠠᠨ ᠲᠠᠯ᠎ᠠ᠎ᠨᠢ ᠬᠠᠮᠲᠤᠪᠠᠷ ᠭᠤᠶᠤᠴᠢᠯᠠᠨ᠎ᠡ; ᠡᠷᠦᠭᠡ᠎ᠳᠤ ᠳᠠᠭ᠋ᠠᠭ᠋ᠠᠴᠢᠯᠠᠭᠤᠯᠬᠤ᠎ᠠᠴᠠ  ᠪᠤᠰᠤᠳ ᠠᠷᠭ᠎ᠠ ᠬᠡᠯᠪᠡᠷᠢ᠎ᠪᠠᠷ ᠳᠠᠭ᠋ᠠᠭ᠋ᠠᠴᠢᠯᠠᠭᠤᠯᠤᠭᠰᠠᠨ ᠪᠠᠶ᠋ᠢᠪᠠᠯ ᠳᠠᠭ᠋ᠠᠭ᠋ᠠᠴᠢᠯᠠᠭᠴᠢ ᠭᠤᠶᠤᠴᠢᠯᠠᠯ ᠭᠠᠷᠭ᠋ᠠᠨ᠎ᠠ; ᠬᠠᠮᠲᠤ ᠵᠢᠨ ᠠᠵᠤ ᠠᠬᠤᠶ ᠵᠢᠨ ᠵᠣᠬᠢᠶᠠᠨ ᠪᠠᠶ᠋ᠢᠭᠤᠯᠤᠯᠲᠠ᠎ᠠᠴᠠ ᠨᠢᠭᠡᠳᠦᠯᠲᠡᠶ ᠡᠵᠡᠩᠨᠡᠵᠦ ᠪᠠᠶ᠋ᠢᠪᠠᠯ᠂ ᠬᠠᠮᠲᠤ ᠵᠢᠨ ᠠᠵᠤ ᠠᠬᠤᠶ ᠵᠢᠨ ᠵᠣᠬᠢᠶᠠᠨ ᠪᠠᠶ᠋ᠢᠭᠤᠯᠤᠯᠲᠠ᠎ᠠᠴᠠ ᠤᠢ᠌ᠲᠤ ᠭᠠᠵᠠᠷ᠎ᠤᠨ ᠡᠵᠡᠩᠨᠡᠯᠲᠡ ᠵᠢᠨ ᠡᠷᠬᠡ ᠵᠢᠨ ᠳᠠᠩᠰᠠᠯᠠᠯ ᠬᠢᠯᠭᠡᠬᠦ᠎ᠪᠠᠷ ᠭᠤᠶᠤᠴᠢᠯᠠᠵᠤ ᠪᠣᠯᠤᠨ᠎ᠠ᠃ ᠡᠯ᠎ᠡ ᠭᠠᠵᠠᠷ᠎ᠤᠨ᠎ᠬᠢᠨ ᠲᠤᠭᠲᠠᠮᠠᠯ ᠬᠥᠷᠥᠩᠭᠡ ᠵᠢᠨ ᠳᠡᠩᠰᠡᠯᠡᠯᠲᠡ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠰᠠᠭᠤᠷᠢ ᠲᠠᠪᠴᠠᠩ᠎ᠳᠤ ᠣᠶ ᠮᠣᠳᠣᠨ᠎ᠤ ᠡᠷᠬᠡ ᠵᠢᠨ ᠳᠡᠩᠰᠡᠯᠡᠯᠲᠡ ᠵᠢᠨ ᠬᠡᠰᠡᠭ᠎ᠢ ᠨᠠᠮᠠᠨ ᠳᠣᠭᠢᠷᠠᠭᠤᠯᠵᠤ᠂ ᠤᠯᠤᠰ᠎ᠤᠨ ᠳ᠋ᠠᠶ᠋ᠢᠲ᠋ᠠ ᠬᠥᠮᠥᠷᠭᠡ ᠵᠢᠨ ᠪᠠᠷᠢᠮᠵᠢᠶ᠎ᠠ ᠶᠣᠰᠣᠭ᠋ᠠᠷ 《ᠣᠶ᠋ᠢᠲᠤ ᠭᠠᠵᠠᠷ᠎ᠤᠨ ᠡᠵᠡᠩᠨᠡᠯᠲᠡ ᠵᠢᠨ ᠡᠷᠬᠡ》 ᠵᠢᠨ ᠡᠷᠬᠡ ᠵᠢᠨ ᠲᠥᠷᠥᠯ ᠬᠡᠯᠪᠡᠷᠢ ᠵᠡᠷᠭᠡ ᠥᠰᠥᠭ᠎ᠤᠨ ᠪᠤᠯᠤᠩ᠎ᠢ ᠨᠡᠮᠡᠵᠦ᠂ ᠡᠵᠡᠩᠨᠡᠯᠲᠡ ᠵᠢᠨ ᠡᠷᠬᠡ ᠵᠢᠨ ᠵᠢᠷᠤᠭᠯᠠᠪᠤᠷᠢ ᠵᠢ ᠲᠤᠰᠠᠭ᠋ᠠᠷ ᠪᠠᠶ᠋ᠢᠷᠢᠯᠠᠭᠤᠯᠵᠤ᠂ ᠣᠶ᠋ᠢᠲᠤ ᠭᠠᠵᠠᠷ᠎ᠤᠨ ᠡᠵᠡᠩᠨᠡᠯᠲᠡ ᠵᠢᠨ ᠡᠷᠬᠡ ᠵᠢᠨ ᠳᠡᠩᠰᠡᠯᠡᠯᠲᠡ ᠵᠢ ᠵᠢᠷᠤᠮᠵᠢᠭᠤᠯᠤᠨ ᠰᠠᠶ᠋ᠢᠲᠤᠷ ᠬᠢᠵᠦ᠂ ᠣᠶ᠋ᠢᠲᠤ ᠭᠠᠵᠠᠷ᠎ᠤᠨ ᠡᠵᠡᠩᠨᠡᠯᠲᠡ ᠵᠢᠨ ᠡᠷᠬᠡ ᠵᠢ ᠬᠠᠤᠯᠢ ᠶᠣᠰᠣᠭ᠋ᠠᠷ ᠭᠦᠢ᠍ᠯᠭᠡᠭᠡᠨ᠎ᠳᠤ ᠣᠷᠣᠭᠤᠯᠬᠤ ᠪᠠ ᠪᠠᠷᠢᠴᠠᠭ᠋ᠠᠯᠠᠨ ᠪᠠᠯᠠ ᠳᠣᠭᠢᠷᠠᠭᠤᠯᠬᠤ᠎ᠳᠤ ᠲᠤᠯᠭ᠋ᠠᠭᠤᠷᠢᠯᠠᠬᠤ ᠪᠠᠲᠤᠯᠠᠭ᠎ᠠ ᠬᠠᠩᠭ᠋ᠠᠵᠤ ᠪᠣᠯᠤᠨ᠎ᠠ᠃
    ᠲᠠᠪᠤ᠂ ᠣᠶ ᠮᠣᠳᠣᠨ᠎ᠤ ᠡᠷᠬᠡ ᠵᠢᠨ ᠭᠠᠵᠠᠷ ᠤᠷᠤᠨ᠎ᠤ ᠬᠠᠷᠢᠶ᠎ᠠ ᠵᠢᠨ ᠪᠠᠶ᠋ᠢᠴᠠᠭ᠋ᠠᠯᠲᠠ ᠵᠢ ᠥᠷᠨᠢᠭᠦᠯᠬᠦ ᠵᠢ ᠰᠢᠨᠡᠴᠢᠯᠡᠨ᠎ᠡ᠃ 《ᠬᠠᠮᠲᠤ ᠵᠢᠨ ᠣᠶ ᠰᠢᠭᠤᠶ ᠵᠢᠨ ᠡᠷᠬᠡ ᠵᠢᠨ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠥᠰᠦᠯ》᠎ᠳᠠᠬᠢ ᠬᠠᠮᠲᠤ ᠵᠢᠨ ᠣᠶ ᠰᠢᠭᠤᠶ ᠵᠢᠨ ᠡᠷᠬᠡ ᠵᠢ ᠠᠩᠬ᠎ᠠ ᠤᠳᠠᠭ᠎ᠠ ᠳᠠᠩᠰᠠᠯᠠᠭᠤᠯᠬᠤ ᠬᠠᠮᠢᠶ᠎ᠠ ᠪᠦᠬᠦᠢ ᠵᠠᠷᠤᠳᠠᠯ᠎ᠢ ᠣᠷᠣᠨ ᠨᠤᠲᠤᠭ᠎ᠤᠨ ᠡᠳ᠎ᠤᠨ ᠵᠠᠰᠠᠭ᠎ᠤᠨ ᠲᠥᠰᠦᠪ᠎ᠲᠤ ᠣᠷᠣᠭᠤᠯᠬᠤ ᠪᠠ ᠭᠠᠵᠠᠷ᠎ᠤᠨ ᠬᠠᠷᠢᠶ᠎ᠠ ᠵᠢ ᠨᠥᠬᠥᠪᠥᠷᠢᠯᠡᠬᠦ ᠪᠠᠶ᠋ᠢᠴᠠᠭ᠋ᠠᠯᠲᠠ ᠵᠢ ᠵᠠᠰᠠᠭ᠎ᠤᠨ ᠣᠷᠳᠣᠨ᠎ᠠᠴᠠ ᠵᠣᠬᠢᠶᠠᠨ ᠪᠠᠶ᠋ᠢᠭᠤᠯᠤᠨ ᠥᠷᠨᠢᠭᠦᠯᠬᠦ ᠬᠣᠯᠪᠣᠭᠳᠠᠯ ᠪᠦᠬᠦᠢ ᠱᠠᠭ᠋ᠠᠷᠳᠠᠯᠭ᠎ᠠ ᠵᠢ ᠦᠨᠳᠦᠰᠦᠯᠡᠨ᠂ ᠬᠠᠮᠲᠤ ᠵᠢᠨ ᠣᠶ ᠰᠢᠭᠤᠶ ᠵᠢᠨ ᠡᠷᠬᠡ ᠵᠢ ᠠᠩᠬ᠎ᠠ ᠤᠳᠠᠭ᠎ᠠ ᠳᠠᠩᠰᠠᠯᠠᠭᠤᠯᠬᠤ ᠪᠠ ᠤᠤᠯ᠎ᠤᠨ ᠣᠶ ᠰᠢᠭᠤᠶ ᠵᠢᠨ ᠡᠷᠬᠡ ᠵᠢ ᠳᠠᠩᠰᠠᠯᠠᠭᠰᠠᠨ ᠦᠷ᠎ᠡ ᠪᠦᠲᠦᠭᠡᠯ᠎ᠨᠢ ᠲᠡᠭᠦᠯᠳᠡᠷ ᠪᠤᠰᠤ᠎ᠠᠴᠠ ᠪᠣᠯᠵᠤ ᠭᠠᠵᠠᠷ᠎ᠤᠨ ᠬᠠᠷᠢᠶ᠎ᠠ ᠵᠢᠨ ᠪᠠᠶ᠋ᠢᠴᠠᠭ᠋ᠠᠯᠲᠠ ᠬᠢᠬᠦ ᠴᠢᠬᠤᠯᠠ᠎ᠲᠠᠢ ᠪᠣᠯ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠠᠯᠠᠭ᠎ᠠ ᠮᠥᠴᠢᠷ ᠪᠣᠯᠤᠨ ᠣᠶ ᠰᠢᠭᠤᠶ ᠨᠤᠲᠤᠭ ᠪᠡᠯᠴᠢᠭᠡᠷ᠎ᠤᠨ ᠰᠠᠯᠠᠭ᠎ᠠ ᠮᠥᠴᠢᠷ᠎ᠤᠳ ᠵᠠᠰᠠᠭ᠎ᠤᠨ ᠣᠷᠳᠣᠨ᠎ᠤ ᠲᠣᠳᠣᠷᠬᠠᠶ᠋ᠢᠯᠠᠭᠰᠠᠨ ᠠᠵᠢᠯ᠎ᠤᠨ ᠬᠤᠪᠢᠶᠠᠷᠢᠯᠠᠯ᠎ᠤᠨ ᠶᠣᠰᠣᠭ᠋ᠠᠷ᠂ ᠭᠠᠵᠠᠷ᠎ᠤᠨ ᠬᠠᠷᠢᠶ᠎ᠠ ᠵᠢᠨ ᠪᠠᠶ᠋ᠢᠴᠠᠭ᠋ᠠᠯᠲᠠ ᠵᠢ ᠬᠠᠮᠲᠤᠷᠠᠨ ᠦᠷᠨᠢᠬᠦᠯᠵᠦ᠂ ᠲᠤᠬᠠᠢ ᠵᠢᠨ ᠬᠥᠮᠦᠨ᠎ᠠᠴᠠ ᠪᠠᠶ᠋ᠢᠴᠠᠭ᠋ᠠᠯᠲᠠ ᠵᠢᠨ ᠰᠦᠢ᠍ᠳᠬᠡᠯ ᠬᠤᠷᠢᠶᠠᠵᠤ ᠪᠣᠯᠬᠤ ᠦᠭᠡᠶ᠃ ᠲᠤᠬᠠᠢ ᠵᠢᠨ ᠬᠥᠮᠦᠨ ᠥᠪᠡᠰᠦᠪᠡᠨ ᠨᠠᠶ᠋ᠢᠳᠠᠵᠤ ᠦᠷᠨᠢᠬᠦᠯᠬᠦ ᠪᠤᠰᠤᠳ ᠭᠠᠵᠠᠷ ᠰᠢᠷᠣᠶ ᠵᠢᠨ ᠬᠠᠷᠢᠶ᠎ᠠ ᠵᠢᠨ ᠪᠠᠶ᠋ᠢᠴᠠᠭ᠋ᠠᠯᠲᠠ ᠵᠢ ᠶᠠᠮᠠᠷᠪᠠ ᠰᠠᠯᠠᠭ᠎ᠠ ᠮᠥᠴᠢᠷ ᠪᠣᠯᠤᠨ ᠬᠤᠪᠢ ᠬᠥᠮᠦᠨ ᠭᠡᠳ ᠪᠠᠶ᠋ᠢᠴᠠᠭ᠋ᠠᠬᠤ ᠪᠠᠶ᠋ᠢᠭᠤᠯᠤᠮᠵᠢ ᠵᠢᠭ᠋ᠠᠨ ᠲᠣᠭᠲᠠᠭ᠋ᠠᠵᠤ ᠪᠣᠯᠬᠤ ᠦᠭᠡᠶ᠃ ᠬᠠᠮᠲᠤ ᠵᠢᠨ ᠤᠢ ᠮᠣᠳᠣᠨ᠎ᠤ ᠡᠷᠬᠡ ᠵᠢᠨ ᠭᠠᠵᠠᠷ᠎ᠤᠨ ᠬᠠᠷᠢᠶ᠎ᠠ ᠵᠢᠨ ᠪᠠᠶ᠋ᠢᠴᠠᠭ᠋ᠠᠯᠲᠠ᠎ᠨᠢ ᠲᠣᠰᠬᠣᠨ ᠳᠤᠭᠤᠶ᠋ᠢᠯᠠᠩ᠎ᠤᠨ ᠦᠢ᠍ᠯᠡᠳᠦᠯ᠎ᠢ ᠪᠠᠳᠠᠷᠠᠭᠤᠯᠤᠨ᠂ ᠡᠷᠬᠡ ᠵᠢᠨ ᠬᠠᠷᠢᠶ᠎ᠠ ᠵᠢᠨ ᠢᠷᠡᠯᠳᠡ ᠵᠢᠨ ᠮᠠᠲᠸᠷᠢᠶᠠᠯ᠎ᠢ ᠦᠨᠳᠦᠰᠦᠯᠡᠨ᠂ ᠪᠥᠬᠥ ᠤᠯᠤᠰ᠎ᠤᠨ ᠤᠯᠤᠰ᠎ᠤᠨ ᠭᠠᠵᠠᠷ ᠰᠢᠷᠣᠢ ᠵᠢᠨ ᠪᠠᠶ᠋ᠢᠴᠠᠭ᠋ᠠᠯᠲᠠ᠂ ᠥᠨᠳᠥᠷ ᠢᠯᠭ᠋ᠠᠮᠵᠢᠳᠤ ᠵᠢᠷᠤᠭ᠂ ᠪᠣᠳᠠᠲᠤ ᠦᠵᠡᠭᠳᠡᠯ᠎ᠤᠨ ᠭᠤᠷᠪᠠᠨ ᠬᠡᠮᠵᠢᠯᠳᠦ ᠲᠣᠭ᠎ᠠ ᠪᠠᠷᠢᠮᠲᠠ ᠵᠡᠷᠭᠡ ᠦᠷ᠎ᠡ ᠪᠦᠲᠦᠭᠡᠯ᠎ᠢ ᠭᠦᠢ᠍ᠴᠡᠳ ᠠᠰᠢᠭᠯᠠᠨ᠂ ᠳᠣᠲᠣᠭ᠋ᠠᠳᠤ  ᠠᠵᠢᠯ ᠵᠶ᠋ᠠᠷ ᠭᠣᠣᠯ ᠪᠣᠯᠭ᠋ᠠᠨ ᠪᠠᠶ᠋ᠢᠴᠠᠭ᠋ᠠᠯᠲᠠ ᠵᠢᠨ ᠠᠵᠢᠯ᠎ᠢ ᠥᠷᠨᠢᠭᠦᠯᠵᠦ᠂ ᠳᠣᠲᠣᠭ᠋ᠠᠳᠤ ᠠᠵᠢᠯ ᠵᠶ᠋ᠠᠷ ᠳᠠᠮᠵᠢᠭᠤᠯᠤᠨ ᠡᠷᠬᠡ ᠵᠢᠨ ᠬᠠᠷᠢᠶ᠎ᠠ ᠵᠢᠨ ᠵᠠᠭ᠋ᠠᠭ ᠱᠤᠭᠤᠮ᠎ᠢ ᠲᠣᠭᠲᠠᠭ᠋ᠠᠬᠤ ᠵᠢᠨ ᠠᠷᠭ᠎ᠠ ᠥᠭᠡᠢ ᠪᠣᠯ᠂ ᠲᠡᠬᠢᠨ ᠭᠠᠳᠠᠭ᠋ᠠᠳᠤ ᠠᠵᠢᠯ᠎ᠤᠨ ᠪᠠᠶ᠋ᠢᠴᠠᠭ᠋ᠠᠯᠲᠠ ᠬᠢᠬᠦ ᠬᠡᠷᠡᠭᠲᠡᠢ᠃ ᠨᠥᠬᠥᠴᠡᠯ ᠪᠦᠷᠢᠯᠳᠦᠭᠦᠯᠦᠭᠰᠡᠨ ᠭᠠᠵᠠᠷ ᠣᠷᠣᠨ᠎ᠳᠤ᠂ ᠮᠤᠵᠢ ᠵᠢᠨ ᠱᠠᠲᠤᠨ᠎ᠠᠴᠠ ᠣᠶ ᠮᠣᠳᠣᠨ᠎ᠤ ᠡᠷᠬᠡ ᠵᠢᠨ ᠭᠠᠵᠠᠷ ᠰᠢᠷᠣᠶ ᠵᠢᠨ ᠬᠠᠷᠢᠶ᠎ᠠ ᠵᠢᠨ ᠪᠠᠶ᠋ᠢᠴᠠᠭ᠋ᠠᠯᠲᠠ ᠵᠢᠨ ᠡᠬᠡ ᠵᠢᠷᠤᠭ᠎ᠢ ᠦᠢ᠍ᠯᠡᠳᠬᠦ᠂ ᠵᠥᠭᠡᠯᠡᠨ ᠲᠣᠨᠣᠭ᠎ᠢ ᠨᠡᠭᠡᠭᠡᠨ ᠬᠥᠭᠵᠢᠭᠦᠯᠬᠦ ᠪᠠ ᠮᠡᠳᠡᠭᠡ ᠵᠠᠩᠭᠢ ᠵᠢᠨ ᠰᠢᠰᠲ᠋ᠧᠮ᠎ᠢ ᠳᠣᠭᠢᠷᠠᠭᠤᠯᠤᠨ ᠲᠠᠷᠬᠠᠭ᠋ᠠᠬᠤ ᠵᠡᠷᠭᠡ ᠠᠵᠢᠯ᠎ᠢ ᠨᠢᠭᠡᠳᠦᠯᠲᠡᠶ ᠲᠥᠯᠥᠪᠯᠡᠨ ᠵᠣᠬᠢᠶᠠᠨ ᠪᠠᠶ᠋ᠢᠭᠤᠯᠤᠨ ᠥᠷᠨᠢᠭᠦᠯᠵᠦ᠂ ᠬᠣᠲᠠ ᠰᠢᠶᠠᠨ᠎ᠤ ᠭᠠᠵᠠᠷ ᠰᠢᠷᠣᠶ ᠵᠢᠨ ᠬᠠᠷᠢᠶ᠎ᠠ ᠵᠢᠨ ᠪᠠᠶ᠋ᠢᠴᠠᠭ᠋ᠠᠯᠲᠠ᠂ ᠲᠣᠭ᠎ᠠ ᠪᠠᠷᠢᠮᠲᠠ ᠵᠢ ᠡᠮᠬᠢᠯᠡᠨ ᠨᠡᠶ᠋ᠢᠯᠡᠭᠦᠯᠵᠦ ᠬᠥᠮᠥᠷᠭᠡ ᠪᠠᠶ᠋ᠢᠭᠤᠯᠬᠤ ᠵᠡᠷᠭᠡ ᠠᠵᠢᠯ ᠦᠷᠨᠢᠬᠦᠯᠦᠨ᠎ᠡ᠃ ᠣᠶ ᠮᠣᠳᠣᠨ᠎ᠤ ᠡᠷᠬᠡ ᠵᠢᠨ ᠭᠠᠵᠠᠷ ᠰᠢᠷᠣᠶ ᠵᠢᠨ ᠬᠠᠷᠢᠶ᠎ᠠ ᠵᠢᠨ ᠪᠠᠶ᠋ᠢᠴᠠᠭ᠋ᠠᠯᠲᠠ ᠵᠢᠨ ᠦᠷ᠎ᠡ ᠪᠦᠲᠦᠭᠡᠯ᠎ᠢ ᠭᠠᠵᠠᠷ ᠰᠢᠷᠣᠶ ᠵᠢᠨ ᠬᠠᠷᠢᠶ᠎ᠠ ᠵᠢᠨ ᠪᠠᠶ᠋ᠢᠴᠠᠭ᠋ᠠᠯᠲᠠ ᠵᠢᠨ ᠳ᠋ᠠᠶ᠋ᠢᠲ᠋ᠠ ᠬᠥᠮᠥᠷᠭᠡ᠎ᠳᠤ ᠣᠷᠣᠭᠤᠯᠤᠨ ᠨᠢᠭᠡᠳᠦᠯᠲᠡᠶ ᠬᠠᠮᠢᠶᠠᠷᠤᠨ᠎ᠠ᠃
     ᠵᠢᠷᠭᠤᠭ᠎ᠠ᠂ ᠣᠶ ᠰᠢᠭᠤᠶ ᠵᠢᠨ ᠡᠷᠬᠡ ᠵᠢ ᠳᠠᠩᠰᠠᠯᠠᠨ ᠲᠡᠮᠳᠡᠭᠯᠡᠵᠦ ᠭᠦᠢ᠍ᠴᠡᠳᠬᠡᠬᠦ ᠴᠤᠪᠤᠷᠠᠯ᠎ᠢ ᠰᠢᠯᠢᠳᠡᠭᠵᠢᠭᠦᠯᠬᠦ ᠬᠡᠷᠡᠭᠲᠡᠶ᠃ 《ᠨᠢᠭᠡ ᠦᠨᠡᠮᠯᠡᠯ》᠎ᠢ ᠥᠨᠳᠥᠷ ᠪᠦᠲᠦᠮᠵᠢᠲᠡᠶ ᠰᠠᠶ᠋ᠢᠲᠤᠷ ᠬᠢᠬᠦ ᠵᠢᠨ ᠲᠣᠭᠣᠷᠢᠨ᠎ᠳᠤ᠂ 《ᠨᠢᠭᠡ ᠰᠦᠯᠵᠢᠶ᠎ᠡ᠂ ᠨᠢᠭᠡ ᠡᠭᠦᠳᠡ᠂ ᠨᠢᠭᠡ ᠤᠳᠠᠭ᠎ᠠ》 ᠵᠢᠨ ᠱᠠᠭ᠋ᠠᠷᠳᠠᠯᠭ᠎ᠠ ᠵᠢ ᠲᠦᠷᠭᠡᠳᠬᠡᠨ ᠨᠠᠶ᠋ᠢᠳᠠᠪᠤᠷᠢᠵᠢᠭᠤᠯᠵᠤ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠠᠯᠠᠭ᠎ᠠ ᠮᠥᠴᠢᠷ᠎ᠨᠢ ᠣᠶ ᠰᠢᠭᠤᠶ ᠵᠢᠨ ᠡᠷᠬᠡ ᠵᠢ ᠳᠡᠩᠰᠡᠯᠡᠨ ᠲᠡᠮᠳᠡᠭᠯᠡᠭᠦᠯᠬᠦ ᠭᠤᠶᠤᠴᠢᠯᠠᠯ᠎ᠢ ᠭᠥᠯᠢᠶᠡᠨ ᠠᠪᠤᠭᠰᠠᠨ᠎ᠤ ᠳᠠᠷᠠᠭ᠎ᠠ᠂ ᠭᠡᠷ᠎ᠡ ᠵᠢᠨ ᠮᠡᠳᠡᠭᠡ ᠵᠠᠩᠭᠢ ᠵᠢ ᠬᠢᠨᠠᠨ ᠰᠢᠯᠭ᠋ᠠᠬᠤ ᠵᠡᠷᠭᠡ ᠵᠦᠢ᠍ᠯᠡᠰ᠎ᠲᠤ ᠬᠣᠯᠪᠣᠭᠳᠠᠭᠰᠠᠨ ᠪᠠᠶ᠋ᠢᠪᠠᠯ᠂ ᠣᠶ ᠰᠢᠭᠤᠶ ᠨᠤᠲᠤᠭ ᠪᠡᠯᠴᠢᠭᠡᠷ᠎ᠤᠨ ᠰᠠᠯᠠᠭ᠎ᠠ ᠮᠥᠴᠢᠷ᠎ᠨᠢ ᠬᠠᠮᠵᠢᠯᠴᠠᠨ ᠬᠣᠯᠪᠣᠭ᠋ᠠᠯᠠᠵᠤ  ᠭᠦᠢ᠍ᠴᠡᠳᠬᠡᠨ᠎ᠡ᠃ ᠪᠠᠶ᠋ᠢᠭ᠋ᠠᠯᠢ ᠵᠢᠨ ᠡᠬᠢ ᠪᠠᠶᠠᠯᠢᠭ ᠪᠠ ᠣᠶ ᠰᠢᠭᠤᠶ ᠨᠤᠲᠤᠭ ᠪᠡᠯᠴᠢᠭᠡᠷ᠎ᠤᠨ ᠰᠠᠯᠠᠭ᠎ᠠ ᠮᠥᠴᠢᠷ᠎ᠨᠢ ᠣᠶ ᠰᠢᠭᠤᠶ ᠵᠢᠨ ᠡᠷᠬᠡ ᠵᠢ ᠳᠡᠩᠰᠡᠯᠡᠨ ᠲᠡᠮᠳᠡᠭᠯᠡᠬᠦ ᠮᠡᠳᠡᠭᠡ ᠵᠠᠩᠭᠢ ᠪᠠ ᠣᠶ᠋ᠢᠲᠤ ᠭᠠᠵᠠᠷ᠎ᠢ ᠲᠠᠲᠠᠪᠤᠷᠢᠯᠠᠨ ᠡᠵᠡᠯᠡᠵᠦ ᠬᠡᠷᠡᠭᠯᠡᠬᠦ᠂ ᠣᠶ ᠮᠣᠳᠣ ᠣᠭᠲᠣᠯᠬᠤ᠂ ᠲᠠᠷᠢᠶᠠᠯᠠᠬᠤ ᠵᠢ ᠵᠣᠭᠰᠣᠭ᠋ᠠᠵᠤ ᠣᠶ ᠰᠢᠭᠤᠶ ᠵᠢ ᠰᠡᠷᠭᠦᠭᠡᠬᠦ ᠵᠡᠷᠭᠡ ᠣᠶ᠋ᠢᠲᠤ ᠭᠠᠵᠠᠷ᠎ᠤᠨ ᠬᠠᠮᠢᠶᠠᠷᠤᠯᠲᠠ ᠵᠢᠨ ᠮᠡᠳᠡᠭᠡ ᠵᠠᠩᠭᠢ ᠵᠢ ᠬᠠᠮᠲᠤᠪᠠᠷ ᠡᠳ᠋ᠯᠡᠬᠦ ᠵᠢ ᠴᠢᠩᠭ᠋ᠠᠳᠬᠠᠵᠤ᠂ ᠲᠤᠭᠲᠠᠮᠠᠯ ᠬᠥᠷᠥᠩᠭᠡ ᠵᠢᠨ ᠳᠡᠩᠰᠡᠯᠡᠨ ᠲᠡᠮᠳᠡᠭᠯᠡᠬᠦ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠰᠠᠭᠤᠷᠢ ᠲᠠᠪᠴᠠᠩ᠎ᠢ ᠣᠶ ᠰᠢᠭᠤᠶ ᠵᠢᠨ ᠡᠷᠬᠡ ᠵᠢ ᠶᠡᠷᠦᠩᠬᠡᠶ᠋ᠢᠯᠡᠨ ᠬᠢᠨᠠᠨ ᠬᠠᠮᠢᠶᠠᠷᠬᠤ ᠰᠢᠰᠲ᠋ᠧᠮ᠎ᠯᠦᠭᠡ ᠪᠦᠲᠦᠮᠵᠢᠲᠡᠶ ᠵᠣᠯᠭ᠋ᠠᠭᠤᠯᠬᠤ ᠵᠢ ᠠᠬᠢᠭᠤᠯᠤᠨ᠂ ᠲᠣᠭ᠎ᠠ ᠪᠠᠷᠢᠮᠲᠠ ᠵᠢ ᠢᠯᠡᠭᠦᠬᠡᠨ ᠠᠰᠢᠭᠯᠠᠵᠤ᠂ ᠣᠯᠠᠨ ᠲᠦᠮᠡᠨ᠎ᠢ ᠳᠤᠲᠠᠭᠤ ᠭᠦᠶᠦᠯᠭᠡᠬᠦ ᠬᠡᠷᠡᠭᠲᠡᠶ᠃ ᠡᠯ᠎ᠡ ᠭᠠᠵᠠᠷ᠎ᠤᠳ ᠠᠷᠠᠳ᠎ᠲᠤ ᠳᠥᠭᠥᠮ ᠦᠵᠡᠭᠦᠯᠬᠦ ᠦᠢ᠍ᠯᠡᠴᠢᠯᠡᠭᠡᠨ᠎ᠤ ᠠᠷᠭ᠎ᠠ ᠬᠡᠮᠵᠢᠶ᠎ᠡ᠎ᠪᠠᠨ ᠲᠡᠭᠦᠯᠳᠡᠷᠵᠢᠭᠦᠯᠦᠨ᠂ ᠨᠥᠬᠥᠴᠡᠯ᠎ᠲᠠᠢ ᠭᠠᠵᠠᠷ ᠣᠷᠣᠨ᠎ᠤ᠎ᠬᠢᠨ᠎ᠤ ᠳᠠᠩᠰᠠᠯᠠᠬᠤ ᠴᠣᠩᠬᠣᠪᠴᠢ᠎ᠪᠠᠨ ᠰᠢᠶᠠᠩ ᠪᠠᠯᠭ᠋ᠠᠰᠤ᠂ ᠲᠣᠰᠬᠣᠨ ᠳᠤᠭᠤᠢ᠌ᠯᠠᠩ᠂ ᠪᠠᠩᠬᠢ ᠵᠡᠷᠭᠡ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ ᠎ᠳᠤ ᠬᠦᠷᠭᠡᠬᠦ ᠵᠢ ᠳᠡᠮᠵᠢᠵᠦ᠂ 《ᠣᠶ ᠰᠢᠭᠤᠶ ᠵᠢᠨ ᠡᠷᠬᠡ ᠵᠢ ᠳᠠᠩᠰᠠᠯᠠᠬᠤ + ᠮᠥᠩᠭᠥᠨ ᠭᠦᠢ᠍ᠯᠭᠡᠭᠡᠨ》᠎ᠳᠤ ᠵᠣᠯᠭ᠋ᠠᠭᠤᠯᠬᠤ 《ᠨᠢᠭᠡ ᠦᠷᠲᠡᠭᠡ》 ᠵᠢᠨ ᠦᠢ᠍ᠯᠡᠴᠢᠯᠡᠭᠡ ᠵᠢ ᠢᠳᠡᠪᠬᠢᠲᠡᠶ᠎ᠪᠠᠷ ᠲᠦᠯᠬᠢᠨ ᠠᠬᠢᠭᠤᠯᠵᠤ᠂ ᠣᠶ ᠰᠢᠭᠤᠶ ᠵᠢᠨ ᠡᠷᠬᠡ ᠵᠢ ᠳᠠᠩᠰᠠᠯᠠᠬᠤ ᠦᠷ᠎ᠡ ᠪᠦᠲᠦᠮᠵᠢ ᠵᠢ ᠴᠢᠷᠮᠠᠶ᠋ᠢᠨ ᠳᠡᠭᠡᠭᠰᠢᠯᠡᠭᠦᠯᠬᠦ ᠬᠡᠷᠡᠭᠲᠡᠶ᠃ ᠬᠥᠳᠡᠭᠡ ᠲᠣᠰᠬᠣᠨ᠎ᠤ ᠪᠣᠳᠠᠲᠠᠶ᠎ᠳᠤ ᠨᠡᠶ᠋ᠢᠴᠡᠭᠰᠡᠨ 《ᠢᠨᠲ᠋ᠧᠷ ᠰᠦᠯᠵᠢᠶ᠎ᠡ + ᠣᠶ ᠰᠢᠭᠤᠶ ᠵᠢᠨ ᠡᠷᠬᠡ ᠵᠢᠨ ᠳᠠᠩᠰᠠᠯᠠᠯ》᠎ᠢ ᠰᠦᠪᠡᠭᠴᠢᠯᠡᠵᠦ᠂ ᠠᠯᠤᠰ ᠡᠵᠡᠮᠰᠢᠯᠲᠦ ᠰᠦᠯᠵᠢᠶ᠎ᠡ᠎ᠪᠠᠷ ᠣᠶ ᠰᠢᠭᠤᠶ ᠵᠢᠨ ᠡᠷᠬᠡ ᠵᠢᠨ ᠳᠠᠩᠰᠠᠯᠠᠯ ᠬᠢᠯᠭᠡᠬᠦ ᠭᠤᠶᠤᠴᠢᠯᠠᠯ᠂ ᠵᠠᠭ᠋ᠠᠭ ᠬᠢᠵᠠᠭ᠋ᠠᠷ᠎ᠤᠨ  ᠬᠡᠯᠡᠯᠴᠡᠭᠡᠷ᠎ᠲᠤ ᠲᠠᠮᠠᠭ᠎ᠠ ᠳᠠᠷᠤᠬᠤ ᠵᠡᠷᠭᠡ ᠵᠦᠢ᠍ᠯᠡᠰ᠎ᠢ  ᠭᠦᠢ᠍ᠴᠡᠳᠬᠡᠨ᠎ᠡ᠃ ᠬᠡᠷ᠎ᠲᠤᠨᠢ ᠬᠦᠷᠴᠦ ᠳᠠᠩᠰᠠᠯᠠᠨ ᠲᠡᠮᠳᠡᠭᠯᠡᠬᠦ ᠦᠢ᠍ᠯᠡᠴᠢᠯᠡᠭᠡ᠂ ᠪᠠᠶᠠᠷ ᠳᠤᠷᠠᠰᠬᠠᠯ ᠠᠮᠠᠷᠠᠯᠲᠠ ᠵᠢᠨ ᠡᠳᠦᠷ᠎ᠤᠨ ᠦᠢ᠍ᠯᠡᠴᠢᠯᠡᠭᠡ ᠪᠠ ᠴᠠᠭ ᠤᠷᠲᠤᠳᠬᠠᠨ ᠦᠢ᠍ᠯᠡᠴᠢᠯᠡᠬᠦ ᠵᠡᠷᠭᠡ ᠠᠷᠠᠳ᠎ᠲᠤ ᠲᠥᠬᠥᠮ ᠦᠵᠡᠭᠦᠯᠬᠦ ᠠᠷᠭ᠎ᠠ ᠬᠡᠮᠵᠢᠶ᠎ᠡ ᠵᠢ ᠵᠣᠷᠢᠭᠵᠢᠭᠤᠯᠵᠤ᠂ ᠬᠣᠲᠠ ᠣᠷᠣᠵᠤ ᠬᠦᠴᠦ ᠶᠠᠪᠤᠵᠤ ᠪᠠᠶ᠋ᠢᠭ᠎ᠠ ᠣᠶ ᠰᠢᠭᠤᠶ ᠵᠢᠨ ᠲᠠᠷᠢᠶᠠᠴᠢᠳ᠎ᠤᠨ ᠳᠡᠩᠰᠡᠯᠡᠨ ᠲᠡᠮᠳᠡᠭᠯᠡᠭᠦᠯᠬᠦ᠎ᠳᠤ ᠲᠥᠬᠥᠮ ᠦᠵᠡᠭᠦᠯᠦᠨ᠎ᠡ᠃
     ᠳᠣᠯᠣᠭ᠎ᠠ᠂ ᠲᠡᠦᠬᠡᠨ ᠠᠰᠠᠭᠤᠳᠠᠯ᠎ᠢ ᠢᠯᠭ᠋ᠠᠷᠠᠭᠤᠯᠤᠨ ᠵᠢᠷᠤᠮᠵᠢᠭᠤᠯᠬᠤ ᠵᠢ ᠬᠠᠮᠵᠢᠯᠴᠠᠨ ᠠᠬᠢᠭᠤᠯᠤᠨ᠎ᠠ᠃ ᠡᠯ᠎ᠡ ᠭᠠᠵᠠᠷ ᠤᠷᠤᠨ ᠤᠢ ᠮᠣᠳᠣᠨ᠎ᠤ ᠥᠮᠴᠢᠯᠡᠬᠦ ᠡᠷᠬᠡ ᠵᠢᠨ ᠲᠠᠨᠭ᠌ᠰᠠᠯᠠᠯ᠎ᠤᠨ ᠲᠣᠭ᠎ᠠ ᠪᠠᠷᠢᠮᠲᠠ ᠵᠢ ᠡᠮᠬᠢᠯᠡᠨ ᠨᠡᠶ᠋ᠢᠯᠡᠭᠦᠯᠵᠦ ᠬᠥᠮᠥᠷᠭᠡ ᠪᠠᠶ᠋ᠢᠭᠤᠯᠬᠤ ᠪᠠ ᠲᠡᠦᠬᠡᠨ᠎ᠠᠴᠠ ᠦᠯᠡᠳᠡᠭᠳᠡᠵᠦ ᠢᠷᠡᠭᠰᠡᠨ ᠠᠰᠠᠭᠤᠳᠠᠯ᠎ᠢ ᠠᠷᠢᠯᠭ᠋ᠠᠬᠤ ᠵᠢ ᠬᠠᠮᠲᠤ ᠵᠢᠨ ᠤᠢ ᠮᠣᠳᠣᠨ ᠎ᠤ ᠥᠮᠴᠢᠯᠡᠬᠦ ᠡᠷᠬᠡ ᠵᠢᠨ ᠲᠥᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠠᠵᠢᠯ᠎ᠤᠨ ᠨᠢᠭᠡᠨ ᠴᠢᠬᠤᠯᠠ ᠠᠭᠤᠯᠭ᠎ᠠ ᠪᠣᠯᠭ᠋ᠠᠵᠤ᠂ ᠲᠤᠬᠠᠢ ᠵᠢᠨ ᠭᠠᠵᠠᠷ ᠣᠷᠣᠨ᠎ᠤ ᠪᠠᠶ᠋ᠢᠳᠠᠯ᠎ᠳᠤᠨᠢ ᠲᠤᠬᠢᠷᠠᠭᠤᠯᠤᠨ ᠲᠡᠦᠬᠡᠨ᠎ᠠᠴᠠ ᠦᠯᠡᠳᠡᠭᠳᠡᠵᠦ ᠢᠷᠡᠭᠰᠡᠨ ᠠᠰᠠᠭᠤᠳᠠᠯ᠎ᠢ ᠠᠷᠢᠯᠭ᠋ᠠᠬᠤ ᠲᠥᠷᠥ ᠵᠢᠨ ᠪᠤᠳᠤᠯᠭ᠎ᠠ ᠵᠢ ᠨᠡᠶ᠋ᠢᠲᠡᠯᠡᠵᠦ᠂ ᠵᠠᠰᠠᠭ᠎ᠤᠨ ᠣᠷᠳᠣᠨ ᠵᠶ᠋ᠠᠷ ᠭᠣᠣᠯᠯᠠᠭᠤᠯᠤᠭᠰᠠᠨ᠂ ᠪᠠᠶ᠋ᠢᠭ᠋ᠠᠯᠢ ᠵᠢᠨ ᠡᠬᠢ ᠪᠠᠶᠠᠯᠢᠭ ᠪᠣᠯᠤᠨ ᠤᠢ ᠰᠢᠭᠤᠢ ᠨᠤᠲᠤᠭ ᠪᠡᠯᠴᠢᠭᠡᠷ᠎ᠤᠨ ᠰᠠᠯᠠᠭ᠎ᠠ ᠮᠥᠴᠢᠷ᠎ᠤᠳ ᠡᠭᠦᠷᠭᠡ ᠬᠠᠷᠢᠭᠤᠴᠠᠯᠭ᠎ᠠ ᠵᠢᠨ ᠬᠤᠪᠢᠶᠠᠷᠢᠯᠠᠯ ᠶᠣᠰᠣᠭ᠋ᠠᠷ ᠲᠦᠷᠦᠭᠦᠯᠡᠨ ᠬᠠᠷᠢᠭᠤᠴᠠᠭᠰᠠᠨ᠂ ᠪᠤᠰᠤᠳ ᠬᠠᠮᠢᠶ᠎ᠠ ᠪᠥᠬᠥᠢ ᠰᠠᠯᠠᠭ᠎ᠠ ᠮᠥᠴᠢᠷ ᠪᠣᠯᠤᠨ ᠰᠢᠶᠠᠩ ᠪᠠᠯᠭ᠋ᠠᠰᠤ ᠵᠢᠨ ᠵᠠᠰᠠᠭ᠎ᠤᠨ ᠣᠷᠳᠣᠨ᠂ ᠲᠣᠰᠬᠣᠨ ᠳᠤᠭᠤᠶ᠋ᠢᠯᠠᠩ ᠬᠠᠮᠲᠤᠪᠠᠷ ᠣᠷᠣᠯᠴᠠᠭᠰᠠᠨ ᠤᠢ ᠮᠣᠳᠣᠨ᠎ᠤ ᠥᠮᠴᠢᠯᠡᠬᠦ ᠡᠷᠬᠡ ᠵᠢᠨ ᠲᠠᠨᠭ᠌ᠰᠠᠯᠠᠯ᠎ᠤᠨ ᠲᠡᠦᠬᠡᠨ᠎ᠠᠴᠠ ᠦᠯᠡᠳᠡᠭᠳᠡᠵᠦ ᠢᠷᠡᠭᠰᠡᠨ ᠠᠰᠠᠭᠤᠳᠠᠯ᠎ᠢ ᠠᠷᠢᠯᠭ᠋ᠠᠬᠤ ᠠᠵᠢᠯ᠎ᠤᠨ ᠲᠣᠭᠲᠠᠴᠠ ᠵᠢ ᠢᠳᠡᠪᠬᠢᠲᠡᠢ᠎ᠪᠠᠷ ᠪᠠᠶ᠋ᠢᠭᠤᠯᠵᠤ᠂ ᠲᠤᠰᠬᠠᠢ ᠠᠵᠢᠯ᠎ᠤᠨ ᠬᠦᠴᠦᠨ᠎ᠢ ᠵᠣᠬᠢᠶᠠᠨ ᠪᠠᠶ᠋ᠢᠭᠤᠯᠵᠤ᠂ ᠮᠠᠲᠸᠷᠢᠶᠠᠯ ᠴᠤᠭᠯᠠᠭᠤᠯᠤᠨ ᠲᠡᠭᠦᠯᠳᠡᠷᠵᠢᠭᠦᠯᠬᠦ᠂ ᠤᠤᠯ᠎ᠤᠨ ᠣᠶ ᠰᠢᠭᠤᠶ ᠵᠢᠨ ᠡᠷᠬᠡ ᠵᠢᠨ ᠳᠠᠩᠰᠠᠯᠠᠯ᠎ᠤᠨ ᠵᠢᠷᠤᠭ᠎ᠨᠢ ᠳᠤᠲᠠᠭᠳᠠᠭᠰᠠᠨ᠂ ᠵᠠᠭ᠋ᠠᠭ᠎ᠨᠢ ᠲᠣᠳᠣᠷᠬᠠᠶ ᠦᠭᠡᠶ᠎ᠠᠴᠠ ᠪᠣᠯᠵᠤ ᠨᠥᠬᠥᠵᠦ ᠪᠠᠶ᠋ᠢᠴᠠᠭ᠋ᠠᠬᠤ ᠴᠢᠬᠤᠯᠠ᠎ᠲᠠᠢ ᠪᠣᠯᠤᠭᠰᠠᠨ᠂ ᠪᠠᠶ᠋ᠢᠴᠠᠭ᠋ᠠᠭᠰᠠᠨ᠎ᠤ ᠳᠠᠷᠠᠭ᠎ᠠ ᠭᠡᠷ᠎ᠡ ᠵᠢᠨ ᠮᠡᠳᠡᠭᠡ ᠵᠠᠩᠭᠢ᠎ᠳᠤ ᠲᠣᠬᠢᠷᠠᠭᠤᠯᠤᠯᠲᠠ ᠬᠢᠬᠦ᠎ᠳᠤ ᠬᠣᠯᠪᠣᠭᠳᠠᠪᠠᠯ᠂ ᠭᠡᠷ᠎ᠡ᠎ᠪᠠᠨ ᠬᠤᠪᠢᠷᠠᠭᠤᠯᠤᠭᠰᠠᠨ᠎ᠤ ᠳᠠᠷᠠᠭ᠎ᠠ ᠳᠠᠬᠢᠵᠤ ᠳᠠᠩᠰᠠᠯᠠᠭᠤᠯᠬᠤ ᠬᠡᠷᠡᠭᠲᠡᠶ᠃ ᠨᠥᠬᠥᠴᠡᠯ᠎ᠲᠠᠢ᠂ ᠬᠡᠷᠡᠭᠴᠡᠭᠡ ᠱᠠᠭ᠋ᠠᠷᠳᠠᠯᠭ᠎ᠠ᠎ᠲᠠᠢ ᠭᠠᠵᠠᠷ ᠣᠷᠣᠨ᠎ᠨᠢ᠂ ᠣᠯᠠᠨ ᠲᠦᠮᠡᠨ᠎ᠤ ᠬᠦᠰᠡᠯ ᠰᠠᠨᠠᠭ᠎ᠠ ᠵᠢ ᠭᠦᠢ᠍ᠴᠡᠳ ᠬᠦᠨᠳᠦᠳᠬᠡᠭᠰᠡᠨ ᠰᠠᠭᠤᠷᠢᠨ ᠳᠡᠭᠡᠷ᠎ᠡ᠂ ᠲᠣᠰᠬᠣᠨ ᠵᠶ᠋ᠠᠷ ᠨᠢᠭᠡᠴᠢ ᠪᠣᠯᠭ᠋ᠠᠬᠤ ᠵᠢ ᠯᠠᠪᠳᠠᠭᠤᠨ ᠵᠶ᠋ᠠᠷ ᠰᠦᠪᠡᠭᠴᠢᠯᠡᠵᠦ᠂ ᠳᠠᠭ᠋ᠠᠭ᠋ᠠᠴᠢᠯᠠᠭᠤᠯᠬᠤ᠂ ᠤᠷᠲᠤᠳᠬᠠᠨ ᠳᠠᠭ᠋ᠠᠭ᠋ᠠᠴᠢᠯᠠᠭᠤᠯᠬᠤ ᠠᠵᠢᠯ᠎ᠲᠠᠢ ᠤᠶᠠᠯᠳᠤᠭᠤᠯᠤᠨ᠂ ᠪᠦᠬᠦᠶ᠋ᠢᠯᠡ ᠲᠣᠰᠬᠣᠨ᠎ᠤ ᠭᠠᠵᠠᠷ ᠰᠢᠷᠣᠶ ᠵᠢᠨ ᠲᠠᠩᠰᠠ ᠡᠪᠬᠡᠮᠡᠯ᠎ᠤᠨ ᠪᠠᠶ᠋ᠢᠴᠠᠭ᠋ᠠᠯᠲᠠ ᠵᠢ ᠥᠷᠨᠢᠭᠦᠯᠵᠦ᠂ ᠲᠡᠦᠬᠡ ᠵᠢᠨ ᠦᠯᠡᠳᠡᠭᠳᠡᠯ ᠠᠰᠠᠭᠤᠳᠠᠯ᠎ᠢ ᠲᠥᠪᠯᠡᠷᠡᠭᠦᠯᠦᠨ ᠢᠯᠭ᠋ᠠᠷᠠᠭᠤᠯᠵᠤ ᠵᠢᠷᠤᠮᠵᠢᠭᠤᠯᠤᠨ᠎ᠠ᠃ ᠣᠶ ᠰᠢᠭᠤᠶ ᠵᠢᠨ ᠭᠠᠵᠠᠷ᠂ ᠣᠶ ᠮᠣᠳᠣᠨ᠎ᠤ ᠡᠷᠬᠡ ᠵᠢᠨ ᠬᠠᠷᠢᠶ᠎ᠠ ᠵᠢᠨ ᠮᠠᠷᠭᠤᠯᠳᠤᠭ᠋ᠠᠨ ᠣᠷᠣᠰᠢᠵᠤ ᠪᠠᠶ᠋ᠢᠪᠠᠯ᠂ 《ᠬᠠᠷᠢᠶ᠎ᠠ ᠭᠠᠵᠠᠷ᠎ᠲᠤᠨᠢ ᠰᠢᠢ᠍ᠳᠪᠦᠷᠢᠯᠡᠬᠦ》 ᠵᠠᠷᠴᠢᠮ᠎ᠢ ᠨᠠᠶ᠋ᠢᠳᠠᠪᠤᠷᠢᠵᠢᠭᠤᠯᠵᠤ᠂ ᠰᠢᠶᠠᠩ᠂ ᠰᠢᠶᠠᠨ᠂ ᠬᠣᠲᠠ᠂ ᠮᠤᠵᠢ᠎ᠠᠴᠠ ᠬᠠᠤᠯᠢ ᠴᠠᠭ᠋ᠠᠵᠠ᠎ᠳᠤ ᠲᠣᠭᠲᠠᠭ᠋ᠠᠭᠰᠠᠨ ᠪᠠᠶ᠋ᠢᠳᠠᠯ ᠶᠣᠰᠣᠭ᠋ᠠᠷ ᠱᠠᠲᠤ ᠬᠤᠪᠢᠶᠠᠨ ᠡᠶᠡᠳᠡᠭᠦᠯᠦᠨ ᠰᠢᠢ᠍ᠳᠪᠦᠷᠢᠯᠡᠵᠦ᠂ ᠲᠠᠷᠢᠶᠠᠯᠠᠬᠤ ᠡᠷᠦᠬᠡ ᠵᠢᠨ ᠬᠣᠭᠣᠷᠣᠨᠳᠣᠬᠢ ᠣᠶ ᠰᠢᠭᠤᠶ ᠵᠢᠨ ᠡᠷᠬᠡ ᠵᠢᠨ ᠵᠢᠭᠤᠷᠠᠯᠳᠤᠭ᠋ᠠᠨ᠎ᠢ ᠲᠣᠰᠬᠣᠨ᠎ᠤ ᠱᠠᠲᠤᠨ᠎ᠤ ᠲᠤᠬᠠᠶ ᠵᠢᠨ ᠭᠠᠵᠠᠷ᠎ᠲᠤᠨᠢ ᠰᠢᠢ᠍ᠳᠪᠦᠷᠢᠯᠡᠬᠦ ᠵᠢ ᠵᠣᠷᠢᠭᠵᠢᠭᠤᠯᠬᠤ ᠬᠡᠷᠡᠭᠲᠡᠶ᠃ ᠡᠯ᠎ᠡ ᠭᠠᠵᠠᠷ᠎ᠤᠨ ᠣᠶ ᠮᠣᠳᠣᠨ᠎ᠤ ᠡᠷᠬᠡ ᠵᠢᠨ ᠳᠠᠩᠰᠠᠯᠠᠯ᠎ᠤᠨ ᠲᠡᠦᠬᠡᠨ᠎ᠠᠴᠠ ᠦᠯᠡᠳᠡᠭᠳᠡᠵᠦ ᠢᠷᠡᠭᠰᠡᠨ ᠠᠰᠠᠭᠤᠳᠠᠯ᠎ᠢ ᠰᠢᠢ᠍ᠳᠪᠦᠷᠢᠯᠡᠬᠦ ᠠᠬᠢᠴᠠ ᠵᠢᠨ ᠪᠠᠶ᠋ᠢᠳᠠᠯ᠎ᠢ ᠥᠯᠥ ᠬᠥᠳᠡᠯᠬᠦ ᠬᠥᠷᠥᠩᠭᠡ ᠵᠢ ᠳᠠᠩᠰᠠᠯᠠᠬᠤ ᠰᠠᠷ᠎ᠠ ᠵᠢᠨ ᠰᠢᠰᠲ᠋ᠧᠮ ᠵᠶ᠋ᠠᠷ ᠳᠠᠮᠵᠢᠭᠤᠯᠤᠨ ᠴᠠᠭ ᠲᠤᠬᠠᠶ᠎ᠳᠤᠨᠢ ᠶᠠᠮᠤᠨ᠎ᠳᠤ ᠮᠡᠳᠡᠭᠦᠯᠬᠦ ᠬᠡᠷᠡᠭᠲᠡᠶ᠃ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠠᠯᠪᠠᠨ ᠲᠢᠩᠬᠢᠮ
 

 

             ᠤᠯᠤᠰ᠎ᠤᠨ ᠣᠢ ᠰᠢᠭᠤᠶ ᠪᠠ ᠨᠤᠲᠤᠭ

             ᠪᠡᠯᠴᠢᠭᠡᠷ᠎ᠤᠨ ᠲᠣᠪᠴᠢᠶᠠᠨ᠎ᠤ ᠠᠯᠪᠠᠨ ᠭᠡᠷ
 

              ᠤᠯᠤᠰ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ

              ᠶᠡᠷᠦᠩᠬᠡᠶ ᠲᠣᠪᠴᠢᠶᠠᠨ᠎ᠤ ᠠᠯᠪᠠᠨ ᠲᠢᠩᠬᠢᠮ
   

                      2024 ᠣᠨ᠎ᠤ 5 ᠳ᠋ᠤᠭ᠋ᠠᠷ ᠰᠠᠷ᠎ᠠ ᠵᠢᠨ 21᠎ᠤ ᠡᠳᠦᠷ

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠰᠢᠯᠢᠳᠡᠭᠵᠢᠭᠦᠯᠬᠦ 40 ᠵᠤᠷᠪᠤᠰ ᠪᠣᠳᠠᠲᠠᠢ ᠠᠷᠭ᠎ᠠ ᠬᠡᠮᠵᠢᠶ᠎ᠡ ᠵᠢ ᠨᠡᠶ᠋ᠢᠲᠡᠯᠡᠪᠡ!
【ᠵᠢᠷᠤᠭᠲᠤ ᠲᠠᠢ᠌ᠯᠤᠮᠵᠢ】《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠪᠥᠲᠥᠭᠡᠨ ᠪᠠᠶ᠋ᠢᠭᠤᠯᠬᠤ ᠵᠢ ᠠᠬᠢᠭᠤᠯᠬᠤ ᠲᠦᠷᠢᠮ》
【ᠵᠢᠷᠤᠭᠲᠤ ᠲᠠᠢ᠌ᠯᠤᠮᠵᠢ】《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠪᠥᠲᠥᠭᠡᠨ ᠪᠠᠶ᠋ᠢᠭᠤᠯᠬᠤ ᠵᠢ ᠠᠬᠢᠭᠤᠯᠬᠤ ᠲᠦᠷᠢᠮ》(ᠬᠣᠶᠠᠷ)
【ᠵᠢᠷᠤᠭᠲᠤ ᠲᠠᠢ᠌ᠯᠤᠮᠵᠢ】《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠪᠥᠲᠥᠭᠡᠨ ᠪᠠᠶ᠋ᠢᠭᠤᠯᠬᠤ ᠵᠢ ᠠᠬᠢᠭᠤᠯᠬᠤ ᠲᠦᠷᠢᠮ》(ᠭᠤᠷᠪᠠ)
【ᠵᠢᠷᠤᠭᠲᠤ ᠲᠠᠢ᠌ᠯᠤᠮᠵᠢ】《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠪᠥᠲᠥᠭᠡᠨ ᠪᠠᠶ᠋ᠢᠭᠤᠯᠬᠤ ᠵᠢ ᠠᠬᠢᠭᠤᠯᠬᠤ ᠲᠦᠷᠢᠮ》(ᠳᠦᠷᠪᠡ)
 
             蒙ICP备05000248号