ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
【ᠦᠰᠦᠭ ᠪᠢᠴᠢᠭ ᠵᠶ᠋ᠠᠷ ᠥᠭᠦᠯᠡᠬᠦᠢ】᠄ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠲᠠ ᠪᠠᠯᠭ᠋ᠠᠰᠤᠨ᠎ᠤ ᠤᠰᠤ ᠲᠠᠲᠠᠷᠠᠭᠤᠯᠬᠤ ᠪᠠ ᠪᠣᠬᠢᠷ ᠤᠰᠤ ᠰᠢᠢ᠍ᠳᠪᠦᠷᠢᠯᠡᠬᠦ ᠠᠷᠭ᠎ᠠ》 ᠵᠢᠨ ᠲᠠᠶ᠋ᠢᠯᠤᠮᠵᠢ
ᠨᠡᠶ᠋ᠢᠲᠡᠯᠡᠭᠰᠡᠨ ᠴᠠᠭ᠄ 2025-01-24

  
   
    ᠨᠢᠭᠡ᠂ ᠲᠤᠭᠤᠷᠪᠢᠭᠰᠠᠨ ᠠᠬᠤᠶ ᠪᠠᠶ᠋ᠢᠳᠠᠯ ᠪᠠ ᠴᠢᠬᠤᠯᠠ ᠴᠢᠨᠠᠷ
    (ᠨᠢᠭᠡ) ᠤᠰᠤᠨ᠎ᠤ ᠪᠣᠬᠢᠷᠲᠤᠯ᠎ᠤᠨ ᠰᠡᠷᠭᠡᠶ᠋ᠢᠯᠡᠨ ᠵᠠᠰᠠᠯᠲᠠ ᠵᠢ ᠬᠡᠷᠡᠭᠵᠢᠭᠦᠯᠵᠦ᠂ ᠪᠣᠬᠢᠷ ᠤᠰᠤ ᠵᠢ ᠡᠬᠢ ᠪᠠᠶᠠᠯᠢᠭᠵᠢᠭᠤᠯᠤᠨ ᠠᠰᠢᠭᠯᠠᠬᠤ ᠵᠢ ᠠᠬᠢᠭᠤᠯᠬᠤ ᠬᠡᠷᠡᠭᠴᠡᠭᠡ᠃ 《ᠥᠪᠥᠷ ᠮᠣᠩᠭᠤᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠲᠤᠬᠠᠶ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠠᠨᠠᠯ》 (ᠲᠥᠷᠥ ᠲᠠᠷᠬᠠᠭ᠋ᠠᠭᠰᠠᠨ [2023] 16 ᠳ᠋ᠤᠭ᠋ᠠᠷ ᠲᠣᠭ᠋ᠠᠲᠤ)᠎ᠳᠤ ᠣᠷᠴᠢᠨ ᠲᠣᠭᠤᠷᠢᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠠᠵᠢᠯ᠎ᠢ ᠭᠦᠨᠵᠡᠭᠡᠶ ᠥᠷᠨᠢᠭᠦᠯᠵᠦ᠂ ᠬᠥᠬᠡ ᠲᠡᠭᠷᠢ ᠬᠥᠬᠡᠮᠳᠦᠭ ᠤᠰᠤ ᠴᠡᠪᠡᠷ ᠬᠥᠷᠥᠰᠥ ᠵᠢ ᠬᠠᠮᠠᠭ᠋ᠠᠯᠠᠬᠤ ᠳᠠᠶ᠋ᠢᠯᠠᠯᠳᠤᠭ᠋ᠠᠨ᠎ᠤ ᠢᠯᠠᠯᠲᠠ ᠵᠢ ᠡᠷᠡᠰ ᠲᠡᠮᠡᠴᠡᠨ ᠤᠯᠬᠤ ᠬᠡᠷᠡᠭᠲᠡᠶ ᠭᠡᠵᠦ ᠳᠤᠷᠠᠳᠪᠠ᠃ ᠬᠤᠲᠠ ᠪᠠᠯᠭ᠋ᠠᠰᠤᠨ᠎ᠤ ᠤᠰᠤ ᠲᠠᠲᠠᠷᠠᠭᠤᠯᠬᠤ ᠪᠠ ᠪᠣᠬᠢᠷ ᠤᠰᠤ ᠰᠢᠢ᠍ᠳᠪᠦᠷᠢᠯᠡᠬᠦ ᠪᠣᠯ ᠤᠰᠤᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠵᠢᠨ ᠴᠢᠬᠤᠯᠠ ᠠᠭᠤᠯᠭ᠎ᠠ ᠮᠥᠨ᠂ 《ᠠᠷᠭ᠎ᠠ》 ᠵᠢ ᠲᠣᠭᠲᠠᠭ᠋ᠠᠭᠰᠠᠨ᠎ᠨᠢ ᠤᠯᠤᠰ᠎ᠤᠨ ᠲᠥᠷᠥ ᠵᠢᠨ ᠪᠣᠳᠣᠯᠭ᠎ᠠ᠎ᠯᠤᠭ᠎ᠠ ᠵᠢᠨ ᠵᠣᠯᠭ᠋ᠠᠯᠴᠠᠭ᠎ᠠ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠥᠪᠡᠷᠲᠡᠭᠡᠨ ᠵᠠᠰᠠᠬᠤ ᠣᠷᠣᠨ᠎ᠤ ᠬᠤᠲᠠ ᠪᠠᠯᠭ᠋ᠠᠰᠤᠨ᠎ᠤ ᠤᠰᠤ ᠲᠠᠲᠠᠷᠠᠭᠤᠯᠬᠤ ᠪᠠ ᠪᠣᠬᠢᠷ ᠤᠰᠤ ᠬᠤᠷᠢᠶᠠᠨ ᠴᠤᠭᠯᠠᠭᠤᠯᠵᠤ ᠰᠢᠢ᠍ᠳᠪᠦᠷᠢᠯᠡᠬᠦ ᠦᠢ᠍ᠯᠡᠳᠦᠯ ᠴᠢᠳᠠᠪᠤᠷᠢ ᠵᠢ ᠳᠡᠭᠡᠭᠰᠢᠯᠡᠭᠦᠯᠦᠨ᠂ ᠬᠤᠲᠠ ᠪᠠᠯᠭ᠋ᠠᠰᠤᠨ᠎ᠤ ᠪᠣᠬᠢᠷ ᠤᠰᠤ ᠵᠢ ᠠᠮᠤᠷ ᠲᠦᠪᠰᠢᠨ ᠪᠥᠭᠡᠳ ᠥᠨᠳᠥᠷ ᠪᠦᠲᠦᠮᠵᠢᠲᠡᠶ᠎ᠪᠠᠷ ᠰᠢᠢ᠍ᠳᠪᠦᠷᠢᠯᠡᠬᠦ ᠵᠢ ᠦᠨᠡᠨ ᠬᠦ᠌ ᠪᠠᠲᠤᠯᠠᠵᠤ ᠴᠢᠳᠠᠨ᠎ᠠ᠃
    (ᠬᠤᠶᠠᠷ) ᠲᠥᠯᠥᠪᠵᠢᠭᠦᠯᠭᠡ ᠪᠠ ᠪᠦᠲᠦᠭᠡᠨ ᠪᠠᠶ᠋ᠢᠭᠤᠯᠤᠯᠲᠠ ᠵᠢ ᠵᠢᠷᠤᠮᠵᠢᠭᠤᠯᠤᠨ᠂ ᠬᠤᠲᠠ ᠪᠠᠯᠭ᠋ᠠᠰᠤᠨ᠎ᠤ ᠤᠰᠤ ᠲᠠᠲᠠᠷᠠᠭᠤᠯᠬᠤ ᠪᠠ ᠪᠣᠬᠢᠷ ᠤᠰᠤ ᠰᠢᠢ᠍ᠳᠪᠦᠷᠢᠯᠡᠬᠦ ᠴᠢᠳᠠᠪᠤᠷᠢ ᠵᠢ ᠳᠡᠭᠡᠭᠰᠢᠯᠡᠭᠦᠯᠬᠦ ᠬᠡᠷᠡᠭᠴᠡᠭᠡ᠃ ᠬᠤᠲᠠ ᠪᠠᠯᠭ᠋ᠠᠰᠤᠨ᠎ᠤ ᠤᠰᠤ ᠲᠠᠲᠠᠷᠠᠭᠤᠯᠬᠤ ᠪᠠ ᠪᠣᠬᠢᠷ ᠤᠰᠤ ᠰᠢᠢ᠍ᠳᠪᠦᠷᠢᠯᠡᠬᠦ ᠪᠡᠯᠡᠳᠬᠡᠮᠵᠢ ᠪᠣᠯ ᠬᠤᠲᠠ ᠵᠢᠨ ᠶᠠᠪᠤᠳᠠᠯ᠎ᠤᠨ ᠨᠡᠶ᠋ᠢᠲᠡ ᠵᠢᠨ ᠬᠡᠷᠡᠭᠯᠡᠭᠡᠨ᠎ᠤ ᠦᠢ᠍ᠯᠡᠰ ᠪᠠ ᠬᠤᠲᠠ ᠪᠠᠯᠭ᠋ᠠᠰᠤᠵᠢᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠴᠢᠬᠤᠯᠠ ᠪᠦᠷᠢᠯᠳᠦᠬᠦᠨ ᠬᠡᠰᠡᠭ ᠪᠠᠶ᠋ᠢᠵᠤ᠂ ᠬᠤᠲᠠ ᠪᠠᠯᠭ᠋ᠠᠰᠤᠨ᠎ᠤ ᠵᠠᠰᠠᠯᠲᠠ ᠵᠢᠨ ᠲᠣᠭᠲᠠᠯᠴᠠᠭ᠎ᠠ ᠪᠠ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠬᠤ᠎ᠳᠤ ᠴᠢᠬᠤᠯᠠ ᠦᠢ᠍ᠯᠡᠳᠦᠯ᠎ᠲᠠᠢ ᠶᠤᠮ᠃ 《ᠠᠷᠭ᠎ᠠ》 ᠵᠢ ᠨᠡᠶ᠋ᠢᠲᠡᠯᠡᠭᠰᠡᠨ᠎ᠨᠢ ᠬᠤᠲᠠ ᠪᠠᠯᠭ᠋ᠠᠰᠤᠨ᠎ᠤ ᠤᠰᠤ ᠲᠠᠲᠠᠷᠠᠭᠤᠯᠬᠤ ᠪᠠ ᠪᠣᠬᠢᠷ ᠤᠰᠤ ᠰᠢᠢ᠍ᠳᠪᠦᠷᠢᠯᠡᠬᠦ ᠪᠡᠯᠡᠳᠬᠡᠮᠵᠢ ᠵᠢᠨ ᠲᠥᠯᠥᠪᠵᠢᠭᠦᠯᠭᠡ᠂ ᠪᠥᠲᠥᠭᠡᠨ ᠪᠠᠶ᠋ᠢᠭᠤᠯᠤᠯᠲᠠ ᠵᠢ ᠤᠯᠠᠮ ᠨᠢᠭᠡ ᠠᠯᠬᠤᠮ ᠵᠢᠷᠤᠮᠵᠢᠭᠤᠯᠵᠤ᠂ ᠤᠰᠤ ᠲᠠᠲᠠᠷᠠᠭᠤᠯᠬᠤ ᠪᠠ ᠪᠣᠬᠢᠷ ᠤᠰᠤ ᠰᠢᠢ᠍ᠳᠪᠦᠷᠢᠯᠡᠬᠦ ᠬᠠᠭᠤᠴᠢᠨ ᠪᠡᠯᠡᠳᠬᠡᠮᠵᠢ ᠵᠢᠨ ᠰᠢᠨᠡᠴᠢᠯᠡᠯᠲᠡ ᠵᠢ ᠠᠬᠢᠭᠤᠯᠵᠤ᠂ ᠪᠡᠯᠡᠳᠬᠡᠮᠵᠢ ᠵᠢᠨ ᠪᠥᠲᠥᠭᠡᠨ ᠪᠠᠶ᠋ᠢᠭᠤᠯᠤᠯᠲᠠ ᠵᠢᠨ ᠰᠢᠰᠲ᠋ᠧᠮᠲᠦ ᠴᠢᠨᠠᠷ᠎ᠢ ᠴᠢᠩᠭ᠋ᠠᠷᠠᠭᠤᠯᠤᠨ᠂ ᠤᠰᠤᠳᠤᠯ᠎ᠢ ᠰᠡᠷᠭᠡᠶ᠋ᠢᠯᠡᠨ ᠵᠠᠰᠠᠬᠤ ᠪᠠ ᠬᠤᠲᠠ ᠪᠠᠯᠭ᠋ᠠᠰᠤᠨ᠎ᠤ ᠤᠰᠤ ᠲᠠᠲᠠᠷᠠᠭᠤᠯᠬᠤ ᠪᠠ ᠪᠣᠬᠢᠷ ᠤᠰᠤ ᠰᠢᠢ᠍ᠳᠪᠦᠷᠢᠯᠡᠬᠦ ᠴᠢᠳᠠᠪᠤᠷᠢ ᠵᠢ ᠳᠡᠭᠡᠭᠰᠢᠯᠡᠭᠦᠯᠵᠦ ᠴᠢᠳᠠᠨ᠎ᠠ᠃
    (ᠭᠤᠷᠪᠠ) ᠬᠤᠲᠠ ᠪᠠᠯᠭ᠋ᠠᠰᠤᠨ᠎ᠤ ᠤᠰᠤ ᠲᠠᠲᠠᠷᠠᠭᠤᠯᠬᠤ ᠪᠠ ᠪᠣᠬᠢᠷ ᠤᠰᠤ ᠵᠢ ᠰᠢᠢ᠍ᠳᠪᠦᠷᠢᠯᠡᠵᠦ ᠪᠣᠬᠢᠷᠲᠤᠯ᠎ᠢ ᠪᠠᠭ᠋ᠠᠰᠬᠠᠨ ᠨᠡᠭᠦᠷᠡᠰᠦᠲᠥ᠋ᠷᠥᠭᠴᠢ ᠵᠢ ᠪᠠᠭᠤᠷᠠᠭᠤᠯᠬᠤ ᠵᠢ ᠠᠬᠢᠭᠤᠯᠵᠤ᠂ ᠬᠠᠮᠵᠢᠯᠴᠠᠨ ᠦᠷ᠎ᠡ ᠠᠰᠢᠭ ᠨᠡᠮᠡᠭᠳᠡᠭᠦᠯᠬᠦ ᠬᠡᠷᠡᠭᠴᠡᠭᠡ᠃ ᠣᠳᠣᠬᠠᠨ᠎ᠳᠤ᠂ ᠮᠠᠨ᠎ᠤ ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠪᠦᠲᠦᠭᠡᠨ ᠪᠠᠶ᠋ᠢᠭᠤᠯᠤᠯᠲᠠ᠎ᠨᠢ ᠨᠡᠭᠦᠷᠡᠰᠦᠲᠥ᠋ᠷᠥᠭᠴᠢ ᠵᠢ ᠪᠠᠭᠤᠷᠠᠭᠤᠯᠬᠤ᠎ᠪᠠᠷ ᠭᠤᠣᠯᠳᠠᠯᠭ᠎ᠠ᠎ᠲᠠᠢ ᠪᠠᠶ᠋ᠢᠯᠳᠤᠬᠤ ᠪᠤᠳᠤᠯᠭ᠎ᠠ ᠵᠢᠨ ᠴᠢᠭᠯᠡᠯ ᠪᠣᠯᠭ᠋ᠠᠭᠰᠠᠨ᠂ ᠪᠣᠬᠢᠷᠲᠤᠯ᠎ᠢ ᠪᠠᠭ᠋ᠠᠰᠬᠠᠵᠤ ᠨᠡᠭᠦᠷᠡᠰᠦᠲᠥ᠋ᠷᠥᠭᠴᠢ ᠵᠢ ᠪᠠᠭᠤᠷᠠᠭᠤᠯᠤᠨ ᠬᠠᠮᠵᠢᠯᠴᠠᠨ ᠦᠷ᠎ᠡ ᠠᠰᠢᠭ ᠨᠡᠮᠡᠭᠳᠡᠭᠦᠯᠬᠦ ᠵᠢ ᠠᠬᠢᠭᠤᠯᠬᠤ᠂ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠪᠦᠬᠦ ᠲᠠᠯ᠎ᠠ᠎ᠪᠠᠷ ᠪᠣᠬᠢᠷᠲᠤᠯ ᠦᠭᠡᠢ᠎ᠪᠠᠷ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠬᠤ᠂ ᠠᠮᠢ ᠠᠬᠤᠢ ᠣᠷᠴᠢᠨ ᠲᠣᠭᠤᠷᠢᠨ᠎ᠤ ᠶᠠᠰᠤ ᠴᠢᠨᠠᠷ᠎ᠤᠨ ᠰᠠᠶ᠋ᠢᠵᠢᠷᠠᠯᠲᠠ ᠵᠢ ᠲᠣᠭ᠋ᠠᠨ᠎ᠤ ᠬᠤᠪᠢᠷᠠᠯᠲᠠ᠎ᠠᠴᠠ ᠴᠢᠨᠠᠷ᠎ᠤᠨ ᠬᠤᠪᠢᠷᠠᠯᠲᠠ᠎ᠳᠤ ᠬᠦᠷᠭᠡᠬᠦ ᠵᠠᠩᠭᠢᠯᠠᠭ᠎ᠠ ᠵᠢᠨ ᠴᠠᠭ ᠦᠶ᠎ᠡ᠎ᠳᠤ ᠣᠷᠣᠪᠠ᠃ ᠪᠣᠬᠢᠷ ᠤᠰᠤ ᠰᠢᠢ᠍ᠳᠪᠦᠷᠢᠯᠡᠬᠦ ᠪᠣᠯ ᠪᠣᠬᠢᠷᠲᠤᠯ᠎ᠢ ᠰᠡᠷᠭᠡᠶ᠋ᠢᠯᠡᠨ ᠵᠠᠰᠠᠬᠤ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠢ ᠭᠦᠨᠵᠡᠭᠡᠢ ᠰᠠᠶ᠋ᠢᠲᠤᠷ ᠬᠢᠬᠦ ᠵᠢᠨ ᠴᠢᠬᠤᠯᠠ ᠭᠠᠷᠳᠠᠴᠠ ᠪᠣᠯᠬᠤ ᠮᠥᠷᠲᠡᠭᠡᠨ ᠬᠦᠯᠡᠮᠵᠢ ᠵᠢᠨ ᠬᠡᠢ ᠪᠡᠶᠡᠲᠦ ᠵᠢᠨ ᠭᠠᠳᠠᠭᠰᠢᠯᠠᠭᠤᠯᠤᠯᠲᠠ ᠵᠢ ᠪᠠᠭ᠋ᠠᠰᠬᠠᠬᠤ ᠵᠢ ᠠᠬᠢᠭᠤᠯᠬᠤ ᠵᠢᠨ ᠴᠢᠬᠤᠯᠠ ᠬᠦᠷᠢᠶ᠎ᠡ ᠪᠣᠯᠤᠨ᠎ᠠ᠃ 《ᠠᠷᠭ᠎ᠠ》 ᠵᠢ ᠲᠣᠭᠲᠠᠭ᠋ᠠᠭᠰᠠᠨ᠎ᠨᠢ ᠭᠤᠤᠯᠳᠠᠯᠭ᠎ᠠ᠎ᠲᠠᠢ᠎ᠪᠠᠷ ᠡᠨᠧᠷᠭᠢ ᠬᠡᠷᠡᠭᠯᠡᠬᠦ ᠲᠥᠬᠦᠭᠡᠷᠦᠮᠵᠢ ᠵᠢ ᠡᠨᠧᠷᠭᠢ ᠠᠷᠪᠢᠯᠠᠬᠤ ᠲᠥᠬᠦᠭᠡᠷᠦᠮᠵᠢ ᠪᠣᠯᠭ᠋ᠠᠨ ᠥᠭᠡᠷᠡᠴᠢᠯᠡᠨ ᠰᠢᠨᠡᠳᠬᠡᠬᠦ ᠵᠢ ᠤᠯᠠᠮ ᠨᠢᠭᠡ ᠠᠯᠬᠤᠮ ᠠᠬᠢᠭᠤᠯᠵᠤ᠂ ᠪᠣᠬᠢᠷ ᠰᠢᠪᠠᠷ᠂ ᠪᠣᠬᠢᠷ ᠤᠰᠤ ᠵᠢ ᠡᠬᠢ ᠪᠠᠶᠠᠯᠢᠭᠵᠢᠭᠤᠯᠤᠨ ᠠᠰᠢᠭᠯᠠᠬᠤ ᠵᠢ ᠴᠢᠩᠭ᠋ᠠᠳᠬᠠᠵᠤ ᠴᠢᠳᠠᠨ᠎ᠠ᠃
    ᠬᠤᠶᠠᠷ᠂ ᠭᠤᠣᠯ ᠠᠭᠤᠯᠭ᠎ᠠ
    《ᠠᠷᠭ᠎ᠠ》᠎ᠳᠤ ᠨᠡᠶ᠋ᠢᠲᠡ 39 ᠵᠦᠢ᠍ᠯ ᠪᠠᠶ᠋ᠢᠨ᠎ᠠ᠃ ᠭᠤᠣᠯ ᠠᠭᠤᠯᠭ᠎ᠠ᠎ᠨᠢ ᠳᠣᠣᠷᠠᠬᠢ ᠮᠡᠲᠦ᠄
    (ᠨᠢᠭᠡ) ᠲᠤᠬᠢᠷᠠᠬᠤ ᠬᠡᠪᠴᠢᠶ᠎ᠡ ᠬᠢᠭᠡᠳ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ᠃ 《ᠠᠷᠭ᠎ᠠ》᠎ᠳᠤ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠪᠠ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠤᠲᠠ ᠪᠠᠯᠭ᠋ᠠᠰᠤᠨ᠎ᠤ ᠤᠰᠤ ᠲᠠᠲᠠᠷᠠᠭᠤᠯᠬᠤ ᠪᠠ ᠪᠣᠬᠢᠷ ᠤᠰᠤ ᠰᠢᠢ᠍ᠳᠪᠦᠷᠢᠯᠡᠬᠦ ᠵᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠪᠤᠰᠤᠳ ᠬᠤᠯᠪᠣᠭᠳᠠᠯ ᠪᠥᠬᠦᠶ ᠰᠠᠯᠠᠭ᠎ᠠ ᠮᠥᠴᠢᠷ᠎ᠤᠨ ᠠᠵᠢᠯ᠎ᠤᠨ ᠡᠭᠦᠷᠭᠡ ᠬᠠᠷᠢᠭᠤᠴᠠᠯᠭ᠎ᠠ᠂ ᠬᠤᠲᠠ ᠪᠠᠯᠭ᠋ᠠᠰᠤᠨ᠎ᠤ ᠤᠰᠤ ᠲᠠᠲᠠᠷᠠᠭᠤᠯᠬᠤ ᠪᠠ ᠪᠣᠬᠢᠷ ᠤᠰᠤ ᠰᠢᠢ᠍ᠳᠪᠦᠷᠢᠯᠡᠬᠦ ᠠᠵᠢᠯ᠎ᠤᠨ ᠵᠠᠷᠴᠢᠮ᠂ ᠪᠠᠯᠠ ᠮᠥᠩᠭᠦᠨ᠎ᠤ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠡᠷᠭᠡ ᠠᠭᠤᠯᠭ᠎ᠠ ᠵᠢ ᠲᠣᠳᠣᠷᠬᠠᠶ᠋ᠢᠯᠠᠪᠠ᠃
    (ᠬᠤᠶᠠᠷ) ᠬᠤᠲᠠ ᠪᠠᠯᠭ᠋ᠠᠰᠤᠨ᠎ᠤ ᠤᠰᠤ ᠲᠠᠲᠠᠷᠠᠭᠤᠯᠬᠤ ᠪᠠ ᠪᠣᠬᠢᠷ ᠤᠰᠤ ᠰᠢᠢ᠍ᠳᠪᠦᠷᠢᠯᠡᠬᠦ ᠲᠥᠯᠥᠪᠵᠢᠭᠦᠯᠭᠡ ᠪᠦᠲᠦᠭᠡᠨ ᠪᠠᠶ᠋ᠢᠭᠤᠯᠤᠯᠲᠠ ᠵᠢᠨ ᠲᠤᠬᠠᠶ᠃ 《ᠠᠷᠭ᠎ᠠ》᠎ᠳᠤ ᠬᠤᠲᠠ ᠪᠠᠯᠭ᠋ᠠᠰᠤᠨ᠎ᠤ ᠤᠰᠤ ᠲᠠᠲᠠᠷᠠᠭᠤᠯᠬᠤ ᠪᠠ ᠪᠣᠬᠢᠷ ᠤᠰᠤ ᠰᠢᠢ᠍ᠳᠪᠦᠷᠢᠯᠡᠬᠦ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠭᠤᠤᠯ ᠴᠣᠭᠴᠠ᠂ ᠲᠠᠰ ᠳᠠᠷᠠᠭ᠋ᠠᠯᠠᠯ ᠵᠢᠴᠢ ᠠᠭᠤᠯᠭ᠎ᠠ ᠵᠢ ᠲᠣᠳᠣᠷᠬᠠᠶ᠋ᠢᠯᠠᠪᠠ᠃ ᠬᠤᠭᠤᠯᠠᠢ ᠵᠢᠨ ᠲᠣᠣᠷ᠂ ᠬᠥᠭᠡᠷᠭᠡ ᠵᠢᠨ ᠦᠷᠳᠡᠭᠡ᠂ ᠪᠣᠬᠢᠷ ᠤᠰᠤ ᠰᠢᠢ᠍ᠳᠪᠦᠷᠢᠯᠡᠬᠦ ᠦᠢ᠍ᠯᠡᠳᠪᠦᠷᠢ ᠵᠢᠴᠢ ᠪᠣᠬᠢᠷ ᠰᠢᠪᠠᠷ ᠰᠢᠢ᠍ᠳᠪᠦᠷᠢᠯᠡᠬᠦ᠂ ᠳᠠᠬᠢᠯᠲᠠ ᠤᠰᠤ ᠵᠢ ᠠᠰᠢᠭᠯᠠᠬᠤ᠂ ᠪᠣᠷᠣᠭ᠋ᠠᠨ᠎ᠤ ᠤᠰᠤ ᠵᠢ ᠲᠣᠬᠢᠷᠠᠭᠤᠯᠤᠨ ᠬᠠᠳᠠᠭ᠋ᠠᠯᠠᠬᠤ ᠪᠠ ᠭᠠᠳᠠᠭᠰᠢᠯᠠᠭᠤᠯᠬᠤ ᠵᠡᠷᠭᠡ ᠤᠰᠤ ᠲᠠᠲᠠᠷᠠᠭᠤᠯᠬᠤ ᠪᠠ ᠪᠣᠬᠢᠷ ᠤᠰᠤ ᠰᠢᠢ᠍ᠳᠪᠦᠷᠢᠯᠡᠬᠦ ᠪᠡᠯᠡᠳᠬᠡᠮᠵᠢ ᠵᠢ ᠪᠦᠳᠦᠭᠡᠨ ᠪᠠᠶ᠋ᠢᠭᠤᠯᠬᠤ ᠪᠠ ᠥᠭᠡᠷᠡᠴᠢᠯᠡᠨ ᠰᠢᠨᠡᠳᠬᠡᠬᠦ ᠵᠢ ᠨᠢᠭᠡᠳᠦᠯᠲᠡᠢ ᠲᠥᠯᠥᠪᠯᠡᠨ ᠲᠤᠬᠢᠷᠠᠭᠤᠯᠬᠤ ᠵᠢ ᠱᠠᠭ᠋ᠠᠷᠳᠠᠪᠠ᠃ ᠬᠤᠲᠠ ᠵᠢᠨ ᠵᠠᠮ᠎ᠢ ᠲᠦᠰᠢᠭᠯᠡᠨ ᠬᠤᠲᠠ ᠪᠠᠯᠭ᠋ᠠᠰᠤᠨ᠎ᠤ ᠤᠰᠤ ᠲᠠᠲᠠᠷᠠᠭᠤᠯᠬᠤ ᠪᠡᠯᠡᠳᠬᠡᠮᠵᠢ ᠪᠠᠶ᠋ᠢᠭᠤᠯᠬᠤ᠎ᠳᠤ᠂ ᠬᠤᠲᠠ ᠵᠢᠨ ᠵᠠᠮ ᠬᠠᠷᠢᠯᠴᠠᠭ᠋ᠠᠨ᠎ᠤ ᠶᠡᠷᠦᠩᠬᠡᠶ᠋ᠢᠯᠡᠭᠰᠡᠨ ᠲᠣᠭᠲᠠᠯᠴᠠᠭ᠋ᠠᠨ᠎ᠤ ᠲᠥᠯᠥᠪᠵᠢᠭᠦᠯᠭᠡ ᠪᠣᠯᠤᠨ ᠣᠨ᠎ᠤ ᠪᠦᠲᠦᠭᠡᠨ ᠪᠠᠶ᠋ᠢᠭᠤᠯᠤᠯᠲᠠ ᠵᠢᠨ ᠲᠥᠯᠥᠪᠯᠡᠭᠡ᠎ᠯᠦᠭᠡ ᠵᠣᠬᠢᠴᠠᠭᠤᠯᠵᠤ᠂ ᠬᠤᠲᠠ ᠵᠢᠨ ᠶᠠᠪᠤᠳᠠᠯ᠎ᠤᠨ ᠵᠠᠮ᠎ᠯᠤᠭ᠎ᠠ ᠵᠡᠷᠭᠡ᠎ᠳᠤ᠎ᠨᠢ ᠪᠦᠲᠦᠭᠡᠨ ᠪᠠᠶ᠋ᠢᠭᠤᠯᠬᠤ ᠬᠡᠷᠡᠭᠲᠡᠶ᠃ ᠤᠰᠤᠲᠤᠯ ᠬᠢᠯᠪᠠᠷᠬᠠᠨ ᠡᠭᠦᠰᠬᠦ ᠭᠠᠵᠠᠷ ᠣᠷᠣᠨ᠎ᠤ ᠭᠠᠵᠠᠷ ᠳᠣᠤᠷᠠᠬᠢ ᠪᠠᠷᠢᠯᠭ᠎ᠠ᠂ ᠪᠠᠷᠢᠯᠭ᠎ᠠ ᠵᠢᠨ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢᠨ ᠶᠠᠪᠤᠴᠠ᠎ᠳᠤ᠂ ᠬᠤᠲᠠ ᠪᠠᠯᠭ᠋ᠠᠰᠤᠨ᠎ᠤ ᠤᠰᠤ ᠲᠠᠲᠠᠷᠠᠭᠤᠯᠬᠤ ᠪᠠ ᠪᠣᠬᠢᠷ ᠤᠰᠤ ᠰᠢᠢ᠍ᠳᠪᠦᠷᠢᠯᠡᠬᠦ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢᠨ ᠪᠠᠷᠢᠮᠵᠢᠶ᠎ᠠ᠎ᠪᠠᠨ ᠳᠡᠭᠡᠭᠰᠢᠯᠡᠭᠦᠯᠵᠦ᠂ ᠬᠢᠯᠪᠠᠷᠬᠠᠨ ᠤᠰᠤᠲᠤᠬᠤ ᠣᠷᠣᠨ᠎ᠤ ᠤᠰᠤ ᠲᠠᠲᠠᠷᠠᠭᠤᠯᠬᠤ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠪᠣᠯᠤᠨ ᠥᠭᠡᠷᠡᠴᠢᠯᠡᠯᠲᠡ ᠵᠢ ᠡᠩ ᠲᠡᠷᠢᠭᠦᠨ᠎ᠳᠤ ᠲᠣᠬᠢᠷᠠᠭᠤᠯᠬᠤ ᠬᠡᠷᠡᠭᠲᠡᠶ᠃
    (ᠭᠤᠷᠪᠠ) ᠬᠤᠲᠠ ᠪᠠᠯᠭ᠋ᠠᠰᠤᠨ᠎ᠤ ᠤᠰᠤ ᠲᠠᠲᠠᠷᠠᠭᠤᠯᠬᠤ ᠬᠤᠯᠪᠣᠭᠳᠠᠯ ᠪᠦᠬᠦᠢ ᠱᠠᠭ᠋ᠠᠷᠳᠠᠯᠭ᠎ᠠ ᠵᠢᠨ ᠲᠤᠬᠠᠢ᠃ 《ᠠᠷᠭ᠎ᠠ》᠎ᠳᠤ ᠠᠵᠤ ᠦᠢ᠍ᠯᠡᠳᠪᠦᠷᠢ᠂ ᠪᠠᠷᠢᠯᠭ᠎ᠠ᠂ ᠢᠳᠡᠭᠡᠨ ᠤᠮᠳᠠᠭ᠋ᠠᠨ᠂ ᠡᠮ ᠡᠮᠨᠡᠯᠭᠡ ᠵᠡᠷᠭᠡ ᠠᠵᠢᠯᠯᠠᠭ᠎ᠠ ᠡᠷᠭᠢᠯᠡᠵᠦ ᠪᠠᠶ᠋ᠢᠭ᠎ᠠ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ᠎ᠨᠦᠭᠦᠳ ᠬᠤᠲᠠ ᠪᠠᠯᠭ᠋ᠠᠰᠤᠨ᠎ᠤ ᠤᠰᠤ ᠲᠠᠲᠠᠷᠠᠭᠤᠯᠬᠤ ᠪᠡᠯᠡᠳᠬᠡᠮᠵᠢ᠎ᠳᠤ ᠪᠣᠬᠢᠷ ᠤᠰᠤ ᠭᠠᠳᠠᠭᠰᠢᠯᠠᠭᠤᠯᠬᠤ ᠭᠡᠪᠡᠯ ᠤᠰᠤ ᠲᠠᠲᠠᠷᠠᠭᠤᠯᠬᠤ ᠦᠢ᠍ᠯᠡ ᠠᠵᠢᠯᠯᠠᠭ᠎ᠠ ᠡᠭᠦᠰᠦᠭᠰᠡᠨ ᠭᠠᠵᠠᠷ᠎ᠤᠨ ᠬᠤᠲᠠ ᠪᠠᠯᠭ᠋ᠠᠰᠤᠨ᠎ᠤ ᠤᠰᠤ ᠲᠠᠲᠠᠷᠠᠭᠤᠯᠬᠤ ᠵᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠪᠣᠬᠢᠷ ᠤᠰᠤ ᠲᠠᠲᠠᠷᠠᠭᠤᠯᠬᠤ ᠬᠤᠭᠤᠯᠠᠶ ᠵᠢᠨ ᠲᠣᠤᠷ᠎ᠲᠤ ᠪᠣᠬᠢᠷ ᠤᠰᠤ ᠭᠠᠳᠠᠭᠰᠢᠯᠠᠭᠤᠯᠬᠤ ᠵᠥᠪᠰᠢᠶᠡᠷᠡᠯ ᠠᠪᠬᠤ ᠬᠡᠷᠡᠭᠲᠡᠶ᠃ ᠬᠤᠲᠠ ᠪᠠᠯᠭ᠋ᠠᠰᠤᠨ᠎ᠳᠤ ᠤᠰᠤ ᠲᠠᠲᠠᠷᠠᠭᠤᠯᠬᠤ ᠪᠡᠯᠡᠳᠬᠡᠮᠵᠢ᠎ᠳᠤ ᠠᠵᠤ ᠦᠢ᠍ᠯᠡᠳᠪᠦᠷᠢ ᠵᠢᠨ ᠬᠠᠶᠠᠭᠳᠠᠮᠠᠯ ᠤᠰᠤ ᠵᠢ ᠭᠠᠳᠠᠭᠰᠢᠯᠠᠭᠤᠯᠬᠤ ᠭᠡᠪᠡᠯ ᠤᠯᠤᠰ᠎ᠤᠨ ᠪᠠ ᠥᠪᠡᠷᠲᠡᠭᠡᠨ ᠵᠠᠰᠠᠬᠤ ᠣᠷᠣᠨ᠎ᠤ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠤᠷᠢᠳᠴᠢᠯᠠᠨ ᠰᠢᠢ᠍ᠳᠪᠦᠷᠢᠯᠡᠵᠦ᠂ ᠬᠤᠲᠠ ᠪᠠᠯᠭ᠋ᠠᠰᠤᠨ᠎ᠤ ᠪᠣᠬᠢᠷ ᠤᠰᠤ ᠰᠢᠢ᠍ᠳᠪᠦᠷᠢᠯᠡᠬᠦ ᠪᠡᠯᠡᠳᠬᠡᠮᠵᠢ ᠵᠢᠨ ᠰᠢᠢ᠍ᠳᠪᠦᠷᠢᠯᠡᠬᠦ ᠮᠡᠷᠭᠡᠵᠢᠯ᠎ᠤᠨ ᠱᠠᠭ᠋ᠠᠷᠳᠠᠯᠭ᠎ᠠ᠎ᠳᠤ ᠬᠦᠷᠪᠡᠰᠦ ᠭᠠᠳᠠᠭᠰᠢᠯᠠᠭᠤᠯᠵᠤ ᠪᠣᠯᠤᠨ᠎ᠠ᠃
    (ᠲᠦᠷᠪᠡ) ᠪᠣᠬᠢᠷ ᠤᠰᠤ ᠰᠢᠢ᠍ᠳᠪᠦᠷᠢᠯᠡᠬᠦ ᠬᠤᠯᠪᠣᠭᠳᠠᠯ ᠪᠦᠬᠦᠢ ᠱᠠᠭ᠋ᠠᠷᠳᠠᠯᠭ᠎ᠠ ᠵᠢᠨ ᠲᠤᠬᠠᠢ᠃ 《ᠠᠷᠭ᠎ᠠ》᠎ᠳᠤ ᠬᠤᠲᠠ ᠪᠠᠯᠭ᠋ᠠᠰᠤᠨ᠎ᠤ ᠤᠰᠤ ᠲᠠᠲᠠᠷᠠᠭᠤᠯᠬᠤ ᠵᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠰᠢᠭᠯᠠᠮᠵᠢ᠎ᠪᠠᠷ ᠰᠦᠢ᠍ᠳᠭᠡᠯ ᠬᠤᠷᠢᠶᠠᠬᠤ ᠡᠵᠡᠩᠨᠡᠨ ᠠᠵᠢᠯᠯᠠᠭᠤᠯᠬᠤ ᠬᠡᠪ ᠵᠠᠭᠪᠤᠷ᠎ᠢ ᠬᠡᠷᠡᠭᠵᠢᠭᠦᠯᠵᠦ᠂ ᠬᠤᠲᠠ ᠪᠠᠯᠭ᠋ᠠᠰᠤᠨ᠎ᠤ ᠪᠣᠬᠢᠷ ᠤᠰᠤ ᠰᠢᠢ᠍ᠳᠪᠦᠷᠢᠯᠡᠬᠦ ᠪᠡᠯᠡᠳᠬᠡᠮᠵᠢ ᠵᠢ ᠬᠠᠮᠠᠭ᠋ᠠᠯᠠᠨ ᠡᠵᠡᠩᠨᠡᠬᠦ ᠨᠢᠭᠡᠴᠢ᠎ᠨᠦᠭᠦᠳ᠎ᠢ ᠵᠣᠷᠢᠭᠵᠢᠭᠤᠯᠵᠤ ᠪᠠᠶ᠋ᠢᠭ᠋ᠠᠳ ᠳᠡᠭᠡᠳᠦ ᠤᠷᠤᠰᠬᠠᠯ᠎ᠤᠨ ᠦᠢ᠍ᠯᠡᠳᠪᠦᠷᠢᠯᠡᠯ᠎ᠤᠨ ᠠᠵᠤ ᠠᠬᠤᠶ᠋ᠢᠯᠠᠯ᠎ᠤᠨ ᠵᠠᠳᠠᠷᠠᠬᠤᠶ᠋ᠢᠴᠠ ᠴᠢᠨᠠᠷ ᠵᠶ᠋ᠠᠷ ᠴᠢᠩᠭ᠎ᠠ ᠪᠦᠬᠦᠢ ᠪᠣᠬᠢᠷ ᠤᠰᠤ ᠵᠢ ᠳᠣᠤᠷᠠᠳᠤ ᠤᠷᠤᠰᠬᠠᠯ᠎ᠤᠨ ᠪᠣᠬᠢᠷ ᠤᠰᠤ ᠰᠢᠢ᠍ᠳᠪᠦᠷᠢᠯᠡᠬᠦ ᠦᠢ᠍ᠯᠡᠳᠪᠦᠷᠢ ᠵᠢᠨ ᠨᠡᠭᠦᠷᠡᠰᠦᠲᠥ᠋ᠷᠥᠭᠴᠢ ᠬᠤᠷᠠᠭᠤᠯᠬᠤ ᠵᠢᠨ ᠡᠭᠦᠰᠪᠦᠷᠢ ᠪᠣᠯᠭ᠋ᠠᠵᠤ ᠨᠥᠬᠦᠪᠦᠷᠢᠯᠡᠬᠦ᠎ᠪᠠᠷ ᠱᠠᠭ᠋ᠠᠷᠳᠠᠪᠠ᠃ ᠡᠬᠢ ᠪᠠᠶᠠᠯᠢᠭ ᠢᠯᠴᠢ ᠵᠢᠨ ᠴᠠᠬᠢᠯᠭ᠋ᠠᠨ᠎ᠤ ᠦᠢ᠍ᠯᠡᠳᠪᠦᠷᠢ᠂ ᠱᠦᠢ᠍ᠨᠢ ᠵᠢᠨ ᠦᠢ᠍ᠯᠡᠳᠪᠦᠷᠢ᠂ ᠨᠡᠭᠦᠷᠡᠰᠦ ᠰᠢᠲᠠᠭ᠋ᠠᠬᠤ ᠴᠠᠬᠢᠯᠭ᠋ᠠᠨ᠎ᠤ ᠦᠢ᠍ᠯᠡᠳᠪᠦᠷᠢ ᠪᠠᠶ᠋ᠢᠭ᠎ᠠ ᠭᠠᠵᠠᠷ᠎ᠤᠨ ᠵᠶ᠋ᠠᠨ ᠪᠣᠬᠢᠷ ᠰᠢᠪᠠᠷ᠎ᠢ ᠰᠢᠢ᠍ᠳᠪᠦᠷᠢᠯᠡᠬᠦ ᠬᠡᠷᠡᠭᠴᠡᠭᠡ ᠵᠢ ᠦᠨᠳᠦᠰᠦᠯᠡᠨ᠂ ᠪᠣᠬᠢᠷ ᠰᠢᠪᠠᠷ᠎ᠢ ᠰᠢᠲᠠᠭ᠋ᠠᠵᠤ ᠰᠢᠢ᠍ᠳᠪᠦᠷᠢᠯᠡᠬᠦ ᠪᠡᠯᠡᠳᠬᠡᠮᠵᠢ ᠲᠣᠬᠢᠷᠠᠭᠤᠯᠵᠤ᠂ ᠪᠣᠬᠢᠷ ᠰᠢᠪᠠᠷ᠎ᠢ ᠬᠠᠮᠵᠢᠯᠴᠠᠨ ᠰᠢᠲᠠᠭ᠋ᠠᠵᠤ ᠰᠢᠢ᠍ᠳᠪᠦᠷᠢᠯᠡᠬᠦ ᠴᠢᠳᠠᠪᠤᠷᠢ᠎ᠪᠠᠨ ᠳᠡᠭᠡᠭᠰᠢᠯᠡᠭᠦᠯᠬᠦ ᠵᠢ᠎ᠨᠢ ᠵᠣᠷᠢᠭᠵᠢᠭᠤᠯᠤᠨ᠎ᠠ᠃ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠳᠡᠭᠢᠯᠳᠡ ᠤᠰᠤ ᠵᠢ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠤᠰᠤᠨ᠎ᠤ ᠡᠬᠢ ᠪᠠᠶᠠᠯᠢᠭ᠎ᠤᠨ ᠨᠢᠭᠡᠳᠦᠯᠲᠡᠶ ᠲᠣᠬᠢᠷᠠᠭᠤᠯᠤᠯᠲᠠ᠎ᠳᠤ ᠣᠷᠣᠭᠤᠯᠵᠤ᠂ ᠳᠡᠭᠢᠯᠳᠡ ᠤᠰᠤᠨ᠎ᠤ ᠠᠰᠢᠭᠯᠠᠮᠵᠢ ᠵᠢ ᠠᠬᠢᠭᠤᠯᠬᠤ ᠵᠢ ᠱᠠᠭ᠋ᠠᠷᠳᠠᠪᠠ᠃
    (ᠲᠠᠪᠤ) ᠪᠡᠯᠡᠳᠬᠡᠮᠵᠢ ᠵᠢ ᠬᠠᠮᠠᠭ᠋ᠠᠯᠠᠵᠤ ᠬᠠᠮᠢᠶᠠᠷᠬᠤ ᠱᠠᠭ᠋ᠠᠷᠳᠠᠯᠭ᠎ᠠ ᠵᠢᠨ ᠲᠤᠬᠠᠢ᠃ 《ᠠᠷᠭ᠎ᠠ》᠎ᠳᠤ ᠬᠤᠲᠠ ᠪᠠᠯᠭ᠋ᠠᠰᠤᠨ᠎ᠤ ᠤᠰᠤ ᠲᠠᠲᠠᠷᠠᠭᠤᠯᠬᠤ ᠪᠠ ᠪᠣᠬᠢᠷ ᠤᠰᠤ ᠰᠢᠢ᠍ᠳᠪᠦᠷᠢᠯᠡᠬᠦ ᠪᠡᠯᠡᠳᠬᠡᠮᠵᠢ ᠵᠢ ᠬᠠᠮᠠᠭ᠋ᠠᠯᠠᠬᠤ ᠭᠤᠤᠯ ᠴᠣᠭᠴᠠ᠂ ᠵᠠᠭ᠋ᠠᠭ ᠬᠢᠵᠠᠭ᠋ᠠᠷ᠂ ᠠᠵᠢᠯᠯᠠᠭᠤᠯᠤᠨ ᠬᠠᠮᠠᠭ᠋ᠠᠯᠠᠬᠤ ᠠᠭᠤᠯᠭ᠎ᠠ ᠪᠠ ᠱᠠᠭ᠋ᠠᠷᠳᠠᠯᠭ᠎ᠠ ᠵᠢ ᠲᠣᠳᠣᠷᠬᠠᠶ᠋ᠢᠯᠠᠪᠠ᠃ ᠬᠤᠲᠠ ᠪᠠᠯᠭ᠋ᠠᠰᠤᠨ᠎ᠤ ᠤᠰᠤ ᠲᠠᠲᠠᠷᠠᠭᠤᠯᠬᠤ ᠵᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ᠎ᠯᠦᠭᠡ ᠬᠠᠮᠲᠤᠷᠠᠨ ᠬᠤᠲᠠ ᠪᠠᠯᠭ᠋ᠠᠰᠤᠨ᠎ᠤ ᠤᠰᠤ ᠲᠠᠲᠠᠷᠠᠭᠤᠯᠬᠤ ᠪᠡᠯᠡᠳᠬᠡᠮᠵᠢ ᠵᠢᠨ ᠲᠤᠰᠬᠠᠶ᠋ᠢᠵᠢᠭᠰᠠᠨ ᠠᠵᠢᠯᠯᠠᠭ᠋ᠠᠨ᠎ᠢ ᠬᠠᠮᠠᠭ᠋ᠠᠯᠠᠬᠤ ᠲᠣᠭᠲᠠᠴᠠ ᠵᠢ ᠪᠠᠶ᠋ᠢᠭᠤᠯᠵᠤ᠂ ᠪᠣᠬᠢᠷ ᠤᠰᠤ ᠰᠢᠢ᠍ᠳᠪᠦᠷᠢᠯᠡᠬᠦ ᠦᠢ᠍ᠯᠡᠳᠪᠦᠷᠢ᠂ ᠬᠤᠭᠤᠯᠠᠶ ᠵᠢᠨ ᠲᠣᠤᠷ᠂ ᠬᠥᠭᠡᠷᠭᠡ ᠵᠢᠨ ᠥᠷᠲᠡᠭᠡ᠂ ᠲᠣᠬᠢᠷᠠᠭᠤᠯᠤᠨ ᠬᠠᠳᠠᠭ᠋ᠠᠯᠠᠬᠤ ᠴᠥᠭᠦᠷᠥᠮ᠎ᠤᠨ ᠬᠤᠯᠪᠣᠭ᠋ᠠᠯᠠᠭᠰᠠᠨ ᠬᠠᠮᠠᠭ᠋ᠠᠯᠠᠯᠲᠠ ᠵᠢ ᠬᠡᠷᠡᠭᠵᠢᠭᠦᠯᠵᠦ᠂ ᠨᠢᠭᠡ ᠴᠣᠭᠴᠠᠵᠢᠭᠤᠯᠤᠭᠰᠠᠨ ᠬᠠᠮᠢᠶᠠᠷᠤᠯᠲᠠ᠂ ᠲᠤᠰᠬᠠᠶ᠋ᠢᠵᠢᠭᠰᠠᠨ ᠠᠵᠢᠯᠯᠠᠭ᠋ᠠᠨ᠎ᠤ ᠬᠠᠮᠠᠭ᠋ᠠᠯᠠᠯᠲᠠ ᠬᠡᠷᠡᠭᠵᠢᠭᠦᠯᠬᠦ ᠵᠢ ᠵᠣᠷᠢᠭᠵᠢᠭᠤᠯᠵᠤ᠂ ᠪᠣᠬᠢᠷ ᠤᠰᠤ ᠬᠤᠷᠢᠶᠠᠨ ᠴᠤᠭᠯᠠᠭᠤᠯᠵᠤ ᠰᠢᠢ᠍ᠳᠪᠦᠷᠢᠯᠡᠬᠦ ᠪᠡᠯᠡᠳᠬᠡᠮᠵᠢ ᠵᠢᠨ ᠰᠢᠰᠲ᠋ᠧᠮᠲᠦ ᠴᠢᠨᠠᠷ ᠪᠠ ᠪᠦᠷᠢᠨ ᠪᠦᠲᠦᠨ ᠴᠢᠨᠠᠷ᠎ᠢ ᠪᠠᠲᠤᠯᠠᠬᠤ ᠵᠢ ᠱᠠᠭ᠋ᠠᠷᠳᠠᠪᠠ᠃
    (ᠵᠢᠷᠭᠤᠭ᠎ᠠ) ᠬᠠᠤᠯᠢ ᠴᠠᠭ᠋ᠠᠵᠠ ᠵᠢᠨ ᠬᠠᠷᠢᠭᠤᠴᠠᠯᠭ᠎ᠠ ᠵᠢᠨ ᠲᠤᠬᠠᠢ᠃ 《ᠠᠷᠭ᠎ᠠ》᠎ᠳᠤ ᠢᠲᠡᠭᠡᠮᠵᠢ ᠵᠢᠨ ᠬᠢᠨᠠᠯᠲᠠ ᠬᠠᠮᠢᠶᠠᠷᠤᠯᠲᠠ ᠵᠢ ᠴᠢᠬᠤᠯᠠᠴᠢᠯᠠᠵᠤ᠂ ᠤᠰᠤ ᠲᠠᠲᠠᠷᠠᠭᠤᠯᠬᠤ ᠡᠷᠦᠬᠡ᠂ ᠬᠤᠲᠠ ᠪᠠᠯᠭ᠋ᠠᠰᠤᠨ᠎ᠤ ᠤᠰᠤ ᠲᠠᠲᠠᠷᠠᠭᠤᠯᠬᠤ ᠪᠠ ᠪᠣᠬᠢᠷ ᠤᠰᠤ ᠰᠢᠢ᠍ᠳᠪᠦᠷᠢᠯᠡᠬᠦ ᠪᠡᠯᠡᠳᠬᠡᠮᠵᠢ ᠵᠢ ᠬᠠᠮᠠᠭ᠋ᠠᠯᠠᠨ ᠡᠵᠡᠩᠨᠡᠬᠦ ᠨᠢᠭᠡᠴᠢ ᠵᠡᠷᠭᠡ ᠬᠢᠨᠠᠯᠲᠠ ᠬᠠᠮᠢᠶᠠᠷᠤᠯᠲᠠ ᠵᠢᠨ ᠡᠲᠡᠭᠡᠳ᠎ᠲᠤ ᠢᠲᠡᠭᠡᠮᠵᠢ ᠵᠢᠨ ᠬᠠᠮᠢᠶᠠᠷᠤᠯᠲᠠ ᠵᠢ ᠬᠡᠷᠡᠭᠵᠢᠭᠦᠯᠵᠦ᠂ ᠢᠲᠡᠭᠡᠮᠵᠢ᠎ᠲᠠᠢ ᠪᠠᠶ᠋ᠢᠬᠤ ᠵᠢ᠎ᠨᠢ ᠤᠷᠮᠠᠰᠢᠭᠤᠯᠬᠤ᠂ ᠢᠲᠡᠭᠡᠮᠵᠢ ᠠᠯᠳᠠᠭᠰᠠᠳ᠎ᠢ᠎ᠨᠢ ᠵᠠᠯᠬᠠᠭ᠋ᠠᠨ ᠴᠡᠭᠡᠷᠯᠡᠭᠦᠯᠬᠦ ᠠᠷᠭ᠎ᠠ ᠬᠡᠮᠵᠢᠶ᠎ᠡ ᠵᠢ ᠬᠠᠤᠯᠢ ᠶᠣᠰᠣᠭ᠋ᠠᠷ ᠠᠪᠬᠤ ᠵᠢ ᠴᠢᠬᠤᠯᠠᠴᠢᠯᠠᠪᠠ᠃ ᠶᠠᠮᠠᠷᠪᠠ ᠨᠢᠭᠡᠴᠢ ᠪᠠ ᠬᠤᠪᠢ ᠬᠥᠮᠦᠨ ᠭᠡᠳ ᠲᠣᠰ ᠠᠷᠭ᠎ᠠ ᠵᠢ ᠵᠥᠷᠢᠴᠡᠭᠰᠡᠨ ᠦᠢ᠍ᠯᠡ ᠠᠵᠢᠯᠯᠠᠭ᠎ᠠ ᠵᠢ ᠵᠠᠭ᠋ᠠᠯᠳᠤᠬᠤ ᠪᠠ ᠢᠯᠡᠴᠢᠯᠡᠨ ᠮᠡᠳᠡᠭᠦᠯᠬᠦ ᠡᠷᠬᠡ᠎ᠲᠠᠢ ᠪᠠᠶ᠋ᠢᠵᠤ᠂ ᠬᠤᠲᠠ ᠪᠠᠯᠭ᠋ᠠᠰᠤᠨ᠎ᠤ ᠤᠰᠤ ᠲᠠᠲᠠᠷᠠᠭᠤᠯᠬᠤ ᠵᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠠᠭ᠋ᠠᠯᠳᠤᠵᠤ ᠢᠯᠡᠴᠢᠯᠡᠨ ᠮᠡᠳᠡᠭᠦᠯᠬᠦ ᠲᠣᠭᠲᠠᠴᠠ᠎ᠪᠠᠨ ᠪᠦᠷᠢᠨᠰᠢᠬᠦᠯᠵᠦ᠂ ᠵᠠᠭ᠋ᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠮᠠᠶᠢᠭ ᠵᠶ᠋ᠠᠨ ᠨᠡᠶ᠋ᠢᠲᠡᠯᠡᠬᠦ ᠵᠢᠨ ᠬᠠᠮᠲᠤ ᠬᠠᠤᠯᠢ ᠶᠣᠰᠣᠭ᠋ᠠᠷ ᠪᠠᠶ᠋ᠢᠴᠠᠭ᠋ᠠᠨ ᠰᠢᠢ᠍ᠳᠪᠦᠷᠢᠯᠡᠬᠦ ᠵᠢ ᠲᠣᠭᠲᠠᠭ᠋ᠠᠪᠠ᠃
 
   

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
【ᠦᠰᠦᠭ ᠪᠢᠴᠢᠭ ᠵᠶ᠋ᠡᠷ ᠦᠬᠦᠯᠡᠬᠦᠢ】 ᠰᠢᠨ᠎ᠡ ᠨᠢᠭᠡᠨ ᠵᠢᠯ᠎ᠳᠤ ᠠᠷᠠᠳ᠎ᠤᠨ ᠠᠮᠢᠳᠤᠷᠠᠯ᠎ᠤᠨ ᠡᠳᠡᠭᠡᠷ ᠶᠡᠭᠡ ᠶᠠᠪᠤᠳᠠᠯ᠎ᠤᠳ ᠲᠠᠨ᠎ᠲᠠᠢ ᠬᠤᠯᠪᠣᠭᠳᠠᠨ᠎ᠠ
【ᠵᠢᠷᠣᠭᠲᠣ ᠲᠠᠢ᠌ᠯᠣᠮᠵᠢ】《ᠬᠡᠨ ᠣᠶ᠋ᠢᠵᠢᠭᠤᠯᠪᠠᠯ ᠬᠡᠨ ᠥᠮᠴᠢᠯᠡᠬᠦ》 ᠲᠥᠷᠥ ᠵᠢᠨ ᠪᠣᠳᠣᠯᠭ᠎ᠠ᠎ᠠᠴᠠ ᠪᠣᠯᠤᠭᠰᠠᠨ ᠣᠶ ᠮᠣᠳᠣᠨ᠎ᠤ ᠥᠮᠴᠢᠯᠡᠬᠦ ᠡᠷᠬᠡ ᠵᠢᠴᠢ ᠤᠢ᠌ᠲᠤ ᠭᠠᠵᠠᠷ᠎ᠤᠨ ᠬᠡᠷᠡᠭᠯᠡᠬᠦ ᠡᠷᠬᠡ ᠵᠢᠨ ᠵᠢᠭᠤᠷᠠᠯᠳᠤᠭ᠋ᠠᠨ᠎ᠢ ᠬᠡᠷᠬᠢᠨ ᠰᠢᠢ᠍ᠳᠪᠦᠷᠢᠯᠡᠬᠦ ᠲᠤᠬᠠᠢ ᠲᠠᠢ᠌ᠯᠤᠮᠵᠢ ᠲᠦᠷᠦ ᠵᠢᠨ ᠪᠤᠳᠤᠯᠭ᠎ᠠ ᠵᠢᠨ ᠲᠠᠢ᠌ᠯᠤᠮᠵᠢ
【ᠦᠰᠦᠭ ᠪᠢᠴᠢᠭ ᠵᠶ᠋ᠠᠷ ᠥᠭᠦᠯᠡᠬᠦᠢ 】᠄ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠲᠠ ᠪᠠᠯᠭ᠋ᠠᠰᠤᠨ᠎ᠤ ᠤᠰᠤ ᠲᠠᠲᠠᠷᠠᠭᠤᠯᠬᠤ ᠪᠠ ᠪᠣᠬᠢᠷ ᠤᠰᠤ ᠰᠢᠢ᠍ᠳᠪᠦᠷᠢᠯᠡᠬᠦ ᠠᠷᠭ᠎ᠠ》 ᠵᠢᠨ ᠲᠠᠶ᠋ᠢᠯᠤᠮᠵᠢ
【ᠦᠰᠦᠭ ᠪᠢᠴᠢᠭ ᠵᠶ᠋ᠠᠷ ᠥᠭᠦᠯᠡᠬᠦᠢ 】2025 ᠣᠨ᠎ᠤ ᠴᠠᠷᠭ᠋ᠠᠰᠤ ᠳᠠᠷᠢᠬᠤ ᠨᠥᠬᠦᠪᠦᠷᠢ ᠵᠢᠨ ᠲᠥᠷᠥᠯ ᠵᠦᠢ᠍ᠯ᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
【ᠵᠢᠷᠤᠭᠲᠤ ᠲᠠᠢ᠌ᠯᠤᠮᠵᠢ】᠄ ᠲᠦᠪ᠎ᠤᠨ ᠨᠠᠢ᠍ᠮᠠᠨ ᠵᠤᠷᠪᠤᠰ ᠲᠤᠭᠲᠠᠭ᠋ᠠᠯ᠎ᠢ ᠵᠢᠷᠤᠭ ᠵᠶ᠋ᠠᠷ ᠦᠵᠡᠬᠦᠢ
 
             蒙ICP备05000248号