ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
【ᠦᠰᠦᠭ ᠪᠢᠴᠢᠭ ᠵᠶ᠋ᠠᠷ ᠥᠭᠦᠯᠡᠬᠦᠢ 】2025 ᠣᠨ᠎ᠤ ᠴᠠᠷᠭ᠋ᠠᠰᠤ ᠳᠠᠷᠢᠬᠤ ᠨᠥᠬᠦᠪᠦᠷᠢ ᠵᠢᠨ ᠲᠥᠷᠥᠯ ᠵᠦᠢ᠍ᠯ᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
ᠨᠡᠶ᠋ᠢᠲᠡᠯᠡᠭᠰᠡᠨ ᠴᠠᠭ᠄ 2025-05-26


    
     ᠨᠢᠭᠡ᠂ ᠬᠡᠷᠡᠭᠵᠢᠭᠦᠯᠬᠦ ᠬᠡᠪᠴᠢᠶ᠎ᠡ

    ᠪᠥᠬᠦ ᠣᠷᠣᠨ᠎ᠤ 12 ᠠᠶ᠋ᠢᠮᠠᠭ ᠬᠤᠲᠠ᠂ 2 ᠲᠤᠰᠠᠭ᠋ᠠᠷ ᠲᠥᠯᠥᠪᠯᠡᠭᠡᠲᠦ ᠬᠤᠲᠠ᠃

    ᠬᠤᠶᠠᠷ᠂ ᠨᠥᠬᠦᠪᠦᠷᠢ ᠥᠭᠬᠦ ᠡᠲᠡᠭᠡᠳ

    ᠨᠥᠬᠦᠪᠦᠷᠢ ᠥᠭᠬᠦ ᠡᠲᠡᠭᠡᠳ᠎ᠨᠢ ᠪᠡᠶ᠎ᠡ᠎ᠪᠠᠨ ᠳᠠᠭ᠋ᠠᠭ᠋ᠠᠭᠰᠠᠨ ᠬᠠᠤᠯᠢ ᠵᠢᠨ ᠬᠥᠮᠥᠨ᠎ᠤ ᠬᠢᠷᠢ ᠬᠡᠮ᠎ᠲᠠᠢ ᠪᠠᠶ᠋ᠢᠬᠤ ᠬᠡᠷᠡᠭᠲᠡᠢ᠂ ᠡᠳ᠋ ᠬᠥᠷᠥᠩᠭᠡ ᠵᠢᠨ ᠪᠦᠲᠦᠴᠡ ᠵᠢᠴᠢ ᠡᠵᠡᠩᠨᠡᠯᠲᠡ ᠵᠢᠨ ᠪᠠᠶ᠋ᠢᠳᠠᠯ᠎ᠨᠢ ᠨᠡᠯᠢᠶᠡᠳ ᠰᠠᠶ᠋ᠢᠨ ᠮᠥᠷᠲᠡᠭᠡᠨ ᠣᠷᠣᠨ᠎ᠤ ᠳᠣᠲᠣᠷᠠᠬᠢ ᠰᠠᠭ᠋ᠠᠯᠢ ᠵᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ᠎ᠯᠤᠭ᠎ᠠ ᠬᠤᠳᠠᠯᠳᠤᠨ ᠠᠪᠬᠤ ᠪᠠ ᠪᠣᠷᠣᠯᠠᠭᠤᠯᠬᠤ ᠭᠡᠷ᠎ᠡ ᠲᠣᠭᠲᠠᠵᠤ᠂ ᠬᠠᠷᠢᠴᠠᠩᠭᠤᠢ᠎ᠪᠠᠷ ᠲᠥᠪᠯᠡᠷᠡᠨ ᠵᠠᠯᠭ᠋ᠠᠯᠳᠤᠭᠰᠠᠨ ᠪᠥᠭᠡᠳ ᠪᠠᠷᠢᠮᠵᠢᠶᠠᠵᠢᠭᠤᠯᠤᠨ ᠳᠠᠷᠢᠭᠰᠠᠨ 500 ᠮᠦ᠍᠎ᠠᠴᠠ ᠳᠡᠭᠡᠭᠰᠢᠬᠢ ᠲᠠᠷᠢᠶᠠᠴᠢᠳ᠎ᠤᠨ ᠡᠪᠡᠰᠦ ᠪᠣᠷᠳᠤᠭ᠎ᠠ ᠵᠢᠨ ᠲᠤᠰᠬᠠᠢ ᠦᠢ᠍ᠯᠡᠳᠪᠦᠷᠢᠯᠡᠯ᠎ᠤᠨ ᠬᠤᠷᠰᠢᠶ᠎ᠠ᠂ ᠡᠪᠡᠰᠦ ᠪᠣᠷᠳᠤᠭ᠎ᠠ ᠵᠢ ᠦᠢ᠍ᠯᠡᠳᠪᠦᠷᠢᠯᠡᠨ ᠪᠣᠯᠪᠠᠰᠤᠷᠠᠭᠤᠯᠬᠤ ᠠᠵᠤ ᠠᠬᠤᠶ᠋ᠢᠯᠠᠯ᠂ ᠰᠠᠭ᠋ᠠᠯᠢ ᠵᠢᠨ ᠦᠨᠢᠶ᠎ᠡ ᠲᠡᠵᠢᠭᠡᠨ ᠦᠷᠡᠵᠢᠭᠦᠯᠬᠦ ᠠᠵᠤ ᠠᠬᠤᠶ᠋ᠢᠯᠠᠯ (ᠲᠠᠯᠠᠪᠠᠶ)᠂ ᠰᠠᠭ᠋ᠠᠯᠢ ᠵᠢᠨ ᠲᠠᠷᠢᠶᠠᠴᠢᠳ᠎ᠤᠨ ᠲᠤᠰᠬᠠᠢ ᠦᠢ᠍ᠯᠡᠳᠪᠦᠷᠢᠯᠡᠯ᠎ᠤᠨ ᠬᠤᠷᠰᠢᠶ᠎ᠠ᠂ ᠭᠡᠷ ᠪᠦᠯᠢ ᠵᠢᠨ ᠲᠠᠷᠢᠶᠠᠯᠠᠩ ᠮᠠᠯᠵᠢᠯ᠎ᠤᠨ ᠲᠠᠯᠠᠪᠠᠶ ᠪᠠ ᠴᠠᠷᠭ᠋ᠠᠰᠤ ᠵᠢᠨ ᠲᠠᠷᠢᠮᠠᠯ᠎ᠤᠨ ᠡᠷᠦᠬᠡ ᠵᠡᠷᠭᠡ ᠡᠵᠡᠩᠨᠡᠯᠲᠡ ᠵᠢᠨ ᠭᠤᠣᠯ ᠴᠣᠭᠴᠠ᠎ᠨᠤᠭᠤᠳ ᠪᠣᠯᠣᠨ᠎ᠠ᠃ ᠨᠥᠬᠦᠪᠦᠷᠢ ᠣᠯᠬᠤ ᠡᠲᠡᠭᠡᠳ᠎ᠨᠢ ᠪᠣᠳᠠᠲᠠᠢ ᠦᠢ᠍ᠯᠡᠳᠪᠦᠷᠢᠯᠡᠯ᠎ᠤᠨ ᠡᠵᠡᠩᠨᠡᠭᠴᠢ ᠪᠣᠯᠣᠨ᠎ᠠ᠃

    ᠭᠤᠷᠪᠠ᠂ ᠨᠥᠬᠦᠪᠦᠷᠢ ᠥᠭᠬᠦ ᠪᠠᠷᠢᠮᠵᠢᠶ᠎ᠠ

    ᠬᠠᠷᠢᠴᠠᠩᠭᠤᠢ᠎ᠪᠠᠷ ᠲᠥᠪᠯᠡᠷᠡᠭᠦᠯᠦᠨ ᠵᠠᠯᠭ᠋ᠠᠯᠳᠤᠭᠤᠯᠤᠨ ᠳᠠᠷᠢᠬᠤ 500 ᠮᠦ᠍ ᠵᠢ 1 ᠨᠥᠬᠦᠪᠦᠷᠢ ᠵᠢᠨ ᠨᠢᠭᠡᠴᠡ ᠪᠣᠯᠭ᠋ᠠᠵᠤ᠂ 1 ᠨᠥᠬᠦᠪᠦᠷᠢ ᠵᠢᠨ ᠨᠢᠭᠡᠴᠡ᠎ᠳᠤ ᠬᠠᠩᠭ᠋ᠠᠭᠰᠠᠨ ᠰᠠᠭᠤᠷᠢᠨ ᠳᠡᠭᠡᠷ᠎ᠡ᠂ ᠪᠣᠳᠠᠲᠠᠢ ᠳᠠᠷᠢᠭᠰᠠᠨ ᠲᠠᠯᠠᠪᠠᠶ᠎ᠪᠠᠷ ᠨᠥᠬᠦᠪᠦᠷᠢ ᠣᠯᠭᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠎ᠤ ᠪᠡᠯᠡ ᠮᠥᠩᠭᠦ ᠵᠢ ᠨᠢᠭᠡᠳᠦᠯᠲᠡᠢ ᠲᠥᠯᠥᠪᠯᠡᠵᠦ᠂ 1 ᠵᠦᠢ ᠵᠣᠬᠢᠰᠲᠠᠢ ᠥᠰᠦᠯᠲᠡ ᠵᠢᠨ ᠦᠶᠡᠯᠡᠯ᠎ᠤᠨ ᠬᠤᠭᠤᠴᠠᠭ᠋ᠠᠨ᠎ᠤ 1000 ᠲᠥᠭᠦᠷᠢᠭ / ᠮᠦ᠍ ᠵᠢᠨ ᠪᠠᠷᠢᠮᠵᠢᠶ᠎ᠠ᠎ᠪᠠᠷ 3 ᠵᠢᠯ ᠬᠤᠪᠢᠶᠠᠨ ᠨᠥᠬᠦᠪᠦᠷᠢ ᠣᠯᠭᠤᠨ᠎ᠠ᠂ ᠡᠭᠦᠨ᠎ᠳᠤ ᠨᠢᠭᠡᠳᠦᠭᠡᠷ ᠵᠢᠯ᠎ᠳᠤ 600 ᠲᠥᠭᠦᠷᠢᠭ᠂ ᠬᠤᠶᠠᠳᠤᠭ᠋ᠠᠷ ᠵᠢᠯ᠎ᠳᠤ 200 ᠲᠥᠭᠦᠷᠢᠭ᠂ ᠭᠤᠷᠪᠠᠳᠤᠭ᠋ᠠᠷ ᠵᠢᠯ᠎ᠳᠤ 200 ᠲᠥᠭᠦᠷᠢᠭ ᠪᠣᠯᠣᠨ᠎ᠠ᠃ ᠴᠠᠷᠭ᠋ᠠᠰᠤ ᠵᠢᠨ ᠵᠦᠢ ᠵᠣᠬᠢᠰᠲᠠᠢ ᠤᠷᠭᠤᠯᠲᠠ ᠵᠢᠨ ᠦᠶᠡᠯᠡᠯ᠎ᠤᠨ ᠬᠤᠭᠤᠴᠠᠭ᠎ᠠ ᠵᠢ ᠲᠥᠷᠥᠯ ᠵᠦᠢ᠍ᠯ᠎ᠤᠨ ᠬᠤᠰᠢᠭᠤ ᠰᠢᠶᠠᠨ᠎ᠤ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ᠎ᠠᠴᠠ ᠲᠠᠷᠢᠮᠠᠯ᠎ᠤᠨ ᠲᠥᠷᠥᠯ ᠵᠦᠢ᠍ᠯ ᠵᠢᠴᠢ ᠠᠭᠤᠷ ᠠᠮᠢᠰᠬᠤᠯ᠎ᠤᠨ ᠣᠷᠴᠢᠨ ᠲᠣᠭᠤᠷᠢᠨ᠎ᠤ ᠣᠨᠴᠠᠯᠢᠭ ᠵᠡᠷᠭᠡ ᠪᠣᠳᠠᠲᠠᠢ ᠪᠠᠶ᠋ᠢᠳᠠᠯ᠎ᠢ ᠦᠨᠳᠦᠰᠦᠯᠡᠨ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠵᠤ᠂ ᠵᠠᠷᠴᠢᠮ ᠳᠡᠭᠡᠷ᠎ᠡ᠎ᠪᠠᠨ 1 ᠵᠦᠢ ᠵᠣᠬᠢᠰᠲᠠᠢ ᠤᠷᠭᠤᠯᠲᠠ ᠵᠢᠨ ᠦᠶᠡᠯᠡᠯ᠎ᠤᠨ ᠬᠤᠭᠤᠴᠠᠭ᠎ᠠ ᠵᠢ 5 ᠵᠢᠯ᠎ᠠᠴᠠ ᠳᠣᠣᠷ᠎ᠠ ᠲᠠᠷᠢᠮᠠᠯ᠎ᠤᠨ ᠭᠤᠣᠯ ᠴᠣᠭᠴᠠ᠎ᠨᠢ ᠥᠨᠳᠥᠷ ᠤᠨᠠᠯᠲᠠ᠎ᠲᠠᠢ ᠴᠢᠨᠠᠷ ᠰᠠᠶ᠋ᠢᠲᠠᠢ ᠪᠠᠶ᠋ᠢᠬᠤ ᠵᠢ ᠪᠠᠲᠤᠯᠠᠬᠤ ᠮᠥᠷᠲᠡᠭᠡᠨ 5 ᠵᠢᠯ᠎ᠤᠨ ᠳᠣᠲᠣᠷ᠎ᠠ ᠳᠠᠬᠢᠨ ᠳᠠᠷᠢᠬᠤ ᠦᠭᠡᠢ ᠪᠠᠶ᠋ᠢᠬᠤ ᠵᠢ ᠪᠠᠲᠤᠯᠠᠵᠤ᠂ ᠳᠠᠷᠢᠬᠤ ᠭᠠᠵᠠᠷ᠎ᠤᠨ ᠲᠠᠯᠠᠪᠠᠶ ᠵᠢ ᠪᠠᠭ᠋ᠠᠰᠬᠠᠬᠤ ᠦᠭᠡᠢ ᠪᠠᠶ᠋ᠢᠬᠤ ᠵᠢ ᠪᠠᠲᠤᠯᠠᠬᠤ ᠬᠡᠷᠡᠭᠲᠡᠢ᠃

    ᠳᠥᠷᠪᠡ᠂ ᠨᠥᠬᠦᠪᠦᠷᠢ ᠥᠭᠬᠦ ᠠᠷᠭ᠎ᠠ ᠮᠠᠶᠢᠭ

    《ᠤᠷᠢᠳᠠᠪᠠᠷ ᠳᠠᠷᠢᠵᠤ ᠳᠠᠷᠠᠭ᠎ᠠ᠎ᠨᠢ ᠨᠥᠬᠦᠪᠦᠷᠢᠯᠡᠬᠦ᠂ ᠱᠠᠩᠨᠠᠬᠤ᠎ᠪᠠᠷ ᠨᠥᠬᠦᠪᠦᠷᠢᠯᠡᠬᠦ ᠵᠢ ᠣᠷᠣᠯᠠᠭᠤᠯᠬᠤ》 ᠠᠷᠭ᠎ᠠ ᠮᠠᠶᠢᠭ᠎ᠢ ᠠᠪᠴᠤ᠂ ᠭᠤᠣᠯ ᠴᠣᠭᠴᠠ᠎ᠨᠢ ᠤᠷᠢᠳᠠᠪᠠᠷ ᠳᠠᠷᠢᠬᠤ ᠵᠢ ᠬᠡᠷᠡᠭᠵᠢᠭᠦᠯᠵᠦ᠂ ᠰᠢᠯᠭ᠋ᠠᠨ ᠠᠪᠬᠤ᠎ᠳᠤ ᠬᠢᠷᠢ ᠲᠡᠩᠴᠡᠭᠰᠡᠨ᠎ᠤ ᠳᠠᠷᠠᠭ᠎ᠠ ᠨᠥᠬᠦᠪᠦᠷᠢ ᠣᠯᠭᠤᠨ᠎ᠠ᠃

    ᠲᠠᠪᠤ᠂ ᠮᠡᠳᠡᠭᠦᠯᠬᠦ ᠴᠤᠪᠤᠷᠠᠯ

    1. ᠲᠥᠷᠥᠯ ᠵᠦᠢ᠍ᠯ᠎ᠢ ᠬᠡᠷᠡᠭᠵᠢᠭᠦᠯᠬᠦ ᠭᠤᠣᠯ ᠴᠣᠭᠴᠠ᠎ᠨᠢ ᠲᠥᠷᠥᠯ ᠵᠦᠢ᠍ᠯ᠎ᠢ ᠬᠡᠷᠡᠭᠵᠢᠭᠦᠯᠬᠦ ᠲᠥᠰᠥᠯ᠎ᠢ ᠨᠠᠶ᠋ᠢᠷᠠᠭᠤᠯᠤᠨ ᠵᠣᠬᠢᠶᠠᠵᠤ᠂ ᠬᠤᠰᠢᠭᠤ ᠰᠢᠶᠠᠨ᠎ᠤ ᠲᠠᠷᠢᠶᠠᠯᠠᠩ ᠮᠠᠯ ᠠᠵᠤ ᠠᠬᠤᠢ ᠵᠢᠨ ᠰᠠᠯᠠᠭ᠎ᠠ ᠮᠥᠴᠢᠷ᠎ᠲᠤ ᠲᠥᠷᠥᠯ ᠵᠦᠢ᠍ᠯ᠎ᠤᠨ ᠭᠤᠶᠤᠴᠢᠯᠠᠯ ᠵᠶ᠋ᠠᠨ ᠲᠤᠰᠢᠶᠠᠬᠤ ᠵᠢᠨ ᠬᠠᠮᠲᠤ᠂ ᠵᠣᠬᠢᠬᠤ ᠭᠡᠷᠡᠴᠢᠯᠡᠬᠦ ᠮᠠᠲ᠋ᠧᠷᠢᠶᠠᠯ (ᠲᠠᠮᠠᠭ᠎ᠠ ᠳᠠᠷᠤᠭᠰᠠᠨ)᠎ᠢ ᠬᠠᠩᠭ᠋ᠠᠨ᠎ᠠ᠃

    2. ᠬᠤᠰᠢᠭᠤ ᠰᠢᠶᠠᠨ᠎ᠤ ᠲᠠᠷᠢᠶᠠᠯᠠᠩ ᠮᠠᠯ ᠠᠵᠤ ᠠᠬᠤᠢ ᠵᠢᠨ ᠰᠠᠯᠠᠭ᠎ᠠ ᠮᠥᠴᠢᠷ᠎ᠠᠴᠠ ᠠᠶ᠋ᠢᠮᠠᠭ ᠬᠤᠲᠠ ᠵᠢᠨ ᠲᠠᠷᠢᠶᠠᠯᠠᠩ ᠮᠠᠯ ᠠᠵᠤ ᠠᠬᠤᠢ ᠵᠢᠨ ᠰᠠᠯᠠᠭ᠎ᠠ ᠮᠥᠴᠢᠷ᠎ᠲᠤ ᠲᠠᠨᠢᠯᠴᠠᠭᠤᠯᠤᠨ ᠲᠥᠷᠥᠯ ᠵᠦᠢ᠍ᠯ ᠲᠣᠭᠲᠠᠭ᠋ᠠᠬᠤ᠎ᠪᠠᠷ ᠭᠤᠶᠤᠴᠢᠯᠠᠨ᠎ᠠ᠃

    3. ᠠᠶ᠋ᠢᠮᠠᠭ ᠬᠤᠲᠠ ᠵᠢᠨ ᠲᠠᠷᠢᠶᠠᠯᠠᠩ ᠮᠠᠯ ᠠᠵᠤ ᠠᠬᠤᠢ ᠵᠢᠨ ᠰᠠᠯᠠᠭ᠎ᠠ ᠮᠥᠴᠢᠷ᠎ᠤᠳ ᠲᠥᠷᠥᠯ ᠵᠦᠢ᠍ᠯ᠎ᠳᠤ ᠬᠢᠨᠠᠨ ᠲᠣᠭᠲᠠᠭ᠋ᠠᠯᠲᠠ ᠬᠢᠵᠦ᠂ ᠲᠣᠭᠲᠠᠭ᠋ᠠᠭᠰᠠᠨ ᠲᠥᠷᠥᠯ ᠵᠦᠢ᠍ᠯ᠎ᠢ ᠬᠡᠷᠡᠭᠵᠢᠭᠦᠯᠬᠦ ᠭᠤᠣᠯ ᠴᠣᠭᠴᠠ᠎ᠳᠤ ᠢᠯᠡ ᠨᠡᠶ᠋ᠢᠲᠡᠯᠡᠵᠦ᠂ ᠢᠯᠡ ᠨᠡᠶ᠋ᠢᠲᠡᠯᠡᠬᠦ᠎ᠳᠤ ᠣᠨᠳᠣᠣ ᠰᠠᠨᠠᠯ ᠦᠭᠡᠢ ᠪᠣᠯᠤᠭᠰᠠᠨ᠎ᠤ ᠳᠠᠷᠠᠭ᠎ᠠ ᠲᠥᠷᠥᠯ ᠵᠦᠢ᠍ᠯ ᠲᠣᠭᠲᠠᠭ᠋ᠠᠵᠤ ᠴᠣᠬᠤᠯᠠᠪᠤᠷᠢᠯᠠᠨ ᠬᠠᠷᠢᠭᠤᠯᠤᠨ᠎ᠠ᠃

     4. ᠲᠥᠷᠥᠯ ᠵᠦᠢ᠍ᠯ᠎ᠨᠢ ᠰᠢᠯᠭ᠋ᠠᠨ ᠠᠪᠬᠤ ᠨᠥᠬᠦᠴᠡᠯ᠎ᠳᠤ ᠬᠥᠷᠥᠭᠰᠡᠨ᠎ᠤ ᠲᠠᠷᠠᠭ᠎ᠠ᠂ ᠲᠥᠷᠥᠯ ᠵᠦᠢ᠍ᠯ᠎ᠤᠨ ᠭᠤᠣᠯ ᠴᠣᠭᠴᠠ᠎ᠨᠢ ᠲᠤᠰ ᠲᠤᠰ 8 ᠰᠠᠷ᠎ᠠ ᠵᠢᠨ 15᠎ᠤ ᠡᠳᠦᠷ (ᠨᠢᠭᠡᠳᠦᠭᠡᠷ ᠪᠦᠯᠦᠭ)᠂ 12 ᠰᠠᠷ᠎ᠠ ᠵᠢᠨ 31᠎ᠤ ᠡᠳᠦᠷ (ᠬᠤᠶᠠᠳᠤᠭ᠋ᠠᠷ ᠪᠦᠯᠦᠭ)᠎ᠠᠴᠠ ᠡᠮᠦᠨ᠎ᠡ ᠪᠠᠶ᠋ᠢᠭ᠎ᠠ ᠭᠠᠵᠠᠷ᠎ᠤᠨ ᠬᠤᠰᠢᠭᠤ ᠰᠢᠶᠠᠨ᠎ᠤ ᠲᠠᠷᠢᠶᠠᠯᠠᠩ ᠮᠠᠯ ᠠᠵᠤ ᠠᠬᠤᠢ ᠵᠢᠨ ᠰᠠᠯᠠᠭ᠎ᠠ ᠮᠥᠴᠢᠷ᠎ᠲᠤ ᠰᠢᠯᠭ᠋ᠠᠨ ᠠᠪᠬᠤ᠎ᠪᠠᠷ ᠭᠤᠶᠤᠴᠢᠯᠠᠵᠤ ᠪᠣᠯᠣᠨ᠎ᠠ᠃ ᠠᠶ᠋ᠢᠮᠠᠭ ᠬᠤᠲᠠ ᠵᠢᠨ ᠲᠠᠷᠢᠶᠠᠯᠠᠩ ᠮᠠᠯ ᠠᠵᠤ ᠠᠬᠤᠢ ᠵᠢᠨ ᠰᠠᠯᠠᠭ᠎ᠠ ᠮᠥᠴᠢᠷ᠎ᠤᠳ ᠬᠤᠰᠢᠭᠤ ᠰᠢᠶᠠᠨ᠎ᠢ ᠵᠣᠬᠢᠶᠠᠨ ᠪᠠᠶ᠋ᠢᠭᠤᠯᠤᠨ ᠲᠥᠷᠥᠯ ᠵᠦᠢ᠍ᠯ᠎ᠢ ᠬᠢᠨᠠᠨ ᠲᠣᠭᠲᠠᠭ᠋ᠠᠵᠤ ᠰᠢᠯᠭ᠋ᠠᠨ ᠠᠪᠬᠤ ᠵᠢᠨ ᠬᠠᠮᠲᠤ ᠢᠯᠡ ᠨᠡᠶ᠋ᠢᠲᠡᠯᠡᠵᠦ᠂ ᠬᠤᠰᠢᠭᠤ ᠰᠢᠶᠠᠨ᠎ᠤ ᠰᠢᠯᠭ᠋ᠠᠨ ᠠᠪᠤᠭᠰᠠᠨ ᠦᠷ᠎ᠡ ᠳ᠋ᠦᠩ᠎ᠢ ᠬᠠᠷᠭᠤᠭᠤᠯᠤᠨ ᠬᠤᠷᠢᠶᠠᠩᠭᠤᠶ᠋ᠢᠯᠠᠭᠰᠠᠨ᠎ᠤ ᠳᠠᠷᠠᠭ᠎ᠠ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠳᠤ ᠮᠡᠳᠡᠭᠦᠯᠦᠨ ᠳᠠᠩᠰᠠᠯᠠᠭᠤᠯᠵᠤ᠂ ᠳᠠᠩᠰᠠᠯᠠᠭᠤᠯᠵᠤ ᠳᠠᠭᠤᠰᠤᠭᠰᠠᠨ᠎ᠤ ᠳᠠᠷᠠᠭ᠎ᠠ᠂ ᠪᠡᠯᠡ ᠮᠥᠩᠭᠦ ᠰᠠᠯᠭ᠋ᠠᠨ ᠥᠭᠬᠦ ᠲᠠᠰ ᠳᠠᠷᠠᠭ᠋ᠠᠯᠠᠯ᠎ᠢ ᠡᠬᠢᠯᠡᠭᠦᠯᠦᠨ᠎ᠡ᠃
    

ᠢᠷᠡᠯᠲᠡ᠄ ᠦᠪᠦᠷ ᠮᠤᠩᠭᠤᠯ᠎ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠭᠢᠮ
          
ᠬᠠᠮᠢᠶ᠎ᠡ ᠪᠦᠬᠦᠢ ᠰᠣᠨᠢᠨ
【ᠵᠢᠷᠤᠭᠲᠤ ᠲᠠᠢ᠌ᠯᠤᠮᠵᠢ】᠄ ᠲᠦᠪ᠎ᠤᠨ ᠨᠠᠢ᠍ᠮᠠᠨ ᠵᠤᠷᠪᠤᠰ ᠲᠤᠭᠲᠠᠭ᠋ᠠᠯ᠎ᠢ ᠵᠢᠷᠤᠭ ᠵᠶ᠋ᠠᠷ ᠦᠵᠡᠬᠦᠢ
ᠡᠷᠦᠭᠡ ᠠᠮᠠ᠎ᠨᠢ ᠬᠠᠮᠢᠭ᠎ᠠ ᠪᠠᠢ᠍ᠢ᠍ᠭᠰᠠᠨ ᠴᠦ᠍ ᠲᠠᠭ᠋ᠠᠭ᠋ᠠᠴᠢᠯᠡᠭ᠍ᠰᠡᠨ ᠭᠠᠵᠠᠷ ᠰᠢᠷᠤᠢ᠎ᠪᠠᠨ ᠪᠤᠴᠠᠭ᠋ᠠᠬᠤ ᠡᠰᠡᠬᠦ ᠵᠢ ᠮᠠᠯᠴᠢᠨ ᠲᠠᠷᠢᠶᠡᠴᠢᠨ ᠦᠪᠡᠰᠦᠪᠠᠨ ᠲᠤᠭᠳᠠᠭ᠋ᠠᠵᠦ ᠪᠤᠯᠤᠨ᠎ᠠ
ᠵᠠᠰᠠᠭ᠎ᠤᠨ ᠤᠷᠳᠤᠨ᠎ᠤ ᠠᠵᠢᠯ᠎ᠤᠨ ᠢᠯᠡᠳᠬᠡᠯ᠎ᠤᠨ ᠭᠤᠤᠯᠳᠠᠯᠭ᠎ᠠ
ᠵᠢᠷᠤᠭ ᠵᠶ᠋ᠠᠷ ᠥᠭᠦᠯᠡᠬᠦᠢ᠄ ᠲᠣᠭ᠋ᠠᠵᠢᠯᠠᠭᠰᠠᠨ ᠰᠢᠨ᠎ᠡ ᠰᠠᠭᠤᠷᠢ ᠪᠠᠶ᠋ᠢᠭᠤᠯᠤᠯᠲᠠ᠎ᠨᠢ ᠥᠪᠥᠷ ᠮᠣᠩᠭᠤᠯ᠎ᠳᠤ ᠶᠠᠮᠠᠷ ᠬᠤᠪᠢᠷᠠᠯᠲᠠ ᠵᠢ ᠠᠪᠴᠢᠷᠠᠬᠤ ᠪᠣᠢ
ᠵᠢᠷᠤᠭ ᠵᠶ᠋ᠠᠷ ᠥᠭᠦᠯᠡᠬᠦᠢ᠄ ᠰᠤᠮᠤ ᠰᠢᠶᠠᠩ ᠪᠠᠯᠭ᠋ᠠᠰᠤ ᠵᠢᠨ ᠲᠤᠭ᠎ᠠ ᠪᠦᠷᠢᠳᠬᠡᠯ᠎ᠤᠨ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠨ ᠵᠢᠷᠤᠮᠵᠢᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠰᠠᠨᠠᠯ
 
             蒙ICP备05000248号