ᠥᠪᠥᠷ ᠵᠠᠰᠠᠭ ᠠᠯᠪᠠᠨ ᠲᠠᠷᠬᠠᠭ᠋ᠠᠭᠰᠠᠨ [2021] 4 ᠳ᠋ᠦ᠍ᠭᠡᠷ ᠲᠣᠭ᠋ᠠᠲᠤ
2021 ᠣᠨ᠎ᠤ 6 ᠳ᠋ᠤᠭ᠋ᠠᠷ ᠰᠠᠷ᠎ᠠ ᠵᠢᠨ 11᠎ᠤ ᠡᠳᠦᠷ
ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄ 《ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠷᠡᠭᠯᠡᠬᠦ ᠡᠷᠬᠡ ᠵᠢ ᠰᠢᠯᠵᠢᠭᠦᠯᠦᠨ ᠥᠭᠬᠦ᠂ ᠲᠦᠷᠢᠶᠡᠰᠦᠯᠡᠭᠦᠯᠬᠦ᠂ ᠪᠠᠷᠢᠴᠠᠭ᠋ᠠᠯᠠᠬᠤ ᠬᠤᠶᠠᠳᠤᠭ᠋ᠠᠷ ᠳᠡᠰ᠎ᠤᠨ ᠵᠠᠬ᠎ᠠ ᠳᠡᠯᠭᠡᠭᠦᠷ᠎ᠢ ᠲᠡᠭᠦᠯᠳᠡᠷᠵᠢᠭᠦᠯᠬᠦ ᠲᠤᠬᠠᠶ ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠤᠨ ᠵᠢᠯᠣᠭᠤᠳᠬᠤ ᠰᠠᠨᠠᠯ》 (ᠲᠥᠷᠥ ᠠᠯᠪᠠᠨ ᠲᠠᠷᠬᠠᠭ᠋ᠠᠭᠰᠠᠨ [2019] 34 ᠳ᠋ᠤᠭᠡᠷ ᠲᠣᠭ᠋ᠠᠲᠤ)᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠵᠦ᠂ ᠮᠠᠨ᠎ᠤ ᠣᠷᠣᠨ᠎ᠤ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠷᠡᠭᠯᠡᠬᠦ ᠡᠷᠬᠡ ᠵᠢ ᠰᠢᠯᠵᠢᠭᠦᠯᠦᠨ ᠥᠭᠬᠦ᠂ ᠲᠦᠷᠢᠶᠡᠰᠦᠯᠡᠭᠦᠯᠬᠦ᠂ ᠪᠠᠷᠢᠴᠠᠭ᠋ᠠᠯᠠᠬᠤ ᠬᠤᠶᠠᠳᠤᠭ᠋ᠠᠷ ᠳᠡᠰ᠎ᠤᠨ ᠵᠠᠬ᠎ᠠ ᠳᠡᠯᠭᠡᠭᠦᠷ (ᠲᠣᠷᠣᠭᠰᠢ ᠭᠠᠵᠠᠷ ᠰᠢᠷᠣᠶ ᠵᠢᠨ ᠬᠤᠶᠠᠳᠤᠭ᠋ᠠᠷ ᠳᠡᠰ᠎ᠤᠨ ᠵᠠᠬ᠎ᠠ ᠳᠡᠯᠭᠡᠭᠦᠷ ᠭᠡᠵᠦ ᠲᠣᠪᠴᠢᠯᠠᠨ᠎ᠠ)᠎ᠤᠨ ᠪᠥᠲᠥᠭᠡᠨ ᠪᠠᠶ᠋ᠢᠭᠤᠯᠤᠯᠲᠠ ᠵᠢ ᠲᠦᠷᠭᠡᠳᠬᠡᠨ ᠲᠡᠭᠦᠯᠳᠡᠷᠵᠢᠭᠦᠯᠬᠦ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠡᠳᠦᠭᠡ ᠳᠣᠤᠷᠠᠬᠢ ᠮᠡᠲᠦ ᠰᠠᠨᠠᠯ ᠳᠤᠷᠠᠳᠪᠠ᠃
ᠨᠢᠭᠡ᠂ ᠬᠠᠷᠠᠯᠲᠠ ᠪᠣᠯᠬᠤ ᠡᠭᠦᠷᠭᠡ ᠵᠢᠴᠢ ᠲᠣᠬᠢᠷᠠᠭᠤᠯᠤᠨ ᠬᠡᠷᠡᠭᠯᠡᠬᠦ ᠬᠡᠪᠴᠢᠶ᠎ᠡ
(ᠨᠢᠭᠡ) ᠬᠠᠷᠠᠯᠲᠠ ᠪᠣᠯᠬᠤ ᠡᠭᠦᠷᠭᠡ
2025 ᠣᠨ ᠪᠣᠯᠬᠤ᠎ᠳᠤ᠂ ᠥᠮᠴᠢᠯᠡᠬᠦ ᠡᠷᠬᠡ᠎ᠨᠢ ᠲᠣᠳᠣᠷᠬᠠᠶ᠂ ᠵᠠᠬ᠎ᠠ ᠳᠡᠯᠭᠡᠭᠦᠷ ᠵᠶ᠋ᠠᠷ ᠦᠨ᠎ᠡ ᠲᠣᠭᠲᠠᠭ᠋ᠠᠭᠰᠠᠨ᠂ ᠮᠡᠳᠡᠭᠡ ᠵᠠᠩᠭᠢ᠎ᠨᠢ ᠲᠥᠪᠯᠡᠷᠡᠭᠰᠡᠨ᠂ ᠠᠷᠠᠯᠵᠢᠶ᠎ᠠ᠎ᠨᠢ ᠠᠮᠤᠷ ᠲᠦᠪᠰᠢᠨ ᠪᠠᠶ᠋ᠢᠬᠤ᠂ ᠬᠢᠨᠠᠯᠲᠠ ᠬᠠᠮᠢᠶᠠᠷᠤᠯᠲᠠ᠎ᠨᠢ ᠪᠦᠲᠦᠮᠵᠢᠲᠡᠶ ᠪᠦᠬᠦᠢ ᠭᠠᠵᠠᠷ ᠰᠢᠷᠣᠶ ᠵᠢᠨ ᠬᠤᠶᠠᠳᠤᠭ᠋ᠠᠷ ᠳᠡᠰ᠎ᠤᠨ ᠵᠠᠬ᠎ᠠ ᠳᠡᠯᠭᠡᠭᠦᠷ᠎ᠢ ᠦᠨᠳᠦᠰᠦᠨ᠎ᠳᠤ᠎ᠪᠠᠨ ᠪᠠᠶ᠋ᠢᠭᠤᠯᠤᠨ᠎ᠠ᠃ ᠡᠭᠦᠨ᠎ᠤ ᠰᠠᠭᠤᠷᠢᠨ ᠳᠡᠭᠡᠷ᠎ᠡ᠂ ᠡᠯ᠎ᠡ ᠭᠠᠵᠠᠷ ᠣᠷᠣᠨ᠎ᠨᠢ ᠵᠠᠬ᠎ᠠ ᠳᠡᠯᠭᠡᠭᠦᠷ᠎ᠤᠨ ᠲᠦᠷᠢᠮ᠎ᠢ ᠠᠯᠬᠤᠮ ᠠᠯᠬᠤᠮ ᠵᠶ᠋ᠠᠷ ᠪᠦᠷᠢᠨᠰᠢᠬᠦᠯᠦᠨ ᠲᠡᠭᠦᠯᠳᠡᠷᠵᠢᠭᠦᠯᠵᠦ᠂ ᠦᠢ᠍ᠯᠡᠴᠢᠯᠡᠬᠦ ᠪᠠ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠤᠨ᠂ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠨᠢ ᠨᠠᠩ ᠵᠢᠷᠤᠮᠵᠢᠭᠰᠠᠨ ᠰᠦᠯᠵᠢᠶᠡᠨ᠎ᠳᠠᠬᠢ ᠪᠠ ᠰᠦᠯᠵᠢᠶᠡᠨ᠎ᠠᠴᠠ ᠭᠠᠳᠠᠭᠤᠷᠬᠢ ᠠᠷᠠᠯᠵᠢᠶᠠᠨ᠎ᠤ ᠲᠠᠪᠴᠠᠩ᠎ᠢ ᠪᠣᠶ ᠪᠣᠯᠭ᠋ᠠᠨ᠎ᠠ᠃
(ᠬᠤᠶᠠᠷ) ᠲᠣᠬᠢᠷᠠᠭᠤᠯᠤᠨ ᠬᠡᠷᠡᠭᠯᠡᠬᠦ ᠬᠡᠪᠴᠢᠶ᠎ᠡ
ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠳᠠᠬᠢ ᠤᠯᠤᠰ᠎ᠤᠨ ᠥᠮᠴᠢᠯᠡᠯᠲᠦ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠷᠡᠭᠯᠡᠬᠦ ᠡᠷᠬᠡ᠂ ᠭᠠᠵᠠᠷ ᠰᠢᠷᠣᠶ ᠵᠢᠨ ᠠᠷᠠᠯᠵᠢᠶ᠎ᠠ ᠵᠢᠴᠢ ᠭᠠᠵᠠᠷ ᠰᠢᠷᠣᠶ ᠵᠢ ᠭᠠᠵᠠᠷ ᠳᠡᠭᠡᠷᠡᠬᠢ ᠪᠠᠷᠢᠯᠭ᠎ᠠ᠂ ᠪᠠᠷᠢᠯᠭ᠎ᠠ ᠵᠢᠨ ᠵᠦᠢ᠍ᠯ ᠵᠢᠴᠢ ᠪᠤᠰᠤᠳ ᠳᠠᠭ᠋ᠠᠯᠲᠠ ᠪᠣᠳᠠᠰ ᠵᠡᠷᠭᠡ᠎ᠲᠠᠢ ᠬᠠᠮᠲᠤᠳᠤᠨᠢ ᠠᠷᠠᠯᠵᠢᠶᠠᠯᠠᠭᠰᠠᠨ ᠪᠠᠶ᠋ᠢᠳᠠᠯ᠎ᠳᠤ ᠭᠤᠤᠯᠳᠠᠯᠭ᠎ᠠ᠎ᠲᠠᠢ ᠴᠢᠭᠯᠡᠭᠦᠯᠦᠨ᠎ᠡ᠃ ᠬᠠᠤᠯᠢ ᠶᠣᠰᠣᠭ᠋ᠠᠷ ᠵᠠᠬ᠎ᠠ ᠳᠡᠯᠭᠡᠭᠦᠷ᠎ᠲᠤ ᠤᠷᠤᠭᠰᠠᠨ ᠮᠠᠯᠵᠢᠬᠤ ᠲᠠᠷᠢᠶᠠᠯᠠᠬᠤ ᠣᠷᠣᠨ᠎ᠤ ᠬᠠᠮᠲᠤ ᠵᠢᠨ ᠡᠵᠡᠩᠨᠡᠯᠲᠡ ᠵᠢᠨ ᠴᠢᠨᠠᠷᠲᠠᠶ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠷᠡᠭᠯᠡᠬᠦ ᠡᠷᠬᠡ ᠵᠢ ᠰᠢᠯᠵᠢᠭᠦᠯᠦᠨ ᠥᠭᠬᠦ᠂ ᠲᠦᠷᠢᠶᠡᠰᠦᠯᠡᠭᠦᠯᠬᠦ᠂ ᠪᠠᠷᠢᠴᠠᠭ᠋ᠠᠯᠠᠬᠤ᠎ᠳᠤ ᠲᠣᠰ ᠰᠠᠨᠠᠯ ᠵᠶ᠋ᠠᠷ ᠯᠠᠪᠯᠠᠯᠲᠠ ᠪᠣᠯᠭ᠋ᠠᠨ ᠬᠡᠷᠡᠭᠵᠢᠭᠦᠯᠵᠦ ᠪᠣᠯᠤᠨ᠎ᠠ᠃
ᠬᠤᠶᠠᠷ᠂ ᠰᠢᠯᠵᠢᠭᠦᠯᠦᠨ ᠥᠭᠬᠦ ᠨᠥᠬᠦᠴᠡᠯ᠎ᠢ ᠲᠣᠳᠣᠷᠬᠠᠶ᠋ᠢᠯᠠᠵᠤ᠂ ᠰᠢᠯᠵᠢᠭᠦᠯᠦᠨ ᠥᠭᠬᠦ ᠲᠥᠷᠢᠮ᠎ᠢ ᠲᠡᠭᠦᠯᠳᠡᠷᠵᠢᠭᠦᠯᠬᠦ ᠬᠡᠷᠡᠭᠲᠡᠶ
(ᠨᠢᠭᠡ) ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠷᠡᠭᠯᠡᠬᠦ ᠡᠷᠬᠡ ᠵᠢ ᠰᠢᠯᠵᠢᠭᠦᠯᠦᠨ ᠥᠭᠬᠦ ᠬᠡᠯᠪᠡᠷᠢ ᠵᠢ᠎ᠨᠢ ᠲᠣᠳᠣᠷᠬᠠᠶ᠋ᠢᠯᠠᠨ᠎ᠠ᠃ ᠪᠦᠳᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠷᠡᠭᠯᠡᠬᠦ ᠡᠷᠬᠡ ᠵᠢ ᠰᠢᠯᠵᠢᠭᠦᠯᠦᠨ ᠥᠭᠬᠦ᠎ᠳᠤ ᠮᠠᠶ᠋ᠢᠮᠠᠶ᠋ᠢᠯᠠᠬᠤ᠂ ᠰᠣᠯᠢᠯᠴᠠᠬᠤ᠂ ᠪᠡᠯᠡᠭᠯᠡᠬᠦ᠂ ᠪᠡᠯᠡ ᠭᠠᠷᠭ᠋ᠠᠬᠤ ᠵᠢᠴᠢ ᠬᠠᠤᠯᠢ ᠴᠠᠭ᠋ᠠᠵᠠ ᠵᠢᠨ ᠰᠢᠢ᠍ᠳᠪᠦᠷᠢᠯᠡᠯᠲᠡ᠂ ᠡᠳ᠋ ᠬᠦᠷᠦᠩᠭᠡ ᠵᠢ ᠰᠢᠢ᠍ᠳᠪᠦᠷᠢᠯᠡᠬᠦ᠂ ᠬᠠᠤᠯᠢ ᠵᠢᠨ ᠡᠷᠬᠡᠲᠡᠨ ᠪᠤᠶᠤ ᠪᠤᠰᠤᠳ ᠵᠣᠬᠢᠶᠠᠨ ᠪᠠᠶ᠋ᠢᠭᠤᠯᠤᠯᠲᠠ ᠵᠢ ᠨᠡᠶ᠋ᠢᠯᠡᠭᠦᠯᠬᠦ ᠪᠤᠶᠤ ᠰᠠᠯᠭ᠋ᠠᠬᠤ ᠵᠡᠷᠭᠡ ᠬᠡᠯᠪᠡᠷᠢ ᠮᠠᠶᠢᠭ᠎ᠲᠤ ᠬᠤᠯᠪᠣᠭᠳᠠᠭᠰᠠᠨ ᠪᠦᠳᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠷᠡᠭᠯᠡᠬᠦ ᠡᠷᠬᠡ ᠵᠢ ᠰᠢᠯᠵᠢᠭᠦᠯᠬᠦ ᠪᠠᠭᠲᠠᠨ᠎ᠠ᠃ ᠪᠦᠳᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠷᠡᠭᠯᠡᠬᠦ ᠡᠷᠬᠡ ᠵᠢ᠎ᠨᠢ ᠰᠢᠯᠵᠢᠭᠦᠯᠦᠨ ᠥᠭᠬᠦ᠎ᠳᠤ᠂ ᠭᠠᠵᠠᠷ ᠳᠡᠭᠡᠷᠡᠬᠢ ᠪᠠᠷᠢᠯᠭ᠎ᠠ᠂ ᠪᠠᠷᠢᠯᠭ᠎ᠠ ᠵᠢᠨ ᠵᠦᠢ᠍ᠯ᠂ ᠪᠤᠰᠤᠳ ᠲᠠᠭ᠋ᠠᠯᠳᠠ ᠪᠣᠳᠠᠰ᠎ᠤᠨ ᠥᠮᠴᠢᠯᠡᠯ᠎ᠤᠨ ᠡᠷᠬᠡ ᠵᠢ ᠬᠠᠮᠲᠤᠳᠤᠨᠢ ᠰᠢᠯᠵᠢᠭᠦᠯᠬᠦ ᠬᠡᠷᠡᠭᠲᠡᠶ᠃ ᠬᠡᠷ ᠪᠠᠶ᠋ᠢᠰᠢᠩ ᠭᠠᠵᠠᠷ ᠬᠥᠷᠥᠩᠭᠡ ᠵᠢ ᠰᠢᠯᠵᠢᠭᠦᠯᠦᠨ ᠥᠭᠬᠦ᠎ᠳᠤ ᠬᠤᠯᠪᠣᠭᠳᠠᠪᠠᠯ᠂ ᠬᠡᠷ ᠪᠠᠶ᠋ᠢᠰᠢᠩ ᠭᠠᠵᠠᠷ ᠬᠥᠷᠥᠩᠭᠡ ᠵᠢ ᠰᠢᠯᠵᠢᠭᠦᠯᠦᠨ ᠥᠭᠬᠦ ᠬᠠᠮᠢᠶ᠎ᠠ ᠪᠥᠬᠦᠶ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠲᠣᠭᠲᠠᠭ᠋ᠠᠯ ᠶᠣᠰᠣᠭ᠋ᠠᠷ᠂ ᠬᠡᠷ ᠪᠠᠶ᠋ᠢᠰᠢᠩ ᠭᠠᠵᠠᠷ ᠬᠥᠷᠥᠩᠭᠡ ᠵᠢ ᠰᠢᠯᠵᠢᠭᠦᠯᠦᠨ ᠥᠭᠬᠦ ᠬᠠᠮᠢᠶ᠎ᠠ ᠪᠥᠬᠦᠶ ᠭᠠᠷᠳᠠᠮ᠎ᠢ ᠭᠦᠢ᠍ᠴᠡᠳᠬᠡᠨ᠎ᠡ᠃ (ᠬᠠᠷᠢᠭᠤᠴᠠᠬᠤ ᠨᠢᠭᠡᠴᠢ᠄ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠳᠣᠷᠣᠭᠰᠢ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠴᠥᠮ ᠣᠷᠤᠯᠴᠠᠬᠤ ᠴᠢᠬᠤᠯᠠᠲᠠᠢ ᠪᠣᠯᠬᠤᠷ ᠳᠠᠭᠢᠵᠤ ᠵᠢᠭᠰᠠᠭ᠋ᠠᠵᠤ ᠲᠤᠳᠤᠷᠬᠠᠶ᠋ᠢᠯᠠᠬᠤ ᠥᠬᠡᠶ)
(ᠬᠤᠶᠠᠷ) ᠠᠳᠠᠯᠢ ᠪᠤᠰᠤ ᠡᠷᠬᠡ ᠴᠢᠳᠠᠮᠵᠢ ᠵᠢᠨ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠰᠢᠯᠵᠢᠭᠦᠯᠦᠨ ᠥᠭᠬᠦ ᠨᠥᠬᠦᠴᠡᠯ᠎ᠢ᠎ᠨᠢ ᠲᠣᠳᠣᠷᠬᠠᠶ᠋ᠢᠯᠠᠨ᠎ᠠ᠃
1. ᠬᠤᠪᠢᠶᠠᠷᠢᠯᠠᠨ ᠥᠭᠬᠦ ᠠᠷᠭ᠎ᠠ᠎ᠪᠠᠷ ᠣᠯᠤᠭᠰᠠᠨ ᠪᠦᠳᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠷᠡᠭᠯᠡᠬᠦ ᠡᠷᠬᠡ ᠵᠢ ᠰᠢᠯᠵᠢᠭᠦᠯᠦᠨ ᠥᠭᠬᠦ᠃ ᠬᠤᠪᠢᠶᠠᠷᠢᠯᠠᠨ ᠥᠭᠭᠦᠭᠰᠡᠨ ᠪᠥᠳᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠷᠡᠭᠯᠡᠬᠦ ᠡᠷᠬᠡ ᠵᠢ ᠵᠥᠪᠰᠢᠶᠡᠷᠡᠭᠦᠯᠦᠭᠰᠡᠨ ᠥᠭᠡᠢ ᠪᠣᠯ ᠳᠤᠷ᠎ᠠ᠎ᠪᠠᠷ ᠵᠶ᠋ᠠᠨ ᠰᠢᠯᠵᠢᠭᠦᠯᠦᠨ ᠥᠭᠴᠦ ᠪᠣᠯᠬᠤ ᠥᠭᠡᠢ᠂ ᠦᠨᠡᠨ ᠬᠦ᠌ ᠰᠢᠯᠵᠢᠭᠦᠯᠦᠨ ᠥᠭᠬᠦ ᠴᠢᠬᠤᠯᠠᠲᠠᠢ ᠪᠣᠯ᠂ ᠬᠤᠪᠢᠶᠠᠷᠢᠯᠠᠨ ᠥᠭᠭᠦᠭᠰᠡᠨ ᠪᠥᠳᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠷᠡᠭᠯᠡᠬᠦ ᠡᠷᠬᠡᠲᠦ ᠬᠥᠮᠦᠨ᠎ᠨᠢ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠠᠯᠠᠭ᠎ᠠ ᠮᠥᠴᠢᠷ᠎ᠲᠤ ᠭᠤᠶᠤᠴᠢᠯᠠᠯ ᠭᠠᠷᠭ᠋ᠠᠵᠤ᠂ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠶ᠃ ᠰᠢᠯᠵᠢᠭᠦᠯᠦᠨ ᠥᠭᠭᠦᠭᠰᠡᠨ᠎ᠤ ᠳᠠᠷᠠᠭ᠎ᠠ ᠭᠠᠵᠠᠷ ᠰᠢᠷᠣᠶ ᠵᠢᠨ ᠵᠣᠷᠢᠭᠤᠯᠤᠯᠲᠠ᠎ᠨᠢ 《ᠬᠤᠪᠢᠶᠠᠷᠢᠯᠠᠨ ᠥᠭᠭᠦᠭᠰᠡᠨ ᠬᠡᠷᠡᠭᠯᠡᠬᠦ ᠭᠠᠵᠠᠷ᠎ᠤᠨ ᠭᠠᠷᠴᠠᠭ》᠎ᠲᠤ ᠨᠡᠶ᠋ᠢᠴᠡᠭᠰᠡᠨ ᠪᠠᠶ᠋ᠢᠪᠠᠯ᠂ ᠬᠠᠤᠯᠢ ᠶᠣᠰᠣᠭ᠋ᠠᠷ ᠵᠥᠪᠰᠢᠶᠡᠷᠡᠭᠦᠯᠦᠭᠰᠡᠨ᠎ᠤ ᠳᠠᠷᠠᠭ᠎ᠠ᠂ ᠭᠠᠵᠠᠷ ᠰᠢᠷᠣᠶ ᠵᠢ ᠲᠦᠯᠦᠪᠦᠷᠢᠲᠡᠢ ᠰᠢᠯᠵᠢᠭᠦᠯᠬᠦ ᠦᠨ᠎ᠡ ᠵᠢᠨ ᠵᠣᠭᠤᠰ᠎ᠢ ᠨᠥᠬᠦᠵᠦ ᠲᠤᠰᠢᠶᠠᠬᠤ ᠥᠬᠡᠶ ᠪᠠᠶ᠋ᠢᠵᠤ ᠪᠣᠯᠣᠨ᠎ᠠ᠂ ᠥᠯᠥ ᠬᠥᠳᠡᠯᠬᠦ ᠬᠥᠷᠥᠩᠭᠡ ᠵᠢᠨ ᠰᠢᠯᠵᠢᠭᠦᠯᠬᠦ ᠪᠦᠷᠢᠳᠭᠡᠯ ᠶᠣᠰᠣᠭ᠋ᠠᠷ ᠬᠠᠮᠢᠶ᠎ᠠ ᠪᠥᠬᠦᠶ ᠭᠠᠷᠳᠠᠮ᠎ᠢ ᠭᠦᠢ᠍ᠴᠡᠳᠬᠡᠨ᠎ᠡ; 《ᠰᠢᠯᠵᠢᠭᠦᠯᠦᠨ ᠥᠭᠭᠦᠭᠰᠡᠨ ᠬᠡᠷᠡᠭᠯᠡᠬᠦ ᠭᠠᠵᠠᠷ᠎ᠤᠨ ᠭᠠᠷᠴᠠᠭ》᠎ᠲᠤ ᠥᠯᠥ ᠨᠠᠶ᠋ᠢᠴᠡᠪᠡᠯ᠂ ᠲᠥᠯᠥᠪᠵᠢᠭᠦᠯᠭᠡ᠎ᠳᠤ ᠨᠡᠶ᠋ᠢᠴᠡᠭᠰᠡᠨ ᠤᠷᠢᠲᠠᠯ ᠳᠣᠤᠷ᠎ᠠ᠂ ᠬᠤᠳᠠᠯᠳᠤᠵᠤ ᠠᠪᠬᠤ ᠲᠠᠯ᠎ᠠ᠎ᠠᠴᠠ ᠭᠠᠵᠠᠷ ᠰᠢᠷᠣᠶ ᠵᠢ ᠲᠦᠯᠦᠪᠦᠷᠢᠲᠡᠢ ᠰᠢᠯᠵᠢᠭᠦᠯᠬᠦ ᠦᠨ᠎ᠡ ᠵᠢᠨ ᠵᠣᠭᠤᠰ᠎ᠢ ᠬᠠᠤᠯᠢ ᠲᠣᠭᠲᠠᠭ᠋ᠠᠯ ᠶᠣᠰᠣᠭ᠋ᠠᠷ ᠨᠦᠬᠦᠵᠦ ᠲᠤᠰᠢᠶᠠᠭᠰᠠᠨ᠎ᠤ ᠳᠠᠷᠠᠭ᠎ᠠ᠂ ᠬᠤᠶᠠᠷ ᠲᠠᠯ᠎ᠠ᠎ᠪᠠᠷ ᠵᠶ᠋ᠠᠨ ᠥᠯᠥ ᠬᠥᠳᠡᠯᠬᠦ ᠬᠥᠷᠥᠩᠭᠡ ᠵᠢᠨ ᠰᠢᠯᠵᠢᠭᠦᠯᠬᠦ ᠪᠦᠷᠢᠳᠭᠡᠯ᠎ᠤᠨ ᠭᠠᠷᠳᠠᠮ᠎ᠢ ᠭᠦᠢ᠍ᠴᠡᠳᠬᠡᠨ᠎ᠡ᠃ ᠲᠥᠯᠥᠪᠵᠢᠭᠦᠯᠭᠡ ᠵᠢᠨ ᠨᠥᠬᠦᠴᠡᠯ᠎ᠢ ᠬᠠᠤᠯᠢ ᠶᠣᠰᠣᠭ᠋ᠠᠷ ᠬᠤᠪᠢᠷᠠᠭᠤᠯᠤᠭᠰᠠᠨ ᠪᠠᠶ᠋ᠢᠪᠠᠯ᠂ ᠭᠠᠵᠠᠷ ᠰᠢᠷᠣᠶ ᠵᠢ ᠲᠦᠯᠦᠪᠦᠷᠢᠲᠡᠢ ᠰᠢᠯᠵᠢᠭᠦᠯᠬᠦ ᠦᠨ᠎ᠡ ᠵᠢᠨ ᠵᠣᠭᠤᠰ᠎ᠢ ᠨᠦᠬᠦᠵᠦ ᠲᠤᠰᠢᠶᠠᠬᠤ᠎ᠳᠤ ᠬᠤᠪᠢᠷᠠᠭᠤᠯᠤᠭᠰᠠᠨ᠎ᠤ ᠳᠠᠷᠠᠭ᠋ᠠᠬᠢ ᠲᠥᠯᠥᠪᠵᠢᠭᠦᠯᠭᠡ ᠵᠢᠨ ᠨᠥᠬᠦᠴᠡᠯ ᠳᠣᠣᠷᠠᠬᠢ ᠭᠠᠵᠠᠷ ᠰᠢᠷᠣᠶ ᠵᠢᠨ ᠬᠡᠷᠡᠭᠯᠡᠬᠦ ᠡᠷᠬᠡ ᠵᠢ ᠲᠦᠯᠦᠪᠦᠷᠢ᠎ᠲᠠᠢ ᠰᠢᠯᠵᠢᠭᠦᠯᠬᠦ ᠬᠡᠪ᠎ᠤᠨ ᠵᠠᠬ᠎ᠠ ᠳᠡᠯᠭᠡᠭᠦᠷ᠎ᠤᠨ ᠦᠨ᠎ᠡ ᠬᠠᠩᠰᠢ ᠵᠢᠨ ᠶᠣᠰᠣᠭ᠋ᠠᠷ᠂ ᠣᠲᠣ ᠵᠢᠨ ᠬᠡᠷᠡᠭᠯᠡᠵᠦ ᠪᠠᠶ᠋ᠢᠭ᠎ᠠ ᠨᠥᠬᠦᠴᠡᠯ ᠳᠣᠤᠷᠠᠬᠢ ᠬᠤᠪᠢᠶᠠᠷᠢᠯᠠᠨ ᠥᠭᠭᠦᠭᠰᠡᠨ ᠭᠠᠵᠠᠷ ᠰᠢᠷᠣᠶ ᠵᠢᠨ ᠬᠡᠷᠡᠭᠯᠡᠬᠦ ᠡᠷᠬᠡ ᠵᠢᠨ ᠦᠨ᠎ᠡ ᠬᠠᠩᠰᠢ ᠵᠢ ᠬᠠᠰᠤᠭ᠋ᠠᠳ ᠵᠦᠶ ᠵᠣᠬᠢᠰᠲᠠᠶ ᠲᠣᠭᠲᠠᠭ᠋ᠠᠬᠤ ᠬᠡᠷᠡᠭᠲᠡᠶ᠃ ᠵᠠᠰᠠᠭ᠎ᠤᠨ ᠣᠷᠳᠣᠨ᠎ᠤ ᠪᠠᠶ᠋ᠢᠭᠤᠯᠤᠮᠵᠢ᠂ ᠠᠵᠢᠯ ᠦᠢ᠍ᠯᠡᠰ᠎ᠤᠨ ᠨᠢᠭᠡᠴᠢ ᠪᠣᠯᠤᠨ ᠤᠯᠤᠰ᠎ᠤᠨ ᠥᠮᠴᠢᠯᠡᠯᠲᠦ ᠲᠤᠰᠠᠭ᠋ᠠᠷ ᠪᠡᠯᠡ ᠵᠢᠨ ᠠᠵᠤ ᠠᠬᠤᠶ᠋ᠢᠯᠠᠯ᠎ᠤᠨ ᠬᠤᠭᠤᠷᠣᠨᠳᠣ᠎ᠪᠠᠨ ᠤᠯᠤᠰ᠎ᠤᠨ ᠥᠮᠴᠢᠯᠡᠯᠲᠦ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠷᠡᠭᠯᠡᠬᠦ ᠡᠷᠬᠡ ᠵᠢ ᠬᠤᠪᠢᠶᠠᠷᠢᠯᠠᠨ ᠰᠢᠯᠵᠢᠭᠦᠯᠬᠦ᠎ᠳᠤ᠂ ᠬᠤᠪᠢᠶᠠᠷᠢᠯᠠᠨ ᠰᠢᠯᠵᠢᠭᠦᠯᠦᠭᠰᠡᠨᠤ ᠳᠠᠷᠠᠭ᠎ᠠ 《ᠬᠤᠪᠢᠶᠠᠷᠢᠯᠠᠨ ᠥᠭᠭᠦᠭᠰᠡᠨ ᠬᠡᠷᠡᠭᠯᠡᠬᠦ ᠭᠠᠵᠠᠷ᠎ᠤᠨ ᠭᠠᠷᠴᠠᠭ》᠎ᠲᠤ ᠨᠡᠶ᠋ᠢᠴᠡᠵᠦ ᠬᠤᠪᠢᠶᠠᠷᠢᠯᠠᠨ ᠥᠭᠬᠦ ᠠᠷᠭ᠎ᠠ ᠮᠠᠶᠢᠭ᠎ᠢ᠎ᠨᠢ ᠦᠯᠡᠳᠡᠭᠡᠵᠦ ᠬᠡᠷᠡᠭᠯᠡᠪᠡᠯ᠂ ᠬᠤᠪᠢᠶᠠᠷᠢᠯᠠᠨ ᠰᠢᠯᠵᠢᠭᠦᠯᠬᠦ ᠵᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠵᠶ᠋ᠠᠷ ᠵᠶ᠋ᠠᠨ ᠭᠠᠵᠠᠷ ᠰᠢᠷᠣᠶ ᠰᠢᠯᠵᠢᠭᠦᠯᠬᠦ ᠪᠦᠷᠢᠳᠭᠡᠯ᠎ᠤᠨ ᠭᠠᠷᠳᠠᠮ᠎ᠢ ᠰᠢᠭᠤᠳ ᠭᠦᠢ᠍ᠴᠡᠳᠬᠡᠵᠦ ᠪᠣᠯᠤᠨ᠎ᠠ᠃ (ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠂ ᠥᠪᠥᠷ ᠮᠣᠩᠭᠤᠯ᠎ᠤᠨ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ)
2. ᠲᠦᠯᠦᠪᠦᠷᠢᠲᠡᠢ ᠰᠢᠯᠵᠢᠭᠦᠯᠬᠦ ᠠᠷᠭ᠎ᠠ ᠮᠠᠶᠢᠭ ᠵᠶ᠋ᠠᠷ ᠣᠯᠤᠭᠰᠠᠨ ᠪᠦᠳᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠷᠡᠭᠯᠡᠬᠦ ᠡᠷᠬᠡ ᠵᠢ ᠰᠢᠯᠵᠢᠭᠦᠯᠦᠨ ᠥᠭᠬᠦ᠃ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠲᠣᠭᠲᠠᠭ᠋ᠠᠯ ᠪᠠ ᠲᠦᠯᠦᠪᠦᠷᠢᠲᠡᠢ ᠰᠢᠯᠵᠢᠭᠦᠯᠬᠦ ᠭᠡᠷ᠎ᠡ ᠵᠢᠨ ᠪᠣᠯᠵᠣᠯᠳᠤ ᠨᠡᠶ᠋ᠢᠴᠡᠭᠰᠡᠨ ᠤᠷᠢᠲᠠᠯ ᠳᠣᠣᠷ᠎ᠠ᠂ ᠠᠷᠠᠯᠵᠢᠶᠠᠨ᠎ᠤ ᠡᠷᠬᠡ ᠴᠢᠯᠥᠭᠡ ᠵᠢ ᠭᠦᠢ᠍ᠴᠡᠳ ᠪᠠᠲᠤᠯᠠᠵᠤ᠂ ᠦᠯᠦ ᠬᠥᠳᠡᠯᠬᠦ ᠬᠦᠷᠦᠩᠭᠡ ᠵᠢᠨ ᠰᠢᠯᠵᠢᠭᠦᠯᠬᠦ ᠪᠦᠷᠢᠳᠭᠡᠯ᠎ᠢ ᠬᠠᠤᠯᠢ ᠶᠣᠰᠣᠭ᠋ᠠᠷ ᠭᠦᠢ᠍ᠴᠡᠳᠭᠡᠬᠦ ᠬᠡᠷᠡᠭᠲᠡᠶ᠃ ᠤᠤᠯ᠎ᠤᠨ ᠲᠦᠯᠦᠪᠦᠷᠢᠲᠡᠢ ᠰᠢᠯᠵᠢᠭᠦᠯᠬᠦ ᠭᠡᠷ᠎ᠡ᠎ᠳᠤ ᠰᠢᠯᠵᠢᠭᠦᠯᠦᠨ ᠥᠭᠬᠦ ᠨᠥᠬᠦᠴᠡᠯ᠎ᠤᠨ ᠲᠤᠬᠠᠶ ᠠᠰᠲᠠᠭ᠋ᠠᠨ ᠪᠣᠯᠵᠣᠨ ᠲᠣᠭᠲᠠᠭᠰᠠᠨ ᠪᠠᠶ᠋ᠢᠪᠠᠯ ᠲᠡᠷᠡ ᠪᠣᠯᠵᠣᠯ᠎ᠢ ᠵᠢᠷᠤᠮᠯᠠᠨ᠎ᠠ᠃ ᠪᠦᠳᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠷᠡᠭᠯᠡᠬᠦ ᠡᠷᠬᠡ ᠵᠢ ᠰᠢᠯᠵᠢᠭᠦᠯᠦᠨ ᠥᠭᠭᠦᠭᠰᠡᠨ᠎ᠤ ᠳᠠᠷᠠᠭ᠋ᠠᠬᠢ ᠭᠠᠵᠠᠷ ᠰᠢᠷᠣᠶ ᠵᠢᠨ ᠬᠡᠷᠡᠭᠯᠡᠬᠦ ᠵᠢᠯ ᠬᠤᠭᠤᠴᠠᠭ᠎ᠠ᠎ᠨᠢ ᠤᠤᠯ᠎ᠤᠨ ᠲᠦᠯᠦᠪᠦᠷᠢᠲᠡᠢ ᠰᠢᠯᠵᠢᠭᠦᠯᠬᠦ ᠭᠡᠷ᠎ᠡ᠎ᠳᠠᠬᠢ ᠦᠯᠡᠳᠡᠭᠰᠡᠨ ᠵᠢᠯ ᠬᠤᠭᠤᠴᠠᠭ᠎ᠠ ᠪᠣᠯᠤᠨ᠎ᠠ᠃ ᠭᠡᠷ ᠪᠠᠶ᠋ᠢᠰᠢᠩ᠎ᠤᠨ ᠪᠠᠷᠢᠯᠭ᠎ᠠ ᠵᠢᠨ ᠠᠵᠢᠯ᠎ᠤᠨ ᠪᠡᠯᠡ ᠣᠷᠣᠭᠤᠯᠤᠯᠲᠠ ᠵᠢᠨ ᠲᠤᠭ᠎ᠠ᠎ᠨᠢ ᠪᠦᠬᠦ ᠪᠡᠯᠡ ᠣᠷᠣᠭᠤᠯᠤᠯᠲᠠ ᠵᠢᠨ ᠲᠣᠭ᠋ᠠᠨ᠎ᠤ 25%᠎ᠠᠴᠠ ᠳᠡᠭᠡᠭᠰᠢ᠎ᠳᠤ ᠬᠦᠷᠦᠭᠰᠡᠨ ᠦᠭᠡᠢ᠂ ᠠᠵᠤ ᠦᠢ᠍ᠯᠡᠳᠪᠦᠷᠢ᠎ᠳᠤ ᠬᠡᠷᠡᠭᠯᠡᠬᠦ ᠭᠠᠵᠠᠷ ᠰᠢᠷᠣᠶ᠎ᠨᠢ 《ᠭᠤᠷᠪᠠ ᠵᠢ ᠨᠡᠪᠲᠡᠷᠡᠭᠦᠯᠵᠦ ᠨᠢᠭᠡ ᠵᠢ ᠲᠡᠭᠰᠢᠯᠡᠬᠦ》᠎ᠳᠤ ᠦᠯᠦ ᠭᠦᠷᠦᠭᠰᠡᠨ᠎ᠳᠤ ᠬᠠᠷᠢᠶᠠᠯᠠᠭᠳᠠᠪᠠᠯ᠂ ᠠᠩᠬ᠎ᠠ ᠤᠳᠠᠭ᠎ᠠ ᠰᠢᠯᠵᠢᠭᠦᠯᠦᠨ ᠥᠭᠬᠦ᠎ᠳᠤ᠎ᠪᠠᠨ᠂ ᠤᠷᠢᠳ ᠵᠶ᠋ᠠᠷ ᠣᠷᠣᠭᠤᠯᠤᠯᠲᠠ ᠬᠢᠵᠦ ᠳᠠᠷᠠᠭ᠎ᠠ᠎ᠨᠢ ᠰᠢᠯᠵᠢᠭᠦᠯᠦᠨ ᠥᠭᠬᠦ ᠵᠠᠷᠴᠢᠮ ᠶᠣᠰᠣᠭ᠋ᠠᠷ᠂ ᠠᠷᠠᠯᠵᠢᠶᠠᠯᠠᠬᠤ ᠬᠤᠶᠠᠷ ᠲᠠᠯ᠎ᠠ᠎ᠪᠠᠷ ᠵᠶ᠋ᠠᠨ ᠤᠷᠢᠳ ᠵᠶ᠋ᠠᠷ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠷᠡᠭᠯᠡᠬᠦ ᠡᠷᠬᠡ᠎ᠪᠠᠨ ᠰᠢᠯᠵᠢᠭᠦᠯᠦᠨ ᠥᠭᠬᠦ ᠭᠡᠷ᠎ᠡ ᠲᠣᠭᠲᠠᠬᠤ ᠵᠢ ᠵᠥᠪᠰᠢᠶᠡᠷᠡᠵᠦ᠂ ᠬᠠᠤᠯᠢ ᠶᠣᠰᠣᠭ᠋ᠠᠷ ᠥᠯᠥ ᠬᠥᠳᠡᠯᠬᠦ ᠬᠥᠷᠥᠩᠭᠡ ᠵᠢᠨ ᠤᠷᠢᠳᠴᠢᠯᠠᠨ ᠮᠡᠳᠡᠭᠳᠡᠭᠰᠡᠨ ᠪᠦᠷᠢᠳᠭᠡᠯ᠎ᠢ ᠭᠦᠢ᠍ᠴᠡᠳᠭᠡᠭᠡᠳ ᠨᠡᠭᠡᠭᠡᠨ ᠠᠰᠢᠭᠯᠠᠬᠤ ᠪᠠᠯᠠ ᠣᠷᠣᠭᠤᠯᠤᠯᠲᠠ᠎ᠨᠢ ᠰᠢᠯᠵᠢᠭᠦᠯᠦᠨ ᠥᠭᠬᠦ ᠨᠥᠬᠦᠴᠡᠯ᠎ᠳᠤ ᠭᠦᠷᠦᠭᠰᠡᠨ᠎ᠤ ᠳᠠᠷᠠᠭ᠎ᠠ᠂ ᠳᠠᠬᠢᠨ ᠥᠯᠥ ᠬᠥᠳᠡᠯᠬᠦ ᠬᠥᠷᠥᠩᠭᠡ ᠵᠢᠨ ᠰᠢᠯᠵᠢᠭᠦᠯᠬᠦ ᠪᠦᠷᠢᠳᠭᠡᠯ᠎ᠤᠨ ᠭᠠᠷᠳᠠᠮ᠎ᠢ ᠭᠦᠢ᠍ᠴᠡᠳᠬᠡᠨ᠎ᠡ᠃ ᠥᠯᠥ ᠬᠥᠳᠡᠯᠬᠦ ᠬᠥᠷᠥᠩᠭᠡ ᠵᠢᠨ ᠤᠷᠢᠳᠴᠢᠯᠠᠨ ᠮᠡᠳᠡᠭᠳᠡᠭᠰᠡᠨ ᠪᠦᠷᠢᠳᠭᠡᠯ᠎ᠤᠨ ᠭᠡᠷᠡᠴᠢ ᠵᠢ ᠪᠣᠯ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠨᠡᠭᠡᠭᠡᠨ ᠪᠠᠶ᠋ᠢᠭᠤᠯᠬᠤ ᠵᠡᠷᠭᠡ ᠬᠠᠮᠢᠶ᠎ᠠ ᠪᠥᠬᠦᠶ ᠬᠢᠨᠠᠨ ᠵᠥᠪᠰᠢᠶᠡᠷᠡᠭᠦᠯᠬᠦ ᠭᠠᠷᠳᠠᠮ᠎ᠢ ᠭᠦᠢ᠍ᠴᠡᠳᠬᠡᠬᠦ ᠵᠢᠨ ᠦᠨᠳᠦᠰᠦᠯᠡᠯ ᠪᠣᠯᠭ᠋ᠠᠵᠤ ᠪᠣᠯᠤᠨ᠎ᠠ᠃ ᠲᠥᠷᠥᠯ ᠵᠦᠢ᠍ᠯ᠎ᠤᠨ ᠪᠡᠯᠡ ᠣᠷᠣᠭᠤᠯᠤᠯᠲᠠ ᠵᠢᠨ ᠶᠡᠷᠦᠩᠬᠡᠶ ᠲᠣᠭ᠋ᠠᠨ᠎ᠳᠤ ᠡᠵᠡᠯᠡᠬᠦ ᠲᠥᠷᠥᠯ ᠵᠦᠢ᠍ᠯ᠎ᠤᠨ ᠪᠡᠯᠡ ᠣᠷᠣᠭᠤᠯᠤᠯᠲᠠ ᠵᠢᠨ ᠲᠤᠭ᠎ᠠ ᠵᠢᠨ ᠬᠠᠷᠢᠴᠠᠯ᠎ᠢ ᠬᠢᠷᠢ ᠬᠡᠮ᠎ᠲᠠᠢ ᠪᠠᠶ᠋ᠢᠭᠤᠯᠤᠮᠵᠢ᠎ᠳᠤ ᠨᠠᠶ᠋ᠢᠳᠠᠵᠤ ᠮᠠᠭ᠋ᠠᠳᠯᠠᠨ ᠲᠣᠭᠲᠠᠭ᠋ᠠᠯᠭ᠋ᠠᠵᠤ ᠪᠣᠯᠤᠨ᠎ᠠ᠃ ᠭᠠᠵᠠᠷ ᠰᠢᠷᠣᠶ ᠰᠤᠯᠠ ᠲᠠᠯᠪᠢᠭᠳᠠᠵᠤ ᠪᠠᠶ᠋ᠢᠬᠤ᠎ᠳᠤ ᠬᠤᠯᠪᠣᠭᠳᠠᠭᠰᠠᠨ ᠪᠣᠯ᠂ ᠰᠤᠯᠠ ᠲᠠᠯᠪᠢᠭᠳᠠᠵᠤ ᠪᠠᠶ᠋ᠢᠭ᠎ᠠ ᠭᠠᠵᠠᠷ ᠰᠢᠷᠣᠶ ᠵᠢᠨ ᠬᠤᠯᠪᠣᠭᠳᠠᠯ ᠪᠥᠬᠦᠶ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠵᠦ ᠪᠣᠳᠠᠲᠠᠶ᠋ᠢᠵᠢᠭᠤᠯᠤᠭᠰᠠᠨᠤ ᠳᠠᠷᠠᠭ᠎ᠠ᠂ ᠲᠣᠰ ᠲᠥᠷᠥ ᠵᠢᠨ ᠪᠣᠳᠣᠯᠭ᠎ᠠ ᠵᠢ ᠲᠣᠬᠢᠷᠠᠭᠤᠯᠤᠨ ᠬᠡᠷᠡᠭᠯᠡᠨ᠎ᠡ᠃ ᠦᠨ᠎ᠡ ᠲᠣᠭᠲᠠᠭ᠋ᠠᠨ ᠪᠡᠯᠡ ᠭᠠᠷᠭ᠋ᠠᠬᠤ ᠪᠤᠶᠤ ᠬᠤᠪᠢ ᠣᠷᠣᠭᠤᠯᠬᠤ ᠠᠷᠭ᠎ᠠ ᠮᠠᠶᠢᠭ ᠵᠶ᠋ᠠᠷ ᠣᠯᠤᠭᠰᠠᠨ ᠪᠦᠳᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠷᠡᠭᠯᠡᠬᠦ ᠡᠷᠬᠡ ᠵᠢ ᠰᠢᠯᠵᠢᠭᠦᠯᠦᠨ ᠥᠭᠬᠦ᠃ ᠲᠦᠯᠦᠪᠦᠷᠢᠲᠡᠢ ᠰᠢᠯᠵᠢᠭᠦᠯᠬᠦ ᠠᠷᠭ᠎ᠠ ᠮᠠᠶᠢᠭ ᠵᠶ᠋ᠠᠷ ᠣᠯᠤᠭᠰᠠᠨ ᠪᠦᠳᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠷᠡᠭᠯᠡᠬᠦ ᠡᠷᠬᠡ ᠵᠢ ᠰᠢᠯᠵᠢᠭᠦᠯᠦᠨ ᠥᠭᠬᠦ ᠬᠤᠯᠪᠣᠭᠳᠠᠯ ᠪᠦᠬᠦᠢ ᠲᠣᠭᠲᠠᠭ᠋ᠠᠯ ᠵᠶ᠋ᠠᠷ ᠯᠠᠪᠯᠠᠯᠲᠠ ᠪᠣᠯᠭ᠋ᠠᠵᠤ᠂ ᠤᠤᠯ᠎ᠤᠨ ᠪᠦᠳᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠷᠡᠭᠯᠡᠬᠦ ᠡᠷᠬᠡ᠎ᠪᠠᠷ ᠬᠠᠩᠰᠢᠯᠠᠨ ᠪᠡᠯᠡ ᠭᠠᠷᠭ᠋ᠠᠬᠤ ᠪᠤᠶᠤ ᠬᠤᠪᠢ ᠣᠷᠣᠭᠤᠯᠬᠤ ᠵᠢ ᠵᠥᠪᠰᠢᠶᠡᠷᠡᠭᠰᠡᠨ ᠪᠠᠶ᠋ᠢᠭᠤᠯᠭ᠎ᠠ᠎ᠳᠤ ᠳᠠᠬᠢᠵᠤ ᠮᠡᠳᠡᠭᠦᠯᠵᠦ ᠵᠥᠪᠰᠢᠶᠡᠷᠡᠭᠦᠯᠬᠦ ᠴᠢᠬᠤᠯᠠ ᠦᠭᠡᠢ; ᠰᠢᠯᠵᠢᠭᠦᠯᠦᠨ ᠥᠭᠭᠦᠭᠰᠡᠨ᠎ᠤ ᠲᠠᠷᠠᠭ᠎ᠠ᠂ ᠦᠨ᠎ᠡ ᠲᠣᠭᠲᠠᠭ᠋ᠠᠨ ᠪᠡᠯᠡ ᠭᠠᠷᠭ᠋ᠠᠬᠤ ᠪᠤᠶᠤ ᠬᠤᠪᠢ ᠣᠷᠣᠭᠤᠯᠬᠤ ᠠᠷᠭ᠎ᠠ ᠮᠠᠶᠢᠭ ᠪᠣᠯᠭ᠋ᠠᠨ ᠦᠯᠡᠳᠡᠭᠡᠵᠦ ᠪᠣᠯᠤᠨ᠎ᠠ᠂ ᠡᠰᠡᠬᠦᠯ᠎ᠡ ᠰᠢᠭᠤᠳ ᠲᠦᠯᠦᠪᠦᠷᠢᠲᠡᠢ ᠰᠢᠯᠵᠢᠭᠦᠯᠬᠦ ᠠᠷᠭ᠎ᠠ ᠮᠠᠶᠢᠭ ᠪᠣᠯᠭ᠋ᠠᠨ ᠬᠤᠪᠢᠷᠠᠭᠤᠯᠵᠤ ᠪᠣᠯᠤᠨ᠎ᠠ᠃ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠷᠡᠭᠯᠡᠬᠦ ᠡᠷᠬᠡ᠎ᠪᠠᠷ ᠦᠨ᠎ᠡ ᠲᠣᠭᠲᠠᠭ᠋ᠠᠨ ᠪᠠᠯᠠ ᠭᠠᠷᠭ᠋ᠠᠬᠤ ᠪᠤᠶᠤ ᠬᠤᠪᠢ ᠣᠷᠣᠭᠤᠯᠵᠤ ᠭᠠᠵᠠᠷ ᠰᠢᠷᠣᠶ ᠵᠢᠨ ᠵᠣᠷᠢᠭᠤᠯᠤᠯᠲᠠ ᠵᠢ ᠬᠤᠪᠢᠷᠠᠭᠤᠯᠤᠭᠰᠠᠨ ᠪᠤᠶᠤ ᠥᠭᠡᠷᠡᠴᠢᠯᠡᠵᠦ ᠥᠷᠭᠡᠳᠬᠡᠨ ᠪᠠᠶ᠋ᠢᠭᠤᠯᠤᠭ᠋ᠠᠳ ᠪᠠᠭᠲᠠᠭ᠋ᠠᠮᠵᠢ ᠵᠢᠨ ᠨᠣᠷᠮ᠎ᠠ ᠵᠢ᠎ᠨᠢ ᠨᠡᠮᠡᠭᠳᠡᠭᠦᠯᠦᠭᠰᠡᠨ ᠪᠠᠶ᠋ᠢᠪᠠᠯ᠂ ᠭᠠᠵᠠᠷ ᠰᠢᠷᠣᠶ ᠵᠢᠨ ᠬᠡᠷᠡᠭᠯᠡᠬᠦ ᠡᠷᠬᠡ ᠵᠢ ᠲᠦᠯᠦᠪᠦᠷᠢᠲᠡᠢ ᠰᠢᠯᠵᠢᠭᠦᠯᠬᠦ ᠬᠤᠯᠪᠣᠭᠳᠠᠯ ᠪᠥᠬᠦᠶ ᠲᠣᠭᠲᠠᠭ᠋ᠠᠯ ᠵᠶ᠋ᠠᠷ ᠯᠠᠪᠯᠠᠯᠲᠠ ᠪᠣᠯᠭ᠋ᠠᠵᠤ᠂ ᠭᠠᠵᠠᠷ ᠰᠢᠷᠣᠶ ᠵᠢ ᠲᠦᠯᠦᠪᠦᠷᠢᠲᠡᠢ ᠰᠢᠯᠵᠢᠭᠦᠯᠬᠦ ᠦᠨ᠎ᠡ ᠵᠢᠨ ᠵᠣᠭᠤᠰ᠎ᠢ ᠬᠠᠤᠯᠢ ᠶᠣᠰᠣᠭ᠋ᠠᠷ ᠵᠥᠪᠰᠢᠶᠡᠷᠡᠭᠦᠯᠦᠭᠡᠳ ᠨᠦᠬᠦᠵᠦ ᠲᠤᠰᠢᠶᠠᠨ᠂ ᠣᠯᠣᠭᠰᠠᠨ ᠠᠷᠭ᠎ᠠ ᠮᠠᠶᠢᠭ᠎ᠢ᠎ᠨᠢ ᠲᠦᠯᠦᠪᠦᠷᠢᠲᠡᠢ ᠰᠢᠯᠵᠢᠭᠦᠯᠦᠭᠰᠡᠨ ᠵᠶ᠋ᠠᠷ ᠬᠤᠪᠢᠷᠠᠭᠤᠯᠵᠤ ᠪᠣᠯᠣᠨ᠎ᠠ᠃ (ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠂ ᠥᠪᠥᠷ ᠮᠣᠩᠭᠤᠯ᠎ᠤᠨ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ)
3. ᠠᠵᠤ ᠠᠬᠤᠶ᠋ᠢᠯᠠᠯ᠎ᠢ ᠨᠡᠶ᠋ᠢᠯᠡᠭᠦᠯᠵᠦ ᠳᠠᠬᠢᠨ ᠵᠣᠬᠢᠶᠠᠨ ᠪᠠᠶ᠋ᠢᠭᠤᠯᠬᠤ᠂ ᠪᠠᠶ᠋ᠢᠭᠤᠯᠤᠯ᠎ᠤᠨ ᠥᠭᠡᠷᠡᠴᠢᠯᠡᠯᠲᠡ ᠬᠢᠬᠦ᠎ᠳᠤ ᠬᠤᠪᠢᠶᠠᠷᠢᠯᠠᠨ ᠰᠠᠯᠭ᠋ᠠᠵᠤ ᠥᠭᠭᠦᠭᠰᠡᠨ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠷᠡᠭᠯᠡᠬᠦ ᠡᠷᠬᠡ ᠵᠢ ᠰᠢᠯᠵᠢᠭᠦᠯᠦᠨ ᠥᠭᠭᠦ᠃ ᠠᠵᠤ ᠠᠬᠤᠶ᠋ᠢᠯᠠᠯ᠎ᠢ ᠨᠡᠶ᠋ᠢᠯᠡᠭᠦᠯᠵᠦ ᠳᠠᠬᠢᠨ ᠵᠣᠬᠢᠶᠠᠨ ᠪᠠᠶ᠋ᠢᠭᠤᠯᠬᠤ᠂ ᠪᠠᠶ᠋ᠢᠭᠤᠯᠤᠯ᠎ᠤᠨ ᠥᠭᠡᠷᠡᠴᠢᠯᠡᠯᠲᠡ ᠬᠢᠬᠦ᠎ᠳᠤ ᠬᠤᠯᠪᠣᠭᠳᠠᠭᠰᠠᠨ ᠬᠤᠪᠢᠶᠠᠷᠢᠯᠠᠨ ᠰᠠᠯᠭ᠋ᠠᠵᠤ ᠥᠭᠬᠦ ᠭᠠᠵᠠᠷ ᠰᠢᠷᠣᠶ᠎ᠨᠢ 《ᠬᠤᠪᠢᠶᠠᠷᠢᠯᠠᠨ ᠥᠭᠭᠦᠭᠰᠡᠨ ᠬᠡᠷᠡᠭᠯᠡᠬᠦ ᠭᠠᠵᠠᠷ᠎ᠤᠨ ᠭᠠᠷᠴᠠᠭ》᠎ᠲᠤ ᠨᠡᠶ᠋ᠢᠴᠡᠭᠰᠡᠨ ᠪᠠᠶ᠋ᠢᠪᠠᠯ᠂ ᠬᠠᠤᠯᠢ ᠶᠣᠰᠣᠭ᠋ᠠᠷ ᠵᠥᠪᠰᠢᠶᠡᠷᠡᠭᠦᠯᠦᠭᠰᠡᠨ᠎ᠤ ᠳᠠᠷᠠᠭ᠎ᠠ᠂ ᠦᠷᠭᠦᠯᠵᠢᠯᠡᠨ ᠬᠤᠪᠢᠶᠠᠷᠢᠯᠠᠨ ᠰᠠᠯᠭ᠋ᠠᠵᠤ ᠥᠭᠬᠦᠭᠰᠡᠨ ᠠᠷᠭ᠎ᠠ ᠮᠠᠶᠢᠭ ᠵᠶ᠋ᠠᠷ ᠬᠡᠷᠡᠭᠯᠡᠵᠦ ᠪᠣᠯᠤᠨ᠎ᠠ; 《ᠬᠤᠪᠢᠶᠠᠷᠢᠯᠠᠨ ᠥᠭᠭᠦᠭᠰᠡᠨ ᠬᠡᠷᠡᠭᠯᠡᠬᠦ ᠭᠠᠵᠠᠷ᠎ᠤᠨ ᠭᠠᠷᠴᠠᠭ》᠎ᠲᠤ ᠥᠯᠥ ᠨᠠᠶ᠋ᠢᠴᠡᠪᠡᠯ᠂ ᠬᠠᠤᠯᠢ ᠶᠣᠰᠣᠭ᠋ᠠᠷ ᠵᠥᠪᠰᠢᠶᠡᠷᠡᠭᠦᠯᠦᠭᠰᠡᠨ᠎ᠤ ᠲᠠᠷᠠᠭ᠎ᠠ᠂ ᠬᠤᠳᠠᠯᠳᠤᠵᠤ ᠠᠪᠬᠤ ᠲᠠᠯ᠎ᠠ᠎ᠠᠴᠠ ᠭᠠᠵᠠᠷ ᠰᠢᠷᠣᠶ ᠵᠢ ᠰᠢᠯᠵᠢᠭᠦᠯᠦᠨ ᠬᠤᠳᠠᠯᠳᠤᠭᠰᠠᠨ ᠦᠨ᠎ᠡ ᠵᠢᠨ ᠵᠣᠭᠤᠰ᠎ᠢ ᠨᠥᠬᠦᠵᠦ ᠲᠤᠰᠢᠶᠠᠭᠰᠠᠨ᠎ᠤ ᠲᠠᠷᠠᠭ᠎ᠠ ᠦᠯᠦ ᠬᠥᠳᠡᠯᠬᠦ ᠬᠦᠷᠦᠩᠭᠡ ᠵᠢ ᠰᠢᠯᠵᠢᠭᠦᠯᠬᠦ ᠪᠦᠷᠢᠳᠭᠡᠯ᠎ᠢ ᠭᠦᠢ᠍ᠴᠡᠳᠭᠡᠨ᠎ᠡ᠃ (ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠂ ᠥᠪᠥᠷ ᠮᠣᠩᠭᠤᠯ᠎ᠤᠨ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ)
(ᠭᠤᠷᠪᠠ) ᠭᠠᠵᠠᠷ ᠰᠢᠷᠣᠶ ᠵᠢ ᠬᠡᠰᠡᠭᠯᠡᠨ ᠬᠤᠪᠢᠶᠠᠬᠤ᠂ ᠨᠡᠶ᠋ᠢᠯᠡᠭᠦᠯᠵᠦ ᠰᠢᠯᠵᠢᠭᠦᠯᠦᠨ ᠥᠭᠬᠦ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠦᠨ᠎ᠡ᠃ ᠪᠦᠳᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠷᠡᠭᠯᠡᠬᠦ ᠡᠷᠬᠡᠲᠦ ᠬᠥᠮᠦᠨ᠎ᠨᠢ ᠭᠤᠶᠤᠴᠢᠯᠠᠯ ᠭᠠᠷᠭ᠋ᠠᠵᠤ᠂ ᠬᠠᠤᠯᠢ ᠶᠣᠰᠣᠭ᠋ᠠᠷ ᠵᠥᠪᠰᠢᠶᠡᠷᠡᠭᠦᠯᠦᠭᠰᠡᠨ᠎ᠤ ᠲᠠᠷᠠᠭ᠎ᠠ᠂ ᠲᠠᠩ ᠡᠷᠬᠡᠲᠦ ᠭᠠᠵᠠᠷ᠎ᠢ ᠤᠯᠠᠨ ᠡᠷᠬᠡᠲᠦ ᠭᠠᠵᠠᠷ ᠪᠣᠯᠭ᠋ᠠᠨ ᠬᠤᠪᠢᠶᠠᠵᠦ᠂ ᠤᠯᠠᠨ ᠡᠷᠬᠡᠲᠦ ᠭᠠᠵᠠᠷ᠎ᠢ ᠨᠡᠶ᠋ᠢᠯᠡᠭᠦᠯᠦᠭᠡᠳ ᠭᠠᠭᠴᠠ ᠡᠷᠬᠡᠲᠦ ᠭᠠᠵᠠᠷ ᠪᠣᠯᠭ᠋ᠠᠵᠤ ᠪᠣᠯᠤᠨ᠎ᠠ᠃ ᠬᠡᠰᠡᠭᠯᠡᠭᠰᠡᠨ᠂ ᠨᠡᠶ᠋ᠢᠯᠡᠭᠦᠯᠦᠭᠰᠡᠨ᠎ᠤ ᠳᠠᠷᠠᠭ᠋ᠠᠬᠢ ᠭᠠᠵᠠᠷ ᠰᠢᠷᠣᠶ ᠵᠢᠨ ᠥᠮᠴᠢᠯᠡᠬᠦ ᠡᠷᠬᠡ᠎ᠨᠢ ᠲᠣᠳᠣᠷᠬᠠᠶ᠂ ᠲᠤᠰᠠᠭ᠋ᠠᠷ ᠬᠡᠰᠡᠭᠯᠡᠬᠦ ᠨᠥᠬᠦᠴᠡᠯ᠎ᠢ ᠪᠦᠷᠢᠳᠦᠭᠦᠯᠵᠦ᠂ ᠤᠯᠠᠨ ᠨᠡᠶ᠋ᠢᠲᠡ ᠵᠢᠨ ᠢᠵᠢ ᠪᠦᠷᠢᠳᠦᠭᠦᠯᠬᠦ ᠪᠡᠯᠡᠳᠭᠡᠮᠵᠢ ᠵᠢᠨ ᠪᠦᠳᠦᠭᠡᠨ ᠪᠠᠶ᠋ᠢᠭᠤᠯᠤᠯᠲᠠ ᠪᠠ ᠬᠡᠷᠡᠭᠯᠡᠯᠲᠡ᠎ᠳᠤ ᠬᠤᠯᠪᠣᠭᠳᠠᠭᠰᠠᠨ ᠪᠠᠶ᠋ᠢᠪᠠᠯ᠂ ᠰᠢᠯᠵᠢᠭᠦᠯᠦᠨ ᠥᠭᠬᠦ ᠭᠡᠷ᠎ᠡ᠎ᠳᠤ ᠬᠤᠯᠪᠣᠭᠳᠠᠯ ᠪᠦᠬᠦᠢ ᠡᠷᠬᠡ ᠡᠭᠦᠷᠭᠡ ᠵᠢ ᠲᠣᠳᠣᠷᠬᠠᠶ᠋ᠢᠯᠠᠬᠤ ᠬᠡᠷᠡᠭᠲᠡᠶ᠃ ᠭᠠᠵᠠᠷ ᠰᠢᠷᠣᠶ ᠵᠢ ᠬᠡᠰᠡᠭᠯᠡᠨ ᠰᠢᠯᠵᠢᠭᠦᠯᠵᠦ ᠥᠭᠬᠦ᠎ᠳᠤ ᠬᠤᠪᠢᠶᠠᠷᠢᠯᠠᠨ ᠥᠭᠬᠦ ᠲᠣᠭᠲᠠᠭ᠋ᠠᠯ᠎ᠤᠨ ᠪᠢᠴᠢᠭ᠂ ᠲᠦᠯᠦᠪᠦᠷᠢᠲᠡᠢ ᠰᠢᠯᠵᠢᠭᠦᠯᠬᠦ ᠭᠡᠷ᠎ᠡ ᠵᠢᠨ ᠪᠣᠯᠵᠣᠨ ᠲᠣᠭᠲᠠᠭᠰᠠᠨ ᠵᠦᠢ᠍ᠯ᠎ᠳᠤ ᠨᠠᠶ᠋ᠢᠴᠡᠭᠦ ᠬᠡᠷᠡᠭᠲᠡᠶ᠂ ᠬᠡᠰᠡᠭᠯᠡᠨ ᠬᠤᠪᠢᠶᠠᠬᠤ ᠪᠠ ᠲᠦᠯᠦᠪᠦᠷᠢᠲᠡᠢ ᠰᠢᠯᠵᠢᠭᠦᠯᠦᠨ ᠥᠭᠴᠦ ᠪᠣᠯᠬᠤ ᠦᠭᠡᠢ ᠭᠡᠵᠦ ᠲᠣᠳᠣᠷᠬᠠᠶ ᠲᠣᠭᠲᠠᠭ᠋ᠠᠭᠰᠠᠨ ᠪᠠᠶ᠋ᠢᠪᠠᠯ᠂ ᠪᠣᠯᠵᠣᠨ ᠲᠣᠭᠲᠠᠭᠰᠠᠨ ᠵᠶ᠋ᠠᠷ ᠭᠦᠢ᠍ᠴᠡᠣᠡᠭᠡᠭᠦ ᠬᠡᠷᠡᠭᠲᠡᠶ᠃ ᠬᠡᠰᠡᠭᠯᠡᠬᠦ᠎ᠪᠠᠷ ᠪᠠᠶ᠋ᠢᠭ᠎ᠠ ᠡᠷᠬᠡᠲᠦ ᠭᠠᠵᠠᠷ᠎ᠢ ᠨᠢᠭᠡᠨᠲᠡ ᠤᠷᠢᠳᠴᠢᠯᠠᠨ ᠬᠤᠳᠠᠯᠳᠤᠭᠰᠠᠨ ᠪᠤᠶᠤ ᠣᠯᠠᠨ ᠡᠷᠬᠡ ᠠᠰᠢᠭ᠎ᠤᠨ ᠭᠤᠣᠯ ᠴᠣᠭᠴᠠ ᠣᠷᠣᠰᠢᠵᠤ ᠪᠠᠶ᠋ᠢᠪᠠᠯ᠂ ᠬᠤᠯᠪᠣᠭᠳᠠᠯ ᠪᠥᠬᠦᠶ ᠡᠷᠬᠡ ᠠᠰᠢᠭ᠎ᠲᠤ ᠬᠥᠮᠦᠨ᠎ᠤ ᠵᠥᠪᠰᠢᠶᠡᠷᠡᠯ᠎ᠢ ᠤᠯᠬᠤ ᠬᠡᠷᠡᠭᠲᠡᠶ᠂ ᠡᠷᠬᠡ ᠠᠰᠢᠭ᠎ᠲᠤ ᠬᠥᠮᠦᠨ᠎ᠤ ᠬᠠᠤᠯᠢ ᠶᠣᠰᠣᠨ᠎ᠤ ᠡᠷᠬᠡ ᠠᠰᠢᠭ᠎ᠢ ᠬᠤᠬᠢᠷᠠᠭᠤᠯᠵᠤ ᠪᠣᠯᠬᠤ ᠥᠬᠡᠶ᠃ ᠬᠡᠰᠡᠭᠯᠡᠨ ᠬᠤᠪᠢᠶᠠᠵᠤ ᠰᠢᠯᠵᠢᠭᠦᠯᠦᠨ ᠥᠭᠭᠦᠭᠰᠡᠨ᠎ᠤ ᠲᠠᠷᠠᠭ᠎ᠠ ᠡᠯ᠎ᠡ ᠬᠡᠰᠡᠭ ᠭᠠᠵᠠᠷ᠎ᠨᠢ ᠲᠥᠯᠥᠪᠵᠢᠭᠦᠯᠭᠡ ᠵᠢᠨ ᠬᠢᠵᠠᠭ᠋ᠠᠷᠯᠠᠬᠤ ᠨᠥᠬᠦᠴᠡᠯ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ᠂ ᠬᠡᠷᠪᠡ ᠪᠠᠭᠲᠠᠭ᠋ᠠᠮᠵᠢ ᠵᠢᠨ ᠨᠤᠷᠮ᠎ᠠ ᠵᠢ᠎ᠨᠢ ᠨᠡᠮᠡᠭᠳᠡᠭᠦᠯᠬᠦ᠎ᠳᠤ ᠬᠦᠷᠪᠡᠯ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠠᠯᠠᠭ᠎ᠠ ᠮᠥᠴᠢᠷ ᠵᠶ᠋ᠠᠷ ᠵᠥᠪᠰᠢᠶᠡᠷᠡᠭᠦᠯᠦᠭᠰᠡᠨ᠎ᠤ ᠲᠠᠷᠠᠭ᠎ᠠ ᠪᠠᠷᠢᠯᠭ᠎ᠠ ᠵᠢᠨ ᠲᠠᠯᠠᠪᠠᠢ ᠵᠢ ᠨᠡᠮᠡᠭᠳᠡᠭᠦᠯᠦᠭᠰᠡᠨ ᠲᠠᠯ᠎ᠠ᠎ᠠᠴᠠ ᠭᠠᠵᠠᠷ ᠰᠢᠷᠣᠶ ᠵᠢ ᠲᠦᠯᠦᠪᠦᠷᠢᠲᠡᠢ ᠰᠢᠯᠵᠢᠭᠦᠯᠦᠭᠰᠡᠨ ᠦᠨ᠎ᠡ ᠵᠢᠨ ᠵᠣᠭᠤᠰ᠎ᠢ ᠨᠥᠬᠦᠵᠦ ᠲᠤᠰᠢᠶᠠᠬᠤ ᠬᠡᠷᠡᠭᠲᠡᠢ᠃ ᠰᠢᠯᠵᠢᠭᠦᠯᠦᠨ ᠥᠭᠬᠦ ᠨᠥᠬᠦᠴᠡᠯ᠎ᠳᠤ ᠬᠦᠷᠦᠭᠰᠡᠨ ᠠᠵᠤ ᠦᠢ᠍ᠯᠡᠳᠪᠦᠷᠢ᠎ᠳᠤ ᠬᠡᠷᠡᠭᠯᠡᠬᠦ ᠭᠠᠵᠠᠷ ᠰᠢᠷᠣᠶ ᠵᠢ ᠬᠡᠰᠡᠭᠯᠡᠨ ᠬᠤᠪᠢᠶᠠᠵᠤ ᠪᠣᠯᠤᠨ᠎ᠠ᠂ ᠬᠡᠰᠡᠭᠯᠡᠨ ᠬᠤᠪᠢᠶᠠᠵᠤ ᠰᠢᠯᠵᠢᠭᠦᠯᠦᠨ ᠥᠭᠬᠦ ᠠᠷᠭ᠎ᠠ ᠮᠠᠶᠢᠭ ᠵᠶ᠋ᠠᠷ ᠳᠠᠮᠵᠢᠭᠤᠯᠵᠤ ᠪᠠᠶ᠋ᠢᠭ᠋ᠠᠳ ᠪᠠᠶ᠋ᠢᠭᠤᠯᠵᠤ ᠪᠠᠶ᠋ᠢᠭ᠎ᠠ ᠪᠠᠷᠢᠯᠭ᠎ᠠ ᠵᠢᠴᠢ ᠠᠵᠤ ᠠᠬᠤᠶ᠋ᠢᠯᠠᠯ᠎ᠤᠨ ᠳᠣᠣᠷ᠎ᠠ ᠠᠰᠢᠭᠯᠠᠮᠵᠢᠳᠤ ᠭᠠᠵᠠᠷ ᠪᠣᠯᠤᠨ ᠰᠤᠯᠠ ᠲᠠᠯᠪᠢᠵᠤ ᠪᠠᠶ᠋ᠢᠭ᠎ᠠ ᠦᠢ᠍ᠯᠡᠳᠪᠦᠷᠢ ᠵᠢᠨ ᠲᠠᠰᠤᠭ᠎ᠢ ᠭᠦᠢ᠍ᠴᠡᠳ ᠠᠰᠢᠭᠯᠠᠨ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ᠎ᠢ ᠬᠥᠭᠵᠢᠭᠦᠯᠬᠦ ᠵᠢ᠎ᠨᠢ ᠵᠣᠷᠢᠬ᠍ᠵᠢᠭᠤᠯᠤᠨ᠎ᠠ᠂ ᠭᠡᠪᠡᠴᠦ ᠭᠠᠵᠠᠷ ᠰᠢᠷᠣᠶ ᠵᠢᠨ ᠵᠣᠷᠢᠭᠤᠯᠤᠯᠲᠠ ᠵᠢ ᠬᠤᠪᠢᠷᠠᠭᠤᠯᠬᠤ᠎ᠳᠤ ᠡᠷᠬᠡᠪᠰᠢ ᠬᠠᠤᠯᠢ ᠶᠣᠰᠣᠭ᠋ᠠᠷ ᠵᠥᠪᠰᠢᠶᠡᠷᠡᠭᠦᠯᠬᠦ ᠬᠡᠷᠡᠭᠲᠡᠶ; ᠨᠢᠭᠡᠨᠲᠡ ᠲᠥᠯᠥᠪᠵᠢᠭᠦᠯᠭᠡ ᠶᠣᠰᠣᠭ᠋ᠠᠷ ᠪᠦᠳᠦᠭᠡᠨ ᠪᠠᠶ᠋ᠢᠭᠤᠯᠵᠤ ᠳᠠᠭᠤᠰᠬᠠᠭᠰᠠᠨ ᠪᠥᠭᠡᠳ ᠪᠠᠷᠢᠯᠭ᠎ᠠ ᠳᠠᠭᠤᠰᠴᠤ ᠰᠢᠯᠭ᠋ᠠᠨ ᠠᠪᠤᠭᠰᠠᠨ ᠠᠵᠤ ᠦᠢ᠍ᠯᠡᠳᠪᠦᠷᠢ ᠵᠢᠨ ᠲᠥᠷᠥᠯ ᠵᠦᠢ᠍ᠯ᠎ᠤᠨ ᠬᠡᠷᠡᠭᠯᠡᠬᠦ ᠭᠠᠵᠠᠷ᠎ᠢ ᠬᠡᠰᠡᠭᠯᠡᠨ ᠬᠤᠪᠢᠶᠠᠵᠤ ᠰᠢᠯᠵᠢᠭᠦᠯᠦᠨ ᠥᠭᠭᠦᠭᠰᠡᠨ ᠪᠣᠯ᠂ ᠭᠡᠷ ᠪᠠᠶ᠋ᠢᠰᠢᠩ ᠭᠠᠵᠠᠷ ᠰᠢᠷᠣᠶ ᠵᠢᠨ ᠬᠥᠷᠤᠩᠭᠡ ᠵᠢᠨ ᠡᠷᠬᠡ ᠵᠢ ᠨᠢᠭᠡᠳᠦᠯᠲᠡᠶ ᠪᠠᠶ᠋ᠢᠯᠭ᠋ᠠᠬᠤ ᠵᠠᠷᠴᠢᠮ ᠶᠣᠰᠣᠭ᠋ᠠᠷ ᠬᠡᠰᠡᠭᠯᠡᠨ ᠬᠤᠪᠢᠶᠠᠵᠤ ᠰᠢᠯᠵᠢᠭᠦᠯᠦᠨ ᠥᠭᠬᠦ ᠭᠠᠷ ᠭᠦᠢ᠍ᠴᠡᠳᠬᠡᠯ ᠬᠢᠬᠦ ᠬᠡᠷᠡᠭᠲᠡᠶ ᠪᠥᠭᠡᠳ ᠰᠢᠯᠵᠢᠭᠦᠯᠦᠨ ᠥᠭᠭᠦᠭᠰᠡᠨ᠎ᠤ ᠲᠠᠷᠠᠭ᠎ᠠ ᠠᠵᠤ ᠦᠢ᠍ᠯᠡᠰ᠎ᠤᠨ ᠬᠡᠯᠬᠢᠶ᠎ᠡ ᠵᠢ ᠦᠷᠭᠦᠯᠵᠢᠯᠡᠭᠦᠯᠬᠦ ᠪᠠ ᠠᠵᠤ ᠠᠬᠤᠶ᠋ᠢᠯᠠᠯ᠎ᠤᠨ ᠬᠡᠪ᠎ᠤᠨ ᠦᠢ᠍ᠯᠡᠳᠪᠦᠷᠢᠯᠡᠯ ᠡᠵᠡᠩᠨᠡᠯᠲᠡ ᠵᠢᠨ ᠠᠵᠢᠯᠯᠠᠭ᠎ᠠ ᠵᠢ ᠨᠥᠯᠥᠭᠡᠯᠡᠵᠦ ᠪᠣᠯᠬᠤ ᠦᠭᠡᠢ᠃ ᠣᠯᠠᠨ ᠡᠷᠬᠡᠲᠦ ᠭᠠᠵᠠᠷ᠎ᠢ ᠨᠡᠶ᠋ᠢᠯᠡᠭᠦᠯᠬᠦ᠎ᠳᠤ ᠭᠠᠵᠠᠷ ᠰᠢᠷᠣᠶ ᠵᠢᠨ ᠬᠡᠷᠡᠭᠯᠡᠬᠦ ᠡᠷᠬᠡ ᠵᠢᠨ ᠲᠦᠯᠦᠪᠦᠷᠢᠲᠡᠢ ᠰᠢᠯᠵᠢᠭᠦᠯᠬᠦ᠂ ᠰᠢᠯᠵᠢᠭᠦᠯᠦᠨ ᠬᠤᠳᠠᠯᠳᠤᠬᠤ᠂ ᠦᠨ᠎ᠡ ᠲᠣᠭᠲᠠᠭ᠋ᠠᠨ ᠪᠠᠯᠠ ᠭᠠᠷᠭ᠋ᠠᠬᠤ ᠪᠤᠶᠤ ᠬᠤᠪᠢ ᠣᠷᠣᠭᠤᠯᠬᠤ ᠵᠡᠷᠭᠡ ᠣᠯᠠᠨ ᠵᠦᠢ᠍ᠯ᠎ᠤᠨ ᠲᠥᠷᠥᠯ ᠬᠡᠯᠪᠡᠷᠢ᠎ᠳᠤ ᠬᠤᠯᠪᠣᠭᠳᠠᠪᠠᠯ᠂ ᠵᠠᠷᠴᠢᠮ ᠳᠡᠭᠡᠷ᠎ᠡ᠎ᠪᠠᠨ ᠨᠢᠭᠡᠳᠦᠯᠲᠡᠶ ᠲᠦᠯᠦᠪᠦᠷᠢᠲᠡᠢ ᠰᠢᠯᠵᠢᠭᠦᠯᠬᠦ ᠠᠷᠭ᠎ᠠ ᠮᠠᠶᠢᠭ ᠵᠶ᠋ᠠᠷ ᠭᠦᠢ᠍ᠴᠡᠳᠬᠡᠵᠦ᠂ ᠬᠤᠪᠢᠶᠠᠷᠢᠯᠠᠨ ᠥᠭᠭᠦᠭᠰᠡᠨ ᠭᠠᠵᠠᠷ ᠰᠢᠷᠣᠶ ᠪᠣᠯ ᠭᠠᠵᠠᠷ ᠰᠢᠷᠣᠶ ᠵᠢ ᠲᠦᠯᠦᠪᠦᠷᠢᠲᠡᠢ ᠰᠢᠯᠵᠢᠭᠦᠯᠦᠭᠰᠡᠨ ᠦᠨ᠎ᠡ ᠵᠢᠨ ᠵᠣᠭᠤᠰ᠎ᠢ ᠨᠥᠬᠦᠵᠦ ᠲᠤᠰᠢᠶᠠᠬᠤ ᠬᠡᠷᠡᠭᠲᠡᠶ; ᠦᠯᠡᠳᠡᠵᠦ ᠪᠠᠶ᠋ᠢᠭ᠎ᠠ ᠲᠦᠯᠦᠪᠦᠷᠢᠲᠡᠢ ᠰᠢᠯᠵᠢᠭᠦᠯᠦᠭᠰᠡᠨ ᠵᠢᠯ ᠬᠤᠭᠤᠴᠠᠭ᠎ᠠ᠎ᠨᠢ ᠨᠢᠭᠡᠳᠦᠯ ᠥᠬᠡᠶ ᠪᠣᠯ᠂ ᠬᠠᠷᠢᠴᠠᠩᠭᠤᠢ ᠣᠷᠳᠣ ᠵᠢᠯ ᠬᠤᠭᠤᠴᠠᠭ᠎ᠠ᠎ᠪᠠᠷ᠎ᠨᠢ ᠳᠡᠩᠰᠡᠯᠡᠵᠦ ᠪᠣᠯᠤᠨ᠎ᠠ᠂ ᠭᠡᠪᠡᠴᠦ ᠭᠠᠵᠠᠷ ᠰᠢᠷᠣᠶ ᠵᠢᠨ ᠲᠦᠯᠦᠪᠦᠷᠢᠲᠡᠢ ᠰᠢᠯᠵᠢᠭᠦᠯᠦᠭᠰᠡᠨ ᠦᠨ᠎ᠡ ᠵᠢᠨ ᠵᠣᠭᠤᠰ᠎ᠢ ᠳᠠᠭᠢᠵᠤ ᠬᠠᠷᠭᠤᠭᠤᠯᠤᠨ ᠲᠣᠭᠲᠠᠭ᠋ᠠᠬᠤ ᠵᠢᠨ ᠬᠠᠮᠲᠤ ᠴᠠᠭ ᠲᠤᠬᠠᠶ᠎ᠳᠤᠨᠢ ᠨᠥᠬᠦᠵᠦ ᠲᠤᠰᠢᠶᠠᠬᠤ ᠬᠡᠷᠡᠭᠲᠡᠶ᠃ (ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠂ ᠥᠪᠥᠷ ᠮᠣᠩᠭᠤᠯ᠎ᠤᠨ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ)
ᠭᠤᠷᠪᠠ᠂ ᠲᠦᠷᠢᠶᠡᠰᠦᠯᠡᠭᠦᠯᠬᠦ ᠬᠠᠮᠢᠶᠠᠷᠤᠯᠲᠠ ᠵᠢ ᠴᠢᠩᠭ᠋ᠠᠳᠬᠠᠵᠤ᠂ ᠦᠢ᠍ᠯᠡᠴᠢᠯᠡᠭᠡᠨ᠎ᠤ ᠬᠢᠷᠢ ᠲᠦᠪᠰᠢᠨ ᠵᠶ᠋ᠠᠨ ᠳᠡᠭᠡᠭᠰᠢᠯᠡᠭᠦᠯᠭᠦ ᠬᠡᠷᠩᠲᠠᠢ
(ᠨᠢᠭᠡ) ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠷᠡᠭᠯᠡᠬᠦ ᠡᠷᠬᠡ ᠵᠢ ᠲᠦᠷᠢᠶᠡᠰᠦᠯᠡᠭᠦᠯᠬᠦ ᠵᠢᠨ ᠴᠢᠬᠤᠯᠠ ᠪᠥᠬᠦᠶ ᠨᠥᠬᠦᠴᠡᠯ᠎ᠢ ᠲᠣᠳᠣᠷᠬᠠᠶ᠋ᠢᠯᠠᠨ᠎ᠠ᠃ ᠪᠦᠳᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠷᠡᠭᠯᠡᠬᠦ ᠡᠷᠬᠡ ᠵᠢ ᠲᠦᠷᠢᠶᠡᠰᠦᠯᠡᠭᠦᠯᠬᠦ᠎ᠳᠤ ᠲᠥᠯᠥᠪᠦᠷᠢ᠎ᠲᠠᠢ᠎ᠪᠠᠷ ᠬᠡᠷᠡᠭᠯᠡᠬᠦ ᠭᠡᠷ᠎ᠡ ᠵᠢᠨ ᠪᠣᠯᠵᠣᠯ ᠪᠤᠶᠤ ᠬᠤᠪᠢᠶᠠᠷᠢᠯᠠᠨ ᠥᠭᠬᠦ ᠲᠣᠭᠲᠠᠭ᠋ᠠᠯ᠎ᠤᠨ ᠪᠢᠴᠢᠭ᠎ᠤᠨ ᠲᠣᠭᠲᠠᠭ᠋ᠠᠯ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ᠂ ᠨᠡᠶ᠋ᠢᠲᠡ᠎ᠪᠠᠷ᠎ᠨᠢ ᠲᠦᠷᠢᠶᠡᠰᠦᠯᠡᠭᠦᠯᠵᠦ ᠪᠣᠯᠬᠤ ᠪᠦᠭᠡᠳ ᠬᠡᠰᠡᠭ ᠪᠦᠯᠦᠭ᠎ᠢ᠎ᠨᠢ ᠲᠦᠷᠢᠶᠡᠰᠦᠯᠡᠭᠦᠯᠦᠭᠰᠡᠨ ᠴᠦ᠍ ᠪᠣᠯᠤᠨ᠎ᠠ᠂ ᠡᠭᠦᠨ᠎ᠤ ᠬᠠᠮᠲᠤ ᠪᠢᠴᠢᠭ᠎ᠤᠨ ᠭᠡᠷ᠎ᠡ ᠲᠣᠭᠲᠠᠭ᠋ᠠᠵᠤ ᠲᠦᠷᠢᠶᠡᠰᠦᠯᠡᠭᠦᠯᠬᠦ ᠪᠠ ᠳᠦᠷᠢᠶᠡᠰᠦᠯᠡᠬᠦ ᠬᠤᠶᠠᠷ ᠲᠠᠯ᠎ᠠ ᠵᠢᠨ ᠡᠷᠬᠡ ᠪᠠ ᠡᠭᠦᠷᠭᠡ ᠵᠢ ᠲᠣᠭᠲᠠᠭ᠋ᠠᠬᠤ ᠬᠡᠷᠡᠭᠲᠡᠶ᠃ (ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ)
(ᠬᠤᠶᠠᠷ) ᠦᠨ᠎ᠡ ᠲᠥᠯᠥᠪᠦᠷᠢ᠎ᠲᠠᠢ ᠠᠷᠭ᠎ᠠ ᠮᠠᠶᠢᠭ ᠵᠶ᠋ᠠᠷ ᠣᠯᠤᠭᠰᠠᠨ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠷᠡᠭᠯᠡᠬᠦ ᠡᠷᠬᠡ ᠵᠢᠨ ᠲᠦᠷᠢᠶᠡᠰᠦᠯᠡᠭᠦᠯᠬᠦ ᠬᠠᠮᠢᠶᠠᠷᠤᠯᠲᠠ ᠵᠢ ᠵᠢᠷᠤᠮᠵᠢᠭᠤᠯᠤᠨ᠎ᠠ᠃ ᠰᠢᠯᠵᠢᠭᠦᠯᠦᠨ ᠬᠤᠳᠠᠯᠳᠤᠬᠤ᠂ ᠲᠦᠷᠢᠶᠡᠰᠦᠯᠡᠭᠦᠯᠬᠦ᠂ ᠦᠨ᠎ᠡ ᠲᠣᠭᠲᠠᠭ᠋ᠠᠨ ᠪᠡᠯᠡ ᠭᠠᠷᠭ᠋ᠠᠬᠤ ᠪᠤᠶᠤ ᠬᠤᠪᠢ ᠣᠷᠣᠭᠤᠯᠬᠤ ᠵᠡᠷᠭᠡ ᠦᠨ᠎ᠡ ᠲᠥᠯᠥᠪᠦᠷᠢ᠎ᠲᠠᠢ ᠠᠷᠭ᠎ᠠ ᠮᠠᠶᠢᠭ ᠵᠶ᠋ᠠᠷ ᠣᠯᠤᠭᠰᠠᠨ ᠪᠥᠳᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠷᠡᠭᠯᠡᠬᠦ ᠡᠷᠬᠡ᠎ᠪᠠᠨ ᠲᠦᠷᠢᠶᠡᠰᠦᠯᠡᠭᠦᠯᠬᠦ ᠪᠤᠶᠤ ᠰᠢᠯᠵᠢᠭᠦᠯᠦᠨ ᠲᠦᠷᠢᠶᠡᠰᠦᠯᠡᠭᠦᠯᠬᠦ᠎ᠳᠤ᠂ ᠲᠦᠷᠢᠶᠡᠰᠦᠯᠡᠭᠦᠯᠬᠦ ᠪᠤᠶᠤ ᠰᠢᠯᠵᠢᠭᠦᠯᠦᠨ ᠲᠦᠷᠢᠶᠡᠰᠦᠯᠡᠭᠦᠯᠬᠦ ᠭᠡᠷ᠎ᠡ ᠲᠣᠭᠲᠠᠬᠤ ᠬᠡᠷᠡᠭᠲᠡᠶ᠂ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠦᠨ᠎ᠡ ᠲᠥᠯᠥᠪᠦᠷᠢ᠎ᠲᠠᠢ᠎ᠪᠠᠷ ᠬᠡᠷᠡᠭᠯᠡᠬᠦ ᠭᠡᠷ᠎ᠡ ᠵᠢᠨ ᠬᠠᠮᠢᠶ᠎ᠠ ᠪᠥᠬᠦᠢ ᠪᠣᠯᠵᠣᠯ᠎ᠠᠴᠠ ᠵᠥᠷᠢᠴᠡᠵᠦ ᠪᠣᠯᠬᠤ ᠥᠭᠡᠢ᠃ (ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠥᠷ ᠮᠣᠩᠭᠤᠯ᠎ᠤᠨ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ)
(ᠭᠤᠷᠪᠠ) ᠬᠤᠪᠢᠶᠠᠷᠢᠯᠠᠨ ᠥᠭᠬᠦ ᠠᠷᠭ᠎ᠠ ᠮᠠᠶᠢᠭ ᠵᠶ᠋ᠠᠷ ᠣᠯᠤᠭᠰᠠᠨ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠷᠡᠭᠯᠡᠬᠦ ᠡᠷᠬᠡ ᠵᠢᠨ ᠲᠦᠷᠢᠶᠡᠰᠦᠯᠡᠭᠦᠯᠬᠦ ᠬᠠᠮᠢᠶᠠᠷᠤᠯᠲᠠ ᠵᠢ ᠴᠢᠩᠭ᠋ᠠᠳᠬᠠᠨ᠎ᠠ᠃ ᠬᠤᠪᠢᠶᠠᠷᠢᠯᠠᠨ ᠥᠭᠬᠦ ᠠᠷᠭ᠎ᠠ ᠮᠠᠶᠢᠭ ᠵᠶ᠋ᠠᠷ ᠣᠯᠤᠭᠰᠠᠨ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠷᠡᠭᠯᠡᠬᠦ ᠡᠷᠬᠡ ᠵᠢ ᠲᠦᠷᠢᠶᠡᠰᠦᠯᠡᠭᠦᠯᠬᠦ᠎ᠳᠤ᠂ ᠬᠤᠯᠪᠣᠭᠳᠠᠯ ᠪᠥᠬᠦᠶ ᠲᠣᠭᠲᠠᠭ᠋ᠠᠯ ᠶᠣᠰᠣᠭ᠋ᠠᠷ ᠳᠡᠭᠡᠭᠰᠢ ᠲᠤᠰᠢᠶᠠᠬᠤ ᠲᠦᠷᠢᠶᠡᠰᠦᠨ ᠮᠥᠩᠭᠦ᠎ᠳᠤ ᠠᠭᠤᠯᠤᠭᠳᠠᠵᠤ ᠪᠠᠶ᠋ᠢᠭ᠎ᠠ ᠭᠠᠵᠠᠷ ᠰᠢᠷᠣᠶ ᠵᠢᠨ ᠠᠰᠢᠭ ᠣᠯᠵᠠᠪᠤᠷᠢ ᠵᠢ ᠭᠠᠵᠠᠷ ᠰᠢᠷᠣᠶ ᠵᠢ ᠲᠦᠯᠦᠪᠦᠷᠢᠲᠡᠢ ᠰᠢᠯᠵᠢᠭᠦᠯᠦᠭᠰᠡᠨ ᠣᠷᠣᠯᠭ᠎ᠠ ᠵᠢᠨ ᠬᠠᠮᠢᠶᠠᠷᠤᠯᠲᠠ᠎ᠳᠤ ᠣᠷᠣᠭᠤᠯᠵᠤ᠂ ᠣᠷᠣᠯᠭ᠎ᠠ ᠵᠠᠷᠤᠯᠭ᠎ᠠ ᠵᠢ ᠠᠰ ᠠᠰᠲᠤᠨᠢ ᠬᠠᠮᠢᠶᠠᠷᠬᠤ ᠲᠣᠭᠲᠠᠭ᠋ᠠᠯ ᠶᠣᠰᠣᠭ᠋ᠠᠷ᠂ ᠬᠠᠷᠢᠶ᠎ᠠ ᠭᠠᠵᠠᠷ ᠵᠶ᠋ᠠᠷ᠎ᠨᠢ ᠬᠠᠮᠢᠶᠠᠷᠤᠭᠤᠯᠬᠤ ᠵᠢ ᠬᠡᠷᠡᠭᠵᠢᠭᠦᠯᠵᠦ ᠪᠠᠶ᠋ᠢᠭ᠋ᠠᠳ ᠠᠳᠠᠯᠢ ᠱᠠᠲᠤᠨ᠎ᠤ ᠡᠳ᠋᠎ᠤᠨ ᠵᠠᠰᠠᠭ᠎ᠲᠤ ᠲᠤᠰᠢᠶᠠᠬᠤ ᠬᠡᠷᠡᠭᠲᠡᠶ᠃ ᠡᠷᠬᠡᠲᠦ ᠭᠠᠵᠠᠷ᠎ᠢ ᠣᠷᠳᠣ ᠬᠤᠭᠤᠴᠠᠭ᠎ᠠ᠎ᠪᠠᠷ ᠲᠦᠷᠢᠶᠡᠰᠦᠯᠡᠭᠦᠯᠦᠭᠰᠡᠨ (ᠵᠠᠯᠭ᠋ᠠᠭ᠎ᠠ᠎ᠪᠠᠷ 5 ᠵᠢᠯ᠎ᠠᠴᠠ ᠬᠡᠲᠦᠷᠡᠭᠰᠡᠨ) ᠪᠤᠶᠤ ᠨᠢᠭᠡ ᠬᠡᠰᠡᠭ᠎ᠢ᠎ᠨᠢ ᠳᠦᠷᠢᠶᠡᠰᠦᠯᠡᠭᠦᠯᠦᠭᠰᠡᠨ ᠮᠥᠷᠲᠡᠭᠡᠨ ᠬᠡᠰᠡᠭᠯᠡᠨ ᠬᠤᠪᠢᠶᠠᠵᠤ ᠪᠣᠯᠬᠤ᠎ᠳᠤ ᠭᠦᠷᠪᠡᠯ᠂ ᠲᠦᠯᠦᠪᠦᠷᠢᠲᠡᠢ ᠰᠢᠯᠵᠢᠭᠦᠯᠬᠦ᠂ ᠲᠦᠷᠢᠶᠡᠰᠦᠯᠡᠬᠦ ᠵᠡᠷᠭᠡ ᠦᠨ᠎ᠡ ᠲᠥᠯᠥᠪᠦᠷᠢ᠎ᠲᠠᠢ ᠬᠡᠷᠡᠭᠯᠡᠬᠦ ᠭᠠᠷᠳᠠᠮ᠎ᠢ ᠬᠠᠤᠯᠢ ᠶᠣᠰᠣᠭ᠋ᠠᠷ ᠨᠥᠬᠦᠨ ᠭᠦᠢ᠍ᠴᠡᠳᠬᠡᠬᠦ ᠬᠡᠷᠡᠭᠲᠡᠶ᠃ ᠬᠤᠪᠢᠶᠠᠷᠢᠯᠠᠨ ᠥᠭᠭᠦᠭᠰᠡᠨ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠷᠡᠭᠯᠡᠬᠦ ᠡᠷᠬᠡ ᠵᠢ ᠲᠦᠷᠢᠶᠡᠰᠦᠯᠡᠭᠦᠯᠦᠭᠰᠡᠨ ᠠᠰᠢᠭ ᠣᠯᠵᠠᠪᠤᠷᠢ ᠵᠢᠨ ᠣᠨ᠎ᠤ ᠭᠤᠶᠤᠴᠢᠯᠠᠨ ᠮᠡᠳᠡᠭᠦᠯᠬᠦ ᠲᠦᠷᠢᠮ᠎ᠢ ᠪᠠᠶ᠋ᠢᠭᠤᠯᠵᠤ᠂ ᠲᠦᠷᠢᠶᠡᠰᠦᠯᠡᠭᠦᠯᠦᠭᠴᠢ᠎ᠨᠢ ᠬᠠᠤᠯᠢ ᠶᠣᠰᠣᠭ᠋ᠠᠷ ᠭᠤᠶᠤᠴᠢᠯᠠᠨ ᠮᠡᠳᠡᠭᠦᠯᠬᠦ ᠵᠢᠨ ᠬᠠᠮᠲᠤ ᠬᠠᠮᠢᠶ᠎ᠠ ᠪᠥᠬᠦᠶ ᠠᠰᠢᠭ ᠣᠯᠵᠠᠪᠤᠷᠢ ᠵᠢ ᠲᠤᠰᠢᠶᠠᠭᠰᠠᠨ ᠪᠠᠶ᠋ᠢᠪᠠᠯ᠂ ᠬᠤᠪᠢᠶᠠᠷᠢᠯᠠᠨ ᠥᠭᠭᠦᠭᠰᠡᠨ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠷᠡᠭᠯᠡᠬᠦ ᠡᠷᠬᠡ ᠵᠢ ᠲᠦᠷᠢᠶᠡᠰᠦᠯᠡᠭᠦᠯᠬᠦ ᠵᠢᠨ ᠵᠥᠪᠰᠢᠶᠡᠷᠡᠭᠦᠯᠬᠦ ᠭᠠᠷᠳᠠᠮ᠎ᠢ ᠳᠠᠭᠢᠵᠤ ᠠᠰᠲᠤᠨᠢ ᠲᠤᠰᠠᠭ᠋ᠠᠷ ᠭᠦᠢ᠍ᠴᠡᠳᠬᠡᠬᠦ ᠥᠬᠡᠶ᠃ ᠡᠯ᠎ᠡ ᠱᠠᠲᠤᠨ᠎ᠤ ᠡᠳ᠋᠎ᠤᠨ ᠵᠠᠰᠠᠭ᠂ ᠭᠠᠶ᠋ᠢᠯᠢ ᠵᠢᠨ ᠶᠠᠪᠤᠳᠠᠯ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ᠂ ᠪᠠᠶ᠋ᠢᠭ᠋ᠠᠯᠢ ᠵᠢᠨ ᠡᠬᠢ ᠪᠠᠶᠠᠯᠢᠭ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ᠎ᠤᠳ ᠬᠤᠷᠰᠢᠨ ᠬᠠᠮᠵᠢᠯᠴᠠᠬᠤ᠎ᠪᠠᠨ ᠴᠢᠩᠭ᠋ᠠᠳᠬᠠᠵᠤ᠂ ᠬᠠᠮᠲᠤᠷᠠᠭᠰᠠᠨ ᠲᠠᠲᠠᠪᠤᠷᠢᠯᠠᠨ ᠲᠤᠰᠢᠶᠠᠬᠤ ᠲᠣᠭᠲᠠᠴᠠ ᠵᠢ ᠪᠠᠶ᠋ᠢᠭᠤᠯᠤᠨ᠂ ᠲᠣᠭᠤᠷᠢᠨ ᠪᠠᠶ᠋ᠢᠴᠠᠭ᠋ᠠᠵᠤ ᠢᠯᠡᠷᠡᠭᠦᠯᠬᠦ᠂ ᠢᠯᠡᠴᠢᠯᠡᠨ ᠮᠡᠳᠡᠭᠦᠯᠬᠦ ᠪᠠ ᠪᠠᠶ᠋ᠢᠴᠠᠭ᠋ᠠᠨ ᠰᠢᠢ᠍ᠳᠪᠦᠷᠢᠯᠡᠬᠦ ᠲᠣᠭᠲᠠᠴᠠ ᠵᠢ ᠪᠦᠷᠢᠨᠰᠢᠭᠦᠯᠬᠦ ᠬᠡᠷᠡᠭᠲᠡᠶ᠃ (ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠂ ᠥᠪᠥᠷ ᠮᠣᠩᠭᠤᠯ᠎ᠤᠨ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ)
(ᠳᠥᠷᠪᠡ) ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠷᠡᠭᠯᠡᠬᠦ ᠡᠷᠬᠡ ᠵᠢ ᠲᠦᠷᠢᠶᠡᠰᠦᠯᠡᠭᠦᠯᠬᠦ ᠣᠷᠴᠢᠨ ᠨᠦᠬᠦᠴᠡᠯ᠎ᠢ ᠪᠣᠶ ᠪᠣᠯᠭ᠋ᠠᠨ᠎ᠠ᠃ ᠡᠯ᠎ᠡ ᠠᠶ᠋ᠢᠮᠠᠭ ᠬᠤᠲᠠ᠂ ᠬᠤᠰᠢᠭᠤ ᠰᠢᠶᠠᠨ (ᠬᠤᠲᠠ᠂ ᠲᠣᠭᠤᠷᠢᠭ)᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠦᠢ᠍ᠯᠡᠴᠢᠯᠡᠭᠡᠨ᠎ᠤ ᠦᠵᠡᠯ ᠤᠬᠠᠮᠰᠠᠷ ᠵᠶ᠋ᠠᠨ ᠴᠢᠩᠭ᠋ᠠᠷᠠᠭᠤᠯᠵᠤ᠂ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶ᠎ᠠ ᠵᠢᠨ ᠰᠦᠯᠵᠢᠶᠡᠨ ᠥᠷᠲᠡᠭᠡ ᠪᠠ ᠥᠯᠥ ᠬᠥᠳᠡᠯᠬᠦ ᠬᠥᠷᠥᠩᠭᠡ ᠵᠢᠨ ᠳᠡᠩᠰᠡᠯᠡᠡ ᠲᠡᠮᠳᠡᠭᠯᠡᠬᠦ ᠲᠤᠮᠤ ᠲᠢᠩᠬᠢᠮ᠎ᠤᠨ ᠶᠡᠷᠦᠩᠬᠡᠶ᠋ᠢᠯᠡᠭᠰᠡᠨ ᠦᠢ᠍ᠯᠡᠴᠢᠯᠡᠭᠡᠨ᠎ᠤ ᠴᠤᠩᠬᠤᠪᠴᠢ ᠵᠡᠷᠭᠡ ᠬᠤᠶᠠᠳᠤᠭ᠋ᠠᠷ ᠳᠡᠰ᠎ᠤᠨ ᠵᠠᠬ᠎ᠠ ᠳᠡᠯᠭᠡᠭᠦᠷ᠎ᠤᠨ ᠠᠷᠠᠯᠵᠢᠶᠠᠨ᠎ᠤ ᠲᠠᠪᠴᠠᠩ᠎ᠳᠤ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠷᠡᠭᠯᠡᠬᠦ ᠡᠷᠬᠡ ᠵᠢ ᠲᠦᠷᠢᠶᠡᠰᠦᠯᠡᠭᠦᠯᠬᠦ ᠬᠠᠩᠭ᠋ᠠᠯᠭ᠎ᠠ ᠬᠡᠷᠡᠭᠴᠡᠭᠡ ᠵᠢᠨ ᠮᠡᠳᠡᠭᠡ ᠵᠠᠩᠭᠢ ᠵᠢ ᠴᠠᠭ ᠲᠤᠬᠠᠶ᠎ᠳᠤᠨᠢ ᠨᠡᠶ᠋ᠢᠲᠡᠯᠡᠬᠦ ᠬᠡᠷᠡᠭᠲᠡᠶ᠃ ᠡᠭᠦᠨ᠎ᠤ ᠬᠠᠮᠲᠤ᠂ ᠲᠦᠷᠢᠶᠡᠰᠦᠯᠡᠭᠦᠯᠬᠦ ᠭᠡᠷ᠎ᠡ ᠵᠢᠨ ᠵᠢᠷᠤᠮᠵᠢᠭᠰᠠᠨ ᠪᠢᠴᠢᠭ᠎ᠢ ᠲᠣᠭᠲᠠᠭ᠋ᠠᠵᠤ᠂ ᠪᠦᠳᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠷᠡᠭᠯᠡᠬᠦ ᠡᠷᠬᠡ ᠵᠢ ᠲᠦᠷᠢᠶᠡᠰᠦᠯᠡᠭᠦᠯᠬᠦ ᠳᠡᠰ ᠳᠠᠷᠠᠭ᠋ᠠᠯᠠᠯ᠎ᠢ ᠵᠢᠷᠤᠮᠵᠢᠭᠤᠯᠤᠨ᠂ ᠡᠷᠬᠡ ᠠᠰᠢᠭ᠎ᠲᠤ ᠬᠥᠮᠦᠨ᠎ᠤ ᠬᠠᠤᠯᠢ ᠶᠣᠰᠣᠨ᠎ᠤ ᠡᠷᠬᠡ ᠠᠰᠢᠭ᠎ᠢ ᠪᠠᠲᠤᠯᠠᠬᠤ ᠬᠡᠷᠩᠳᠠᠢ᠃ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠷᠡᠭᠯᠡᠬᠦ ᠡᠷᠬᠡ ᠵᠢ ᠲᠦᠷᠢᠶᠡᠰᠦᠯᠡᠭᠦᠯᠦᠭᠰᠡᠨ ᠪᠠᠶ᠋ᠢᠳᠠᠯ ᠵᠢᠴᠢ ᠵᠠᠬ᠎ᠠ ᠳᠡᠯᠭᠡᠭᠦᠷ᠎ᠤᠨ ᠬᠠᠮᠢᠶ᠎ᠠ ᠪᠥᠬᠦᠶ ᠲᠤᠭ᠎ᠠ ᠪᠠᠷᠢᠮᠲᠠ ᠵᠢ ᠴᠠᠭ ᠲᠤᠬᠠᠶ᠎ᠳᠤᠨᠢ ᠪᠦᠷᠢᠳᠬᠡᠨ ᠵᠠᠳᠠᠯᠵᠤ᠂ ᠲᠦᠷᠢᠶᠡᠰᠦᠯᠡᠭᠦᠯᠬᠦ ᠵᠠᠬ᠎ᠠ ᠳᠡᠯᠭᠡᠭᠦᠷ᠎ᠤᠨ ᠬᠥᠳᠡᠯᠦᠩᠭᠦᠶ ᠮᠡᠳᠡᠭᠡ ᠵᠠᠩᠭᠢ ᠪᠠ ᠵᠦᠭᠯᠡᠭᠦᠷ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠨᠡᠶ᠋ᠢᠲᠡᠯᠡᠬᠦ ᠬᠡᠷᠡᠭᠲᠡᠶ᠃ (ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠥᠷ ᠮᠣᠩᠭᠤᠯ᠎ᠤᠨ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ)
ᠳᠥᠷᠪᠡ᠂ ᠪᠠᠷᠢᠴᠠᠭ᠋ᠠᠯᠠᠬᠤ ᠲᠣᠭᠲᠠᠴᠠ ᠵᠢ ᠲᠡᠭᠦᠯᠳᠡᠷᠵᠢᠭᠦᠯᠵᠦ᠂ ᠪᠠᠷᠢᠴᠠᠭ᠋ᠠᠯᠠᠬᠤ ᠡᠷᠬᠡ ᠴᠢᠳᠠᠪᠤᠷᠢ ᠵᠢ ᠪᠠᠲᠤᠯᠠᠬᠤ ᠬᠡᠷᠩᠳᠠᠢ
(ᠨᠢᠭᠡ) ᠪᠠᠷᠢᠴᠠᠭ᠋ᠠᠯᠠᠬᠤ ᠨᠥᠬᠦᠴᠡᠯ᠎ᠢ ᠲᠤᠳᠤᠷᠬᠠᠶ᠋ᠢᠯᠠᠨ᠎ᠠ᠃ ᠬᠤᠪᠢᠶᠠᠷᠢᠯᠠᠨ ᠥᠭᠬᠦ ᠠᠷᠭ᠎ᠠ ᠮᠠᠶᠢᠭ ᠵᠶ᠋ᠠᠷ ᠣᠯᠤᠭᠰᠠᠨ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠷᠡᠭᠯᠡᠬᠦ ᠡᠷᠬᠡ᠎ᠳᠤ ᠪᠠ ᠲᠡᠭᠦᠨ᠎ᠤ ᠭᠠᠵᠠᠷ ᠳᠡᠭᠡᠷᠡᠬᠢ ᠪᠠᠷᠢᠯᠭ᠎ᠠ ᠵᠢᠨ ᠵᠦᠢ᠍ᠯ᠎ᠲᠠᠢ ᠬᠠᠮᠲᠤᠳᠤᠨᠢ ᠬᠠᠤᠯᠢ ᠲᠣᠭᠲᠠᠭ᠋ᠠᠯ ᠶᠣᠰᠣᠭ᠋ᠠᠷ ᠪᠠᠷᠢᠴᠠᠭ᠋ᠠᠯᠠᠬᠤ ᠡᠷᠬᠡ ᠲᠣᠭᠲᠠᠭ᠋ᠠᠵᠤ᠂ ᠬᠤᠪᠢᠶᠠᠷᠢᠯᠠᠨ ᠥᠭᠭᠦᠭᠰᠡᠨ ᠭᠠᠵᠠᠷ ᠰᠢᠷᠣᠶ ᠵᠢᠨ ᠪᠠᠷᠢᠴᠠᠭ᠋ᠠᠯᠠᠬᠤ ᠡᠷᠬᠡ ᠵᠢ ᠪᠡᠶᠡᠯᠡᠭᠦᠯᠬᠦ ᠦᠶ᠎ᠡ᠎ᠳᠤ ᠭᠠᠵᠠᠷ ᠰᠢᠷᠣᠶ ᠵᠢ ᠲᠦᠯᠦᠪᠦᠷᠢᠲᠡᠢ ᠰᠢᠯᠵᠢᠭᠦᠯᠦᠭᠰᠡᠨ ᠣᠷᠣᠯᠭ᠎ᠠ ᠵᠢ ᠤᠷᠢᠳ ᠵᠶ᠋ᠠᠷ ᠲᠤᠰᠢᠶᠠᠬᠤ ᠬᠡᠷᠡᠭᠲᠡᠶ᠃ ᠲᠦᠯᠦᠪᠦᠷᠢᠲᠡᠢ ᠰᠢᠯᠵᠢᠭᠦᠯᠬᠦ᠂ ᠦᠨ᠎ᠡ ᠲᠣᠭᠲᠠᠭ᠋ᠠᠨ ᠪᠡᠯᠡ ᠭᠠᠷᠭ᠋ᠠᠬᠤ ᠪᠤᠶᠤ ᠬᠤᠪᠢ ᠣᠷᠣᠭᠤᠯᠬᠤ ᠵᠡᠷᠭᠡ ᠠᠷᠭ᠎ᠠ ᠮᠠᠶᠢᠭ ᠵᠶ᠋ᠠᠷ ᠣᠯᠤᠭᠰᠠᠨ ᠪᠦᠳᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠷᠡᠭᠯᠡᠬᠦ ᠡᠷᠬᠡ᠎ᠳᠤ ᠪᠠᠷᠢᠴᠠᠭ᠋ᠠᠯᠠᠬᠤ ᠡᠷᠬᠡ ᠵᠢ ᠬᠠᠤᠯᠢ ᠶᠣᠰᠣᠭ᠋ᠠᠷ ᠲᠣᠭᠲᠠᠭ᠋ᠠᠵᠤ ᠪᠣᠯᠤᠨ᠎ᠠ᠃ ᠲᠦᠷᠢᠶᠡᠰᠦᠯᠡᠬᠦ ᠠᠷᠭ᠎ᠠ ᠮᠠᠶᠢᠭ ᠵᠶ᠋ᠠᠷ ᠣᠯᠤᠭᠰᠠᠨ ᠪᠦᠳᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠷᠡᠭᠯᠡᠬᠦ ᠡᠷᠬᠡ ᠵᠢ ᠪᠣᠯ ᠲᠦᠷᠢᠶᠡᠰᠦᠯᠡᠭᠴᠢ ᠲᠣᠭᠲᠠᠭ᠋ᠠᠯ ᠶᠣᠰᠣᠭ᠋ᠠᠷ ᠭᠠᠵᠠᠷ ᠰᠢᠷᠣᠶ ᠵᠢᠨ ᠲᠦᠷᠢᠶᠡᠰᠦᠨ ᠮᠥᠩᠭᠦ ᠵᠢ ᠲᠤᠰᠢᠶᠠᠬᠤ ᠵᠢᠨ ᠬᠠᠮᠲᠤ ᠨᠡᠭᠡᠭᠡᠨ ᠠᠰᠢᠭᠯᠠᠵᠤ ᠪᠦᠲᠦᠭᠡᠨ ᠪᠠᠶ᠋ᠢᠭᠤᠯᠤᠭᠰᠠᠨ᠎ᠤ ᠲᠠᠷᠠᠭ᠎ᠠ᠂ ᠲᠦᠷᠢᠶᠡᠰᠦᠯᠡᠬᠦ ᠭᠡᠷ᠎ᠡ ᠵᠢᠨ ᠪᠣᠯᠵᠣᠯ᠎ᠢ ᠦᠨᠳᠦᠰᠦᠯᠡᠨ᠂ ᠲᠡᠭᠦᠨ᠎ᠤ ᠭᠠᠵᠠᠷ ᠳᠡᠭᠡᠷᠡᠬᠢ ᠪᠠᠷᠢᠯᠭ᠎ᠠ ᠵᠢᠴᠢ ᠪᠠᠷᠢᠯᠭ᠎ᠠ ᠵᠢᠨ ᠵᠦᠢ᠍ᠯ᠂ ᠪᠤᠰᠤᠳ ᠲᠠᠭ᠋ᠠᠯᠳᠠ ᠪᠣᠳᠠᠰ᠎ᠢ ᠭᠠᠵᠠᠷ ᠰᠢᠷᠣᠶ᠎ᠲᠠᠢ ᠬᠠᠮᠲᠤᠳᠤᠨᠢ ᠬᠠᠤᠯᠢ ᠶᠣᠰᠣᠭ᠋ᠠᠷ ᠪᠠᠷᠢᠴᠠᠭ᠋ᠠᠯᠠᠵᠤ ᠪᠣᠯᠤᠨ᠎ᠠ᠃ (ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠥᠷ ᠮᠣᠩᠭᠤᠯ᠎ᠤᠨ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ᠂ ᠠᠷᠠᠳ᠎ᠤᠨ ᠪᠠᠩᠬᠢ ᠵᠢᠨ ᠬᠥᠬᠡᠬᠤᠲᠠ ᠲᠥᠪ ᠰᠠᠯᠪᠤᠷᠢ ᠪᠠᠩᠬᠢ᠂ ᠥᠪᠥᠷ ᠮᠣᠩᠭᠤᠯ᠎ᠤᠨ ᠪᠠᠩᠬᠢ ᠪᠠ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ)
(ᠬᠤᠶᠠᠷ) ᠪᠠᠷᠢᠴᠠᠭ᠋ᠠᠨ᠎ᠤ ᠡᠷᠬᠡᠲᠦ ᠬᠥᠮᠦᠨ᠎ᠤ ᠬᠢᠵᠠᠭ᠋ᠠᠷᠯᠠᠯ᠎ᠢ ᠠᠭᠤᠵᠢᠭᠤ ᠲᠠᠯᠪᠢᠨ᠎ᠠ᠃ ᠠᠪᠴᠠᠭ᠋ᠠᠨ᠎ᠤ ᠡᠷᠬᠡ ᠵᠢ ᠠᠳᠠᠯᠢ ᠲᠡᠭᠰᠢ ᠪᠠᠶ᠋ᠢᠯᠭ᠋ᠠᠬᠤ᠂ ᠵᠣᠬᠢᠰᠲᠠᠶ᠎ᠪᠠᠷ ᠠᠭᠤᠵᠢᠭᠤ ᠲᠠᠯᠪᠢᠬᠤ ᠵᠠᠷᠴᠢᠮ ᠶᠣᠰᠣᠭ᠋ᠠᠷ᠂ ᠪᠠᠶ᠋ᠢᠭ᠋ᠠᠯᠢ ᠬᠥᠮᠦᠨ᠂ ᠠᠵᠤ ᠠᠬᠤᠶ᠋ᠢᠯᠠᠯ ᠴᠥᠮ ᠪᠠᠷᠢᠴᠠᠭ᠋ᠠᠨ᠎ᠤ ᠡᠷᠬᠡᠲᠦ ᠬᠥᠮᠦᠨ ᠪᠣᠯᠣᠭᠰᠠᠨ᠎ᠤ ᠬᠤᠪᠢ᠎ᠠᠴᠠ ᠪᠦᠳᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠷᠡᠭᠯᠡᠬᠦ ᠡᠷᠬᠡ ᠵᠢᠴᠢ ᠲᠡᠭᠦᠨ᠎ᠤ ᠭᠠᠵᠠᠷ ᠳᠡᠭᠡᠷᠡᠬᠢ ᠪᠠᠷᠢᠯᠭ᠎ᠠ᠂ ᠪᠤᠰᠤᠳ ᠲᠠᠭ᠋ᠠᠯᠳᠠ ᠪᠣᠳᠠᠰ᠎ᠤᠨ ᠥᠮᠴᠢᠯᠡᠬᠦ ᠡᠷᠬᠡ᠎ᠪᠠᠷ ᠦᠯᠦ ᠬᠥᠳᠡᠯᠬᠦ ᠬᠦᠷᠦᠩᠭᠡ ᠵᠢᠨ ᠪᠠᠷᠢᠴᠠᠭ᠋ᠠᠨ᠎ᠤ ᠭᠠᠷ ᠭᠦᠢ᠍ᠴᠡᠳᠬᠡᠯ ᠬᠢᠯᠭᠡᠬᠦ᠎ᠪᠠᠷ ᠬᠠᠤᠯᠢ ᠶᠣᠰᠣᠭ᠋ᠠᠷ ᠭᠤᠶᠤᠴᠢᠯᠠᠵᠤ ᠪᠣᠯᠣᠨ᠎ᠠ᠂ ᠠᠵᠤ ᠠᠬᠤᠶ᠋ᠢᠯᠠᠯ᠎ᠤᠨ ᠬᠤᠭᠤᠷᠣᠨᠳᠣᠬᠢ ᠠᠪᠴᠠᠭ᠎ᠠ ᠥᠭᠴᠡᠭᠡ ᠵᠢᠨ ᠭᠡᠷ᠎ᠡ᠎ᠳᠤ ᠬᠤᠯᠪᠣᠭᠳᠠᠭᠰᠠᠨ ᠪᠠᠶ᠋ᠢᠪᠠᠯ ᠡᠷᠬᠡᠪᠰᠢ ᠬᠤᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠲᠣᠭᠲᠠᠭ᠋ᠠᠯ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ᠃ (ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠂ ᠥᠪᠥᠷ ᠮᠣᠩᠭᠤᠯ᠎ᠤᠨ ᠪᠠᠩᠬᠢ ᠪᠠ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠠᠷᠠᠳ᠎ᠤᠨ ᠪᠠᠩᠬᠢ ᠵᠢᠨ ᠬᠥᠬᠡᠬᠤᠲᠠ ᠲᠥᠪ ᠰᠠᠯᠪᠤᠷᠢ ᠪᠠᠩᠬᠢ)
(ᠭᠤᠷᠪᠠ) ᠪᠠᠷᠢᠴᠠᠭ᠋ᠠᠨ᠎ᠤ ᠪᠤᠳᠠᠰ᠎ᠤᠨ ᠬᠢᠵᠠᠭ᠋ᠠᠷᠯᠠᠯ᠎ᠢ ᠠᠭᠤᠵᠢᠭᠤ ᠲᠠᠯᠪᠢᠨ᠎ᠠ᠃ ᠨᠡᠶ᠋ᠢᠲᠡ ᠵᠢᠨ ᠠᠰᠠᠷᠠᠮᠵᠢ ᠵᠢᠨ ᠵᠣᠷᠢᠯᠭ᠎ᠠ᠎ᠤᠨ ᠪᠣᠰᠣ ᠡᠮᠴᠢᠯᠡᠭᠡ ᠡᠷᠡᠭᠦᠯ ᠬᠠᠮᠠᠭ᠋ᠠᠯᠠᠯ᠂ ᠨᠠᠰᠤᠵᠢᠯ᠎ᠤᠨ ᠠᠰᠠᠷᠠᠮᠵᠢ᠂ ᠰᠤᠷᠭ᠋ᠠᠨ ᠬᠦᠮᠦᠵᠢᠯ᠂ ᠰᠣᠶᠣᠯ ᠵᠡᠷᠭᠡ ᠨᠠᠶ᠋ᠢᠭᠡᠮ᠎ᠤᠨ ᠬᠦᠷᠢᠶ᠎ᠡ ᠴᠠᠷᠠᠭ᠎ᠠ ᠵᠢᠨ ᠠᠵᠤ ᠠᠬᠤᠶ᠋ᠢᠯᠠᠯ᠎ᠤᠳ᠎ᠤᠨ ᠦᠨ᠎ᠡ ᠲᠥᠯᠥᠪᠦᠷᠢ᠎ᠲᠠᠢ ᠠᠷᠭ᠎ᠠ ᠮᠠᠶᠢᠭ ᠵᠶ᠋ᠠᠷ ᠣᠯᠤᠭᠰᠠᠨ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠷᠡᠭᠯᠡᠬᠦ ᠡᠷᠬᠡ᠂ ᠪᠡᠯᠡᠳᠬᠡᠮᠵᠢ ᠵᠡᠷᠭᠡ ᠡᠳ᠋ ᠬᠥᠷᠥᠩᠭᠡ᠎ᠪᠠᠷ ᠵᠶ᠋ᠠᠨ ᠪᠠᠷᠢᠴᠠᠭ᠋ᠠᠯᠠᠵᠤ ᠪᠠᠯᠠ ᠲᠣᠬᠢᠷᠠᠭᠤᠯᠭ᠎ᠠ ᠬᠢᠬᠦ ᠵᠢ ᠵᠦᠪᠰᠢᠶᠡᠷᠡᠨ᠂ ᠡᠯ᠎ᠡ ᠭᠠᠵᠠᠷ ᠣᠷᠣᠨ᠎ᠨᠢ ᠬᠠᠮᠢᠶ᠎ᠠ ᠪᠥᠬᠦᠶ ᠲᠥᠬᠦᠷ ᠠᠷᠭ᠎ᠠ ᠬᠡᠮᠵᠢᠶ᠎ᠡ ᠵᠢ ᠰᠦᠪᠡᠭᠴᠢᠯᠡᠨ ᠲᠣᠭᠲᠠᠭ᠋ᠠᠵᠤ᠂ ᠪᠠᠷᠢᠴᠠᠭ᠋ᠠᠯᠠᠬᠤ ᠡᠷᠬᠡ ᠵᠢ ᠪᠡᠶᠡᠯᠡᠭᠦᠯᠦᠭᠰᠡᠨ᠎ᠤ ᠳᠠᠷᠠᠭ᠎ᠠ ᠭᠠᠵᠠᠷ ᠰᠢᠷᠣᠶ ᠵᠢᠨ ᠵᠣᠷᠢᠭᠤᠯᠤᠯᠲᠠ ᠵᠢ ᠬᠤᠪᠢᠷᠠᠭᠤᠯᠬᠤ ᠥᠬᠡᠶ᠂ ᠠᠰᠢᠭ ᠲᠤᠰᠠ ᠵᠢᠨ ᠬᠠᠮᠢᠶ᠎ᠠ ᠪᠥᠬᠦᠶ ᠬᠥᠮᠦᠨ᠎ᠤ ᠡᠷᠬᠡ ᠠᠰᠢᠭ᠎ᠢ ᠬᠤᠬᠢᠷᠠᠭᠤᠯᠬᠤ ᠥᠬᠡᠶ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠩᠳᠠᠢ᠃ (ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠂ ᠥᠪᠥᠷ ᠮᠣᠩᠭᠤᠯ᠎ᠤᠨ ᠪᠠᠩᠬᠢ ᠪᠠ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠠᠷᠠᠳ᠎ᠤᠨ ᠪᠠᠩᠬᠢ ᠵᠢᠨ ᠬᠥᠬᠡᠬᠤᠲᠠ ᠲᠥᠪ ᠰᠠᠯᠪᠤᠷᠢ ᠪᠠᠩᠬᠢ)
ᠲᠠᠪᠤ᠂ ᠦᠢ᠍ᠯᠡᠴᠢᠯᠡᠭᠡᠨ᠎ᠤ ᠲᠣᠭᠲᠠᠯᠴᠠᠭ᠎ᠠ ᠵᠢ ᠪᠥᠷᠢᠨᠰᠢᠬᠦᠯᠥᠨ᠂ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠵᠢᠷᠤᠮᠵᠢᠭᠤᠯᠬᠤ ᠬᠡᠷᠩᠳᠡᠢ
(ᠨᠢᠭᠡ) ᠠᠷᠠᠯᠵᠢᠶᠠᠨ᠎ᠤ ᠲᠠᠪᠴᠠᠩ᠎ᠢ ᠪᠠᠶ᠋ᠢᠭᠤᠯᠤᠨ᠎ᠠ᠃ ᠡᠯ᠎ᠡ ᠠᠶ᠋ᠢᠮᠠᠭ ᠬᠤᠲᠠ᠂ ᠬᠤᠰᠢᠭᠤ ᠰᠢᠶᠠᠨ (ᠬᠤᠲᠠ᠂ ᠲᠣᠭᠤᠷᠢᠭ)᠎ᠨᠢ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠤᠮᠤ ᠲᠢᠩᠬᠢᠮ ᠪᠤᠶᠤ ᠥᠯᠥ ᠬᠥᠳᠡᠯᠬᠦ ᠬᠥᠷᠥᠩᠭᠡ ᠵᠢᠨ ᠳᠠᠩᠰᠠᠯᠠᠨ ᠲᠡᠮᠳᠡᠭᠯᠡᠬᠦ ᠲᠤᠮᠤ ᠲᠢᠩᠬᠢᠮ᠎ᠳᠤ ᠶᠡᠷᠦᠩᠬᠡᠶ᠋ᠢᠯᠡᠨ ᠭᠥᠯᠢᠶᠡᠨ ᠠᠪᠴᠤ ᠰᠢᠢ᠍ᠳᠪᠦᠷᠢᠯᠡᠬᠦ ᠴᠤᠩᠬᠤᠪᠴᠢ ᠭᠠᠷᠭ᠋ᠠᠵᠤ᠂ ᠠᠷᠠᠯᠵᠢᠶᠠᠨ᠎ᠤ ᠲᠠᠯᠠᠪᠤᠷ ᠭᠠᠵᠠᠷ ᠬᠠᠩᠭ᠋ᠠᠵᠤ᠂ ᠰᠦᠯᠵᠢᠶ᠎ᠡ᠎ᠪᠠᠷ ᠠᠷᠠᠯᠵᠢᠶᠠᠯᠠᠬᠤ ᠮᠡᠳᠡᠭᠡ ᠵᠠᠩᠭᠢ ᠵᠢᠨ ᠰᠢᠰᠲ᠋ᠧᠮ᠎ᠢ ᠪᠠᠶ᠋ᠢᠭᠤᠯᠤᠨ᠂ ᠠᠷᠠᠯᠵᠢᠶᠠᠨ᠎ᠤ ᠬᠡᠷᠡᠭ ᠶᠠᠪᠤᠳᠠᠯ᠎ᠢ ᠭᠦᠢ᠍ᠴᠡᠳᠬᠡᠵᠦ᠂ ᠭᠠᠵᠠᠷ ᠰᠢᠷᠣᠶ ᠵᠢᠨ ᠬᠤᠶᠠᠳᠤᠭ᠋ᠠᠷ ᠳᠡᠰ᠎ᠤᠨ ᠵᠠᠬ᠎ᠠ ᠳᠡᠯᠭᠡᠭᠦᠷ᠎ᠤᠨ ᠮᠡᠳᠡᠭᠡ ᠵᠠᠩᠭᠢ ᠨᠡᠶ᠋ᠢᠲᠡᠯᠡᠬᠦ᠂ ᠠᠷᠠᠯᠵᠢᠶᠠᠯᠠᠬᠤ᠂ ᠠᠷᠠᠯᠵᠢᠶ᠎ᠠ ᠪᠦᠲᠦᠭᠰᠡᠨᠢ ᠨᠤᠲᠠᠯᠠᠬᠤ᠂ ᠭᠡᠷ᠎ᠡ ᠲᠣᠭᠲᠠᠬᠤ᠂ ᠥᠯᠥ ᠬᠥᠳᠡᠯᠬᠦ ᠬᠥᠷᠥᠩᠭᠡ ᠵᠢᠨ ᠳᠠᠩᠰᠠᠯᠠᠨ ᠲᠡᠮᠳᠡᠭᠯᠡᠬᠦ ᠵᠡᠷᠭᠡ ᠨᠢᠭᠡ ᠦᠷᠲᠡᠭᠡᠴᠢᠯᠡᠭᠰᠡᠨ ᠮᠠᠶᠢᠭ᠎ᠤᠨ ᠦᠢ᠍ᠯᠡᠴᠢᠯᠡᠭᠡ ᠵᠢ ᠬᠠᠩᠭ᠋ᠠᠬᠤ ᠬᠡᠷᠡᠭᠲᠡᠶ᠃ ᠨᠥᠬᠦᠴᠡᠯ ᠪᠦᠷᠢᠳᠦᠭᠦᠯᠦᠭᠰᠡᠨ ᠭᠠᠵᠠᠷ ᠣᠷᠣᠨ᠎ᠨᠢ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠎ᠳᠤ ᠣᠷᠣᠭᠤᠯᠤᠨ ᠨᠢᠭᠡᠳᠦᠯᠲᠡᠶ ᠬᠠᠮᠢᠶᠠᠷᠬᠤ ᠵᠢ ᠠᠯᠬᠤᠮ ᠠᠯᠬᠤᠮ ᠵᠶ᠋ᠠᠷ ᠪᠡᠶᠡᠯᠡᠭᠦᠯᠵᠦ᠂ 《ᠨᠢᠭᠡ ᠴᠣᠩᠬᠤᠪᠴᠢ᠎ᠪᠠᠷ ᠭᠥᠯᠢᠶᠡᠨ ᠠᠪᠴᠤ ᠰᠢᠢ᠍ᠳᠪᠦᠷᠢᠯᠡᠬᠦ》 《ᠨᠢᠭᠡ ᠯᠡ ᠰᠦᠯᠵᠢᠶ᠎ᠡ᠎ᠪᠠᠷ ᠨᠡᠶ᠋ᠢᠳᠡᠮ ᠭᠦᠢ᠍ᠴᠡᠳᠬᠡᠬᠦ》 ᠵᠢ ᠢᠳᠡᠪᠬᠢᠲᠡᠶ ᠠᠬᠢᠭᠤᠯᠬᠤ ᠬᠡᠷᠩᠲᠡᠢ᠃ (ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠥᠷ ᠮᠣᠩᠭᠤᠯ᠎ᠤᠨ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ)
(ᠬᠤᠶᠠᠷ) ᠠᠷᠠᠯᠵᠢᠶᠠᠨ᠎ᠤ ᠴᠤᠪᠤᠷᠠᠯ᠎ᠢ ᠵᠢᠷᠤᠮᠵᠢᠭᠤᠯᠤᠨ᠎ᠠ᠃ ᠡᠯ᠎ᠡ ᠱᠠᠲᠤᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ 《ᠮᠡᠳᠡᠭᠡ ᠵᠠᠩᠭᠢ ᠨᠡᠶ᠋ᠢᠲᠡᠯᠡᠬᠦ — ᠰᠠᠨᠠᠮᠵᠢ ᠨᠢᠭᠡᠲᠦᠬᠦ — ᠭᠡᠷ᠎ᠡ ᠲᠣᠭᠲᠠᠬᠤ — ᠠᠷᠠᠯᠵᠢᠶ᠎ᠠ ᠵᠢ ᠬᠢᠨᠠᠨ ᠬᠠᠮᠢᠶᠠᠷᠬᠤ》 ᠠᠷᠠᠯᠵᠢᠶᠠᠨ᠎ᠤ ᠴᠤᠪᠤᠷᠠᠯ᠎ᠢ ᠪᠠᠶ᠋ᠢᠭᠤᠯᠬᠤ ᠬᠡᠷᠡᠭᠲᠡᠶ᠃ ᠠᠷᠠᠯᠵᠢᠶᠠᠯᠠᠬᠤ ᠬᠤᠶᠠᠷ ᠲᠠᠯ᠎ᠠ᠎ᠪᠠᠷ ᠵᠶ᠋ᠠᠨ ᠭᠠᠵᠠᠷ ᠰᠢᠷᠣᠶ ᠵᠢᠨ ᠬᠤᠶᠠᠳᠤᠭ᠋ᠠᠷ ᠳᠡᠰ᠎ᠤᠨ ᠵᠠᠬ᠎ᠠ ᠳᠡᠯᠭᠡᠭᠦᠷ᠎ᠤᠨ ᠠᠷᠠᠯᠵᠢᠶᠠᠨ᠎ᠤ ᠲᠠᠪᠴᠠᠩ ᠵᠡᠷᠭᠡ ᠠᠷᠭ᠎ᠠ ᠵᠠᠮ ᠵᠶ᠋ᠠᠷ ᠳᠠᠮᠵᠢᠭᠤᠯᠤᠨ ᠵᠠᠬ᠎ᠠ ᠳᠡᠯᠭᠡᠭᠦᠷ᠎ᠤᠨ ᠮᠡᠳᠡᠭᠡ ᠵᠠᠩᠭᠢ ᠵᠢ ᠨᠡᠶ᠋ᠢᠲᠡᠯᠡᠬᠦ ᠪᠠ ᠣᠯᠵᠤ ᠪᠣᠯᠤᠨ᠎ᠠ; ᠬᠠᠤᠯᠢ ᠶᠣᠰᠣᠭ᠋ᠠᠷ ᠥᠪᠡᠰᠦᠪᠡᠨ ᠵᠥᠪᠳᠡᠯᠴᠡᠨ ᠠᠷᠠᠯᠵᠢᠶᠠᠯᠠᠵᠤ ᠪᠣᠯᠤᠨ᠎ᠠ᠂ ᠭᠠᠵᠠᠷ ᠰᠢᠷᠣᠶ ᠵᠢᠨ ᠬᠤᠶᠠᠳᠤᠭ᠋ᠠᠷ ᠳᠡᠰ᠎ᠤᠨ ᠵᠠᠬ᠎ᠠ ᠳᠡᠯᠭᠡᠭᠦᠷ᠎ᠤᠨ ᠠᠷᠠᠯᠵᠢᠶᠠᠨ᠎ᠤ ᠲᠠᠪᠴᠠᠩ᠎ᠳᠤ ᠨᠠᠶ᠋ᠢᠳᠠᠵᠤ ᠢᠯᠡ᠎ᠪᠠᠷ ᠠᠷᠠᠯᠵᠢᠶᠠᠯᠠᠭᠤᠯᠤᠭᠰᠠᠨ ᠴᠤ᠌ ᠪᠣᠯᠤᠨ᠎ᠠ᠃ ᠠᠷᠠᠯᠵᠢᠶᠠᠯᠠᠬᠤ ᠬᠤᠶᠠᠷ ᠲᠠᠯ᠎ᠠ᠎ᠪᠠᠷ ᠵᠶ᠋ᠠᠨ ᠰᠠᠨᠠᠯ ᠨᠢᠭᠡᠳᠦᠭᠰᠡᠨᠤ ᠳᠠᠷᠠᠭ᠎ᠠ ᠭᠡᠷ᠎ᠡ ᠲᠣᠭᠲᠠᠵᠤ᠂ ᠠᠷᠠᠯᠵᠢᠶᠠᠯᠠᠬᠤ ᠦᠨ᠎ᠡ᠎ᠪᠠᠨ ᠬᠠᠤᠯᠢ ᠶᠣᠰᠣᠭ᠋ᠠᠷ ᠮᠡᠳᠡᠭᠦᠯᠵᠦ᠂ ᠮᠡᠳᠡᠭᠦᠯᠦᠭᠰᠡᠨ ᠦᠨᠡᠨ᠎ᠢ ᠪᠠᠷᠢᠮᠵᠢᠶᠠᠯᠠᠵᠣ ᠲᠣᠭᠲᠠᠭ᠋ᠠᠭᠰᠠᠨ ᠭᠠᠵᠡᠷ ᠰᠢᠷᠣᠢ ᠵᠢᠨ ᠦᠨ᠎ᠡ᠎ᠠᠴᠠ 20%᠎ᠠᠴᠠ ᠢᠯᠡᠭᠦᠦ ᠳᠣᠤᠷ᠎ᠠ ᠪᠠᠶ᠋ᠢᠪᠠᠯ᠂ ᠬᠤᠰᠢᠭᠤ ᠰᠢᠶᠠᠨ (ᠬᠤᠲᠠ᠂ ᠲᠣᠭᠤᠷᠢᠭ)᠎ᠤ ᠠᠷᠠᠳ᠎ᠤᠨ ᠵᠠᠰᠠᠭ᠎ᠤᠨ ᠣᠷᠳᠣᠨ᠎ᠨᠢ ᠤᠷᠢᠳ ᠵᠶ᠋ᠠᠷ ᠬᠤᠳᠠᠯᠳᠤᠨ ᠠᠪᠬᠤ ᠡᠷᠬᠡ᠎ᠪᠠᠨ ᠬᠡᠷᠡᠭᠵᠢᠭᠦᠯᠵᠦ ᠪᠣᠯᠤᠨ᠎ᠠ; ᠮᠡᠳᠡᠭᠦᠯᠦᠭᠰᠡᠨ ᠦᠨ᠎ᠡ ᠬᠠᠩᠰᠢ᠎ᠨᠢ ᠥᠨᠳᠥᠷ ᠰᠢᠭ ᠪᠠᠶ᠋ᠢᠪᠠᠯ᠂ ᠬᠠᠤᠯᠢ ᠶᠣᠰᠣᠭ᠋ᠠᠷ ᠭᠠᠶ᠋ᠢᠯᠢ ᠲᠠᠲᠠᠪᠤᠷᠢ ᠪᠠ ᠮᠥᠩᠭᠦᠨ ᠭᠦᠢ᠍ᠯᠭᠡᠭᠡᠨ᠎ᠤ ᠠᠷᠭ᠎ᠠ ᠪᠠᠷᠢᠯ ᠵᠶ᠋ᠠᠷ ᠳᠠᠮᠵᠢᠭᠤᠯᠤᠨ ᠲᠤᠬᠢᠷᠠᠭᠤᠯᠤᠯᠳᠠ ᠬᠢᠬᠦ ᠵᠢᠨ ᠬᠠᠮᠲᠤ᠂ ᠡᠷᠬᠡᠲᠦ ᠬᠥᠮᠦᠨ᠎ᠳᠤ ᠲᠦᠭᠰᠢᠭᠦᠷᠢ ᠵᠢ ᠰᠡᠷᠡᠮᠵᠢᠯᠡᠭᠦᠯᠬᠦ ᠰᠠᠨᠠᠭᠤᠯᠤᠮᠵᠢ ᠦᠭᠭᠦ ᠬᠡᠷᠩᠳᠠᠢ᠃ ᠬᠤᠰᠢᠭᠤ ᠰᠢᠶᠠᠨ (ᠬᠤᠲᠠ᠂ ᠲᠣᠭᠤᠷᠢᠭ)᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠠᠷᠠᠯᠵᠢᠶ᠎ᠠ ᠵᠢᠨ ᠠᠵᠢᠯ ᠶᠠᠪᠤᠳᠠᠯ᠎ᠤᠨ ᠳᠤᠮᠳᠠᠬᠢ ᠪᠠ ᠠᠵᠢᠯ ᠶᠠᠪᠤᠳᠠᠯ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠵᠤ᠂ ᠬᠤᠯᠪᠣᠭᠳᠠᠯ ᠪᠥᠬᠦᠶ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠪᠤᠶᠤ ᠲᠦᠯᠦᠪᠦᠷᠢᠲᠡᠢ ᠰᠢᠯᠵᠢᠭᠦᠯᠬᠦ ᠭᠡᠷ᠎ᠡ ᠵᠢᠨ ᠪᠣᠯᠵᠣᠯ᠂ ᠬᠤᠪᠢᠶᠠᠷᠢᠯᠠᠨ ᠥᠭᠬᠦ ᠲᠣᠭᠲᠠᠭ᠋ᠠᠯ᠎ᠤᠨ ᠪᠢᠴᠢᠭ᠎ᠤᠨ ᠲᠣᠭᠲᠠᠭ᠋ᠠᠯ᠎ᠳᠤ ᠨᠡᠶ᠋ᠢᠴᠡᠬᠦ ᠥᠬᠡᠶ ᠪᠠᠶ᠋ᠢᠪᠠᠯ᠂ ᠬᠠᠮᠢᠶ᠎ᠠ ᠪᠥᠬᠦᠶ ᠭᠠᠷᠳᠠᠮ᠎ᠢ᠎ᠨᠢ ᠭᠦᠢ᠍ᠴᠡᠳᠭᠡᠨ ᠥᠭᠴᠦ ᠪᠣᠯᠬᠤ ᠥᠬᠡᠶ᠃ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠨᠢ ᠭᠠᠵᠠᠷ ᠰᠢᠷᠣᠶ ᠬᠡᠷᠡᠭᠯᠡᠬᠦ ᠡᠷᠬᠡ ᠵᠢᠴᠢ ᠭᠠᠵᠠᠷ ᠳᠡᠭᠡᠷᠡᠬᠢ ᠪᠠᠷᠢᠯᠭ᠎ᠠ ᠵᠢᠨ ᠠᠷᠠᠯᠵᠢᠶ᠎ᠠ᠎ᠳᠤ ᠬᠤᠯᠪᠣᠭᠳᠠᠪᠠᠯ᠂ ᠬᠠᠮᠲᠤᠳᠤᠨᠢ ᠠᠵᠤ ᠠᠬᠤᠶ᠋ᠢᠯᠠᠯ᠎ᠤᠨ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠬᠤᠯᠪᠣᠭᠳᠠᠯ ᠪᠥᠬᠦᠶ ᠲᠣᠭᠲᠠᠭ᠋ᠠᠯ ᠶᠣᠰᠣᠭ᠋ᠠᠷ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠱᠠᠲᠤᠨ᠎ᠠᠴᠠ ᠳᠡᠭᠡᠭᠰᠢᠬᠢ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠪᠠᠶ᠋ᠢᠭᠤᠯᠤᠮᠵᠢ᠎ᠠᠴᠠ ᠰᠣᠩᠭᠤᠭᠰᠠᠨ ᠪᠥᠭᠡᠳ ᠢᠯᠡ ᠨᠡᠶ᠋ᠢᠲᠡᠯᠡᠭᠰᠡᠨ ᠠᠵᠤ ᠠᠬᠤᠶ᠋ᠢᠯᠠᠯ᠎ᠤᠨ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠠᠷᠠᠯᠵᠢᠶᠠᠨ᠎ᠤ ᠲᠤᠬᠠᠶ᠋ᠢᠯᠠᠭᠰᠠᠨ ᠠᠵᠢᠯ᠎ᠢ ᠥᠷᠨᠢᠭᠦᠯᠵᠦ ᠪᠣᠯᠬᠤ ᠥᠮᠴᠢᠯᠡᠬᠦ ᠡᠷᠬᠡ ᠵᠢᠨ ᠠᠷᠠᠯᠵᠢᠶᠠᠨ᠎ᠤ ᠪᠠᠶ᠋ᠢᠭᠤᠯᠤᠮᠵᠢ᠎ᠳᠤ ᠢᠯᠡ᠎ᠪᠠᠷ ᠠᠷᠠᠯᠵᠢᠶᠠᠯᠠᠬᠤ ᠬᠡᠷᠡᠭᠲᠡᠶ᠃ (ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠥᠷ ᠮᠣᠩᠭᠤᠯ᠎ᠤᠨ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ)
(ᠭᠤᠷᠪᠠ) ᠲᠤᠭ᠎ᠠ ᠪᠠᠷᠢᠮᠲᠠ ᠵᠢᠨ ᠬᠠᠷᠢᠯᠴᠠᠨ ᠨᠡᠪᠲᠡᠷᠡᠯᠴᠡᠬᠦ᠂ ᠬᠠᠮᠲᠤ᠎ᠳᠤ᠎ᠪᠠᠨ ᠭᠥᠷᠳᠡᠬᠦ ᠵᠢ ᠴᠢᠩᠭ᠋ᠠᠳᠬᠠᠨ᠎ᠠ᠃ ᠡᠯ᠎ᠡ ᠭᠠᠵᠠᠷ ᠣᠷᠣᠨ᠎ᠨᠢ ᠭᠠᠵᠠᠷ ᠰᠢᠷᠣᠶ᠎ᠳᠤ ᠬᠤᠯᠪᠣᠭᠳᠠᠭᠰᠠᠨ ᠬᠠᠤᠯᠢ ᠴᠠᠭ᠋ᠠᠵᠠ ᠵᠢᠨ ᠰᠢᠢ᠍ᠳᠪᠦᠷᠢᠯᠡᠯᠲᠡ ᠵᠢᠨ ᠠᠵᠢᠯ᠎ᠢ ᠵᠣᠯᠭ᠋ᠠᠭᠤᠯᠬᠤ᠎ᠪᠠᠨ ᠴᠢᠩᠭ᠋ᠠᠳᠬᠠᠵᠤ᠂ ᠵᠣᠬᠢᠴᠠᠭᠤᠯᠬᠤ ᠲᠣᠭᠲᠠᠴᠠ ᠵᠢ ᠪᠠᠶ᠋ᠢᠭᠤᠯᠤᠨ᠂ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠷᠡᠭᠯᠡᠬᠦ ᠡᠷᠬᠡ ᠵᠢ ᠰᠢᠯᠵᠢᠭᠦᠯᠬᠦ᠎ᠳᠤ ᠬᠤᠯᠪᠣᠭᠳᠠᠭᠰᠠᠨ ᠬᠡᠷᠡᠭ᠎ᠲᠤ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠠᠷᠠᠳ᠎ᠤᠨ ᠰᠢᠭᠦᠬᠦ ᠬᠤᠷᠢᠶ᠎ᠠ᠎ᠳᠤ ᠥᠯᠥ ᠬᠥᠳᠡᠯᠬᠦ ᠬᠥᠷᠥᠩᠭᠡ᠎ᠳᠤ ᠬᠤᠯᠪᠣᠭᠳᠠᠭᠰᠠᠨ ᠡᠷᠬᠡ ᠵᠢᠨ ᠪᠠᠶ᠋ᠢᠳᠠᠯ᠂ ᠤᠤᠯ᠎ᠤᠨ ᠲᠦᠯᠦᠪᠦᠷᠢᠲᠡᠢ ᠰᠢᠯᠵᠢᠭᠦᠯᠬᠦ ᠭᠡᠷ᠎ᠡ᠎ᠳᠤ ᠪᠣᠯᠵᠣᠨ ᠲᠣᠭᠲᠠᠭᠰᠠᠨ ᠡᠷᠬᠡ ᠡᠭᠦᠷᠭᠡ ᠵᠢᠨ ᠪᠠᠶ᠋ᠢᠳᠠᠯ ᠵᠡᠷᠭᠡ ᠵᠢ ᠴᠠᠭ ᠲᠤᠬᠠᠶ᠎ᠳᠤᠨᠢ ᠬᠠᠩᠭ᠋ᠠᠬᠤ ᠬᠡᠷᠡᠭᠲᠡᠶ᠃ ᠬᠠᠤᠯᠢ ᠴᠠᠭ᠋ᠠᠵᠠ᠎ᠪᠠᠷ ᠰᠢᠢ᠍ᠳᠪᠦᠷᠢᠯᠡᠭᠰᠡᠨ ᠭᠠᠵᠠᠷ ᠰᠢᠷᠣᠶ ᠵᠢ ᠭᠠᠵᠠᠷ ᠰᠢᠷᠣᠶ ᠵᠢᠨ ᠬᠤᠶᠠᠳᠤᠭ᠋ᠠᠷ ᠳᠡᠰ᠎ᠤᠨ ᠵᠠᠬ᠎ᠠ ᠳᠡᠯᠭᠡᠭᠦᠷ᠎ᠤᠨ ᠠᠷᠠᠯᠵᠢᠶᠠᠨ᠎ᠤ ᠲᠠᠪᠴᠠᠩ᠎ᠳᠤ ᠣᠷᠣᠭᠤᠯᠤᠨ ᠠᠷᠠᠯᠵᠢᠶᠠᠯᠠᠵᠤ ᠪᠣᠯᠤᠨ᠎ᠠ᠃ ᠭᠠᠵᠠᠷ ᠰᠢᠷᠣᠶ᠎ᠳᠤ ᠬᠤᠯᠪᠣᠭᠳᠠᠭᠰᠠᠨ ᠡᠳ᠋ ᠬᠥᠷᠥᠩᠭᠡ ᠵᠢ ᠰᠢᠢ᠍ᠳᠪᠦᠷᠢᠯᠡᠬᠦ ᠠᠵᠢᠯ᠎ᠢ ᠵᠣᠯᠭ᠋ᠠᠭᠤᠯᠬᠤ᠎ᠪᠠᠨ ᠴᠢᠩᠭ᠋ᠠᠳᠬᠠᠵᠤ᠂ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠤᠯᠤᠰ᠎ᠤᠨ ᠥᠮᠴᠢᠯᠡᠯᠲᠦ ᠭᠠᠵᠠᠷ ᠰᠢᠷᠣᠶ᠎ᠳᠤ ᠬᠤᠯᠪᠣᠭᠳᠠᠭᠰᠠᠨ ᠡᠳ᠋ ᠬᠥᠷᠥᠩᠭᠡ ᠵᠢ ᠰᠢᠢ᠍ᠳᠪᠦᠷᠢᠯᠡᠬᠦ ᠬᠠᠮᠢᠶᠠᠷᠤᠯᠲᠠ ᠵᠢᠨ ᠴᠤᠪᠤᠷᠠᠯ᠎ᠢ ᠵᠢᠷᠤᠮᠵᠢᠭᠤᠯᠵᠤ᠂ ᠭᠠᠵᠠᠷ ᠰᠢᠷᠣᠶ ᠵᠢᠨ ᠥᠮᠴᠢᠯᠡᠬᠦ ᠡᠷᠬᠡ ᠵᠢᠨ ᠡᠷᠬᠡ ᠵᠢᠨ ᠬᠠᠷᠢᠶᠠᠯᠠᠯ᠎ᠢ ᠵᠢᠷᠤᠮᠵᠢᠭᠤᠯᠬᠤ ᠬᠡᠷᠡᠭᠲᠡᠢ; ᠵᠠᠰᠠᠭ᠎ᠤᠨ ᠣᠷᠳᠣᠨ᠎ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠪᠤᠶᠤ ᠠᠵᠢᠯ ᠦᠢ᠍ᠯᠡᠰ᠎ᠤᠨ ᠨᠢᠭᠡᠴᠢ᠎ᠨᠢ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢ ᠰᠢᠢ᠍ᠳᠪᠦᠷᠢᠯᠡᠬᠦ᠎ᠳᠤ᠎ᠪᠠᠨ᠂ ᠬᠤᠪᠢᠶᠠᠷᠢᠯᠠᠨ ᠥᠭᠭᠦᠭᠰᠡᠨ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠷᠡᠭᠯᠡᠬᠦ ᠡᠷᠬᠡ ᠵᠢ ᠰᠢᠯᠵᠢᠭᠦᠯᠬᠦ᠎ᠳᠤ ᠬᠤᠯᠪᠣᠭᠳᠠᠪᠠᠯ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠰᠠᠨᠠᠯ᠎ᠢ ᠬᠤᠷᠢᠶᠠᠬᠤ ᠵᠢᠨ ᠬᠠᠮᠲᠤ᠂ ᠡᠷᠬᠡᠲᠦ ᠭᠠᠵᠠᠷ᠎ᠤᠨ ᠬᠤᠯᠪᠣᠭᠳᠠᠯ ᠪᠥᠬᠦᠶ ᠪᠠᠶ᠋ᠢᠳᠠᠯ᠎ᠢ ᠲᠤᠬᠠᠶ ᠵᠢᠨ ᠬᠥᠮᠦᠨ᠎ᠳᠤ ᠦᠨᠡᠨ ᠮᠦᠨ ᠵᠶ᠋ᠠᠷ᠎ᠨᠢ ᠮᠡᠳᠡᠭᠳᠡᠭᠦ ᠬᠡᠷᠡᠭᠲᠡᠶ᠃ ᠡᠯ᠎ᠡ ᠱᠠᠲᠤᠨ᠎ᠤ ᠪᠠᠶ᠋ᠢᠭ᠋ᠠᠯᠢ ᠵᠢᠨ ᠡᠬᠢ ᠪᠠᠶᠠᠯᠢᠭ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠂ ᠭᠠᠶ᠋ᠢᠯᠢ ᠵᠢᠨ ᠶᠠᠪᠤᠳᠠᠯ ᠵᠡᠷᠭᠡ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠭᠠᠵᠠᠷ ᠰᠢᠷᠤᠢ᠎ᠳᠤ ᠬᠤᠯᠪᠣᠭᠳᠠᠭᠰᠠᠨ ᠰᠲ᠋ᠣᠺ᠎ᠤᠨ ᠡᠷᠬᠡ ᠵᠢ ᠰᠢᠯᠵᠢᠭᠦᠯᠦᠨ ᠥᠭᠬᠦ ᠵᠢ ᠬᠤᠯᠪᠤᠭ᠋ᠠᠯᠠᠨ ᠬᠢᠨᠠᠨ ᠬᠠᠮᠢᠶᠠᠷᠬᠤ᠎ᠪᠠᠨ ᠴᠢᠩᠭ᠋ᠠᠳᠬᠠᠵᠤ᠂ ᠭᠠᠵᠠᠷ ᠰᠢᠷᠤᠢ᠎ᠳᠤ ᠬᠤᠯᠪᠣᠭᠳᠠᠭᠰᠠᠨ ᠰᠲ᠋ᠣᠺ᠎ᠤᠨ ᠡᠷᠬᠡ ᠵᠢ ᠰᠢᠯᠵᠢᠭᠦᠯᠦᠨ ᠥᠭᠬᠦ ᠵᠢᠨ ᠳᠡᠩᠰᠡᠯᠡᠨ ᠲᠡᠮᠳᠡᠭᠯᠡᠬᠦ᠂ ᠬᠡᠷ ᠪᠠᠶ᠋ᠢᠰᠢᠩ ᠭᠠᠵᠠᠷ ᠬᠥᠷᠥᠩᠭᠡ ᠵᠢᠨ ᠠᠷᠠᠯᠵᠢᠶ᠎ᠠ ᠵᠡᠷᠭᠡ ᠮᠡᠳᠡᠭᠡ ᠵᠠᠩᠭᠢ ᠵᠢ ᠴᠠᠭ ᠲᠤᠬᠠᠶ᠎ᠳᠤᠨᠢ ᠣᠨᠣᠪᠴᠢᠲᠠᠶ ᠬᠠᠩᠭ᠋ᠠᠨ᠂ ᠮᠡᠳᠡᠭᠡ ᠵᠠᠩᠭᠢ ᠵᠢ ᠬᠠᠷᠢᠯᠴᠠᠨ ᠨᠡᠪᠲᠡᠷᠡᠯᠴᠡᠵᠦ ᠬᠠᠮᠲᠤ᠎ᠳᠤ᠎ᠪᠠᠨ ᠭᠥᠷᠳᠡᠬᠦ ᠵᠢ ᠪᠡᠶᠡᠯᠡᠭᠦᠯᠬᠦ ᠬᠡᠷᠡᠭᠲᠡᠶ᠃ ᠭᠠᠵᠠᠷ ᠰᠢᠷᠣᠶ ᠵᠢᠨ ᠬᠤᠶᠠᠳᠤᠭ᠋ᠠᠷ ᠳᠡᠰ᠎ᠤᠨ ᠵᠠᠬ᠎ᠠ ᠳᠡᠯᠭᠡᠭᠦᠷ᠎ᠤᠨ ᠠᠷᠠᠯᠵᠢᠶᠠᠨ᠎ᠤ ᠲᠠᠪᠴᠠᠩ ᠬᠢᠭᠡᠳ ᠥᠯᠥ ᠬᠥᠳᠡᠯᠬᠦ ᠬᠥᠷᠥᠩᠭᠡ ᠵᠢᠨ ᠳᠠᠩᠰᠠᠯᠠᠨ ᠲᠡᠮᠳᠡᠭᠯᠡᠬᠦ ᠲᠠᠪᠴᠠᠩ᠎ᠤᠨ ᠬᠠᠷᠢᠯᠴᠠᠨ ᠨᠡᠪᠲᠡᠷᠡᠯᠴᠡᠵᠦ ᠬᠠᠮᠲᠤ᠎ᠳᠤ᠎ᠪᠠᠨ ᠬᠦᠷᠲᠡᠬᠦ ᠲᠣᠭᠲᠠᠴᠠ ᠵᠢ ᠪᠠᠶ᠋ᠢᠭᠤᠯᠵᠤ᠂ ᠥᠯᠥ ᠬᠥᠳᠡᠯᠬᠦ ᠬᠥᠷᠥᠩᠭᠡ ᠵᠢᠨ ᠳᠠᠩᠰᠠᠯᠠᠨ ᠲᠡᠮᠳᠡᠭᠯᠡᠬᠦ ᠮᠡᠳᠡᠭᠡ ᠵᠠᠩᠭᠢ ᠵᠢ ᠴᠠᠭ ᠲᠤᠬᠠᠶ᠎ᠳᠤᠨᠢ ᠭᠠᠵᠠᠷ ᠰᠢᠷᠣᠶ ᠵᠢᠨ ᠠᠷᠠᠯᠵᠢᠶᠠᠨ᠎ᠤ ᠲᠠᠪᠴᠠᠩ᠎ᠳᠤ ᠬᠦᠷᠭᠡᠵᠦ᠂ ᠠᠷᠠᠯᠵᠢᠶᠠᠨ᠎ᠤ ᠮᠡᠳᠡᠭᠡ ᠵᠠᠩᠭᠢ ᠵᠢᠨ ᠲᠤᠭ᠎ᠠ ᠪᠠᠷᠢᠮᠲᠠ ᠬᠢᠭᠡᠳ ᠥᠯᠥ ᠬᠥᠳᠡᠯᠬᠦ ᠬᠥᠷᠥᠩᠭᠡ ᠵᠢᠨ ᠳᠠᠩᠰᠠᠯᠠᠨ ᠲᠡᠮᠳᠡᠭᠯᠡᠭᠰᠡᠨ ᠲᠤᠭ᠎ᠠ ᠪᠠᠷᠢᠮᠲᠠ ᠵᠢᠨ ᠬᠠᠷᠢᠯᠴᠠᠨ ᠨᠡᠪᠲᠡᠷᠡᠯᠴᠡᠵᠦ᠂ ᠬᠠᠮᠲᠤ᠎ᠳᠤ᠎ᠪᠠᠨ ᠬᠦᠷᠲᠡᠬᠦ ᠵᠢ ᠪᠡᠶᠡᠯᠡᠭᠦᠯᠬᠦ ᠬᠡᠷᠡᠭᠲᠡᠢ; ᠠᠷᠠᠯᠵᠢᠶ᠎ᠠ ᠳᠠᠭᠤᠰᠤᠬᠰᠡᠨᠤ ᠳᠠᠷᠠᠭ᠎ᠠ᠂ ᠭᠠᠵᠠᠷ ᠰᠢᠷᠣᠶ ᠵᠢᠨ ᠠᠷᠠᠯᠵᠢᠶᠠᠨ᠎ᠤ ᠮᠡᠳᠡᠭᠡ ᠵᠠᠩᠭᠢ ᠵᠢ ᠴᠠᠭ ᠲᠤᠬᠠᠶ᠎ᠳᠤᠨᠢ ᠥᠯᠥ ᠬᠥᠳᠡᠯᠬᠦ ᠬᠥᠷᠥᠩᠭᠡ ᠵᠢᠨ ᠳᠠᠩᠰᠠᠯᠠᠨ ᠲᠡᠮᠳᠡᠭᠯᠡᠬᠦ ᠲᠠᠪᠴᠠᠩ᠎ᠳᠤ ᠬᠦᠷᠭᠡᠵᠦ᠂ ᠠᠷᠠᠯᠵᠢᠶᠠᠯᠠᠬᠤ ᠬᠤᠶᠠᠷ ᠲᠠᠯ᠎ᠠ᠎ᠪᠠᠷ ᠵᠶ᠋ᠠᠨ ᠥᠯᠥ ᠬᠥᠳᠡᠯᠬᠦ ᠬᠥᠷᠥᠩᠭᠡ ᠵᠢᠨ ᠳᠠᠩᠰᠠᠯᠠᠨ ᠲᠡᠮᠳᠡᠭᠯᠡᠬᠦ᠎ᠳᠤ ᠮᠡᠳᠡᠭᠡ ᠵᠠᠩᠭᠢ ᠵᠢᠨ ᠲᠤᠭ᠎ᠠ ᠪᠠᠷᠢᠮᠲᠠ ᠬᠠᠩᠭ᠋ᠠᠬᠤ ᠬᠡᠷᠩᠳᠠᠢ᠃ (ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠠᠨ᠎ᠤ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠲᠥᠪ᠂ ᠥᠪᠥᠷ ᠮᠣᠩᠭᠤᠯ᠎ᠤᠨ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ)
(ᠳᠥᠷᠪᠡ) ᠵᠠᠭᠤᠴᠢ ᠵᠣᠬᠢᠶᠠᠨ ᠪᠠᠶ᠋ᠢᠭᠤᠯᠤᠯᠲᠠ ᠵᠢ ᠪᠣᠢ ᠪᠣᠯᠭ᠋ᠠᠨ ᠵᠢᠷᠤᠮᠵᠢᠭᠤᠯᠤᠨ᠎ᠠ᠃ ᠡᠯ᠎ᠡ ᠭᠠᠵᠠᠷ ᠣᠷᠣᠨ᠎ᠨᠢ ᠵᠠᠬ᠎ᠠ ᠳᠡᠯᠭᠡᠭᠦᠷ᠎ᠤᠨ ᠠᠷᠠᠯᠵᠢᠶᠠᠨ᠎ᠤ ᠠᠵᠢᠯᠯᠠᠭ᠎ᠠ᠎ᠳᠠᠬᠢ ᠨᠡᠶ᠋ᠢᠭᠡᠮ᠎ᠤᠨ ᠵᠠᠭᠤᠴᠢ ᠵᠣᠬᠢᠶᠠᠨ ᠪᠠᠶ᠋ᠢᠭᠤᠯᠤᠯᠲᠠ ᠵᠢᠨ ᠬᠥᠭᠦᠷᠭᠡ ᠵᠢᠨ ᠦᠢ᠍ᠯᠡᠳᠦᠯ᠎ᠢ ᠪᠠᠳᠠᠷᠠᠭᠤᠯᠵᠤ᠂ ᠬᠠᠮᠢᠶ᠎ᠠ ᠪᠥᠬᠦᠶ ᠪᠠᠶ᠋ᠢᠭᠤᠯᠤᠮᠵᠢ ᠵᠢ ᠬᠥᠭᠵᠢᠭᠦᠯᠦᠨ᠂ ᠵᠣᠬᠢᠬᠤ ᠲᠤᠬᠠᠶ᠋ᠢᠯᠠᠭᠰᠠᠨ ᠠᠵᠢᠯ᠎ᠤᠨ ᠬᠢᠷᠢ ᠴᠢᠳᠠᠮᠵᠢ᠎ᠲᠠᠢ ᠵᠠᠭᠤᠴᠢ ᠪᠠᠶ᠋ᠢᠭᠤᠯᠤᠮᠵᠢ ᠵᠢᠨ ᠭᠠᠵᠠᠷ ᠰᠢᠷᠣᠶ ᠵᠢᠨ ᠬᠤᠶᠠᠳᠤᠭ᠋ᠠᠷ ᠳᠡᠰ᠎ᠤᠨ ᠵᠠᠬ᠎ᠠ ᠳᠡᠯᠭᠡᠭᠦᠷ᠎ᠤᠨ ᠠᠷᠠᠯᠵᠢᠶᠠᠨ᠎ᠤ ᠲᠠᠪᠴᠠᠩ᠎ᠳᠤ ᠦᠨᠡᠨ ᠨᠡᠷ᠎ᠡ᠎ᠪᠠᠷ ᠵᠶ᠋ᠠᠨ ᠬᠠᠩᠭ᠋ᠠᠯᠭ᠎ᠠ ᠬᠡᠷᠡᠭᠴᠡᠭᠡ ᠵᠢᠨ ᠮᠡᠳᠡᠭᠡ ᠰᠣᠷᠠᠭ ᠨᠡᠶ᠋ᠢᠲᠡᠯᠡᠬᠦ ᠵᠢ ᠵᠣᠷᠢᠬ᠍ᠵᠢᠭᠤᠯᠵᠤ᠂ ᠠᠷᠠᠯᠵᠢᠶ᠎ᠠ ᠵᠢᠨ ᠡᠯ᠎ᠡ ᠲᠠᠯ᠎ᠠ᠎ᠳᠤ ᠲᠠᠨᠢᠯᠴᠠᠭᠤᠯᠬᠤ᠂ ᠳᠡᠯᠭᠡᠨ ᠦᠵᠡᠭᠦᠯᠬᠦ᠂ ᠯᠠᠪᠯᠠᠭ᠎ᠠ ᠥᠭᠬᠦ᠂ ᠦᠨ᠎ᠡ ᠵᠢᠱ᠌ᠢᠬᠦ᠂ ᠵᠠᠭᠤᠴᠢᠯᠠᠬᠤ ᠵᠡᠷᠭᠡ ᠦᠢ᠍ᠯᠡᠴᠢᠯᠡᠭᠡᠨ ᠬᠠᠩᠭ᠋ᠠᠬᠤ ᠬᠡᠷᠡᠭᠲᠡᠶ᠃ ᠶᠡᠷᠦᠩᠬᠡᠶ᠋ᠢᠯᠡᠨ ᠦᠨᠡᠯᠡᠬᠦ᠂ ᠠᠵᠢᠯ᠎ᠤᠨ ᠠᠮᠵᠢᠯᠲᠠ ᠪᠦᠲᠦᠮᠵᠢ ᠵᠢ ᠰᠢᠯᠭ᠋ᠠᠨ ᠬᠢᠨᠠᠬᠤ᠂ ᠶᠡᠷᠦᠩᠬᠡᠶ᠋ᠢᠯᠡᠨ ᠨᠡᠷ᠎ᠡ ᠵᠢᠭᠰᠠᠭ᠋ᠠᠬᠤ ᠵᠡᠷᠭᠡ ᠠᠷᠭ᠎ᠠ ᠬᠡᠮᠵᠢᠶ᠎ᠡ ᠵᠢ ᠠᠪᠴᠤ᠂ ᠵᠠᠭᠤᠴᠢ ᠪᠠᠶ᠋ᠢᠭᠤᠯᠤᠮᠵᠢ ᠵᠢᠨ ᠪᠤᠴᠠᠭ᠋ᠠᠨ ᠭᠠᠷᠭ᠋ᠠᠬᠤ ᠲᠣᠭᠲᠠᠴᠠ ᠵᠢ ᠪᠠᠶ᠋ᠢᠭᠤᠯᠤᠨ᠂ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠵᠠᠭᠤᠴᠢᠯᠠᠬᠤ ᠠᠵᠢᠯᠯᠠᠭ᠎ᠠ ᠵᠢ ᠬᠠᠤᠯᠢ ᠶᠣᠰᠣᠭ᠋ᠠᠷ ᠵᠠᠯᠬᠠᠭ᠋ᠠᠨ ᠴᠡᠭᠡᠷᠯᠡᠭᠦᠯᠵᠦ᠂ ᠵᠠᠭᠤᠴᠢ ᠵᠣᠬᠢᠶᠠᠨ ᠪᠠᠶ᠋ᠢᠭᠤᠯᠤᠯᠲᠠ ᠵᠢᠨ ᠦᠨᠡᠨᠴᠢ ᠢᠲᠡᠭᠡᠮᠵᠢᠲᠡᠶ᠎ᠪᠠᠷ ᠡᠵᠡᠩᠨᠡᠬᠦ ᠵᠢ ᠬᠥᠲᠥᠯᠥᠨ ᠵᠢᠯᠣᠭᠤᠳᠤᠨ᠎ᠠ᠃ (ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ)
ᠵᠢᠷᠭᠤᠭ᠎ᠠ᠂ ᠬᠢᠨᠠᠨ ᠰᠢᠨᠵᠢᠵᠦ ᠬᠢᠨᠠᠨ ᠬᠠᠮᠢᠶᠠᠷᠬᠤ ᠵᠢ ᠴᠢᠩᠭ᠋ᠠᠳᠬᠠᠬᠤ ᠬᠡᠷᠡᠭᠲᠡᠶ
(ᠨᠢᠭᠡ) ᠵᠠᠬ᠎ᠠ ᠳᠡᠯᠭᠡᠭᠦᠷ᠎ᠤᠨ ᠬᠢᠨᠠᠨ ᠰᠢᠨᠵᠢᠵᠦ ᠬᠢᠨᠠᠨ ᠬᠠᠮᠢᠶᠠᠷᠬᠤ ᠪᠠ ᠳᠣᠭᠢᠷᠠᠭᠤᠯᠤᠨ ᠡᠵᠡᠮᠳᠡᠬᠦ ᠵᠢ ᠴᠢᠩᠭ᠋ᠠᠷᠠᠭᠤᠯᠤᠨ᠎ᠠ᠃ ᠡᠯ᠎ᠡ ᠭᠠᠵᠠᠷ ᠣᠷᠣᠨ᠎ᠨᠢ ᠭᠠᠵᠠᠷ ᠰᠢᠷᠣᠶ ᠵᠢᠨ ᠬᠤᠶᠠᠳᠤᠭ᠋ᠠᠷ ᠳᠡᠰ᠎ᠤᠨ ᠵᠠᠬ᠎ᠠ ᠳᠡᠯᠭᠡᠭᠦᠷ᠎ᠤᠨ ᠬᠥᠳᠡᠯᠦᠩᠭᠦᠶ᠎ᠪᠠᠷ ᠬᠢᠨᠠᠨ ᠰᠢᠨᠵᠢᠵᠦ ᠬᠢᠨᠠᠨ ᠬᠠᠮᠢᠶᠠᠷᠬᠤ ᠲᠦᠷᠢᠮ᠎ᠢ ᠪᠦᠷᠢᠨᠰᠢᠬᠦᠯᠵᠦ᠂ ᠬᠢᠨᠠᠨ ᠰᠢᠨᠵᠢᠵᠦ ᠬᠢᠨᠠᠨ ᠬᠠᠮᠢᠶᠠᠷᠬᠤ ᠮᠡᠳᠡᠭᠡ ᠵᠠᠩᠭᠢ ᠵᠢᠨ ᠰᠢᠰᠲ᠋ᠧᠮ ᠵᠶ᠋ᠠᠨ ᠲᠡᠭᠦᠯᠳᠡᠷᠵᠢᠭᠦᠯᠬᠦ ᠬᠡᠷᠡᠭᠲᠡᠶ᠃ ᠲᠣᠰ ᠭᠠᠵᠠᠷ ᠣᠷᠣᠨ᠎ᠤ ᠭᠠᠵᠠᠷ ᠰᠢᠷᠣᠶ ᠵᠢᠨ ᠰᠢᠯᠵᠢᠭᠦᠯᠦᠨ ᠥᠭᠭᠦᠭᠰᠡᠨ᠂ ᠲᠦᠷᠢᠶᠡᠰᠦᠯᠡᠭᠦᠯᠦᠭᠰᠡᠨ᠂ ᠪᠠᠷᠢᠴᠠᠭ᠋ᠠᠯᠠᠭᠰᠠᠨ ᠲᠠᠯᠠᠪᠠᠶ᠂ ᠪᠦᠲᠦᠴᠡ᠂ ᠦᠨ᠎ᠡ ᠵᠢᠨ ᠵᠣᠭᠤᠰ᠂ ᠴᠠᠭ᠎ᠤᠨ ᠳᠠᠷᠠᠭ᠋ᠠᠯᠠᠯ᠂ ᠬᠤᠪᠢᠷᠠᠯᠲᠠ ᠵᠢᠨ ᠬᠠᠨᠳᠤᠰᠢ ᠵᠡᠷᠭᠡ ᠲᠤᠭ᠎ᠠ ᠪᠠᠷᠢᠮᠲᠠ᠎ᠳᠤ ᠲᠣᠭᠲᠠᠮᠠᠯ ᠬᠤᠭᠤᠴᠠᠭ᠎ᠠ᠎ᠲᠠᠢ᠎ᠪᠠᠷ ᠵᠠᠳᠠᠯᠤᠯᠲᠠ ᠬᠢᠵᠦ᠂ ᠬᠢᠨᠠᠨ ᠰᠢᠨᠵᠢᠵᠦ ᠵᠠᠳᠠᠯᠤᠯᠲᠠ ᠬᠢᠭᠰᠡᠨ ᠮᠡᠳᠡᠭᠦᠯᠦᠯᠲᠡ ᠭᠠᠷᠭ᠋ᠠᠨ᠂ ᠵᠠᠬ᠎ᠠ ᠳᠡᠯᠭᠡᠭᠦᠷ᠎ᠤᠨ ᠪᠠᠶ᠋ᠢᠳᠠᠯ᠎ᠢ ᠰᠤᠳᠤᠯᠤᠨ ᠮᠠᠭ᠋ᠠᠳᠯᠠᠬᠤ ᠬᠡᠷᠡᠭᠲᠡᠶ᠃ ᠭᠠᠵᠠᠷ᠎ᠤᠨ ᠦᠨ᠎ᠡ ᠵᠢ ᠵᠠᠷᠯᠠᠨ ᠨᠡᠶ᠋ᠢᠲᠡᠯᠡᠬᠦ ᠲᠣᠭᠲᠠᠯᠴᠠᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠰᠠᠭᠤᠷᠢ ᠪᠠᠷᠢᠮᠵᠢᠶᠠᠲᠤ ᠭᠠᠵᠠᠷ᠎ᠤᠨ ᠦᠨ᠎ᠡ ᠪᠤᠶᠤ ᠪᠠᠷᠢᠮᠵᠢᠶᠠᠯᠠᠨ ᠲᠣᠭᠲᠠᠭ᠋ᠠᠭᠰᠠᠨ ᠭᠠᠵᠠᠷ᠎ᠤᠨ ᠦᠨ᠎ᠡ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠰᠢᠨᠡᠳᠬᠡᠬᠦ ᠪᠠ ᠨᠡᠶ᠋ᠢᠲᠡᠯᠡᠬᠦ ᠬᠡᠷᠩᠳᠠᠢ; ᠭᠠᠵᠠᠷ ᠰᠢᠷᠣᠶ ᠵᠢᠨ ᠬᠤᠶᠠᠳᠤᠭ᠋ᠠᠷ ᠳᠡᠰ᠎ᠤᠨ ᠵᠠᠬ᠎ᠠ ᠳᠡᠯᠭᠡᠭᠦᠷ᠎ᠤᠨ ᠦᠨ᠎ᠡ ᠬᠠᠩᠰᠢ ᠵᠢᠨ ᠪᠣᠢ ᠪᠣᠯᠬᠤ᠂ ᠬᠢᠨᠠᠨ ᠰᠢᠨᠵᠢᠬᠦ᠂ ᠵᠢᠭ᠋ᠠᠨ ᠵᠢᠯᠣᠭᠤᠳᠬᠤ᠂ ᠬᠢᠨᠠᠯᠲᠠ ᠲᠠᠯᠪᠢᠬᠤ ᠲᠣᠭᠲᠠᠴᠠ ᠵᠢ ᠲᠡᠭᠦᠯᠳᠡᠷᠵᠢᠭᠦᠯᠵᠦ᠂ ᠠᠷᠠᠯᠵᠢᠶᠠᠨ᠎ᠤ ᠦᠨ᠎ᠡ ᠬᠠᠩᠰᠢ ᠵᠢᠨ ᠬᠡᠪ᠎ᠤᠨ ᠪᠤᠰᠤ᠎ᠪᠠᠷ ᠬᠡᠯᠪᠡᠯᠵᠡᠬᠦ ᠵᠢ ᠰᠡᠷᠭᠡᠶ᠋ᠢᠯᠡᠨ ᠬᠤᠷᠢᠭᠯᠠᠬᠤ ᠬᠡᠷᠩᠳᠠᠢ᠃ ᠭᠠᠵᠠᠷ ᠰᠢᠷᠣᠶ ᠵᠢ ᠰᠢᠯᠵᠢᠭᠦᠯᠦᠨ ᠥᠭᠬᠦ᠎ᠳᠤ ᠬᠡᠷ ᠪᠠᠶ᠋ᠢᠰᠢᠩ ᠭᠠᠵᠠᠷ ᠬᠥᠷᠥᠩᠭᠡ ᠵᠢᠨ ᠨᠡᠭᠡᠭᠡᠯᠲᠡᠳᠤ ᠬᠤᠯᠪᠣᠭᠳᠠᠬᠤ ᠬᠠᠮᠢᠶ᠎ᠠ ᠪᠥᠬᠦᠶ ᠪᠠᠯᠠ ᠮᠥᠩᠭᠦ ᠵᠢᠨ ᠢᠷᠡᠯᠲᠡ᠎ᠨᠢ ᠬᠡᠷ ᠪᠠᠶ᠋ᠢᠰᠢᠩ ᠭᠠᠵᠠᠷ ᠬᠥᠷᠥᠩᠭᠡ ᠵᠢᠨ ᠨᠡᠭᠡᠭᠡᠯᠲᠡ ᠵᠢᠨ ᠠᠵᠤ ᠠᠬᠤᠶ᠋ᠢᠯᠠᠯ᠎ᠤᠨ ᠭᠠᠵᠠᠷ ᠰᠢᠷᠣᠶ ᠬᠤᠳᠠᠯᠳᠤᠨ ᠠᠪᠬᠤ ᠪᠠ ᠪᠠᠯᠠ ᠲᠣᠬᠢᠷᠠᠭᠤᠯᠬᠤ ᠬᠠᠮᠢᠶ᠎ᠠ ᠪᠥᠬᠦᠶ ᠲᠣᠭᠲᠠᠭ᠋ᠠᠯ᠎ᠳᠤ ᠨᠠᠶ᠋ᠢᠴᠡᠭᠦ ᠬᠡᠷᠡᠭᠲᠡᠶ᠃ ᠭᠠᠵᠠᠷ ᠰᠢᠷᠣᠶ ᠵᠢᠨ ᠨᠢᠭᠡᠳᠦᠭᠡᠷ᠂ ᠬᠤᠶᠠᠳᠤᠭ᠋ᠠᠷ ᠳᠡᠰ᠎ᠤᠨ ᠵᠠᠬ᠎ᠠ ᠳᠡᠯᠭᠡᠭᠦᠷ᠎ᠤᠨ ᠬᠤᠯᠪᠣᠭ᠋ᠠᠯᠠᠨ ᠬᠥᠳᠡᠯᠦᠯᠴᠡᠬᠦ ᠵᠢ ᠴᠢᠩᠭ᠋ᠠᠳᠬᠠᠵᠤ᠂ ᠭᠠᠵᠠᠷ ᠰᠢᠷᠣᠶ ᠵᠢᠨ ᠣᠷᠣᠭᠤᠯᠤᠯᠲᠠ ᠵᠢᠨ ᠶᠡᠷᠦᠩᠬᠡᠶ ᠬᠡᠮᠵᠢᠶ᠎ᠡ᠂ ᠪᠦᠲᠦᠴᠡ᠂ ᠴᠠᠭ᠎ᠤᠨ ᠳᠠᠷᠠᠭ᠋ᠠᠯᠠᠯ ᠵᠡᠷᠭᠡ ᠵᠢ ᠵᠣᠯᠭ᠋ᠠᠭᠤᠯᠬᠤ ᠵᠢ ᠴᠢᠩᠭ᠋ᠠᠳᠬᠠᠨ᠂ ᠰᠤᠯᠠ ᠲᠠᠯᠪᠢᠭᠳᠠᠵᠤ ᠪᠠᠶ᠋ᠢᠭ᠎ᠠ ᠭᠠᠵᠠᠷ ᠰᠢᠷᠣᠶ ᠵᠢ ᠴᠢᠯᠥᠭᠡᠲᠡᠶ ᠭᠦᠢ᠍ᠯᠭᠡᠭᠡᠬᠦ᠂ ᠭᠠᠵᠠᠷ ᠰᠢᠷᠣᠶ ᠵᠢᠨ ᠠᠰᠢᠭᠯᠠᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠬᠦ᠂ ᠬᠠᠩᠭ᠋ᠠᠯᠭ᠎ᠠ ᠬᠡᠷᠡᠭᠴᠡᠭᠡ ᠵᠢᠨ ᠵᠥᠷᠢᠴᠡᠯ᠎ᠢ ᠲᠡᠩᠴᠡᠭᠦᠯᠬᠦ᠎ᠳᠠᠬᠢ ᠭᠠᠵᠠᠷ ᠰᠢᠷᠣᠶ ᠵᠢᠨ ᠬᠤᠶᠠᠳᠤᠭ᠋ᠠᠷ ᠳᠡᠰ᠎ᠤᠨ ᠵᠠᠬ᠎ᠠ ᠳᠡᠯᠭᠡᠭᠦᠷ᠎ᠤᠨ ᠦᠢ᠍ᠯᠡᠳᠦᠯ᠎ᠢ᠎ᠨᠢ ᠭᠦᠢ᠍ᠴᠡᠳ ᠪᠠᠳᠠᠷᠠᠭᠤᠯᠤᠨ᠂ ᠡᠳ᠋᠎ᠤᠨ ᠵᠠᠰᠠᠭ ᠭᠠᠶ᠋ᠢᠯᠢ᠂ ᠮᠥᠩᠭᠦᠨ ᠭᠦᠢ᠍ᠯᠭᠡᠭᠡ ᠵᠡᠷᠭᠡ ᠠᠷᠭ᠎ᠠ ᠪᠠᠷᠢᠯ᠎ᠢ ᠴᠠᠭᠲᠤᠨᠢ ᠳᠣᠭᠢᠷᠠᠭᠤᠯᠤᠨ ᠬᠡᠷᠡᠭᠯᠡᠵᠦ᠂ ᠭᠠᠵᠠᠷ ᠰᠢᠷᠣᠶ ᠵᠢᠨ ᠵᠠᠬ᠎ᠠ ᠳᠡᠯᠭᠡᠭᠦᠷ᠎ᠤᠨ ᠪᠦᠬᠦᠯᠢ ᠴᠣᠭᠴᠠ ᠵᠢᠨ ᠡᠵᠡᠮᠰᠢᠯ ᠲᠣᠬᠢᠷᠠᠭᠤᠯᠭ᠎ᠠ ᠵᠢ ᠴᠢᠩᠭ᠋ᠠᠳᠬᠠᠨ᠂ ᠵᠠᠬ᠎ᠠ ᠳᠡᠯᠭᠡᠭᠦᠷ᠎ᠤᠨ ᠲᠣᠭᠲᠠᠭᠤᠨ ᠵᠶ᠋ᠠᠷ ᠠᠵᠢᠯᠯᠠᠬᠤ ᠵᠢ ᠬᠠᠮᠠᠭ᠋ᠠᠯᠠᠬᠤ ᠬᠡᠷᠩᠳᠠᠢ᠃ (ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠥᠪᠥᠷ ᠮᠣᠩᠭᠤᠯ᠎ᠤᠨ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ᠂ ᠠᠷᠠᠳ᠎ᠤᠨ ᠪᠠᠩᠬᠢ ᠵᠢᠨ ᠬᠥᠬᠡᠬᠤᠲᠠ ᠲᠥᠪ ᠰᠠᠯᠪᠤᠷᠢ ᠪᠠᠩᠬᠢ᠂ ᠥᠪᠥᠷ ᠮᠣᠩᠭᠤᠯ᠎ᠤᠨ ᠪᠠᠩᠬᠢ ᠪᠠ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ)
(ᠬᠤᠶᠠᠷ) ᠭᠠᠵᠠᠷ ᠰᠢᠷᠣᠶ ᠵᠢᠨ ᠵᠠᠬ᠎ᠠ ᠳᠡᠯᠭᠡᠭᠦᠷ᠎ᠤᠨ ᠢᠲᠡᠭᠡᠮᠵᠢ ᠵᠢᠨ ᠲᠣᠭᠲᠠᠯᠴᠠᠭ᠎ᠠ ᠵᠢ ᠲᠡᠭᠦᠯᠳᠡᠷᠵᠢᠭᠦᠯᠦᠨ᠎ᠡ᠃ ᠡᠯ᠎ᠡ ᠱᠠᠲᠤᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠠᠯᠠᠭ᠎ᠠ ᠮᠥᠴᠢᠷ᠎ᠨᠢ ᠭᠡᠷ᠎ᠡ ᠭᠦᠢ᠍ᠴᠡᠳᠬᠡᠬᠦ ᠵᠢᠨ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠵᠤ᠂ ᠬᠤᠳᠠᠯᠳᠤᠨ ᠠᠪᠤᠭᠴᠢ ᠬᠠᠮᠢᠶ᠎ᠠ ᠪᠥᠬᠦᠶ ᠡᠭᠦᠷᠭᠡ᠎ᠪᠠᠨ ᠦᠷᠭᠦᠯᠵᠢᠯᠡᠨ ᠭᠦᠢ᠍ᠴᠡᠳᠭᠡᠬᠦ ᠵᠢ ᠴᠠᠭ ᠲᠤᠬᠠᠶ᠎ᠳᠤᠨᠢ ᠰᠠᠨᠠᠭᠤᠯᠬᠤ ᠪᠠ ᠰᠢᠮᠳᠠᠭᠤᠯᠬᠤ ᠬᠡᠷᠡᠭᠲᠡᠢ᠃ ᠠᠷᠠᠯᠵᠢᠶ᠎ᠠ ᠵᠢᠨ ᠡᠯ᠎ᠡ ᠲᠠᠯ᠎ᠠ ᠵᠢᠨ ᠢᠲᠡᠭᠡᠮᠵᠢ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ 《ᠬᠤᠶᠠᠷ᠎ᠢ ᠲᠠᠰᠢᠷᠠᠮ ᠵᠶ᠋ᠠᠷ ᠭᠦᠢ᠍ᠴᠡᠳᠭᠡᠵᠦ᠂ ᠨᠢᠭᠡ ᠵᠢ ᠢᠯᠡ ᠪᠣᠯᠭ᠋ᠠᠬᠤ》᠎ᠪᠠᠷ ᠦᠨᠳᠦᠰᠦᠨ ᠠᠷᠭ᠎ᠠ ᠪᠠᠷᠢᠯ ᠪᠣᠯᠭ᠋ᠠᠭᠰᠠᠨ᠂ ᠭᠤᠤᠯᠳᠠᠯᠭ᠎ᠠ᠎ᠲᠠᠢ ᠬᠢᠨᠠᠯᠲᠠ ᠬᠠᠮᠢᠶᠠᠷᠤᠯᠲᠠ᠎ᠪᠠᠷ ᠨᠥᠬᠦᠪᠥᠷᠢ ᠪᠣᠯᠭ᠋ᠠᠭᠰᠠᠨ᠂ ᠢᠲᠡᠭᠡᠮᠵᠢ ᠵᠢᠨ ᠬᠢᠨᠠᠯᠲᠠ ᠬᠠᠮᠢᠶᠠᠷᠤᠯᠲᠠ᠎ᠪᠠᠷ ᠰᠠᠭᠤᠷᠢ ᠪᠣᠯᠭ᠋ᠠᠭᠰᠠᠨ ᠰᠢᠨ᠎ᠡ ᠬᠡᠯᠪᠡᠷᠢ ᠵᠢᠨ ᠬᠢᠨᠠᠯᠲᠠ ᠬᠠᠮᠢᠶᠠᠷᠤᠯᠲᠠ ᠵᠢᠨ ᠲᠣᠭᠲᠠᠴᠠ ᠵᠢ ᠪᠦᠷᠢᠨᠰᠢᠭᠦᠯᠬᠦ ᠬᠡᠷᠩᠳᠠᠢ᠃ ᠡᠯ᠎ᠡ ᠭᠠᠵᠠᠷ ᠣᠷᠣᠨ᠎ᠨᠢ ᠭᠠᠵᠠᠷ ᠰᠢᠷᠣᠶ ᠵᠢᠨ ᠵᠠᠬ᠎ᠠ ᠳᠡᠯᠭᠡᠭᠦᠷ᠎ᠤᠨ ᠢᠲᠡᠭᠡᠮᠵᠢ ᠵᠢᠨ ᠦᠨᠡᠯᠡᠬᠦ ᠲᠦᠷᠢᠮ ᠪᠠ ᠬᠢᠵᠠᠭ᠋ᠠᠷᠯᠠᠬᠤ ᠠᠷᠭ᠎ᠠ ᠬᠡᠮᠵᠢᠶ᠎ᠡ ᠵᠢ ᠲᠣᠭᠲᠠᠭ᠋ᠠᠵᠤ᠂ ᠢᠲᠡᠭᠡᠯ ᠠᠯᠳᠠᠭᠰᠠᠨ ᠬᠠᠷᠢᠭᠤᠴᠠᠯᠭ᠎ᠠ ᠵᠢᠨ ᠭᠤᠤᠯ ᠴᠣᠭᠴᠠ᠎ᠳᠤ ᠬᠤᠯᠪᠣᠭ᠋ᠠᠯᠠᠨ ᠵᠠᠯᠬᠠᠭ᠋ᠠᠨ ᠴᠡᠭᠡᠷᠯᠡᠭᠦᠯᠬᠦ ᠵᠢ ᠬᠡᠷᠡᠭᠵᠢᠭᠦᠯᠦᠨ᠂ ᠭᠠᠵᠠᠷ ᠰᠢᠷᠣᠶ ᠵᠢᠨ ᠵᠠᠬ᠎ᠠ ᠳᠡᠯᠭᠡᠭᠦᠷ᠎ᠤᠨ ᠬᠦᠨᠳᠦ ᠨᠣᠴᠢᠲᠠᠶ ᠢᠲᠡᠭᠡᠯ ᠠᠯᠳᠠᠭᠰᠠᠨ ᠭᠤᠤᠯ ᠴᠣᠭᠴᠠ ᠵᠢᠨ ᠨᠡᠷᠡᠰ᠎ᠢ 《ᠢᠲᠡᠭᠡᠮᠵᠢᠲᠦ ᠳᠤᠮᠳᠠᠳᠤ ᠤᠯᠤᠰ (ᠥᠪᠥᠷ ᠮᠣᠩᠭᠤᠯ)》᠎ᠤᠨ ᠰᠦᠯᠵᠢᠶᠡᠨ ᠥᠷᠲᠡᠭᠡ ᠳᠡᠭᠡᠷ᠎ᠡ ᠨᠡᠶ᠋ᠢᠲᠡ᠎ᠳᠤ ᠵᠠᠷᠯᠠᠵᠤ᠂ ᠭᠠᠵᠠᠷ ᠰᠢᠷᠣᠶ ᠵᠢᠨ ᠬᠤᠶᠠᠳᠤᠭ᠋ᠠᠷ ᠳᠡᠰ᠎ᠤᠨ ᠵᠠᠬ᠎ᠠ ᠳᠡᠯᠭᠡᠭᠦᠷ᠎ᠤᠨ ᠢᠲᠡᠭᠡᠮᠵᠢ ᠵᠢᠨ ᠲᠣᠭᠲᠠᠯᠴᠠᠭ᠎ᠠ ᠵᠢ ᠬᠠᠮᠲᠤ᠎ᠪᠠᠷ ᠪᠠᠶ᠋ᠢᠭᠤᠯᠵᠤ ᠬᠠᠮᠲᠤ᠎ᠪᠠᠷ ᠵᠠᠰᠠᠵᠤ ᠬᠠᠮᠲᠤ᠎ᠳᠤ᠎ᠪᠠᠨ ᠬᠦᠷᠲᠡᠬᠦ ᠵᠢ ᠠᠬᠢᠭᠤᠯᠤᠨ᠂ ᠨᠡᠶ᠋ᠢᠭᠡᠮ᠎ᠤᠨ ᠵᠠᠭᠤᠴᠢ ᠵᠣᠬᠢᠶᠠᠨ ᠪᠠᠶ᠋ᠢᠭᠤᠯᠤᠯᠲᠠ ᠵᠢᠨ ᠦᠨᠡᠨᠴᠢ ᠢᠲᠡᠭᠡᠮᠵᠢᠲᠡᠶ᠎ᠪᠠᠷ ᠡᠵᠡᠩᠨᠡᠬᠦ ᠵᠢ ᠬᠥᠲᠥᠯᠦᠨ ᠵᠢᠯᠣᠭᠤᠳᠤᠨ᠎ᠠ᠃ (ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ᠂ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠂ ᠥᠪᠥᠷ ᠮᠣᠩᠭᠤᠯ᠎ᠤᠨ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ᠂ ᠥᠪᠥᠷ ᠮᠣᠩᠭᠤᠯ᠎ᠤᠨ ᠪᠠᠩᠬᠢ ᠪᠠ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ)
ᠳᠣᠯᠤᠭ᠎ᠠ᠂ ᠪᠠᠲᠤᠯᠠᠭ᠎ᠠ ᠵᠢᠨ ᠠᠷᠭ᠎ᠠ ᠬᠡᠮᠵᠢᠶ᠎ᠡ
(ᠨᠢᠭᠡ) ᠵᠣᠬᠢᠶᠠᠨ ᠪᠠᠶ᠋ᠢᠭᠤᠯᠵᠣ ᠣᠳᠣᠷᠢᠣᠡᠬᠤ᠎ᠪᠠᠨ ᠴᠢᠩᠭ᠋ᠠᠳᠬᠠᠨ᠎ᠠ᠃ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠭᠠᠵᠠᠷ ᠰᠢᠷᠣᠶ ᠵᠢᠨ ᠬᠤᠶᠠᠳᠤᠭ᠋ᠠᠷ ᠳᠡᠰ᠎ᠤᠨ ᠵᠠᠬ᠎ᠠ ᠳᠡᠯᠭᠡᠭᠦᠷ᠎ᠤᠨ ᠪᠦᠲᠦᠭᠡᠨ ᠪᠠᠶ᠋ᠢᠭᠤᠯᠤᠯᠲᠠ ᠵᠢᠨ ᠬᠠᠷᠢᠭᠤᠴᠠᠯᠭ᠎ᠠ ᠵᠢᠨ ᠭᠤᠣᠯ ᠴᠣᠭᠴᠠ ᠪᠣᠯᠣᠭᠰᠠᠨ᠎ᠤ ᠬᠤᠪᠢ᠎ᠳᠤ ᠭᠠᠵᠠᠷ ᠰᠢᠷᠣᠶ ᠵᠢᠨ ᠬᠤᠶᠠᠳᠤᠭ᠋ᠠᠷ ᠳᠡᠰ᠎ᠤᠨ ᠵᠠᠬ᠎ᠠ ᠳᠡᠯᠭᠡᠭᠦᠷ᠎ᠢ ᠲᠡᠭᠦᠯᠳᠡᠷᠵᠢᠭᠦᠯᠬᠦ ᠵᠢᠨ ᠴᠢᠬᠤᠯᠠ ᠴᠢᠨᠠᠷ᠎ᠢ ᠭᠦᠢ᠍ᠴᠡᠳ ᠲᠠᠨᠢᠵᠤ᠂ ᠵᠣᠬᠢᠶᠠᠨ ᠪᠠᠶ᠋ᠢᠭᠤᠯᠵᠣ ᠣᠳᠣᠷᠢᠣᠡᠬᠤ᠎ᠪᠠᠨ ᠦᠨᠡᠨ ᠬᠦ᠌ ᠴᠢᠩᠭ᠋ᠠᠳᠬᠠᠨ᠂ ᠤᠳᠤ ᠵᠢᠨ ᠪᠠᠶ᠋ᠢᠭ᠎ᠠ ᠭᠠᠵᠠᠷ ᠰᠢᠷᠣᠶ ᠵᠢᠨ ᠠᠷᠠᠯᠵᠢᠶᠠᠨ᠎ᠤ ᠪᠠᠶ᠋ᠢᠭᠤᠯᠤᠮᠵᠢ ᠵᠢᠨ ᠰᠠᠭᠤᠷᠢᠨ ᠳᠡᠭᠡᠷ᠎ᠡ᠂ ᠭᠠᠵᠠᠷ ᠰᠢᠷᠣᠶ ᠵᠢᠨ ᠬᠤᠶᠠᠳᠤᠭ᠋ᠠᠷ ᠳᠡᠰ᠎ᠤᠨ ᠵᠠᠬ᠎ᠠ ᠳᠡᠯᠭᠡᠭᠦᠷ᠎ᠤᠨ ᠠᠷᠠᠯᠵᠢᠶᠠᠨ᠎ᠤ ᠲᠦᠷᠢᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠣᠷᠣᠨ ᠨᠤᠲᠤᠭ᠎ᠤᠨ ᠪᠣᠳᠠᠳᠠᠢ᠎ᠲᠠᠢ᠎ᠪᠠᠨ ᠤᠶᠠᠯᠳᠤᠭᠤᠯᠤᠨ ᠬᠡᠷᠡᠭᠵᠢᠭᠦᠯᠬᠦ ᠨᠠᠷᠢᠨ ᠲᠦᠷᠢᠮ ᠪᠠ ᠲᠦᠬᠦᠷ ᠠᠷᠭ᠎ᠠ ᠬᠡᠮᠵᠢᠶ᠎ᠡ ᠵᠢ ᠰᠤᠳᠤᠯᠤᠨ ᠲᠣᠭᠲᠠᠭ᠋ᠠᠵᠤ᠂ ᠠᠵᠢᠯᠳᠠᠨ ᠪᠠ ᠵᠠᠷᠤᠳᠠᠯ᠎ᠤᠨ ᠪᠠᠲᠤᠯᠠᠭ᠎ᠠ ᠵᠢ ᠰᠠᠶ᠋ᠢᠲᠤᠷ ᠬᠢᠬᠦ ᠬᠡᠷᠡᠭᠲᠡᠶ᠃ ᠡᠯ᠎ᠡ ᠱᠠᠲᠤᠨ᠎ᠤ ᠪᠠᠶ᠋ᠢᠭ᠋ᠠᠯᠢ ᠵᠢᠨ ᠡᠬᠢ ᠪᠠᠶᠠᠯᠢᠭ᠂ ᠡᠳ᠋᠎ᠤᠨ ᠵᠠᠰᠠᠭ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ᠂ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ᠂ ᠭᠠᠶ᠋ᠢᠯᠢ ᠵᠢᠨ ᠶᠠᠪᠤᠳᠠᠯ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠂ ᠮᠥᠩᠭᠦᠨ ᠭᠦᠢ᠍ᠯᠭᠡᠭᠡᠨ ᠵᠡᠷᠭᠡ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠬᠤᠯᠪᠣᠭ᠋ᠠᠯᠠᠨ ᠬᠥᠳᠡᠯᠦᠯᠴᠡᠬᠦ ᠲᠣᠭᠲᠠᠴᠠ ᠵᠢ ᠪᠠᠶ᠋ᠢᠭᠤᠯᠵᠤ᠂ ᠠᠵᠢᠯ᠎ᠤᠨ ᠬᠤᠪᠢᠶᠠᠷᠢᠯᠠᠯ ᠵᠶ᠋ᠠᠨ ᠲᠣᠳᠣᠷᠬᠠᠶ᠋ᠢᠯᠠᠨ᠂ ᠬᠠᠷᠢᠭᠤᠴᠠᠯᠭ᠎ᠠ᠎ᠪᠠᠨ ᠨᠠᠶ᠋ᠢᠳᠠᠪᠤᠷᠢᠵᠢᠭᠤᠯᠵᠤ᠂ ᠠᠷᠭ᠎ᠠ ᠬᠡᠮᠵᠢᠶ᠎ᠡ᠎ᠪᠠᠨ ᠨᠠᠷᠢᠯᠢᠬ᠍ᠵᠢᠭᠤᠯᠤᠨ᠂ ᠬᠢᠨᠠᠯᠲᠠ ᠬᠠᠮᠢᠶᠠᠷᠤᠯᠲᠠ᠎ᠪᠠᠨ ᠲᠡᠭᠦᠯᠳᠡᠷᠵᠢᠭᠦᠯᠵᠦ᠂ ᠭᠠᠵᠠᠷ ᠰᠢᠷᠣᠶ ᠵᠢᠨ ᠬᠤᠶᠠᠳᠤᠭ᠋ᠠᠷ ᠳᠡᠰ᠎ᠤᠨ ᠵᠠᠬ᠎ᠠ ᠳᠡᠯᠭᠡᠭᠦᠷ᠎ᠤᠨ ᠪᠥᠲᠥᠭᠡᠨ ᠪᠠᠶ᠋ᠢᠭᠤᠯᠤᠯᠲᠠ ᠵᠢ ᠡᠮᠬᠢ ᠵᠢᠷᠤᠮ᠎ᠲᠠᠢ ᠠᠬᠢᠭᠤᠯᠬᠤ ᠬᠡᠷᠡᠭᠲᠡᠶ᠃
(ᠬᠤᠶᠠᠷ) ᠬᠠᠷᠢᠭᠤᠴᠠᠯᠭ᠎ᠠ ᠨᠡᠬᠡᠮᠵᠢᠯᠡᠬᠦ ᠵᠢ ᠴᠢᠩᠳᠠᠯᠠᠨ᠎ᠠ᠃ ᠬᠢᠨᠠᠯᠲᠠ ᠲᠠᠯᠪᠢᠵᠤ ᠬᠠᠷᠢᠭᠤᠴᠠᠯᠭ᠎ᠠ ᠬᠡᠯᠡᠯᠴᠡᠬᠦ ᠵᠢ ᠴᠢᠩᠭ᠋ᠠᠷᠠᠭᠤᠯᠤᠨ᠂ ᠭᠠᠵᠠᠷ ᠰᠢᠷᠣᠶ ᠵᠢᠨ ᠬᠤᠶᠠᠳᠤᠭ᠋ᠠᠷ ᠳᠡᠰ᠎ᠤᠨ ᠵᠠᠬ᠎ᠠ ᠳᠡᠯᠭᠡᠭᠦᠷ᠎ᠤᠨ ᠬᠠᠮᠢᠶ᠎ᠠ ᠪᠥᠬᠦᠶ ᠲᠣᠭᠲᠠᠭ᠋ᠠᠯ᠎ᠠᠴᠠ ᠵᠥᠷᠢᠴᠡᠭᠰᠡᠨ ᠵᠠᠰᠠᠭ᠎ᠤᠨ ᠣᠷᠳᠣᠨ ᠪᠠ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠨᠢᠭᠡᠴᠢ ᠵᠢᠴᠢ ᠬᠠᠷᠢᠭᠤᠴᠠᠯᠭ᠋ᠠᠲᠠᠨ᠎ᠠᠴᠠ ᠬᠠᠷᠢᠭᠤᠴᠠᠯᠭ᠎ᠠ ᠨᠡᠬᠡᠮᠵᠢᠯᠡᠬᠦ ᠵᠢ ᠴᠢᠩᠭ᠎ᠠ ᠬᠡᠷᠡᠭᠵᠢᠭᠦᠯᠵᠦ᠂ ᠬᠠᠮᠢᠶ᠎ᠠ ᠪᠥᠬᠦᠶ ᠰᠠᠯᠠᠭ᠎ᠠ ᠮᠥᠴᠢᠷ᠎ᠠᠴᠠ ᠬᠠᠤᠯᠢ ᠲᠣᠭᠲᠠᠭ᠋ᠠᠯ ᠶᠣᠰᠣᠭ᠋ᠠᠷ ᠬᠠᠷᠢᠭᠤᠴᠠᠯᠭ᠎ᠠ ᠬᠡᠯᠡᠯᠴᠡᠨ ᠨᠡᠬᠡᠮᠵᠢᠯᠡᠨ᠎ᠡ᠃
(ᠭᠤᠷᠪᠠ) ᠤᠬᠠᠭᠤᠯᠵᠤ ᠬᠥᠲᠥᠯᠦᠨ ᠵᠢᠯᠣᠭᠤᠳᠬᠤ ᠵᠢ ᠴᠢᠩᠭ᠋ᠠᠷᠠᠭᠤᠯᠤᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠨᠢ ᠤᠯᠠᠮᠵᠢᠯᠠᠯᠲᠤ ᠵᠠᠭᠤᠴᠢᠯᠠᠭᠤᠷ ᠪᠠ ᠰᠢᠨ᠎ᠡ᠎ᠪᠠᠷ ᠪᠣᠶ ᠪᠣᠯᠤᠭᠰᠠᠨ ᠵᠠᠭᠤᠴᠢᠯᠠᠭᠤᠷ ᠵᠶ᠋ᠠᠷ ᠳᠠᠮᠵᠢᠭᠤᠯᠤᠨ᠂ ᠭᠠᠵᠠᠷ ᠰᠢᠷᠣᠶ ᠵᠢᠨ ᠬᠤᠶᠠᠳᠤᠭ᠋ᠠᠷ ᠳᠡᠰ᠎ᠤᠨ ᠵᠠᠬ᠎ᠠ ᠳᠡᠯᠭᠡᠭᠦᠷ᠎ᠢ ᠲᠡᠭᠦᠯᠳᠡᠷᠵᠢᠭᠦᠯᠬᠦ ᠵᠢᠨ ᠴᠢᠬᠤᠯᠠ ᠠᠴᠢ ᠬᠤᠯᠪᠣᠭᠳᠠᠯ᠎ᠢ ᠥᠷᠭᠡᠨ ᠵᠶ᠋ᠠᠷ ᠤᠬᠠᠭᠤᠯᠤᠨ᠂ ᠬᠠᠮᠢᠶ᠎ᠠ ᠪᠥᠬᠦᠶ ᠠᠵᠢᠯ᠎ᠤᠨ ᠠᠷᠭ᠎ᠠ ᠬᠡᠮᠵᠢᠶ᠎ᠡ ᠪᠠ ᠣᠯᠤᠭᠰᠠᠨ ᠦᠷ᠎ᠡ ᠪᠦᠲᠦᠮᠵᠢ ᠵᠢ ᠴᠠᠭ ᠲᠤᠬᠠᠶ᠎ᠳᠤᠨᠢ ᠮᠡᠳᠡᠭᠡᠯᠡᠨ᠂ ᠨᠡᠶ᠋ᠢᠲᠡᠯᠢᠭ ᠲᠤᠷᠰᠢᠯᠭ᠎ᠠ ᠪᠠ ᠰᠢᠨ᠎ᠡ ᠵᠢ ᠡᠭᠦᠳᠦᠭᠰᠡᠨ ᠠᠷᠭ᠎ᠠ ᠬᠢᠳᠡᠯ᠎ᠢ ᠳ᠋ᠦᠩᠨᠡᠨ ᠳᠡᠯᠭᠡᠷᠡᠭᠦᠯᠵᠦ᠂ ᠨᠡᠶ᠋ᠢᠭᠡᠮ ᠨᠡᠶ᠋ᠢᠲᠡ ᠵᠢᠨ᠎ᠬᠢᠨ᠎ᠤ ᠭᠠᠵᠠᠷ ᠰᠢᠷᠣᠶ ᠵᠢᠨ ᠬᠤᠶᠠᠳᠤᠭ᠋ᠠᠷ ᠳᠡᠰ᠎ᠤᠨ ᠵᠠᠬ᠎ᠠ ᠳᠡᠯᠭᠡᠭᠦᠷ᠎ᠤᠨ ᠲᠤᠬᠠᠶ ᠣᠶ᠋ᠢᠯᠠᠭ᠋ᠠᠯᠲᠠ ᠪᠠ ᠳᠡᠮᠵᠢᠯᠭᠡ ᠵᠢ ᠨᠡᠮᠡᠭᠳᠡᠭᠦᠯᠬᠦ ᠬᠡᠷᠡᠭᠲᠡᠶ᠃ ᠣᠯᠠᠨ ᠨᠡᠶ᠋ᠢᠲᠡ ᠵᠢᠨ ᠯᠠᠪᠯᠠᠯᠭ᠎ᠠ ᠵᠢᠨ ᠦᠢ᠍ᠯᠡᠴᠢᠯᠡᠭᠡ ᠵᠢ ᠰᠠᠶ᠋ᠢᠲᠤᠷ ᠬᠢᠵᠦ᠂ ᠣᠯᠠᠨ ᠨᠡᠶ᠋ᠢᠲᠡ ᠵᠢᠨ ᠰᠠᠨᠠᠯ ᠰᠠᠨᠠᠭᠤᠯᠭ᠎ᠠ ᠵᠢ ᠥᠷᠭᠡᠨ ᠵᠶ᠋ᠠᠷ ᠬᠤᠷᠢᠶᠠᠨ ᠴᠤᠭᠯᠠᠭᠤᠯᠵᠤ᠂ ᠵᠠᠬ᠎ᠠ ᠳᠡᠯᠭᠡᠭᠦᠷ᠎ᠤᠨ ᠵᠢᠱ᠌ᠢᠯᠲᠡ ᠵᠢ ᠵᠦᠶ ᠵᠣᠬᠢᠰᠲᠠᠶ ᠬᠥᠲᠥᠯᠦᠨ ᠵᠢᠯᠣᠭᠤᠳᠴᠤ᠂ ᠣᠯᠠᠨ ᠲᠦᠮᠡᠨ᠎ᠤ ᠠᠩᠬᠠᠷᠴᠤ ᠪᠠᠶ᠋ᠢᠭ᠎ᠠ ᠠᠰᠠᠭᠤᠳᠠᠯ᠎ᠳᠤ ᠴᠠᠭ ᠲᠤᠬᠠᠶ᠎ᠳᠤᠨᠢ ᠬᠠᠷᠢᠭᠤ ᠥᠭᠴᠦ᠂ ᠭᠠᠵᠠᠷ ᠰᠢᠷᠣᠶ ᠵᠢᠨ ᠬᠤᠶᠠᠳᠤᠭ᠋ᠠᠷ ᠳᠡᠰ᠎ᠤᠨ ᠵᠠᠬ᠎ᠠ ᠳᠡᠯᠭᠡᠭᠦᠷ᠎ᠤᠨ ᠠᠷᠠᠯᠵᠢᠶᠠᠨ᠎ᠤ ᠪᠥᠲᠥᠭᠡᠨ ᠪᠠᠶ᠋ᠢᠭᠤᠯᠤᠯᠲᠠ ᠵᠢ ᠤᠷᠤᠭᠰᠢᠲᠠᠶ ᠠᠬᠢᠭᠤᠯᠬᠤ᠎ᠳᠤ ᠰᠠᠶ᠋ᠢᠨ ᠰᠠᠶ᠋ᠢᠬᠠᠨ ᠶᠠᠷᠢᠶ᠎ᠠ ᠬᠡᠯᠡᠯᠴᠡᠭᠡᠨ᠎ᠤ ᠣᠷᠴᠢᠨ ᠠᠬᠤᠢ᠎ᠢ ᠪᠣᠶ ᠪᠣᠯᠭ᠋ᠠᠬᠤ ᠬᠡᠷᠡᠭᠲᠡᠶ᠃