ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠠᠯᠪᠠᠨ ᠮᠡᠳᠡᠭᠡ
《ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠡᠮᠳᠡᠭ᠎ᠤᠨ ᠪᠠᠶ᠋ᠢᠭᠤᠯᠤᠯᠲᠠ ᠵᠢᠨ ᠭᠤᠷᠪᠠᠨ ᠵᠢᠯ᠎ᠤᠨ ᠠᠵᠢᠯᠯᠠᠭ᠋ᠠᠨ᠎ᠤ ᠲᠥᠰᠦᠯ ( 2021 — 2023 ᠣᠨ)》᠎ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2021-12-28

          ᠥᠪᠥᠷ ᠵᠠᠰᠠᠭ ᠠᠯᠪᠠᠨ ᠲᠠᠷᠬᠠᠭ᠋ᠠᠭᠰᠠᠨ [2021] 9 ᠳ᠋ᠦ᠍ᠭᠡᠷ ᠲᠣᠭ᠋ᠠᠲᠤ

               2021 ᠣᠨ᠎ᠤ 2 ᠳ᠋ᠤᠭ᠋ᠠᠷ ᠰᠠᠷ᠎ᠠ ᠵᠢᠨ 6᠎ᠤ ᠡᠳᠦᠷ

ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄

      ᠡᠳᠣᠭᠡ 《ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠡᠮᠳᠡᠭ᠎ᠤᠨ ᠪᠠᠶ᠋ᠢᠭᠤᠯᠤᠯᠲᠠ ᠵᠢᠨ ᠭᠤᠷᠪᠠᠨ ᠵᠢᠯ᠎ᠤᠨ ᠠᠵᠢᠯᠯᠠᠭ᠋ᠠᠨ᠎ᠤ ᠲᠥᠰᠦᠯ ( 2021 — 2023᠎ᠤᠨ)》᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠲᠠ ᠨᠡᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠶ ᠲᠣᠭᠤᠰᠢᠯᠠᠭᠤᠯᠣᠨ ᠨᠠᠶ᠋ᠢᠳᠠᠪᠤᠷᠢᠵᠢᠭᠤᠯᠲᠤᠭ᠋ᠠᠶ᠃

          ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠣᠷᠣᠨ ᠪᠦᠰᠡ ᠵᠢᠨ

          ᠨᠠᠶ᠋ᠢᠳᠡ ᠵᠢᠨ ᠬᠡᠷᠩᠯᠡᠭᠡᠨ᠎ᠤ ᠨᠡᠷᠡᠳᠣ ᠳᠡᠮᠳᠡᠭ᠎ᠤᠨ ᠪᠠᠶ᠋ᠢᠭᠤᠯᠣᠯᠳᠠ ᠵᠢᠨ ᠭᠤᠷᠪᠠᠨ

          ᠵᠢᠯ᠎ᠤᠨ ᠠᠵᠢᠯᠯᠠᠭ᠋ᠠᠨ᠎ᠤ ᠲᠥᠰᠦᠯ (2021 — 2023 ᠣᠨ)

      ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠡᠮᠳᠡᠭ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠨᠠᠷᠠᠲᠤ ᠲᠡᠮᠳᠡᠭ᠎ᠤᠨ ᠦᠨ᠎ᠡ ᠥᠷᠲᠡᠭ᠎ᠢ ᠭᠦᠨᠵᠡᠭᠡᠶ ᠠᠭᠤᠳᠠᠯᠵᠤ᠂ ᠪᠣᠬᠢᠷᠲᠤᠯ ᠥᠬᠡᠶ ᠴᠢᠨᠠᠷ ᠰᠠᠶ᠋ᠢᠲᠠᠶ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠬᠠᠩᠭ᠋ᠠᠯᠭ᠎ᠠ ᠵᠢ ᠨᠡᠮᠡᠭᠳᠡᠭᠦᠯᠦᠨ᠂ ᠲᠠᠷᠢᠶᠠᠯᠠᠩ ᠮᠠᠯ ᠠᠵᠤ ᠠᠬᠤᠶ ᠵᠢᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠶ᠎ᠲᠠᠢ ᠣᠶᠠᠯᠳᠣᠭᠤᠯᠵᠣ ᠲᠣᠰ ᠲᠦᠰᠣᠯ᠎ᠢ ᠲᠣᠭᠳᠠᠭ᠋ᠠᠪᠠ᠃

      ᠨᠢᠭᠡ᠂ ᠵᠢᠯᠣᠭᠤᠳᠬᠤ ᠦᠵᠡᠯ ᠰᠠᠨᠠᠭ᠎ᠠ

      ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠣᠯᠭ᠎ᠠ ᠪᠣᠯᠭ᠋ᠠᠵᠤ᠂ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠤᠷᠢᠶᠠᠨ᠎ᠤ ᠬᠤᠶᠠᠳᠤᠭ᠋ᠠᠷ᠂ ᠭᠤᠷᠪᠠᠳᠤᠭ᠋ᠠᠷ᠂ ᠳᠥᠷᠪᠡᠳᠦᠭᠡᠷ᠂ ᠲᠠᠪᠤᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠣᠭᠤᠰᠢᠯᠠᠭᠤᠯᠵᠣ᠂ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠤᠨ ᠲᠣᠬᠠᠢ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠤᠯᠠᠪᠤᠷᠢ ᠵᠢᠨ ᠵᠣᠷᠢᠭ ᠰᠠᠨᠠᠭ᠎ᠠ ᠵᠢ ᠬᠢᠨᠠᠮᠠᠭ᠋ᠠᠶ ᠲᠣᠭᠤᠰᠢᠯᠠᠭᠤᠯᠵᠣ᠂ ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠪᠠᠷᠢᠮᠲᠠᠯᠠᠵᠤ᠂ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ᠎ᠪᠠᠷ ᠭᠤᠣᠯ ᠱᠤᠭᠤᠮ ᠪᠣᠯᠭ᠋ᠠᠵᠤ᠂ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠶᠠᠰᠤ ᠴᠢᠨᠠᠷ ᠪᠠ ᠦᠷ᠎ᠡ ᠠᠰᠢᠭ᠎ᠢ ᠬᠦᠴᠦᠯᠡᠨ ᠳᠡᠭᠡᠭᠰᠢᠯᠡᠭᠦᠯᠵᠦ᠂ ᠣᠲᠣ ᠦᠶ᠎ᠡ ᠵᠢᠨ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠨᠠᠷᠠᠲᠤ ᠲᠡᠮᠳᠡᠭ᠎ᠤᠨ ᠦᠨ᠎ᠡ ᠥᠷᠲᠡᠭ᠎ᠤᠨ ᠲᠣᠭᠳᠠᠯᠴᠠᠭ᠎ᠠ ᠵᠢ ᠪᠠᠶ᠋ᠢᠭᠤᠯᠤᠨ᠂ ᠲᠠᠷᠢᠶᠠᠯᠠᠩ ᠮᠠᠯ ᠠᠵᠤ ᠠᠬᠤᠶ ᠵᠢᠨ ᠠᠵᠤ ᠦᠢ᠍ᠯᠡᠰ᠎ᠤᠨ ᠬᠡᠯᠬᠢᠶ᠎ᠡ ᠵᠢ ᠳᠣᠤᠷᠠᠳᠤ ᠬᠡᠯᠬᠢᠶ᠎ᠡ ᠲᠠᠶ᠋ᠢᠰᠢ ᠤᠷᠲᠤᠳᠬᠠᠬᠤ ᠪᠠ ᠥᠷᠲᠡᠭ᠎ᠤᠨ ᠬᠡᠯᠬᠢᠶ᠎ᠡ ᠵᠢ᠎ᠨᠢ ᠳᠤᠮᠳᠠ ᠳᠡᠭᠡᠳᠦ ᠦᠵᠦᠭᠦᠷ ᠲᠠᠶ᠋ᠢᠰᠢ ᠳᠡᠭᠡᠭᠰᠢᠯᠡᠭᠦᠯᠬᠦ ᠵᠢ ᠠᠬᠢᠭᠤᠯᠵᠤ᠂ ᠣᠨᠴᠠᠯᠢᠭ᠎ᠲᠠᠢ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠠᠵᠤ ᠦᠢ᠍ᠯᠡᠰ᠎ᠤᠨ ᠪᠦᠰᠡ ᠪᠠ ᠠᠵᠤ ᠦᠢ᠍ᠯᠡᠰ᠎ᠤᠨ ᠪᠦᠯᠥᠭᠵᠢᠨ ᠭᠦᠭᠵᠢᠭᠦ ᠵᠢ ᠳᠠᠶ᠋ᠢᠴᠢᠯᠠᠨ᠂ ᠮᠠᠨ᠎ᠤ ᠣᠷᠣᠨ᠎ᠤ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠡᠮᠳᠡᠭ᠎ᠤᠨ ᠪᠠᠶ᠋ᠢᠭᠤᠯᠤᠯᠲᠠ ᠵᠢᠨ ᠡᠷᠴᠢᠮ᠎ᠢ ᠴᠢᠩᠭ᠋ᠠᠷᠠᠭᠤᠯᠵᠣ᠂ ᠲᠠᠷᠢᠶᠠᠯᠠᠩ ᠮᠠᠯ ᠠᠵᠣ ᠠᠬᠤᠢ ᠵᠢᠨ ᠴᠢᠨᠠᠷ ᠰᠠᠶ᠋ᠢᠳᠠᠢ ᠭᠦᠭᠵᠢᠯᠳᠡ ᠵᠢ ᠠᠬᠢᠭᠤᠯᠣᠨ᠎ᠠ᠃

      ᠬᠤᠶᠠᠷ᠂ ᠠᠵᠢᠯ᠎ᠤᠨ ᠬᠠᠷᠠᠯᠲᠠ

      ᠭᠠᠵᠠᠷ ᠵᠦᠶ ᠵᠢᠨ ᠲᠡᠮᠳᠡᠭ᠎ᠤᠨ ᠭᠡᠷᠡᠴᠢᠯᠡᠯ᠎ᠲᠠᠢ ᠲᠠᠸᠠᠷ᠎ᠤᠨ ᠲᠡᠮᠳᠡᠭ᠂ ᠲᠠᠷᠢᠶᠠᠯᠠᠩ᠎ᠤᠨ ᠪᠦᠲᠦᠭᠡᠭᠳᠡᠬᠦᠨ᠎ᠤ ᠭᠠᠵᠠᠷ ᠵᠦᠶ ᠵᠢᠨ ᠲᠡᠮᠳᠡᠭ᠂ ᠭᠠᠵᠠᠷ ᠵᠦᠶ ᠵᠢᠨ ᠲᠡᠮᠳᠡᠭ᠎ᠢ ᠬᠠᠮᠠᠭ᠋ᠠᠯᠠᠬᠤ ᠪᠦᠲᠦᠭᠡᠭᠳᠡᠬᠦᠨ ᠵᠢᠴᠢ ᠵᠣᠬᠢᠬᠤ ᠨᠥᠯᠥᠭᠡᠯᠡᠬᠦ ᠬᠦᠴᠦᠨ᠎ᠲᠠᠢ ᠬᠠᠮᠲᠤ ᠵᠢᠨ ᠲᠠᠸᠠᠷ᠎ᠤᠨ ᠲᠡᠮᠳᠡᠭ᠂ ᠭᠡᠷᠡᠴᠢᠯᠡᠯ᠎ᠲᠠᠢ ᠲᠠᠸᠠᠷ᠎ᠤᠨ ᠲᠡᠮᠳᠡᠭ ᠵᠶ᠋ᠠᠷ ᠭᠤᠤᠯ ᠪᠣᠯᠭ᠋ᠠᠭᠰᠠᠨ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠡᠮᠳᠡᠭ᠎ᠢ ᠪᠣᠢ ᠪᠣᠯᠭ᠋ᠠᠨ᠎ᠠ᠃ ᠰᠦ ᠵᠢᠨ ᠦᠢ᠍ᠯᠡᠰ᠂ ᠦᠬᠡᠷ ᠬᠤᠨᠢᠨ᠎ᠤ ᠮᠢᠬ᠎ᠠ᠂ ᠨᠣᠯᠣᠭᠤᠣᠷ᠂ ᠲᠥᠮᠥᠰᠥ᠂ ᠡᠷᠳᠡᠨᠢ ᠰᠢᠰᠢ ᠵᠡᠷᠭᠡ ᠳᠠᠪᠠᠭᠤᠯᠢᠭ ᠭᠤᠤᠯᠯᠠᠬᠤ ᠠᠵᠤ ᠦᠢ᠍ᠯᠡᠰ᠎ᠲᠤ ᠲᠦᠰᠢᠭᠯᠡᠨ᠂ ᠬᠤᠲᠠ ᠵᠢᠨ ᠨᠡᠷ᠎ᠡ ᠵᠢᠨ ᠬᠠᠭᠤᠳᠠᠰᠤ ᠵᠢ ᠪᠣᠶ ᠪᠣᠯᠭ᠋ᠠᠬᠤ ᠬᠤᠯᠪᠣᠭᠳᠠᠯ ᠪᠥᠬᠦᠶ ᠠᠵᠢᠯ᠎ᠤᠨ ᠪᠠᠶ᠋ᠢᠷᠢᠯᠠᠭᠤᠯᠤᠯᠲᠠ᠎ᠲᠠᠢ ᠤᠶᠠᠯᠳᠤᠭᠤᠯᠵᠤ᠂ ᠳᠤᠮᠳᠠᠳᠤ ᠤᠯᠤᠰ᠎ᠤᠨ ᠰᠦ ᠰᠠᠭ᠋ᠠᠯᠢ ᠵᠢᠨ ᠬᠤᠲᠠ᠂ ᠳᠤᠮᠳᠠᠳᠤ ᠤᠯᠤᠰ᠎ᠤᠨ ᠲᠥᠮᠥᠰᠥ ᠵᠢᠨ ᠬᠤᠲᠠ᠂ ᠳᠤᠮᠳᠠᠳᠤ ᠤᠯᠤᠰ᠎ᠤᠨ ᠨᠣᠯᠣᠭᠤᠣᠷ᠎ᠤᠨ ᠬᠤᠲᠠ᠂ ᠳᠤᠮᠳᠠᠳᠤ ᠤᠯᠤᠰ᠎ᠤᠨ ᠠᠯᠠᠰᠢᠨ ᠬᠤᠨᠢᠨ᠎ᠤ ᠨᠤᠲᠤᠭ᠂ ᠳᠤᠮᠳᠠᠳᠤ ᠤᠯᠤᠰ᠎ᠤᠨ ᠦᠬᠡᠷ ᠬᠤᠨᠢᠨ᠎ᠤ ᠮᠢᠬ᠎ᠠ ᠵᠢᠨ ᠠᠮᠲᠠᠲᠤ ᠢᠳᠡᠭᠡᠨ᠎ᠤ ᠬᠤᠲᠠ᠂ ᠳᠤᠮᠳᠠᠳᠤ ᠤᠯᠤᠰ᠎ᠤᠨ ᠲᠠᠯ᠎ᠠ ᠨᠤᠲᠤᠭ᠎ᠤᠨ ᠠᠮᠢ ᠠᠬᠤᠶ ᠵᠢᠨ ᠲᠤᠲᠤᠷᠭ᠎ᠠ ᠵᠢᠨ ᠬᠤᠲᠠ᠂ ᠳᠡᠯᠡᠬᠡᠶ ᠵᠢᠨ ᠨᠠᠷᠢᠮᠤ ᠵᠢᠨ ᠨᠤᠲᠤᠭ ᠵᠡᠷᠭᠡ ᠨᠠᠷᠠᠲᠤ ᠲᠡᠮᠳᠡᠭ᠎ᠢ ᠨᠡᠭᠡᠭᠡᠨ ᠬᠥᠭᠵᠢᠭᠦᠯᠦᠨ᠎ᠡ᠃ ᠬᠤᠰᠢᠭᠤ ᠰᠢᠶᠠᠨ (ᠬᠤᠲᠠ᠂ ᠲᠣᠭᠤᠷᠢᠭ)᠎ᠢ ᠵᠣᠷᠢᠬ᠍ᠵᠢᠭᠤᠯᠵᠣ ᠪᠠᠶ᠋ᠢᠭ᠋ᠠᠣᠨ ᠣᠷᠣᠨ ᠨᠤᠲᠤᠭ᠎ᠤᠨ ᠡᠬᠢ ᠪᠠᠶᠠᠯᠢᠭ᠎ᠤᠨ ᠳᠠᠪᠠᠭᠤᠯᠢᠭ᠎ᠲᠤ᠎ᠪᠠᠨ ᠰᠠᠭᠤᠷᠢᠯᠠᠭᠤᠯᠤᠨ᠂ ᠭᠤᠤᠯᠯᠠᠬᠤ ᠠᠵᠤ ᠦᠢ᠍ᠯᠡᠰ᠎ᠲᠤ ᠠᠩᠬᠠᠷᠤᠯ ᠵᠶ᠋ᠠᠨ ᠲᠥᠪᠯᠡᠷᠡᠭᠦᠯᠵᠦ᠂ ᠢᠯᠡ ᠲᠣᠳᠣ ᠣᠷᠣᠨ ᠪᠦᠰᠡ ᠵᠢᠨ ᠣᠨᠴᠠᠯᠢᠭ᠎ᠲᠠᠢ ᠰᠢᠶᠠᠨ᠎ᠤ ᠬᠡᠪᠴᠢᠶᠡᠨ᠎ᠤ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠡᠮᠳᠡᠭ᠎ᠢ ᠪᠣᠶ ᠪᠣᠯᠭ᠋ᠠᠵᠤ᠂ 《ᠨᠢᠭᠡ ᠰᠢᠶᠠᠨ᠎ᠳᠤ ᠨᠢᠭᠡ ᠪᠦᠳᠣᠭᠡᠭᠳᠡᠭᠦᠨ》᠎ᠲᠠᠢ ᠲᠠᠷᠢᠶᠠᠯᠠᠩ ᠮᠠᠯ ᠠᠵᠤ ᠠᠬᠤᠶ ᠵᠢᠨ ᠨᠠᠷᠠᠲᠤ ᠲᠡᠮᠳᠡᠭ᠎ᠤᠨ ᠪᠠᠶ᠋ᠢᠷᠢᠰᠢᠯ᠎ᠢ ᠪᠣᠶ ᠪᠣᠯᠭ᠋ᠠᠨ᠎ᠠ᠃ 2023 ᠣᠨ ᠪᠣᠯᠬᠤ᠎ᠳᠤ᠂ ᠤᠯᠤᠰ᠎ᠤᠨ ᠳᠣᠲᠣᠭ᠋ᠠᠳᠤ ᠭᠠᠳᠠᠭ᠋ᠠᠳᠤ᠎ᠳᠤ ᠨᠡᠯᠢᠶᠡᠳ ᠠᠯᠳᠠᠷᠰᠢᠨᠨᠰᠠᠨ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠡᠮᠳᠡᠭ᠎ᠢ 20 ᠭᠠᠷᠣᠢ ᠪᠣᠶ ᠪᠣᠯᠭ᠋ᠠᠬᠤ᠎ᠪᠠᠷ ᠭᠦᠴᠦᠯᠡᠨ ᠴᠢᠷᠮᠠᠶ᠋ᠢᠨ᠎ᠠ᠃ ᠭᠠᠵᠠᠷ ᠵᠦᠶ ᠵᠢᠨ ᠲᠡᠮᠳᠡᠭ᠎ᠤᠨ ᠭᠡᠷᠡᠴᠢᠯᠡᠯ᠎ᠲᠠᠢ ᠲᠠᠸᠠᠷ᠎ᠤᠨ ᠲᠡᠮᠳᠡᠭ᠎ᠢ 2020 ᠣᠨ᠎ᠳᠤ 170 ᠪᠠᠶ᠋ᠢᠭᠰᠠᠨ ᠰᠠᠭᠤᠷᠢᠨ ᠳᠡᠭᠡᠷ᠎ᠡ 15% ᠨᠡᠮᠡᠭᠳᠡᠭᠦᠯᠵᠦ᠂ ᠪᠣᠬᠢᠷᠲᠤᠯ ᠥᠬᠡᠶ᠂ ᠣᠷᠭ᠋ᠠᠨᠢᠭ ᠲᠠᠷᠢᠶᠠᠯᠠᠩ᠎ᠤᠨ ᠪᠦᠲᠦᠭᠡᠭᠳᠡᠬᠦᠨ᠎ᠢ ᠵᠢᠯ ᠪᠦᠷᠢ ᠳᠤᠮᠳᠠᠴᠢ᠎ᠪᠠᠷ 6% ᠨᠡᠮᠡᠭᠳᠡᠭᠦᠯᠦᠨ᠂ ᠲᠠᠷᠢᠶᠠᠯᠠᠩ᠎ᠤᠨ ᠪᠦᠲᠦᠭᠡᠭᠳᠡᠬᠦᠨ᠎ᠤ ᠭᠠᠵᠠᠷ ᠵᠦᠶ ᠵᠢᠨ ᠲᠡᠮᠳᠡᠭ᠎ᠢ 160 ᠪᠣᠯᠭ᠋ᠠᠨ ᠨᠡᠮᠡᠭᠳᠡᠭᠦᠯᠵᠦ᠂ ᠬᠠᠮᠲᠤ ᠵᠢᠨ ᠲᠠᠸᠠᠷ᠎ᠤᠨ ᠲᠡᠮᠳᠡᠭ᠎ᠤᠨ ᠲᠤᠭ᠎ᠠ ᠬᠡᠮᠵᠢᠶ᠎ᠡ ᠵᠢ ᠶᠡᠭᠡ᠎ᠪᠠᠷ ᠨᠡᠮᠡᠭᠳᠡᠭᠦᠯᠦᠨ᠎ᠡ᠃

      ᠭᠤᠷᠪᠠ᠂ ᠦᠨᠳᠦᠰᠦᠨ ᠵᠠᠷᠴᠢᠮ

     (ᠨᠢᠭᠡ) ᠵᠠᠰᠠᠭ᠎ᠤᠨ ᠣᠷᠳᠣᠨ ᠬᠥᠲᠥᠯᠦᠨ ᠵᠢᠯᠣᠭᠤᠳᠤᠨ᠎ᠠ᠃ ᠵᠠᠰᠠᠭ᠎ᠤᠨ ᠣᠷᠳᠣᠨ᠎ᠤ ᠡᠭᠦᠷᠭᠡ ᠴᠢᠳᠠᠪᠤᠷᠢ ᠵᠢ ᠦᠨᠡᠨ ᠬᠦ᠌ ᠬᠤᠪᠢᠷᠠᠭᠤᠯᠵᠤ᠂ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠳᠣᠭᠡᠭᠳᠡᠭᠦᠨ᠎ᠤ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠡᠮᠳᠡᠭ᠎ᠤᠨ ᠪᠠᠶ᠋ᠢᠭᠤᠯᠤᠯᠲᠠ᠎ᠳᠠᠬᠢ ᠵᠠᠰᠠᠭ᠎ᠤᠨ ᠣᠷᠳᠣᠨ ᠵᠢᠴᠢ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠎ᠤᠨ ᠪᠠᠶ᠋ᠢᠷᠢ ᠲᠣᠭᠲᠠᠭ᠋ᠠᠯᠲᠠ ᠵᠢ ᠲᠣᠳᠣᠷᠬᠠᠢ ᠲᠣᠭᠳᠠᠭ᠋ᠠᠨ᠎ᠠ᠃ ᠭᠠᠵᠠᠷ ᠣᠷᠣᠨ᠎ᠤ ᠳᠠᠪᠠᠭᠤᠯᠢᠭ᠎ᠲᠤ᠎ᠪᠠᠨ ᠰᠠᠭᠤᠷᠢᠯᠠᠨ᠂ ᠭᠠᠵᠠᠷ ᠣᠷᠣᠨ᠎ᠤ ᠳᠠᠪᠠᠭᠤᠯᠢᠭ ᠠᠵᠤ ᠦᠢ᠍ᠯᠡᠰ᠎ᠤᠨ ᠲᠥᠯᠥᠪᠵᠢᠭᠦᠯᠭᠡ ᠪᠠ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠡᠮᠳᠡᠭ᠎ᠤᠨ ᠲᠥᠯᠥᠪᠵᠢᠭᠦᠯᠭᠡ ᠵᠢ ᠰᠠᠶ᠋ᠢᠲᠤᠷ ᠬᠢᠵᠦ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠰᠢᠯᠢᠳᠡᠭᠵᠢᠭᠦᠯᠦᠨ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠷᠠᠭᠤᠯᠵᠤ᠂ ᠡᠷᠬᠡ ᠲᠡᠭᠰᠢ ᠲᠥᠪ ᠭᠤᠤᠯᠴᠢ ᠪᠠᠶ᠋ᠢᠬᠤ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠬᠠᠮᠠᠭ᠋ᠠᠯᠠᠵᠤ᠂ ᠡᠵᠡᠩᠨᠡᠨ ᠬᠤᠳᠠᠯᠳᠤᠭ᠋ᠠᠯᠠᠬᠤ ᠰᠠᠶ᠋ᠢᠨ ᠰᠠᠶ᠋ᠢᠬᠠᠨ ᠣᠷᠴᠢᠨ᠎ᠢ ᠪᠣᠶ ᠪᠣᠯᠭ᠋ᠠᠨ᠎ᠠ᠃

     (ᠬᠤᠶᠠᠷ) ᠵᠠᠬ᠎ᠠ ᠳᠡᠯᠭᠡᠭᠦᠷ ᠵᠶ᠋ᠠᠷ ᠭᠤᠤᠯᠯᠠᠭᠤᠯᠤᠨ᠎ᠠ᠃ ᠪᠠᠶ᠋ᠢᠭᠤᠯᠤᠯ ᠲᠣᠭᠲᠠᠴᠠ᠎ᠳᠤ ᠰᠢᠨ᠎ᠡ ᠵᠢ ᠡᠭᠦᠳᠴᠦ᠂ ᠡᠬᠢ ᠪᠠᠶᠠᠯᠢᠭ᠎ᠢ ᠲᠣᠬᠢᠷᠠᠭᠤᠯᠬᠤ ᠶᠠᠪᠤᠴᠠ᠎ᠳᠠᠬᠢ ᠵᠠᠬ᠎ᠠ ᠳᠡᠯᠭᠡᠭᠦᠷ᠎ᠤᠨ ᠰᠢᠢ᠍ᠳᠪᠦᠷᠢᠯᠡᠭᠴᠢ ᠴᠢᠨᠠᠷᠲᠠᠶ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠎ᠠ᠃ ᠣᠳᠣᠬᠠᠨ᠎ᠤ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠡᠷᠩᠯᠡᠭᠡ ᠵᠢᠨ ᠵᠠᠬ᠎ᠠ ᠳᠡᠯᠭᠡᠭᠦᠷ᠎ᠤᠨ ᠬᠤᠪᠢᠷᠠᠯᠲᠠ ᠵᠢᠨ ᠬᠠᠨᠳᠤᠰᠢ ᠵᠢ ᠭᠦᠨᠵᠡᠭᠡᠶ ᠰᠤᠳᠤᠯᠵᠤ᠂ ᠪᠣᠷᠣᠯᠠᠭᠤᠯᠭ᠎ᠠ ᠰᠠᠶ᠋ᠢᠲᠠᠶ ᠴᠢᠨᠠᠷ ᠴᠢᠨᠰᠠᠭ᠎ᠠ ᠰᠠᠶ᠋ᠢᠲᠠᠶ ᠪᠦᠳᠣᠭᠡᠭᠳᠡᠭᠦᠨ᠎ᠢ ᠦᠢ᠍ᠯᠡᠳᠪᠦᠷᠢᠯᠡᠵᠦ᠂ ᠬᠡᠷᠡᠭᠯᠡᠭᠴᠢᠳ᠎ᠤᠨ ᠤᠯᠠᠨ ᠶᠠᠩᠵᠣ ᠵᠢᠨ ᠬᠡᠷᠡᠭᠴᠡᠭᠡ ᠵᠢ ᠬᠠᠩᠭ᠋ᠠᠨ᠎ᠠ᠃

     (ᠭᠤᠷᠪᠠ) ᠠᠵᠤ ᠠᠬᠤᠶ᠋ᠢᠯᠠᠯ ᠵᠶ᠋ᠠᠷ ᠭᠤᠤᠯ ᠴᠣᠭᠴᠠ ᠪᠣᠯᠭ᠋ᠠᠨ᠎ᠠ᠃ ᠨᠥᠬᠦᠴᠡᠯ᠎ᠳᠤ ᠨᠡᠶ᠋ᠢᠴᠡᠬᠦ ᠲᠠᠷᠢᠶᠠᠯᠠᠩ ᠮᠠᠯ ᠠᠵᠤ ᠠᠬᠤᠶ ᠵᠢᠨ ᠡᠵᠡᠩᠨᠡᠯᠲᠡ ᠵᠢᠨ ᠭᠤᠤᠯ ᠴᠣᠭᠴᠠ ᠵᠢ ᠵᠣᠷᠢᠬ᠍ᠵᠢᠭᠤᠯᠵᠣ ᠪᠠᠶ᠋ᠢᠭ᠋ᠠᠣᠨ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠡᠮᠳᠡᠭ᠎ᠢ ᠬᠡᠷᠡᠭᠯᠡᠭᠦᠯᠵᠦ᠂ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠡᠮᠳᠡᠭ᠎ᠤᠨ ᠨᠥᠯᠥᠭᠡᠯᠡᠬᠦ ᠬᠦᠴᠦᠨ ᠪᠠ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠡᠮᠳᠡᠭ᠎ᠢ ᠬᠡᠷᠡᠭᠯᠡᠬᠦ ᠵᠠᠬ᠎ᠠ ᠳᠡᠯᠭᠡᠭᠦᠷ᠎ᠤᠨ ᠭᠤᠣᠯ ᠴᠣᠭᠴᠠ ᠵᠢᠨ ᠵᠠᠬ᠎ᠠ ᠳᠡᠯᠭᠡᠭᠦᠷ᠎ᠲᠠᠬᠢ ᠦᠷᠢᠰᠦᠯᠳᠦᠬᠦ ᠭᠦᠴᠣᠨ᠎ᠢ ᠦᠷᠭᠡᠣᠡᠭᠡᠨ᠎ᠡ᠃

     (ᠳᠥᠷᠪᠡ) ᠬᠠᠮᠵᠢᠯᠴᠠᠨ ᠬᠠᠮᠳᠣ᠎ᠪᠠᠷ ᠪᠥᠲᠥᠭᠡᠨ ᠪᠠᠶ᠋ᠢᠭᠤᠯᠤᠨ᠎ᠠ᠃ ᠵᠠᠰᠠᠭ᠎ᠤᠨ ᠣᠷᠳᠣᠨ᠎ᠤ ᠬᠥᠲᠥᠯᠦᠨ ᠵᠢᠯᠣᠭᠤᠳᠬᠤ ᠦᠢ᠍ᠯᠡᠳᠦᠯ᠂ ᠰᠠᠯᠠᠭ᠎ᠠ ᠮᠥᠴᠢᠷ᠎ᠤᠨ ᠬᠠᠮᠵᠢᠯᠴᠠᠬᠤ ᠦᠢ᠍ᠯᠡᠳᠦᠯ᠂ ᠠᠵᠤ ᠠᠬᠤᠶ᠋ᠢᠯᠠᠯ᠎ᠤᠨ ᠭᠤᠤᠯ ᠴᠣᠭᠴᠠ ᠵᠢᠨ ᠦᠢ᠍ᠯᠡᠳᠦᠯ᠂ ᠨᠡᠶ᠋ᠢᠭᠡᠮᠯᠢᠭ᠎ᠤᠨ ᠨᠥᠬᠦᠪᠥᠷᠢᠯᠡᠬᠦ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠡᠮᠳᠡᠭ᠎ᠤᠨ ᠪᠠᠶ᠋ᠢᠭᠤᠯᠤᠯᠲᠠ ᠵᠢᠨ ᠰᠡᠳᠬᠢᠯ ᠵᠶ᠋ᠠᠨ ᠨᠢᠭᠡᠳᠬᠡᠨ ᠬᠦᠴᠦ᠎ᠪᠠᠨ ᠬᠠᠮᠲᠤᠳᠬᠠᠵᠤ᠂ ᠬᠠᠮᠳᠣ᠎ᠪᠠᠷ ᠪᠠᠶ᠋ᠢᠭᠤᠯᠵᠤ ᠢᠯᠡᠭᠦᠤ ᠠᠰᠢᠭ ᠭᠥᠷᠳᠡᠬᠦ ᠰᠢᠨ᠎ᠡ ᠪᠠᠶ᠋ᠢᠳᠠᠯ᠎ᠢ ᠪᠣᠶ ᠪᠣᠯᠭ᠋ᠠᠨ᠎ᠠ᠃

    ᠳᠥᠷᠪᠡ᠂ ᠭᠤᠤᠯᠳᠠᠯᠭ᠎ᠠ᠎ᠲᠠᠢ ᠡᠭᠦᠷᠭᠡ

     (ᠨᠢᠭᠡ) ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠡᠮᠳᠡᠭ᠎ᠲᠠᠢ ᠪᠦᠳᠣᠭᠡᠭᠳᠡᠭᠦᠨ᠎ᠤ ᠶᠠᠰᠤ ᠴᠢᠨᠠᠷ᠎ᠤᠨ ᠪᠠᠷᠢᠮᠵᠢᠶ᠎ᠠ ᠵᠢᠨ ᠲᠣᠭᠳᠠᠯᠴᠠᠭ᠎ᠠ ᠵᠢ ᠳᠡᠭᠦᠯᠳᠡᠷᠵᠢᠭᠦᠯᠣᠨ᠎ᠡ᠃ ᠭᠠᠷᠤᠯᠲᠠ ᠵᠢᠨ ᠣᠷᠣᠨ᠎ᠢ ᠴᠡᠪᠡᠷᠰᠢᠭᠦᠯᠬᠦ ᠠᠵᠢᠯᠯᠠᠭ᠎ᠠ ᠵᠢ ᠥᠷᠨᠢᠭᠦᠯᠵᠦ᠂ ᠪᠣᠬᠢᠷᠲᠤᠯ ᠦᠭᠡᠢ ᠦᠢ᠍ᠯᠡᠳᠪᠦᠷᠢᠯᠡᠯ᠎ᠢ ᠬᠡᠷᠡᠭᠵᠢᠭᠦᠯᠦᠨ᠎ᠡ᠃ ᠦᠢ᠍ᠯᠡᠳᠪᠦᠷᠢᠯᠡᠯ᠎ᠤᠨ ᠨᠠᠷᠢᠯᠢᠬ᠍ᠵᠢᠭᠤᠯᠤᠭᠰᠠᠨ ᠬᠠᠮᠢᠶᠠᠷᠤᠯᠲᠠ ᠬᠢᠭᠡᠳ ᠪᠦᠲᠦᠭᠡᠭᠳᠡᠬᠦᠨ᠎ᠤ ᠴᠢᠨᠠᠷ ᠴᠢᠨᠰᠠᠭ᠎ᠠ ᠵᠢ ᠪᠥᠬᠦ ᠶᠠᠪᠤᠴᠠ᠎ᠳᠤ᠎ᠨᠢ ᠡᠵᠡᠮᠳᠡᠬᠦ ᠮᠡᠷᠭᠡᠵᠢᠯ᠎ᠤᠨ ᠲᠣᠭᠳᠠᠯᠴᠠᠭ᠎ᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠡᠮᠳᠡᠭ᠎ᠲᠠᠢ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠢ ᠪᠥᠬᠦ ᠠᠵᠤ ᠦᠢ᠍ᠯᠡᠰ᠎ᠤᠨ ᠬᠡᠯᠬᠢᠶ᠎ᠡ᠎ᠳᠤ᠎ᠨᠢ ᠪᠠᠷᠢᠮᠵᠢᠶᠠᠵᠢᠭᠤᠯᠤᠨ ᠦᠢ᠍ᠯᠡᠳᠪᠦᠷᠢᠯᠡᠬᠦ᠎ᠪᠠᠨ ᠪᠡᠶᠡᠯᠡᠭᠦᠯᠬᠦ ᠵᠢ ᠠᠬᠢᠭᠤᠯᠤᠨ᠎ᠠ᠃ ᠰᠠᠯᠠᠭ᠎ᠠ ᠮᠥᠴᠢᠷ ᠪᠠ ᠣᠷᠣᠨ ᠨᠤᠲᠤᠭ᠎ᠤᠨ᠎ᠬᠢᠨ᠎ᠢ ᠳᠡᠮᠵᠢᠭᠦ ᠪᠠ ᠵᠣᠷᠢᠬ᠍ᠵᠢᠭᠤᠯᠵᠣ ᠪᠠᠶ᠋ᠢᠭ᠋ᠠᠣᠨ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠡᠮᠳᠡᠭ᠎ᠤᠨ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠳᠤ ᠴᠢᠭᠯᠡᠭᠦᠯᠦᠨ ᠣᠨᠴᠠ ᠲᠣᠭᠲᠠᠭᠰᠠᠨ ᠭᠠᠷᠤᠯᠲᠠ ᠵᠢᠨ ᠣᠷᠣᠨ᠎ᠤ ᠣᠷᠴᠢᠨ ᠲᠣᠭᠤᠷᠢᠨ᠂ ᠳᠠᠷᠢᠵᠤ ᠲᠡᠵᠢᠭᠡᠨ ᠦᠷᠡᠵᠢᠭᠦᠯᠬᠦ᠂ ᠪᠦᠲᠦᠭᠡᠭᠳᠡᠬᠦᠨ᠎ᠢ ᠵᠡᠷᠭᠡ ᠪᠠ ᠲᠠᠰ ᠬᠤᠪᠢᠶᠠᠬᠤ᠂ ᠪᠣᠯᠪᠠᠰᠤᠷᠠᠭᠤᠯᠬᠤ᠂ ᠪᠣᠭᠤᠳᠠᠯᠯᠠᠬᠤ᠂ ᠬᠠᠳᠠᠭ᠋ᠠᠯᠠᠬᠤ᠂ ᠪᠠᠷᠠᠭ᠋ᠠᠨ᠎ᠤ ᠭᠦᠢ᠍ᠯᠭᠡᠭᠡᠨ᠎ᠤ ᠲᠡᠭᠡᠭᠡᠪᠦᠷᠢᠯᠡᠭᠦ ᠪᠥᠬᠦ ᠠᠵᠤ ᠦᠢ᠍ᠯᠡᠰ᠎ᠤᠨ ᠬᠡᠯᠬᠢᠶᠡᠨ᠎ᠤ ᠪᠠᠷᠢᠮᠵᠢᠶ᠎ᠠ ᠵᠢᠨ ᠲᠣᠭᠳᠠᠯᠴᠠᠭ᠎ᠠ ᠵᠢ ᠲᠣᠭᠲᠠᠭ᠋ᠠᠨ᠂ ᠪᠠᠷᠢᠮᠵᠢᠶ᠎ᠠ ᠵᠢ ᠬᠡᠷᠡᠭᠵᠢᠭᠦᠯᠬᠦ ᠡᠷᠴᠢᠮ ᠵᠶ᠋ᠠᠨ ᠴᠢᠩᠭ᠋ᠠᠷᠠᠭᠤᠯᠵᠤ᠂ 《ᠨᠢᠭᠡ ᠪᠦᠲᠦᠭᠡᠭᠳᠡᠬᠦᠨ᠎ᠳᠤ ᠨᠢᠭᠡ ᠪᠠᠷᠢᠮᠵᠢᠶ᠎ᠠ》 《ᠨᠢᠭᠡ ᠪᠦᠲᠦᠭᠡᠭᠳᠡᠬᠦᠨ᠎ᠳᠤ ᠨᠢᠭᠡ ᠵᠦᠢ᠍ᠯ᠎ᠤᠨ ᠪᠣᠳᠣᠯᠭ᠎ᠠ》᠎ᠪᠠᠷ ᠪᠠᠷᠢᠮᠵᠢᠶᠠᠵᠢᠭᠤᠯᠤᠨ ᠦᠢ᠍ᠯᠡᠳᠪᠦᠷᠢᠯᠡᠬᠦ ᠠᠷᠭ᠎ᠠ ᠮᠠᠶᠢᠭ᠎ᠲᠠᠢ ᠪᠣᠯᠭ᠋ᠠᠵᠤ᠂ ᠶᠠᠰᠤ ᠴᠢᠨᠠᠷ᠎ᠢ ᠪᠠᠲᠤᠯᠠᠨ᠂ ᠴᠢᠨᠠᠷ ᠴᠢᠨᠰᠠᠭ᠎ᠠ ᠵᠢ᠎ᠨᠢ ᠳᠡᠭᠡᠭᠰᠢᠯᠡᠭᠦᠯᠵᠦ᠂ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠡᠮᠳᠡᠭ᠎ᠲᠠᠢ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠶᠠᠰᠤ ᠴᠢᠨᠠᠷ᠎ᠤᠨ ᠪᠠᠷᠢᠮᠵᠢᠶ᠎ᠠ ᠵᠢᠨ ᠰᠠᠭᠤᠷᠢ ᠵᠢ ᠪᠠᠲᠤᠳᠬᠠᠨ᠎ᠠ᠃ (ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ᠂ ᠳᠣᠷᠣᠭᠰᠢᠬᠢ ᠵᠢ ᠴᠥᠮ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠬᠠᠷᠢᠭᠤᠴᠠᠨ ᠨᠠᠶ᠋ᠢᠳᠠᠪᠤᠷᠢᠵᠢᠭᠤᠯᠣᠨ᠎ᠠ᠂ ᠳᠠᠭᠢᠵᠤ ᠵᠢᠭᠰᠠᠭ᠋ᠠᠬᠤ ᠥᠬᠡᠶ)

     (ᠬᠤᠶᠠᠷ) ᠪᠥᠬᠦ ᠶᠠᠪᠤᠴᠠ᠎ᠳᠠᠬᠢ ᠶᠠᠰᠤ ᠴᠢᠨᠠᠷ᠎ᠢ᠎ᠨᠢ ᠬᠠᠮᠢᠶᠠᠷᠤᠨ ᠡᠵᠡᠮᠳᠡᠬᠦ ᠵᠢ ᠴᠢᠩᠭ᠋ᠠᠷᠠᠭᠤᠯᠤᠨ᠎ᠠ᠃ ᠢᠳᠡᠰᠢᠨ᠎ᠤ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠬᠢᠷᠢ ᠲᠡᠩᠴᠡᠭᠰᠡᠨ ᠦᠨᠡᠮᠯᠡᠯ᠎ᠤᠨ ᠲᠦᠷᠢᠮ᠎ᠢ ᠨᠠᠶ᠋ᠢᠳᠠᠪᠤᠷᠢᠵᠢᠭᠤᠯᠵᠤ᠂ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠶᠠᠰᠤ ᠴᠢᠨᠠᠷ ᠠᠮᠤᠷ ᠲᠦᠪᠰᠢᠨ᠎ᠤ ᠲᠣᠮᠣ ᠳ᠋ᠠᠶ᠋ᠢᠲ᠋ᠠ ᠵᠢᠨ ᠣᠶᠣᠨᠯᠢᠭ ᠬᠢᠨᠠᠯᠲᠠ ᠬᠠᠮᠢᠶᠠᠷᠤᠯᠲᠠ ᠬᠢᠭᠡᠳ ᠦᠢ᠍ᠯᠡᠴᠢᠯᠡᠭᠡᠨ᠎ᠤ ᠲᠠᠪᠴᠠᠩ᠎ᠤᠨ ᠪᠠᠶ᠋ᠢᠭᠤᠯᠤᠯᠲᠠ ᠪᠠ ᠬᠡᠷᠡᠭᠯᠡᠯᠲᠡ ᠵᠢ ᠴᠢᠩᠭ᠋ᠠᠷᠠᠭᠤᠯᠤᠨ᠂ 《ᠬᠦ᠍ᠨᠳᠡᠯᠡᠨ ᠵᠶ᠋ᠠᠷ ᠵᠠᠬ᠎ᠠ ᠬᠢᠵᠠᠭ᠋ᠠᠷ᠎ᠲᠤ᠎ᠨᠢ ᠬᠦᠷᠲᠡᠯ᠎ᠡ᠂ ᠭᠤᠯᠳᠤ᠎ᠪᠠᠷ ᠡᠴᠦᠰ᠎ᠲᠤ᠎ᠨᠢ ᠲᠤᠯᠲᠠᠯ᠎ᠠ》 ᠪᠦᠬᠦᠨ᠎ᠢ ᠬᠠᠮᠤᠷᠤᠭᠰᠠᠨ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠶᠠᠰᠤ ᠴᠢᠨᠠᠷ ᠠᠮᠤᠷ ᠲᠦᠪᠰᠢᠨ᠎ᠢ᠎ᠨᠢ ᠮᠦᠷᠳᠡᠨ ᠣᠬᠤᠴᠢᠯᠠᠬᠤ ᠲᠣᠭᠳᠠᠯᠴᠠᠭ᠎ᠠ ᠪᠠ ᠢᠲᠡᠭᠡᠮᠵᠢ ᠵᠢᠨ ᠲᠣᠭᠲᠠᠯᠴᠠᠭ᠎ᠠ ᠵᠢ ᠪᠦᠷᠢᠯᠳᠦᠭᠦᠯᠦᠨ᠎ᠡ᠃ ᠭᠠᠷᠤᠯᠲᠠ ᠵᠢᠨ ᠣᠷᠣᠨ᠎ᠠᠴᠠ᠎ᠨᠢ ᠵᠥᠪᠰᠢᠶᠡᠷᠡᠨ ᠭᠠᠷᠭ᠋ᠠᠬᠤ ᠪᠠ ᠵᠠᠬ᠎ᠠ ᠳᠡᠯᠭᠡᠭᠦᠷ᠎ᠲᠤ ᠵᠥᠪᠰᠢᠶᠡᠷᠡᠨ ᠣᠷᠣᠭᠤᠯᠬᠤ ᠲᠣᠭᠲᠠᠴᠠ ᠵᠢ ᠪᠠᠶ᠋ᠢᠭᠤᠯᠵᠤ᠂ ᠰᠠᠯᠠᠭ᠎ᠠ ᠮᠥᠴᠢᠷ᠎ᠤᠨ ᠬᠤᠭᠤᠷᠣᠨᠳᠣ᠎ᠪᠠᠨ ᠬᠠᠮᠵᠢᠯᠴᠠᠵᠣ ᠬᠢᠨᠠᠨ ᠬᠠᠮᠢᠶᠠᠷᠬᠤ ᠵᠢ ᠴᠢᠩᠭ᠋ᠠᠳᠬᠠᠨ᠂ ᠪᠠᠶ᠋ᠢᠴᠠᠭ᠋ᠠᠨ ᠰᠢᠯᠭ᠋ᠠᠵᠤ ᠪᠠᠶ᠋ᠢᠴᠠᠭ᠋ᠠᠨ ᠰᠢᠨᠵᠢᠬᠦ᠂ ᠬᠠᠤᠯᠢ ᠬᠡᠷᠡᠭᠵᠢᠭᠦᠯᠬᠦ᠂ ᠮᠦᠷᠳᠡᠨ ᠣᠬᠤᠴᠢᠯᠠᠬᠤ ᠪᠠ ᠢᠲᠡᠭᠡᠮᠵᠢ ᠵᠢᠨ ᠲᠣᠭᠲᠠᠯᠴᠠᠭ᠎ᠠ ᠵᠢᠨ ᠪᠠᠶ᠋ᠢᠭᠤᠯᠤᠯᠲᠠ ᠵᠢ ᠲᠡᠭᠦᠯᠳᠡᠷᠵᠢᠭᠦᠯᠵᠦ᠂ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠡᠮᠳᠡᠭ᠎ᠲᠠᠢ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠶᠠᠰᠤ ᠴᠢᠨᠠᠷ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠬᠢᠷᠢ ᠲᠦᠪᠰᠢᠨ ᠪᠠ ᠪᠥᠬᠦ ᠶᠠᠪᠤᠴᠠ᠎ᠳᠠᠬᠢ ᠶᠠᠰᠤ ᠴᠢᠨᠠᠷ᠎ᠢ ᠡᠵᠡᠮᠳᠡᠬᠦ ᠴᠢᠳᠠᠪᠤᠷᠢ᠎ᠪᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

     (ᠭᠤᠷᠪᠠ) ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠡᠮᠳᠡᠭ᠎ᠢ ᠪᠣᠢ ᠪᠣᠯᠭ᠋ᠠᠬᠤ ᠲᠦᠷᠢᠮ᠎ᠢ ᠪᠠᠶ᠋ᠢᠭᠤᠯᠤᠨ ᠪᠦᠷᠢᠨᠰᠢᠭᠦᠯᠦᠨ᠎ᠡ᠃ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠡᠮᠳᠡᠭ᠎ᠲᠤ ᠵᠢᠷᠤᠮᠵᠢᠭᠰᠠᠨ ᠬᠠᠮᠢᠶᠠᠷᠤᠯᠲᠠ ᠵᠢ ᠴᠢᠩᠭ᠋ᠠᠳᠬᠠᠵᠤ᠂ ᠵᠠᠰᠠᠭ᠎ᠤᠨ ᠣᠷᠳᠣᠨ ᠨᠢᠭᠡᠳᠦᠯᠲᠡᠶ ᠤᠳᠤᠷᠢᠳᠤᠭᠰᠠᠨ᠂ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠭ᠋ᠠᠨ ᠵᠢᠯᠣᠭᠤᠳᠤᠭᠰᠠᠨ᠂ ᠨᠡᠶ᠋ᠢᠭᠡᠮ᠎ᠤᠨ ᠪᠦᠯᠬᠦᠮ᠂ ᠠᠵᠢᠯ ᠲᠥᠷᠥᠯ᠎ᠤᠨ ᠨᠡᠶ᠋ᠢᠭᠡᠮᠯᠢᠭ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠳᠡᠭᠡᠳᠦ ᠰᠤᠷᠭ᠋ᠠᠭᠤᠯᠢ ᠪᠠ ᠲᠠᠷᠢᠶᠠᠯᠠᠩ ᠮᠠᠯ ᠠᠵᠤ ᠠᠬᠤᠶ ᠵᠢᠨ ᠠᠵᠤ ᠠᠬᠤᠶ᠋ᠢᠯᠠᠯ ᠬᠠᠮᠳᠣ᠎ᠪᠠᠷ ᠣᠷᠣᠯᠴᠠᠭᠰᠠᠨ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠡᠮᠳᠡᠭ᠎ᠢ ᠦᠨᠡᠯᠡᠨ ᠲᠣᠭᠲᠠᠭ᠋ᠠᠬᠤ (ᠮᠠᠭ᠋ᠠᠣᠡᠯᠠᠬᠤ) ᠪᠠ ᠦᠨᠡᠯᠡᠨ ᠵᠢᠱ᠌ᠢᠬᠦ ᠲᠣᠭᠲᠠᠴᠠ ᠵᠢ ᠪᠦᠷᠢᠯᠳᠣᠭᠦᠯᠵᠣ᠂ ᠨᠠᠷᠠᠲᠤ ᠲᠡᠮᠳᠡᠭ᠎ᠤᠨ ᠡᠷᠬᠡ ᠰᠦᠷᠲᠦ ᠴᠢᠨᠠᠷ ᠪᠠ ᠲᠥᠪ ᠭᠤᠤᠯᠴᠢ ᠴᠢᠨᠠᠷ᠎ᠢ ᠬᠠᠮᠠᠭ᠋ᠠᠯᠠᠨ᠎ᠠ᠃ (ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠠᠵᠤ ᠦᠢ᠍ᠯᠡᠳᠪᠦᠷᠢ ᠬᠤᠳᠠᠯᠳᠤᠭ᠋ᠠᠨ᠎ᠤ ᠬᠤᠯᠪᠣᠭ᠋ᠠᠳᠣ ᠬᠤᠷᠡᠯ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

     (ᠳᠥᠷᠪᠡ) ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠡᠮᠳᠡᠭ᠎ᠲᠤ ᠬᠥᠳᠡᠯᠦᠩᠭᠦᠶ ᠬᠠᠮᠢᠶᠠᠷᠤᠯᠲᠠ ᠬᠢᠬᠦ᠎ᠪᠠᠨ ᠴᠢᠩᠭ᠋ᠠᠳᠬᠠᠨ᠎ᠠ᠃ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠵᠢ ᠳᠣᠪᠤᠶ᠋ᠢᠯᠭ᠋ᠠᠨ᠂ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠡᠮᠳᠡᠭ᠎ᠤᠨ ᠭᠠᠷᠴᠠᠭ᠎ᠲᠤ ᠬᠥᠳᠡᠯᠦᠩᠭᠦᠶ ᠬᠠᠮᠢᠶᠠᠷᠤᠯᠲᠠ ᠵᠢ ᠬᠡᠷᠡᠭᠵᠢᠭᠦᠯᠵᠦ᠂ ᠲᠣᠭᠲᠠᠮᠠᠯ ᠬᠤᠭᠤᠴᠠᠭ᠎ᠠ᠎ᠲᠠᠢ ᠬᠢᠨᠠᠨ ᠬᠠᠷᠭᠤᠭᠤᠯᠬᠤ ᠪᠠ ᠪᠤᠴᠠᠭ᠋ᠠᠨ ᠭᠠᠷᠭ᠋ᠠᠬᠤ ᠲᠣᠭᠳᠠᠴᠨ ᠵᠢ ᠪᠠᠶ᠋ᠢᠭᠤᠯᠣᠨ᠎ᠠ᠃ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠡᠮᠳᠡᠭ᠎ᠲᠠᠢ ᠪᠦᠲᠦᠭᠡᠭᠳᠡᠬᠦᠨ᠎ᠤ ᠶᠠᠰᠤ ᠴᠢᠨᠠᠷ᠂ ᠨᠠᠷᠠᠲᠤ ᠲᠡᠮᠳᠡᠭ᠎ᠤᠨ ᠡᠷᠴᠢᠮ ᠭᠦᠴᠣ᠂ ᠨᠠᠷᠠᠲᠤ ᠲᠡᠮᠳᠡᠭ᠎ᠤᠨ ᠦᠨ᠎ᠡ ᠥᠷᠲᠡᠭ᠎ᠢ᠎ᠨᠢ ᠦᠨᠡᠯᠡᠨ ᠵᠢᠱ᠌ᠢᠬᠦ ᠪᠠ ᠨᠡᠶ᠋ᠢᠭᠡᠮ ᠨᠡᠶ᠋ᠢᠲᠡ ᠵᠢᠨ᠎ᠬᠢᠨ᠎ᠤ ᠰᠢᠯᠭ᠋ᠠᠨ ᠦᠨᠡᠯᠡᠭᠦ ᠠᠵᠢᠯ᠎ᠢ ᠦᠷᠨᠢᠭᠦᠯᠣᠨ᠎ᠡ᠃ ᠬᠢᠨᠠᠯᠲᠠ ᠲᠠᠯᠪᠢᠵᠤ ᠬᠠᠮᠢᠶᠠᠷᠬᠤ ᠪᠠ ᠡᠷᠬᠡ ᠣᠯᠭᠤᠵᠣ ᠬᠠᠮᠢᠶᠠᠷᠬᠤ ᠵᠢ ᠴᠢᠩᠭ᠋ᠠᠳᠬᠠᠵᠤ᠂ ᠬᠤᠳᠠᠯ ᠬᠠᠭᠤᠷᠮᠠᠭ᠂ ᠡᠷᠬᠡ᠎ᠳᠤ ᠬᠠᠯᠳᠠᠭᠰᠠᠨ ᠦᠢ᠍ᠯᠨ ᠠᠵᠢᠯᠯᠠᠭ᠎ᠠ᠎ᠳᠤ ᠴᠣᠬᠢᠯᠲᠠ ᠥᠭᠬᠦ ᠡᠷᠴᠢᠮ ᠵᠶ᠋ᠠᠨ ᠬᠠᠤᠯᠢ ᠪᠠ ᠲᠣᠭᠲᠠᠭ᠋ᠠᠯ ᠶᠣᠰᠣᠭ᠋ᠠᠷ ᠴᠢᠩᠭ᠋ᠠᠷᠠᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

     (ᠲᠠᠪᠤ) ᠠᠵᠤ ᠦᠢ᠍ᠯᠡᠰ᠎ᠤᠨ ᠳᠠᠪᠠᠭᠤᠯᠢᠭ᠎ᠲᠤ᠎ᠪᠠᠨ ᠲᠦᠰᠢᠭᠯᠡᠨ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠡᠮᠳᠡᠭ᠎ᠢ ᠪᠣᠶ ᠪᠣᠯᠭ᠋ᠠᠨ᠎ᠠ᠃ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠴᠢᠳᠠᠮᠵᠢᠳᠣ ᠣᠷᠣᠨ᠂ ᠴᠢᠬᠤᠯᠠ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠬᠠᠮᠠᠭ᠋ᠠᠯᠠᠯᠲᠠ ᠵᠢᠨ ᠣᠷᠣᠨ ᠪᠠ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠶ ᠵᠢᠨ ᠠᠵᠤ ᠦᠢ᠍ᠯᠡᠰ᠎ᠤᠨ ᠬᠦᠷᠢᠶᠡᠯᠡᠩ᠂ ᠣᠨᠴᠠᠯᠢᠭ᠎ᠲᠠᠢ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠳᠠᠪᠠᠭᠤᠯᠢᠭ ᠣᠷᠣᠨ᠎ᠤ ᠪᠥᠲᠥᠭᠡᠨ ᠪᠠᠶ᠋ᠢᠭᠤᠯᠤᠯᠲᠠ ᠵᠢᠨ ᠠᠵᠢᠯ᠎ᠲᠠᠢ ᠤᠶᠠᠯᠳᠤᠭᠤᠯᠤᠨ᠂ ᠨᠢᠭᠡ ᠪᠦᠯᠦᠭ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠣᠷᠣᠨ ᠪᠦᠰᠡ ᠵᠢᠨ ᠨᠠᠶ᠋ᠢᠳᠡ ᠵᠢᠨ ᠬᠡᠷᠩᠯᠡᠭᠡᠨ᠎ᠤ ᠨᠡᠷᠡᠳᠣ ᠲᠡᠮᠳᠡᠭ᠎ᠢ ᠪᠣᠢ ᠪᠣᠯᠭ᠋ᠠᠨ᠎ᠠ᠃ ᠬᠠᠮᠲᠤ ᠵᠢᠨ ᠲᠠᠸᠠᠷ᠎ᠤᠨ ᠲᠡᠮᠳᠡᠭ᠂ ᠭᠠᠵᠠᠷ ᠵᠦᠶ ᠵᠢᠨ ᠲᠡᠮᠳᠡᠭ᠎ᠤᠨ ᠭᠡᠷᠡᠴᠢᠯᠡᠯ᠎ᠲᠠᠢ ᠲᠠᠸᠠᠷ᠎ᠤᠨ ᠲᠡᠮᠳᠡᠭ ᠵᠶ᠋ᠠᠨ ᠳᠠᠩᠰᠠᠯᠠᠭᠤᠯᠬᠤ ᠵᠢ ᠢᠳᠡᠪᠬᠢᠲᠡᠶ ᠵᠢᠭ᠋ᠠᠨ ᠵᠢᠯᠣᠭᠤᠳᠴᠤ᠂ ᠭᠠᠵᠠᠷ ᠵᠦᠶ ᠵᠢᠨ ᠲᠡᠮᠳᠡᠭ᠎ᠲᠠᠢ ᠲᠠᠷᠢᠶᠠᠯᠠᠩ᠎ᠤᠨ ᠪᠦᠲᠦᠭᠡᠭᠳᠡᠬᠦᠨ ᠵᠶ᠋ᠠᠨ ᠳᠠᠩᠰᠠᠯᠠᠭᠤᠯᠵᠣ ᠬᠠᠮᠠᠭ᠋ᠠᠯᠠᠭᠤᠯᠬᠤ᠎ᠪᠠᠷ ᠭᠤᠶᠤᠴᠢᠯᠠᠵᠤ᠂ ᠭᠠᠵᠠᠷ ᠵᠦᠶ ᠵᠢᠨ ᠲᠡᠮᠳᠡᠭ᠎ᠤᠨ ᠲᠤᠰᠬᠠᠶ ᠬᠡᠷᠡᠭᠯᠡᠬᠦ ᠲᠡᠮᠳᠡᠭ᠎ᠤᠳ᠎ᠢ ᠬᠡᠷᠡᠭᠯᠡᠨ᠂ ᠪᠣᠬᠢᠷᠲᠤᠯ ᠥᠬᠡᠶ᠂ ᠣᠷᠭ᠋ᠠᠨᠢᠭ᠂ ᠨᠠᠷᠠᠲᠤ ᠣᠨᠴᠠ ᠰᠢᠯᠢᠳᠡᠭ ᠰᠢᠨ᠎ᠡ ᠵᠡᠷᠭᠡ ᠴᠢᠨᠠᠷ ᠰᠠᠶ᠋ᠢᠲᠠᠶ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠭᠡᠷᠡᠴᠢᠯᠡᠭᠡ ᠥᠷᠨᠢᠭᠦᠯᠬᠦ ᠵᠢ ᠵᠣᠷᠢᠬ᠍ᠵᠢᠭᠤᠯᠤᠨ᠎ᠠ᠃ 《ᠥᠪᠥᠷ ᠮᠣᠩᠭᠤᠯ ᠲᠡᠮᠳᠡᠭ》 ᠵᠶ᠋ᠠᠷ ᠬᠦᠳᠣᠯᠣᠨ ᠳᠠᠭ᠋ᠠᠭᠤᠯᠵᠣ᠂ ᠳᠡᠭᠡᠳᠦ ᠲᠠᠰ᠎ᠤᠨ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠡᠮᠳᠡᠭ᠎ᠢ ᠪᠣᠶ ᠪᠣᠯᠭ᠋ᠠᠨ᠎ᠠ᠃ (ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

     (ᠵᠢᠷᠭᠤᠭ᠎ᠠ) ᠨᠠᠷᠠᠲᠤ ᠲᠡᠮᠳᠡᠭ᠎ᠤᠨ ᠤᠬᠠᠭᠤᠯᠭ᠎ᠠ ᠲᠠᠨᠢᠯᠴᠠᠭᠤᠯᠭ᠎ᠠ ᠵᠢ ᠴᠢᠩᠭ᠋ᠠᠷᠠᠭᠤᠯᠤᠨ᠎ᠠ᠃ ᠲᠠᠷᠢᠶᠠᠯᠠᠩ ᠮᠠᠯ ᠠᠵᠤ ᠠᠬᠤᠶ ᠵᠢᠨ ᠦᠵᠡᠭᠦᠯᠭᠡ ᠵᠢᠨ ᠴᠤᠭᠯᠠᠭ᠋ᠠᠨ᠂ ᠨᠠᠷᠠᠲᠤ ᠲᠡᠮᠳᠡᠭ᠎ᠤᠨ ᠲᠠᠨᠢᠯᠴᠠᠭᠤᠯᠬᠤ ᠴᠤᠭᠯᠠᠭ᠋ᠠᠨ᠂ ᠦᠢ᠍ᠯᠡᠳᠪᠦᠷᠢᠯᠡᠯ ᠪᠣᠷᠣᠯᠠᠭᠤᠯᠭ᠎ᠠ ᠵᠢ ᠵᠣᠯᠭ᠋ᠠᠭᠤᠯᠬᠤ ᠴᠤᠭᠯᠠᠭ᠋ᠠᠨ᠂ ᠰᠢᠨ᠎ᠡ ᠵᠠᠭᠤᠴᠢᠯᠠᠭᠤᠷ ᠵᠡᠷᠭᠡ ᠵᠢᠨ ᠡᠵᠡᠩᠨᠡᠨ ᠪᠣᠷᠣᠯᠠᠭᠤᠯᠬᠤ ᠲᠠᠪᠴᠠᠩ᠎ᠢ ᠭᠦᠢ᠍ᠴᠡᠳ ᠠᠰᠢᠭᠯᠠᠨ᠂ 《ᠥᠪᠥᠷ ᠮᠣᠩᠭᠤᠯ᠎ᠳᠤ ᠪᠢ ᠬᠠᠶ᠋ᠢᠷᠠᠳᠠᠢ》 ᠰᠢᠷᠢᠰ ᠤᠬᠠᠭᠤᠯᠭ᠎ᠠ ᠵᠢᠨ ᠠᠵᠢᠯᠯᠠᠭ᠎ᠠ ᠵᠢ ᠥᠷᠨᠢᠭᠦᠯᠵᠦ᠂ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠡᠮᠳᠡᠭ᠎ᠢ ᠶᠡᠭᠡ᠎ᠪᠠᠷ ᠤᠬᠠᠭᠤᠯᠤᠨ ᠲᠠᠨᠢᠯᠴᠠᠭᠤᠯᠣᠨ᠎ᠠ᠃ ᠤᠯᠤᠰ᠎ᠤᠨ ᠳᠣᠲᠣᠭ᠋ᠠᠳᠤ᠎ᠳᠠᠬᠢ ᠬᠡᠷᠩᠯᠡᠭᠡ ᠵᠢᠨ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠬᠤ᠎ᠪᠠᠷ ᠤᠳᠤᠷᠢᠳᠤᠮᠵᠢ ᠪᠣᠯᠭ᠋ᠠᠵᠤ᠂ ᠴᠢᠨᠠᠷ ᠰᠠᠶ᠋ᠢᠲᠠᠶ ᠪᠥᠭᠡᠳ ᠦᠨ᠎ᠡ᠎ᠳᠤ ᠬᠦᠷᠭᠡᠭᠦ᠎ᠪᠠᠷ ᠬᠠᠷᠠᠯᠲᠠ ᠪᠣᠯᠭ᠋ᠠᠨ᠂ ᠨᠠᠷᠠᠲᠤ ᠲᠡᠮᠳᠡᠭ᠎ᠲᠠᠢ ᠪᠦᠳᠣᠭᠡᠭᠳᠡᠭᠦᠨ᠎ᠢ ᠡᠵᠡᠩᠨᠡᠨ ᠪᠣᠷᠣᠯᠠᠭᠤᠯᠬᠤ ᠠᠷᠭ᠎ᠠ ᠮᠠᠶᠢᠭ᠎ᠲᠤ ᠰᠢᠨ᠎ᠡ ᠵᠢ ᠡᠭᠦᠳᠴᠦ᠂ ᠤᠯᠠᠮᠵᠢᠯᠠᠯᠲᠤ ᠡᠵᠡᠩᠨᠡᠨ ᠪᠤᠷᠤᠯᠠᠭᠤᠯᠬᠤ ᠠᠷᠭ᠎ᠠ ᠪᠠ ᠣᠲᠣ ᠦᠶ᠎ᠡ ᠵᠢᠨ ᠡᠵᠡᠩᠨᠡᠨ ᠪᠤᠷᠤᠯᠠᠭᠤᠯᠬᠤ ᠠᠷᠭ᠎ᠠ ᠵᠢᠨ ᠠᠭᠤᠰᠤᠯᠴᠠᠬᠤ ᠵᠢ ᠠᠬᠢᠭᠤᠯᠵᠤ᠂ ᠣᠨᠣᠴᠠᠲᠠᠶ ᠡᠵᠡᠩᠨᠡᠨ ᠪᠣᠷᠣᠯᠠᠭᠤᠯᠬᠤ ᠦᠢ᠍ᠯᠡᠴᠢᠯᠡᠭᠡ ᠵᠢ ᠬᠡᠷᠡᠭᠵᠢᠭᠦᠯᠦᠨ᠎ᠡ᠃ ᠢᠨᠲ᠋ᠧᠷ ᠰᠦᠯᠵᠢᠶ᠎ᠡ᠂ ᠲᠣᠮᠣ ᠳ᠋ᠠᠶ᠋ᠢᠲ᠋ᠠ᠂ ᠡᠭᠦᠯᠡᠨ ᠪᠤᠳᠤᠯᠲᠠ ᠵᠡᠷᠭᠡ ᠣᠲᠣ ᠦᠶ᠎ᠡ ᠵᠢᠨ ᠮᠡᠳᠡᠭᠡ ᠵᠠᠩᠭᠢ ᠵᠢᠨ ᠮᠡᠷᠭᠡᠵᠢᠯ᠎ᠢ ᠠᠰᠢᠭᠯᠠᠨ᠂ ᠵᠠᠬ᠎ᠠ ᠳᠡᠯᠭᠡᠭᠦᠷ᠎ᠤᠨ ᠭᠤᠤᠯ ᠴᠣᠭᠴᠠ ᠵᠢ ᠵᠣᠷᠢᠬ᠍ᠵᠢᠭᠤᠯᠵᠣ ᠪᠠᠶ᠋ᠢᠭ᠋ᠠᠣᠨ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠡᠮᠳᠡᠭ᠎ᠲᠠᠢ ᠪᠦᠳᠣᠭᠡᠭᠳᠡᠭᠦᠨ᠎ᠤ ᠲᠤᠰᠬᠠᠶ ᠡᠵᠡᠩᠨᠡᠯᠲᠡ ᠵᠢᠨ ᠳᠡᠯᠭᠡᠭᠦᠷ᠂ ᠲᠤᠰᠬᠠᠶ ᠭᠠᠵᠡᠷ᠂ ᠢᠨᠲ᠋ᠧᠷ ᠰᠦᠯᠵᠢᠶᠠᠨ᠎ᠤ ᠪᠣᠷᠣᠯᠠᠭᠤᠯᠭ᠎ᠠ ᠵᠡᠷᠭᠡ ᠲᠠᠪᠴᠠᠩ᠎ᠢ ᠪᠠᠶ᠋ᠢᠭᠤᠯᠵᠤ᠂ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠨᠠᠷᠠᠲᠤ ᠲᠡᠮᠳᠡᠭ᠎ᠤᠨ ᠨᠥᠯᠥᠭᠡᠯᠡᠬᠦ ᠬᠦᠴᠦᠨ ᠪᠠ ᠵᠠᠬ᠎ᠠ ᠳᠡᠯᠭᠡᠭᠦᠷ᠎ᠤᠨ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ᠂ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠷᠠᠳᠢᠣ᠋ ᠲᠧᠯᠸᠢᠰ᠎ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

     (ᠳᠣᠯᠤᠭ᠎ᠠ) ᠨᠠᠷᠠᠲᠤ ᠲᠡᠮᠳᠡᠭ᠎ᠲᠠᠬᠢ ᠰᠣᠶᠣᠯ᠎ᠤᠨ ᠠᠭᠤᠯᠤᠭᠳᠠᠬᠤᠨ᠎ᠢ ᠭᠦᠨᠵᠡᠭᠡᠶ ᠠᠭᠤᠳᠠᠯᠤᠨ᠎ᠠ᠃ ᠡᠯ᠎ᠡ ᠭᠠᠵᠠᠷ᠎ᠤᠨ ᠣᠷᠣᠨ ᠪᠦᠰᠡ᠂ ᠤᠯᠠᠮᠵᠢᠯᠠᠯᠲᠤ ᠣᠨᠴᠠᠯᠢᠭ᠎ᠲᠠᠢ ᠤᠶᠠᠯᠳᠤᠭᠤᠯᠤᠨ᠂ ᠲᠠᠷᠢᠶᠠᠯᠠᠩ ᠮᠠᠯ ᠠᠵᠤ ᠠᠬᠤᠶ ᠵᠢᠨ ᠠᠵᠤ ᠦᠢ᠍ᠯᠡᠰ ᠬᠢᠭᠡᠳ ᠪᠣᠳᠠᠰ᠎ᠤᠨ ᠪᠤᠰᠤ ᠰᠣᠶᠣᠯ᠎ᠤᠨ ᠥᠪ᠂ ᠠᠷᠠᠳ᠎ᠤᠨ ᠤᠷ᠎ᠠ ᠮᠡᠷᠭᠡᠰᠢᠯ᠂ ᠨᠤᠲᠤᠭ᠎ᠤᠨ ᠵᠠᠩ ᠵᠠᠩᠰᠢᠯ ᠠᠷᠠᠳ᠎ᠤᠨ ᠵᠠᠩ ᠦᠢ᠍ᠯᠡ᠂ ᠦᠵᠡᠰᠬᠦᠯᠡᠩᠲᠦ ᠰᠠᠶ᠋ᠢᠬᠠᠨ ᠬᠥᠳᠡᠭᠡ ᠲᠣᠰᠬᠤᠨ᠎ᠤ ᠪᠥᠲᠥᠭᠡᠨ ᠪᠠᠶ᠋ᠢᠭᠤᠯᠤᠯᠲᠠ ᠵᠡᠷᠭᠡ ᠵᠢᠨ ᠭᠦᠨᠵᠡᠭᠡᠶ ᠠᠭᠤᠰᠤᠯᠴᠠᠬᠤ ᠵᠢ ᠢᠳᠡᠪᠬᠢᠲᠡᠶ ᠠᠬᠢᠭᠤᠯᠵᠤ᠂ ᠬᠠᠭᠤᠴᠢᠨ ᠤᠷ᠎ᠠ ᠮᠡᠷᠭᠡᠰᠢᠯ᠂ ᠬᠠᠭᠤᠴᠢᠨ ᠨᠡᠷᠡᠮᠵᠢᠳᠣ᠂ ᠬᠠᠭᠤᠴᠢᠨ ᠵᠦᠢ᠍ᠯ᠎ᠢ ᠬᠠᠮᠠᠭ᠋ᠠᠯᠠᠬᠤ ᠪᠠ ᠤᠯᠠᠮᠵᠢᠯᠠᠨ ᠵᠠᠯᠭ᠋ᠠᠮᠵᠢᠯᠠᠬᠤ ᠵᠢ ᠴᠢᠩᠭ᠋ᠠᠷᠠᠭᠤᠯᠤᠨ᠂ ᠰᠣᠶᠣᠯ᠎ᠤᠨ ᠠᠬᠤᠭᠤᠯᠣᠮᠵᠢ᠎ᠲᠠᠢ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠡᠮᠳᠡᠭ᠎ᠢ ᠪᠣᠢ ᠪᠣᠯᠭ᠋ᠠᠨ᠎ᠠ᠃ (ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

     (ᠨᠠᠢ᠍ᠮᠠ) ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠡᠮᠳᠡᠭ᠎ᠤᠨ ᠣᠶᠤᠨ᠎ᠤ ᠬᠥᠮᠥᠷᠭᠡ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠳᠡᠭᠡᠳᠦ ᠰᠤᠷᠭ᠋ᠠᠭᠤᠯᠢ ᠵᠢᠴᠢ ᠠᠵᠢᠯ ᠲᠥᠷᠥᠯ᠎ᠤᠨ ᠨᠡᠶ᠋ᠢᠭᠡᠮᠯᠢᠭ᠎ᠢ ᠵᠣᠷᠢᠬ᠍ᠵᠢᠭᠤᠯᠵᠣ ᠪᠠᠶ᠋ᠢᠭ᠋ᠠᠣᠨ ᠨᠠᠷᠠᠲᠤ ᠲᠡᠮᠳᠡᠭ᠎ᠢ ᠪᠣᠢ ᠪᠣᠯᠭ᠋ᠠᠬᠤ ᠣᠶᠤᠨ᠎ᠤ ᠬᠥᠮᠥᠷᠭᠡ ᠵᠢᠨ ᠪᠠᠶ᠋ᠢᠭᠤᠯᠤᠯᠲᠠ ᠵᠢ ᠴᠢᠩᠭ᠋ᠠᠣᠡᠬᠠᠨ᠂ ᠨᠠᠷᠠᠲᠤ ᠲᠡᠮᠳᠡᠭ᠎ᠤᠨ ᠬᠠᠮᠢᠶᠠᠷᠤᠯᠲᠠ ᠪᠠ ᠴᠢᠳᠠᠪᠤᠷᠢᠲᠠᠨ ᠬᠥᠮᠦᠵᠢᠭᠦᠯᠬᠦ ᠠᠵᠢᠯ ᠵᠶ᠋ᠠᠷ ᠭᠠᠷᠳᠠᠴᠠ ᠪᠣᠯᠭ᠋ᠠᠵᠤ᠂ 《ᠶᠠᠰᠤ ᠴᠢᠨᠠᠷ᠎ᠢ ᠲᠡᠷᠢᠭᠦᠨ᠎ᠳᠤ ᠲᠠᠯᠪᠢᠬᠤ᠂ ᠨᠠᠷᠠᠲᠤ ᠲᠡᠮᠳᠡᠭ᠎ᠢ ᠬᠥᠭᠵᠢᠭᠦᠯᠬᠦ》 ᠣᠨᠣᠯᠵᠢᠬᠤᠨ᠎ᠢ ᠬᠥᠲᠥᠯᠦᠨ ᠵᠢᠯᠣᠭᠤᠳᠴᠤ ᠪᠣᠶ ᠪᠣᠯᠭ᠋ᠠᠨ᠂ ᠨᠠᠷᠠᠲᠤ ᠲᠡᠮᠳᠡᠭ᠎ᠤᠨ ᠦᠵᠡᠯ ᠤᠬᠠᠮᠰᠠᠷ᠎ᠢ ᠴᠢᠩᠭ᠋ᠠᠷᠠᠭᠤᠯᠵᠤ᠂ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠡᠮᠳᠡᠭ᠎ᠤᠨ ᠭᠤᠤᠯᠯᠠᠬᠤ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠠᠵᠤ ᠦᠢ᠍ᠯᠡᠳᠪᠦᠷᠢ ᠬᠤᠳᠠᠯᠳᠤᠭ᠋ᠠᠨ᠎ᠤ ᠬᠤᠯᠪᠣᠭ᠋ᠠᠳᠣ ᠬᠤᠷᠠᠯ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

    ᠲᠠᠪᠤ᠂ ᠬᠡᠷᠡᠭᠵᠢᠭᠦᠯᠬᠦ ᠠᠯᠬᠤᠮ ᠳᠠᠷᠠᠭ᠎ᠠ

     (ᠨᠢᠭᠡ) ᠠᠵᠢᠯ ᠡᠬᠢᠯᠡᠭᠦᠯᠬᠦ ᠱᠠᠲᠤ ᠦᠶ᠎ᠡ (2021 ᠣᠨ᠎ᠤ 2 ᠳ᠋ᠤᠭ᠋ᠠᠷ ᠰᠠᠷ᠎ᠠ — 3 ᠳ᠋ᠤᠭ᠋ᠠᠷ ᠰᠠᠷ᠎ᠠ)᠃ ᠡᠯ᠎ᠡ ᠠᠶ᠋ᠢᠮᠠᠭ ᠬᠤᠲᠠ᠎ᠨᠢ ᠪᠣᠳᠠᠲᠠᠶ᠎ᠲᠠᠢ᠎ᠪᠠᠨ ᠤᠶᠠᠯᠳᠤᠭᠤᠯᠤᠨ ᠬᠠᠮᠢᠶ᠎ᠠ ᠪᠥᠬᠦᠶ ᠠᠵᠢᠯ᠎ᠤᠨ ᠪᠠᠶ᠋ᠢᠭᠤᠯᠤᠮᠵᠢ ᠪᠠᠶ᠋ᠢᠭᠤᠯᠵᠤ᠂ ᠠᠵᠢᠯ᠎ᠤᠨ ᠲᠥᠰᠦᠯ ᠲᠣᠭᠲᠠᠭ᠋ᠠᠨ᠂ ᠠᠵᠢᠯ᠎ᠤᠨ ᠭᠤᠤᠯᠳᠠᠯᠭ᠎ᠠ᠎ᠪᠠᠨ ᠲᠣᠳᠣᠷᠬᠠᠶ᠋ᠢᠯᠠᠵᠤ᠂ ᠲᠣᠭᠲᠠᠭ᠋ᠠᠭᠰᠠᠨ ᠬᠠᠷᠠᠯᠲᠠ ᠡᠭᠦᠷᠭᠡ ᠶᠣᠰᠣᠭ᠋ᠠᠷ᠂ ᠭᠤᠤᠯᠳᠠᠯᠭ᠎ᠠ᠎ᠪᠠᠨ ᠳᠣᠪᠤᠶ᠋ᠢᠯᠭ᠋ᠠᠨ ᠵᠠᠩᠭᠢᠯᠠᠭ᠎ᠠ ᠵᠢ ᠠᠳᠬᠤᠵᠤ ᠠᠷᠭ᠎ᠠ ᠬᠡᠮᠵᠢᠶ᠎ᠡ᠎ᠪᠠᠨ ᠨᠠᠷᠢᠯᠢᠬ᠍ᠵᠢᠭᠤᠯᠵᠤ᠂ ᠡᠭᠦᠷᠭᠡ ᠵᠢᠨ ᠨᠠᠷᠢᠨ ᠬᠠᠭᠤᠳᠠᠰᠤ ᠪᠠ ᠬᠠᠷᠢᠭᠤᠴᠠᠯᠭ᠎ᠠ ᠵᠢᠨ ᠨᠠᠷᠢᠨ ᠬᠠᠭᠤᠳᠠᠰᠤ ᠵᠢ ᠪᠠᠶ᠋ᠢᠭᠤᠯᠤᠨ᠂ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠡᠮᠳᠡᠭ᠎ᠤᠨ ᠪᠠᠶ᠋ᠢᠭᠤᠯᠤᠯᠲᠠ ᠵᠢ ᠪᠥᠬᠦ ᠲᠠᠯ᠎ᠠ᠎ᠪᠠᠷ ᠥᠷᠨᠢᠭᠦᠯᠬᠦ᠎ᠳᠤ ᠰᠠᠭᠤᠷᠢ ᠴᠢᠨᠠᠷᠲᠠᠶ ᠠᠵᠢᠯ᠎ᠢ ᠰᠠᠶ᠋ᠢᠲᠤᠷ ᠬᠢᠬᠦ ᠬᠡᠷᠡᠭᠲᠡᠶ᠃

     (ᠬᠤᠶᠠᠷ) ᠪᠥᠬᠦ ᠲᠠᠯ᠎ᠠ᠎ᠪᠠᠷ ᠬᠡᠷᠡᠭᠵᠢᠭᠦᠯᠬᠦ ᠱᠠᠲᠤ ᠦᠶ᠎ᠡ (2021 ᠣᠨ᠎ᠤ 4 ᠳ᠋ᠣᠭᠡᠷ ᠰᠠᠷ᠎ᠠ — 2023 ᠣᠨ᠎ᠤ 10 ᠳ᠋ᠤᠭ᠋ᠠᠷ ᠰᠠᠷ᠎ᠠ)᠃ ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠪᠠ ᠨᠢᠭᠡᠴᠢ᠎ᠨᠢ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠡᠮᠳᠡᠭ᠎ᠤᠨ ᠪᠠᠶ᠋ᠢᠭᠤᠯᠤᠯᠲᠠ ᠵᠢᠨ ᠳᠤᠲᠠᠭᠤᠳᠠᠯ᠂ ᠵᠠᠬ᠎ᠠ ᠳᠡᠯᠭᠡᠭᠦᠷ᠎ᠤᠨ ᠬᠡᠷᠡᠭᠴᠡᠭᠡ ᠱᠠᠭ᠋ᠠᠷᠳᠠᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠭᠤᠤᠯᠳᠠᠯᠭ᠎ᠠ ᠪᠣᠯᠬᠤ ᠡᠭᠦᠷᠭᠡ ᠵᠢ ᠳᠣᠪᠤᠶ᠋ᠢᠯᠭ᠋ᠠᠵᠤ᠂ ᠲᠤᠬᠠᠶ ᠵᠢᠨ ᠭᠠᠵᠠᠷ ᠣᠷᠣᠨ᠎ᠤ ᠪᠠᠶ᠋ᠢᠳᠠᠯ᠎ᠳᠤ᠎ᠨᠢ ᠳᠣᠭᠢᠷᠠᠭᠤᠯᠤᠨ᠂ ᠠᠵᠢᠯᠯᠠᠭ᠋ᠠᠨ᠎ᠤ ᠲᠥᠰᠦᠯ᠎ᠢ ᠣᠨ ᠬᠤᠪᠢᠶᠠᠨ ᠬᠡᠷᠡᠭᠵᠢᠭᠦᠯᠵᠦ᠂ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠡᠮᠳᠡᠭ᠎ᠤᠨ ᠬᠠᠮᠢᠶᠠᠷᠤᠯᠲᠠ ᠵᠢᠨ ᠲᠦᠷᠢᠮ᠎ᠢ ᠲᠡᠭᠦᠯᠳᠡᠷᠵᠢᠭᠦᠯᠦᠨ᠂ ᠱᠠᠲᠤ ᠪᠠ ᠳᠡᠰ ᠬᠤᠪᠢᠶᠠᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠨ᠎ᠠ᠃ ᠭᠤᠷᠪᠠᠨ ᠵᠢᠯ᠎ᠤᠨ ᠴᠢᠷᠮᠠᠶ᠋ᠢᠯᠭ᠎ᠠ᠎ᠪᠠᠷ ᠳᠡᠮᠵᠢᠨ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠤᠲᠠ᠂ ᠬᠤᠰᠢᠭᠤ ᠰᠢᠶᠠᠨ (ᠬᠤᠲᠠ᠂ ᠲᠣᠭᠤᠷᠢᠭ)᠎ᠤ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠡᠮᠳᠡᠭ᠎ᠤᠨ ᠲᠣᠭᠳᠠᠯᠴᠠᠭ᠎ᠠ ᠵᠢ ᠦᠨᠳᠦᠰᠦᠨ᠎ᠳᠤ᠎ᠪᠠᠨ ᠪᠦᠷᠢᠯᠳᠣᠭᠦᠯᠣᠨ᠎ᠡ᠃

     (ᠭᠤᠷᠪᠠ) ᠳ᠋ᠦᠩᠨᠡᠵᠦ ᠦᠨᠡᠯᠡᠨ ᠵᠢᠱ᠌ᠢᠬᠦ ᠱᠠᠲᠤ ᠦᠶ᠎ᠡ (2023 ᠣᠨ᠎ᠤ 11 ᠳ᠋ᠣᠭᠡᠷ ᠰᠠᠷ᠎ᠠ — 12 ᠳ᠋ᠤᠭ᠋ᠠᠷ ᠰᠠᠷ᠎ᠠ)᠃ ᠡᠯ᠎ᠡ ᠠᠶ᠋ᠢᠮᠠᠭ ᠬᠤᠲᠠ ᠵᠢᠨ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠡᠮᠳᠡᠭ᠎ᠤᠨ ᠪᠠᠶ᠋ᠢᠭᠤᠯᠤᠯᠲᠠ ᠵᠢᠨ ᠪᠠᠶ᠋ᠢᠳᠠᠯ᠎ᠢ ᠪᠥᠬᠦ ᠲᠠᠯ᠎ᠠ᠎ᠪᠠᠷ ᠦᠨᠡᠯᠡᠨ ᠵᠢᠱ᠌ᠢᠵᠦ ᠰᠢᠯᠭ᠋ᠠᠨ ᠬᠤᠷᠢᠶᠠᠵᠤ᠂ ᠲᠤᠷᠰᠢᠯᠭ᠎ᠠ᠎ᠪᠠᠨ ᠳ᠋ᠦᠩᠨᠡᠨ᠂ ᠲᠡᠷᠢᠭᠦᠨ᠎ᠤ᠎ᠬᠢ ᠱᠠᠩᠨᠠᠨ᠎ᠠ᠃ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠡᠮᠳᠡᠭ᠎ᠤᠨ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠵᠦ᠂ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠡᠮᠳᠡᠭ᠎ᠤᠨ ᠪᠠᠶ᠋ᠢᠭᠤᠯᠤᠯᠲᠠ ᠵᠢᠨ ᠵᠣᠬᠢᠴᠠᠭᠤᠯᠬᠤ ᠲᠣᠭᠲᠠᠴᠠ ᠵᠢ ᠵᠢᠷᠤᠮᠵᠢᠭᠤᠯᠤᠨ᠂ ᠲᠡᠷᠢᠭᠦᠨ᠎ᠤ ᠲᠤᠷᠰᠢᠯᠭ᠎ᠠ ᠵᠢ ᠳ᠋ᠦᠩᠨᠡᠨ ᠳᠡᠯᠭᠡᠷᠡᠭᠦᠯᠵᠦ᠂ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠡᠮᠳᠡᠭ᠎ᠤᠨ ᠨᠥᠯᠥᠭᠡᠯᠡᠬᠦ ᠬᠦᠴᠦᠨ᠎ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠨᠠᠷᠠᠲᠤ ᠲᠡᠮᠳᠡᠭ᠎ᠤᠨ ᠦᠨ᠎ᠡ ᠦᠷᠲᠡᠭ᠎ᠢ ᠲᠠᠰᠣᠷᠠᠯᠳᠡ ᠦᠭᠡᠢ ᠨᠡᠮᠡᠭᠳᠡᠬᠦᠯᠦᠨ᠎ᠡ᠃

      ᠵᠢᠷᠭᠤᠭ᠎ᠠ᠂ ᠪᠠᠲᠤᠯᠠᠭ᠎ᠠ ᠵᠢᠨ ᠠᠷᠭ᠎ᠠ ᠬᠡᠮᠵᠢᠶ᠎ᠡ

    (ᠨᠢᠭᠡ) ᠵᠣᠬᠢᠶᠠᠨ ᠪᠠᠶ᠋ᠢᠭᠤᠯᠵᠣ ᠣᠳᠣᠷᠢᠣᠡᠬᠤ᠎ᠪᠠᠨ ᠴᠢᠩᠭ᠋ᠠᠷᠠᠭᠤᠯᠤᠨ᠎ᠠ᠃ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠡᠮᠳᠡᠭ᠎ᠤᠨ ᠪᠠᠶ᠋ᠢᠭᠤᠯᠤᠯᠲᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠡᠮᠳᠡᠭ᠎ᠤᠨ ᠪᠠᠶ᠋ᠢᠭᠤᠯᠤᠯᠲᠠ ᠵᠢ ᠠᠬᠢᠭᠤᠯᠬᠤ᠎ᠪᠠᠨ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ ᠵᠢ ᠨᠠᠶ᠋ᠢᠳᠠᠪᠤᠷᠢᠵᠢᠭᠤᠯᠬᠤ᠂ ᠦᠢ᠍ᠯᠡᠰ ᠪᠣᠰᠬᠠᠵᠣ ᠰᠢᠨ᠎ᠡ ᠵᠢ ᠡᠭᠦᠳᠬᠦ ᠵᠢ ᠠᠬᠢᠭᠤᠯᠬᠤ᠂ ᠠᠵᠤ ᠠᠬᠤᠶ ᠵᠢᠨ ᠪᠦᠲᠦᠴᠡ ᠵᠢᠨ ᠲᠣᠬᠢᠷᠠᠭᠤᠯᠤᠯᠲᠠ ᠵᠢ ᠲᠦᠷᠭᠡᠳᠬᠡᠬᠦ ᠵᠢᠨ ᠴᠢᠬᠤᠯᠠ ᠶᠡᠭᠡ ᠠᠷᠭ᠎ᠠ ᠬᠡᠮᠵᠢᠶ᠎ᠡ ᠪᠣᠯᠭ᠋ᠠᠵᠤ᠂ ᠲᠣᠬᠠᠢ ᠵᠢᠨ ᠭᠠᠵᠡᠷ᠎ᠤᠨ ᠠᠵᠣ ᠠᠬᠤᠢ ᠨᠠᠶ᠋ᠢᠭᠡᠮ᠎ᠤᠨ ᠭᠦᠭᠵᠢᠯᠳᠡ ᠵᠢᠨ ᠪᠦᠭᠦ ᠲᠠᠯ᠎ᠠ᠎ᠳᠤ ᠲᠦᠯᠣᠪᠵᠢᠭᠦᠯᠣᠨ ᠪᠠᠶ᠋ᠢᠷᠢᠯᠠᠭᠤᠯᠬᠤ ᠬᠡᠷᠩᠳᠠᠢ᠃ ᠲᠣᠰ ᠭᠠᠵᠠᠷ ᠣᠷᠣᠨ᠎ᠤ ᠪᠣᠳᠠᠳᠠᠢ᠎ᠲᠠᠢ᠎ᠪᠠᠨ ᠤᠶᠠᠯᠳᠤᠭᠤᠯᠤᠨ᠂ ᠭᠠᠵᠠᠷ ᠣᠷᠣᠨ᠎ᠤ ᠳᠠᠪᠠᠭᠤᠯᠢᠭ ᠵᠶ᠋ᠠᠨ ᠪᠠᠳᠠᠷᠠᠭᠤᠯᠵᠤ ᠠᠵᠤ ᠦᠢ᠍ᠯᠡᠰ᠎ᠤᠨ ᠣᠨᠴᠠᠯᠢᠭ᠎ᠢ ᠳᠣᠪᠤᠶ᠋ᠢᠯᠭ᠋ᠠᠨ᠂ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠡᠮᠳᠡᠭ᠎ᠤᠨ ᠪᠠᠶ᠋ᠢᠯᠳᠤᠬᠤ ᠪᠣᠳᠣᠯᠭ᠎ᠠ ᠵᠢᠨ ᠲᠥᠯᠥᠪᠵᠢᠭᠦᠯᠭᠡ ᠪᠠ ᠬᠡᠷᠡᠭᠵᠢᠭᠦᠯᠬᠦ ᠲᠥᠰᠦᠯ᠎ᠢ ᠲᠣᠭᠲᠠᠭ᠋ᠠᠬᠤ ᠬᠡᠷᠩᠳᠠᠢ᠃ ᠡᠭᠦᠷᠭᠡ ᠴᠢᠳᠠᠪᠤᠷᠢ᠎ᠪᠠᠨ ᠦᠨᠳᠦᠰᠦᠯᠡᠨ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠡᠮᠳᠡᠭ᠎ᠤᠨ ᠪᠠᠶ᠋ᠢᠭᠤᠯᠤᠯᠲᠠ ᠵᠢᠨ ᠡᠯ᠎ᠡ ᠭᠤᠭᠴᠣᠭ᠋ᠠᠨ᠎ᠳᠤ ᠰᠢᠮᠳᠠᠭᠤᠯᠤᠨ ᠪᠠᠶ᠋ᠢᠴᠠᠭ᠋ᠠᠵᠤ ᠵᠢᠯᠣᠭᠤᠳᠬᠤ ᠠᠵᠢᠯ᠎ᠢ ᠥᠷᠨᠢᠭᠦᠯᠵᠦ᠂ ᠬᠠᠮᠢᠶ᠎ᠠ ᠪᠥᠬᠦᠶ ᠠᠵᠢᠯ ᠵᠶ᠋ᠠᠨ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠣᠳᠣᠯᠭ᠎ᠠ ᠵᠢᠨ ᠰᠢᠯᠭ᠋ᠠᠨ ᠬᠢᠨᠠᠬᠤ᠎ᠯᠤᠭ᠎ᠠ ᠵᠣᠯᠭ᠋ᠠᠭᠤᠯᠬᠤ ᠬᠡᠷᠡᠭᠲᠡᠶ᠃ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠡᠮᠳᠡᠭ᠎ᠢ ᠣᠨ ᠬᠤᠪᠢᠶᠠᠨ ᠲᠥᠯᠥᠪᠯᠡᠭᠡ ᠶᠣᠰᠣᠭ᠋ᠠᠷ ᠠᠯᠬᠤᠮ ᠳᠠᠷᠠᠭ᠎ᠠ᠎ᠲᠠᠢ᠎ᠪᠠᠷ ᠪᠣᠢ ᠪᠣᠯᠭ᠋ᠠᠨ ᠬᠥᠭᠵᠢᠭᠦᠯᠵᠦ᠂ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠡᠮᠳᠡᠭ᠎ᠤᠨ ᠱᠠᠳᠣ ᠲᠠᠰ᠎ᠲᠠᠢ ᠠᠬᠢᠭᠰᠠᠨ ᠪᠣᠢ ᠪᠣᠯᠭ᠋ᠠᠬᠤ ᠲᠣᠭᠲᠠᠴᠠ ᠵᠢ ᠪᠠᠶ᠋ᠢᠭᠤᠯᠤᠨ᠂ ᠠᠯᠬᠤᠮ ᠳᠠᠷᠠᠭ᠎ᠠ᠎ᠲᠠᠢ ᠪᠦᠭᠡᠣᠨ ᠱᠠᠳᠣ ᠳᠠᠷᠠᠭ᠋ᠠᠯᠠᠯ᠎ᠲᠠᠢ᠎ᠪᠠᠷ ᠠᠬᠢᠭᠤᠯᠤᠨ᠂ 《ᠨᠢᠭᠡ ᠪᠦᠯᠦᠭ᠎ᠢ ᠪᠣᠢ ᠪᠣᠯᠭ᠋ᠠᠨ᠂ ᠨᠢᠭᠡ ᠪᠦᠯᠦᠭ᠎ᠢ ᠳᠡᠭᠡᠭᠰᠢᠯᠡᠭᠦᠯᠵᠦ᠂ ᠨᠢᠭᠡ ᠪᠦᠯᠦᠭ᠎ᠢ ᠪᠠᠲᠤᠯᠠᠨ ᠲᠠᠨᠢᠯᠴᠠᠭᠤᠯᠵᠤ᠂ ᠨᠢᠭᠡ ᠪᠦᠯᠦᠭ᠎ᠢ ᠨᠥᠭᠡᠴᠡᠯᠡᠬᠦ》 ᠬᠥᠭᠵᠢᠯᠲᠡ ᠵᠢᠨ ᠰᠢᠨ᠎ᠡ ᠪᠠᠶ᠋ᠢᠷᠢᠰᠢᠯ᠎ᠢ ᠲᠦᠷᠭᠡᠳᠬᠡᠨ ᠪᠦᠷᠢᠯᠳᠣᠭᠦᠯᠣᠨ᠎ᠡ᠃ (ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ ᠵᠢᠨ ᠲᠢᠩᠬᠢᠮ᠂ ᠷᠠᠳᠢᠣ᠋ ᠲᠧᠯᠸᠢᠰ᠎ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

     (ᠬᠤᠶᠠᠷ) ᠲᠥᠷᠥ ᠵᠢᠨ ᠪᠣᠳᠣᠯᠭ᠎ᠠ ᠵᠢᠨ ᠨᠡᠶ᠋ᠢᠯᠡᠮᠡᠯ ᠬᠦᠴᠦᠨ᠎ᠢ ᠪᠦᠷᠢᠯᠳᠦᠭᠦᠯᠦᠨ᠎ᠡ᠃ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠡᠮᠳᠡᠭ ᠬᠢᠭᠡᠳ ᠠᠷᠠᠯᠵᠢᠶ᠎ᠠ ᠬᠤᠳᠠᠯᠳᠤᠭ᠎ᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠂ ᠮᠥᠩᠭᠦᠨ ᠭᠦᠢ᠍ᠯᠭᠡᠭᠡᠨ ᠵᠡᠷᠭᠡ ᠠᠵᠤ ᠦᠢ᠍ᠯᠡᠰ᠎ᠤᠨ ᠲᠥᠷᠥ ᠵᠢᠨ ᠪᠣᠳᠣᠯᠭ᠎ᠠ ᠵᠢᠨ ᠭᠦᠨᠵᠡᠭᠡᠶ ᠠᠭᠤᠰᠤᠯᠴᠠᠬᠤ ᠵᠢ ᠠᠬᠢᠭᠤᠯᠵᠤ᠂ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠡᠮᠳᠡᠭ᠎ᠤᠨ ᠪᠠᠶ᠋ᠢᠭᠤᠯᠤᠯᠲᠠ ᠵᠢ ᠪᠦᠭᠦᠯᠢ ᠴᠣᠭᠴᠠ᠎ᠪᠠᠷ᠎ᠨᠢ ᠠᠬᠢᠭᠤᠯᠬᠤ ᠲᠦᠷᠣ ᠵᠢᠨ ᠪᠣᠳᠣᠯᠭ᠎ᠠ ᠵᠢᠨ ᠨᠠᠶ᠋ᠢᠯᠡᠮᠡᠯ ᠭᠦᠴᠣᠨ᠎ᠢ ᠪᠦᠷᠢᠯᠳᠣᠭᠦᠯᠣᠨ᠎ᠡ᠃ ᠪᠠᠩᠬᠢ᠂ ᠲᠡᠮᠳᠡᠭᠲᠦ᠂ ᠳᠠᠭ᠋ᠠᠳᠬᠠᠯ ᠵᠡᠷᠭᠡ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢ ᠬᠥᠲᠥᠯᠦᠨ ᠵᠢᠯᠣᠭᠤᠳᠴᠤ ᠪᠠᠶ᠋ᠢᠭ᠋ᠠᠳ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠡᠮᠳᠡᠭ᠎ᠤᠨ ᠪᠠᠶ᠋ᠢᠭᠤᠯᠤᠯᠲᠠ ᠵᠢ ᠲᠡᠮᠵᠢᠬᠦᠯᠵᠦ᠂ ᠪᠠᠯᠠ ᠣᠷᠣᠭᠤᠯᠵᠤ ᠳᠣᠭᠢᠷᠠᠭᠤᠯᠬᠤ ᠠᠷᠭ᠎ᠠ ᠮᠠᠶᠢᠭ᠎ᠲᠤ ᠰᠢᠨ᠎ᠡ ᠵᠢ ᠡᠭᠦᠳᠴᠦ᠂ ᠪᠠᠯᠠ ᠮᠦᠩᠭᠦᠨ᠎ᠤ ᠢᠷᠡᠯᠲᠡ ᠵᠢᠨ ᠠᠷᠭ᠎ᠠ ᠵᠠᠮ᠎ᠢ ᠦᠷᠭᠡᠣᠡᠭᠡᠨ᠎ᠠ᠃ (ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ ᠵᠢᠨ ᠲᠢᠩᠬᠢᠮ᠂ ᠣᠷᠣᠨ ᠨᠤᠲᠤᠭ᠎ᠤᠨ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

     (ᠭᠤᠷᠪᠠ) ᠪᠠᠯᠠ ᠮᠦᠩᠭᠦᠨ᠎ᠤ ᠣᠷᠣᠭᠤᠯᠤᠯᠲᠠ ᠵᠢ ᠨᠡᠮᠡᠭᠳᠡᠭᠦᠯᠦᠨ᠎ᠡ᠃ ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠎ᠨᠢ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠡᠮᠳᠡᠭ᠎ᠤᠨ ᠪᠠᠶ᠋ᠢᠭᠤᠯᠤᠯᠲᠠ ᠵᠢᠨ ᠪᠠᠯᠠ ᠮᠥᠩᠭᠦ ᠵᠢ ᠡᠳ᠋᠎ᠤᠨ ᠵᠠᠰᠠᠭ᠎ᠤᠨ ᠲᠥᠰᠦᠪ᠎ᠲᠤ᠎ᠪᠠᠨ ᠣᠷᠣᠭᠤᠯᠵᠤ᠂ ᠡᠯ᠎ᠡ ᠲᠥᠷᠥᠯ᠎ᠤᠨ ᠪᠠᠯᠠ ᠮᠥᠩᠭᠦ ᠵᠢ ᠨᠢᠭᠡᠳᠦᠯᠲᠡᠶ ᠲᠥᠯᠥᠪᠯᠡᠨ᠂ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠣᠷᠣᠨ ᠪᠦᠰᠡ ᠵᠢᠨ ᠨᠠᠶ᠋ᠢᠳᠡ ᠵᠢᠨ ᠬᠡᠷᠡᠭᠯᠡᠭᠡᠨ᠎ᠤ ᠨᠠᠷᠠᠲᠤ ᠲᠡᠮᠳᠡᠭ᠎ᠤᠨ ᠪᠠᠶ᠋ᠢᠭᠤᠯᠤᠯᠲᠠ ᠵᠢᠨ ᠭᠤᠤᠯᠳᠠᠯᠭ᠎ᠠ᠎ᠲᠠᠢ ᠣᠷᠣᠨ ᠪᠦᠰᠡ ᠪᠠ ᠵᠠᠩᠭᠢᠯᠠᠭ᠎ᠠ ᠵᠢᠨ ᠭᠤᠭᠴᠣᠭ᠋ᠠᠨ᠎ᠳᠤ ᠬᠦᠴᠦ᠎ᠪᠠᠨ ᠲᠥᠪᠯᠡᠷᠡᠭᠦᠯᠦᠨ ᠳᠡᠮᠵᠢᠵᠦ᠂ ᠣᠯᠠᠨ ᠵᠦᠢ᠍ᠯ᠎ᠤᠨ ᠠᠷᠭ᠎ᠠ ᠮᠠᠶᠢᠭ᠎ᠢ ᠠᠪᠴᠤ ᠪᠠᠶ᠋ᠢᠭ᠋ᠠᠳ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠡᠮᠳᠡᠭ᠎ᠢ ᠳᠡᠮᠵᠢᠭᠦ ᠡᠷᠴᠢᠮ ᠵᠶ᠋ᠠᠨ ᠴᠢᠩᠭ᠋ᠠᠷᠠᠭᠤᠯᠣᠨ᠎ᠠ᠃ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠡᠮᠳᠡᠭ᠎ᠤᠨ ᠬᠥᠭᠵᠢᠯᠲᠡ᠎ᠳᠤ ᠤᠷᠮᠠᠰᠢᠭᠤᠯᠬᠤ ᠲᠣᠭᠲᠠᠴᠠ ᠵᠢ ᠪᠠᠶ᠋ᠢᠭᠤᠯᠵᠤ᠂ 《ᠱᠠᠩᠨᠠᠬᠤ᠎ᠪᠠᠷ ᠨᠥᠬᠦᠪᠥᠷᠢᠯᠡᠬᠦ ᠵᠢ ᠣᠷᠣᠯᠠᠭᠤᠯᠬᠤ》 ᠠᠷᠭ᠎ᠠ ᠮᠠᠶᠢᠭ ᠵᠶ᠋ᠠᠷ ᠳᠠᠮᠵᠢᠭᠤᠯᠤᠨ ᠵᠣᠬᠢᠬᠤ ᠨᠥᠯᠥᠭᠡᠯᠡᠬᠦ ᠬᠦᠴᠦᠨ ᠪᠦᠭᠦᠢ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠡᠮᠳᠡᠭ᠎ᠢ ᠵᠣᠷᠢᠬ᠍ᠵᠢᠭᠤᠯᠤᠨ ᠳᠡᠮᠵᠢᠨ᠎ᠡ᠃ (ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ ᠵᠢᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

     (ᠳᠥᠷᠪᠡ) ᠣᠯᠠᠨ ᠨᠡᠶ᠋ᠢᠲᠡ ᠵᠢᠨ ᠦᠢ᠍ᠯᠡᠴᠢᠯᠡᠭᠡ ᠵᠢ ᠲᠡᠭᠦᠯᠳᠡᠷᠵᠢᠭᠦᠯᠦᠨ᠎ᠡ᠃ ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠎ᠨᠢ ᠡᠵᠡᠩᠨᠠᠨ ᠬᠤᠳᠠᠯᠳᠣᠭ᠋ᠠᠯᠠᠬᠤ ᠰᠠᠶ᠋ᠢᠨ ᠰᠠᠶ᠋ᠢᠬᠠᠨ ᠣᠷᠴᠢᠨ᠎ᠢ ᠢᠳᠡᠪᠬᠢᠲᠡᠶ ᠪᠣᠶ ᠪᠣᠯᠭ᠋ᠠᠵᠤ᠂ ᠵᠠᠬ᠎ᠠ ᠳᠡᠯᠭᠡᠭᠦᠷ᠎ᠤᠨ ᠭᠤᠤᠯ ᠴᠣᠭᠴᠠ ᠵᠢᠨ ᠦᠢ᠍ᠯᠡᠴᠢᠯᠡᠭᠡᠨ᠎ᠤ ᠦᠵᠡᠯ ᠤᠬᠠᠮᠰᠠᠷ᠎ᠢ ᠴᠢᠩᠭ᠋ᠠᠣᠡᠬᠠᠨ᠂ ᠦᠢ᠍ᠯᠡᠴᠢᠯᠡᠭᠡᠨ᠎ᠤ ᠬᠢᠷᠢ ᠲᠦᠪᠰᠢᠨ ᠵᠶ᠋ᠠᠨ ᠳᠡᠭᠡᠭᠰᠢᠯᠡᠭᠦᠯᠬᠦ ᠬᠡᠷᠡᠭᠲᠡᠶ᠃ ᠣᠷᠣᠨ᠎ᠤ ᠳᠣᠲᠣᠷ᠎ᠠ ᠭᠠᠳᠠᠨᠠᠬᠢ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠣᠳᠣᠯᠣᠯ᠎ᠤᠨ ᠬᠦᠷᠢᠶᠡᠯᠡᠩ ᠭᠠᠵᠠᠷ᠂ ᠨᠠᠷᠠᠲᠤ ᠲᠡᠮᠳᠡᠭ᠎ᠢ ᠲᠥᠰᠦᠪᠯᠡᠬᠦ ᠪᠠᠶ᠋ᠢᠭᠤᠯᠤᠮᠵᠢ ᠪᠠ ᠡᠯ᠎ᠡ ᠲᠥᠷᠥᠯ᠎ᠤᠨ ᠠᠵᠢᠯ ᠲᠥᠷᠥᠯ᠎ᠤᠨ ᠨᠡᠶ᠋ᠢᠭᠡᠮᠯᠢᠭ᠎ᠢ ᠳᠡᠮᠵᠢᠵᠣ ᠪᠠᠶ᠋ᠢᠭ᠋ᠠᠣᠨ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠡᠮᠳᠡᠭ᠎ᠢ ᠪᠣᠢ ᠪᠣᠯᠭ᠋ᠠᠵᠣ᠂ ᠬᠠᠮᠢᠶᠠᠷᠬᠤ ᠪᠠ ᠬᠠᠮᠠᠭ᠋ᠠᠯᠠᠬᠤ᠎ᠳᠤ ᠴᠢᠭᠯᠡᠭᠦᠯᠦᠭᠰᠡᠨ ᠰᠠᠭᠤᠷᠢ ᠰᠣᠳᠣᠯᠣᠯ ᠦᠷᠨᠢᠭᠦᠯᠣᠨ᠂ ᠨᠠᠷᠠᠲᠤ ᠲᠡᠮᠳᠡᠭ᠎ᠤᠨ ᠪᠠᠶ᠋ᠢᠯᠳᠤᠬᠤ ᠪᠣᠳᠣᠯᠭ᠎ᠠ ᠵᠢᠨ ᠲᠥᠯᠥᠪᠵᠢᠭᠦᠯᠭᠡ ᠪᠠ ᠬᠡᠷᠡᠭᠵᠢᠭᠦᠯᠬᠦ ᠲᠥᠰᠦᠯ᠎ᠢ ᠲᠣᠭᠲᠠᠭ᠋ᠠᠵᠤ᠂ ᠠᠵᠢᠯ ᠲᠥᠷᠥᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠢ ᠪᠠᠶ᠋ᠢᠭᠤᠯᠤᠨ᠂ ᠨᠠᠷᠠᠲᠤ ᠲᠡᠮᠳᠡᠭ᠎ᠢ ᠳᠡᠯᠭᠡᠷᠡᠭᠦᠯᠦᠨ ᠠᠵᠢᠯᠯᠠᠭᠤᠯᠵᠣ ᠡᠵᠡᠩᠨᠡᠬᠦ᠂ ᠠᠵᠢᠯ ᠮᠡᠷᠭᠡᠵᠢᠯ᠎ᠤᠨ ᠪᠣᠯᠪᠠᠰᠣᠷᠠᠯ ᠬᠢᠬᠦ᠂ ᠮᠡᠳᠡᠭᠡ ᠵᠠᠩᠭᠢ ᠯᠠᠪᠯᠠᠬᠤ ᠪᠠ ᠨᠡᠶ᠋ᠢᠲᠡᠯᠡᠬᠦ᠂ ᠡᠷᠬᠡ᠎ᠪᠠᠨ ᠬᠠᠮᠠᠭ᠋ᠠᠯᠠᠬᠤ ᠵᠠᠭ᠋ᠠᠯᠳᠤᠯᠭ᠎ᠠ ᠵᠢ ᠵᠣᠬᠢᠴᠠᠭᠤᠯᠬᠤ ᠵᠡᠷᠭᠡ ᠬᠤᠯᠪᠣᠭᠳᠠᠯ ᠪᠥᠬᠦᠶ ᠦᠢ᠍ᠯᠡᠴᠢᠯᠡᠭᠡᠨ᠎ᠢ ᠬᠠᠩᠭ᠋ᠠᠵᠤ᠂ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠡᠮᠳᠡᠭ᠎ᠤᠨ ᠪᠠᠶ᠋ᠢᠭᠤᠯᠤᠯᠲᠠ᠎ᠳᠤ ᠴᠢᠬᠤᠯᠠ ᠪᠥᠬᠦᠶ ᠰᠢᠢ᠍ᠳᠪᠦᠷᠢᠲᠦ ᠪᠣᠳᠣᠯᠭ᠎ᠠ ᠵᠢᠨ ᠲᠤᠯᠭ᠋ᠠᠭᠤᠷᠢᠯᠠᠯ ᠬᠠᠩᠭ᠋ᠠᠨ᠎ᠠ᠃ (ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠠᠵᠤ ᠦᠢ᠍ᠯᠡᠳᠪᠦᠷᠢ ᠬᠤᠳᠠᠯᠳᠤᠭ᠋ᠠᠨ᠎ᠤ ᠬᠤᠯᠪᠣᠭ᠋ᠠᠳᠣ ᠬᠤᠷᠠᠯ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

     (ᠲᠠᠪᠤ) ᠪᠠᠶ᠋ᠢᠴᠠᠭ᠋ᠠᠵᠤ ᠰᠢᠯᠭ᠋ᠠᠷᠠᠭᠤᠯᠬᠤ ᠠᠵᠢᠯ᠎ᠢ ᠥᠷᠨᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠠᠴᠠ ᠴᠠᠭ ᠬᠤᠭᠤᠴᠠᠭ᠋ᠠᠨ᠎ᠤ ᠵᠠᠩᠭᠢᠶᠠᠰᠤ᠎ᠪᠠᠷ᠂ ᠡᠯ᠎ᠡ ᠠᠶ᠋ᠢᠮᠠᠭ ᠬᠤᠲᠠ ᠵᠢᠨ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠡᠮᠳᠡᠭ᠎ᠢ ᠡᠭᠦᠳᠦᠨ ᠪᠠᠶ᠋ᠢᠭᠤᠯᠤᠭᠰᠠᠨ ᠪᠠᠶ᠋ᠢᠳᠠᠯ᠎ᠳᠤ ᠲᠤᠰᠬᠠᠶ ᠰᠢᠯᠭ᠋ᠠᠨ ᠬᠢᠨᠠᠵᠤ ᠦᠨᠡᠯᠡᠬᠦ ᠠᠵᠢᠯ᠎ᠢ ᠥᠷᠨᠢᠭᠦᠯᠦᠨ᠎ᠡ᠃ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠡᠮᠳᠡᠭ᠎ᠢ ᠪᠣᠢ ᠪᠣᠯᠭ᠋ᠠᠬᠤ ᠠᠵᠢᠯ᠎ᠳᠠᠬᠢ ᠰᠠᠶ᠋ᠢᠨ ᠲᠤᠷᠰᠢᠯᠭ᠎ᠠ᠂ ᠰᠠᠶ᠋ᠢᠨ ᠬᠢᠳᠡᠯ ᠪᠠ ᠰᠠᠶ᠋ᠢᠨ ᠬᠡᠷᠡᠭ᠎ᠤᠨ ᠵᠢᠱ᠌ᠢᠶ᠎ᠡ ᠵᠢ ᠳ᠋ᠦᠩᠨᠡᠵᠣ ᠳᠡᠯᠭᠡᠷᠡᠭᠦᠯᠬᠦ ᠵᠢ ᠴᠢᠬᠤᠯᠠᠴᠢᠯᠠᠵᠤ᠂ ᠲᠠᠷᠢᠶᠠᠯᠠᠩ ᠮᠠᠯ ᠠᠵᠤ ᠠᠬᠤᠶ ᠵᠢᠨ ᠶᠠᠰᠤ ᠴᠢᠨᠠᠷ ᠦᠷ᠎ᠡ ᠠᠰᠢᠭ᠎ᠢ ᠳᠡᠭᠡᠭᠰᠢᠯᠡᠭᠦᠯᠬᠦ ᠪᠠ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠬᠦ ᠵᠢ ᠠᠬᠢᠭᠤᠯᠣᠨ᠎ᠡ᠃ (ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠡᠳ᠋᠎ᠤᠨ ᠵᠠᠰᠠᠭ᠎ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠰᠣᠶᠣᠯ ᠪᠠ ᠵᠢᠭᠤᠯᠴᠢᠯᠠᠯ᠎ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠦᠩᠭᠦᠨ᠎ᠤ ᠬᠡᠷᠡᠭᠯᠡᠯᠲᠡ ᠵᠢᠨ ᠬᠢᠨᠠᠯᠲᠠ ᠬᠠᠮᠢᠶᠠᠷᠣᠯᠳᠡ ᠵᠢᠨ ᠠᠷᠭ᠎ᠠ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠦᠩᠭᠦᠨ᠎ᠤ ᠬᠡᠷᠡᠭᠯᠡᠯᠲᠡ ᠵᠢᠨ ᠬᠢᠨᠠᠯᠲᠠ ᠬᠠᠮᠢᠶᠠᠷᠣᠯᠳᠡ ᠵᠢᠨ ᠠᠷᠭ᠎ᠠ
ᠬᠦᠴᠢᠷᠳᠡᠯᠲᠡᠢ ᠬᠦᠮᠦᠰ᠎ᠲᠤ ᠨᠦᠬᠦᠪᠦᠷᠢ ᠣᠯᠭᠤᠨ᠎ᠠ
ᠰᠤᠷᠭ᠋ᠠᠨ ᠬᠥᠮᠦᠵᠢᠯ᠎ᠤᠨ ᠶᠠᠮᠤᠨ᠎ᠤ ᠰᠢᠨ᠎ᠡ ᠵᠠᠷᠯᠠᠯ!
2023 ᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠭᠣᠤᠯᠳᠠᠯᠭ᠎ᠠ᠎ᠲᠠᠢ ᠠᠵᠢᠯ᠎ᠤᠨ ᠲᠤᠬᠠᠢ ᠲᠠᠢ᠌ᠯᠤᠮᠵᠢ
 
             蒙ICP备05000248号