ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠠᠯᠪᠠᠨ ᠮᠡᠳᠡᠭᠡ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠦᠩᠭᠦᠨ᠎ᠤ ᠬᠡᠷᠡᠭᠯᠡᠯᠲᠡ ᠵᠢᠨ ᠬᠢᠨᠠᠯᠲᠠ ᠬᠠᠮᠢᠶᠠᠷᠣᠯᠳᠡ ᠵᠢᠨ ᠠᠷᠭ᠎ᠠ
ᠨᠡᠶ᠋ᠢᠲᠡᠯᠡᠭᠰᠡᠨ ᠴᠠᠭ᠄ 2022-01-24

          ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠵᠠᠷᠯᠢᠭ

              249 ᠳ᠋ᠦ᠍ᠭᠡᠷ ᠲᠣᠭ᠋ᠠᠲᠤ

     《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠦᠨ᠎ᠤ ᠬᠡᠷᠡᠭᠯᠡᠯᠲᠡ ᠵᠢᠨ ᠬᠢᠨᠠᠯᠲᠠ ᠬᠠᠮᠢᠶᠠᠷᠤᠯᠲᠠ ᠵᠢᠨ ᠠᠷᠭ᠎ᠠ》 ᠵᠢ 2021 ᠣᠨ᠎ᠤ 5 ᠳ᠋ᠤᠭ᠋ᠠᠷ ᠰᠠᠷ᠎ᠠ ᠵᠢᠨ 12᠎ᠤ ᠡᠳᠦᠷ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ 8 ᠳ᠋ᠤᠭ᠋ᠠᠷ ᠤᠳᠠᠭ᠋ᠠᠨ᠎ᠤ ᠪᠠᠶ᠋ᠢᠩᠭᠤ ᠵᠢᠨ ᠬᠤᠷᠠᠯ ᠵᠶ᠋ᠠᠷ ᠬᠢᠨᠠᠨ ᠵᠥᠪᠯᠡᠵᠦ ᠪᠠᠲᠤᠯᠠᠭ᠋ᠠᠳ ᠡᠳᠦᠭᠡ ᠨᠡᠶ᠋ᠢᠲᠡᠯᠡᠪᠡ᠂ 2021 ᠣᠨ᠎ᠤ 8 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃

              ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ ᠪᠦ᠋ ᠰᠢᠶᠣᠣ ᠯᠢᠨ

                   2021 ᠣᠨ᠎ᠤ 6 ᠳ᠋ᠤᠭ᠋ᠠᠷ ᠰᠠᠷ᠎ᠠ ᠵᠢᠨ 7᠎ᠤ ᠡᠳᠦᠷ

      ᠨᠢᠭᠡᠳᠦᠭᠡᠷ ᠵᠦᠢ᠍ᠯ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠦᠩᠭᠦᠨ᠎ᠤ ᠬᠡᠷᠡᠭᠯᠡᠯᠲᠡ ᠵᠢᠨ ᠬᠢᠨᠠᠯᠲᠠ ᠬᠠᠮᠢᠶᠠᠷᠤᠯᠲᠠ ᠵᠢ ᠵᠢᠷᠤᠮᠵᠢᠭᠤᠯᠤᠨ᠂ ᠰᠠᠭᠤᠷᠢ ᠮᠦᠩᠭᠦᠨ᠎ᠤ ᠠᠮᠣᠷ ᠲᠦᠪᠰᠢᠨ ᠪᠠᠶ᠋ᠢᠬᠤ ᠵᠢ ᠪᠠᠲᠤᠯᠠᠵᠤ᠂ ᠠᠷᠠᠳ ᠢᠷᠭᠡᠳ᠎ᠤᠨ ᠡᠮᠴᠢᠯᠡᠭᠡᠨ᠎ᠤ ᠪᠠᠲᠤᠯᠠᠭ᠎ᠠ ᠵᠢᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠬᠤ ᠵᠢᠨ ᠲᠤᠰᠠᠳᠠ᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠨᠡᠶ᠋ᠢᠭᠡᠮ᠎ᠤᠨ ᠳᠠᠭ᠋ᠠᠳᠬᠠᠯ᠎ᠤᠨ ᠬᠠᠤᠯᠢ》 《ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠦᠩᠭᠦᠨ᠎ᠤ ᠬᠡᠷᠡᠭᠯᠡᠯᠲᠡ ᠵᠢᠨ ᠬᠢᠨᠠᠯᠲᠠ ᠬᠠᠮᠢᠶᠠᠷᠤᠯᠲᠠ ᠵᠢᠨ ᠲᠥᠷᠢᠮ》 ᠵᠡᠷᠭᠡ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠲᠠᠲᠠᠢ᠎ᠲᠠᠢ ᠤᠶᠠᠯᠳᠤᠭᠤᠯᠵᠤ᠂ ᠲᠤᠰ ᠠᠷᠭ᠎ᠠ ᠵᠢ ᠲᠣᠭᠲᠠᠭ᠋ᠠᠪᠠ᠃

      ᠬᠤᠶᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠳᠠᠬᠢ ᠦᠨᠳᠦᠰᠦᠨ ᠡᠮᠴᠢᠯᠡᠭᠡᠨ᠎ᠤ ᠳᠠᠭ᠋ᠠᠳᠬᠠᠯ (ᠬᠦᠩᠭᠡᠵᠢᠯ᠎ᠤᠨ ᠳᠠᠭ᠋ᠠᠳᠬᠠᠯ ᠪᠠᠭᠲᠠᠨ᠎ᠠ)᠎ᠤᠨ ᠰᠠᠭᠤᠷᠢ ᠮᠥᠩᠭᠦ᠂ ᠡᠮᠴᠢᠯᠡᠭᠡᠨ᠎ᠤ ᠠᠪᠣᠷᠠᠨ ᠲᠤᠰᠠᠯᠠᠬᠤ ᠰᠠᠭᠤᠷᠢ ᠮᠥᠩᠭᠦ ᠵᠡᠷᠭᠡ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠦᠩᠭᠦᠨ᠎ᠤ ᠬᠡᠷᠡᠭᠯᠡᠯᠲᠡ ᠬᠢᠭᠡᠳ ᠬᠢᠨᠠᠯᠲᠠ ᠬᠠᠮᠢᠶᠠᠷᠤᠯᠲᠠ᠎ᠳᠤ ᠲᠤᠰ ᠠᠷᠭ᠎ᠠ ᠵᠢ ᠲᠣᠬᠢᠷᠠᠭᠤᠯᠣᠨ ᠬᠡᠷᠩᠯᠡᠨ᠎ᠡ᠃

      ᠭᠤᠷᠪᠠᠳᠤᠭ᠋ᠠᠷ ᠵᠦᠢ᠍ᠯ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠦ ᠵᠢ ᠬᠡᠷᠡᠭᠯᠡᠬᠦ᠎ᠳᠤ ᠠᠷᠠᠳ ᠲᠦᠮᠡᠨ᠎ᠤ ᠡᠷᠡᠭᠦᠯ ᠮᠡᠨᠳᠤ᠎ᠪᠠᠷ ᠭᠤᠣᠯ ᠪᠣᠯᠭ᠋ᠠᠬᠤ ᠵᠢ ᠪᠠᠷᠢᠮᠲᠠᠯᠠᠨ᠂ ᠪᠠᠲᠤᠯᠠᠭ᠎ᠠ ᠵᠢᠨ ᠬᠢᠷᠢ ᠬᠡᠮᠵᠢᠶ᠎ᠡ ᠵᠢ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠬᠢᠷᠢ ᠬᠡᠮᠵᠢᠶ᠎ᠡ᠎ᠯᠦᠭᠡ ᠲᠣᠬᠢᠷᠠᠯᠴᠠᠭᠤᠯᠵᠣ᠂ ᠬᠠᠤᠯᠢ ᠶᠣᠰᠣᠴᠢ᠂ ᠠᠮᠤᠷ ᠲᠦᠪᠰᠢᠨ᠂ ᠢᠯᠡ ᠲᠣᠳᠣ᠂ ᠠᠷᠠᠳ᠎ᠲᠤ ᠲᠥᠬᠦᠮ ᠦᠵᠡᠭᠦᠯᠬᠦ ᠵᠠᠷᠴᠢᠮ᠎ᠢ ᠵᠢᠷᠤᠮᠯᠠᠨ᠂ ᠵᠠᠰᠠᠭ᠎ᠤᠨ ᠣᠷᠳᠣᠨ ᠬᠢᠨᠠᠨ ᠬᠠᠮᠢᠶᠠᠷᠬᠤ᠂ ᠨᠡᠶ᠋ᠢᠭᠡᠮ᠎ᠤᠨ᠎ᠬᠢᠨ ᠬᠢᠨᠠᠯᠲᠠ ᠲᠠᠯᠪᠢᠬᠤ᠂ ᠠᠵᠢᠯ ᠲᠥᠷᠥᠯ᠎ᠤᠨ᠎ᠬᠢᠨ ᠥᠪᠡᠷ᠎ᠢ᠎ᠪᠠᠨ ᠱᠠᠭ᠋ᠠᠷᠳᠠᠬᠤ ᠪᠠ ᠬᠤᠪᠢ ᠬᠥᠮᠦᠨ ᠢᠲᠡᠭᠡᠮᠵᠢ᠎ᠲᠠᠢ ᠪᠠᠶ᠋ᠢᠬᠤ ᠵᠢ ᠤᠶᠠᠯᠳᠤᠭᠤᠯᠤᠭᠰᠠᠨ ᠬᠢᠨᠠᠯᠲᠠ ᠲᠠᠯᠪᠢᠬᠤ ᠲᠣᠭᠲᠠᠴᠠ ᠵᠢ ᠬᠡᠷᠩᠵᠢᠭᠦᠯᠭᠦ ᠬᠡᠷᠩᠳᠠᠢ᠃

      ᠳᠥᠷᠪᠡᠳᠦᠭᠡᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠦᠩᠭᠦᠨ᠎ᠤ ᠬᠡᠷᠡᠭᠯᠡᠯᠲᠡ᠎ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ᠎ᠤᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠦᠩᠭᠦᠨ᠎ᠤ ᠬᠡᠷᠡᠭᠯᠡᠯᠲᠡ᠎ᠳᠤ ᠬᠢᠨᠠᠯᠲᠠ ᠲᠠᠯᠪᠢᠵᠤ ᠬᠠᠮᠢᠶᠠᠷᠬᠤ ᠲᠣᠭᠲᠠᠴᠠ ᠵᠢ ᠪᠠᠶ᠋ᠢᠭᠤᠯᠤᠨ ᠪᠥᠷᠢᠨᠰᠢᠬᠦᠯᠵᠤ᠂ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠦᠩᠭᠦᠨ᠎ᠤ ᠬᠡᠷᠡᠭᠯᠡᠯᠲᠡ᠎ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ᠎ᠳᠠᠬᠢ ᠴᠢᠬᠤᠯᠠ ᠶᠡᠭᠡ ᠵᠦᠢ᠍ᠯᠡᠰ᠎ᠢ ᠵᠣᠬᠢᠴᠠᠭᠤᠯᠤᠨ ᠰᠢᠢ᠍ᠳᠪᠦᠷᠢᠯᠡᠬᠦ ᠬᠡᠷᠡᠭᠲᠡᠶ᠃

      ᠲᠠᠪᠤᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠲᠤᠰ ᠵᠠᠰᠠᠭ ᠵᠠᠬᠢᠷᠭ᠋ᠠᠨ᠎ᠤ ᠣᠷᠣᠨ᠎ᠳᠠᠬᠢ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠦᠩᠭᠦᠨ᠎ᠤ ᠬᠡᠷᠡᠭᠯᠡᠯᠲᠡ᠎ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ᠎ᠢ ᠬᠠᠷᠢᠭᠤᠴᠠᠬᠤ ᠬᠡᠷᠩᠳᠠᠢ᠃ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠂ ᠡᠳ᠋᠎ᠤᠨ ᠵᠠᠰᠠᠭ᠂ ᠬᠢᠨᠠᠨ ᠪᠤᠳᠤᠬᠤ᠂ ᠳᠣᠲᠣᠭ᠋ᠠᠳᠤ ᠵᠢ ᠬᠠᠮᠠᠭ᠋ᠠᠯᠠᠬᠤ ᠵᠡᠷᠭᠡ ᠰᠠᠯᠠᠭ᠎ᠠ ᠮᠥᠴᠢᠷ᠎ᠤᠳ ᠲᠣᠰ ᠲᠣᠰ᠎ᠤᠨ ᠡᠭᠦᠷᠭᠡ ᠬᠠᠷᠢᠭᠤᠴᠠᠯᠭ᠎ᠠ ᠵᠢᠨ ᠵᠶ᠋ᠠᠨ ᠶᠣᠰᠣᠭ᠋ᠠᠷ᠂ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠦᠩᠭᠦᠨ᠎ᠤ ᠬᠡᠷᠡᠭᠯᠡᠯᠲᠡ᠎ᠳᠤ ᠬᠢᠨᠠᠯᠲᠠ ᠲᠠᠯᠪᠢᠵᠤ ᠬᠠᠮᠢᠶᠠᠷᠬᠤ ᠬᠠᠮᠢᠶ᠎ᠠ ᠪᠥᠬᠦᠶ ᠠᠵᠢᠯ᠎ᠢ ᠰᠠᠶ᠋ᠢᠲᠤᠷ ᠬᠢᠬᠦ ᠬᠡᠷᠡᠭᠲᠡᠶ᠃

      ᠵᠢᠷᠭᠤᠳᠤᠭ᠋ᠠᠷ ᠵᠦᠢ᠍ᠯ ᠰᠣᠨᠢᠨ ᠮᠡᠳᠡᠭᠡᠨ᠎ᠤ ᠵᠠᠭᠤᠴᠢᠯᠠᠭᠤᠷ᠎ᠤᠨ᠎ᠬᠢᠨ᠎ᠢ ᠵᠣᠷᠢᠬ᠍ᠵᠢᠭᠤᠯᠣᠨ ᠳᠡᠮᠵᠢᠵᠣ ᠪᠠᠶ᠋ᠢᠭ᠋ᠠᠣᠨ ᠡᠮᠴᠢᠯᠡᠭᠡᠨ᠎ᠤ ᠪᠠᠲᠤᠯᠠᠭ᠎ᠠ ᠵᠢᠨ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠠ ᠡᠮᠴᠢᠯᠡᠭᠡᠨ᠎ᠤ ᠪᠠᠲᠤᠯᠠᠭ᠎ᠠ ᠵᠢᠨ ᠮᠡᠳᠡᠯᠭᠡ ᠵᠢᠨ ᠳᠠᠯ᠎ᠡ᠎ᠪᠠᠷ᠎ᠬᠢ ᠨᠡᠶ᠋ᠢᠲᠡ ᠵᠢᠨ ᠠᠰᠠᠷᠠᠮᠵᠢ ᠵᠢᠨ ᠤᠬᠠᠭᠤᠯᠭ᠎ᠠ ᠦᠷᠨᠢᠭᠦᠯᠣᠨ᠎ᠠ᠃ ᠡᠮᠴᠢᠯᠡᠭᠡᠨ᠎ᠤ ᠪᠠᠲᠤᠯᠠᠭ᠎ᠠ᠎ᠳᠤ ᠬᠤᠯᠪᠣᠭᠳᠠᠭᠰᠠᠨ ᠤᠬᠠᠭᠤᠯᠭ᠎ᠠ ᠮᠡᠳᠡᠭᠡᠯᠡᠯ᠎ᠨᠢ ᠦᠨᠡᠨ ᠪᠣᠳᠠᠲᠠᠶ᠂ ᠲᠥᠪ ᠭᠤᠣᠯᠴᠢ ᠪᠠᠶ᠋ᠢᠬᠤ ᠬᠡᠷᠡᠭᠲᠡᠶ᠃ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠦᠩᠭᠦᠨ᠎ᠤ ᠬᠡᠷᠡᠭᠯᠡᠯᠲᠡ᠎ᠳᠤ ᠨᠡᠶ᠋ᠢᠭᠡᠮ᠎ᠤᠨ ᠡᠯ᠎ᠡ ᠲᠠᠯ᠎ᠠ ᠵᠢᠨ᠎ᠬᠢᠨ᠎ᠤ ᠬᠢᠨᠠᠯᠲᠠ ᠲᠠᠯᠪᠢᠬᠤ ᠵᠢ ᠵᠣᠷᠢᠬ᠍ᠵᠢᠭᠤᠯᠤᠨ ᠳᠡᠮᠵᠢᠨ᠎ᠡ᠃

      ᠳᠣᠯᠣᠳᠤᠭ᠋ᠠᠷ ᠵᠦᠢ᠍ᠯ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠦᠩᠭᠦᠨ᠎ᠤ ᠬᠡᠷᠩᠯᠡᠯᠳᠡ ᠵᠢ ᠤᠯᠤᠰ᠎ᠤᠨ ᠲᠣᠭᠲᠠᠭ᠋ᠠᠭᠰᠠᠨ ᠲᠣᠭ᠋ᠠᠴᠠᠭ᠎ᠠ ᠬᠢᠬᠦ ᠬᠡᠪᠴᠢᠶᠡᠨ᠎ᠳᠤ ᠨᠠᠶ᠋ᠢᠴᠡᠭᠦᠯᠭᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠤᠯᠤᠰ᠎ᠤᠨ ᠲᠣᠭᠲᠠᠭ᠋ᠠᠭᠰᠠᠨ ᠡᠷᠬᠡ ᠵᠢᠨ ᠬᠢᠵᠠᠭ᠋ᠠᠷ ᠪᠠ ᠲᠡᠰ ᠳᠠᠷᠠᠭ᠋ᠠᠯᠠᠯ ᠶᠣᠰᠣᠭ᠋ᠠᠷ᠂ ᠲᠤᠰ ᠵᠠᠰᠠᠭ ᠵᠠᠬᠢᠷᠭ᠋ᠠᠨ᠎ᠤ ᠣᠷᠣᠨ᠎ᠳᠠᠬᠢ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠦ᠎ᠠᠴᠠ ᠲᠣᠭ᠋ᠠᠴᠠᠵᠤ ᠥᠭᠬᠦ ᠪᠣᠳᠠᠲᠠᠶ ᠲᠥᠷᠥᠯ ᠵᠦᠢ᠍ᠯ ᠪᠠ ᠪᠠᠷᠢᠮᠵᠢᠶ᠎ᠠ ᠵᠢ ᠨᠥᠬᠦᠪᠥᠷᠢᠯᠡᠨ ᠲᠣᠭᠲᠠᠭ᠋ᠠᠬᠤ ᠵᠢᠨ ᠬᠠᠮᠲᠤ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠡᠮᠴᠢᠯᠡᠭᠡᠨ᠎ᠤ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃

    ᠨᠠᠢ᠍ᠮᠠᠳᠣᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠳᠣᠣᠷᠠᠬᠢ ᠮᠡᠲᠦ ᠬᠢᠨᠠᠯᠲᠠ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ ᠵᠢ ᠭᠦᠢ᠍ᠴᠡᠣᠡᠭᠡᠭᠦ ᠬᠡᠷᠩᠳᠠᠢ᠄

     (ᠨᠢᠭᠡ) ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠦᠩᠭᠦᠨ᠎ᠤ ᠬᠡᠷᠡᠭᠯᠡᠯᠲᠡ ᠵᠢᠨ ᠬᠢᠨᠠᠯᠲᠠ ᠬᠠᠮᠢᠶᠠᠷᠤᠯᠲᠠ ᠵᠢᠨ ᠲᠦᠷᠢᠮ᠎ᠢ ᠪᠠᠶ᠋ᠢᠭᠤᠯᠵᠣ ᠪᠦᠷᠢᠨᠰᠢᠬᠦᠯᠦᠨ᠎ᠡ;

     (ᠬᠤᠶᠠᠷ) ᠡᠮᠴᠢᠯᠡᠭᠡᠨ᠎ᠤ ᠪᠠᠲᠤᠯᠠᠭ᠎ᠠ ᠵᠢᠨ ᠭᠠᠷᠲᠠᠨ ᠭᠦᠢ᠍ᠴᠡᠳᠬᠡᠬᠦ ᠲᠤᠬᠠᠶ᠋ᠢᠯᠠᠭᠰᠠᠨ ᠠᠵᠢᠯ᠎ᠢ ᠵᠢᠷᠤᠮᠵᠢᠭᠤᠯᠤᠨ᠎ᠠ;

     (ᠭᠤᠷᠪᠠ) ᠦᠢ᠍ᠯᠡᠴᠢᠯᠡᠭᠡᠨ᠎ᠤ ᠵᠦᠪᠯᠡᠯᠴᠡᠭᠡᠷ᠎ᠢ ᠲᠣᠭᠲᠠᠭ᠋ᠠᠭᠰᠠᠨ ᠪᠠ ᠭᠦᠢ᠍ᠴᠡᠳᠬᠡᠭᠰᠡᠨ ᠪᠠᠶ᠋ᠢᠳᠠᠯ᠎ᠳᠤ ᠬᠢᠨᠠᠯᠲᠠ ᠲᠠᠯᠪᠢᠨ᠎ᠠ;

     (ᠳᠥᠷᠪᠡ) ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠦᠩᠭᠦᠨ᠎ᠤ ᠲᠣᠭ᠋ᠠᠴᠠᠭ᠎ᠠ ᠬᠢᠬᠦ ᠬᠡᠪᠴᠢᠶᠡᠨ᠎ᠳᠤ ᠣᠷᠣᠭᠤᠯᠤᠭᠰᠠᠨ ᠡᠮᠴᠢᠯᠡᠭᠡᠨ᠎ᠤ ᠦᠢ᠍ᠯᠡᠴᠢᠯᠡᠭᠡᠨ᠎ᠤ ᠠᠵᠢᠯᠯᠠᠭ᠋ᠠᠨ ᠪᠠ ᠡᠮᠴᠢᠯᠡᠭᠡᠨ᠎ᠤ ᠵᠠᠷᠤᠳᠠᠯ᠎ᠳᠤ ᠬᠢᠨᠠᠯᠲᠠ ᠲᠠᠯᠪᠢᠨ᠎ᠠ;

     (ᠲᠠᠪᠤ) ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠦ ᠵᠢ ᠬᠠᠤᠯᠢ᠎ᠠᠴᠠ ᠵᠥᠷᠢᠴᠡᠵᠣ ᠬᠡᠷᠡᠭᠯᠡᠭᠰᠡᠨ ᠦᠢ᠍ᠯᠡ ᠠᠵᠢᠯᠯᠠᠭ᠎ᠠ ᠵᠢ ᠬᠠᠤᠯᠢ ᠶᠣᠰᠣᠭ᠋ᠠᠷ ᠪᠠᠶ᠋ᠢᠴᠠᠭ᠋ᠠᠨ ᠰᠢᠢ᠍ᠳᠪᠦᠷᠢᠯᠡᠨ᠎ᠡ;

     (ᠵᠢᠷᠭᠤᠭ᠎ᠠ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ᠃

      ᠶᠢᠰᠦᠳᠦᠭᠡᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠡᠮᠴᠢᠯᠡᠭᠡᠨ᠎ᠤ ᠪᠠᠲᠤᠯᠠᠭ᠎ᠠ ᠵᠢᠨ ᠶᠠᠪᠤᠳᠠᠯ᠎ᠢ ᠡᠷᠬᠢᠯᠡᠨ ᠭᠦᠢ᠍ᠴᠡᠳᠬᠡᠬᠦ ᠪᠠᠶ᠋ᠢᠭᠤᠯᠤᠮᠵᠢ ᠵᠢᠨ ᠳᠣᠣᠷᠠᠬᠢ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠵᠦ ᠪᠠᠶ᠋ᠢᠭ᠎ᠠ ᠪᠠᠶ᠋ᠢᠳᠠᠯ᠎ᠳᠤ ᠬᠢᠨᠠᠯᠲᠠ ᠲᠠᠯᠪᠢᠬᠤ ᠬᠡᠷᠡᠭᠲᠡᠶ᠄

     (ᠨᠢᠭᠡ) ᠲᠤᠬᠠᠶ᠋ᠢᠯᠠᠭᠰᠠᠨ ᠠᠵᠢᠯ᠂ ᠡᠳ᠋᠎ᠤᠨ ᠶᠠᠪᠤᠳᠠᠯ᠂ ᠠᠮᠤᠷ ᠲᠦᠪᠰᠢᠨ ᠪᠠ ᠠᠶᠤᠯ ᠲᠦᠭᠰᠢᠭᠦᠷᠢ ᠵᠢᠨ ᠬᠠᠮᠢᠶᠠᠷᠤᠯᠲᠠ ᠵᠢᠨ ᠲᠦᠷᠢᠮ᠎ᠢ ᠪᠠᠶ᠋ᠢᠭᠤᠯᠤᠨ ᠪᠦᠷᠢᠨᠰᠢᠬᠦᠯᠬᠦ;  

     (ᠬᠤᠶᠠᠷ) ᠲᠣᠭᠲᠠᠭᠰᠠᠨ ᠴᠡᠭ᠎ᠤᠨ ᠡᠮᠴᠢᠯᠡᠭᠡᠨ᠎ᠤ ᠪᠠᠶ᠋ᠢᠭᠤᠯᠤᠮᠵᠢ ᠪᠠ ᠲᠣᠭᠲᠠᠭᠰᠠᠨ ᠴᠡᠭ᠎ᠤᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠯᠦᠭᠡ ᠦᠢ᠍ᠯᠡᠴᠢᠯᠡᠭᠡᠨ᠎ᠤ ᠵᠦᠪᠯᠡᠯᠴᠡᠭᠡᠷ ᠲᠣᠭᠲᠠᠵᠤ ᠭᠦᠢ᠍ᠴᠡᠳᠬᠡᠬᠦ;

     (ᠭᠤᠷᠪᠠ) ᠰᠠᠭᠤᠷᠢ ᠮᠥᠩᠭᠦ ᠵᠢ ᠰᠠᠯᠭ᠋ᠠᠨ ᠥᠭᠬᠦ᠂ ᠬᠠᠷᠠᠭ᠋ᠠᠯᠵᠠᠯ᠎ᠢ ᠬᠢᠨᠠᠨ ᠬᠠᠷᠭᠤᠭᠤᠯᠬᠤ ᠵᠢᠴᠢ ᠲᠣᠭ᠋ᠠᠴᠠᠵᠦ ᠥᠭᠬᠦ᠂ ᠵᠠᠷᠤᠳᠠᠯ᠎ᠢ ᠬᠢᠨᠠᠨ ᠡᠵᠡᠮᠳᠡᠬᠦ;

     (ᠳᠥᠷᠪᠡ) ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠦᠩᠭᠦᠨ᠎ᠤ ᠣᠷᠣᠯᠭ᠎ᠠ᠂ ᠵᠠᠷᠤᠯᠭ᠎ᠠ᠂ ᠦᠯᠡᠳᠡᠪᠦᠷᠢ ᠵᠡᠷᠭᠡ ᠵᠢᠨ ᠪᠠᠶ᠋ᠢᠳᠠᠯ᠎ᠢ ᠨᠡᠶ᠋ᠢᠭᠡᠮ᠎ᠳᠤ ᠢᠯᠡ ᠨᠠᠶ᠋ᠢᠳᠡᠯᠡᠭᠦ;

     (ᠲᠠᠪᠤ) ᠲᠣᠭᠲᠠᠭᠰᠠᠨ ᠴᠡᠭ᠎ᠤᠨ ᠡᠮᠴᠢᠯᠡᠭᠡᠨ᠎ᠤ ᠪᠠᠶ᠋ᠢᠭᠤᠯᠤᠮᠵᠢ ᠪᠠ ᠲᠣᠭᠲᠠᠭᠰᠠᠨ ᠴᠡᠭ᠎ᠤᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠤᠨ ᠨᠡᠷᠡᠰ᠎ᠢ ᠨᠡᠶ᠋ᠢᠭᠡᠮ᠎ᠳᠤ ᠨᠠᠶ᠋ᠢᠳᠡᠯᠡᠭᠦ;

     (ᠵᠢᠷᠭᠤᠭ᠎ᠠ) ᠡᠮᠴᠢᠯᠡᠭᠡᠨ᠎ᠤ ᠪᠠᠲᠤᠯᠠᠭ᠎ᠠ ᠵᠢᠨ ᠮᠡᠳᠡᠭᠡ ᠵᠠᠩᠭᠢ ᠵᠢ ᠬᠠᠶ᠋ᠢᠵᠦ ᠯᠠᠪᠯᠠᠬᠤ ᠦᠢ᠍ᠯᠡᠴᠢᠯᠡᠭᠡ ᠬᠠᠩᠭ᠋ᠠᠬᠤ;

     (ᠲᠤᠯᠤᠭ᠎ᠠ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠡᠭᠦᠷᠭᠡ ᠬᠠᠷᠢᠭᠤᠴᠠᠯᠭ᠎ᠠ᠃

      ᠠᠷᠪᠠᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠲᠣᠭᠲᠠᠭᠰᠠᠨ ᠴᠡᠭ᠎ᠤᠨ ᠡᠮᠴᠢᠯᠡᠭᠡᠨ᠎ᠤ ᠪᠠᠶ᠋ᠢᠭᠤᠯᠤᠮᠵᠢ ᠵᠢᠨ ᠳᠣᠣᠷᠠᠬᠢ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠵᠦ ᠪᠠᠶ᠋ᠢᠭ᠎ᠠ ᠪᠠᠶ᠋ᠢᠳᠠᠯ᠎ᠳᠤ ᠬᠢᠨᠠᠯᠲᠠ ᠲᠠᠯᠪᠢᠬᠤ ᠬᠡᠷᠡᠭᠲᠡᠶ᠄

     (ᠨᠢᠭᠡ) ᠦᠢ᠍ᠯᠡᠴᠢᠯᠡᠭᠡᠨ᠎ᠤ ᠵᠦᠪᠯᠡᠯᠴᠡᠭᠡᠷ᠎ᠢ ᠭᠦᠢ᠍ᠴᠡᠳᠬᠡᠬᠦ;

     (ᠬᠤᠶᠠᠷ) ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠦᠨ᠎ᠡ ᠬᠠᠩᠰᠢ ᠪᠠ ᠡᠮ᠎ᠤᠨ ᠵᠦᠢ᠍ᠯ᠂ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠲᠦᠪᠯᠡᠷᠡᠭᠦᠯᠵᠣ ᠬᠤᠳᠠᠯᠳᠤᠨ ᠠᠪᠬᠤ ᠲᠦᠷᠢᠮ᠎ᠢ ᠬᠡᠷᠩᠵᠢᠭᠦᠯᠭᠦ;

     (ᠭᠤᠷᠪᠠ) ᠡᠮᠴᠢᠯᠡᠭᠡᠨ᠎ᠤ ᠪᠠᠲᠤᠯᠠᠭ᠎ᠠ ᠵᠢᠨ ᠮᠡᠳᠡᠭᠡ ᠵᠠᠩᠭᠢ ᠵᠢᠨ ᠰᠢᠰᠲ᠋ᠧᠮ᠎ᠳᠤ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠦᠩᠭᠦᠨ᠎ᠤ ᠬᠡᠷᠩᠯᠡᠯᠳᠡ ᠵᠢᠨ ᠬᠤᠯᠪᠣᠭᠳᠠᠯ ᠪᠦᠬᠦᠢ ᠳ᠋ᠠᠶ᠋ᠢᠲ᠋ᠡ ᠵᠢ ᠳᠠᠮᠵᠢᠭᠤᠯᠤᠨ ᠬᠦᠷᠭᠡᠬᠦ;

     (ᠲᠦᠷᠪᠡ) ᠡᠮᠴᠢᠯᠡᠭᠡᠨ᠎ᠤ ᠵᠠᠷᠤᠳᠠᠯ᠂ ᠵᠠᠷᠤᠳᠠᠯ᠎ᠤᠨ ᠪᠦᠲᠦᠴᠡ ᠵᠢᠨ ᠮᠡᠳᠡᠭᠡ ᠵᠠᠩᠭᠢ ᠵᠡᠷᠭᠡ ᠵᠢ ᠨᠡᠶ᠋ᠢᠭᠡᠮ᠎ᠳᠤ ᠢᠯᠡ ᠨᠠᠶ᠋ᠢᠳᠡᠯᠡᠭᠦ;

     (ᠲᠠᠪᠤ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠡᠭᠦᠷᠭᠡ ᠬᠠᠷᠢᠭᠤᠴᠠᠯᠭ᠎ᠠ᠃

      ᠠᠷᠪᠠᠨ ᠨᠢᠭᠡᠳᠦᠭᠡᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠲᠣᠭᠲᠠᠭᠰᠠᠨ ᠴᠡᠭ᠎ᠤᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠤᠨ ᠳᠣᠣᠷᠠᠬᠢ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠵᠦ ᠪᠠᠶ᠋ᠢᠭ᠎ᠠ ᠪᠠᠶ᠋ᠢᠳᠠᠯ᠎ᠳᠤ ᠬᠢᠨᠠᠯᠲᠠ ᠲᠠᠯᠪᠢᠬᠤ ᠬᠡᠷᠡᠭᠲᠡᠶ᠄

     (ᠨᠢᠭᠡ) ᠦᠢ᠍ᠯᠡᠴᠢᠯᠡᠭᠡᠨ᠎ᠤ ᠬᠡᠯᠡᠯᠴᠡᠭᠡᠷ᠎ᠢ ᠭᠦᠢ᠍ᠴᠡᠳᠬᠡᠬᠦ;

     (ᠬᠤᠶᠠᠷ) ᠡᠮᠴᠢᠯᠡᠭᠡᠨ᠎ᠤ ᠪᠠᠲᠤᠯᠠᠭ᠎ᠠ ᠵᠢᠨ ᠮᠡᠳᠡᠭᠡ ᠵᠠᠩᠭᠢ ᠵᠢᠨ ᠰᠢᠰᠲ᠋ᠧᠮ᠎ᠳᠤ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠦᠩᠭᠦᠨ᠎ᠤ ᠬᠡᠷᠩᠯᠡᠯᠳᠡ ᠵᠢᠨ ᠬᠤᠯᠪᠣᠭᠳᠠᠯ ᠪᠦᠬᠦᠢ ᠳ᠋ᠠᠶ᠋ᠢᠲ᠋ᠡ ᠵᠢ ᠳᠠᠮᠵᠢᠭᠤᠯᠤᠨ ᠬᠦᠷᠭᠡᠬᠦ;

     (ᠭᠤᠷᠪᠠ) ᠡᠮ᠎ᠤᠨ ᠵᠦᠢ᠍ᠯ᠎ᠤᠨ ᠵᠠᠷᠤᠳᠠᠯ᠎ᠤᠨ ᠮᠡᠳᠡᠭᠡ ᠵᠠᠩᠭᠢ ᠵᠢ ᠨᠡᠶ᠋ᠢᠭᠡᠮ᠎ᠳᠤ ᠢᠯᠠ ᠨᠠᠶ᠋ᠢᠳᠡᠯᠡᠭᠦ;

     (ᠳᠥᠷᠪᠡ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠡᠭᠦᠷᠭᠡ ᠬᠠᠷᠢᠭᠤᠴᠠᠯᠭ᠎ᠠ᠃

      ᠠᠷᠪᠠᠨ ᠬᠤᠶᠠᠳᠤᠭ᠋ᠠᠷ ᠵᠦᠢ᠍ᠯ ᠲᠣᠭᠲᠠᠭᠰᠠᠨ ᠴᠡᠭ᠎ᠤᠨ ᠡᠮᠴᠢᠯᠡᠭᠡᠨ᠎ᠤ ᠪᠠᠶ᠋ᠢᠭᠤᠯᠤᠮᠵᠢ᠂ ᠲᠣᠭᠲᠠᠭᠰᠠᠨ ᠴᠡᠭ᠎ᠤᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ ᠵᠢᠴᠢ ᠲᠡᠳᠡᠭᠡᠷ᠎ᠤᠨ ᠠᠵᠢᠯᠳᠡᠣᠨ᠎ᠨᠢ ᠡᠪᠡᠣᠡᠴᠢᠳᠡᠨ ᠦᠨᠡᠨ ᠨᠡᠷ᠎ᠡ᠎ᠪᠠᠷ ᠵᠶ᠋ᠠᠨ ᠡᠮᠨᠡᠭᠦᠯᠬᠦ ᠪᠠ ᠡᠮ ᠬᠤᠳᠠᠯᠳᠤᠨ ᠠᠪᠬᠤ ᠬᠠᠮᠢᠶᠠᠷᠤᠯᠲᠠ ᠵᠢᠨ ᠲᠣᠭᠲᠠᠭ᠋ᠠᠯ᠎ᠢ ᠬᠡᠷᠩᠵᠢᠭᠦᠯᠵᠣ᠂ ᠳᠠᠭ᠋ᠠᠳᠬᠠᠯ᠎ᠳᠤ ᠣᠷᠣᠯᠴᠠᠭᠰᠠᠳ᠎ᠤᠨ ᠡᠮᠴᠢᠯᠡᠭᠡᠨ᠎ᠤ ᠪᠠᠲᠤᠯᠠᠭ᠎ᠠ ᠵᠢᠨ ᠭᠡᠷᠡᠴᠢ ᠲᠡᠮᠳᠡᠭ᠎ᠢ ᠬᠢᠨᠠᠨ ᠬᠠᠷᠭᠤᠭᠤᠯᠵᠣ᠂ ᠣᠨᠣᠰᠢᠯᠠᠨ ᠡᠮᠨᠡᠬᠦ ᠵᠢᠷᠤᠮᠵᠢᠯ ᠶᠣᠰᠣᠭ᠋ᠠᠷ ᠵᠦᠶ ᠵᠣᠬᠢᠰᠲᠠᠶ᠂ ᠴᠢᠬᠤᠯᠠ ᠪᠦᠬᠦᠢ ᠡᠮ ᠡᠮᠨᠡᠯᠭᠡ ᠵᠢᠨ ᠦᠢ᠍ᠯᠡᠴᠢᠯᠡᠭᠡ ᠬᠠᠩᠭ᠋ᠠᠵᠤ᠂ ᠳᠠᠭ᠋ᠠᠳᠬᠠᠯ᠎ᠳᠤ ᠣᠷᠣᠯᠴᠠᠭᠰᠠᠳ᠎ᠲᠤ ᠰᠦᠢ᠍ᠳᠬᠡᠯ᠎ᠤᠨ ᠪᠠᠷᠢᠮᠲᠠ ᠪᠠ ᠬᠠᠮᠢᠶ᠎ᠠ ᠪᠦᠬᠦᠢ ᠮᠠᠲ᠋ᠧᠷᠢᠶᠠᠯ᠎ᠢ ᠦᠨᠡᠨ ᠮᠥᠨ ᠵᠶ᠋ᠠᠷ᠎ᠨᠢ ᠭᠠᠷᠭ᠋ᠠᠵᠣ ᠦᠭᠭᠦ ᠬᠡᠷᠩᠳᠠᠢ᠂ ᠰᠠᠯᠭ᠋ᠠᠵᠤ ᠳᠠᠬᠢᠨᠲᠠ ᠡᠮᠨᠡᠯᠭᠡ᠎ᠳᠤ ᠰᠠᠭᠤᠯᠭ᠋ᠠᠬᠤ ᠪᠠ ᠨᠡᠷ᠎ᠡ ᠵᠢᠨ ᠲᠡᠳᠣᠢ ᠡᠮᠨᠡᠯᠭᠡ᠎ᠳᠤ ᠰᠠᠭᠤᠯᠭ᠋ᠠᠵᠤ ᠪᠣᠯᠬᠤ ᠦᠭᠡᠢ᠂ ᠣᠨᠣᠰᠢᠯᠠᠨ ᠡᠮᠨᠡᠬᠦ ᠵᠢᠷᠤᠮᠵᠢᠯ᠎ᠢ ᠵᠥᠷᠢᠴᠡᠨ ᠬᠡᠳᠦᠷᠬᠡᠢ ᠣᠨᠣᠰᠢᠯᠠᠨ ᠡᠮᠨᠡᠬᠦ᠂ ᠬᠡᠳᠦᠷᠬᠡᠢ ᠪᠠᠶ᠋ᠢᠴᠠᠭ᠋ᠠᠬᠤ᠂ ᠡᠮ᠎ᠤᠨ ᠵᠣᠷ᠎ᠢ ᠰᠠᠯᠭ᠋ᠠᠬᠤ᠂ ᠬᠡᠮᠵᠢᠶ᠎ᠡ᠎ᠠᠴᠠ ᠬᠡᠳᠣᠷᠡᠭᠦᠯᠣᠨ ᠡᠮ ᠥᠭᠬᠦ᠂ ᠳᠠᠬᠢᠨ ᠳᠠᠪᠳᠡᠨ ᠡᠮ ᠥᠭᠴᠥ ᠪᠣᠯᠬᠤ ᠦᠭᠡᠢ᠂ ᠳᠠᠬᠢᠨ ᠳᠠᠪᠳᠡᠨ ᠰᠦᠢ᠍ᠳᠬᠡᠯ ᠬᠤᠷᠢᠶᠠᠬᠤ᠂ ᠪᠠᠷᠢᠮᠵᠢᠶ᠎ᠠ᠎ᠠᠴᠠ ᠬᠡᠳᠣᠷᠡᠭᠦᠯᠣᠨ ᠰᠦᠢ᠍ᠳᠬᠡᠯ ᠬᠤᠷᠢᠶᠠᠬᠤ᠂ ᠲᠦᠷᠣᠯ ᠵᠦᠢ᠍ᠯ᠎ᠢ ᠰᠠᠯᠭ᠋ᠠᠵᠤ ᠰᠦᠢ᠍ᠳᠬᠡᠯ ᠬᠤᠷᠢᠶᠠᠵᠤ ᠪᠣᠯᠬᠤ ᠦᠭᠡᠢ᠂ ᠡᠮ᠎ᠤᠨ ᠵᠦᠢ᠍ᠯ᠂ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠂ ᠣᠨᠣᠰᠢᠯᠠᠨ ᠡᠮᠨᠡᠬᠦ ᠲᠦᠷᠣᠯ ᠵᠦᠢ᠍ᠯ ᠪᠠ ᠦᠢ᠍ᠯᠡᠴᠢᠯᠡᠭᠡᠨ᠎ᠤ ᠪᠡᠯᠡᠣᠡᠭᠡᠮᠵᠢ ᠵᠢ ᠬᠤᠭᠤᠷᠣᠨᠳᠣ᠎ᠨᠢ ᠰᠣᠯᠢᠵᠤ ᠪᠣᠯᠬᠤ ᠦᠭᠡᠢ᠂ ᠪᠤᠰᠤᠳ᠎ᠢ ᠥᠳᠥᠭᠡᠨ ᠲᠠᠲᠠᠵᠤ᠂ ᠬᠠᠪᠰᠤᠷᠴᠤ ᠪᠠᠶ᠋ᠢᠭ᠋ᠠᠳ ᠪᠣᠰᠣᠣᠨ ᠭᠦᠮᠣᠨ᠎ᠤ ᠨᠡᠷ᠎ᠡ᠎ᠪᠠᠷ ᠡᠮᠨᠡᠭᠦᠯᠬᠦ ᠪᠤᠶᠤ ᠬᠤᠳᠠᠯ ᠵᠶ᠋ᠠᠷ ᠡᠮᠨᠡᠭᠦᠯᠵᠦ ᠡᠮ ᠬᠤᠳᠠᠯᠳᠤᠨ ᠠᠪᠤᠭᠤᠯᠵᠤ ᠪᠣᠯᠬᠤ ᠦᠭᠡᠢ᠃ ᠲᠦᠷᠭᠡᠨ ᠡᠮᠨᠡᠭᠦᠯᠬᠦ᠂ ᠲᠦᠷᠭᠡᠨ ᠠᠪᠤᠷᠠᠬᠤ ᠵᠡᠷᠭᠡ ᠣᠨᠴᠠᠭ᠋ᠠᠶ ᠪᠠᠶ᠋ᠢᠳᠠᠯ᠎ᠠᠴᠠ ᠭᠠᠳᠠᠨ᠎ᠠ᠂ ᠲᠣᠭᠲᠠᠭᠰᠠᠨ ᠴᠡᠭ᠎ᠤᠨ ᠡᠮᠴᠢᠯᠡᠭᠡᠨ᠎ᠤ ᠪᠠᠶ᠋ᠢᠭᠤᠯᠤᠮᠵᠢ᠎ᠨᠢ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠦᠩᠭᠦᠨ᠎ᠤ ᠲᠥᠯᠥᠬᠦ ᠬᠡᠪᠴᠢᠶᠠᠨ᠎ᠠᠴᠠ ᠪᠣᠰᠣᠣᠨ ᠡᠮ ᠡᠮᠨᠡᠯᠭᠡ ᠵᠢᠨ ᠦᠢ᠍ᠯᠡᠴᠢᠯᠡᠭᠡ ᠬᠠᠩᠭ᠋ᠠᠬᠤ᠎ᠳᠤ ᠬᠦᠷᠪᠡᠯ᠂ ᠳᠠᠭ᠋ᠠᠳᠬᠠᠯ᠎ᠳᠤ ᠣᠷᠣᠯᠴᠠᠭᠰᠠᠣᠨ ᠪᠤᠶᠤ ᠲᠡᠳᠡᠨ᠎ᠤ ᠣᠶ᠋ᠢᠷ᠎ᠠ ᠲᠥᠷᠥᠯ ᠰᠠᠳᠤᠨ᠂ ᠬᠢᠨᠠᠨ ᠬᠠᠮᠠᠭ᠋ᠠᠯᠠᠭᠴᠢ᠎ᠪᠠᠷ ᠵᠥᠪᠰᠢᠶᠡᠷᠡᠭᠦᠯᠬᠦ ᠬᠡᠷᠡᠭᠲᠡᠶ᠃

      ᠠᠷᠪᠠᠨ ᠭᠤᠷᠪᠠᠳᠤᠭ᠋ᠠᠷ ᠵᠦᠢ᠍ᠯ ᠳᠠᠭ᠋ᠠᠣᠡᠬᠠᠯ᠎ᠳᠤ ᠣᠷᠣᠯᠴᠠᠭᠰᠠᠳ᠎ᠨᠢ ᠦᠪᠡᠷ᠎ᠤᠨ ᠡᠮᠴᠢᠯᠡᠭᠡᠨ᠎ᠤ ᠪᠠᠲᠤᠯᠠᠭ᠎ᠠ ᠵᠢᠨ ᠬᠡᠷᠡᠴᠢ ᠲᠡᠮᠳᠡᠭ ᠵᠶ᠋ᠠᠨ ᠠᠪᠴᠤ ᠡᠮᠨᠡᠭᠦᠯᠵᠦ ᠡᠮ ᠬᠤᠳᠠᠯᠳᠤᠨ ᠠᠪᠬᠤ ᠵᠢᠨ ᠬᠠᠮᠲᠤ᠂ ᠰᠠᠨᠠᠭ᠋ᠠᠴᠢᠯᠠᠭ᠎ᠠ᠎ᠠᠴᠠ᠎ᠪᠠᠨ ᠭᠡᠷᠡᠴᠢ ᠳᠡᠮᠳᠡᠭ ᠵᠶ᠋ᠠᠨ ᠭᠠᠷᠭ᠋ᠠᠨ ᠦᠵᠡᠭᠦᠯᠵᠦ ᠪᠠᠶ᠋ᠢᠴᠠᠭ᠋ᠠᠨ ᠰᠢᠯᠭ᠋ᠠᠬᠤ ᠵᠢ ᠬᠦᠯᠢᠶᠡᠬᠦ ᠬᠡᠷᠡᠭᠲᠡᠶ᠃ ᠳᠠᠭ᠋ᠠᠳᠬᠠᠯ᠎ᠳᠤ ᠣᠷᠣᠯᠴᠠᠭᠰᠠᠣᠨ ᠲᠣᠭᠲᠠᠭᠰᠠᠨ ᠴᠡᠭ᠎ᠤᠨ ᠡᠮᠴᠢᠯᠡᠭᠡᠨ᠎ᠤ ᠪᠠᠶ᠋ᠢᠭᠤᠯᠤᠮᠵᠢ᠂ ᠲᠣᠭᠲᠠᠭᠰᠠᠨ ᠴᠡᠭ᠎ᠤᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠲᠤ ᠰᠦᠢ᠍ᠣᠡᠭᠡᠯ᠎ᠤᠨ ᠪᠠᠷᠢᠮᠲᠠ ᠪᠠ ᠬᠠᠮᠢᠶ᠎ᠠ ᠪᠥᠬᠦᠶ ᠮᠠᠲ᠋ᠧᠷᠢᠶᠠᠯ ᠵᠶ᠋ᠠᠨ ᠦᠨᠡᠨ ᠪᠣᠳᠠᠲᠠᠶ᠎ᠪᠠᠷ ᠭᠠᠷᠭ᠋ᠠᠯᠭ᠋ᠠᠬᠤ᠎ᠪᠠᠷ ᠱᠠᠭ᠋ᠠᠷᠳᠠᠬᠤ ᠡᠷᠬᠡ᠎ᠲᠠᠢ᠃ ᠳᠠᠭ᠋ᠠᠳᠬᠠᠯ᠎ᠳᠤ ᠣᠷᠣᠯᠴᠠᠭᠰᠠᠳ ᠲᠣᠭᠲᠠᠭ᠋ᠠᠯ ᠶᠣᠰᠣᠭ᠋ᠠᠷ ᠡᠮᠴᠢᠯᠡᠭᠡᠨ᠎ᠤ ᠪᠠᠲᠤᠯᠠᠭ᠎ᠠ ᠵᠢᠨ ᠬᠠᠷᠠᠭ᠋ᠠᠯᠵᠠᠯ᠎ᠢ ᠬᠦᠷᠳᠡᠭᠦ ᠶᠣᠰᠣᠳᠠᠢ᠂ ᠳᠠᠬᠢᠨ ᠳᠠᠪᠳᠡᠨ ᠬᠠᠷᠠᠭ᠋ᠠᠯᠵᠠᠯ ᠬᠦᠷᠳᠡᠵᠣ ᠪᠣᠯᠬᠤ ᠦᠭᠡᠢ᠃ ᠳᠠᠭ᠋ᠠᠳᠬᠠᠯ᠎ᠳᠤ ᠣᠷᠣᠯᠴᠠᠭᠰᠠᠳ ᠡᠮᠴᠢᠯᠡᠭᠡᠨ᠎ᠤ ᠪᠠᠲᠤᠯᠠᠭ᠎ᠠ ᠵᠢᠨ ᠭᠠᠷᠳᠠᠨ ᠭᠦᠢ᠍ᠴᠡᠣᠡᠭᠡᠭᠦ ᠪᠠᠶ᠋ᠢᠭᠤᠯᠤᠮᠵᠢ᠎ᠳᠤ ᠡᠮᠴᠢᠯᠡᠭᠡᠨ᠎ᠤ ᠪᠠᠲᠤᠯᠠᠭ᠎ᠠ ᠵᠢᠨ ᠠᠰᠠᠭᠤᠨ ᠯᠠᠪᠯᠠᠬᠤ ᠦᠢ᠍ᠯᠡᠴᠢᠯᠡᠭᠡ ᠬᠠᠩᠭ᠋ᠠᠯᠭ᠋ᠠᠬᠤ᠎ᠪᠠᠷ ᠱᠠᠭ᠋ᠠᠷᠳᠠᠵᠣ᠂ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠦᠩᠭᠦᠨ᠎ᠤ ᠬᠡᠷᠩᠯᠡᠯᠳᠡ᠎ᠳᠤ ᠬᠠᠯᠠᠨ ᠰᠠᠶ᠋ᠢᠵᠢᠷᠠᠭᠤᠯᠬᠤ ᠰᠠᠨᠠᠭᠤᠯᠭ᠎ᠠ ᠳᠤᠷᠠᠳᠬᠤ ᠡᠷᠬᠡ᠎ᠲᠠᠢ᠃

      ᠠᠷᠪᠠᠨ ᠳᠥᠷᠪᠡᠳᠦᠭᠡᠷ ᠵᠦᠢ᠍ᠯ ᠳᠠᠭ᠋ᠠᠣᠡᠬᠠᠯ᠎ᠳᠤ ᠣᠷᠣᠯᠴᠠᠭᠰᠠᠳ ᠡᠮᠴᠢᠯᠡᠭᠡᠨ᠎ᠤ ᠪᠠᠲᠤᠯᠠᠭ᠎ᠠ ᠵᠢᠨ ᠬᠠᠷᠠᠭ᠋ᠠᠯᠵᠠᠯ ᠬᠦᠷᠳᠡᠬᠦ ᠲᠣᠬᠢᠶᠠᠯ᠎ᠢ ᠠᠰᠢᠭᠯᠠᠨ ᠡᠮ᠎ᠤᠨ ᠵᠦᠢ᠍ᠯ᠎ᠢ ᠰᠢᠯᠵᠢᠭᠦᠯᠦᠨ ᠬᠤᠳᠠᠯᠳᠣᠵᠣ᠂ ᠪᠡᠯᠡᠨ ᠵᠣᠭᠤᠰ᠂ ᠪᠣᠳᠠᠲᠤ ᠶᠠᠭᠤᠮ᠎ᠠ ᠰᠣᠯᠢᠵᠣ ᠠᠪᠬᠤ ᠪᠤᠶᠤ ᠪᠤᠰᠤᠳ ᠬᠠᠤᠯᠢ ᠪᠤᠰᠤ ᠠᠰᠢᠭ ᠣᠯᠵᠤ ᠪᠣᠯᠬᠤ ᠦᠭᠡᠢ᠃ ᠲᠣᠭᠲᠠᠭᠰᠠᠨ ᠴᠡᠭ᠎ᠤᠨ ᠡᠮᠴᠢᠯᠡᠭᠡᠨ᠎ᠤ ᠪᠠᠶ᠋ᠢᠭᠤᠯᠤᠮᠵᠢ᠂ ᠲᠣᠭᠲᠠᠭᠰᠠᠨ ᠴᠡᠭ᠎ᠤᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠨᠢ ᠳᠠᠭ᠋ᠠᠳᠬᠠᠯ᠎ᠳᠤ ᠣᠷᠣᠯᠴᠠᠭᠰᠠᠳ᠎ᠤᠨ ᠡᠮᠴᠢᠯᠡᠭᠡᠨ᠎ᠤ ᠪᠠᠲᠤᠯᠠᠭ᠎ᠠ ᠵᠢᠨ ᠬᠠᠷᠠᠭ᠋ᠠᠯᠵᠠᠯ ᠬᠥᠷᠳᠡᠬᠦ ᠲᠣᠬᠢᠶᠠᠯ᠎ᠢ ᠠᠰᠢᠭᠯᠠᠨ ᠡᠮ᠎ᠤᠨ ᠵᠦᠢ᠍ᠯ᠎ᠢ ᠳᠠᠮᠵᠢᠭᠤᠯᠤᠨ ᠬᠤᠳᠠᠯᠳᠣᠵᠣ᠂ ᠪᠡᠯᠡᠨ ᠵᠣᠭᠤᠰ᠂ ᠪᠣᠳᠠᠲᠤ ᠶᠠᠭᠤᠮ᠎ᠠ ᠰᠣᠯᠢᠵᠣ ᠠᠪᠬᠤ ᠪᠤᠶᠤ ᠪᠤᠰᠤᠳ ᠬᠠᠤᠯᠢ ᠪᠤᠰᠤ ᠠᠰᠢᠭ ᠬᠥᠷᠳᠡᠬᠦ᠎ᠳᠤ᠎ᠨᠢ ᠲᠥᠬᠦᠮ ᠦᠵᠡᠭᠦᠯᠵᠦ ᠪᠣᠯᠬᠤ ᠥᠭᠡᠢ᠃

      ᠠᠷᠪᠠᠨ ᠲᠠᠪᠤᠳᠤᠭ᠋ᠠᠷ ᠵᠦᠢ᠍ᠯ ᠡᠮᠴᠢᠯᠡᠭᠡᠨ᠎ᠤ ᠪᠠᠲᠤᠯᠠᠭ᠎ᠠ ᠵᠢᠨ ᠭᠠᠷᠳᠠᠨ ᠭᠦᠢ᠍ᠴᠡᠣᠡᠭᠡᠭᠦ ᠪᠠᠶ᠋ᠢᠭᠤᠯᠤᠮᠵᠢ᠂ ᠲᠣᠭᠲᠠᠭᠰᠠᠨ ᠴᠡᠭ᠎ᠤᠨ ᠡᠮᠴᠢᠯᠡᠭᠡᠨ᠎ᠤ ᠪᠠᠶ᠋ᠢᠭᠤᠯᠤᠮᠵᠢ᠂ ᠲᠣᠭᠲᠠᠭᠰᠠᠨ ᠴᠡᠭ᠎ᠤᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ ᠵᠡᠷᠭᠡ ᠨᠢᠭᠡᠴᠢ ᠵᠢᠴᠢ ᠲᠡᠳᠡᠭᠡᠷ᠎ᠤᠨ ᠠᠵᠢᠯᠲᠠᠨ ᠪᠠ ᠳᠠᠭ᠋ᠠᠳᠬᠠᠯ᠎ᠳᠤ ᠣᠷᠣᠯᠴᠠᠭᠰᠠᠣᠨ ᠡᠮᠴᠢᠯᠡᠭᠡᠨ᠎ᠤ ᠪᠢᠴᠢᠭ ᠬᠠᠷ᠎ᠠ᠂ ᠠᠨᠠᠭ᠋ᠠᠬᠤ ᠣᠬᠠᠭ᠋ᠠᠨ᠎ᠤ ᠭᠡᠷᠡᠴᠢ᠂ ᠨᠢᠭᠲᠠᠯᠠᠨ ᠪᠣᠳᠣᠭᠴᠢ ᠵᠢᠨ ᠭᠡᠷᠡᠴᠢ ᠪᠠᠷᠢᠮᠲᠠ᠂ ᠡᠯᠧᠺᠳ᠋ᠷᠣᠨ ᠮᠡᠳᠡᠭᠡ ᠵᠠᠩᠭᠢ ᠵᠡᠷᠭᠡ ᠬᠤᠯᠪᠣᠭᠳᠠᠯ ᠪᠦᠬᠦᠢ ᠮᠠᠲ᠋ᠧᠷᠢᠶᠠᠯ᠎ᠢ ᠬᠠᠭᠤᠷᠮᠠᠭᠯᠠᠨ ᠵᠣᠬᠢᠶᠠᠬᠤ᠂ ᠬᠤᠪᠢᠷᠠᠭᠤᠯᠤᠨ ᠵᠣᠬᠢᠶᠠᠬᠤ᠂ ᠨᠢᠭᠤᠨ ᠳᠠᠯᠳᠠᠯᠠᠬᠤ᠂ ᠪᠠᠯᠠᠯᠤᠨ ᠵᠠᠰᠠᠬᠤ᠂ ᠦᠭᠡᠶ᠋ᠢᠰᠭᠡᠭᠦ ᠡᠰᠡᠭᠦᠯ᠎ᠠ ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠦᠷᠣᠯ ᠵᠦᠢ᠍ᠯ᠎ᠢ ᠬᠠᠭᠤᠷᠮᠠᠭᠯᠠᠨ ᠵᠣᠬᠢᠶᠠᠬᠤ ᠵᠡᠷᠭᠡ ᠠᠷᠭ᠎ᠠ ᠮᠠᠶᠢᠭ ᠵᠶ᠋ᠠᠷ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠦ ᠵᠢ ᠮᠡᠬᠡᠯᠡᠨ ᠠᠪᠴᠤ ᠪᠣᠯᠬᠤ ᠦᠭᠡᠢ᠃

      ᠠᠷᠪᠠᠨ ᠵᠢᠷᠭᠤᠳᠤᠭ᠋ᠠᠷ ᠵᠦᠢ᠍ᠯ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠦᠩᠭᠦᠨ᠎ᠤ ᠲᠤᠰᠬᠠᠶ ᠵᠣᠭᠤᠰ᠎ᠢ ᠲᠤᠰᠬᠠᠶ ᠵᠦᠢ᠍ᠯ᠎ᠳᠤ ᠬᠡᠷᠡᠭᠯᠡᠨ᠎ᠡ᠂ ᠶᠠᠮᠠᠷᠪᠠ ᠵᠣᠬᠢᠶᠠᠨ ᠪᠠᠶ᠋ᠢᠭᠤᠯᠤᠯᠲᠠ ᠪᠠ ᠬᠤᠪᠢ ᠬᠥᠮᠦᠨ ᠬᠡᠣᠨ ᠡᠵᠡᠯᠡᠨ ᠠᠪᠬᠤ ᠪᠤᠶᠤ ᠨᠡᠭᠦᠯᠭᠡᠨ ᠬᠡᠷᠡᠭᠯᠡᠵᠦ ᠪᠣᠯᠬᠤ ᠦᠭᠡᠢ᠃

      ᠠᠷᠪᠠᠨ ᠳᠣᠯᠣᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠮᠡᠳᠡᠭᠡ ᠵᠠᠩᠭᠢ ᠵᠢᠨ ᠰᠢᠰᠲ᠋ᠧᠮ᠎ᠢ ᠪᠠᠶ᠋ᠢᠭᠤᠯᠵᠤ᠂ ᠲᠣᠮᠣ ᠳ᠋ᠠᠶ᠋ᠢᠲ᠋ᠠ ᠵᠢ ᠴᠠᠭ ᠲᠤᠬᠠᠶ᠎ᠳᠤ᠎ᠨᠢ ᠬᠥᠳᠡᠯᠦᠩᠭᠦᠶ᠎ᠪᠠᠷ ᠣᠶᠤᠨᠴᠢ᠎ᠪᠠᠷ ᠬᠢᠨᠠᠨ ᠡᠵᠡᠮᠳᠡᠭᠦ ᠵᠢ ᠬᠡᠷᠩᠵᠢᠭᠦᠯᠣᠨ᠎ᠡ᠃ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠬᠤᠯᠪᠣᠭᠳᠠᠯ ᠪᠥᠬᠦᠶ ᠰᠠᠯᠠᠭ᠎ᠠ ᠮᠥᠴᠢᠷ᠎ᠯᠦᠭᠡ ᠮᠡᠳᠡᠭᠡ ᠵᠠᠩᠭᠢ ᠰᠣᠯᠢᠯᠴᠠᠬᠤ ᠪᠠ ᠬᠠᠮᠳᠣ᠎ᠪᠠᠷ ᠭᠥᠷᠳᠡᠬᠦ᠎ᠪᠠᠨ ᠴᠢᠩᠭ᠋ᠠᠳᠬᠠᠵᠤ᠂ ᠬᠠᠮᠳᠣ᠎ᠪᠠᠷ ᠭᠥᠷᠳᠡᠬᠦ ᠳ᠋ᠠᠶ᠋ᠢᠲ᠋ᠡ ᠵᠢᠨ ᠠᠮᠣᠷ ᠲᠦᠪᠰᠢᠨ᠎ᠢ ᠦᠨᠡᠨ ᠬᠦ᠌ ᠪᠠᠳᠣᠯᠠᠬᠤ ᠬᠡᠷᠩᠳᠠᠢ᠃

      ᠠᠷᠪᠠᠨ ᠨᠠᠢ᠍ᠮᠠᠳᠣᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠦᠩᠭᠦᠨ᠎ᠤ ᠲᠦᠭᠰᠢᠭᠦᠷᠢ ᠵᠢ ᠦᠨᠡᠯᠡᠨ ᠵᠢᠱ᠌ᠢᠬᠦ᠂ ᠢᠯᠡᠴᠢᠯᠡᠨ ᠮᠡᠳᠡᠭᠦᠯᠵᠦ ᠵᠠᠭ᠋ᠠᠯᠳᠤᠭᠰᠠᠨ ᠰᠦᠪᠡᠭᠴᠢ᠂ ᠡᠮᠴᠢᠯᠡᠭᠡᠨ᠎ᠤ ᠪᠠᠲᠤᠯᠠᠭ᠎ᠠ ᠵᠢᠨ ᠳ᠋ᠠᠶ᠋ᠢᠲ᠋ᠡ ᠵᠢ ᠬᠢᠨᠠᠨ ᠡᠵᠡᠮᠳᠡᠭᠰᠡᠨ ᠵᠡᠷᠭᠡ ᠪᠠᠶ᠋ᠢᠳᠠᠯ ᠵᠶ᠋ᠠᠨ ᠦᠨᠳᠦᠰᠦᠯᠡᠨ᠂ ᠪᠠᠶ᠋ᠢᠴᠠᠭ᠋ᠠᠬᠤ ᠭᠤᠣᠯᠳᠠᠯᠭ᠎ᠠ᠎ᠪᠠᠨ ᠲᠣᠭᠲᠠᠭ᠋ᠠᠵᠤ᠂ ᠲᠤᠰᠬᠠᠶ ᠪᠠᠶ᠋ᠢᠴᠠᠭ᠋ᠠᠯᠲᠠ ᠵᠢ ᠵᠣᠬᠢᠶᠠᠨ ᠪᠠᠶ᠋ᠢᠭᠤᠯᠵᠣ ᠥᠷᠨᠢᠭᠦᠯᠬᠦ ᠬᠡᠷᠡᠭᠲᠡᠶ᠃

      ᠠᠷᠪᠠ ᠶᠢᠰᠦᠳᠦᠭᠡᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠡᠷᠡᠭᠦᠯ ᠬᠠᠮᠠᠭ᠋ᠠᠯᠠᠯ ᠡᠷᠡᠭᠦᠯ ᠮᠡᠨᠳᠤ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠂ ᠡᠳ᠋᠎ᠤᠨ ᠵᠠᠰᠠᠭ᠂ ᠳᠣᠲᠣᠭ᠋ᠠᠳᠤ ᠵᠢ ᠬᠠᠮᠠᠭ᠋ᠠᠯᠠᠬᠤ ᠵᠡᠷᠭᠡ ᠰᠠᠯᠠᠭ᠎ᠠ ᠮᠥᠴᠢᠷ᠎ᠲᠠᠢ ᠬᠠᠮᠳᠣᠷᠠᠵᠣ ᠬᠤᠯᠪᠣᠭ᠋ᠠᠯᠠᠨ ᠪᠠᠶ᠋ᠢᠴᠠᠭ᠋ᠠᠬᠤ ᠠᠵᠢᠯ ᠥᠷᠨᠢᠭᠦᠯᠵᠦ ᠪᠣᠯᠤᠨ᠎ᠠ᠃ ᠣᠷᠣᠨ ᠪᠦᠰᠡ ᠠᠯᠤᠰᠯᠠᠭᠰᠠᠨ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠦ ᠵᠢ ᠬᠡᠷᠩᠯᠡᠭᠰᠡᠨ ᠦᠢ᠍ᠯᠨ ᠠᠵᠢᠯᠯᠠᠭ᠎ᠠ᠎ᠳᠤ᠂ ᠬᠠᠮᠲᠤ ᠵᠢᠨ ᠳᠡᠭᠡᠳᠣ ᠨᠢᠭᠡ ᠱᠠᠲᠤᠨ᠎ᠤ ᠡᠮᠴᠢᠯᠡᠭᠡᠨ᠎ᠤ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠵᠢᠭ᠋ᠠᠨ ᠲᠣᠭᠲᠠᠭ᠋ᠠᠭᠰᠠᠨ ᠡᠮᠴᠢᠯᠡᠭᠡᠨ᠎ᠤ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠪᠠᠶ᠋ᠢᠴᠠᠭ᠋ᠠᠯᠳᠡ ᠬᠢᠭᠦ ᠬᠡᠷᠩᠳᠠᠢ᠃

      ᠬᠤᠷᠢᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠬᠢᠨᠠᠯᠲᠠ ᠲᠠᠯᠪᠢᠵᠤ ᠪᠠᠶ᠋ᠢᠴᠠᠭ᠋ᠠᠬᠤ ᠵᠢ ᠬᠡᠷᠡᠭᠵᠢᠭᠦᠯᠬᠦ᠎ᠳᠤ ᠳᠣᠣᠷᠠᠬᠢ ᠠᠷᠭ᠎ᠠ ᠬᠡᠮᠵᠢᠶ᠎ᠡ ᠵᠢ ᠠᠪᠴᠤ ᠪᠣᠯᠤᠨ᠎ᠠ᠄

     (ᠨᠢᠭᠡ) ᠲᠤᠬᠠᠶ ᠵᠢᠨ ᠲᠠᠯᠠᠪᠤᠷ᠎ᠲᠤ ᠪᠠᠶ᠋ᠢᠴᠠᠭ᠋ᠠᠬᠤ;

     (ᠬᠤᠶᠠᠷ) ᠬᠤᠯᠪᠣᠭᠳᠠᠯ ᠪᠦᠬᠦᠢ ᠬᠥᠮᠦᠰ᠎ᠠᠴᠠ ᠯᠠᠪᠯᠬᠤ;

     (ᠭᠤᠷᠪᠠ) ᠪᠠᠶ᠋ᠢᠴᠠᠭ᠋ᠠᠭᠳᠠᠬᠤ ᠡᠲᠡᠭᠡᠳ᠎ᠢ ᠱᠠᠭ᠋ᠠᠷᠳᠠᠵᠣ ᠪᠠᠶ᠋ᠢᠭ᠋ᠠᠣᠨ ᠪᠠᠶ᠋ᠢᠴᠠᠭ᠋ᠠᠬᠤ ᠵᠦᠢ᠍ᠯᠡᠰ᠎ᠲᠠᠢ ᠬᠤᠯᠪᠣᠭᠳᠠᠭᠰᠠᠨ ᠪᠢᠴᠢᠭ ᠮᠠᠲ᠋ᠧᠷᠢᠶᠠᠯ᠎ᠢ ᠬᠠᠩᠭ᠋ᠠᠯᠭ᠋ᠠᠬᠤ ᠵᠢᠨ ᠬᠠᠮᠲᠤ ᠲᠠᠶ᠋ᠢᠯᠪᠤᠷᠢᠯᠠᠯᠲᠠ ᠪᠠ ᠲᠣᠳᠣᠷᠬᠠᠶ᠋ᠢᠯᠠᠯᠲᠠ ᠬᠢᠯᠭᠡᠬᠦ;

     (ᠲᠥᠷᠪᠠ) ᠲᠡᠮᠳᠡᠭᠯᠡᠬᠦ᠂ ᠲᠡᠭᠤ ᠰᠢᠩᠭᠡᠭᠡᠬᠦ᠂ ᠳᠦᠷᠰᠦ ᠰᠢᠩᠭᠡᠭᠡᠬᠦ᠂ ᠭᠡᠷᠡᠯ ᠵᠢᠷᠤᠭ ᠠᠪᠬᠤ ᠪᠤᠶᠤ ᠪᠠᠭᠤᠯᠭ᠋ᠠᠨ ᠠᠪᠬᠤ ᠵᠡᠷᠭᠡ ᠠᠷᠭ᠎ᠠ ᠮᠠᠶᠢᠭ ᠵᠶ᠋ᠠᠷ ᠬᠤᠯᠪᠣᠭᠳᠠᠯ ᠪᠦᠬᠦᠢ ᠪᠠᠶ᠋ᠢᠳᠠᠯ ᠪᠠ ᠮᠠᠲ᠋ᠧᠷᠢᠶᠠᠯ᠎ᠢ ᠴᠤᠭᠯᠠᠭᠤᠯᠬᠤ;

     (ᠲᠠᠪᠤ) ᠰᠢᠯᠵᠢᠭᠦᠯᠬᠦ᠂ ᠨᠢᠭᠤᠬᠤ ᠪᠤᠶᠤ ᠦᠭᠡᠶ᠋ᠢᠰᠭᠡᠵᠣ ᠬᠠᠶᠠᠵᠣ ᠮᠡᠳᠡᠬᠦ ᠮᠠᠲ᠋ᠧᠷᠢᠶᠠᠯ ᠵᠡᠷᠭᠡ ᠵᠢ ᠪᠢᠲᠡᠭᠦᠮᠵᠢᠯᠡᠨ ᠬᠠᠳᠠᠭ᠋ᠠᠯᠠᠬᠤ;

     (ᠵᠢᠷᠭᠤᠭ᠎ᠠ) ᠨᠥᠬᠦᠴᠡᠯ᠎ᠳᠤ ᠨᠡᠶ᠋ᠢᠴᠡᠬᠦ ᠨᠢᠭᠲᠠᠯᠠᠨ ᠪᠤᠳᠤᠭᠴᠢ ᠵᠢᠨ ᠬᠡᠷᠡᠭ ᠡᠷᠬᠢᠯᠡᠬᠦ ᠭᠠᠵᠠᠷ ᠵᠡᠷᠭᠡ ᠭᠤᠷᠪᠠᠳᠠᠬᠢ ᠡᠲᠡᠭᠡᠳ᠎ᠤᠨ ᠪᠠᠶ᠋ᠢᠭᠤᠯᠤᠮᠵᠢ ᠪᠠ ᠲᠤᠰᠬᠠᠢ ᠮᠡᠷᠭᠡᠵᠢᠯ᠎ᠤᠨ ᠠᠵᠢᠯᠳᠠᠨ᠎ᠢ ᠤᠷᠢᠵᠤ ᠪᠠᠶ᠋ᠢᠴᠠᠭ᠋ᠠᠯᠲᠠ᠎ᠪᠠᠨ ᠬᠠᠮᠵᠢᠨ ᠥᠷᠨᠢᠭᠦᠯᠬᠦ;

     (ᠲᠤᠯᠤᠭ᠎ᠠ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠠᠷᠭ᠎ᠠ ᠬᠡᠮᠵᠢᠶ᠎ᠡ᠃

      ᠬᠤᠷᠢᠨ ᠨᠢᠭᠡᠳᠦᠭᠡᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠨᠥᠬᠦᠴᠡᠯ᠎ᠳᠤ ᠨᠡᠶ᠋ᠢᠴᠡᠬᠦ ᠵᠣᠬᠢᠶᠠᠨ ᠪᠠᠶ᠋ᠢᠭᠤᠯᠤᠯᠲᠠ᠎ᠳᠤ ᠬᠠᠤᠯᠢ ᠶᠣᠰᠣᠭ᠋ᠠᠷ ᠨᠠᠶ᠋ᠢᠳᠠᠵᠤ ᠡᠮᠴᠢᠯᠡᠭᠡᠨ᠎ᠤ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯ ᠥᠷᠨᠢᠭᠦᠯᠵᠦ ᠪᠣᠯᠤᠨ᠎ᠠ᠃

      ᠬᠤᠷᠢᠨ ᠬᠤᠶᠠᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠬᠢᠨᠠᠯᠲᠠ ᠲᠠᠯᠪᠢᠵᠤ ᠪᠠᠶ᠋ᠢᠴᠠᠭ᠋ᠠᠬᠤ᠎ᠳᠤ ᠪᠠᠶ᠋ᠢᠴᠠᠭ᠋ᠠᠭᠳᠠᠬᠤ ᠡᠲᠡᠭᠡᠳ᠎ᠨᠢ ᠬᠠᠮᠵᠢᠵᠤ᠂ ᠬᠠᠮᠢᠶ᠎ᠠ ᠪᠥᠬᠦᠢ ᠮᠠᠲ᠋ᠧᠷᠢᠶᠠᠯ ᠪᠠ ᠮᠡᠳᠡᠭᠡ ᠵᠠᠩᠭᠢ᠎ᠪᠠᠨ ᠦᠨᠡᠨ ᠮᠥᠨ ᠵᠶ᠋ᠠᠷ᠎ᠨᠢ ᠬᠠᠩᠭ᠋ᠠᠬᠤ ᠬᠡᠷᠡᠭᠲᠡᠶ᠂ ᠪᠠᠶ᠋ᠢᠴᠠᠭ᠋ᠠᠬᠤ ᠵᠢ ᠲᠡᠪᠴᠢᠬᠦ᠂ ᠬᠠᠷᠰᠢᠯᠠᠬᠤ ᠪᠤᠶᠤ ᠬᠤᠳᠠᠯ ᠵᠶ᠋ᠠᠷ ᠮᠡᠳᠡᠭᠦᠯᠬᠦ᠂ ᠳᠠᠷᠤᠭ᠋ᠠᠳ ᠮᠡᠳᠡᠭᠦᠯᠬᠦ ᠥᠭᠡᠢ ᠪᠠᠶ᠋ᠢᠵᠤ ᠪᠣᠯᠬᠤ ᠥᠭᠡᠢ᠃

      ᠬᠤᠷᠢᠨ ᠭᠤᠷᠪᠠᠳᠤᠭ᠋ᠠᠷ ᠵᠦᠢ᠍ᠯ ᠡᠮᠴᠢᠯᠡᠭᠡᠨ᠎ᠤ ᠪᠠᠲᠤᠯᠠᠭ᠎ᠠ ᠵᠡᠷᠭᠡ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠵᠢᠴᠢ ᠲᠡᠳᠡᠭᠡᠷ᠎ᠤᠨ ᠠᠵᠢᠯᠲᠠᠨ᠂ ᠡᠮᠴᠢᠯᠡᠭᠡᠨ᠎ᠤ ᠪᠠᠲᠤᠯᠠᠭ᠎ᠠ ᠵᠢᠨ ᠭᠠᠷᠳᠠᠨ ᠭᠦᠢ᠍ᠴᠡᠣᠡᠭᠡᠭᠦ ᠪᠠᠶ᠋ᠢᠭᠤᠯᠤᠮᠵᠢ᠂ ᠨᠢᠭᠲᠠᠯᠠᠨ ᠪᠣᠳᠣᠭᠴᠢ ᠵᠢᠨ ᠬᠡᠷᠡᠭ ᠡᠷᠬᠢᠯᠡᠬᠦ ᠭᠠᠵᠠᠷ ᠵᠡᠷᠭᠡ ᠪᠠᠶ᠋ᠢᠭᠤᠯᠤᠮᠵᠢ ᠵᠢᠴᠢ ᠲᠡᠳᠡᠭᠡᠷ᠎ᠤᠨ ᠠᠵᠢᠯᠳᠡᠣᠨ ᠠᠵᠢᠯ᠎ᠤᠨ ᠳᠤᠮᠳᠠ᠎ᠪᠠᠨ ᠣᠯᠵᠤ ᠮᠡᠳᠡᠭᠰᠡᠨ ᠪᠠᠶ᠋ᠢᠴᠠᠭ᠋ᠠᠭᠳᠠᠬᠤ ᠡᠲᠡᠭᠡᠳ᠎ᠤᠨ ᠮᠠᠲ᠋ᠧᠷᠢᠶᠠᠯ ᠪᠤᠶᠤ ᠬᠤᠯᠪᠣᠭᠳᠠᠯ ᠪᠦᠬᠦᠢ ᠮᠡᠳᠡᠭᠡ ᠵᠠᠩᠭᠢ ᠵᠢ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠦᠩᠭᠦᠨ᠎ᠤ ᠬᠡᠷᠡᠭᠯᠡᠯᠲᠡ ᠵᠢ ᠬᠢᠨᠠᠵᠤ ᠬᠠᠮᠢᠶᠠᠷᠬᠤ᠎ᠠᠴᠠ ᠭᠠᠳᠠᠨᠠᠬᠢ ᠪᠤᠰᠤᠳ ᠵᠣᠷᠢᠯᠭ᠎ᠠ᠎ᠪᠠᠷ ᠬᠡᠷᠡᠭᠯᠡᠵᠦ ᠪᠣᠯᠬᠤ ᠦᠭᠡᠢ᠂ ᠲᠤᠬᠠᠶ ᠵᠢᠨ ᠬᠥᠮᠦᠨ᠎ᠤ ᠬᠤᠪᠢ ᠵᠢᠨ ᠮᠡᠳᠡᠭᠡ ᠵᠠᠩᠭᠢ ᠪᠠ ᠬᠤᠳᠠᠯᠳᠤᠭ᠋ᠠᠨ᠎ᠤ ᠨᠢᠭᠤᠴᠠ ᠵᠢ ᠵᠠᠳᠠᠷᠠᠭᠤᠯᠵᠤ ᠥᠭᠡᠷᠡᠲᠦᠭᠦᠯᠵᠦ ᠰᠦᠢ᠍ᠳᠬᠡᠵᠦ᠂ ᠬᠠᠤᠯᠢ ᠪᠤᠰᠤ᠎ᠪᠠᠷ ᠪᠤᠰᠤᠳ᠎ᠲᠤ ᠬᠠᠩᠭ᠋ᠠᠨ ᠥᠭᠴᠥ ᠪᠣᠯᠬᠤ ᠦᠭᠡᠢ᠃

      ᠬᠤᠷᠢᠨ ᠳᠥᠷᠪᠡᠳᠦᠭᠡᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠦᠩᠭᠦᠨ᠎ᠤ ᠬᠡᠷᠡᠭᠯᠡᠯᠲᠡ᠎ᠳᠤ ᠬᠢᠨᠠᠯᠲᠠ ᠲᠠᠯᠪᠢᠵᠤ ᠪᠠᠶ᠋ᠢᠴᠠᠭ᠋ᠠᠭᠰᠠᠨ ᠦᠷ᠎ᠡ ᠳ᠋ᠦᠩ ᠵᠶ᠋ᠠᠨ ᠲᠣᠭᠲᠠᠮᠠᠯ ᠬᠤᠭᠤᠴᠠᠭ᠎ᠠ᠎ᠲᠠᠢ᠎ᠪᠠᠷ ᠨᠡᠶ᠋ᠢᠭᠡᠮ᠎ᠳᠤ ᠨᠡᠶ᠋ᠢᠲᠡᠯᠡᠵᠦ᠂ ᠨᠡᠶ᠋ᠢᠭᠡᠮ᠎ᠤᠨ ᠬᠢᠨᠠᠯᠲᠠ ᠲᠠᠯᠪᠢᠯᠲᠠ ᠵᠢ ᠬᠦᠯᠢᠶᠡᠬᠦ ᠬᠡᠷᠡᠭᠲᠡᠶ᠃

      ᠬᠤᠷᠢᠨ ᠲᠠᠪᠤᠳᠤᠭ᠋ᠠᠷ ᠵᠦᠢ᠍ᠯ ᠶᠠᠮᠠᠷᠪᠠ ᠵᠣᠬᠢᠶᠠᠨ ᠪᠠᠶ᠋ᠢᠭᠤᠯᠤᠯᠲᠠ ᠪᠠ ᠬᠤᠪᠢ ᠬᠥᠮᠦᠨ ᠭᠡᠣᠨ ᠴᠥᠮ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠦᠩᠭᠦᠨ᠎ᠤ ᠬᠡᠷᠡᠭᠯᠡᠯᠲᠡ ᠵᠢᠨ ᠬᠢᠨᠠᠵᠤ ᠬᠠᠮᠢᠶᠠᠷᠬᠤ ᠶᠠᠪᠤᠴᠠ᠎ᠳᠠᠬᠢ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠠᠵᠢᠯᠯᠠᠭ᠎ᠠ ᠵᠢ ᠡᠮᠴᠢᠯᠡᠭᠡᠨ᠎ᠤ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠢᠯᠡᠴᠢᠯᠡᠨ ᠮᠡᠳᠡᠭᠦᠯᠵᠦ᠂ ᠵᠠᠭ᠋ᠠᠯᠳᠤᠬᠤ ᠡᠷᠬᠡ᠎ᠲᠠᠢ᠃ ᠢᠯᠡᠴᠢᠯᠡᠨ ᠮᠡᠳᠡᠭᠦᠯᠦᠯᠲᠡ᠂ ᠵᠠᠭ᠋ᠠᠯᠳᠤᠯᠭ᠎ᠠ ᠵᠢ ᠬᠦᠯᠢᠶᠡᠨ ᠠᠪᠤᠭᠰᠠᠨ ᠨᠢᠭᠡᠴᠢ᠎ᠨᠢ ᠴᠠᠭ ᠲᠤᠬᠠᠶ᠎ᠳᠤ᠎ᠨᠢ ᠪᠠᠶ᠋ᠢᠴᠠᠭ᠋ᠠᠨ ᠰᠢᠢ᠍ᠳᠪᠦᠷᠢᠯᠡᠵᠦ᠂ ᠪᠠᠶ᠋ᠢᠴᠠᠭ᠋ᠠᠨ ᠰᠢᠢ᠍ᠳᠪᠦᠷᠢᠯᠡᠭᠰᠡᠨ ᠦᠷ᠎ᠡ ᠳ᠋ᠦᠩ ᠵᠶ᠋ᠠᠨ ᠢᠯᠡᠴᠢᠯᠡᠨ ᠮᠡᠳᠡᠭᠦᠯᠦᠭᠴᠢ᠂ ᠵᠠᠭ᠋ᠠᠯᠳᠤᠭᠴᠢ᠎ᠳᠤ ᠬᠠᠷᠢᠭᠤ ᠲᠤᠰᠬᠠᠬᠤ ᠬᠡᠷᠡᠭᠲᠡᠶ᠃ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠦᠨᠡᠨ ᠪᠣᠳᠠᠲᠠᠶ ᠢᠯᠡᠴᠢᠯᠡᠨ ᠮᠡᠳᠡᠭᠦᠯᠦᠭᠰᠡᠨ᠎ᠢ᠎ᠨᠢ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠤᠯᠪᠣᠭᠳᠠᠯ ᠪᠥᠬᠦᠢ ᠲᠣᠭᠲᠠᠭ᠋ᠠᠯ ᠶᠣᠰᠣᠭ᠋ᠠᠷ ᠱᠠᠩᠨᠠᠬᠤ ᠬᠡᠷᠡᠭᠲᠡᠶ᠃

      ᠬᠤᠷᠢᠨ ᠵᠢᠷᠭᠤᠳᠤᠭ᠋ᠠᠷ ᠵᠦᠢ᠍ᠯ ᠲᠤᠰ ᠠᠷᠭ᠎ᠠ ᠵᠢᠨ ᠲᠣᠭᠲᠠᠭ᠋ᠠᠯ᠎ᠠᠴᠠ ᠵᠥᠷᠢᠴᠡᠭᠰᠡᠨ ᠥᠢ᠍ᠯᠡ ᠠᠵᠢᠯᠯᠠᠭ᠎ᠠ ᠵᠢ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠨᠡᠶ᠋ᠢᠭᠡᠮ᠎ᠤᠨ ᠳᠠᠭ᠋ᠠᠳᠬᠠᠯ᠎ᠤᠨ ᠬᠠᠤᠯᠢ》 《ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠦ ᠵᠢᠨ ᠬᠡᠷᠡᠭᠯᠡᠯᠲᠡ ᠵᠢ ᠬᠢᠨᠠᠨ ᠬᠠᠮᠢᠶᠠᠷᠬᠤ ᠲᠥᠷᠢᠮ》 ᠵᠡᠷᠭᠡ ᠬᠤᠯᠪᠣᠭᠳᠠᠯ ᠪᠥᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠨᠢᠭᠡᠨᠲᠡ ᠰᠢᠳᠬᠡᠨ ᠲᠣᠷᠭ᠋ᠠᠬᠤ ᠲᠣᠭᠲᠠᠭ᠋ᠠᠯ ᠭᠠᠷᠭ᠋ᠠᠭᠰᠠᠨ ᠪᠠᠶ᠋ᠢᠪᠠᠯ᠂ ᠲᠡᠷᠡ ᠬᠦ᠌ ᠲᠣᠭᠲᠠᠭ᠋ᠠᠯ ᠵᠶ᠋ᠠᠷ ᠬᠡᠷᠩᠵᠢᠭᠦᠯᠭᠦ ᠬᠡᠷᠩᠳᠠᠢ᠃

      ᠬᠤᠷᠢᠨ ᠳᠣᠯᠣᠳᠤᠭ᠋ᠠᠷ ᠵᠦᠢ᠍ᠯ ᠠᠵᠢᠯᠲᠠᠨ ᠠᠵᠢᠯᠴᠢᠨ᠎ᠤ ᠶᠡᠭᠡ ᠲᠣᠭ᠋ᠠᠨ᠎ᠤ ᠡᠮᠴᠢᠯᠡᠭᠡᠨ᠎ᠤ ᠵᠠᠷᠤᠳᠠᠯ᠎ᠤᠨ ᠨᠥᠬᠦᠪᠥᠷᠢ᠂ ᠠᠯᠪᠠᠲᠠᠨ᠎ᠤ ᠡᠮᠴᠢᠯᠡᠭᠡᠨ᠎ᠤ ᠨᠥᠬᠦᠪᠥᠷᠢ ᠵᠡᠷᠭᠡ ᠡᠮᠴᠢᠯᠡᠭᠡᠨ᠎ᠤ ᠪᠠᠲᠤᠯᠠᠭ᠎ᠠ ᠵᠢᠨ ᠪᠠᠯᠠ ᠮᠦᠩᠭᠦᠨ᠎ᠤ ᠬᠡᠷᠡᠭᠯᠡᠯᠲᠡ ᠵᠢᠨ ᠬᠢᠨᠠᠯᠲᠠ ᠬᠠᠮᠢᠶᠠᠷᠤᠯᠲᠠ ᠵᠢ ᠲᠣᠰ ᠠᠷᠭ᠎ᠠ᠎ᠪᠠᠷ ᠯᠠᠪᠯᠠᠯᠲᠠ ᠪᠣᠯᠭ᠋ᠠᠨ ᠬᠡᠷᠩᠵᠢᠭᠦᠯᠭᠦ ᠬᠡᠷᠩᠳᠠᠢ᠃ ᠰᠠᠭᠤᠭ᠋ᠠᠯᠢ ᠠᠷᠠᠳ᠎ᠤᠨ ᠬᠦᠨᠳᠦ ᠡᠪᠡᠳᠴᠢᠨ᠎ᠤ ᠳᠠᠭ᠋ᠠᠳᠬᠠᠯ᠎ᠤᠨ ᠪᠡᠯᠡ ᠮᠦᠩᠭᠦᠨ᠎ᠤ ᠬᠡᠷᠡᠭᠯᠡᠯᠲᠡ ᠵᠢ ᠤᠯᠤᠰ᠎ᠤᠨ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠡᠷᠩᠵᠢᠭᠦᠯᠭᠦ ᠬᠡᠷᠩᠳᠠᠢ᠂ ᠡᠮᠴᠢᠯᠡᠭᠡᠨ᠎ᠤ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠬᠢᠨᠠᠯᠲᠠ ᠲᠠᠯᠪᠢᠬᠤ᠎ᠪᠠᠨ ᠴᠢᠩᠭ᠋ᠠᠳᠬᠠᠬᠤ ᠬᠡᠷᠡᠭᠲᠡᠶ᠃  

      ᠬᠤᠷᠢᠨ ᠨᠠᠢ᠍ᠮᠠᠳᠤᠭ᠋ᠠᠷ ᠵᠦᠢ᠍ᠯ ᠲᠣᠰ ᠠᠷᠭ᠎ᠠ ᠵᠢ 2021 ᠣᠨ᠎ᠤ 8 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃
 
   

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠦᠩᠭᠦᠨ᠎ᠤ ᠬᠡᠷᠡᠭᠯᠡᠯᠲᠡ ᠵᠢᠨ ᠬᠢᠨᠠᠯᠲᠠ ᠬᠠᠮᠢᠶᠠᠷᠣᠯᠳᠡ ᠵᠢᠨ ᠠᠷᠭ᠎ᠠ
ᠬᠦᠴᠢᠷᠳᠡᠯᠲᠡᠢ ᠬᠦᠮᠦᠰ᠎ᠲᠤ ᠨᠦᠬᠦᠪᠦᠷᠢ ᠣᠯᠭᠤᠨ᠎ᠠ
ᠰᠤᠷᠭ᠋ᠠᠨ ᠬᠥᠮᠦᠵᠢᠯ᠎ᠤᠨ ᠶᠠᠮᠤᠨ᠎ᠤ ᠰᠢᠨ᠎ᠡ ᠵᠠᠷᠯᠠᠯ!
2023 ᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠭᠣᠤᠯᠳᠠᠯᠭ᠎ᠠ᠎ᠲᠠᠢ ᠠᠵᠢᠯ᠎ᠤᠨ ᠲᠤᠬᠠᠢ ᠲᠠᠢ᠌ᠯᠤᠮᠵᠢ
ᠠᠯᠪᠠᠨ ᠵᠢᠷᠤᠮ᠎ᠤᠨ ᠮᠣᠳᠣ ᠳᠠᠷᠢᠬᠤ ᠲᠤᠬᠠᠶ ᠲᠠᠢ᠌ᠯᠤᠮᠵᠢ
 
             蒙ICP备05000248号