ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠠᠯᠪᠠᠨ ᠮᠡᠳᠡᠭᠡ
ᠰᠤᠷᠭ᠋ᠠᠨ ᠬᠥᠮᠦᠵᠢᠯ᠎ᠤᠨ ᠶᠠᠮᠤᠨ᠎ᠤ ᠰᠢᠨ᠎ᠡ ᠵᠠᠷᠯᠠᠯ!
ᠨᠡᠶ᠋ᠢᠲᠡᠯᠡᠭᠰᠡᠨ ᠴᠠᠭ᠄ 2022-09-22

      ᠰᠤᠷᠭ᠋ᠠᠨ ᠬᠥᠮᠦᠵᠢᠯ᠎ᠤᠨ ᠶᠠᠮᠤᠨ᠎ᠤ ᠠᠯᠪᠠᠨ ᠲᠢᠩᠬᠢᠮ ᠮᠡᠳᠡᠭᠳᠡᠯ ᠨᠡᠶ᠋ᠢᠲᠡᠯᠡᠵᠦ᠂ 2022 — 2025 ᠰᠤᠷᠤᠯᠭ᠎ᠠ ᠵᠢᠨ ᠣᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠲᠤ ᠬᠠᠨᠳᠤᠭᠤᠯᠤᠭᠰᠠᠨ ᠪᠥᠬᠦ ᠤᠯᠤᠰ᠎ᠤᠨ ᠴᠢᠨᠠᠷᠲᠠᠶ ᠤᠷᠤᠯᠳᠤᠭ᠋ᠠᠨ᠎ᠤ ᠠᠵᠢᠯᠯᠠᠭ᠋ᠠᠨ᠎ᠤ ᠨᠡᠷᠡᠰ᠎ᠢ ᠨᠡᠶ᠋ᠢᠲᠡᠯᠡᠪᠡ᠃

     《〈ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠲᠤ ᠬᠠᠨᠳᠤᠭᠤᠯᠤᠭᠰᠠᠨ ᠪᠥᠬᠦ ᠤᠯᠤᠰ᠎ᠤᠨ ᠴᠢᠨᠠᠷᠲᠠᠶ ᠤᠷᠤᠯᠳᠤᠭ᠋ᠠᠨ᠎ᠤ ᠠᠵᠢᠯᠯᠠᠭ᠋ᠠᠨ᠎ᠤ ᠬᠠᠮᠢᠶᠠᠷᠤᠯᠲᠠ ᠵᠢᠨ ᠠᠷᠭ᠎ᠠ〉 ᠵᠢ ᠳᠠᠷᠤᠮᠠᠯᠯᠠᠨ ᠲᠠᠷᠬᠠᠭ᠋ᠠᠬᠤ ᠲᠤᠬᠠᠶ ᠰᠤᠷᠭ᠋ᠠᠨ ᠬᠥᠮᠦᠵᠢᠯ᠎ᠤᠨ ᠶᠠᠮᠤᠨ᠎ᠤ ᠠᠯᠪᠠᠨ ᠲᠢᠩᠬᠢᠮ ᠵᠡᠷᠭᠡ ᠳᠥᠷᠪᠡᠨ ᠰᠠᠯᠠᠭ᠎ᠠ ᠮᠥᠴᠢᠷ᠎ᠤᠨ ᠮᠡᠳᠡᠭᠳᠡᠯ》᠎ᠤᠨ ᠵᠣᠷᠢᠭ ᠰᠠᠨᠠᠭ᠎ᠠ ᠵᠢ ᠦᠨᠳᠦᠰᠦᠯᠡᠵᠦ᠂ ᠭᠤᠤᠯᠯᠠᠨ ᠡᠷᠭᠢᠯᠡᠭᠰᠡᠨ ᠨᠢᠭᠡᠴᠡ᠎ᠠᠴᠠ ᠪᠡᠶ᠎ᠡ᠎ᠪᠠᠨ ᠳᠠᠭ᠋ᠠᠭ᠋ᠠᠵᠤ ᠭᠤᠶᠤᠴᠢᠯᠠᠨ ᠮᠡᠳᠡᠭᠦᠯᠵᠦ᠂ ᠲᠤᠰᠬᠠᠶ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠵᠤ ᠬᠢᠨᠠᠨ ᠰᠢᠯᠭ᠋ᠠᠷᠠᠭᠤᠯᠬᠤ ᠪᠣᠭᠤᠮᠲᠠ ᠵᠢ ᠴᠢᠩᠭ᠎ᠠ ᠰᠠᠬᠢᠵᠦ᠂ ᠪᠥᠬᠦ ᠤᠯᠤᠰ᠎ᠤᠨ ᠵᠠᠯᠠᠭᠤᠴᠤᠳ ᠪᠠᠭ᠋ᠠᠴᠤᠳ᠎ᠤᠨ ᠬᠢᠮᠡᠯ ᠤᠶᠤᠨᠲᠦ ᠴᠢᠲᠠᠮᠵᠢ ᠵᠢᠨ ᠰᠢᠨ᠎ᠡ ᠵᠢ ᠡᠭᠦᠳᠬᠦ ᠥᠷᠢᠰᠥᠯᠳᠦᠭᠡᠨ ᠵᠡᠷᠭᠡ 45 ᠵᠥᠢ᠍ᠯ᠎ᠤᠨ ᠤᠷᠤᠯᠳᠤᠭ᠋ᠠᠨ᠎ᠢ 2022 — 2025 ᠰᠤᠷᠤᠯᠭ᠎ᠠ ᠵᠢᠨ ᠣᠨ᠎ᠳᠤ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠲᠤ ᠬᠠᠨᠳᠤᠭᠤᠯᠤᠨ ᠥᠷᠨᠢᠭᠦᠯᠬᠦ ᠪᠥᠬᠦ ᠤᠯᠤᠰ᠎ᠤᠨ ᠴᠢᠨᠠᠷᠲᠠᠶ ᠤᠷᠤᠯᠳᠤᠭ᠋ᠠᠨ᠎ᠤ ᠠᠵᠢᠯᠯᠠᠭ᠎ᠠ ᠪᠣᠯᠭ᠋ᠠᠬᠤ᠎ᠪᠠᠷ ᠲᠥᠯᠥᠪᠯᠡᠵᠦ ᠪᠠᠶ᠋ᠢᠨ᠎ᠠ᠃ ᠡᠷᠭᠢᠯᠡᠬᠦ ᠴᠠᠭ᠎ᠨᠢ ᠵᠠᠷᠴᠢᠮ ᠳᠡᠭᠡᠷ᠎ᠡ᠎ᠪᠠᠨ 2022 ᠣᠨ᠎ᠤ 9 ᠰᠠᠷ᠎ᠠ᠎ᠠᠴᠠ 2025 ᠣᠨ᠎ᠤ 8 ᠰᠠᠷ᠎ᠠ᠂ ᠲᠣᠰ ᠬᠤᠭᠤᠴᠠᠭ᠋ᠠᠨ᠎ᠳᠤ ᠰᠤᠷᠤᠯᠭ᠎ᠠ ᠵᠢᠨ ᠵᠢᠯ ᠪᠦᠷᠢ 1 ᠤᠳᠠᠭ᠎ᠠ᠎ᠠᠴᠠ ᠬᠡᠲᠦᠷᠡᠭᠦᠯᠵᠦ ᠪᠣᠯᠬᠤ ᠥᠬᠡᠶ᠂ ᠨᠡᠶ᠋ᠢᠲᠡ 3 ᠤᠳᠠᠭ᠎ᠠ᠎ᠠᠴᠠ ᠬᠡᠲᠦᠷᠡᠭᠦᠯᠵᠦ ᠪᠣᠯᠬᠤ ᠥᠬᠡᠶ᠃
 

ᠢᠷᠡᠯᠲᠡ᠄ ᠠᠷᠠᠳ᠎ᠤᠨ ᠰᠦᠯᠵᠢᠶ᠎ᠡ
          
ᠬᠠᠮᠢᠶ᠎ᠡ ᠪᠦᠬᠦᠢ ᠰᠣᠨᠢᠨ
2023 ᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠭᠣᠤᠯᠳᠠᠯᠭ᠎ᠠ᠎ᠲᠠᠢ ᠠᠵᠢᠯ᠎ᠤᠨ ᠲᠤᠬᠠᠢ ᠲᠠᠢ᠌ᠯᠤᠮᠵᠢ
ᠠᠯᠪᠠᠨ ᠵᠢᠷᠤᠮ᠎ᠤᠨ ᠮᠣᠳᠣ ᠳᠠᠷᠢᠬᠤ ᠲᠤᠬᠠᠶ ᠲᠠᠢ᠌ᠯᠤᠮᠵᠢ
1– 9 ᠳ᠋ᠦ᠍ᠭᠡᠷ ᠰᠠᠷ᠎ᠠ᠎ᠳᠤ ᠪᠥᠬᠦ ᠣᠷᠣᠨ᠎ᠤ 《ᠲᠠᠪᠤᠨ ᠶᠡᠭᠡ ᠡᠭᠦᠷᠭᠡ》 ᠵᠢ ᠪᠠᠲᠤᠯᠠᠬᠤ ᠵᠠᠷᠤᠯᠭ᠎ᠠ 1767 ᠳ᠋ᠦᠩᠰᠢᠭᠤᠷ ᠲᠥᠭᠦᠷᠢᠭ᠎ᠲᠤ ᠬᠦᠷᠴᠦ ᠡᠩ᠎ᠤᠨ ᠨᠡᠶ᠋ᠢᠲᠡ ᠵᠢᠨ ᠲᠥᠰᠥᠪ᠎ᠤᠨ ᠵᠠᠷᠤᠯᠭ᠎ᠠ ᠵᠢᠨ 38% ᠵᠢ ᠡᠵᠡᠯᠡᠪᠡ
ᠬᠥᠬᠡᠬᠤᠲᠠ ᠪᠤᠭᠤᠲᠤ ᠬᠤᠶᠠᠷ ᠭᠠᠵᠠᠷ 192 ᠵᠦᠢ᠍ᠯ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ 《ᠬᠤᠲᠠ ᠢᠯᠭ᠋ᠠᠬᠤ ᠦᠭᠡᠢ》 ᠭᠥᠯᠢᠶᠡᠨ ᠠᠪᠴᠤ ᠠᠳᠠᠯᠢ ᠪᠠᠷᠢᠮᠵᠢᠶ᠎ᠠ᠎ᠪᠠᠷ ᠭᠦᠢ᠍ᠴᠡᠳᠬᠡᠬᠦ ᠪᠣᠯᠪᠠ
 
             蒙ICP备05000248号