ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠠᠯᠪᠠᠨ ᠮᠡᠳᠡᠭᠡ
ᠬᠥᠬᠡᠬᠤᠲᠠ ᠪᠤᠭᠤᠲᠤ ᠬᠤᠶᠠᠷ ᠭᠠᠵᠠᠷ 192 ᠵᠦᠢ᠍ᠯ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ 《ᠬᠤᠲᠠ ᠢᠯᠭ᠋ᠠᠬᠤ ᠦᠭᠡᠢ》 ᠭᠥᠯᠢᠶᠡᠨ ᠠᠪᠴᠤ ᠠᠳᠠᠯᠢ ᠪᠠᠷᠢᠮᠵᠢᠶ᠎ᠠ᠎ᠪᠠᠷ ᠭᠦᠢ᠍ᠴᠡᠳᠬᠡᠬᠦ ᠪᠣᠯᠪᠠ
ᠨᠡᠶ᠋ᠢᠲᠡᠯᠡᠭᠰᠡᠨ ᠴᠠᠭ᠄ 2024-01-18

 
    
    ᠬᠥᠬᠡᠬᠤᠲᠠ᠂ ᠪᠤᠭᠤᠲᠤ ᠬᠤᠲᠠ ᠵᠢᠨ ᠨᠢᠭᠡ ᠬᠤᠲᠠᠴᠢᠯᠠᠯᠲᠠ ᠵᠢᠨ ᠬᠥᠭᠵᠢᠯᠲᠡ ᠵᠢ ᠲᠦᠷᠭᠡᠳᠬᠡᠬᠦ ᠬᠡᠯᠡᠯᠴᠡᠭᠡᠷ᠎ᠢ ᠨᠠᠶ᠋ᠢᠳᠠᠪᠤᠷᠢᠵᠢᠭᠤᠯᠵᠤ᠂ ᠣᠯᠠᠨ ᠲᠦᠮᠡᠨ ᠪᠠ ᠠᠵᠤ ᠠᠬᠤᠶ᠋ᠢᠯᠠᠯ᠎ᠤᠨ ᠠᠵᠢᠯ ᠶᠠᠪᠤᠳᠠᠯ ᠭᠦᠢ᠍ᠴᠡᠳᠬᠡᠬᠦ ᠱᠠᠭ᠋ᠠᠷᠳᠠᠯᠭ᠎ᠠ ᠵᠢ ᠬᠠᠩᠭ᠋ᠠᠬᠤ ᠵᠢᠨ ᠲᠥᠯᠥᠭᠡ᠂ 1 ᠳ᠋ᠦ᠍ᠭᠡᠷ ᠰᠠᠷ᠎ᠠ ᠵᠢᠨ 3᠎ᠤ ᠡᠳᠦᠷ᠂ ᠬᠥᠬᠡᠬᠤᠲᠠ ᠵᠢᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠪᠠ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ᠎ᠠᠴᠠ ᠪᠤᠭᠤᠲᠤ ᠬᠤᠲᠠ ᠵᠢᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠪᠠ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ᠎ᠲᠠᠢ ᠬᠠᠮᠲᠤᠷᠠᠨ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠵᠢ ᠤᠶᠠᠯᠳᠤᠭᠤᠯᠬᠤ ᠠᠷᠭ᠎ᠠ ᠮᠠᠶᠢᠭ ᠵᠶ᠋ᠠᠷ᠂ ᠲᠦᠷᠦᠭᠦᠤ ᠪᠦᠯᠦᠭ᠎ᠤᠨ 192 ᠵᠦᠢ᠍ᠯ᠎ᠤᠨ ᠨᠡᠶ᠋ᠢᠳᠡᠮ ᠰᠢᠢ᠍ᠳᠪᠦᠷᠢᠯᠡᠬᠦ ᠵᠦᠢ᠍ᠯᠡᠰ᠎ᠢ ᠨᠡᠶ᠋ᠢᠲᠡᠯᠡᠵᠦ᠂ ᠵᠠᠰᠠᠭ ᠵᠠᠬᠢᠷᠭ᠋ᠠᠨ᠎ᠤ ᠲᠠᠰ ᠳᠠᠪᠬᠤᠷᠭ᠎ᠠ᠂ ᠵᠦᠢ᠍ᠯᠡᠰ᠎ᠤᠨ ᠲᠥᠷᠥᠯ ᠬᠡᠯᠪᠡᠷᠢ ᠪᠠ ᠬᠡᠷᠡᠭ ᠡᠷᠭᠢᠯᠡᠬᠦ ᠪᠡᠶᠡᠴᠢ ᠴᠣᠭᠴᠠ ᠵᠡᠷᠭᠡ ᠭᠤᠷᠪᠠᠨ ᠲᠠᠯ᠎ᠠ ᠵᠢ ᠬᠠᠮᠤᠷᠴᠤ᠂ 《ᠬᠤᠲᠠ ᠢᠯᠭ᠋ᠠᠬᠤ ᠦᠭᠡᠢ》᠎ᠪᠠᠷ ᠭᠥᠯᠢᠶᠡᠨ ᠠᠪᠴᠤ᠂ ᠠᠳᠠᠯᠢ ᠪᠠᠷᠢᠮᠵᠢᠶ᠎ᠠ᠎ᠪᠠᠷ ᠭᠦᠢ᠍ᠴᠡᠳᠬᠡᠬᠦ ᠪᠣᠯᠪᠠ᠃ ᠬᠡᠷᠡᠭᠵᠢᠭᠦᠯᠬᠦ ᠶᠠᠪᠤᠴᠠ᠎ᠳᠤ᠂ ᠬᠥᠬᠡᠬᠤᠲᠠ ᠪᠤᠭᠤᠲᠤ ᠬᠤᠶᠠᠷ ᠭᠠᠵᠠᠷ᠎ᠤᠨ᠎ᠬᠢᠨ ᠤᠴᠢᠷ ᠶᠠᠪᠤᠳᠠᠯ᠎ᠤᠨ ᠡᠯᠧᠮᠧᠨ᠋ᠲ᠂ ᠭᠦᠢ᠍ᠴᠡᠳᠬᠡᠬᠦ ᠶᠠᠪᠤᠴᠠ ᠪᠠ ᠭᠦᠢ᠍ᠴᠡᠳᠬᠡᠬᠦ ᠵᠦᠭᠯᠡᠭᠦᠷ᠎ᠢ ᠵᠢᠷᠤᠮᠵᠢᠭᠤᠯᠤᠨ ᠲᠡᠭᠦᠯᠳᠡᠷᠵᠢᠭᠦᠯᠵᠦ᠂ ᠰᠦᠯᠵᠢᠶᠡᠨ ᠳᠡᠭᠡᠷ᠎ᠡ ᠥᠪᠡᠷᠲᠡᠭᠡᠨ ᠵᠠᠰᠠᠬᠤ ᠣᠷᠣᠨ᠎ᠤ ᠨᠢᠭᠡ ᠴᠣᠭᠴᠠᠵᠢᠭᠰᠠᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠎ᠳᠤ ᠲᠦᠰᠢᠭᠯᠡᠨ᠂ ᠮᠥᠩᠬᠡ ᠰᠤᠪᠠᠭ App᠂ ᠥᠪᠥᠷ ᠮᠣᠩᠭᠤᠯ᠎ᠤᠨ ᠡᠮᠴᠢᠯᠡᠭᠡᠨ᠎ᠤ ᠳᠠᠭ᠋ᠠᠳᠬᠠᠯ᠎ᠤᠨ App᠂ 《ᠥᠪᠥᠷ ᠮᠣᠩᠭᠤᠯ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ》 ᠵᠢᠵᠢᠭ ᠫᠷᠣᠭ᠌ᠷᠠᠮ ᠵᠶ᠋ᠠᠷ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠨᠢᠭᠡᠳᠦᠯᠲᠡᠢ ᠬᠠᠩᠭ᠋ᠠᠪᠠ; ᠰᠦᠯᠵᠢᠶᠡᠨ ᠭᠠᠳᠠᠨ᠎ᠠ ᠬᠤᠲᠠ᠂ ᠲᠣᠭᠤᠷᠢᠭ (ᠬᠤᠰᠢᠭᠤ ᠰᠢᠶᠠᠨ)᠎ᠤᠨ ᠬᠤᠶᠠᠷ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠶᠡᠭᠡ ᠲᠢᠩᠬᠢᠮ ᠵᠢᠴᠢ ᠡᠮᠴᠢᠯᠡᠭᠡᠨ᠎ᠤ ᠪᠠᠲᠤᠯᠠᠭ᠎ᠠ᠂ ᠨᠡᠶ᠋ᠢᠭᠡᠮ᠎ᠤᠨ ᠳᠠᠭ᠋ᠠᠳᠬᠠᠯ᠂ ᠬᠢᠯᠢ᠎ᠪᠠᠷ ᠣᠷᠣᠵᠤ ᠭᠠᠷᠬᠤ ᠵᠡᠷᠭᠡ ᠲᠤᠰᠬᠠᠢ ᠬᠤᠪᠢᠶᠠᠷᠢ ᠲᠢᠩᠬᠢᠮ᠎ᠳᠤ ᠨᠡᠶ᠋ᠢᠳᠡᠮ ᠭᠦᠢ᠍ᠴᠡᠳᠬᠡᠬᠦ ᠴᠣᠩᠬᠤ ᠲᠣᠬᠢᠷᠠᠭᠤᠯᠵᠤ᠂ 《ᠣᠨᠳᠣᠣ ᠭᠠᠵᠠᠷ᠎ᠲᠤ ᠮᠠᠲ᠋ᠧᠷᠢᠶᠠᠯ ᠭᠥᠯᠢᠶᠡᠨ ᠠᠪᠬᠤ — ᠴᠣᠩᠬᠤ᠎ᠪᠠᠷ ᠠᠩᠬ᠎ᠠ ᠬᠢᠨᠠᠬᠤ — ᠬᠠᠷᠢᠶ᠎ᠠ ᠭᠠᠵᠠᠷ ᠰᠢᠯᠵᠢᠭᠦᠯᠦᠨ ᠭᠦᠢ᠍ᠴᠡᠳᠬᠡᠬᠦ — ᠬᠠᠷᠢᠶ᠎ᠠ ᠭᠠᠵᠠᠷ ᠬᠢᠨᠠᠨ ᠬᠠᠷᠭᠤᠭᠤᠯᠬᠤ — ᠬᠢᠨᠠᠨ ᠵᠥᠪᠰᠢᠶᠡᠷᠡᠵᠦ ᠲᠣᠭᠲᠠᠭ᠋ᠠᠬᠤ — ᠦᠨᠡᠮᠯᠡᠯ ᠭᠠᠷᠭ᠋ᠠᠨ ᠬᠦᠷᠭᠡᠬᠦ》 ᠴᠤᠪᠤᠷᠠᠯ ᠶᠣᠰᠣᠭ᠋ᠠᠷ᠂ ᠠᠵᠢᠯ ᠭᠦᠢ᠍ᠴᠡᠳᠭᠡᠭᠴᠢ᠎ᠳᠤ ᠥᠪᠡᠰᠦᠪᠡᠨ ᠦᠢ᠍ᠯᠡᠴᠢᠯᠡᠬᠦ ᠦᠵᠦᠭᠦᠷ ᠪᠠ ᠶᠡᠷᠦᠩᠬᠡᠶ᠋ᠢᠯᠡᠭᠰᠡᠨ ᠴᠣᠩᠬᠤ᠎ᠪᠠᠷ ᠬᠢᠨᠠᠨ ᠵᠥᠪᠰᠢᠶᠡᠷᠡᠬᠦ ᠦᠢ᠍ᠯᠡᠴᠢᠯᠡᠭᠡ ᠬᠠᠩᠭ᠋ᠠᠨ᠎ᠠ᠃ ᠡᠭᠦᠨ᠎ᠤ ᠵᠡᠷᠭᠡ᠎ᠳᠤ᠂ 《ᠣᠷᠣᠨ ᠪᠦᠰᠡ ᠠᠯᠤᠰᠯᠠᠭᠰᠠᠨ ᠨᠡᠶ᠋ᠢᠳᠡᠮ ᠭᠦᠢ᠍ᠴᠡᠳᠬᠡᠬᠦ ᠲᠤᠰᠬᠠᠢ ᠴᠣᠩᠬᠤᠨ᠎ᠤ ᠲᠠᠪᠴᠠᠩ》 ᠵᠶ᠋ᠠᠷ ᠳᠠᠮᠵᠢᠭᠤᠯᠤᠨ 《ᠡᠭᠦᠯᠡᠨ ᠠᠭᠤᠯᠵᠠᠯᠲᠠ》 ᠵᠢᠨ ᠨᠡᠪᠲᠡᠷᠡᠬᠦ ᠵᠠᠮ᠎ᠢ ᠪᠠᠶ᠋ᠢᠭᠤᠯᠵᠤ᠂ ᠤᠴᠢᠷ ᠶᠠᠪᠤᠳᠠᠯ ᠭᠦᠢ᠍ᠴᠡᠳᠭᠡᠭᠴᠢ᠎ᠠᠴᠠ ᠣᠨᠳᠣᠣ ᠭᠠᠵᠠᠷ᠎ᠠᠴᠠ ᠬᠠᠷᠠᠭ᠋ᠠᠨ ᠳᠠᠪᠲᠠᠮᠵᠢ᠎ᠪᠠᠷ ᠭᠥᠯᠢᠶᠡᠨ ᠠᠪᠬᠤ ᠵᠦᠢ᠍ᠯᠡᠰ᠎ᠢ ᠵᠥᠪᠳᠡᠯᠴᠡᠨ ᠶᠠᠷᠢᠯᠴᠠᠵᠤ᠂ ᠤᠴᠢᠷ ᠶᠠᠪᠤᠳᠠᠯ᠎ᠢ ᠭᠥᠯᠢᠶᠡᠨ ᠠᠪᠴᠤ ᠰᠢᠢ᠍ᠳᠪᠦᠷᠢᠯᠡᠬᠦ ᠨᠣᠷᠮ᠎ᠠ ᠪᠠ ᠣᠨᠣᠪᠴᠢᠲᠤ ᠴᠢᠨᠠᠷ᠎ᠢ ᠳᠡᠭᠡᠭᠰᠢᠯᠡᠭᠦᠯᠦᠨ᠂ ᠪᠤᠴᠠᠭ᠋ᠠᠬᠤ ᠵᠦᠢ᠍ᠯᠡᠰ᠎ᠤᠨ ᠨᠣᠷᠮ᠎ᠠ ᠵᠢ ᠳᠣᠷᠣᠭᠰᠢᠯᠠᠭᠤᠯᠤᠭᠰᠠᠨ ᠪᠠᠶ᠋ᠢᠨ᠎ᠠ᠃ ᠲᠣᠰ ᠠᠷᠭ᠎ᠠ ᠬᠡᠮᠵᠢᠶ᠎ᠡ᠎ᠨᠢ ᠬᠥᠬᠡᠬᠤᠲᠠ ᠪᠤᠭᠤᠲᠤ ᠬᠤᠶᠠᠷ ᠭᠠᠵᠠᠷ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢᠨ ᠬᠠᠮᠲᠤᠷᠠᠯᠴᠠᠭ᠋ᠠᠨ᠎ᠤ ᠣᠷᠳᠣ ᠬᠤᠭᠤᠴᠠᠭ᠋ᠠᠨ᠎ᠤ ᠪᠦᠲᠦᠮᠵᠢᠲᠡᠶ ᠬᠥᠭᠵᠢᠯᠲᠡ ᠵᠢᠨ ᠲᠣᠭᠲᠠᠴᠠ᠂ ᠣᠷᠣᠨ ᠪᠦᠰᠡ ᠠᠯᠤᠰᠯᠠᠨ ᠭᠦᠢ᠍ᠴᠡᠳᠬᠡᠬᠦ᠂ ᠪᠠᠷᠢᠮᠵᠢᠶᠠᠵᠢᠭᠤᠯᠤᠨ ᠪᠦᠲᠦᠭᠡᠨ ᠪᠠᠶ᠋ᠢᠭᠤᠯᠬᠤ᠂ ᠲᠤᠭ᠎ᠠ ᠪᠠᠷᠢᠮᠲᠠ ᠵᠢ ᠬᠠᠮᠲᠤ᠎ᠪᠠᠷ ᠡᠳ᠋ᠯᠡᠵᠦ ᠬᠠᠷᠢᠯᠴᠠᠨ ᠬᠡᠷᠡᠭᠯᠡᠬᠦ ᠵᠡᠷᠭᠡ ᠲᠠᠯ᠎ᠠ᠎ᠪᠠᠷ ᠪᠣᠳᠠᠲᠠᠢ ᠦᠢ᠍ᠯᠡᠳᠦᠯᠭᠡ ᠬᠠᠩᠭ᠋ᠠᠵᠤ᠂ ᠬᠤᠶᠠᠷ ᠭᠠᠵᠠᠷ᠎ᠤᠨ ᠠᠵᠤ ᠠᠬᠤᠶ᠋ᠢᠯᠠᠯ ᠣᠯᠠᠨ ᠲᠦᠮᠡᠨ᠎ᠳᠤ ᠬᠥᠬᠡᠬᠤᠲᠠ ᠪᠤᠭᠤᠲᠤ ᠬᠤᠶᠠᠷ ᠬᠤᠲᠠ ᠵᠢᠨ ᠨᠢᠭᠡ ᠬᠤᠲᠠᠴᠢᠯᠠᠭᠰᠠᠨ ᠬᠥᠭᠵᠢᠯᠲᠡ ᠵᠢᠨ ᠠᠪᠴᠢᠷᠠᠭᠰᠠᠨ ᠲᠥᠬᠦᠮ ᠨᠥᠬᠦᠴᠡᠯ᠎ᠢ ᠦᠨᠡᠨ ᠬᠦ᠌ ᠬᠦᠷᠲᠡᠭᠡᠭᠰᠡᠨ ᠪᠠᠶ᠋ᠢᠨ᠎ᠠ᠃ ᠳᠠᠷᠠᠭ᠋ᠠᠴᠢ ᠵᠢᠨ ᠠᠯᠬᠤᠮ᠎ᠳᠤ᠂ ᠬᠤᠲᠠ ᠵᠢᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠪᠠ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ 《ᠨᠢᠭᠡ ᠪᠦᠯᠦᠭ ᠪᠣᠯᠪᠠᠰᠤᠷᠠᠩᠭᠤᠢ ᠪᠣᠯᠪᠠᠯ᠂ ᠨᠢᠭᠡ ᠪᠦᠯᠦᠭ᠎ᠢ ᠬᠡᠷᠡᠭᠵᠢᠭᠦᠯᠬᠦ》 ᠰᠡᠳᠬᠢᠴᠡ᠎ᠪᠠᠷ᠂ ᠬᠥᠬᠡᠬᠤᠲᠠ ᠪᠤᠭᠤᠲᠤ ᠬᠤᠶᠠᠷ ᠭᠠᠵᠠᠷ᠎ᠤᠨ 《ᠣᠨᠳᠣᠣ ᠭᠠᠵᠠᠷ᠎ᠲᠤ ᠭᠦᠢ᠍ᠴᠡᠳᠬᠡᠵᠦ ᠪᠣᠯᠬᠤ》 ᠤᠴᠢᠷ ᠶᠠᠪᠤᠳᠠᠯ᠎ᠤᠨ ᠬᠠᠷᠢᠴᠠᠯ᠎ᠢ ᠦᠷᠭᠦᠯᠵᠢᠯᠡᠨ ᠥᠷᠭᠡᠳᠬᠡᠵᠦ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ 《ᠬᠤᠲᠠ ᠢᠯᠭ᠋ᠠᠬᠤ ᠦᠭᠡᠢ》 ᠭᠥᠯᠢᠶᠡᠨ ᠠᠪᠴᠤ ᠠᠳᠠᠯᠢ ᠪᠠᠷᠢᠮᠵᠢᠶ᠎ᠠ᠎ᠪᠠᠷ ᠭᠦᠢ᠍ᠴᠡᠳᠬᠡᠬᠦ ᠵᠢ ᠠᠯᠬᠤᠮ ᠠᠯᠬᠤᠮ ᠵᠶ᠋ᠠᠷ ᠪᠥᠬᠦ ᠲᠠᠯ᠎ᠠ᠎ᠪᠠᠷ ᠪᠡᠶᠡᠯᠡᠭᠦᠯᠵᠦ᠂ ᠣᠷᠣᠨ ᠪᠦᠰᠡ ᠵᠢᠨ ᠳᠣᠲᠣᠷᠠᠬᠢ ᠠᠵᠤ ᠠᠬᠤᠶ᠋ᠢᠯᠠᠯ ᠣᠯᠠᠨ ᠲᠦᠮᠡᠨ᠎ᠢ 《ᠭᠡᠷ᠎ᠤᠨ ᠡᠭᠦᠳᠡᠨ ᠳᠡᠭᠡᠷ᠎ᠡ》᠎ᠪᠠᠨ ᠤᠴᠢᠷ ᠶᠠᠪᠤᠳᠠᠯ᠎ᠢ ᠪᠦᠲᠦᠭᠡᠵᠦ ᠳᠡᠶ᠋ᠢᠯᠬᠦ ᠪᠣᠯᠭ᠋ᠠᠵᠤ᠂ ᠠᠵᠤ ᠠᠬᠤᠶ᠋ᠢᠯᠠᠯ ᠣᠯᠠᠨ ᠲᠦᠮᠡᠨ᠎ᠤ ᠠᠵᠢᠯ ᠶᠠᠪᠤᠳᠠᠯ ᠭᠦᠢ᠍ᠴᠡᠳᠬᠡᠬᠦ ᠬᠦᠷᠲᠡᠮᠵᠢ ᠵᠢᠨ ᠲᠥᠷᠥᠭᠳᠡᠯ ᠪᠠ ᠬᠠᠨᠤᠮᠵᠢᠲᠠᠶ ᠲᠥᠷᠥᠭᠳᠡᠯ᠎ᠢ ᠳᠡᠭᠡᠭᠰᠢᠯᠡᠭᠦᠯᠦᠨ᠂ ᠲᠡᠷᠢᠭᠦᠨ ᠵᠡᠷᠭᠡ ᠵᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ᠎ᠢ ᠪᠣᠶ ᠪᠣᠯᠭ᠋ᠠᠨ᠎ᠠ᠃ (ᠯᠢ ᠬᠠᠢ ᠵᠧᠨ)
   

ᠢᠷᠡᠯᠲᠡ᠄ ᠬᠥᠬᠡᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠮᠣᠩᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
2024 ᠤᠨ᠎ᠤ ᠭᠤᠤᠯᠳᠠᠯᠭ᠎ᠠ᠎ᠲᠠᠢ ᠠᠵᠢᠯ᠎ᠤᠨ ᠲᠤᠪᠴᠢᠯᠠᠯ
ᠮᠦᠩᠬᠡ ᠨᠤᠭᠤᠭ᠋ᠠᠨ ᠲᠠᠯ᠎ᠠ ᠨᠤᠲᠤᠭ
ᠲᠠᠷᠢᠶᠠᠴᠢᠳ᠎ᠤᠨ ᠣᠷᠣᠯᠭ᠎ᠠ ᠵᠢᠨ ᠨᠡᠮᠡᠭᠳᠡᠯ᠎ᠢ ᠠᠬᠢᠭᠤᠯᠬᠤ ᠠᠵᠢᠯᠯᠠᠭ᠎ᠠ ᠵᠢ ᠬᠡᠷᠬᠢᠨ ᠬᠡᠷᠡᠭᠵᠢᠭᠦᠯᠬᠦ ᠪᠣᠶ? (ᠲᠥᠷᠥ ᠵᠢᠨ ᠪᠣᠳᠣᠯᠭ᠎ᠠ ᠵᠢᠨ ᠠᠰᠠᠭᠤᠯᠲᠠ ᠬᠠᠷᠢᠭᠤᠯᠲᠠ · ᠬᠥᠳᠡᠭᠡ ᠲᠣᠰᠬᠤᠨ᠎ᠢ ᠪᠥᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠤᠨ᠎ᠠ)
ᠥᠪᠥᠷ ᠮᠣᠩᠭᠤᠯ ᠦᠶᠡᠷ ᠤᠰᠤᠳᠤᠯ ᠭᠠᠩ ᠬᠠᠭᠰᠠᠷᠠᠭ᠋ᠠᠨ᠎ᠤ ᠭᠠᠮᠰᠢᠭ᠎ᠢ ᠰᠡᠷᠭᠡᠶ᠋ᠢᠯᠡᠬᠦ ᠠᠵᠢᠯ ᠵᠶ᠋ᠠᠨ ᠪᠥᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠵᠦ ᠪᠠᠶ᠋ᠢᠨ᠎ᠠ
 
             蒙ICP备05000248号