ᠦᠶᠡᠷ᠎ᠤᠨ ᠬᠤᠭᠤᠴᠠᠭ᠎ᠠ ᠣᠶ᠋ᠢᠷᠠᠳᠬᠤ ᠲᠠᠰᠢᠷᠠᠮ᠎ᠳᠤ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠠᠴᠠ ᠣᠶ᠋ᠢᠯᠠᠭ᠋ᠠᠭᠰᠠᠨ ᠵᠶ᠋ᠠᠷ᠂ 2024 ᠣᠨ᠎ᠳᠤ᠂ ᠥᠪᠥᠷ ᠮᠣᠩᠭᠤᠯ 《ᠤᠷᠢᠳᠴᠢᠯᠠᠨ ᠮᠡᠳᠡᠭᠡᠯᠡᠬᠦ᠂ ᠤᠷᠢᠳᠴᠢᠯᠠᠨ ᠰᠡᠷᠡᠮᠵᠢᠯᠡᠭᠦᠯᠬᠦ᠂ ᠤᠷᠢᠳᠴᠢᠯᠠᠨ ᠰᠣᠷᠢᠯᠲᠠ ᠬᠢᠬᠦ᠂ ᠪᠡᠯᠡᠳᠬᠡᠯ ᠲᠥᠰᠥᠯ》᠎ᠤᠨ ᠠᠷᠭ᠎ᠠ ᠬᠡᠮᠵᠢᠶ᠎ᠡ᠎ᠪᠠᠨ ᠴᠢᠩᠭ᠋ᠠᠳᠬᠠᠨ᠂ ᠦᠶᠡᠷ ᠤᠰᠤᠳᠤᠯ ᠭᠠᠩ ᠬᠠᠭᠰᠠᠷᠠᠭ᠋ᠠᠨ᠎ᠤ ᠭᠠᠮᠰᠢᠭ᠎ᠢ ᠰᠡᠷᠭᠡᠶ᠋ᠢᠯᠡᠬᠦ ᠠᠵᠢᠯ ᠵᠶ᠋ᠠᠨ ᠪᠥᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠵᠦ ᠪᠠᠶ᠋ᠢᠨ᠎ᠠ᠃
ᠣᠶ᠋ᠢᠯᠠᠭ᠋ᠠᠭᠰᠠᠨ ᠵᠶ᠋ᠠᠷ᠂ ᠡᠨᠡ ᠵᠢᠯ ᠮᠠᠨ᠎ᠤ ᠣᠷᠣᠨ᠎ᠳᠤ ᠰᠢᠷᠦᠭᠦᠨ ᠪᠣᠷᠣᠭ᠋ᠠᠨ᠂ ᠭᠠᠩ ᠬᠠᠭᠰᠠᠷᠠᠭ᠋ᠠᠨ ᠵᠡᠷᠭᠡ ᠣᠨᠴᠠᠭ᠋ᠠᠶ ᠴᠠᠭ ᠠᠭᠤᠷ᠎ᠤᠨ ᠪᠠᠶ᠋ᠢᠳᠠᠯ ᠨᠡᠯᠢᠶᠡᠳ ᠣᠯᠠᠨ ᠪᠠᠶ᠋ᠢᠵᠤ᠂ ᠭᠠᠩ ᠤᠰᠤᠳᠤᠯ᠎ᠤᠨ ᠪᠠᠶ᠋ᠢᠳᠠᠯ ᠲᠡᠩᠴᠡᠭᠦᠷᠢ ᠦᠭᠡᠢ ᠪᠣᠯᠵᠤ᠂ ᠬᠡᠰᠡᠭ ᠭᠠᠵᠠᠷ ᠣᠷᠣᠨ᠎ᠳᠤ ᠭᠠᠩ ᠬᠠᠭᠰᠠᠷᠠᠭ᠋ᠠᠨ ᠪᠠᠶ᠋ᠢᠭᠰᠠᠨ᠎ᠠᠴᠠ᠎ᠪᠠᠨ ᠣᠭᠵᠣᠮ ᠦᠶᠡᠷ ᠤᠰᠤᠳᠤᠯ ᠡᠭᠦᠰᠬᠦ ᠪᠣᠯᠣᠮᠵᠢ᠎ᠲᠠᠢ᠃ ᠬᠥᠯᠥᠨ ᠪᠤᠶ᠋ᠢᠷ ᠬᠤᠲᠠ ᠵᠢᠨ ᠵᠡᠭᠦᠨ ᠡᠮᠦᠨ᠎ᠡ ᠬᠡᠰᠡᠭ᠂ ᠬᠢᠩᠭ᠋ᠠᠨ ᠠᠶ᠋ᠢᠮᠠᠭ᠂ ᠲᠦᠩᠯᠢᠶᠣᠣ ᠬᠤᠲᠠ᠂ ᠤᠯᠠᠭ᠋ᠠᠨᠬᠠᠳᠠ ᠬᠤᠲᠠ ᠵᠢᠨ ᠬᠡᠰᠡᠭ ᠭᠠᠵᠠᠷ ᠣᠷᠣᠨ᠎ᠳᠤ ᠬᠤᠷ᠎ᠠ ᠲᠤᠨᠳᠠᠰᠤ ᠡᠩ᠎ᠤᠨ ᠵᠢᠯ᠎ᠤᠨ᠎ᠬᠢ᠎ᠠᠴᠠ 20% ᠢᠯᠡᠭᠦᠦ ᠪᠠᠶ᠋ᠢᠵᠤ᠂ ᠲᠤᠶ᠋ᠢᠯ᠎ᠤᠨ ᠰᠢᠷᠦᠭᠦᠨ ᠪᠣᠷᠣᠭ᠋ᠠᠨ ᠣᠷᠣᠬᠤ ᠪᠣᠯᠣᠮᠵᠢ ᠨᠡᠯᠢᠶᠡᠳ ᠶᠡᠭᠡ ᠪᠠᠶ᠋ᠢᠨ᠎ᠠ᠃
ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ 《ᠳᠥᠷᠪᠡᠨ ᠤᠷᠢᠳᠴᠢᠯᠠᠭᠰᠠᠨ》 ᠠᠷᠭ᠎ᠠ ᠬᠡᠮᠵᠢᠶ᠎ᠡ ᠵᠢ ᠲᠠᠰᠤᠷᠠᠯᠲᠠ ᠦᠭᠡᠢ ᠴᠢᠩᠭ᠋ᠠᠳᠬᠠᠨ᠂ 《ᠳᠥᠷᠪᠡᠨ ᠪᠠᠶ᠋ᠢᠳᠠᠯ》᠎ᠤᠨ ᠰᠡᠷᠭᠡᠶ᠋ᠢᠯᠡᠯᠲᠡ ᠵᠢ ᠨᠠᠪᠲᠠᠷᠡᠭᠦᠯᠵᠦ᠂ ᠭᠤᠯᠳᠤ᠎ᠪᠠᠷ ᠡᠴᠦᠰ᠎ᠲᠤᠨᠢ ᠲᠤᠯᠲᠠᠯ᠎ᠠ ᠬᠢᠬᠦ᠂ ᠬᠥᠨᠳᠡᠯᠡᠨ ᠵᠶ᠋ᠠᠷ ᠵᠠᠬ᠎ᠠ ᠬᠢᠵᠠᠭ᠋ᠠᠷᠲᠤ᠎ᠨᠢ ᠬᠦᠷᠲᠡᠯ᠎ᠡ ᠬᠢᠬᠦ ᠦᠶᠡᠷ ᠤᠰᠤᠳᠤᠯ ᠭᠠᠩ ᠬᠠᠭᠰᠠᠷᠠᠭ᠋ᠠᠨ᠎ᠤ ᠭᠠᠮᠰᠢᠭ᠎ᠠᠴᠠ ᠰᠡᠷᠭᠡᠶ᠋ᠢᠯᠡᠬᠦ ᠲᠣᠭᠲᠠᠯᠴᠠᠭ᠎ᠠ ᠪᠠᠶ᠋ᠢᠭᠤᠯᠵᠤ᠂ ᠠᠶᠤᠯ ᠲᠦᠭᠰᠢᠭᠦᠷᠢ᠎ᠤᠨ ᠨᠢᠭᠡ ᠵᠢᠷᠤᠭ᠂ ᠤᠷᠢᠳᠴᠢᠯᠠᠨ ᠰᠡᠷᠡᠮᠵᠢᠯᠡᠭᠦᠯᠬᠦ ᠨᠢᠭᠡ ᠲᠣᠭᠲᠠᠯᠴᠠᠭ᠎ᠠ᠂ ᠬᠠᠮᠢᠶᠠᠷᠤᠨ ᠡᠵᠡᠮᠳᠡᠬᠦ ᠨᠢᠭᠡ ᠲᠣᠳᠣᠷᠬᠠᠢ ᠬᠠᠭᠤᠳᠠᠰᠤ ᠵᠢ ᠪᠠᠶ᠋ᠢᠭᠤᠯᠵᠤ᠂ ᠤᠷᠢᠳᠴᠢᠯᠠᠨ ᠮᠡᠳᠡᠭᠡᠯᠡᠬᠦ᠂ ᠴᠠᠭ ᠲᠤᠬᠠᠢᠳᠤᠨᠢ ᠤᠷᠢᠳᠴᠢᠯᠠᠨ ᠰᠡᠷᠡᠮᠵᠢᠯᠡᠭᠦᠯᠬᠦ᠂ ᠰᠢᠰᠲ᠋ᠧᠮ᠎ᠲᠠᠢ ᠣᠷᠢᠳᠴᠢᠯᠠᠭᠰᠠᠨ ᠰᠣᠷᠢᠯᠲᠠ ᠬᠢᠬᠦ᠂ ᠪᠦᠲᠦᠮᠵᠢᠲᠡᠶ ᠪᠡᠯᠡᠳᠬᠡᠯ ᠲᠥᠰᠥᠯ᠎ᠲᠠᠢ ᠪᠠᠶ᠋ᠢᠬᠤᠢ ᠪᠡᠶᠡᠯᠡᠭᠦᠯᠬᠦ ᠬᠡᠷᠡᠭᠲᠡᠢ ᠭᠡᠵᠦ ᠱᠠᠭ᠋ᠠᠷᠳᠠᠪᠠ᠃
ᠤᠰᠤᠨ ᠴᠥᠭᠦᠷᠥᠮ᠎ᠤᠨ ᠠᠮᠤᠷ ᠲᠦᠪᠰᠢᠨ᠎ᠨᠢ ᠠᠮᠢ ᠨᠠᠰᠤᠨ᠎ᠤ ᠠᠮᠤᠷ ᠲᠦᠪᠰᠢᠨ᠂ ᠦᠶᠡᠷ᠎ᠢ ᠰᠡᠷᠭᠡᠶ᠋ᠢᠯᠡᠬᠦ ᠠᠮᠤᠷ ᠲᠦᠪᠰᠢᠨ᠂ ᠤᠰᠤ ᠬᠠᠩᠭ᠋ᠠᠬᠤ ᠠᠮᠤᠷ ᠲᠦᠪᠰᠢᠨ᠎ᠲᠠᠢ ᠬᠤᠯᠪᠣᠭᠳᠠᠨ᠎ᠠ᠃ ᠥᠪᠥᠷ ᠮᠣᠩᠭᠤᠯ ᠨᠤᠷᠠᠬᠤ ᠠᠶᠤᠯᠲᠠᠢ ᠤᠰᠤᠨ ᠴᠥᠭᠦᠷᠥᠮᠤᠳᠤᠨ ᠠᠶᠤᠯ᠎ᠢ ᠠᠷᠢᠯᠭ᠋ᠠᠨ ᠪᠠᠬᠢᠵᠢᠭᠦᠯᠬᠦ᠎ᠪᠠᠨ ᠠᠬᠢᠭᠤᠯᠬᠤ᠂ ᠤᠰᠤᠨ ᠴᠥᠭᠦᠷᠥᠮ᠎ᠤᠨ ᠪᠠᠭᠲᠠᠭ᠋ᠠᠮᠵᠢ ᠵᠢᠨ ᠬᠠᠮᠢᠶᠠᠷᠤᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠬᠤ᠂ ᠤᠰᠤᠨ ᠴᠥᠭᠦᠷᠥᠮ᠎ᠤᠨ ᠦᠶᠡᠷ᠎ᠢ ᠰᠡᠷᠭᠡᠶ᠋ᠢᠯᠡᠨ ᠭᠠᠮᠰᠢᠭ᠎ᠢ ᠪᠠᠭ᠋ᠠᠰᠬᠠᠬᠤ ᠲᠣᠬᠢᠷᠠᠭᠤᠯᠤᠯᠲᠠ ᠵᠢ ᠰᠢᠨᠵᠢᠯᠡᠬᠦ ᠤᠬᠠᠭ᠋ᠠᠨᠴᠢ᠎ᠪᠠᠷ ᠬᠡᠷᠡᠭᠵᠢᠭᠦᠯᠬᠦ ᠵᠡᠷᠭᠡ 6 ᠲᠠᠯ᠎ᠠ᠎ᠪᠠᠷ ᠤᠰᠤᠨ ᠴᠥᠭᠦᠷᠥᠮ᠎ᠤᠨ ᠦᠶᠡᠷ᠎ᠤᠨ ᠬᠤᠭᠤᠴᠠᠭ᠎ᠠ ᠵᠢ ᠠᠮᠤᠷ ᠲᠦᠪᠰᠢᠨ ᠥᠩᠭᠡᠷᠡᠭᠦᠯᠬᠦ ᠵᠢ ᠲᠣᠪᠣᠶ᠋ᠢᠮ᠎ᠠ ᠰᠠᠶ᠋ᠢᠲᠤᠷ ᠠᠳᠬᠤᠨ᠎ᠠ᠃ ᠠᠭᠤᠯᠠᠨ ᠦᠶᠡᠷ᠎ᠤᠨ ᠭᠠᠮᠰᠢᠭ ᠪᠣᠯ ᠮᠠᠨ᠎ᠤ ᠣᠷᠣᠨ᠎ᠤ ᠦᠶᠡᠷ᠎ᠢ ᠰᠡᠷᠭᠡᠶ᠋ᠢᠯᠡᠬᠦ ᠠᠵᠢᠯ᠎ᠤᠨ ᠭᠤᠣᠯᠳᠠᠯᠭ᠎ᠠ ᠮᠥᠨ᠂ ᠥᠪᠥᠷ ᠮᠣᠩᠭᠤᠯ ᠠᠭᠤᠯᠠᠨ ᠦᠶᠡᠷ᠎ᠤᠨ ᠭᠠᠮᠰᠢᠭ᠎ᠢ ᠪᠥᠬᠦ ᠬᠦᠴᠦᠨ ᠵᠶ᠋ᠠᠷ ᠵᠶ᠋ᠠᠨ ᠰᠡᠷᠭᠡᠶ᠋ᠢᠯᠡᠵᠦ᠂ ᠬᠥᠮᠥᠰ᠎ᠢ ᠨᠡᠭᠦᠯᠭᠡᠨ ᠠᠶᠤᠯ᠎ᠠᠴᠠ ᠵᠠᠶ᠋ᠢᠯᠠᠭᠤᠯᠬᠤ᠎ᠪᠠᠨ ᠴᠢᠩᠭ᠋ᠠᠳᠬᠠᠨ᠂ ᠪᠠᠭᠤᠷᠠᠢ ᠭᠤᠭᠴᠤᠭ᠎ᠠ ᠵᠢ ᠨᠢᠭᠲᠠ ᠠᠩᠬᠠᠷᠴᠤ ᠪᠠᠶ᠋ᠢᠨ᠎ᠠ᠃ ᠰᠡᠷᠭᠡᠶ᠋ᠢᠯᠡᠬᠦ ᠭᠤᠣᠯᠳᠠᠯᠭ᠎ᠠ ᠵᠢ ᠦᠷᠭᠦᠯᠵᠢᠯᠡᠨ ᠰᠠᠶ᠋ᠢᠲᠤᠷ ᠠᠳᠬᠤᠬᠤ ᠵᠢᠨ ᠲᠥᠯᠥᠭᠡ᠂ ᠣᠶ᠋ᠢᠷ᠎ᠠ ᠵᠢᠨ ᠬᠤᠭᠤᠴᠠᠭ᠋ᠠᠨ᠎ᠳᠤ ᠥᠪᠡᠷᠲᠡᠭᠡᠨ ᠵᠠᠰᠠᠬᠤ ᠣᠷᠣᠨ᠂ ᠡᠯ᠎ᠡ ᠠᠶ᠋ᠢᠮᠠᠭ ᠬᠤᠲᠠ ᠴᠥᠮ ᠦᠶᠡᠷ᠎ᠠᠴᠠ ᠡᠮᠦᠨᠡᠬᠢ ᠪᠠᠶ᠋ᠢᠴᠠᠭ᠋ᠠᠯᠲᠠ ᠵᠢ ᠵᠣᠬᠢᠶᠠᠨ ᠪᠠᠶ᠋ᠢᠭᠤᠯᠵᠤ᠂ ᠤᠰᠤᠨ ᠴᠥᠭᠦᠷᠥᠮ᠎ᠤᠨ ᠶᠡᠭᠡ ᠬᠠᠰᠢᠯᠭ᠎ᠠ ᠵᠢᠨ ᠦᠶᠡᠷ ᠵᠠᠯᠠᠬᠤ ᠵᠠᠮ᠂ ᠬᠠᠰᠢᠯᠭ᠎ᠠ ᠵᠢᠨ ᠠᠶᠤᠯᠲᠠᠢ ᠪᠠᠷᠢᠯᠭ᠎ᠠ ᠵᠢᠨ ᠬᠡᠰᠡᠭ᠂ ᠳᠠᠯᠠᠩ ᠨᠡᠪᠲᠡᠯᠬᠦ ᠪᠠᠷᠢᠯᠭ᠎ᠠ᠂ ᠨᠦᠯᠦᠮᠡᠯ ᠭᠠᠵᠠᠷ᠎ᠤᠨ ᠬᠠᠰᠢᠯᠭ᠎ᠠ ᠵᠢᠨ ᠤᠰᠤ ᠵᠠᠯᠠᠬᠤ ᠪᠠᠷᠢᠯᠭ᠎ᠠ ᠵᠡᠷᠭᠡ ᠭᠤᠣᠯᠳᠠᠯᠭ᠎ᠠ᠎ᠲᠠᠢ ᠣᠷᠣᠨ ᠪᠦᠰᠡ᠂ ᠭᠤᠣᠯᠳᠠᠯᠭ᠎ᠠ᠎ᠲᠠᠢ ᠪᠠᠷᠢᠯᠭᠠᠨᠤᠭᠤᠳᠢ ᠪᠥᠬᠦ ᠲᠠᠯ᠎ᠠ᠎ᠪᠠᠷ ᠪᠠᠶ᠋ᠢᠴᠠᠭ᠋ᠠᠵᠤ᠂ ᠭᠠᠮᠰᠢᠭ᠎ᠢ ᠰᠡᠷᠭᠡᠶ᠋ᠢᠯᠡᠬᠦ ᠪᠠᠷᠢᠯᠭ᠎ᠠ ᠵᠢᠨ ᠰᠠᠭᠤᠷᠢ ᠵᠢ ᠲᠦᠷᠭᠡᠳᠬᠡᠨ ᠪᠠᠬᠢᠵᠢᠭᠦᠯᠵᠦ᠂ ᠭᠤᠣᠯ᠎ᠤᠨ ᠬᠡᠪᠡᠯᠢ ᠵᠢᠨ ᠦᠶᠡᠷ ᠵᠠᠯᠠᠬᠤ ᠣᠷᠣᠨ ᠵᠠᠢ ᠵᠢ ᠬᠠᠮᠢᠶᠠᠷᠤᠨ ᠡᠵᠡᠮᠳᠡᠬᠦ᠎ᠪᠠᠨ ᠴᠢᠩᠭ᠋ᠠᠳᠬᠠᠨ᠂ ᠤᠰᠤᠨ᠎ᠳᠤ ᠡᠪᠳᠡᠭᠳᠡᠭᠰᠡᠨ ᠪᠠᠷᠢᠯᠭ᠎ᠠ ᠵᠢ ᠵᠠᠰᠠᠨ ᠰᠡᠷᠭᠦᠭᠡᠬᠦ᠎ᠪᠠᠨ ᠴᠢᠩᠭ᠋ᠠᠳᠬᠠᠵᠤ ᠪᠤᠢ᠃
ᠡᠭᠦᠨ᠎ᠤ ᠬᠠᠮᠲᠤ᠂ ᠪᠣᠷᠣᠭ᠋ᠠᠨ᠎ᠤ ᠪᠠᠶ᠋ᠢᠳᠠᠯ᠂ ᠤᠰᠤᠨ᠎ᠤ ᠪᠠᠶ᠋ᠢᠳᠠᠯ᠂ ᠭᠠᠩ᠎ᠤᠨ ᠪᠠᠶ᠋ᠢᠳᠠᠯ᠎ᠢ ᠨᠢᠭᠲᠠ ᠬᠢᠨᠠᠨ ᠠᠵᠢᠭᠯᠠᠵᠤ᠂ ᠤᠷᠢᠳᠴᠢᠯᠠᠨ ᠮᠡᠳᠡᠭᠡᠯᠡᠬᠦ ᠣᠨᠣᠪᠴᠢ ᠵᠢᠨ ᠬᠡᠮᠵᠢᠶ᠎ᠡ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠤᠷᠢᠳᠴᠢᠯᠠᠨ ᠮᠡᠳᠡᠬᠦ ᠬᠤᠭᠤᠴᠠᠭ᠎ᠠ ᠵᠢ ᠣᠷᠳᠣᠣᠬᠠᠵᠤ ᠪᠠᠶ᠋ᠢᠨ᠎ᠠ᠃ ᠪᠠᠶ᠋ᠢᠭ᠋ᠠᠯᠢ ᠵᠢᠨ ᠭᠠᠮᠰᠢᠭ᠎ᠢ ᠰᠡᠷᠡᠮᠵᠢᠯᠡᠭᠦᠯᠬᠦ ᠲᠠᠪᠴᠠᠩ᠎ᠢ ᠠᠰᠢᠭᠯᠠᠨ ᠴᠠᠭ ᠠᠭᠤᠷ᠎ᠤᠨ ᠰᠠᠯᠠᠭ᠎ᠠ ᠮᠥᠴᠢᠷ᠎ᠲᠠᠢ ᠬᠠᠮᠲᠤᠷᠠᠨ ᠤᠰᠤᠨ ᠴᠥᠭᠦᠷᠥᠮ᠂ ᠨᠦᠯᠦᠮᠡᠯ ᠭᠠᠵᠠᠷ᠎ᠤᠨ ᠬᠠᠰᠢᠯᠭ᠎ᠠ ᠵᠢᠨ ᠰᠡᠷᠡᠮᠵᠢᠯᠡᠭᠦᠯᠦᠯ᠎ᠢ ᠨᠡᠶ᠋ᠢᠲᠡᠯᠡᠵᠦ᠂ ᠰᠡᠷᠡᠮᠵᠢᠯᠡᠭᠦᠯᠬᠦ ᠮᠡᠳᠡᠭᠡ ᠵᠠᠩᠭᠢ ᠵᠢ ᠨᠢᠭᠡᠳᠦᠭᠡᠷ ᠹᠷᠣᠨᠲ᠎ᠤᠨ ᠬᠠᠷᠢᠭᠤᠴᠠᠯᠭ᠋ᠠᠲᠠᠨ᠎ᠳᠤ᠎ᠲᠤ ᠰᠢᠭᠤᠳ ᠬᠦᠷᠭᠡᠨ᠎ᠡ᠃ ᠤᠰᠤᠨ ᠴᠥᠭᠦᠷᠥᠮ᠎ᠤᠨ ᠪᠡᠷᠢᠮᠵᠢᠶᠠᠨ᠎ᠠᠴᠠ ᠬᠡᠲᠦᠷᠡᠭᠰᠡᠨ ᠦᠶᠡᠷ᠎ᠢ ᠰᠡᠷᠭᠡᠶ᠋ᠢᠯᠡᠬᠦ ᠵᠡᠷᠭᠡ ᠡᠯ᠎ᠡ ᠲᠥᠷᠥᠯ᠎ᠤᠨ ᠪᠡᠯᠡᠳᠬᠡᠯ ᠲᠥᠰᠥᠯ᠎ᠢ ᠴᠠᠭ ᠲᠤᠬᠠᠢᠳᠤᠨᠢ ᠲᠣᠬᠢᠷᠠᠭᠤᠯᠤᠨ ᠵᠠᠰᠠᠪᠤᠷᠢ ᠣᠷᠣᠭᠤᠯᠵᠤ᠂ ᠪᠡᠯᠡᠳᠬᠡᠯ ᠲᠥᠰᠥᠯ᠎ᠤᠨ ᠴᠢᠭᠯᠡᠯᠲᠦ ᠴᠢᠨᠠᠷ ᠪᠠ ᠬᠡᠷᠡᠭᠵᠢᠭᠦᠯᠦᠭᠳᠡᠬᠦᠶ᠋ᠢᠴᠡ ᠴᠢᠨᠠᠷ᠎ᠢ ᠴᠢᠩᠭ᠋ᠠᠳᠬᠠᠨ᠎ᠠ᠃ ᠣᠯᠠᠨ ᠰᠠᠯᠠᠭ᠎ᠠ ᠮᠥᠴᠢᠷ᠂ ᠣᠯᠠᠨ ᠠᠷᠭ᠎ᠠ ᠵᠠᠮ᠂ ᠣᠯᠠᠨ ᠠᠷᠭ᠎ᠠ ᠮᠠᠶᠢᠭ ᠵᠶ᠋ᠠᠷ ᠦᠶᠡᠷ᠎ᠢ ᠰᠡᠷᠭᠡᠶ᠋ᠢᠯᠡᠨ ᠠᠶᠤᠯ᠎ᠠᠴᠠ ᠠᠪᠤᠷᠠᠬᠤ ᠠᠳᠠᠯᠢ ᠪᠤᠰᠤ ᠰᠣᠷᠢᠯᠲᠠ ᠵᠢ ᠥᠷᠨᠢᠭᠦᠯᠵᠦ᠂ ᠠᠷᠭ᠋ᠠᠴᠠᠬᠤ ᠴᠢᠳᠠᠪᠤᠷᠢ᠎ᠪᠠᠨ ᠨᠡᠮᠡᠭᠳᠡᠭᠦᠯᠵᠦ ᠪᠠᠶ᠋ᠢᠨ᠎ᠠ᠃