ᠯᠢ ᠴᠢᠶᠠᠩ ᠵᠢᠶᠠᠩᠰᠢ᠎ᠳᠤ ᠦᠶᠡᠷ᠎ᠢ ᠰᠡᠷᠭᠡᠶ᠋ᠢᠯᠡᠬᠦ ᠠᠵᠢᠯ᠎ᠢ ᠪᠠᠶ᠋ᠢᠴᠠᠭ᠋ᠠᠨ ᠵᠢᠯᠤᠭᠤᠳᠬᠤ᠎ᠳᠤ᠎ᠪᠠᠨ ᠴᠢᠬᠤᠯᠠᠴᠢᠯᠠᠭᠰᠠᠨ᠎ᠨᠢ ᠠᠶᠤᠯ ᠲᠦᠭᠰᠢᠭᠦᠷᠢ ᠵᠢᠨ ᠤᠬᠠᠮᠰᠠᠷ ᠵᠶ᠋ᠠᠨ ᠴᠢᠩᠭ᠋ᠠᠳᠬᠠᠵᠤ ᠭᠠᠢ ᠭᠠᠮᠰᠢᠭ ᠭᠠᠷᠬᠤ᠎ᠠᠴᠠ ᠡᠮᠦᠨ᠎ᠡ ᠰᠡᠷᠭᠡᠶ᠋ᠢᠯᠡᠬᠦ ᠵᠢ ᠪᠠᠷᠢᠮᠲᠠᠯᠠᠨ ᠦᠶᠡᠷ᠎ᠢ ᠰᠡᠷᠭᠡᠶ᠋ᠢᠯᠡᠵᠦ ᠠᠶᠤᠯ ᠭᠠᠮᠰᠢᠭ᠎ᠠᠴᠠ ᠠᠪᠤᠷᠠᠬᠤ ᠡᠯ᠎ᠡ ᠵᠦᠢ᠍ᠯ᠎ᠤᠨ ᠠᠵᠢᠯ᠎ᠢ ᠥᠴᠥᠬᠡᠨ ᠴᠦ᠍ ᠰᠤᠯᠠᠷᠠᠭᠤᠯᠤᠯ ᠦᠭᠡᠢ ᠰᠠᠶ᠋ᠢᠲᠤᠷ ᠬᠢᠬᠦ ᠬᠡᠷᠡᠭᠲᠡᠢ ᠨᠠᠮ᠎ᠤᠨ ᠲᠥᠪ ᠬᠤᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠪᠠᠶ᠋ᠢᠩᠭᠤ ᠵᠢᠨ ᠭᠡᠰᠢᠭᠦᠨ᠂ ᠲᠦᠷᠦ ᠵᠢᠨ ᠶᠠᠪᠤᠳᠠᠯ᠎ᠤᠨ ᠬᠤᠷᠢᠶᠠᠨ᠎ᠤ ᠶᠡᠷᠦᠩᠬᠡᠢ ᠰᠠᠶ᠋ᠢᠳ ᠯᠢ ᠴᠢᠶᠠᠩ 7 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ 2᠎ᠤᠨ ᠡᠳᠦᠷ ᠪᠣᠯᠲᠠᠯ᠎ᠠ ᠵᠢᠶᠠᠩᠰᠢ ᠵᠢᠨ ᠵᠢᠤᠵᠢᠶᠠᠩ᠎ᠳᠤ ᠦᠶᠡᠷ᠎ᠢ ᠰᠡᠷᠭᠡᠶ᠋ᠢᠯᠡᠬᠦ ᠠᠵᠢᠯ᠎ᠢ ᠪᠠᠶ᠋ᠢᠴᠠᠭ᠋ᠠᠨ ᠵᠢᠯᠣᠭᠤᠳᠪᠠ᠃
ᠲᠡᠷᠡ᠂ ᠣᠳᠣᠬᠠᠨ᠎ᠳᠤ ᠶᠠᠭ ᠦᠶᠡᠷ᠎ᠤᠨ ᠭᠤᠣᠯ ᠬᠤᠭᠤᠴᠠᠭ᠎ᠠ ᠪᠠᠶ᠋ᠢᠵᠤ᠂ ᠦᠶᠡᠷ᠎ᠢ ᠰᠡᠷᠭᠡᠶ᠋ᠢᠯᠡᠬᠦ ᠠᠵᠢᠯ ᠵᠠᠩᠭᠢᠯᠠᠭ᠎ᠠ ᠵᠢᠨ ᠱᠠᠲᠤᠨ᠎ᠳᠤ᠎ᠪᠠᠨ ᠣᠷᠣᠪᠠ᠂ ᠶᠡᠷᠦᠩᠬᠡᠢ ᠱᠦᠵᠢ ᠰᠢ ᠵᠢᠨ ᠫᠢᠩ ᠦᠶᠡᠷ᠎ᠤᠨ ᠪᠠᠶ᠋ᠢᠳᠠᠯ ᠭᠠᠮᠰᠢᠭ᠎ᠤᠨ ᠪᠠᠶ᠋ᠢᠳᠠᠯ᠎ᠢ ᠮᠠᠰᠢ ᠠᠩᠬᠠᠷᠴᠤ᠂ ᠤᠯᠠᠨ ᠲᠦᠮᠡᠨ᠎ᠤ ᠠᠮᠤᠷ ᠲᠦᠪᠰᠢᠨ᠎ᠢ ᠮᠠᠰᠢ ᠬᠠᠯᠠᠮᠵᠢᠯᠠᠵᠤ᠂ ᠤᠯᠠᠨ ᠤᠳᠠᠭ᠎ᠠ ᠴᠢᠬᠤᠯᠠ ᠵᠢᠭ᠋ᠠᠪᠤᠷᠢ ᠥᠭᠴᠡᠢ᠃ ᠪᠢᠳᠡ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠠᠶᠤᠯ ᠲᠦᠭᠰᠢᠭᠦᠷᠢ ᠵᠢᠨ ᠤᠬᠠᠮᠰᠠᠷ᠂ ᠬᠤᠷᠢᠭ᠎ᠠ ᠱᠤᠭᠤᠮ᠎ᠤᠨ ᠰᠡᠳᠬᠢᠬᠦᠢ᠎ᠪᠠᠨ ᠴᠢᠨᠠᠭᠰᠢᠳᠠ ᠤᠯᠠᠮ ᠴᠢᠩᠭ᠋ᠠᠳᠬᠠᠵᠤ᠂ ᠭᠠᠢ ᠭᠠᠮᠰᠢᠭ ᠭᠠᠷᠬᠤ᠎ᠠᠴᠠ ᠡᠮᠦᠨ᠎ᠡ ᠰᠡᠷᠭᠡᠶ᠋ᠢᠯᠡᠬᠦ ᠵᠢ ᠪᠠᠷᠢᠮᠲᠠᠯᠠᠨ᠂ ᠶᠡᠭᠡ ᠦᠶᠡᠷ᠎ᠢ ᠰᠡᠷᠭᠡᠶ᠋ᠢᠯᠡᠬᠦ᠂ ᠶᠡᠭᠡ ᠠᠶᠤᠯ᠎ᠠᠴᠠ ᠠᠪᠤᠷᠠᠬᠤ᠂ ᠶᠡᠭᠡ ᠭᠠᠮᠰᠢᠭ᠎ᠠᠴᠠ ᠠᠪᠤᠷᠠᠬᠤ᠎ᠳᠤ ᠰᠠᠭᠤᠷᠢᠯᠠᠨ᠂ ᠬᠠᠷᠢᠭᠤᠴᠠᠯᠭ᠎ᠠ ᠵᠢ ᠱᠠᠲᠤ ᠱᠠᠲᠤ᠎ᠪᠠᠷ ᠪᠣᠳᠠᠲᠠᠶ᠋ᠢᠵᠢᠭᠤᠯᠵᠤ᠂ ᠵᠣᠬᠢᠴᠠᠭᠤᠯᠤᠨ ᠬᠠᠮᠵᠢᠯᠴᠠᠬᠤ᠎ᠪᠠᠨ ᠴᠢᠩᠭ᠋ᠠᠳᠬᠠᠨ᠂ ᠦᠶᠡᠷ᠎ᠢ ᠰᠡᠷᠭᠡᠶ᠋ᠢᠯᠡᠵᠦ ᠠᠶᠤᠯ ᠭᠠᠮᠰᠢᠭ᠎ᠠᠴᠠ ᠠᠪᠤᠷᠠᠬᠤ ᠡᠯ᠎ᠡ ᠵᠦᠢ᠍ᠯ᠎ᠤᠨ ᠠᠵᠢᠯ᠎ᠢ ᠥᠴᠥᠬᠡᠨ ᠴᠦ᠍ ᠰᠤᠯᠠᠷᠠᠭᠤᠯᠤᠯ ᠦᠭᠡᠢ ᠰᠠᠶ᠋ᠢᠲᠤᠷ ᠬᠢᠵᠦ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ ᠪᠠ ᠨᠡᠶ᠋ᠢᠭᠡᠮ᠎ᠤᠨ ᠶᠡᠭᠡ ᠲᠠᠯ᠎ᠠ ᠵᠢᠨ ᠲᠣᠭᠲᠠᠭᠤᠨ ᠪᠠᠶ᠋ᠢᠳᠠᠯ᠎ᠢ ᠪᠥᠬᠦ ᠬᠦᠴᠦᠨ ᠵᠶ᠋ᠠᠷ ᠵᠶ᠋ᠠᠨ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃

7 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ 2᠎ᠤᠨ ᠡᠳᠦᠷ ᠪᠤᠯᠲᠠᠯ᠎ᠠ ᠳᠣᠮᠲᠠᠲᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠤᠯᠤᠰ ᠲᠥᠷᠥ ᠵᠢᠨ ᠲᠣᠪᠴᠢᠶᠠᠨ᠎ᠤ ᠪᠠᠶ᠋ᠢᠩᠭᠤ ᠵᠢᠨ ᠭᠡᠰᠢᠭᠦᠨ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠶᠡᠷᠦᠩᠬᠡᠢ ᠰᠠᠶ᠋ᠢᠳ ᠯᠢ ᠴᠢᠶᠠᠩ ᠵᠢᠶᠠᠩᠰᠢ ᠵᠢᠨ ᠵᠢᠣᠵᠢᠶᠠᠩ᠎ᠳᠤ ᠦᠶᠡᠷ᠎ᠢ ᠰᠡᠷᠭᠡᠶ᠋ᠢᠯᠡᠬᠦ ᠠᠵᠢᠯ᠎ᠢ ᠪᠠᠶ᠋ᠢᠴᠠᠭ᠋ᠠᠨ ᠵᠢᠯᠤᠭᠤᠳᠪᠠ᠃ ᠡᠨᠡ ᠪᠣᠯ 7 ᠳ᠋ᠤᠭ᠋ᠠᠷ ᠰᠠᠷ᠎ᠠ ᠵᠢᠨ 1᠎ᠤ ᠡᠳᠦᠷ᠂ ᠯᠢ ᠴᠢᠶᠠᠩ ᠵᠢᠦᠵᠢᠶᠠᠩ ᠬᠤᠳᠠ ᠵᠢᠨ ᠨᠢᠦ ᠵᠢᠶᠣᠤ ᠦ᠋ ᠬᠠᠰᠢᠯᠭ᠎ᠠ᠎ᠳᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠵᠢᠵᠢᠭᠦᠷᠯᠡᠭᠴᠢ᠎ᠲᠠᠢ ᠰᠠᠨᠠᠯ ᠵᠶ᠋ᠠᠨ ᠰᠣᠯᠢᠯᠴᠠᠵᠤ ᠪᠠᠶ᠋ᠢᠭ᠎ᠠ᠎ᠨᠢ᠃ ᠰᠢᠨᠬᠤᠸᠠ ᠬᠤᠷᠢᠶᠠᠨ᠎ᠤ ᠰᠤᠷᠪᠤᠯᠵᠢᠯᠠᠭᠴᠢ ᠸᠠᠩ ᠶᠧ ᠰᠡᠭᠦᠳᠡᠷᠯᠡᠪᠡ
ᠯᠢ ᠴᠢᠶᠠᠩ ᠬᠥᠬᠡᠮᠥ᠋ᠷᠡᠨ ᠪᠠ ᠫᠥᠸᠧ ᠶᠠᠩ ᠬᠤ᠌ ᠨᠠᠭᠤᠷ᠎ᠤᠨ ᠠᠭᠤᠯᠵᠠᠷ᠎ᠲᠠᠬᠢ ᠨᠠᠭᠤᠷ᠎ᠤᠨ ᠤᠰᠤ ᠰᠢᠨᠵᠢᠯᠡᠭᠡᠨ᠎ᠤ ᠥᠷᠲᠡᠭᠡᠨ᠎ᠳᠤ ᠬᠦᠷᠦᠭᠡᠳ᠂ ᠬᠥᠬᠡᠮᠥ᠋ᠷᠡᠨ᠂ ᠫᠥᠸᠧ ᠶᠠᠩ ᠬᠤ᠌ ᠨᠠᠭᠤᠷ᠎ᠤᠨ ᠦᠶᠡᠷ᠎ᠢ ᠰᠡᠷᠭᠡᠶ᠋ᠢᠯᠡᠵᠦ ᠦᠶᠡᠷ᠎ᠲᠤ ᠪᠡᠯᠡᠳᠬᠡᠬᠦ ᠠᠵᠢᠯ᠎ᠢ ᠣᠶ᠋ᠢᠯᠠᠭ᠋ᠠᠨ᠂ ᠨᠠᠭᠤᠷ ᠮᠦᠷᠡᠨ᠎ᠤ ᠤᠰᠤᠨ᠎ᠤ ᠪᠠᠶ᠋ᠢᠳᠠᠯ᠎ᠢ ᠪᠠᠶ᠋ᠢᠴᠠᠭ᠋ᠠᠨ ᠦᠵᠡᠵᠦ᠂ ᠤᠰᠤᠨ ᠲᠦᠪᠰᠢᠨ᠂ ᠤᠷᠤᠰᠬᠠᠯ᠎ᠤᠨ ᠬᠤᠷᠳᠤᠴᠠ ᠵᠡᠷᠭᠡ ᠤᠰᠤ ᠰᠢᠨᠵᠢᠯᠡᠭᠡᠨ᠎ᠤ ᠬᠢᠨᠠᠨ ᠬᠡᠮᠵᠢᠯᠲᠡ ᠵᠢᠨ ᠪᠠᠶ᠋ᠢᠳᠠᠯ᠎ᠢ ᠨᠠᠷᠢᠨ ᠠᠰᠠᠭᠤᠪᠠ᠃ ᠯᠢ ᠴᠢᠶᠠᠩ᠂ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠪᠣᠯ ᠭᠠᠮᠰᠢᠭ᠎ᠢ ᠰᠡᠷᠭᠡᠶ᠋ᠢᠯᠡᠵᠦ ᠠᠶᠤᠯ᠎ᠠᠴᠠ ᠵᠠᠶ᠋ᠢᠯᠠᠬᠤ ᠨᠢᠭᠡᠳᠦᠭᠡᠷ ᠰᠡᠷᠭᠡᠶ᠋ᠢᠯᠡᠯᠲᠡ ᠵᠢᠨ ᠱᠤᠭᠤᠮ ᠮᠥᠨ᠂ ᠮᠡᠳᠡᠭᠡ ᠵᠠᠩᠭᠢ ᠵᠢᠨ ᠰᠢᠨᠵᠢᠯᠡᠬᠦ ᠤᠬᠠᠭ᠋ᠠᠨᠴᠢ ᠮᠡᠷᠭᠡᠵᠢᠯ᠎ᠤᠨ ᠠᠷᠭ᠎ᠠ ᠪᠠᠷᠢᠯ᠎ᠢ ᠭᠦᠢ᠍ᠴᠡᠳ ᠬᠡᠷᠡᠭᠯᠡᠵᠦ᠂ ᠰᠠᠯᠠᠭ᠎ᠠ ᠮᠥᠴᠢᠷ᠎ᠤᠳ᠎ᠤᠨ ᠬᠠᠮᠲᠤᠷᠠᠭᠰᠠᠨ ᠬᠤᠷᠠᠯ ᠪᠠ ᠦᠷᠭᠦᠯᠵᠢᠯᠡᠨ ᠰᠤᠳᠤᠯᠤᠨ ᠮᠠᠭ᠋ᠠᠳᠯᠠᠬᠤ ᠵᠢ ᠴᠢᠩᠭ᠋ᠠᠳᠬᠠᠵᠤ᠂ ᠠᠯᠢ ᠴᠢᠳᠠᠬᠤ᠎ᠪᠠᠷ ᠤᠷᠢᠳᠴᠢᠯᠠᠨ ᠮᠡᠳᠡᠭᠦᠯᠬᠦ ᠬᠤᠭᠤᠴᠠᠭ᠎ᠠ ᠵᠢ ᠤᠷᠲᠤᠳᠬᠠᠵᠤ᠂ ᠤᠷᠢᠳᠴᠢᠯᠠᠭᠰᠠᠨ ᠬᠡᠮᠵᠢᠶ᠎ᠡ ᠵᠢ ᠢᠯᠡᠭᠦᠬᠡᠨ ᠥᠭᠴᠦ᠂ ᠣᠨᠣᠪᠴᠢ ᠵᠢᠨ ᠬᠡᠮᠵᠢᠶ᠎ᠡ᠎ᠪᠠᠨ ᠳᠡᠭᠡᠭᠰᠢᠯᠡᠭᠦᠯᠬᠦ ᠬᠡᠷᠡᠭᠲᠡᠢ᠃ ᠯᠢ ᠴᠢᠶᠠᠩ ᠨᠢᠦ ᠵᠢᠶᠣᠤ ᠦ᠋ ᠬᠠᠰᠢᠯᠭ᠎ᠠ ᠳᠡᠭᠡᠷ᠎ᠡ ᠭᠠᠷᠴᠤ᠂ ᠬᠥᠬᠡᠮᠥ᠋ᠷᠡᠨ᠎ᠤ ᠬᠠᠰᠢᠯᠭ᠎ᠠ ᠵᠢ ᠵᠠᠰᠠᠵᠤ ᠪᠠᠬᠢᠯᠡᠭᠰᠡᠨ ᠪᠠᠶ᠋ᠢᠳᠠᠯ᠎ᠤᠨ ᠲᠠᠨᠢᠯᠴᠠᠭᠤᠯᠭ᠎ᠠ ᠵᠢ ᠰᠣᠨᠣᠰᠴᠤ᠂ ᠦᠶᠡᠷ᠎ᠢ ᠰᠡᠷᠭᠡᠶ᠋ᠢᠯᠡᠬᠦ ᠡᠳ᠋ ᠪᠣᠳᠠᠰ᠎ᠤᠨ ᠨᠥᠭᠡᠴᠡ ᠵᠢ ᠪᠠᠶ᠋ᠢᠴᠠᠭ᠋ᠠᠨ ᠦᠵᠡᠵᠦ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠵᠢᠵᠢᠭᠦᠷᠯᠡᠭᠴᠢᠳ᠎ᠲᠠᠢ ᠰᠠᠨᠠᠯ ᠵᠶ᠋ᠠᠨ ᠰᠣᠯᠢᠯᠴᠠᠪᠠ᠃ ᠯᠢ ᠴᠢᠶᠠᠩ ᠤᠯᠠᠨ᠎ᠳᠤ ᠮᠡᠨᠳᠦᠴᠢᠯᠡᠯ ᠪᠠ ᠲᠠᠯᠠᠷᠬᠠᠯ ᠳᠡᠪᠰᠢᠭᠦᠯᠪᠡ᠃ ᠲᠡᠷᠡ᠂ ᠲᠦᠭᠰᠢᠭᠦᠷᠢᠲᠦ ᠪᠠᠶ᠋ᠢᠳᠠᠯ ᠭᠠᠷᠬᠤ᠎ᠠᠴᠠ ᠠᠶᠤᠬᠤ ᠦᠭᠡᠢ᠂ ᠰᠠᠯᠬᠢ ᠶᠡᠭᠡ ᠪᠣᠷᠣᠭ᠋ᠠᠨ ᠶᠡᠭᠡ ᠪᠣᠯᠬᠤ ᠲᠤᠳᠤᠮ ᠬᠠᠰᠢᠯᠭ᠎ᠠ ᠵᠢ ᠲᠣᠭᠤᠷᠢᠨ ᠪᠠᠶ᠋ᠢᠴᠠᠭ᠋ᠠᠵᠤ ᠰᠡᠷᠭᠡᠶ᠋ᠢᠯᠡᠨ ᠬᠠᠮᠠᠭ᠋ᠠᠯᠠᠬᠤ᠎ᠪᠠᠨ ᠤᠯᠠᠮ ᠴᠢᠩᠭ᠋ᠠᠳᠬᠠᠵᠤ᠂ ᠠᠶᠤᠯᠲᠠᠢ ᠪᠠᠷᠢᠯᠭ᠎ᠠ ᠵᠢᠨ ᠠᠶᠤᠯᠲᠠᠢ ᠬᠡᠰᠡᠭ ᠵᠡᠷᠭᠡ ᠪᠠᠭᠤᠷᠠᠢ ᠭᠤᠭᠴᠣᠭ᠋ᠠᠨ᠎ᠳᠤ ᠬᠥᠮᠥᠨ ᠨᠡᠮᠡᠨ ᠲᠣᠮᠢᠯᠠᠵᠤ᠂ ᠳᠠᠪᠲᠠᠮᠵᠢ᠎ᠪᠠᠨ ᠨᠢᠭᠲᠠᠷᠠᠭᠤᠯᠵᠤ᠂ ᠠᠶᠤᠯ᠎ᠠᠴᠠ ᠠᠪᠤᠷᠠᠬᠤ ᠡᠳ᠋ ᠪᠣᠳᠠᠰ᠎ᠢ ᠭᠦᠢ᠍ᠴᠡᠳ ᠪᠡᠯᠡᠳᠬᠡᠵᠦ᠂ ᠠᠶᠤᠯ ᠲᠦᠭᠰᠢᠭᠦᠷᠢ ᠵᠢ ᠡᠷᠲᠡ ᠢᠯᠡᠷᠡᠭᠦᠯᠦᠨ᠂ ᠡᠷᠲᠡ ᠠᠷᠭ᠋ᠠᠴᠠᠭ᠋ᠠᠬᠤ ᠬᠡᠷᠡᠭᠲᠡᠢ ᠭᠡᠯᠡ᠃ ᠯᠢ ᠴᠢᠶᠠᠩ ᠯᠦ᠍ ᠱᠠᠨ ᠬᠤᠲᠠ ᠵᠢᠨ ᠪᠠᠢ ᠯᠦ᠍ ᠪᠠᠯᠭ᠋ᠠᠰᠤᠨ᠎ᠤ ᠸᠠᠩ ᠵᠢᠶᠠ ᠯᠥᠩ ᠳᠤᠭᠤᠶ᠋ᠢᠯᠠᠩ᠎ᠤᠨ ᠭᠠᠵᠠᠷ ᠰᠢᠨᠵᠢᠯᠡᠭᠡᠨ᠎ᠤ ᠭᠠᠮᠰᠢᠭ᠎ᠤᠨ ᠴᠡᠭ᠎ᠲᠤ ᠬᠦᠷᠦᠭᠡᠳ᠂ ᠶᠡᠭᠦᠷᠡᠭᠰᠡᠨ ᠪᠡᠯᠢ ᠵᠠᠰᠠᠬᠤ ᠲᠤᠬᠠᠢ ᠵᠢᠨ ᠲᠠᠯᠠᠪᠠᠶ᠎ᠳᠤ ᠶᠡᠭᠦᠷᠡᠭᠰᠡᠨ ᠪᠡᠯ ᠪᠠ ᠮᠧᠬᠠᠨᠢᠭ᠎ᠤᠨ ᠠᠵᠢᠯ᠎ᠤᠨ ᠠᠬᠢᠴᠠ ᠵᠢ ᠪᠠᠶ᠋ᠢᠴᠠᠭ᠋ᠠᠨ ᠦᠵᠡᠵᠦ᠂ ᠣᠯᠠᠨ ᠲᠦᠮᠡᠨ᠎ᠢ ᠲᠥᠪᠬᠢᠨᠡᠭᠦᠯᠦᠭᠰᠡᠨ ᠪᠠᠶ᠋ᠢᠳᠠᠯ᠎ᠢ ᠨᠠᠷᠢᠨ ᠠᠰᠠᠭᠤᠨ ᠯᠠᠪᠯᠠᠵᠠᠢ᠃ ᠯᠢ ᠴᠢᠶᠠᠩ᠂ ᠣᠳᠣ ᠪᠡᠯ ᠶᠡᠭᠦᠷᠡᠬᠦ᠂ ᠰᠢᠪᠠᠷ ᠴᠢᠯᠠᠭᠤᠨ ᠤᠷᠤᠰᠬᠠᠯ ᠵᠡᠷᠭᠡ ᠭᠠᠵᠠᠷ ᠰᠢᠨᠵᠢᠯᠡᠭᠡᠨ᠎ᠤ ᠭᠠᠢ ᠭᠠᠮᠰᠢᠭ ᠣᠯᠠᠨ ᠡᠭᠦᠰᠬᠦ ᠬᠤᠭᠤᠴᠠᠭ᠎ᠠ ᠪᠠᠶ᠋ᠢᠵᠤ᠂ ᠠᠮᠤᠷ ᠲᠦᠪᠰᠢᠨ᠎ᠤ ᠰᠡᠷᠭᠡᠶ᠋ᠢᠯᠡᠯᠲᠡ ᠡᠨᠡ ᠬᠦ᠌ ᠬᠥᠪᠴᠢ ᠵᠢ ᠨᠢᠭᠡ ᠮᠥᠴᠡ ᠴᠦ᠍ ᠰᠤᠯᠠᠷᠠᠭᠤᠯᠵᠤ ᠪᠣᠯᠬᠤ ᠦᠭᠡᠢ᠃ 《ᠰᠡᠷᠭᠡᠶ᠋ᠢᠯᠡᠯᠲᠡ》 ᠵᠢ ᠲᠡᠷᠢᠭᠦᠨ ᠪᠠᠶ᠋ᠢᠷᠢᠨ᠎ᠳᠤ ᠲᠠᠯᠪᠢᠵᠤ᠂ ᠠᠷᠭ᠋ᠠᠴᠠᠬᠤ ᠪᠡᠯᠡᠳᠬᠡᠯ᠎ᠢ ᠤᠷᠢᠳᠴᠢᠯᠠᠨ ᠰᠠᠶ᠋ᠢᠲᠤᠷ ᠬᠢᠵᠦ᠂ ᠭᠠᠵᠠᠷ ᠰᠢᠨᠵᠢᠯᠡᠭᠡᠨ᠎ᠤ ᠭᠠᠢ ᠭᠠᠮᠰᠢᠭ᠎ᠤᠨ 《ᠳᠠᠯᠳᠠ ᠬᠡᠮ᠎ᠲᠠᠢ ᠭᠠᠵᠠᠷ + ᠠᠶᠤᠯ ᠲᠦᠭᠰᠢᠭᠦᠷᠢᠲᠦ ᠣᠷᠣᠨ》᠎ᠤ ᠬᠤᠣᠰ ᠡᠵᠡᠮᠳᠡᠯ᠎ᠤᠨ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠤᠨ᠂ ᠬᠥᠮᠥᠨ ᠪᠠ ᠮᠡᠷᠭᠡᠵᠢᠯ ᠵᠶ᠋ᠠᠷ ᠰᠡᠷᠭᠡᠶ᠋ᠢᠯᠡᠬᠦ ᠵᠢ ᠨᠠᠩ ᠰᠠᠶ᠋ᠢᠲᠤᠷ ᠤᠶᠠᠯᠳᠤᠭᠤᠯᠵᠤ᠂ ᠬᠦᠨᠳᠦ ᠶᠡᠭᠡ ᠠᠶᠤᠯ ᠲᠦᠭᠰᠢᠭᠦᠷᠢ ᠵᠢ ᠢᠯᠡᠷᠡᠭᠦᠯᠪᠡᠯ ᠲᠦᠭᠰᠢᠭᠦᠷᠢ᠎ᠳᠤ ᠦᠷᠲᠦᠬᠦ ᠣᠷᠣᠨ ᠪᠦᠰᠡ ᠵᠢᠨ ᠰᠠᠭᠤᠭ᠋ᠠᠯᠢ ᠠᠷᠠᠳ᠎ᠢ ᠰᠢᠭᠤᠷᠬᠠᠢ ᠰᠢᠯᠵᠢᠭᠦᠯᠵᠦ᠂ ᠠᠷᠭ᠎ᠠ ᠪᠦᠬᠦᠨ᠎ᠢ ᠰᠦᠪᠡᠭᠴᠢᠯᠡᠨ ᠭᠠᠮᠰᠢᠭᠳᠠᠭᠰᠠᠨ ᠣᠯᠠᠨ ᠲᠦᠮᠡᠨ᠎ᠤ ᠦᠨᠳᠦᠰᠦᠨ ᠠᠮᠢᠳᠤᠷᠠᠯ᠎ᠢ ᠪᠠᠲᠤᠯᠠᠬᠤ ᠬᠡᠷᠡᠭᠲᠡᠢ ᠬᠡᠮᠡᠨ ᠵᠢᠭ᠋ᠠᠵᠤ ᠭᠠᠷᠭ᠋ᠠᠵᠠᠢ᠃

7 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ 2᠎ᠤᠨ ᠡᠳᠦᠷ ᠪᠤᠯᠲᠠᠯ᠎ᠠ ᠳᠣᠮᠲᠠᠲᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠤᠯᠤᠰ ᠲᠥᠷᠥ ᠵᠢᠨ ᠲᠣᠪᠴᠢᠶᠠᠨ᠎ᠤ ᠪᠠᠶ᠋ᠢᠩᠭᠤ ᠵᠢᠨ ᠭᠡᠰᠢᠭᠦᠨ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠶᠡᠷᠦᠩᠬᠡᠢ ᠰᠠᠶ᠋ᠢᠳ ᠯᠢ ᠴᠢᠶᠠᠩ ᠵᠢᠶᠠᠩᠰᠢ ᠵᠢᠨ ᠵᠢᠣᠵᠢᠶᠠᠩ᠎ᠲᠤ ᠦᠶᠡᠷ᠎ᠢ ᠰᠡᠷᠭᠡᠶ᠋ᠢᠯᠡᠬᠦ ᠠᠵᠢᠯ᠎ᠢ ᠪᠠᠶ᠋ᠢᠴᠠᠭ᠋ᠠᠨ ᠵᠢᠯᠤᠭᠤᠳᠪᠠ᠃ 7 ᠳ᠋ᠤᠭ᠋ᠠᠷ ᠰᠠᠷ᠎ᠠ ᠵᠢᠨ 2᠎ᠤᠨ ᠡᠳᠦᠷ᠂ ᠯᠢ ᠴᠢᠶᠠᠩ ᠯᠦ᠍ ᠱᠠᠨ ᠬᠤᠲᠠ ᠵᠢᠨ ᠪᠠᠢ ᠯᠦ᠍ ᠪᠠᠯᠭ᠋ᠠᠰᠤᠨ᠎ᠳᠤ ᠦᠶᠡᠷ᠎ᠢ ᠰᠡᠷᠭᠡᠶ᠋ᠢᠯᠡᠬᠦ ᠪᠠᠶ᠋ᠢᠳᠠᠯ᠎ᠢ ᠵᠠᠳᠠᠯᠬᠤ ᠬᠤᠷᠠᠯ ᠡᠷᠭᠢᠯᠡᠨ ᠬᠤᠷᠠᠯᠳᠤᠭᠤᠯᠪᠠ᠃ ᠰᠢᠨᠬᠤᠸᠠ ᠬᠤᠷᠢᠶᠠᠨ᠎ᠤ ᠰᠤᠷᠪᠤᠯᠵᠢᠯᠠᠭᠴᠢ ᠸᠠᠩ ᠶᠧ ᠰᠡᠭᠦᠳᠡᠷᠯᠡᠪᠡ ᠪᠠᠢ ᠯᠦ᠍ ᠪᠠᠯᠭ᠋ᠠᠰᠤᠨ᠎ᠳᠤ᠂ ᠯᠢ ᠴᠢᠶᠠᠩ ᠦᠶᠡᠷ᠎ᠢ ᠰᠡᠷᠭᠡᠶ᠋ᠢᠯᠡᠬᠦ ᠪᠠᠶ᠋ᠢᠳᠠᠯ᠎ᠢ ᠵᠠᠳᠠᠯᠬᠤ ᠬᠤᠷᠠᠯ ᠡᠷᠬᠢᠯᠡᠨ ᠬᠤᠷᠠᠯᠳᠤᠭᠤᠯᠪᠠ᠃ ᠵᠢᠶᠠᠩᠰᠢ ᠮᠤᠵᠢ᠂ ᠯᠦ᠍ ᠱᠠᠨ ᠬᠤᠲᠠ᠂ ᠪᠠᠢ ᠯᠦ᠍ ᠪᠠᠯᠭ᠋ᠠᠰᠤ ᠬᠢᠭᠡᠳ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠶᠠᠮᠤᠨ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠂ ᠤᠰᠤᠨ ᠠᠰᠢᠭᠯᠠᠯᠲᠠ ᠵᠢᠨ ᠶᠠᠮᠤᠨ᠂ ᠳᠤᠮᠳᠠᠳᠤ ᠤᠯᠤᠰ᠎ᠤᠨ ᠴᠠᠭ ᠠᠭᠤᠷ᠎ᠤᠨ ᠲᠣᠪᠴᠢᠶᠠᠨ᠎ᠤ ᠬᠠᠷᠢᠭᠤᠴᠠᠯᠭ᠋ᠠᠲᠠᠳ᠎ᠤᠨ ᠬᠠᠷᠢᠭᠤ ᠮᠡᠳᠡᠭᠦᠯᠦᠯᠲᠡ ᠵᠢ ᠰᠣᠨᠣᠰᠤᠭᠰᠠᠨ᠎ᠤ ᠳᠠᠷᠠᠭ᠎ᠠ᠂ ᠯᠢ ᠴᠢᠶᠠᠩ᠂ ᠡᠨᠡ ᠵᠢᠯ ᠲᠦᠢ᠍ᠯ᠎ᠤᠨ ᠶᠡᠷᠦ ᠪᠤᠰᠤ ᠵᠢᠨ ᠴᠠᠭ ᠠᠭᠤᠷ ᠣᠯᠠᠨ ᠡᠭᠦᠰᠴᠦ ᠪᠠᠶ᠋ᠢᠨ᠎ᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠤᠳ ᠦᠨᠡᠨ ᠬᠦ᠌ ᠰᠣᠨᠣᠷ ᠰᠡᠷᠡᠮᠵᠢ᠎ᠲᠠᠢ ᠪᠠᠶ᠋ᠢᠵᠤ᠂ ᠠᠵᠢᠯ᠎ᠤᠨ ᠠᠷᠭ᠎ᠠ ᠬᠡᠮᠵᠢᠶ᠎ᠡ ᠵᠢ ᠪᠣᠳᠠᠲᠠᠢ ᠪᠥᠭᠡᠳ ᠨᠠᠷᠢᠯᠢᠭ ᠠᠳᠬᠤᠵᠤ᠂ ᠦᠶᠡᠷ᠎ᠢ ᠠᠮᠤᠷ ᠲᠦᠪᠰᠢᠨ ᠵᠶ᠋ᠠᠷ ᠥᠩᠭᠡᠷᠡᠭᠦᠯᠬᠦ ᠵᠢ ᠪᠥᠬᠦ ᠬᠦᠴᠦᠨ ᠵᠶ᠋ᠠᠷ ᠵᠶ᠋ᠠᠨ ᠪᠠᠲᠤᠯᠠᠬᠤ ᠬᠡᠷᠡᠭᠲᠡᠢ᠃ ᠭᠠᠮᠰᠢᠭ᠎ᠢ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠪᠠ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠠᠵᠢᠯᠯᠠᠭ᠎ᠠ ᠵᠢ ᠴᠢᠩᠭ᠋ᠠᠳᠬᠠᠵᠤ᠂ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠲᠤ ᠰᠢᠭᠤᠳ ᠬᠦᠷᠬᠦ ᠭᠠᠮᠰᠢᠭ᠎ᠢ ᠰᠡᠷᠭᠡᠶ᠋ᠢᠯᠡᠵᠦ ᠰᠡᠷᠡᠮᠵᠢᠯᠡᠭᠦᠯᠬᠦ 《ᠬᠠᠷᠠᠵᠤ ᠬᠠᠨᠳᠤᠬᠤ》 ᠲᠣᠭᠲᠠᠴᠠ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠬᠤ ᠬᠡᠷᠡᠭᠲᠡᠢ᠃ ᠰᠢᠷᠦᠭᠦᠨ ᠪᠣᠷᠣᠭ᠋ᠠᠨ᠎ᠠᠴᠠ ᠪᠣᠯᠤᠭᠰᠠᠨ ᠡᠯ᠎ᠡ ᠵᠦᠢ᠍ᠯ᠎ᠤᠨ ᠡᠭᠦᠰᠦᠮᠡᠯ ᠭᠠᠮᠰᠢᠭᠤᠳᠢ ᠴᠢᠩᠭ᠎ᠠ ᠰᠡᠷᠭᠡᠶ᠋ᠢᠯᠡᠵᠦ᠂ ᠬᠤᠳᠠ ᠵᠢᠨ ᠦᠶᠡᠷ᠎ᠢ ᠰᠡᠷᠭᠡᠶ᠋ᠢᠯᠡᠨ ᠤᠰᠤᠲᠤᠯ᠎ᠢ ᠵᠠᠯᠠᠬᠤ ᠪᠠᠭᠤᠷᠠᠢ ᠭᠤᠭᠴᠤᠭ᠎ᠠ ᠵᠢ ᠪᠦᠬᠦ ᠲᠠᠯ᠎ᠠ᠎ᠪᠠᠷ ᠵᠢᠭᠰᠠᠭ᠋ᠠᠨ ᠪᠠᠶ᠋ᠢᠴᠠᠭ᠋ᠠᠵᠤ᠂ ᠲᠠᠷᠢᠶᠠᠨ ᠭᠠᠵᠠᠷ᠎ᠲᠠᠬᠢ ᠦᠶᠡᠷ᠎ᠢ ᠰᠡᠷᠭᠡᠶ᠋ᠢᠯᠡᠵᠦ ᠤᠰᠤᠲᠤᠯ᠎ᠢ ᠵᠠᠯᠠᠬᠤ ᠳᠤᠲᠠᠭᠳᠠᠯ᠎ᠢ ᠲᠦᠷᠭᠡᠨ ᠨᠥᠬᠦᠪᠦᠷᠢᠯᠡᠬᠦ ᠬᠡᠷᠡᠭᠲᠡᠢ᠃ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠦᠢ᠍ᠯᠡᠳᠦᠯ᠎ᠢ ᠦᠨᠡᠨ ᠬᠦ᠌ ᠪᠠᠳᠠᠷᠠᠭᠤᠯᠵᠤ᠂ ᠳᠡᠭᠡᠳᠦ ᠳᠣᠣᠷᠠᠳᠤ ᠤᠷᠤᠰᠬᠠᠯ᠂ ᠵᠡᠭᠦᠨ ᠪᠠᠷᠠᠭᠤᠨ ᠡᠷᠭᠢ᠂ ᠭᠤᠣᠯ ᠰᠠᠯᠪᠤᠷᠢ ᠤᠷᠤᠰᠬᠠᠯ᠂ ᠮᠤᠵᠢ ᠬᠤᠭᠤᠷᠣᠨᠳᠤ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠵᠢ ᠴᠢᠩᠭ᠋ᠠᠳᠬᠠᠵᠤ᠂ ᠪᠣᠷᠣᠭ᠋ᠠᠨ᠎ᠤ ᠭᠤᠣᠯ ᠪᠦᠰᠡ ᠵᠢ ᠦᠷᠭᠦᠯᠵᠢᠯᠡᠨ ᠤᠮᠠᠷᠠᠰᠢ ᠰᠢᠯᠵᠢᠭᠦᠯᠬᠦ ᠪᠡᠯᠡᠳᠬᠡᠯ᠎ᠢ ᠤᠷᠢᠳᠴᠢᠯᠠᠨ ᠰᠠᠶ᠋ᠢᠲᠤᠷ ᠬᠢᠬᠦ ᠬᠡᠷᠡᠭᠲᠡᠢ᠃ ᠠᠶᠤᠯ᠎ᠠᠴᠠ ᠠᠪᠤᠷᠠᠨ ᠲᠤᠰᠠᠯᠠᠬᠤ ᠪᠠ ᠭᠠᠮᠰᠢᠭ᠎ᠠᠴᠠ ᠠᠪᠤᠷᠠᠨ ᠲᠤᠰᠠᠯᠠᠬᠤ ᠠᠵᠢᠯ᠎ᠢ ᠪᠦᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠵᠦ᠂ ᠰᠠᠭᠤᠷᠢ ᠲᠥᠬᠦᠭᠡᠷᠦᠮᠵᠢ ᠵᠢᠨ ᠭᠠᠮᠰᠢᠭ ᠰᠡᠷᠭᠡᠶ᠋ᠢᠯᠡᠬᠦ ᠲᠦᠪᠰᠢᠨ᠎ᠢ ᠳᠡᠭᠡᠭᠰᠢᠯᠡᠭᠦᠯᠵᠦ᠂ ᠲᠦᠢ᠍ᠯ᠎ᠤᠨ ᠪᠠᠶ᠋ᠢᠳᠠᠯ᠎ᠳᠤ ᠰᠡᠷᠭᠡᠶ᠋ᠢᠯᠡᠨ ᠠᠷᠭ᠋ᠠᠴᠠᠬᠤ ᠠᠷᠭ᠎ᠠ ᠬᠡᠮᠵᠢᠶ᠎ᠡ ᠠᠪᠬᠤ ᠬᠡᠷᠡᠭᠲᠡᠢ᠃ ᠭᠠᠮᠰᠢᠭ ᠭᠠᠷᠤᠮᠠᠭᠴᠠ ᠠᠪᠤᠷᠠᠨ ᠲᠤᠰᠠᠯᠠᠬᠤ ᠡᠯ᠎ᠡ ᠲᠥᠷᠥᠯ᠎ᠤᠨ ᠬᠦᠴᠦᠨ᠎ᠢ ᠨᠢᠭᠡᠳᠦᠯᠲᠡᠢ ᠲᠥᠯᠥᠪᠯᠡᠨ ᠰᠢᠯᠵᠢᠭᠦᠯᠦᠨ ᠲᠣᠮᠢᠯᠠᠵᠤ᠂ ᠲᠡᠷᠡ ᠳᠠᠷᠤᠢ᠎ᠳᠤ᠎ᠨᠢ ᠠᠪᠤᠷᠠᠨ ᠲᠤᠰᠠᠯᠠᠬᠤ ᠠᠵᠢᠯ᠎ᠢ ᠥᠷᠨᠢᠭᠦᠯᠦᠨ᠂ ᠬᠥᠮᠥᠨ ᠬᠠᠷ᠎ᠠ ᠠᠳᠡᠵᠦ ᠰᠢᠷᠬᠠᠲᠤᠬᠤ ᠪᠠ ᠭᠠᠮᠰᠢᠭ᠎ᠤᠨ ᠬᠤᠬᠢᠷᠠᠯ᠎ᠢ ᠬᠠᠮᠤᠭ᠎ᠤᠨ ᠳᠣᠣᠷ᠎ᠠ ᠬᠡᠮᠵᠢᠶᠡᠨ᠎ᠳᠤ ᠬᠦᠷᠲᠡᠯ᠎ᠡ ᠪᠠᠭᠤᠷᠠᠭᠤᠯᠬᠤ᠎ᠪᠠᠷ ᠴᠢᠷᠮᠠᠶ᠋ᠢᠬᠤ ᠬᠡᠷᠡᠭᠲᠡᠢ᠃ ᠭᠠᠩ ᠬᠠᠭᠰᠠᠷᠠᠭ᠋ᠠᠨ᠎ᠲᠠᠢ ᠲᠡᠮᠡᠴᠡᠵᠦ ᠭᠠᠮᠰᠢᠭ᠎ᠢ ᠪᠠᠭ᠋ᠠᠰᠬᠠᠬᠤ ᠵᠢ ᠨᠢᠭᠡᠳᠦᠯᠲᠡᠢ ᠲᠥᠯᠥᠪᠯᠡᠨ ᠰᠠᠶ᠋ᠢᠲᠤᠷ ᠠᠳᠬᠤᠵᠤ᠂ ᠭᠠᠩ ᠬᠠᠭᠰᠠᠷᠠᠭ᠋ᠠᠨ᠎ᠲᠠᠢ ᠲᠡᠮᠡᠴᠡᠬᠦ ᠤᠰᠤᠨ᠎ᠤ ᠡᠬᠢ ᠰᠤᠷᠪᠤᠯᠵᠢ ᠵᠢ ᠰᠢᠯᠵᠢᠭᠦᠯᠦᠨ ᠲᠣᠬᠢᠷᠠᠭᠤᠯᠬᠤ ᠵᠢ ᠴᠢᠩᠭ᠋ᠠᠳᠬᠠᠵᠤ᠂ ᠤᠯᠠᠨ ᠲᠦᠮᠡᠨ᠎ᠤ ᠤᠤᠭᠤᠬᠤ ᠤᠰᠤᠨ᠎ᠤ ᠠᠮᠤᠷ ᠲᠦᠪᠰᠢᠨ ᠬᠢᠭᠡᠳ ᠨᠠᠮᠤᠷ᠎ᠤᠨ ᠠᠮᠤ ᠪᠤᠳᠠᠭ᠋ᠠᠨ᠎ᠤ ᠡᠯᠪᠡᠭ ᠬᠤᠷᠢᠶᠠᠯᠲᠠ ᠵᠢ ᠪᠠᠲᠤᠯᠠᠬᠤ ᠬᠡᠷᠡᠭᠲᠡᠢ ᠬᠡᠮᠡᠨ ᠵᠢᠭ᠋ᠠᠵᠤ ᠭᠠᠷᠭ᠋ᠠᠵᠠᠢ᠃ ᠦ᠋ ᠵᠧᠩ ᠯᠦᠩ ᠪᠠᠷ᠎ᠠ ᠪᠣᠯᠪᠠ᠃