ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠠᠯᠪᠠᠨ ᠮᠡᠳᠡᠭᠡ
ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠠᠴᠠ 《ᠡᠷᠲᠡᠨ᠎ᠤ ᠮᠣᠳᠣ ᠨᠠᠷᠠᠲᠤ ᠮᠣᠳᠣ ᠵᠢ ᠬᠠᠮᠠᠭ᠋ᠠᠯᠠᠬᠤ ᠲᠦᠷᠢᠮ (ᠲᠥᠰᠦᠯ)》᠎ᠢ ᠬᠢᠨᠠᠨ ᠵᠥᠪᠯᠡᠵᠦ ᠪᠠᠲᠤᠯᠠᠪᠠ
ᠨᠡᠶ᠋ᠢᠲᠡᠯᠡᠭᠰᠡᠨ ᠴᠠᠭ᠄ 2025-01-10

   
    ᠠᠷᠠᠳ᠎ᠤᠨ ᠰᠦᠯᠵᠢᠶ᠎ᠡ ᠵᠢᠨ ᠪᠡᠭᠡᠵᠢᠩ᠎ᠤᠨ 1 ᠰᠠᠷ᠎ᠠ ᠵᠢᠨ 5᠎ᠤ ᠡᠳᠦᠷ᠎ᠤᠨ ᠮᠡᠳᠡᠭᠡ (ᠡᠸᠤ ᠶᠠᠩ ᠢ ᠵᠢᠶᠠ) 1 ᠰᠠᠷ᠎ᠠ ᠵᠢᠨ 3᠎ᠤ ᠡᠳᠦᠷ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ ᠬᠤᠷᠠᠯᠳᠤᠵᠤ᠂ ᠬᠤᠷᠠᠯ᠎ᠠᠴᠠ 《ᠡᠷᠲᠡᠨ᠎ᠤ ᠮᠣᠳᠣ ᠨᠠᠷᠠᠲᠤ ᠮᠣᠳᠣ ᠵᠢ ᠬᠠᠮᠠᠭ᠋ᠠᠯᠠᠬᠤ ᠲᠦᠷᠢᠮ (ᠲᠥᠰᠦᠯ)》᠎ᠢ ᠬᠢᠨᠠᠨ ᠵᠥᠪᠯᠡᠵᠦ ᠪᠠᠲᠤᠯᠠᠪᠠ᠃ ᠬᠤᠷᠠᠯ᠎ᠠᠴᠠ᠂ ᠬᠠᠮᠠᠭ᠋ᠠᠯᠠᠬᠤ ᠵᠢ ᠲᠡᠷᠢᠭᠦᠨ᠎ᠳᠤ ᠲᠠᠯᠪᠢᠬᠤ ᠵᠢ ᠪᠠᠷᠢᠮᠲᠠᠯᠠᠵᠤ᠂ ᠡᠷᠲᠡᠨ᠎ᠤ ᠮᠣᠳᠣ ᠨᠡᠷᠡᠳᠦ ᠮᠣᠳᠣ ᠵᠢ ᠬᠠᠮᠠᠭ᠋ᠠᠯᠠᠨ ᠬᠠᠮᠢᠶᠠᠷᠬᠤ ᠪᠠᠷᠢᠮᠵᠢᠶ᠎ᠠ᠂ ᠵᠢᠷᠤᠮᠵᠢᠯ ᠵᠡᠷᠭᠡ ᠢᠵᠢ ᠪᠦᠷᠢᠳᠦᠭᠰᠡᠡ ᠲᠦᠷᠢᠮ᠎ᠤᠨ ᠰᠢᠰᠲ᠋ᠧᠮ᠎ᠢ ᠱᠠᠯᠠᠪᠳᠠᠨ ᠲᠣᠭᠲᠠᠭ᠋ᠠᠵᠤ ᠵᠠᠰᠠᠪᠤᠷᠢ ᠣᠷᠣᠭᠤᠯᠤᠨ᠂ ᠲᠡᠰ ᠬᠤᠪᠢᠶᠠᠨ ᠲᠦᠷᠦᠯ ᠬᠤᠪᠢᠶᠠᠨ ᠬᠠᠮᠠᠭ᠋ᠠᠯᠠᠬᠤ᠂ ᠡᠳᠦᠷ ᠲᠤᠳᠤᠮ᠎ᠤᠨ ᠠᠷᠠᠴᠢᠯᠠᠯᠲᠠ ᠬᠠᠮᠠᠭ᠋ᠠᠯᠠᠯᠲᠠ᠂ ᠣᠭᠲᠣᠯᠵᠤ ᠰᠢᠯᠵᠢᠭᠦᠯᠬᠦ ᠬᠠᠮᠢᠶᠠᠷᠤᠯᠲᠠ ᠵᠡᠷᠭᠡ ᠲᠣᠭᠲᠠᠭ᠋ᠠᠯ᠎ᠢ ᠪᠣᠳᠠᠲᠠᠢ ᠨᠠᠷᠢᠯᠢᠭ ᠨᠠᠢ᠌ᠳᠠᠪᠤᠷᠢᠵᠢᠭᠤᠯᠤᠨ᠎ᠠ᠃ ᠡᠷᠲᠡᠨ᠎ᠤ ᠮᠣᠳᠣ ᠨᠡᠷᠡᠲᠦ ᠮᠣᠳᠣᠨ᠎ᠤ ᠡᠬᠢ ᠪᠠᠶᠠᠯᠢᠭ᠎ᠢ ᠵᠦᠢ ᠵᠣᠬᠢᠰᠲᠠᠶ ᠠᠰᠢᠭᠯᠠᠨ᠂ ᠲᠡᠦᠬᠡ ᠰᠣᠶᠣᠯ᠎ᠤᠨ ᠠᠭᠤᠯᠤᠭᠳᠠᠬᠤᠨ᠎ᠢ ᠭᠦᠢ᠍ᠴᠡᠳ ᠠᠭᠤᠳᠠᠯᠵᠤ᠂ ᠠᠮᠢ ᠠᠬᠤᠶ ᠵᠢᠨ ᠵᠢᠭᠤᠯᠴᠢᠯᠠᠯ᠂ ᠰᠢᠨᠵᠢᠯᠡᠬᠦ ᠤᠬᠠᠭ᠋ᠠᠨ᠎ᠤ ᠰᠤᠳᠤᠯᠤᠯ ᠵᠡᠷᠭᠡ ᠠᠵᠢᠯᠯᠠᠭ᠎ᠠ ᠵᠢ ᠡᠮᠬᠢ ᠵᠢᠷᠤᠮ᠎ᠲᠠᠢ ᠥᠷᠨᠢᠭᠦᠯᠦᠨ᠂ ᠠᠷᠠᠴᠢᠯᠠᠨ ᠬᠠᠮᠠᠭ᠋ᠠᠯᠠᠵᠤ ᠠᠪᠤᠷᠠᠨ ᠵᠠᠰᠠᠬᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠣᠭᠣᠮᠲᠠ ᠰᠢᠪᠲᠤᠯᠬᠤ ᠪᠠ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠤᠬᠠᠭᠤᠯᠭ᠎ᠠ ᠵᠢ ᠰᠠᠶ᠋ᠢᠲᠤᠷ ᠬᠢᠵᠦ᠂ ᠡᠷᠲᠡᠨ᠎ᠤ ᠮᠣᠳᠣ ᠵᠢ  ᠬᠤᠬᠢᠷᠠᠭᠤᠯᠬᠤ᠂ ᠬᠠᠤᠯᠢ ᠪᠤᠰᠤ᠎ᠪᠠᠷ ᠣᠭᠲᠣᠯᠬᠤ ᠵᠡᠷᠭᠡ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠪᠦᠬᠦ ᠨᠡᠶ᠋ᠢᠭᠡᠮ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠬᠠᠮᠠᠭ᠋ᠠᠯᠠᠯᠲᠠ ᠵᠢᠨ ᠦᠵᠡᠯ ᠤᠬᠠᠮᠰᠠᠷ᠎ᠢ᠎ᠨᠢ ᠨᠡᠮᠡᠭᠳᠡᠭᠦᠯᠦᠨ᠂ ᠬᠠᠮᠠᠭ᠋ᠠᠯᠠᠯᠲᠠ ᠵᠢᠨ ᠨᠡᠶ᠋ᠢᠯᠡᠮᠡᠯ ᠬᠦᠴᠦᠨ᠎ᠢ ᠪᠣᠶ ᠪᠤᠯᠭ᠋ᠠᠨ᠎ᠠ᠃ ᠡᠷᠲᠡᠨ᠎ᠤ ᠮᠣᠳᠣ ᠨᠡᠷᠡᠳᠦ ᠮᠣᠳᠣ᠎ᠨᠢ ᠳᠤᠮᠳᠠᠳᠤ ᠵᠢᠨ ᠪᠣᠯᠪᠠᠰᠤᠨ᠎ᠤ ᠥᠨᠢ ᠤᠳᠠᠭ᠋ᠠᠨ ᠲᠡᠦᠬᠡ ᠪᠠ ᠭᠡᠷᠡᠯ ᠰᠠᠴᠤᠷᠠᠩᠭᠤᠢ ᠰᠣᠶᠣᠯ᠎ᠢ ᠠᠴᠢᠶᠠᠯᠠᠵᠤ᠂ ᠮᠠᠰᠢ ᠴᠢᠬᠤᠯᠠ ᠳᠦᠷᠰᠦ ᠵᠢᠨ ᠡᠬᠢ ᠪᠠᠶᠠᠯᠢᠭ᠂ ᠦᠵᠡᠮᠵᠢ ᠵᠢᠨ ᠡᠬᠢ ᠪᠠᠶᠠᠯᠢᠭ ᠪᠠ ᠠᠮᠢ ᠠᠬᠤᠢ ᠵᠢᠨ ᠡᠬᠢ ᠪᠠᠶᠠᠯᠢᠭ ᠪᠣᠯᠤᠨ᠎ᠠ᠃ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠲᠠᠨᠢᠯᠴᠠᠭᠤᠯᠤᠭᠰᠠᠨ ᠵᠶ᠋ᠠᠷ᠂ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠪᠡᠭᠡᠵᠢᠩ ᠬᠣᠲᠠ ᠵᠢᠨ ᠴᠡᠴᠡᠷᠯᠢᠭ᠎ᠤᠨ ᠨᠣᠭᠣᠭ᠋ᠠᠷᠠᠭᠤᠯᠤᠯᠲᠠ ᠵᠢᠨ ᠲᠣᠪᠴᠢᠶ᠎ᠠ ᠵᠡᠷᠭᠡ ᠰᠠᠯᠠᠭ᠎ᠠ ᠮᠥᠴᠢᠷ᠎ᠤᠨ ᠵᠢᠯᠣᠭᠣᠳᠣᠯᠭ᠎ᠠ ᠪᠠ ᠳᠡᠮᠵᠢᠯᠭᠡ ᠳᠤᠤᠷ᠎ᠠ᠂ ᠪᠡᠭᠡᠵᠢᠩ᠎ᠤᠨ ᠣᠶ ᠰᠢᠭᠤᠶ ᠵᠢᠨ ᠶᠡᠬᠡ ᠰᠤᠷᠭ᠋ᠠᠭᠤᠯᠢ ᠪᠥᠬᠥ ᠤᠯᠤᠰ᠎ᠲᠤ ᠡᠩ ᠲᠡᠷᠢᠭᠦᠨ᠎ᠳᠤ ᠡᠷᠲᠡᠨ᠎ᠤ ᠮᠣᠳᠣ ᠨᠠᠷᠠᠲᠤ ᠮᠣᠳᠣ ᠵᠢ ᠬᠠᠮᠠᠭ᠋ᠠᠯᠠᠬᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠣᠭᠣᠮᠲᠠ ᠰᠢᠪᠲᠤᠯᠬᠤ ᠪᠠ ᠮᠡᠷᠭᠡᠵᠢᠯ᠎ᠤᠨ  ᠦᠢ᠍ᠯᠡᠴᠢᠯᠡᠭᠡᠨ᠎ᠤ ᠠᠵᠢᠯ᠎ᠢ ᠥᠷᠨᠢᠭᠦᠯᠪᠡ᠃
      ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠲᠥᠷᠥᠯ ᠵᠦᠢ᠍ᠯ᠂ ᠪᠡᠭᠡᠵᠢᠩ ᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠯᠥᠪᠯᠡᠭᠡ ᠵᠢᠨ ᠲᠥᠷᠥᠯ ᠵᠦᠢ᠍ᠯ ᠵᠡᠷᠭᠡ ᠲᠥᠷᠥᠯ ᠵᠦᠢ᠍ᠯ᠎ᠤᠨ ᠳᠡᠮᠵᠢᠯᠭᠡ᠎ᠳᠤ ᠲᠦᠰᠢᠭᠯᠡᠨ᠂ ᠡᠷᠲᠡᠨ᠎ᠤ ᠮᠣᠳᠣᠨ᠎ᠤ ᠨᠠᠰᠤ ᠵᠢ ᠬᠢᠨᠠᠨ ᠲᠣᠭᠲᠠᠭ᠋ᠠᠬᠤ ᠪᠠ ᠡᠷᠡᠭᠦᠯ ᠮᠡᠨᠳᠦ ᠵᠢ ᠦᠨᠡᠯᠡᠬᠦ ᠬᠦᠴᠢᠷ ᠠᠰᠠᠭᠤᠳᠠᠯ᠎ᠳᠤ ᠴᠢᠭᠯᠡᠭᠦᠯᠦᠨ᠂ CT ᠬᠡᠷᠡᠯ ᠵᠢᠭᠰᠠᠯ ᠪᠠ DNA᠎ᠳᠤ ᠰᠠᠭᠤᠷᠢᠯᠠᠭᠰᠠᠨ ᠮᠣᠳᠣᠨ᠎ᠤ ᠨᠠᠰᠤ ᠵᠢ ᠨᠠᠷᠢᠯᠢᠭ ᠣᠨᠣᠴᠠᠲᠠᠶ᠎ᠪᠠᠷ ᠬᠢᠨᠠᠨ ᠲᠣᠭᠲᠠᠭ᠋ᠠᠬᠤ ᠠᠷᠭ᠎ᠠ ᠵᠢ ᠡᠭᠦᠳᠴᠦ᠂ ᠵᠣᠬᠢᠶᠠᠮᠠᠯ ᠣᠶᠤᠨ ᠴᠢᠳᠠᠪᠤᠷᠢ ᠵᠢᠨ ᠮᠡᠷᠭᠡᠵᠢᠯ᠎ᠢ ᠠᠰᠢᠭᠯᠠᠨ ᠥᠨᠳᠥᠷ ᠪᠦᠲᠦᠮᠵᠢᠲᠡᠶ ᠨᠠᠷᠢᠯᠢᠭ ᠣᠨᠣᠴᠠᠲᠠᠶ᠎ᠪᠠᠷ ᠢᠯᠭ᠋ᠠᠨ ᠲᠠᠨᠢᠬᠤ ᠲᠣᠭ᠎ᠠ ᠲᠡᠮᠳᠡᠭᠯᠡᠬᠦ ᠰᠢᠰᠲ᠋ᠧᠮ᠎ᠢ ᠪᠠᠶ᠋ᠢᠭᠤᠯᠪᠠ᠃ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠬᠣᠯᠪᠣᠭᠳᠠᠯ ᠪᠥᠬᠥᠶ ᠬᠠᠷᠢᠭᠤᠴᠠᠯᠭ᠋ᠠᠲᠠᠨ ᠢᠯᠡᠷᠬᠡᠶ᠋ᠢᠯᠡᠬᠦ᠎ᠳᠡᠭᠡᠨ᠂ 《ᠡᠷᠲᠡᠨ᠎ᠤ ᠮᠣᠳᠣ ᠨᠠᠷᠠᠲᠤ ᠮᠣᠳᠣ ᠵᠢ ᠬᠠᠮᠠᠭ᠋ᠠᠯᠠᠬᠤ ᠲᠦᠷᠢᠮ (ᠲᠥᠰᠦᠯ)》᠎ᠢ ᠨᠡᠶ᠋ᠢᠲᠡᠯᠡᠭᠰᠡᠨ᠎ᠨᠢ ᠡᠷᠲᠡᠨ᠎ᠤ ᠮᠣᠳᠣ ᠨᠠᠷᠠᠲᠤ ᠮᠣᠳᠣ ᠵᠢ ᠬᠠᠮᠠᠭ᠋ᠠᠯᠠᠬᠤ᠎ᠳᠤ ᠨᠠᠩ ᠪᠠᠲᠤ ᠪᠠᠬᠢ ᠬᠠᠤᠯᠢ᠎ᠪᠠᠷ ᠵᠠᠰᠠᠬᠤ ᠰᠠᠭᠤᠷᠢ ᠵᠢ ᠬᠠᠩᠭ᠋ᠠᠬᠤ ᠪᠣᠯᠤᠨ᠎ᠠ ᠭᠡᠵᠡᠶ᠃ ᠢᠷᠡᠭᠡᠳᠦᠶ᠎ᠳᠤ᠂ ᠬᠠᠮᠠᠭ᠋ᠠᠯᠠᠯᠲᠠ ᠵᠢᠨ ᠲᠦᠷᠢᠮ᠎ᠤᠨ ᠲᠠᠰᠤᠷᠠᠯᠲᠠ ᠥᠬᠡᠶ ᠲᠡᠭᠦᠯᠳᠡᠷᠵᠢᠬᠦ ᠵᠢ ᠳᠠᠭ᠋ᠠᠯᠳᠤᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠯᠭ᠋ᠠᠭᠤᠷᠢᠯᠠᠯ ᠦᠷᠭᠦᠯᠵᠢᠯᠡᠨ ᠴᠢᠩᠭ᠋ᠠᠷᠠᠵᠤ᠂ ᠬᠠᠤᠯᠢ ᠬᠡᠷᠡᠭᠵᠢᠭᠦᠯᠬᠦ ᠬᠢᠨᠠᠯᠲᠠ ᠬᠠᠮᠢᠶᠠᠷᠤᠯᠲᠠ ᠨᠠᠩ ᠴᠢᠩᠭ᠎ᠠ ᠪᠣᠯᠵᠣ᠂ ᠠᠷᠠᠳ ᠤᠯᠠᠨ᠎ᠤ ᠡᠷᠲᠡᠨ᠎ᠤ ᠮᠣᠳᠣ ᠨᠠᠷᠠᠲᠤ ᠮᠣᠳᠣ ᠵᠢ ᠬᠠᠮᠠᠭ᠋ᠠᠯᠠᠬᠤ ᠦᠵᠡᠯ ᠤᠬᠠᠮᠰᠠᠷ᠎ᠨᠢ ᠳᠡᠭᠡᠭᠰᠢᠯᠡᠬᠦ᠎ᠨᠢ ᠯᠠᠪᠲᠠᠶ ᠶᠤᠮ᠃ ᠲᠡᠦᠬᠡ ᠵᠢᠨ ᠳᠤᠷᠠᠰᠤᠮᠵᠢ ᠵᠢ ᠠᠴᠢᠶᠠᠯᠠᠭᠰᠠᠨ ᠡᠲᠡᠭᠡᠷ 《ᠠᠮᠢᠳᠤ ᠴᠢᠯᠠᠭᠤᠵᠢᠮᠠᠯ》᠎ᠨᠢ ᠥᠨᠢᠳᠡ ᠦᠷᠭᠦᠯᠵᠢᠯᠡᠨ ᠤᠯᠠᠮᠵᠢᠯᠠᠭᠳᠠᠵᠤ᠂ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠢ ᠪᠥᠲᠥᠭᠡᠨ ᠪᠠᠶ᠋ᠢᠭᠤᠯᠬᠤ᠎ᠳᠤ ᠨᠠᠩ ᠣᠯᠠᠨ ᠠᠭᠤᠯᠤᠭᠳᠠᠬᠤᠨ ᠨᠡᠮᠡᠷᠢᠯᠡᠬᠦ ᠪᠣᠯᠤᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
 
             蒙ICP备05000248号