ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠠᠯᠪᠠᠨ ᠮᠡᠳᠡᠭᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ 2025 ᠣᠨ᠎ᠤ 1 ᠳ᠋ᠦ᠍ᠭᠡᠷ ᠲᠣᠭ᠋ᠠᠲᠤ ᠶᠡᠷᠦᠩᠬᠡᠶ ᠣᠶ ᠰᠢᠭᠤᠢ ᠵᠢᠨ ᠳᠠᠷᠤᠭ᠎ᠠ ᠵᠢᠨ ᠵᠠᠷᠯᠢᠭ᠎ᠢ ᠨᠡᠶ᠋ᠢᠲᠡᠯᠡᠪᠡ
ᠨᠡᠶ᠋ᠢᠲᠡᠯᠡᠭᠰᠡᠨ ᠴᠠᠭ᠄ 2025-03-25

    ᠣᠶ᠋ᠢᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ 2025 ᠣᠨ᠎ᠤ 1 ᠳ᠋ᠦ᠍ᠭᠡᠷ ᠲᠣᠭ᠋ᠠᠲᠤ ᠶᠡᠷᠦᠩᠬᠡᠶ ᠣᠶ ᠰᠢᠭᠤᠢ ᠵᠢᠨ ᠳᠠᠷᠤᠭ᠎ᠠ ᠵᠢᠨ ᠵᠠᠷᠯᠢᠭ᠎ᠢ ᠨᠡᠶ᠋ᠢᠲᠡᠯᠡᠵᠦ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠣᠶ ᠰᠢᠭᠤᠢ ᠵᠢᠨ ᠳᠠᠷᠤᠭ᠎ᠠ ᠵᠢᠨ ᠲᠦᠷᠢᠮ᠎ᠤᠨ ᠠᠵᠢᠯ᠎ᠤᠨ ᠭᠤᠤᠯᠳᠠᠯᠭ᠎ᠠ》 ᠵᠢ ᠳᠠᠷᠤᠮᠠᠯᠯᠠᠨ ᠲᠠᠷᠬᠠᠭ᠋ᠠᠵᠤ᠂ ᠣᠶ ᠰᠢᠭᠤᠢ ᠵᠢᠨ ᠳᠠᠷᠤᠭ᠎ᠠ ᠵᠢᠨ ᠲᠦᠷᠢᠮ᠎ᠤᠨ ᠠᠵᠢᠯ᠎ᠤᠨ ᠰᠢᠰᠲ᠋ᠧᠮᠵᠢ ᠵᠢ ᠪᠦᠷᠢᠨᠰᠢᠬᠦᠯᠬᠦ᠂ ᠣᠶ ᠰᠢᠭᠤᠶ ᠨᠤᠲᠤᠭ ᠪᠡᠯᠴᠢᠭᠡᠷ᠎ᠤᠨ ᠠᠮᠢ ᠠᠬᠤᠶ ᠵᠢᠨ ᠪᠥᠲᠥᠭᠡᠨ ᠪᠠᠶ᠋ᠢᠭᠤᠯᠤᠯᠲᠠ ᠵᠢ ᠰᠠᠶ᠋ᠢᠲᠤᠷ ᠠᠳᠬᠤᠬᠤ᠂ ᠡᠬᠢ ᠪᠠᠶᠠᠯᠢᠭ᠎ᠢ ᠬᠠᠮᠠᠭ᠋ᠠᠯᠠᠬᠤ ᠠᠷᠭ᠎ᠠ ᠬᠡᠮᠵᠢᠶ᠎ᠡ ᠵᠢᠨ ᠰᠢᠨ᠎ᠡ ᠵᠢ ᠡᠭᠦᠳᠬᠦ᠂ ᠣᠶ ᠰᠢᠭᠤᠶ ᠨᠤᠲᠤᠭ ᠪᠡᠯᠴᠢᠭᠡᠷ᠎ᠤᠨ ᠬᠦᠷᠢᠶᠡᠨ᠎ᠳᠠᠬᠢ ᠥᠭᠡᠷᠡᠴᠢᠯᠡᠯᠲᠡ ᠬᠥᠭᠵᠢᠯᠲᠡ ᠵᠢ ᠭᠦᠨᠵᠡᠭᠡᠶ᠋ᠢᠷᠡᠭᠦᠯᠬᠦ᠂ ᠣᠶ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ᠎ᠤᠨ ᠬᠠᠩᠭ᠋ᠠᠯᠭ᠎ᠠ ᠵᠢ ᠪᠠᠲᠤᠯᠠᠬᠤ ᠵᠡᠷᠭᠡ 5 ᠲᠠᠯ᠎ᠠ᠎ᠠᠴᠠ 2025 ᠣᠨ᠎ᠤ ᠣᠶ ᠰᠢᠭᠤᠢ ᠵᠢᠨ ᠳᠠᠷᠤᠭ᠎ᠠ ᠵᠢᠨ ᠲᠦᠷᠢᠮ᠎ᠤᠨ 18 ᠵᠦᠢ᠍ᠯ᠎ᠤᠨ ᠭᠤᠤᠯᠳᠠᠯᠭ᠎ᠠ᠎ᠲᠠᠢ ᠡᠭᠦᠷᠭᠡ ᠵᠢ ᠲᠣᠳᠣᠷᠬᠠᠶ᠋ᠢᠯᠠᠪᠠ᠃
    ᠶᠡᠷᠦᠩᠬᠡᠢ ᠤᠢ ᠰᠢᠭᠤᠢ ᠵᠢᠨ ᠳᠠᠷᠤᠭ᠎ᠠ ᠵᠢᠨ ᠵᠠᠷᠯᠢᠭ᠎ᠲᠤ ᠴᠢᠬᠤᠯᠠᠴᠢᠯᠠᠭᠰᠠᠨ᠎ᠨᠢ᠂ ᠤᠢ ᠰᠢᠭᠤᠢ ᠵᠢᠨ ᠳᠠᠷᠤᠭ᠎ᠠ ᠵᠠᠷᠯᠢᠭ ᠪᠠᠭᠤᠯᠭ᠋ᠠᠬᠤ᠂ ᠱᠠᠯᠠᠪᠳᠠᠭᠤᠯᠤᠨ ᠭᠦᠢ᠍ᠴᠡᠳᠭᠡᠭᠦᠯᠬᠦ᠂ ᠵᠠᠷᠯᠠᠨ ᠮᠡᠳᠡᠭᠳᠡᠬᠦ᠂ ᠪᠣᠯᠵᠣᠨ ᠶᠠᠷᠢᠯᠴᠠᠬᠤ ᠵᠡᠷᠭᠡ ᠲᠣᠭᠲᠠᠴᠠ ᠵᠢ ᠪᠦᠷᠢᠨᠰᠢᠬᠦᠯᠵᠤ᠂ ᠤᠢ ᠰᠢᠭᠤᠢ ᠵᠢᠨ ᠳᠠᠷᠤᠭ᠎ᠠ ᠵᠢᠨ ᠲᠦᠷᠢᠮ᠎ᠤᠨ ᠠᠵᠢᠯ᠎ᠤᠨ ᠰᠢᠰᠲ᠋ᠧᠮ᠎ᠢ ᠲᠡᠭᠦᠯᠳᠡᠷᠵᠢᠭᠦᠯᠵᠦ᠂ ᠡᠯ᠎ᠡ ᠱᠠᠲᠤᠨ᠎ᠤ ᠤᠢ ᠰᠢᠭᠤᠢ ᠵᠢᠨ ᠳᠠᠷᠤᠭ᠎ᠠ ᠵᠢᠨ ᠤᠢ ᠰᠢᠭᠤᠢ ᠨᠤᠲᠤᠭ ᠪᠡᠯᠴᠢᠭᠡᠷ᠎ᠤᠨ ᠡᠬᠢ ᠪᠠᠶᠠᠯᠢᠭ᠎ᠢ ᠬᠠᠮᠠᠭ᠋ᠠᠯᠠᠨ ᠬᠥᠭᠵᠢᠭᠦᠯᠬᠦ ᠠᠰᠠᠭᠤᠳᠠᠯ᠎ᠢ ᠰᠢᠢ᠍ᠳᠪᠦᠷᠢᠯᠡᠬᠦ ᠵᠢ ᠠᠬᠢᠭᠤᠯᠬᠤ ᠬᠡᠷᠡᠭᠲᠡᠢ᠃ ᠣᠶ ᠰᠢᠭᠤᠶ ᠨᠤᠲᠤᠭ ᠪᠡᠯᠴᠢᠭᠡᠷ᠎ᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠬᠦᠴᠦᠨ᠎ᠢ ᠪᠥᠬᠥ ᠲᠠᠯ᠎ᠠ᠎ᠪᠠᠷ ᠴᠢᠩᠭ᠋ᠠᠳᠬᠠᠵᠤ᠂ ᠠᠶ᠋ᠢᠮᠠᠭ ᠬᠣᠲᠠ ᠬᠣᠰᠢᠭᠤ ᠰᠢᠶᠠᠨ ᠣᠶ ᠰᠢᠭᠤᠶ ᠨᠤᠲᠤᠭ ᠪᠡᠯᠴᠢᠭᠡᠷ᠎ᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠡᠩᠨᠡᠭᠡ᠎ᠪᠠᠨ ᠦᠷᠭᠦᠯᠵᠢᠯᠡᠨ ᠪᠠᠶ᠋ᠢᠭᠤᠯᠵᠤ᠂ ᠨᠢᠭᠡ ᠪᠦᠯᠦᠭ ᠦᠨᠳᠦᠰᠦᠨ ᠱᠠᠲᠤᠨ᠎ᠤ ᠣᠶ ᠰᠢᠭᠤᠶ ᠨᠤᠲᠤᠭ ᠪᠡᠯᠴᠢᠭᠡᠷ᠎ᠤᠨ ᠠᠵᠢᠯ᠎ᠤᠨ ᠥᠷᠲᠡᠭᠡ ᠵᠢ ᠲᠦᠷᠭᠡᠳᠬᠡᠨ ᠰᠡᠷᠭᠦᠭᠡᠬᠦ ᠬᠡᠷᠡᠭᠲᠡᠶ᠃  ᠬᠠᠮᠳᠤᠪᠠᠷ ᠵᠥᠪᠳᠡᠯᠴᠡᠬᠦ᠂ ᠮᠡᠳᠡᠭᠡ ᠵᠠᠩᠭᠢ᠎ᠪᠠᠨ ᠬᠠᠷᠢᠯᠴᠠᠨ ᠬᠤᠪᠢᠶᠠᠯᠴᠠᠬᠤ᠂ ᠬᠠᠮᠲᠤᠷᠠᠨ ᠰᠢᠢ᠍ᠳᠪᠦᠷᠢᠯᠡᠬᠦ ᠵᠡᠷᠭᠡ ᠬᠠᠮᠵᠢᠯᠴᠠᠭ᠋ᠠᠨ᠎ᠤ ᠠᠷᠭ᠎ᠠ ᠮᠠᠶᠢᠭ᠎ᠢ ᠰᠢᠯᠢᠳᠡᠭᠵᠢᠭᠦᠯᠵᠦ᠂ 《ᠤᠮᠠᠷᠠᠲᠤ ᠵᠢᠨ ᠭᠤᠷᠪᠠᠨ ᠤᠷᠤᠨ》 ᠎ᠤ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ᠂ ᠣᠶ ᠰᠢᠭᠤᠶ ᠨᠤᠲᠤᠭ ᠪᠡᠯᠴᠢᠭᠡᠷ᠎ᠤᠨ ᠭᠠᠯ᠎ᠢ ᠰᠡᠷᠭᠡᠶ᠋ᠢᠯᠡᠨ ᠤᠨᠲᠠᠷᠠᠭ᠋ᠠᠬᠤ᠂ ᠶᠡᠷᠦᠩᠬᠡᠶ᠋ᠢᠯᠡᠭᠰᠡᠨ ᠬᠠᠤᠯᠢ ᠬᠡᠷᠡᠭᠵᠢᠬᠦᠯᠦᠯᠲᠡ᠂ ᠡᠷᠡᠭᠦᠦ ᠰᠢᠢ᠍ᠳᠬᠡᠯ᠎ᠢ ᠵᠣᠯᠭ᠋ᠠᠭᠤᠯᠬᠤ᠂ ᠨᠡᠶ᠋ᠢᠲᠡ ᠵᠢᠨ ᠠᠰᠠᠷᠠᠮᠵᠢ ᠵᠢᠨ ᠵᠠᠷᠭᠤᠯᠳᠤᠭ᠋ᠠᠨ ᠵᠡᠷᠭᠡ ᠲᠠᠯ᠎ᠠ᠎ᠪᠠᠷ ᠰᠠᠯᠠᠭ᠎ᠠ ᠮᠥᠴᠢᠷ᠎ᠤᠨ ᠬᠠᠮᠵᠢᠯᠴᠠᠭ᠎ᠠ ᠵᠢ ᠭᠦᠨᠵᠡᠭᠡᠶ᠋ᠢᠷᠡᠭᠦᠯᠬᠦ ᠬᠡᠷᠡᠭᠲᠡᠶ᠃ 
    ᠶᠡᠷᠦᠩᠬᠡᠶ ᠤᠢ ᠰᠢᠭᠤᠢ ᠵᠢᠨ ᠳᠠᠷᠤᠭ᠎ᠠ ᠵᠢᠨ ᠵᠠᠷᠯᠢᠭ᠎ᠲᠤ ᠱᠠᠭ᠋ᠠᠷᠳᠠᠭᠰᠠᠨ᠎ᠨᠢ᠂ ᠭᠤᠷᠪᠠᠨ ᠶᠡᠬᠡ ᠪᠡᠯᠭᠡ ᠲᠡᠮᠳᠡᠭ᠎ᠤᠨ ᠴᠢᠨᠠᠷᠲᠠᠶ ᠳᠠᠶ᠋ᠢᠯᠠᠯᠳᠤᠭ᠋ᠠᠨ᠎ᠤ ᠣᠷᠣᠨ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠤᠯᠤᠰ᠎ᠤᠨ ᠭᠠᠵᠠᠷ ᠰᠢᠷᠣᠶ ᠵᠢᠨ ᠨᠣᠭᠣᠭ᠋ᠠᠷᠠᠭᠤᠯᠤᠯᠲᠠ ᠵᠢᠨ ᠠᠵᠢᠯᠯᠠᠭ᠎ᠠ ᠵᠢ ᠦᠷᠭᠦᠯᠵᠢᠯᠡᠨ ᠠᠬᠢᠭᠤᠯᠵᠤ᠂ ᠭᠤᠤᠯᠳᠠᠯᠭ᠎ᠠ᠎ᠲᠠᠢ ᠢᠨᠵᠧᠨᠧᠷᠢᠩ᠎ᠤᠨ ᠲᠥᠷᠥᠯ ᠵᠦᠢ᠍ᠯ᠎ᠢ ᠰᠠᠶ᠋ᠢᠲᠤᠷ ᠬᠡᠷᠡᠭᠵᠢᠭᠦᠯᠵᠦ᠂ ᠡᠯᠡᠰᠦᠷᠬᠡᠭᠵᠢᠯ᠎ᠢ ᠰᠡᠷᠭᠡᠶ᠋ᠢᠯᠡᠵᠦ ᠡᠯᠡᠰᠦᠷᠬᠡᠭᠵᠢᠯ᠎ᠢ ᠵᠠᠰᠠᠬᠤ ᠠᠵᠢᠯ᠎ᠢ 2000 ᠲᠦᠮᠡᠨ ᠮᠥ᠍᠎ᠠᠴᠠ ᠳᠡᠭᠡᠭᠰᠢ ᠪᠡᠶᠡᠯᠡᠭᠦᠯᠵᠦ᠂ ᠶᠡᠷᠦᠩᠬᠡᠶ ᠱᠦᠵᠢ ᠰᠢ ᠵᠢᠨ ᠫᠢᠩ᠎ᠤᠨ 《6 . 6》 ᠵᠢᠨ ᠴᠢᠬᠤᠯᠠ ᠶᠠᠷᠢᠶᠠᠨ᠎ᠤ ᠬᠣᠶᠠᠷ ᠵᠢᠯ᠎ᠤᠨ ᠣᠶ ᠵᠢᠨ ᠲᠤᠬᠠᠶ ᠵᠢᠨ ᠲᠠᠯᠠᠪᠠᠶ ᠵᠢᠨ ᠬᠤᠷᠠᠯ᠎ᠢ ᠰᠠᠶ᠋ᠢᠲᠤᠷ ᠳᠠᠭ᠋ᠠᠭ᠋ᠠᠴᠢᠯᠠᠨ ᠡᠷᠭᠢᠯᠡᠬᠦ ᠬᠡᠷᠡᠭᠲᠡᠶ᠃ ᠰᠢᠨ᠎ᠡ ᠡᠨᠧᠷᠭᠢ ᠵᠢ ᠨᠡᠭᠡᠭᠡᠨ ᠬᠥᠭᠵᠢᠭᠦᠯᠬᠦ ᠬᠢᠭᠡᠳ ᠡᠯᠡᠰᠦᠷᠬᠡᠭᠵᠢᠭᠰᠡᠨ ᠭᠠᠵᠠᠷ ᠰᠢᠷᠣᠶ ᠵᠢ ᠵᠠᠰᠠᠬᠤ ᠵᠢ ᠨᠢᠭᠡᠳᠦᠯᠲᠡᠶ ᠲᠥᠯᠥᠪᠵᠢᠭᠦᠯᠵᠦ᠂ 《ᠡᠯᠡᠰᠦᠷᠬᠡᠭᠵᠢᠭᠰᠡᠨ ᠭᠠᠵᠠᠷ ᠤᠷᠤᠨ ᠭᠤᠪᠢᠷᠬᠠᠭ ᠭᠠᠵᠠᠷ ᠤᠷᠤᠨ ᠠᠲᠠᠷᠰᠢᠭᠰᠠᠨ ᠭᠠᠵᠠᠷ ᠤᠷᠤᠨ》᠎ᠤ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠤᠨ ᠲᠥᠷᠥᠯ ᠵᠦᠢ᠍ᠯ ᠪᠣᠯᠤᠨ ᠢᠵᠢ ᠪᠥᠷᠢᠳᠦᠭᠰᠡᠨ ᠴᠠᠬᠢᠯᠭ᠋ᠠᠨ ᠲᠤᠤᠷ᠎ᠤᠨ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠵᠤ᠂ ᠡᠯᠡᠰᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠪᠠ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠤᠨ ᠣᠨ᠎ᠤ ᠡᠭᠦᠷᠭᠡ ᠵᠢ ᠪᠥᠬᠥ ᠬᠦᠴᠦᠨ ᠵᠶ᠋ᠠᠷ ᠵᠶ᠋ᠠᠨ ᠪᠡᠶᠡᠯᠡᠭᠦᠯᠬᠦ ᠬᠡᠷᠡᠭᠲᠡᠶ᠃ ᠬᠠᠮᠳᠤᠪᠠᠷ ᠡᠯᠡᠰᠦ ᠵᠢ ᠵᠠᠰᠠᠬᠤ᠂ ᠡᠯᠡᠰᠦ ᠵᠢ ᠬᠠᠮᠢᠶᠠᠷᠬᠤ᠂ ᠡᠯᠡᠰᠦ ᠵᠢ ᠬᠡᠷᠡᠭᠯᠡᠬᠦ ᠠᠵᠢᠯ᠎ᠤᠨ ᠪᠠᠶ᠋ᠢᠷᠢᠰᠢᠯ᠎ᠢ ᠪᠠᠶ᠋ᠢᠭᠤᠯᠵᠤ᠂ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢᠨ ᠴᠢᠨᠠᠷ ᠰᠠᠶ᠋ᠢᠲᠠᠶ ᠬᠥᠭᠵᠢᠯᠲᠡ ᠵᠢ ᠪᠥᠬᠥ ᠲᠠᠯ᠎ᠠ᠎ᠪᠠᠷ ᠠᠬᠢᠭᠤᠯᠬᠤ ᠬᠡᠷᠡᠭᠲᠡᠶ᠃ ᠣᠲᠣ ᠦᠶ᠎ᠡ ᠵᠢᠨ ᠲᠠᠷᠢᠶᠠᠯᠠᠩ᠎ᠤᠨ ᠬᠥᠭᠵᠢᠯᠲᠡ ᠵᠢᠨ ᠬᠡᠷᠡᠭᠴᠡᠭᠡ᠎ᠳᠤ ᠵᠣᠬᠢᠴᠠᠭᠰᠠᠨ ᠲᠠᠷᠢᠶᠠᠨ ᠭᠠᠵᠠᠷ᠎ᠤᠨ ᠬᠠᠯᠬᠠᠪᠴᠢ ᠣᠶ ᠵᠢᠨ ᠰᠢᠰᠲ᠋ᠧᠮᠵᠢ ᠵᠢ ᠪᠠᠶ᠋ᠢᠭᠤᠯᠵᠤ᠂ ᠲᠠᠷᠢᠶᠠᠨ ᠭᠠᠵᠠᠷ᠎ᠤᠨ ᠬᠠᠮᠠᠭ᠋ᠠᠯᠠᠯᠲᠠ ᠬᠢᠭᠡᠳ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠰᠲ᠋ᠧᠮᠵᠢ ᠵᠢ ᠲᠡᠭᠦᠯᠳᠡᠷᠵᠢᠭᠦᠯᠦᠨ᠂ ᠲᠠᠷᠢᠶᠠᠨ ᠭᠠᠵᠠᠷ᠎ᠤᠨ ᠤᠢ᠌ᠵᠢᠭᠤᠯᠤᠯᠳᠠ ᠵᠢᠨ ᠨᠣᠷᠮ᠎ᠠ ᠵᠡᠷᠭᠡ ᠭᠦᠢ᠍ᠴᠡᠳᠬᠡᠯ ᠲᠣᠭ᠎ᠠ ᠵᠢ ᠬᠠᠮᠢᠶ᠎ᠠ ᠪᠥᠬᠥᠶ ᠰᠢᠯᠭ᠋ᠠᠨ ᠬᠢᠨᠠᠬᠤ ᠠᠭᠤᠯᠭ᠎ᠠ᠎ᠳᠤ ᠣᠷᠣᠭᠤᠯᠬᠤ ᠬᠡᠷᠡᠭᠲᠡᠶ᠃
    ᠶᠡᠷᠦᠩᠬᠡᠶ ᠣᠶ ᠰᠢᠭᠤᠢ ᠵᠢᠨ ᠳᠠᠷᠤᠭ᠎ᠠ ᠵᠢᠨ ᠵᠠᠷᠯᠢᠭ᠎ᠲᠤ ᠵᠢᠭ᠋ᠠᠵᠤ ᠭᠠᠷᠭ᠋ᠠᠭᠰᠠᠨ᠎ᠨᠢ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠤᠲᠤᠭ ᠪᠡᠯᠴᠢᠭᠡᠷ᠎ᠤᠨ ᠪᠡᠯᠴᠢᠭᠡᠷᠯᠡᠭᠦᠯᠬᠦ ᠠᠰᠠᠭᠤᠳᠠᠯ᠎ᠢ ᠪᠥᠬᠥ ᠲᠠᠯ᠎ᠠ᠎ᠪᠠᠷ ᠰᠢᠢ᠍ᠳᠪᠦᠷᠢᠯᠡᠬᠦ ᠬᠡᠷᠡᠭᠵᠢᠭᠦᠯᠬᠦ ᠲᠥᠰᠦᠯ》᠎ᠢ ᠨᠠᠷᠢᠨ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ ᠪᠥᠬᠥ ᠣᠷᠣᠨ᠎ᠤ ᠪᠠᠢ᠌ᠭ᠋ᠠᠯᠢᠯᠢᠭ ᠨᠤᠲᠤᠭ ᠪᠡᠯᠴᠢᠭᠡᠷ᠎ᠤᠨ ᠮᠠᠯ ᠪᠡᠯᠴᠢᠭᠡᠷ᠎ᠤᠨ ᠲᠡᠩᠴᠡᠭᠦᠷᠢ ᠵᠢᠨ ᠵᠢᠭ᠋ᠠᠯᠲᠠ ᠲᠣᠭ᠎ᠠ ᠵᠢ 10 %᠎ᠠᠴᠠ ᠳᠤᠷᠤᠭᠰᠢᠯᠠᠭᠤᠯᠬᠤ ᠵᠢ ᠠᠬᠢᠭᠤᠯᠵᠤ᠂ ᠨᠤᠲᠤᠭ ᠪᠡᠯᠴᠢᠭᠡᠷ᠎ᠤᠨ ᠪᠡᠯᠴᠢᠭᠡᠷᠯᠡᠭᠦᠯᠬᠦ ᠠᠰᠠᠭᠤᠳᠠᠯ᠎ᠢ ᠦᠨᠳᠦᠰᠦᠨ᠎ᠳᠡᠭᠡᠨ ᠰᠢᠢ᠍ᠳᠪᠦᠷᠢᠯᠡᠬᠦ ᠬᠡᠷᠡᠭᠲᠡᠶ᠃ ᠣᠶ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ᠎ᠢ ᠡᠪᠳᠡᠭᠰᠡᠨ ᠵᠡᠷᠭᠡ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠠᠰᠠᠭᠤᠳᠠᠯ᠎ᠢ ᠥᠪᠡᠰᠦᠪᠡᠨ ᠪᠠᠶ᠋ᠢᠴᠠᠭ᠋ᠠᠵᠤ ᠮᠠᠭ᠋ᠠᠳᠯᠠᠨ ᠲᠣᠭᠲᠠᠭ᠋ᠠᠬᠤ ᠪᠠ ᠬᠢᠨᠠᠨ ᠬᠠᠷᠭᠤᠭᠤᠯᠵᠤ ᠦᠭᠡᠢ᠌ᠰᠭᠡᠬᠦ ᠪᠣᠭᠣᠮᠲᠠ ᠵᠢ ᠴᠢᠩᠭ᠎ᠠ ᠰᠠᠬᠢᠵᠤ᠂ ᠴᠡᠭᠴᠡᠯᠡᠨ ᠰᠠᠶ᠋ᠢᠵᠢᠷᠠᠭᠤᠯᠬᠤ ᠡᠭᠦᠷᠭᠡ ᠵᠢᠨ ᠨᠠᠶ᠋ᠢᠳᠠᠪᠤᠷᠢᠵᠢᠭᠤᠯᠤᠯᠲᠠ ᠵᠢ ᠰᠠᠶ᠋ᠢᠲᠤᠷ ᠠᠳᠬᠤᠵᠤ᠂ ᠣᠶ ᠰᠢᠭᠤᠶ ᠨᠤᠲᠤᠭ ᠪᠡᠯᠴᠢᠭᠡᠷ᠎ᠤᠨ ᠠᠮᠢ ᠠᠬᠤᠶ ᠵᠢᠨ ᠠᠮᠤᠷ ᠲᠦᠪᠰᠢᠨ᠎ᠤ ᠬᠣᠷᠢᠭ᠎ᠠ ᠱᠤᠭᠤᠮ᠎ᠢ ᠡᠷᠡᠰ ᠰᠠᠬᠢᠬᠤ ᠬᠡᠷᠡᠭᠲᠡᠶ᠃ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠢ ᠨᠡᠶ᠋ᠢᠳᠬᠡᠨ ᠰᠢᠯᠢᠳᠡᠭᠵᠢᠭᠦᠯᠬᠦ ᠪᠠ ᠠᠯᠠᠱ᠌ᠠ ᠠᠭᠤᠯᠠ᠂ ᠲᠠᠯᠠᠨ ᠬᠠᠷ᠎ᠠ ᠠᠭᠤᠯᠠ ᠵᠢᠨ ᠤᠯᠤᠰ᠎ᠤᠨ ᠴᠡᠴᠡᠷᠯᠢᠭ᠎ᠢ ᠡᠭᠦᠳᠦᠨ ᠪᠠᠶ᠋ᠢᠭᠤᠯᠬᠤ ᠠᠵᠢᠯ᠎ᠢ ᠦᠷᠭᠦᠯᠵᠢᠯᠡᠨ ᠠᠬᠢᠭᠤᠯᠵᠤ᠂ ᠬᠡᠭᠡᠷ᠎ᠡ ᠵᠢᠨ ᠠᠮᠢᠳᠠᠨ ᠤᠷᠭᠤᠮᠠᠯ᠎ᠢ ᠳᠤᠷ᠎ᠠ᠎ᠪᠠᠷ ᠵᠶ᠋ᠠᠨ ᠠᠩᠨᠠᠬᠤ᠂ ᠬᠠᠤᠯᠢ ᠪᠤᠰᠤ᠎ᠪᠠᠷ ᠲᠡᠬᠦᠵᠦ ᠴᠤᠭᠯᠠᠭᠤᠯᠬᠤ᠂ ᠠᠷᠠᠯᠵᠢᠶᠠᠯᠠᠬᠤ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠬᠦ ᠬᠡᠷᠡᠭᠲᠡᠢ᠃ ᠶᠡᠬᠡ ᠬᠢᠩᠭ᠋ᠠᠨ ᠳᠠᠪᠠᠭ᠎ᠠ ᠵᠢᠨ ᠣᠶ ᠰᠢᠭᠤᠶ ᠨᠤᠲᠤᠭ ᠪᠡᠯᠴᠢᠭᠡᠷ᠎ᠤᠨ ᠭᠠᠯ᠎ᠢ ᠰᠡᠷᠭᠡᠶ᠋ᠢᠯᠡᠨ ᠤᠨᠲᠠᠷᠠᠭ᠋ᠠᠬᠤ ᠵᠢᠱ᠌ᠢᠶ᠎ᠡ ᠦᠵᠡᠭᠦᠯᠬᠦ ᠲᠣᠭᠣᠷᠢᠭ᠎ᠤᠨ ᠪᠥᠲᠥᠭᠡᠨ ᠪᠠᠶ᠋ᠢᠭᠤᠯᠤᠯᠲᠠ ᠵᠢ ᠪᠥᠬᠥ ᠬᠦᠴᠦᠨ ᠵᠶ᠋ᠠᠷ ᠠᠬᠢᠭᠤᠯᠵᠤ᠂ ᠪᠥᠬᠥ ᠣᠷᠣᠨ᠎ᠳᠤ ᠰᠢᠲᠠᠮᠠᠬᠠᠶ ᠪᠣᠳᠠᠰ᠎ᠢ ᠬᠠᠮᠢᠶᠠᠷᠤᠨ ᠡᠵᠡᠮᠳᠡᠬᠦ ᠪᠠ ᠲᠥᠯᠥᠪᠯᠡᠭᠡ᠎ᠲᠠᠢ᠎ᠪᠠᠷ ᠰᠢᠲᠠᠭ᠋ᠠᠬᠤ ᠲᠤᠷᠰᠢᠯᠲᠠ ᠵᠢᠨ ᠴᠡᠭ᠎ᠤᠨ ᠠᠵᠢᠯ᠎ᠤᠨ ᠲᠤᠷᠰᠢᠯᠭ᠎ᠠ ᠵᠢ ᠳᠡᠯᠭᠡᠷᠡᠭᠦᠯᠵᠦ᠂ ᠨᠠᠷᠠᠰᠤᠨ ᠮᠠᠲ᠋ᠧᠷᠢᠶᠠᠯ᠎ᠤᠨ ᠤᠲᠠᠰᠤᠯᠢᠭ ᠬᠣᠷᠣᠬᠠᠶ ᠵᠢᠨ ᠡᠪᠡᠳᠴᠢᠨ ᠵᠡᠷᠭᠡ ᠴᠢᠬᠤᠯᠠ ᠣᠶ ᠰᠢᠭᠤᠶ ᠨᠤᠲᠤᠭ ᠪᠡᠯᠴᠢᠭᠡᠷ᠎ᠤᠨ ᠬᠥᠨᠥᠭᠡᠯᠲᠦ ᠠᠮᠢᠳᠤ ᠪᠣᠳᠠᠰ᠎ᠢ ᠰᠡᠷᠭᠡᠶ᠋ᠢᠯᠡᠨ ᠡᠵᠡᠮᠳᠡᠬᠦ ᠵᠢ ᠴᠢᠩᠭ᠋ᠠᠳᠬᠠᠬᠤ ᠬᠡᠷᠡᠭᠲᠡᠶ᠃
     ᠶᠡᠷᠦᠩᠬᠡᠢ ᠤᠢ ᠰᠢᠭᠤᠢ ᠵᠢᠨ ᠳᠠᠷᠤᠭ᠎ᠠ ᠵᠢᠨ ᠵᠠᠷᠯᠢᠭ᠎ᠲᠤ ᠴᠢᠬᠤᠯᠠᠴᠢᠯᠠᠭᠰᠠᠨ᠎ᠨᠢ᠂ ᠳᠠᠭ᠋ᠠᠭᠤᠯᠤᠭᠴᠢ ᠠᠵᠤ ᠠᠬᠤᠶ᠋ᠢᠯᠠᠯ᠂ ᠲᠤᠰᠬᠠᠢ᠌ᠵᠢᠭᠰᠠᠨ ᠬᠣᠷᠰᠢᠶ᠎ᠠ ᠵᠡᠷᠭᠡ ᠰᠢᠨ᠎ᠡ ᠬᠡᠯᠪᠡᠷᠢ ᠵᠢᠨ ᠵᠠᠬ᠎ᠠ ᠳᠡᠯᠭᠡᠭᠦᠷ᠎ᠤᠨ ᠭᠤᠤᠯ ᠴᠣᠭᠴᠠ ᠵᠢ ᠪᠣᠶ᠋ᠢᠵᠢᠭᠤᠯᠬᠤ ᠡᠷᠴᠢᠮ ᠵᠶ᠋ᠠᠨ ᠴᠢᠩᠭ᠋ᠠᠷᠠᠭᠤᠯᠵᠤ᠂ ᠣᠶ ᠰᠢᠭᠤᠶ ᠨᠤᠲᠤᠭ ᠪᠡᠯᠴᠢᠭᠡᠷ᠎ᠤᠨ ᠪᠦᠲᠦᠭᠡᠭᠳᠡᠬᠦᠨ᠎ᠤ ᠲᠥᠷᠥᠯ ᠲᠡᠮᠳᠡᠭ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠣᠶ ᠰᠢᠭᠤᠶ ᠨᠤᠲᠤᠭ ᠪᠡᠯᠴᠢᠭᠡᠷ᠎ᠤᠨ ᠠᠵᠤ ᠦᠢ᠍ᠯᠡᠰ᠎ᠤᠨ ᠦᠢ᠍ᠯᠡᠳᠬᠦᠨ᠎ᠤ ᠶᠡᠷᠦᠩᠬᠡᠶ ᠥᠷᠲᠡᠭ᠎ᠢ 1100 ᠳ᠋ᠦᠩᠰᠢᠭᠤᠷ ᠲᠥᠭᠥᠷᠢᠭ᠎ᠠᠴᠠ ᠳᠠᠪᠠᠭᠤᠯᠬᠤ᠎ᠪᠠᠷ ᠴᠢᠷᠮᠠᠶ᠋ᠢᠬᠤ ᠬᠡᠷᠡᠭᠲᠡᠶ᠃ CCER ᠨᠡᠭᠦᠷᠡᠰᠦᠲᠥ᠋ᠷᠥᠭᠴᠢ ᠬᠤᠷᠠᠭᠤᠯᠬᠤ ᠲᠦᠷᠦᠯ ᠵᠦᠢ᠍ᠯ᠎ᠢ ᠨᠡᠭᠡᠭᠡᠨ ᠬᠥᠭᠵᠢᠭᠦᠯᠵᠦ ᠭᠦᠢ᠍ᠯᠭᠡᠭᠡᠨ᠎ᠳᠤ ᠤᠷᠤᠭᠤᠯᠬᠤ ᠵᠢ ᠲᠦᠷᠭᠡᠳᠬᠡᠵᠦ᠂ ᠨᠡᠭᠦᠷᠡᠰᠦᠲᠥ᠋ᠷᠥᠭᠴᠢ ᠵᠢ ᠰᠠᠭ᠋ᠠᠷᠮᠠᠭᠵᠢᠭᠤᠯᠬᠤ ᠤᠢ ᠰᠢᠭᠤᠢ ᠵᠢᠨ ᠲᠦᠷᠦᠯ ᠵᠦᠢ᠍ᠯ᠎ᠢ ᠨᠠᠶ᠋ᠢᠳᠠᠪᠤᠷᠢᠵᠢᠭᠤᠯᠤᠨ ᠬᠡᠷᠡᠭᠵᠢᠬᠦᠯᠵᠦ᠂ ᠦᠷ᠎ᠡ ᠪᠦᠲᠦᠮᠵᠢ ᠭᠠᠷᠭ᠋ᠠᠬᠤ ᠵᠢ ᠠᠬᠢᠭᠤᠯᠵᠤ᠂ 5000 ᠲᠦᠮᠡᠨ ᠲᠥᠭᠥᠷᠢᠭ᠎ᠤᠨ ᠤᠢ ᠰᠢᠭᠤᠢ ᠨᠤᠲᠤᠭ ᠪᠡᠯᠴᠢᠭᠡᠷ᠎ᠤᠨ ᠨᠡᠭᠦᠷᠡᠰᠦᠲᠥ᠋ᠷᠥᠭᠴᠢ ᠬᠤᠷᠠᠭᠤᠯᠬᠤ ᠦᠷᠳᠡᠭ᠎ᠢ ᠤᠯᠠᠨ ᠡᠰᠢᠵᠢᠭᠦᠯᠦᠨ ᠪᠡᠶᠡᠯᠡᠭᠦᠯᠬᠦ ᠬᠡᠷᠡᠭᠲᠡᠢ᠃ 《ᠤᠮᠠᠷᠠᠲᠤ ᠵᠢᠨ ᠭᠤᠷᠪᠠᠨ ᠤᠷᠤᠨ》᠎ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠢ ᠠᠬᠢᠭᠤᠯᠬᠤ ᠲᠣᠭᠲᠠᠴᠠ ᠵᠢ ᠲᠡᠭᠦᠯᠳᠡᠷᠵᠢᠭᠦᠯᠬᠦ᠂ ᠠᠮᠢ ᠠᠬᠤᠶ ᠵᠢᠨ ᠪᠥᠲᠥᠭᠡᠨ ᠪᠠᠶ᠋ᠢᠭᠤᠯᠤᠯᠲᠠ ᠵᠢᠨ ᠦᠷ᠎ᠡ ᠪᠦᠲᠦᠭᠡᠯ᠎ᠤᠨ ᠣᠷᠳᠣ ᠬᠤᠭᠤᠴᠠᠭ᠋ᠠᠨ᠎ᠤ ᠪᠦᠲᠦᠮᠵᠢᠲᠡᠶ ᠬᠠᠮᠢᠶᠠᠷᠤᠯᠲᠠ ᠬᠠᠮᠠᠭ᠋ᠠᠯᠠᠯᠲᠠ ᠵᠢᠨ ᠲᠣᠭᠲᠠᠴᠠ ᠵᠢ ᠪᠦᠷᠢᠨᠰᠢᠬᠦᠯᠬᠦ᠂ ᠬᠠᠮᠲᠤ ᠵᠢᠨ ᠣᠶ ᠰᠢᠭᠤᠶ ᠵᠢᠨ ᠡᠷᠬᠡ ᠵᠢᠨ ᠲᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠵᠡᠷᠭᠡ ᠭᠤᠤᠯᠳᠠᠯᠭ᠎ᠠ᠎ᠲᠠᠢ ᠥᠭᠡᠷᠡᠴᠢᠯᠡᠯᠲᠡ ᠵᠢᠨ ᠡᠭᠦᠷᠭᠡ ᠵᠢ ᠲᠦᠷᠭᠡᠳᠬᠡᠨ ᠬᠡᠷᠡᠭᠵᠢᠭᠦᠯᠵᠦ᠂ ᠵᠠᠰᠠᠭ᠎ᠢ ᠴᠣᠮᠬᠠᠳᠬᠠᠨ ᠡᠷᠬᠡ ᠵᠢ ᠳᠣᠷᠣᠭᠰᠢ ᠪᠠᠭᠤᠯᠭ᠋ᠠᠵᠤ ᠦᠢ᠍ᠯᠡᠴᠢᠯᠡᠭᠡ ᠵᠢ ᠰᠢᠯᠢᠳᠡᠭᠵᠢᠭᠦᠯᠬᠦ ᠠᠵᠢᠯ᠎ᠤᠨ ᠠᠷᠭ᠎ᠠ ᠬᠡᠮᠵᠢᠶ᠎ᠡ ᠵᠢ ᠤᠯᠠᠮ ᠨᠢᠭᠡ ᠠᠯᠬᠤᠮ ᠨᠠᠷᠢᠯᠢᠬ᠍ᠵᠢᠭᠤᠯᠤᠨ ᠨᠠᠶ᠋ᠢᠳᠠᠪᠤᠷᠢᠵᠢᠭᠤᠯᠬᠤ ᠬᠡᠷᠡᠭᠲᠡᠶ᠃
    ᠶᠡᠷᠦᠩᠬᠡᠶ ᠣᠶ ᠰᠢᠭᠤᠢ ᠵᠢᠨ ᠳᠠᠷᠤᠭ᠎ᠠ ᠵᠢᠨ ᠵᠠᠷᠯᠢᠭ ᠱᠠᠭ᠋ᠠᠷᠳᠠᠭᠰᠠᠨ᠎ᠨᠢ ᠪᠠᠢ᠌ᠭ᠋ᠠᠯᠢᠯᠢᠭ ᠡᠪᠡᠰᠦ ᠪᠡᠯᠴᠢᠭᠡᠷ᠎ᠤᠨ ᠦᠢ᠍ᠯᠡᠳᠪᠦᠷᠢᠯᠡᠯ᠎ᠤᠨ ᠴᠢᠳᠠᠪᠤᠷᠢ ᠵᠢ ᠰᠡᠷᠭᠦᠭᠡᠨ ᠳᠡᠭᠡᠭᠰᠢᠯᠡᠭᠦᠯᠬᠦ ᠵᠢ ᠲᠦᠷᠭᠡᠳᠬᠡᠵᠦ᠂  ᠪᠠᠢ᠌ᠭ᠋ᠠᠯᠢᠯᠢᠭ ᠨᠤᠲᠤᠭ ᠪᠡᠯᠴᠢᠭᠡᠷ᠎ᠤᠨ ᠲᠡᠵᠢᠭᠡᠯ ᠡᠪᠡᠰᠦᠨ᠎ᠤ ᠭᠠᠷᠤᠯᠲᠠ ᠵᠢ 2900 ᠲᠦᠮᠡᠨ ᠲᠣᠨ᠎ᠠᠴᠠ ᠳᠡᠭᠡᠭᠰᠢ ᠲᠣᠭᠲᠠᠪᠤᠷᠢᠵᠢᠭᠤᠯᠵᠤ᠂ ᠪᠥᠲᠥᠭᠡᠨ ᠪᠠᠶ᠋ᠢᠭᠤᠯᠤᠯᠲᠠ ᠵᠢᠨ ᠬᠡᠷᠡᠭᠴᠡᠭᠡ ᠲᠣᠭᠲᠠᠪᠤᠷᠢᠲᠠᠶ᠂ ᠤᠨᠠᠯᠲᠠ ᠲᠣᠭᠲᠠᠭᠤᠨ᠂ ᠶᠠᠰᠤ ᠴᠢᠨᠠᠷ ᠲᠣᠭᠲᠠᠪᠤᠷᠢᠲᠠᠶ ᠲᠠᠷᠢᠮᠠᠯ ᠲᠡᠵᠢᠭᠡᠯ ᠡᠪᠡᠰᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠢ 2000 ᠲᠦᠮᠡᠨ ᠮᠥ᠍᠎ᠠᠴᠠ ᠳᠡᠭᠡᠭᠰᠢ ᠪᠠᠶ᠋ᠢᠭᠤᠯᠬᠤ᠎ᠪᠠᠷ ᠴᠢᠷᠮᠠᠶ᠋ᠢᠬᠤ ᠬᠡᠷᠡᠭᠲᠡᠶ᠃ ᠣᠶ ᠰᠢᠭᠤᠶ ᠨᠤᠲᠤᠭ ᠪᠡᠯᠴᠢᠭᠡᠷ᠎ᠲᠤ ᠬᠣᠯᠪᠣᠭᠳᠠᠬᠤ ᠨᠡᠮᠡᠭᠳᠡᠯ᠎ᠢ ᠲᠣᠭᠲᠠᠪᠤᠷᠢᠵᠢᠭᠤᠯᠬᠤ ᠡᠯᠧᠮᠧᠨ᠋ᠲ᠎ᠤᠨ ᠪᠠᠲᠤᠯᠠᠭ᠎ᠠ ᠵᠢᠨ ᠠᠵᠢᠯ᠎ᠢ ᠪᠥᠬᠥ ᠲᠠᠯ᠎ᠠ᠎ᠪᠠᠷ ᠰᠠᠶ᠋ᠢᠲᠤᠷ ᠬᠢᠵᠦ᠂ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠳᠤ ᠣᠶ᠋ᠢᠲᠤ ᠭᠠᠵᠠᠷ ᠬᠡᠷᠡᠭᠯᠡᠬᠦ᠂ ᠨᠤᠲᠤᠭ ᠪᠡᠯᠴᠢᠭᠡᠷ᠎ᠢ ᠬᠢᠨᠠᠨ ᠵᠥᠪᠰᠢᠶᠡᠷᠡᠭᠰᠡᠨ ᠲᠣᠭ᠎ᠠ ᠪᠠᠷᠢᠮᠲᠠ ᠵᠢ ᠰᠦᠯᠵᠢᠶᠡᠨ ᠳᠡᠭᠡᠷ᠎ᠡ ᠬᠢᠨᠠᠨ ᠬᠠᠮᠢᠶᠠᠷᠬᠤ ᠵᠢ ᠪᠥᠬᠥ ᠲᠠᠯ᠎ᠠ᠎ᠪᠠᠷ ᠵᠢᠷᠤᠮᠵᠢᠭᠤᠯᠵᠤ᠂ ᠣᠶ ᠰᠢᠭᠤᠶ ᠨᠤᠲᠤᠭ ᠪᠡᠯᠴᠢᠭᠡᠷ ᠲᠠᠷᠢᠶᠠᠨ ᠭᠠᠵᠠᠷ᠎ᠤᠨ ᠳᠠᠪᠬᠤᠷᠳᠠᠵᠤ ᠪᠠᠶ᠋ᠢᠭ᠎ᠠ ᠵᠥᠷᠢᠴᠡᠯ᠎ᠢ ᠲᠣᠬᠢᠲᠠᠶ ᠰᠢᠢ᠍ᠳᠪᠦᠷᠢᠯᠡᠬᠦ ᠬᠡᠷᠡᠭᠲᠡᠶ᠃ ᠣᠶ ᠰᠢᠭᠤᠶ ᠨᠤᠲᠤᠭ ᠪᠡᠯᠴᠢᠭᠡᠷ᠎ᠤᠨ ᠦᠷ᠎ᠡ ᠡᠳ᠋᠎ᠤᠨ ᠡᠬᠢ ᠪᠠᠶᠠᠯᠢᠭ᠎ᠢ ᠬᠠᠮᠠᠭ᠋ᠠᠯᠠᠬᠤ ᠰᠢᠰᠲᠸᠮᠵᠢ᠂ ᠣᠶ ᠰᠢᠭᠤᠶ ᠨᠤᠲᠤᠭ ᠪᠡᠯᠴᠢᠭᠡᠷ᠎ᠤᠨ ᠦᠷ᠎ᠡ ᠪᠠ ᠴᠢᠬᠢ ᠮᠤᠳᠤ ᠵᠢ ᠦᠷᠡᠵᠢᠭᠦᠯᠦᠨ ᠪᠣᠶ᠋ᠢᠵᠢᠭᠤᠯᠬᠤ ᠰᠢᠰᠲᠸᠮᠵᠢ᠂ ᠣᠶ ᠰᠢᠭᠤᠶ ᠨᠤᠲᠤᠭ ᠪᠡᠯᠴᠢᠭᠡᠷ᠎ᠤᠨ ᠦᠷ᠎ᠡ ᠪᠠ ᠴᠢᠬᠢ ᠮᠣᠳᠣᠨ᠎ᠤ ᠬᠢᠨᠠᠯᠲᠠ ᠬᠠᠮᠢᠶᠠᠷᠤᠯᠲᠠ ᠵᠢᠨ ᠰᠢᠰᠲᠸᠮᠵᠢ ᠵᠡᠷᠭᠡ 《ᠭᠤᠷᠪᠠᠨ ᠰᠢᠰᠲᠸᠮᠵᠢ》 ᠵᠢᠨ ᠪᠠᠶ᠋ᠢᠭᠤᠯᠤᠯᠲᠠ ᠵᠢ ᠴᠢᠩᠭ᠋ᠠᠳᠬᠠᠨ᠂ 《ᠤᠮᠠᠷᠠᠲᠤ ᠵᠢᠨ ᠭᠤᠷᠪᠠᠨ ᠤᠷᠤᠨ》 ᠎ᠤ ᠢᠨᠵᠧᠨᠧᠷᠢᠩ᠎ᠤᠨ ᠪᠡᠬᠢᠯᠡᠯᠲᠡ ᠳᠠᠭ᠋ᠠᠷᠢᠬᠤ ᠳᠠᠶ᠋ᠢᠨ ᠪᠣᠯᠤᠨ ᠭᠤᠷᠪᠠᠨ ᠶᠡᠬᠡ ᠪᠡᠯᠭᠡ ᠲᠡᠮᠳᠡᠭ᠎ᠤᠨ ᠴᠢᠨᠠᠷᠲᠠᠶ ᠳᠠᠶ᠋ᠢᠯᠠᠯᠳᠤᠭ᠋ᠠᠨ ᠵᠡᠷᠭᠡ ᠠᠮᠢ ᠠᠬᠤᠶ ᠵᠢᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ᠎ᠳᠤ ᠬᠡᠷᠡᠭᠰᠡᠬᠦ ᠦᠷ᠎ᠡ ᠪᠠ ᠴᠢᠬᠢ ᠮᠣᠳᠣᠨ᠎ᠤ ᠬᠠᠩᠭ᠋ᠠᠯᠭ᠎ᠠ ᠵᠢ ᠬᠦᠴᠦᠯᠡᠨ ᠪᠠᠲᠤᠯᠠᠬᠤ ᠬᠡᠷᠡᠭᠲᠡᠶ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠷᠡᠭᠯᠡᠬᠦ ᠡᠷᠬᠡ ᠵᠢ ᠰᠢᠯᠵᠢᠭᠦᠯᠦᠨ ᠥᠭᠬᠦ᠂ ᠲᠦᠷᠢᠶᠡᠰᠦᠯᠡᠭᠦᠯᠬᠦ᠂ ᠪᠠᠷᠢᠴᠠᠭ᠋ᠠᠯᠠᠬᠤ ᠬᠤᠶᠠᠳᠤᠭ᠋ᠠᠷ ᠳᠡᠰ᠎ᠤᠨ ᠵᠠᠬ᠎ᠠ ᠳᠡᠯᠭᠡᠭᠦᠷ᠎ᠢ ᠲᠡᠭᠦᠯᠳᠡᠷᠵᠢᠭᠦᠯᠬᠦ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ
《ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠡᠮᠳᠡᠭ᠎ᠤᠨ ᠪᠠᠶ᠋ᠢᠭᠤᠯᠤᠯᠲᠠ ᠵᠢᠨ ᠭᠤᠷᠪᠠᠨ ᠵᠢᠯ᠎ᠤᠨ ᠠᠵᠢᠯᠯᠠᠭ᠋ᠠᠨ᠎ᠤ ᠲᠥᠰᠦᠯ ( 2021 — 2023 ᠣᠨ)》᠎ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠦᠩᠭᠦᠨ᠎ᠤ ᠬᠡᠷᠡᠭᠯᠡᠯᠲᠡ ᠵᠢᠨ ᠬᠢᠨᠠᠯᠲᠠ ᠬᠠᠮᠢᠶᠠᠷᠣᠯᠳᠡ ᠵᠢᠨ ᠠᠷᠭ᠎ᠠ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠦᠩᠭᠦᠨ᠎ᠤ ᠬᠡᠷᠡᠭᠯᠡᠯᠲᠡ ᠵᠢᠨ ᠬᠢᠨᠠᠯᠲᠠ ᠬᠠᠮᠢᠶᠠᠷᠣᠯᠳᠡ ᠵᠢᠨ ᠠᠷᠭ᠎ᠠ
ᠬᠦᠴᠢᠷᠳᠡᠯᠲᠡᠢ ᠬᠦᠮᠦᠰ᠎ᠲᠤ ᠨᠦᠬᠦᠪᠦᠷᠢ ᠣᠯᠭᠤᠨ᠎ᠠ
 
             蒙ICP备05000248号