ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠦᠢᠯᠡᠴᠢᠯᠡᠬᠦ᠌ ᠵᠦᠭᠯᠡᠬᠦᠷ
ᠭᠠᠳᠠᠭ᠋ᠠᠳᠤ ᠤᠯᠤᠰ᠎ᠤᠨ ᠬᠥᠮᠦᠨ᠎ᠠᠴᠠ ᠤᠯᠤᠰ᠎ᠤᠨ ᠭᠣᠣᠯᠳᠠᠯᠭ᠎ᠠ᠎ᠲᠠᠢ ᠬᠠᠮᠠᠭ᠋ᠠᠯᠠᠬᠤ ᠬᠡᠭᠡᠷ᠎ᠡ ᠵᠢᠨ ᠠᠮᠢᠲᠠᠨ᠎ᠳᠤ ᠬᠡᠭᠡᠷ᠎ᠡ ᠵᠢᠨ ᠪᠠᠢ᠌ᠴᠠᠭ᠋ᠠᠯᠳᠠ ᠬᠢᠬᠦ᠂ ᠦᠯᠢᠭᠡᠷ ᠴᠤᠭᠯᠠᠭᠤᠯᠬᠤ ᠪᠤᠶᠤ ᠺᠢᠨᠣ᠋ ᠰᠡᠭᠦᠳᠡᠷᠯᠡᠬᠦ᠂ ᠳᠦᠷᠰᠦ ᠰᠢᠩᠭᠡᠭᠡᠯᠳᠡ ᠬᠢᠬᠦ ᠬᠢᠨᠠᠨ ᠵᠦᠪᠰᠢᠶᠡᠷᠡᠯ
ᠨᠡᠶ᠋ᠢᠲᠡᠯᠡᠭᠰᠡᠨ ᠴᠠᠭ᠄ 2018-10-09

      ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠵᠦᠢ᠍ᠯᠡᠰ᠎ᠤᠨ ᠪᠠᠷᠢᠮᠵᠢᠶ᠎ᠠ ᠡᠯᠧᠮᠧᠨ᠋ᠲ
      ᠵᠦᠢ᠍ᠯᠡᠰ᠎ᠤᠨ ᠨᠡᠷᠡᠶ᠋ᠢᠳᠦᠯ᠄ ᠭᠠᠳᠠᠭ᠋ᠠᠳᠤ ᠤᠯᠤᠰ᠎ᠤᠨ ᠬᠥᠮᠦᠨ᠎ᠠᠴᠠ ᠤᠯᠤᠰ᠎ᠤᠨ ᠭᠣᠣᠯᠳᠠᠯᠭ᠎ᠠ᠎ᠲᠠᠢ ᠬᠠᠮᠠᠭ᠋ᠠᠯᠠᠬᠤ ᠬᠡᠭᠡᠷ᠎ᠡ ᠵᠢᠨ ᠠᠮᠢᠲᠠᠨ᠎ᠳᠤ ᠬᠡᠭᠡᠷ᠎ᠡ ᠵᠢᠨ ᠪᠠᠢ᠌ᠴᠠᠭ᠋ᠠᠯᠳᠠ ᠬᠢᠬᠦ᠂ ᠦᠯᠢᠭᠡᠷ ᠴᠤᠭᠯᠠᠭᠤᠯᠬᠤ ᠪᠤᠶᠤ ᠺᠢᠨᠣ᠋ ᠰᠡᠭᠦᠳᠡᠷᠯᠡᠬᠦ᠂ ᠳᠦᠷᠰᠦ ᠰᠢᠩᠭᠡᠭᠡᠯᠳᠡ ᠬᠢᠬᠦ ᠬᠢᠨᠠᠨ ᠵᠦᠪᠰᠢᠶᠡᠷᠡᠯ
      ᠬᠡᠷᠡᠭᠯᠡᠬᠦ ᠬᠡᠪᠴᠢᠶ᠎ᠡ᠄ ᠭᠠᠳᠠᠭ᠋ᠠᠳᠤ ᠤᠯᠤᠰ᠎ᠤᠨ ᠬᠥᠮᠦᠨ᠎ᠤ ᠤᠯᠤᠰ᠎ᠤᠨ ᠭᠣᠣᠯᠳᠠᠯᠭ᠎ᠠ᠎ᠲᠠᠢ ᠬᠠᠮᠠᠭ᠋ᠠᠯᠠᠬᠤ ᠬᠡᠭᠡᠷ᠎ᠡ ᠵᠢᠨ ᠠᠮᠢᠲᠠᠨ᠎ᠳᠤ ᠬᠡᠭᠡᠷ᠎ᠡ ᠵᠢᠨ ᠪᠠᠢ᠌ᠴᠠᠭ᠋ᠠᠯᠳᠠ ᠬᠢᠬᠦ᠂ ᠦᠯᠢᠭᠡᠷ ᠴᠤᠭᠯᠠᠭᠤᠯᠬᠤ ᠪᠤᠶᠤ ᠺᠢᠨᠣ᠋ ᠰᠡᠭᠦᠳᠡᠷᠯᠡᠬᠦ᠂ ᠳᠦᠷᠰᠦ ᠰᠢᠩᠭᠡᠭᠡᠯᠳᠡ ᠬᠢᠬᠦ ᠬᠢᠨᠠᠨ ᠵᠦᠪᠰᠢᠶᠡᠷᠡᠯ᠎ᠤᠨ ᠭᠤᠶᠤᠴᠢᠯᠠᠯ᠎ᠢ ᠬᠢᠨᠠᠨ ᠵᠥᠪᠰᠢᠶᠡᠷᠡᠬᠦ ᠪᠠ ᠭᠦᠢ᠍ᠴᠡᠳᠬᠡᠬᠦ
      ᠵᠦᠢ᠍ᠯᠡᠰ᠎ᠤᠨ ᠬᠢᠨᠠᠨ ᠪᠠᠶ᠋ᠢᠴᠠᠭ᠋ᠠᠬᠤ ᠲᠥᠷᠥᠯ ᠠᠩᠬᠢᠯᠠᠯ᠄ ᠠᠯᠪᠠᠨ ᠪᠢᠴᠢᠭ
      ᠬᠢᠨᠠᠨ ᠵᠥᠪᠰᠢᠶᠡᠷᠡᠬᠦ ᠦᠨᠳᠦᠰᠦᠯᠡᠯ᠄
     1. 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠡᠭᠡᠷ᠎ᠡ ᠵᠢᠨ ᠠᠮᠢᠳᠠᠠ᠎ᠢ ᠬᠠᠮᠠᠭ᠋ᠠᠯᠠᠬᠤ ᠬᠠᠤᠯᠢ》 ᠵᠢᠨ ᠳᠥᠴᠢᠳᠦᠭᠡᠷ ᠵᠤᠷᠪᠤᠰ᠂ ᠭᠠᠳᠠᠭ᠋ᠠᠳᠤ ᠵᠢᠨ ᠬᠥᠮᠦᠨ᠎ᠠᠴᠠ ᠮᠠᠨ᠎ᠤ ᠤᠯᠤᠰ᠎ᠤᠨ ᠤᠯᠤᠰ᠎ᠤᠨ ᠭᠣᠣᠯᠳᠠᠯᠭ᠎ᠠ᠎ᠲᠠᠢ ᠬᠠᠮᠠᠭ᠋ᠠᠯᠠᠬᠤ ᠬᠡᠭᠡᠷ᠎ᠡ ᠵᠢᠨ ᠠᠮᠢᠲᠠᠨ᠎ᠳᠤ ᠬᠡᠭᠡᠷ᠎ᠡ ᠵᠢᠨ ᠰᠢᠨᠵᠢᠯᠡᠨ ᠪᠠᠢ᠌ᠴᠠᠭ᠋ᠠᠯᠳᠠ ᠬᠢᠬᠦ ᠪᠤᠶᠤ ᠺᠢᠨᠣ᠋ ᠰᠡᠭᠦᠳᠡᠷᠯᠡᠬᠦ᠂ ᠸᠢᠳᠢᠣ᠋ ᠠᠪᠬᠤ᠎ᠳᠤ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠬᠡᠭᠡᠷ᠎ᠡ ᠵᠢᠨ ᠠᠮᠢᠳᠠᠨ᠎ᠤ ᠬᠠᠮᠠᠭ᠋ᠠᠯᠠᠯᠲᠠ ᠵᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠤᠶᠤ ᠡᠷᠬᠡ ᠣᠯᠭᠣᠭᠰᠠᠨ ᠨᠢᠭᠡᠴᠡ᠎ᠪᠠᠷ ᠵᠥᠪᠰᠢᠶᠡᠷᠡᠭᠦᠯᠬᠦ ᠵᠢᠨ ᠬᠠᠮᠲᠤ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠲᠣᠭᠲᠠᠭ᠋ᠠᠯ᠎ᠢ ᠵᠢᠷᠤᠮᠯᠠᠬᠤ ᠬᠡᠷᠡᠭᠲᠡᠶ᠃
     2. 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠡᠬᠡ ᠬᠠᠭᠤᠷᠠᠶ ᠵᠢᠨ ᠪᠠ ᠬᠡᠭᠡᠷ᠎ᠡ ᠵᠢᠨ ᠵᠡᠷᠯᠢᠭ ᠠᠮᠢᠳᠠᠠ᠎ᠤ ᠬᠠᠮᠠᠭ᠋ᠠᠯᠠᠯᠲᠠ ᠵᠢ ᠬᠡᠷᠡᠭᠵᠢᠭᠦᠯᠬᠦ ᠳᠦᠷᠢᠮ》᠎ᠤᠨ ᠬᠣᠷᠢᠳᠤᠭ᠋ᠠᠷ   ᠵᠤᠷᠪᠤᠰ᠂ ᠭᠠᠳᠠᠭ᠋ᠠᠳᠤ ᠵᠢᠨ ᠬᠥᠮᠦᠨ᠎ᠠᠴᠠ ᠳᠤᠮᠳᠠᠳᠤ ᠤᠯᠤᠰ᠎ᠤᠨ ᠨᠤᠲᠤᠭ ᠳᠡᠪᠢᠰᠬᠡᠷ ᠳᠣᠲᠣᠷ᠎ᠠ ᠤᠯᠤᠰ᠎ᠤᠨ ᠭᠣᠣᠯᠳᠠᠯᠭ᠎ᠠ᠎ᠲᠠᠢ ᠬᠠᠮᠠᠭ᠋ᠠᠯᠠᠬᠤ ᠬᠡᠭᠡᠷ᠎ᠡ ᠵᠢᠨ ᠠᠮᠢᠲᠠᠨ᠎ᠳᠤ ᠬᠡᠭᠡᠷ᠎ᠡ ᠵᠢᠨ ᠰᠢᠨᠵᠢᠯᠡᠨ   ᠪᠠᠢ᠌ᠴᠠᠭ᠋ᠠᠯᠳᠠ ᠬᠢᠬᠦ᠂ ᠦᠯᠢᠭᠡᠷ ᠴᠤᠭᠯᠠᠭᠤᠯᠬᠤ ᠪᠤᠶᠤ ᠺᠢᠨᠣ᠋ ᠰᠡᠭᠦᠳᠡᠷᠯᠡᠬᠦ᠂ ᠳᠦᠷᠰᠦ ᠰᠢᠩᠭᠡᠭᠡᠯᠲᠡ ᠬᠢᠬᠦ᠎ᠳᠤ ᠡᠷᠬᠡᠪᠰᠢ ᠤᠯᠤᠰ᠎ᠤᠨ ᠭᠣᠣᠯᠳᠠᠯᠭ᠎ᠠ᠎ᠲᠠᠢ ᠬᠠᠮᠠᠭ᠋ᠠᠯᠠᠬᠤ ᠬᠡᠭᠡᠷ᠎ᠡ ᠵᠢᠨ ᠠᠮᠢᠲᠠᠨ᠎ᠤ ᠪᠠᠶ᠋ᠢᠭ᠎ᠠ ᠤᠷᠤᠨ᠎ᠤ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠤᠢ ᠰᠢᠭᠤᠶ ᠵᠢᠨ ᠵᠠᠰᠠᠭ ᠵᠠᠬᠢᠷᠭ᠋ᠠᠨ᠎ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ᠎ᠲᠤ ᠭᠤᠶᠤᠴᠢᠯᠠᠯ ᠭᠠᠷᠭ᠋ᠠᠬᠤ ᠬᠡᠷᠡᠭᠲᠡᠶ᠂ ᠬᠢᠨᠠᠨ ᠬᠠᠷᠭᠤᠭᠤᠯᠤᠭᠰᠠᠨ᠎ᠤ ᠳᠠᠷᠠᠭ᠎ᠠ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠤᠢ ᠰᠢᠭᠤᠶ ᠵᠢᠨ ᠵᠠᠰᠠᠭ ᠵᠠᠬᠢᠷᠭ᠋ᠠᠨ᠎ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠪᠤᠶᠤ ᠡᠷᠬᠡ ᠣᠯᠭᠣᠭᠰᠠᠨ ᠨᠢᠭᠡᠴᠡ᠎ᠪᠠᠷ ᠵᠥᠪᠰᠢᠶᠡᠷᠡᠭᠦᠯᠬᠦ ᠬᠡᠷᠡᠭᠲᠡᠶ᠃
     3. ᠤᠯᠤᠰ᠎ᠤᠨ ᠤᠢ ᠰᠢᠭᠤᠢ ᠵᠢᠨ ᠲᠤᠪᠴᠢᠶ᠎ᠠ ᠵᠢᠨ 2016 ᠣᠨ᠎ᠤ 15 ᠳ᠋ᠤᠭ᠋ᠠᠷ ᠲᠣᠭ᠋ᠠᠲᠤ ᠠᠯᠪᠠᠨ ᠵᠠᠷ
     4. 《ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ 〈ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠬᠠᠤᠯᠢ〉 ᠵᠢ ᠬᠡᠷᠡᠭᠵᠢᠬᠦᠯᠬᠦ ᠠᠷᠭ᠎ᠠ》
     5. ᠤᠯᠤᠰ᠎ᠤᠨ ᠤᠢ ᠰᠢᠭᠤᠢ ᠵᠢᠨ ᠲᠤᠪᠴᠢᠶ᠎ᠠ ᠵᠢᠨ 《ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠬᠠᠤᠯᠢ》 ᠵᠢ ᠲᠤᠤᠱᠯᠠᠭᠤᠯᠤᠨ ᠬᠡᠷᠡᠭᠵᠢᠭᠦᠯᠬᠦ ᠲᠤᠬᠠᠶ ᠮᠡᠳᠡᠭᠳᠡᠯ (ᠤᠢ ᠰᠢᠭᠤᠶ ᠵᠢᠨ   ᠬᠠᠮᠠᠭ᠋ᠠᠯᠠᠯᠳᠠ ᠵᠢᠨ ᠠᠯᠪᠠᠨ᠎ᠠᠴᠠ ᠲᠠᠷᠬᠠᠭ᠋ᠠᠭᠰᠠᠨ [2016] 181 ᠳ᠋ᠤᠬᠡᠷ ᠲᠣᠭ᠋ᠠᠲᠤ)
ᠰᠢᠢᠳᠪᠦᠷᠢᠯᠡᠬᠦ᠎ᠪᠠᠷ ᠬᠦᠯᠢᠶᠡᠨ ᠠᠪᠬᠤ ᠪᠠᠶ᠋ᠢᠭᠤᠯᠤᠮᠵᠢ᠄ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠵᠢᠨ ᠠᠮᠢᠳᠠᠨ ᠤᠷᠭᠤᠮᠠᠯ᠎ᠢ ᠬᠠᠮᠠᠭ᠋ᠠᠯᠠᠬᠤ ᠲᠥᠪ
      ᠲᠣᠭᠲᠠᠭ᠋ᠠᠬᠤ ᠪᠠᠶ᠋ᠢᠭᠤᠯᠤᠮᠵᠢ᠄ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠢ ᠰᠢᠭᠤᠶ ᠵᠢᠨ ᠲᠢᠩᠬᠢᠮ
      ᠲᠣᠭ᠎ᠠ ᠬᠡᠮᠵᠢᠶᠡᠨ᠎ᠤ ᠬᠢᠵᠠᠭ᠋ᠠᠷᠯᠠᠯ᠄ ᠲᠣᠭ᠎ᠠ ᠬᠡᠮᠵᠢᠶᠡᠨ᠎ᠤ ᠬᠢᠵᠠᠭ᠋ᠠᠷᠯᠠᠯ᠎ᠲᠠᠢ᠂ ᠭᠠᠳᠠᠭ᠋ᠠᠳᠤ ᠵᠢᠨ ᠬᠥᠮᠦᠨ᠎ᠠᠴᠠ ᠤᠯᠤᠰ᠎ᠤᠨ ᠭᠣᠣᠯᠳᠠᠯᠭ᠎ᠠ᠎ᠲᠠᠢ ᠬᠠᠮᠠᠭ᠋ᠠᠯᠠᠬᠤ ᠬᠡᠭᠡᠷ᠎ᠡ ᠵᠢᠨ ᠠᠮᠢᠲᠠᠨ᠎ᠳᠤ ᠦᠯᠢᠭᠡᠷ ᠴᠤᠭᠯᠠᠭᠤᠯᠬᠤ᠎ᠳᠤ ᠣᠨ ᠵᠶ᠋ᠠᠷ ᠲᠥᠷᠥᠯ ᠬᠤᠪᠢᠶᠠᠨ ᠶᠡᠷᠦᠩᠬᠡᠶ ᠬᠡᠮᠵᠢᠶ᠎ᠡ ᠵᠢ ᠬᠢᠵᠠᠭ᠋ᠠᠷᠯᠠᠬᠤ ᠵᠢ ᠬᠡᠷᠡᠭᠵᠢᠭᠦᠯᠬᠦ ᠬᠡᠷᠡᠭᠲᠡᠶ
      ᠭᠤᠶᠤᠴᠢᠯᠠᠬᠤ ᠨᠥᠬᠥᠴᠡᠯ
     1. ᠤᠯᠤᠰ ᠪᠠ ᠮᠤᠵᠢ ᠵᠢᠨ ᠳᠡᠰ᠎ᠤᠨ ᠭᠣᠣᠯᠳᠠᠯᠭ᠎ᠠ᠎ᠲᠠᠢ ᠬᠠᠮᠠᠭ᠋ᠠᠯᠠᠬᠤ ᠬᠡᠭᠡᠷ᠎ᠡ ᠵᠢᠨ ᠠᠮᠢᠲᠠᠨ ᠤᠷᠭᠤᠮᠠᠯ᠎ᠳᠤ ᠬᠡᠭᠡᠷ᠎ᠡ ᠵᠢᠨ ᠰᠢᠨᠵᠢᠯᠡᠨ ᠪᠠᠢ᠌ᠴᠠᠭ᠋ᠠᠯᠳᠠ ᠬᠢᠭᠰᠡᠨ ᠭᠠᠳᠠᠭ᠋ᠠᠳᠤ ᠵᠢᠨ ᠬᠥᠮᠦᠨ ᠪᠤᠶᠤ ᠭᠠᠳᠠᠭ᠋ᠠᠳᠤ ᠤᠯᠤᠰ᠎ᠤᠨ ᠬᠥᠮᠦᠨ᠎ᠲᠠᠢ ᠬᠠᠮᠲᠤᠷᠠᠨ ᠠᠵᠢᠯᠯᠠᠵᠦ ᠰᠢᠨᠵᠢᠯᠡᠨ ᠪᠠᠶ᠋ᠢᠴᠠᠭ᠋ᠠᠬᠤ ᠤᠯᠤᠰ᠎ᠤᠨ ᠳᠣᠲᠣᠭ᠋ᠠᠳᠤ ᠵᠢᠨ ᠨᠢᠭᠡᠴᠡ ᠪᠠ ᠬᠤᠪᠢ ᠬᠥᠮᠦᠨ;
     2. ᠤᠯᠤᠰ ᠪᠠ ᠮᠤᠵᠢ ᠵᠢᠨ ᠳᠡᠰ᠎ᠤᠨ ᠭᠣᠣᠯᠳᠠᠯᠭ᠎ᠠ᠎ᠲᠠᠢ ᠬᠠᠮᠠᠭ᠋ᠠᠯᠠᠬᠤ ᠬᠡᠭᠡᠷ᠎ᠡ ᠵᠢᠨ ᠠᠮᠢᠲᠠᠨ᠎ᠤ ᠦᠯᠢᠭᠡᠷ ᠴᠤᠭᠯᠠᠭᠤᠯᠬᠤ ᠪᠤᠶᠤ ᠺᠢᠨᠣ᠋ ᠰᠡᠭᠦᠳᠡᠷᠯᠡᠬᠦ᠂ ᠳᠦᠷᠰᠦ ᠰᠢᠩᠭᠡᠭᠡᠬᠦ ᠵᠡᠷᠭᠡ ᠠᠵᠢᠯᠯᠠᠭ᠎ᠠ ᠬᠢᠭᠰᠡᠨ ᠭᠠᠳᠠᠭ᠋ᠠᠳᠤ ᠵᠢᠨ ᠬᠥᠮᠦᠨ ᠪᠤᠶᠤ ᠭᠠᠳᠠᠭ᠋ᠠᠳᠤ ᠤᠯᠤᠰ᠎ᠤᠨ ᠬᠥᠮᠦᠨ᠎ᠲᠠᠢ ᠬᠠᠮᠲᠤᠷᠠᠨ ᠠᠵᠢᠯᠠᠯᠵᠦ ᠦᠯᠢᠭᠡᠷ ᠴᠤᠭᠯᠠᠭᠤᠯᠬᠤ᠂ ᠺᠢᠨᠣ᠋ ᠰᠡᠭᠦᠳᠡᠷᠯᠡᠬᠦ ᠪᠤᠶᠤ ᠳᠦᠷᠰᠦ ᠰᠢᠩᠭᠡᠭᠡᠬᠦ ᠵᠡᠷᠭᠡ ᠠᠵᠢᠯᠯᠠᠭ᠎ᠠ ᠬᠢᠵᠦ ᠪᠠᠢ᠌ᠭ᠎ᠠ ᠤᠯᠤᠰ᠎ᠤᠨ ᠳᠣᠲᠣᠭ᠋ᠠᠳᠤ ᠵᠢᠨ ᠨᠢᠭᠡᠴᠡ ᠪᠠ ᠬᠤᠪᠢ ᠬᠥᠮᠦᠨ᠎ᠢ ᠵᠢᠭ᠋ᠠᠵᠤ ᠪᠠᠶ᠋ᠢᠨ᠎ᠠ᠃
      ᠴᠠᠭ᠋ᠠᠵᠠᠯᠠᠬᠤ ᠴᠢᠨᠠᠷᠲᠠᠶ ᠱᠠᠭ᠋ᠠᠷᠳᠠᠯᠭ᠎ᠠ᠄
     1. ᠭᠤᠶᠤᠴᠢᠯᠠᠭᠴᠢ ᠵᠢᠨ ᠨᠥᠬᠥᠴᠡᠯ ᠪᠣᠯᠤᠨ ᠵᠥᠪᠰᠢᠶᠡᠷᠡᠬᠦ ᠵᠥᠪᠰᠢᠶᠡᠷᠡᠬᠦ ᠨᠥᠬᠥᠴᠡᠯ᠎ᠳᠤ ᠨᠡᠶ᠋ᠢᠴᠡᠬᠦ ᠦᠭᠡᠢ;
     2. ᠭᠤᠶᠤᠴᠢᠯᠠᠭᠴᠢ᠎ᠠᠴᠠ ᠬᠣᠯᠪᠣᠭᠳᠠᠯ ᠪᠦᠬᠦᠢ ᠪᠠᠶ᠋ᠢᠳᠠᠯ ᠵᠶ᠋ᠠᠨ ᠨᠢᠭᠤᠨ ᠳᠠᠯᠳᠠᠯᠠᠭᠰᠠᠨ ᠪᠤᠶᠤ ᠬᠤᠳᠠᠯ ᠬᠠᠭᠤᠷᠮᠠᠭ ᠮᠠᠲ᠋ᠧᠷᠢᠶᠠᠯ᠎ᠢ ᠬᠠᠩᠭ᠋ᠠᠭᠰᠠᠨ;
     3. ᠤᠯᠤᠰ᠎ᠤᠨ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠬᠣᠯᠪᠣᠭᠳᠠᠯ ᠪᠦᠬᠦᠢ ᠲᠣᠭᠲᠠᠭ᠋ᠠᠯ᠂ ᠮᠡᠷᠭᠡᠵᠢᠯ᠎ᠤᠨ ᠪᠠᠷᠢᠮᠵᠢᠶ᠎ᠠ᠂ ᠲᠤᠰᠬᠠᠶ ᠮᠡᠷᠭᠡᠵᠢᠯᠲᠡᠨ᠎ᠤ ᠬᠢᠨᠠᠨ ᠲᠣᠭᠲᠠᠭ᠋ᠠᠬᠤ ᠰᠠᠨᠠᠯ ᠪᠠ ᠣᠯᠠᠨ ᠤᠯᠤᠰ᠎ᠤᠨ ᠨᠡᠶ᠋ᠢᠲᠡ ᠵᠢᠨ ᠭᠡᠷ᠎ᠡ᠂ ᠬᠡᠯᠡᠯᠴᠡᠭᠡᠷ᠂ ᠵᠥᠪᠳᠡᠯᠴᠡᠬᠡᠷ᠎ᠤᠨ ᠭᠦᠢ᠍ᠴᠡᠳᠬᠡᠬᠦ ᠱᠠᠭ᠋ᠠᠷᠳᠠᠯᠭ᠎ᠠ᠎ᠳᠤ ᠨᠡᠶ᠋ᠢᠴᠡᠬᠦ ᠦᠭᠡᠢ;
     4. ᠬᠠᠤᠯᠢ ᠲᠣᠭᠲᠠᠭ᠋ᠠᠯ᠎ᠢ ᠵᠦᠷᠢᠴᠡᠭᠰᠡᠨ ᠪᠤᠰᠤᠳ ᠵᠦᠢ᠍ᠯ;
     5. ᠬᠣᠯᠪᠣᠭᠳᠠᠯ ᠪᠥᠬᠥᠶ ᠳᠦᠷᠰᠦ ᠵᠢᠨ ᠲᠦᠷᠦᠯ᠎ᠤᠨ ᠣᠨᠴᠠᠭ᠋ᠠᠶ ᠲᠤᠭᠳᠠᠭ᠋ᠠᠯ᠎ᠳᠤ ᠨᠡᠢ᠌ᠴᠡᠭᠰᠡᠨ ᠦᠭᠡᠢ᠃
      ᠭᠤᠶᠤᠴᠢᠯᠡᠯ᠎ᠢ ᠬᠦᠯᠢᠶᠡᠨ ᠠᠪᠬᠤ (ᠡᠭᠦᠨ᠎ᠳᠤ ᠠᠵᠢᠯᠯᠠᠬᠤ ᠬᠠᠶᠢᠭ ᠪᠠ ᠭᠤᠶᠤᠴᠢᠯᠠᠭᠰᠠᠨ ᠴᠠᠭ ᠪᠠᠭᠳᠠᠨ᠎ᠠ)᠄
      ᠬᠦᠯᠢᠶᠡᠨ ᠠᠪᠬᠤ ᠰᠠᠯᠠᠭ᠎ᠠ ᠮᠥᠴᠢᠷ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠵᠢᠨ ᠠᠮᠢᠳᠠᠨ ᠤᠷᠭᠤᠮᠠᠯ᠎ᠢ ᠬᠠᠮᠠᠭ᠋ᠠᠯᠠᠬᠤ ᠲᠥᠪ
      ᠬᠦᠯᠢᠶᠡᠨ ᠠᠪᠬᠤ ᠬᠠᠶᠢᠭ᠄ ᠬᠥᠬᠡᠬᠣᠲᠠ ᠵᠢᠨ ᠰᠠᠶ᠋ᠢᠬᠠᠨ ᠲᠣᠭᠣᠷᠢᠭ᠎ᠤᠨ ᠰᠢᠶᠤᠸᠡᠢ ᠶᠤᠸᠠᠨ ᠵᠡᠭᠦᠨ ᠵᠡᠭᠡᠯᠢ ᠵᠢᠨ 23 ᠳ᠋ᠤᠭ᠋ᠠᠷ ᠲᠣᠭ᠋ᠠᠲᠤ
      ᠰᠢᠦᠳᠠᠨ ᠳ᠋ᠤᠭ᠋ᠠᠷ᠄ 010020
      ᠬᠠᠷᠢᠯᠴᠠᠬᠤ ᠤᠲᠠᠰᠤ᠄ 0471-2280384
      ᠠᠵᠢᠯᠯᠠᠬᠤ ᠴᠠᠭ᠄ (ᠬᠠᠤᠯᠢ᠎ᠪᠠᠷ ᠲᠣᠭᠲᠠᠭ᠋ᠠᠭᠰᠠᠨ ᠪᠠᠶᠠᠷ ᠳᠤᠷᠠᠰᠬᠠᠯ ᠠᠮᠠᠷᠠᠯᠲᠠ ᠵᠢᠨ ᠡᠳᠦᠷ ᠡᠭᠦᠨ᠎ᠳᠤ ᠪᠠᠭᠲᠠᠬᠤ ᠦᠭᠡᠢ)
      ᠬᠦᠯᠢᠶᠡᠨ ᠠᠪᠴᠤ ᠰᠢᠢᠳᠪᠦᠷᠢᠯᠡᠬᠦ ᠦᠨᠳᠦᠰᠦᠨ ᠶᠠᠪᠤᠴᠠ᠄
      ᠭᠤᠶᠤᠴᠢᠯᠠᠭᠴᠢ ᠵᠢᠨ ᠳᠡᠪᠰᠢᠭᠦᠯᠦᠨ ᠲᠤᠰᠢᠶᠠᠭᠰᠠᠨ ᠭᠤᠶᠤᠴᠢᠯᠠᠬᠤ ᠮᠠᠲ᠋ᠧᠷᠢᠶᠠᠯ᠎ᠢ ᠬᠦᠯᠢᠶᠠᠨ ᠠᠪᠴᠤ᠂ ᠬᠢᠨᠠᠨ ᠪᠠᠶ᠋ᠢᠴᠠᠭ᠋ᠠᠯᠲᠠ ᠬᠢᠵᠦ᠂ ᠮᠠᠲ᠋ᠧᠷᠢᠶᠠᠯ᠎ᠨᠢ ᠪᠦᠷᠢᠨ ᠭᠦᠢ᠍ᠴᠡᠳ ᠪᠥᠭᠡᠳ ᠬᠠᠤᠯᠢ᠎ᠳᠤ ᠲᠣᠭᠲᠠᠭ᠋ᠠᠭᠰᠠᠨ ᠬᠡᠯᠪᠡᠷᠢ᠎ᠳᠤ ᠨᠡᠶ᠋ᠢᠴᠡᠵᠦ ᠪᠠᠶ᠋ᠢᠪᠠᠯ ᠬᠦᠯᠢᠶᠡᠨ ᠠᠪᠴᠤ ᠰᠢᠢ᠍ᠳᠪᠤᠷᠢᠯᠡᠵᠦ᠂ ᠮᠠᠲ᠋ᠧᠷᠢᠶᠠᠯ᠎ᠨᠢ ᠪᠦᠷᠢᠨ ᠭᠦᠢ᠍ᠴᠡᠳ ᠪᠤᠰᠤ ᠪᠤᠶᠤ ᠬᠠᠤᠯᠢ᠎ᠳᠤ ᠲᠣᠭᠲᠠᠭ᠋ᠠᠭᠰᠠᠨ ᠬᠡᠯᠪᠡᠷᠢ᠎ᠳᠤ ᠨᠡᠶ᠋ᠢᠴᠡᠬᠦ ᠦᠬᠡᠢ ᠪᠠᠢ᠌ᠪᠠᠯ᠂ ᠨᠥᠬᠥᠪᠥᠷᠢᠯᠡᠵᠦ ᠵᠠᠯᠠᠷᠠᠭᠤᠯᠬᠤ ᠮᠡᠳᠡᠭᠳᠡᠯ ᠪᠠᠭᠤᠯᠭ᠋ᠠᠵᠤ᠂ ᠭᠤᠶᠤᠴᠢᠯᠠᠭᠴᠢ᠎ᠠᠴᠠ ᠮᠠᠲ᠋ᠧᠷᠢᠶᠠᠯ ᠵᠶ᠋ᠡᠨ ᠨᠥᠬᠥᠪᠥᠷᠢᠯᠡᠭᠰᠡᠨ ᠪᠠᠢ᠌ᠪᠠᠯ ᠬᠦᠯᠢᠶᠡᠨ ᠠᠪᠴᠤ ᠰᠢᠢᠳᠪᠦᠷᠢᠯᠡᠬᠦ ᠬᠡᠷᠡᠭᠲᠡᠶ᠂ ᠨᠥᠬᠥᠪᠥᠷᠢᠯᠡᠨ ᠵᠠᠯᠠᠷᠠᠭᠤᠯᠤᠭᠰᠠᠨ᠎ᠨᠢ ᠮᠥᠨ ᠯᠡ ᠨᠡᠶ᠋ᠢᠴᠡᠬᠦ   ᠦᠭᠡᠢ ᠪᠠᠢ᠌ᠪᠠᠯ᠂ ᠦᠯᠦ ᠵᠥᠪᠰᠢᠶᠡᠷᠡᠬᠦ ᠲᠣᠭᠲᠠᠭ᠋ᠠᠯ᠎ᠤᠨ ᠪᠢᠴᠢᠭ ᠭᠠᠷᠭ᠋ᠠᠨ᠎ᠠ᠃ ᠭᠤᠶᠤᠴᠢᠯᠠᠯ᠎ᠢ ᠰᠢᠢᠳᠪᠦᠷᠢᠯᠡᠬᠦ᠎ᠪᠠᠷ ᠬᠥᠯᠢᠶᠠᠨ ᠠᠪᠤᠭᠰᠠᠨ᠎ᠤ ᠰᠡᠭᠦᠯᠡᠷ ᠲᠤᠬᠠᠶ ᠵᠢᠨ ᠲᠠᠯᠠᠪᠤᠷ᠎ᠲᠤ ᠬᠢᠨᠠᠨ ᠪᠠᠶ᠋ᠢᠴᠠᠭ᠋ᠠᠬᠤ ᠪᠤᠶᠤ ᠲᠦᠭᠰᠢᠭᠦᠷᠢ ᠵᠢ ᠦᠨᠡᠯᠡᠨ ᠵᠢᠱ᠌ᠢᠬᠦ ᠴᠢᠬᠤᠯᠠᠲᠠᠶ ᠪᠤᠯ ᠬᠥᠮᠦᠰ᠎ᠢ ᠵᠣᠬᠢᠶᠠᠨ ᠪᠠᠶ᠋ᠢᠭᠤᠯᠵᠤ᠂ ᠲᠤᠬᠠᠶ ᠵᠢᠨ ᠭᠠᠵᠠᠷ᠎ᠲᠤ ᠬᠢᠨᠠᠨ ᠪᠠᠶ᠋ᠢᠴᠠᠭ᠋ᠠᠯᠲᠠ ᠬᠢᠬᠦ ᠪᠤᠶᠤ ᠲᠦᠭᠰᠢᠭᠦᠷᠢ᠎ᠤᠨ ᠦᠨᠡᠯᠡᠨ ᠵᠢᠱ᠌ᠢᠯᠳᠠ ᠬᠢᠬᠦ ᠪᠥᠭᠡᠳ ᠬᠢᠨᠠᠨ ᠪᠠᠶ᠋ᠢᠴᠠᠭ᠋ᠠᠬᠤ ᠪᠤᠶᠤ ᠦᠨᠡᠯᠡᠨ ᠵᠢᠱ᠌ᠢᠭᠰᠡᠨ ᠮᠡᠳᠡᠭᠦᠯᠦᠯᠲᠡ ᠭᠠᠷᠭ᠋ᠠᠨ᠎ᠠ᠃ ᠬᠢᠨᠠᠨ ᠬᠠᠷᠭᠤᠭᠤᠯᠤᠭᠰᠠᠨ᠎ᠤ ᠳᠠᠷᠠᠭ᠎ᠠ ᠬᠢᠨᠠᠨ ᠵᠥᠪᠰᠢᠶᠡᠷᠡᠬᠦ ᠲᠣᠭᠲᠠᠭ᠋ᠠᠯ᠎ᠤᠨ ᠪᠢᠴᠢᠭ ᠮᠠᠲ᠋ᠧᠷᠢᠶᠠᠯ᠎ᠢ ᠪᠠᠭᠤᠯᠭ᠋ᠠᠬᠤ᠂ ᠰᠢᠦᠳᠠᠨ ᠵᠶ᠋ᠠᠷ ᠭᠤᠪᠢᠭᠤᠯᠬᠤ ᠪᠤᠶᠤ ᠭᠤᠶᠤᠴᠢᠯᠠᠭᠴᠢ᠎ᠳᠤ ᠦᠷ᠎ᠡ ᠳ᠋ᠦᠩ ᠵᠶ᠋ᠡᠨ ᠠᠪᠬᠤ ᠵᠢ ᠮᠡᠳᠡᠭᠳᠡᠵᠦ᠂ ᠭᠤᠶᠤᠴᠢᠯᠠᠭᠴᠢ᠎ᠨᠢ ᠬᠢᠨᠠᠨ ᠵᠥᠪᠰᠢᠶᠡᠷᠡᠭᠰᠡᠨ ᠦᠷ᠎ᠡ ᠳ᠋ᠦᠩ ᠵᠶ᠋ᠡᠨ ᠠᠪᠴᠤ᠂ ᠰᠢᠢ᠍ᠳᠪᠤᠷᠢᠯᠡᠵᠦ ᠳᠠᠭᠤᠰᠬᠠᠨ᠎ᠠ᠃
      ᠬᠠᠤᠯᠢ᠎ᠪᠠᠷ ᠲᠣᠭᠲᠠᠭ᠋ᠠᠭᠰᠠᠨ ᠰᠢᠢᠳᠪᠦᠷᠢᠯᠡᠨ ᠳᠠᠭᠤᠰᠬᠠᠬᠤ ᠴᠠᠭ ᠬᠤᠭᠤᠴᠠᠭ᠎ᠠ᠄ 20 ᠠᠵᠢᠯᠯᠠᠬᠤ ᠡᠳᠦᠷ᠃ ᠵᠦᠪᠰᠢᠶᠡᠷᠡᠬᠦᠯᠦᠭᠰᠡᠨ ᠪᠠᠢ᠌ᠪᠠᠯ ᠠᠷᠪᠠᠨ ᠡᠳᠦᠷ ᠤᠷᠲᠤᠳᠬᠠᠵᠤ ᠪᠣᠯᠤᠨ᠎ᠠ᠃ ᠡᠭᠦᠨ᠎ᠳᠤ᠄ ᠭᠦᠢ᠍ᠴᠡᠳᠬᠡᠬᠦ ᠶᠠᠪᠤᠴᠠ ᠳᠤᠮᠳᠠ ᠱᠠᠭ᠋ᠠᠷᠳᠠᠭᠳᠠᠬᠤ ᠭᠡᠷᠡᠴᠢᠯᠡᠭᠡ ᠰᠣᠨᠣᠰᠬᠤ᠂ ᠳᠠᠭ᠋ᠠᠭ᠋ᠠᠴᠢᠯᠠᠯᠲᠠ ᠵᠠᠷᠯᠠᠬᠤ᠂ ᠦᠨ᠎ᠡ ᠬᠠᠶᠠᠵᠤ ᠬᠤᠳᠠᠯᠳᠤᠬᠤ᠂ ᠰᠢᠯᠭ᠋ᠠᠨ ᠪᠠᠢ᠌ᠴᠠᠭ᠋ᠠᠬᠤ᠂ ᠬᠢᠨᠠᠨ ᠪᠠᠶ᠋ᠢᠴᠠᠭ᠋ᠠᠬᠤ᠂ ᠬᠢᠵᠢᠭ᠎ᠢ ᠪᠠᠢ᠌ᠴᠠᠭ᠋ᠠᠬᠤ᠂ ᠬᠡᠮᠵᠢᠨ ᠵᠢᠷᠤᠭᠯᠠᠬᠤ᠂ ᠬᠢᠨᠠᠨ ᠲᠣᠭᠲᠠᠭ᠋ᠠᠬᠤ᠂ ᠲᠤᠰᠬᠠᠶ ᠮᠡᠷᠭᠡᠵᠢᠯᠲᠡᠨ᠎ᠤ ᠰᠢᠯᠭ᠋ᠠᠷᠠᠭᠤᠯᠤᠯᠲᠠ ᠵᠡᠷᠭᠡ ᠵᠢ ᠲᠤᠬᠠᠢ ᠵᠢᠨ ᠬᠤᠭᠤᠴᠠᠭ᠋ᠠᠨ᠎ᠳᠤ ᠤᠷᠤᠭᠤᠯᠬᠤ ᠦᠭᠡᠢ᠃
      ᠰᠢᠢᠳᠪᠦᠷᠢᠯᠡᠨ ᠳᠠᠭᠤᠰᠬᠠᠬᠤ᠎ᠪᠠᠷ ᠠᠮᠠᠯᠠᠭᠰᠠᠨ ᠴᠠᠭ ᠬᠤᠭᠤᠴᠠᠭ᠎ᠠ᠄ ᠰᠢᠢᠳᠪᠦᠷᠢᠯᠡᠬᠦ᠎ᠪᠠᠷ ᠬᠦᠯᠢᠶᠡᠨ ᠠᠪᠤᠭᠰᠠᠨ ᠡᠳᠦᠷ᠎ᠠᠴᠠ ᠰᠢᠢ᠍ᠳᠪᠤᠷᠢ ᠭᠠᠷᠭ᠋ᠠᠭᠰᠠᠨ ᠴᠠᠭ ᠬᠤᠭᠤᠴᠠᠭ᠋ᠠᠨ᠎ᠤ ᠬᠡᠪᠴᠢᠶ᠎ᠡ ᠵᠢ ᠲᠤᠳᠤᠷᠬᠠᠢ᠌ᠯᠠᠬᠤ ᠬᠡᠷᠡᠭᠳᠡᠢ (ᠬᠠᠤᠯᠢ ᠶᠣᠰᠣᠭ᠋ᠠᠷ ᠭᠡᠷᠡᠴᠢᠯᠡᠭᠡ ᠰᠣᠨᠣᠰᠬᠤ᠂ ᠳᠠᠭ᠋ᠠᠭ᠋ᠠᠴᠢᠯᠠᠯᠲᠠ ᠵᠠᠷᠯᠠᠬᠤ᠂ ᠦᠨ᠎ᠡ ᠬᠠᠶᠠᠵᠤ ᠬᠤᠳᠠᠯᠳᠤᠬᠤ᠂ ᠰᠢᠯᠭ᠋ᠠᠨ ᠪᠠᠢ᠌ᠴᠠᠭ᠋ᠠᠬᠤ᠂ ᠬᠢᠨᠠᠨ ᠪᠠᠶ᠋ᠢᠴᠠᠭ᠋ᠠᠬᠤ᠂ ᠬᠢᠵᠢᠭ᠎ᠢ ᠪᠠᠢ᠌ᠴᠠᠭ᠋ᠠᠬᠤ᠂ ᠬᠡᠮᠵᠢᠨ ᠵᠢᠷᠤᠭᠯᠠᠬᠤ᠂ ᠬᠢᠨᠠᠨ ᠲᠣᠭᠲᠠᠭ᠋ᠠᠬᠤ᠂ ᠲᠤᠰᠬᠠᠶ ᠮᠡᠷᠭᠡᠵᠢᠯᠲᠡᠨ᠎ᠤ ᠰᠢᠯᠭ᠋ᠠᠷᠠᠭᠤᠯᠤᠯᠲᠠ ᠵᠡᠷᠭᠡ᠎ᠳᠤ ᠬᠡᠷᠡᠭᠰᠡᠬᠦ ᠬᠤᠭᠤᠴᠠᠭ᠎ᠠ)᠃ ᠬᠠᠤᠯᠢ ᠶᠣᠰᠣᠭ᠋ᠠᠷ ᠭᠡᠷᠡᠴᠢᠯᠡᠭᠡ ᠰᠣᠨᠣᠰᠬᠤ᠂ ᠳᠠᠭ᠋ᠠᠭ᠋ᠠᠴᠢᠯᠠᠯᠲᠠ ᠵᠠᠷᠯᠠᠬᠤ᠂ ᠦᠨ᠎ᠡ ᠬᠠᠶᠠᠵᠤ ᠬᠤᠳᠠᠯᠳᠤᠬᠤ᠂ ᠰᠢᠯᠭ᠋ᠠᠨ ᠪᠠᠢ᠌ᠴᠠᠭ᠋ᠠᠬᠤ᠂ ᠬᠢᠨᠠᠨ ᠪᠠᠶ᠋ᠢᠴᠠᠭ᠋ᠠᠬᠤ᠂ ᠬᠢᠵᠢᠭ᠎ᠢ ᠪᠠᠢ᠌ᠴᠠᠭ᠋ᠠᠬᠤ᠂ ᠬᠡᠮᠵᠢᠨ ᠵᠢᠷᠤᠭᠯᠠᠬᠤ᠂ ᠬᠢᠨᠠᠨ ᠲᠣᠭᠲᠠᠭ᠋ᠠᠬᠤ᠂ ᠲᠤᠰᠬᠠᠶ ᠮᠡᠷᠭᠡᠵᠢᠯᠲᠡᠨ᠎ᠤ ᠰᠢᠯᠭ᠋ᠠᠷᠠᠭᠤᠯᠤᠯᠲᠠ ᠵᠡᠷᠭᠡ᠎ᠳᠤ ᠬᠡᠷᠡᠭᠰᠡᠬᠦ ᠴᠠᠭ᠎ᠢ ᠲᠣᠳᠣᠷᠬᠠᠶ ᠪᠢᠴᠢᠬᠦ ᠬᠡᠷᠡᠭᠲᠡᠶ᠃ ᠪᠤᠰᠤᠳ ᠵᠠᠰᠠᠭ ᠵᠠᠬᠢᠷᠭ᠋ᠠᠨ᠎ᠤ ᠵᠥᠪᠰᠢᠶᠡᠷᠡᠯ᠎ᠢ ᠬᠡᠷᠡᠭᠵᠢᠭᠦᠯᠬᠦ ᠪᠠᠶ᠋ᠢᠭᠤᠯᠭ᠎ᠠ ᠵᠢᠨ ᠰᠠᠨᠠᠯ᠎ᠢ ᠬᠤᠷᠢᠶᠠᠬᠤ᠎ᠳᠤ ᠬᠤᠯᠪᠤᠭᠳᠠᠭᠰᠠᠨ ᠪᠠᠢ᠌ᠪᠠᠯ᠂ ᠰᠠᠨᠠᠯ ᠬᠤᠷᠢᠶᠠᠬᠤ ᠬᠤᠭᠤᠴᠠᠭ᠎ᠠ ᠵᠢ ᠰᠢᠢᠳᠪᠦᠷᠢᠯᠡᠵᠦ ᠳᠠᠭᠤᠰᠬᠠᠬᠤ ᠬᠤᠭᠤᠴᠠᠭ᠋ᠠᠨ᠎ᠤ ᠬᠢᠵᠠᠭ᠋ᠠᠷ᠎ᠲᠤ ᠪᠠᠢ᠌ᠯᠭ᠋ᠠᠬᠤ ᠬᠡᠷᠡᠭᠲᠡᠶ᠃ ᠲᠦᠷᠦ ᠵᠢᠨ ᠶᠠᠪᠤᠳᠠᠯ᠎ᠤᠨ ᠬᠤᠷᠢᠶᠠᠨ᠎ᠤ ᠬᠢᠨᠠᠨ ᠶᠠᠷᠢᠯᠴᠠᠯᠭ᠎ᠠ᠎ᠪᠠᠷ ᠵᠦᠪᠰᠢᠶᠡᠷᠡᠬᠦᠯᠬᠦ ᠴᠢᠬᠤᠯᠳᠠᠢ ᠦᠶᠡᠡᠰ᠂ ᠰᠢᠢᠳᠪᠦᠷᠢᠯᠡᠨ ᠳᠠᠭᠤᠰᠬᠠᠬᠤ ᠴᠠᠭ ᠬᠤᠭᠤᠴᠠᠭ᠎ᠠ ᠵᠢ 《ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠠᠤᠯᠢ》 ᠵᠢᠨ ᠳᠥᠴᠢᠨ ᠬᠣᠶᠠᠳᠤᠭ᠋ᠠᠷ ᠵᠤᠷᠪᠤᠰ᠂ ᠳᠥᠴᠢᠨ ᠭᠤᠷᠪᠠᠳᠤᠭ᠋ᠠᠷ ᠵᠤᠷᠪᠤᠰ᠎ᠤᠨ ᠲᠣᠭᠲᠠᠭ᠋ᠠᠯ ᠵᠶ᠋ᠠᠷ ᠲᠣᠭᠲᠠᠭ᠋ᠠᠨ᠎ᠠ᠃ ᠬᠢᠨᠠᠨ ᠵᠥᠪᠰᠢᠶᠡᠷᠡᠬᠦ ᠲᠣᠭᠲᠠᠭ᠋ᠠᠯ᠎ᠨᠢ ᠤᠯᠤᠰ (ᠬᠢᠯᠢ ᠵᠢᠨ)᠎ᠤᠨ ᠭᠠᠳᠠᠨᠠᠬᠢ ᠬᠤᠯᠪᠤᠭᠳᠠᠯ ᠪᠦᠬᠦᠢ ᠪᠠᠢ᠌ᠭᠤᠯᠤᠮᠵᠢ ᠵᠢᠨ ᠵᠦᠪᠰᠢᠶᠡᠷᠡᠯ᠎ᠢ ᠤᠯᠤᠭᠰᠠᠨ ᠪᠠᠢ᠌ᠪᠠᠯ᠂ ᠤᠯᠤᠰ (ᠬᠢᠯᠢ ᠵᠢᠨ)᠎ᠤᠨ ᠭᠠᠳᠠᠨᠠᠬᠢ ᠬᠣᠯᠪᠣᠭᠳᠠᠯ ᠪᠦᠬᠦᠢ ᠪᠠᠶ᠋ᠢᠭᠤᠯᠤᠮᠵᠢ ᠵᠢᠨ ᠬᠡᠷᠡᠭᠰᠡᠬᠦ ᠴᠠᠭ ᠬᠤᠭᠤᠴᠠᠭ᠎ᠠ ᠵᠢ ᠦᠯᠦ ᠪᠠᠭᠳᠠᠭ᠋ᠠᠬᠤ ᠵᠢ ᠲᠣᠳᠣᠷᠬᠠᠶ᠋ᠢᠯᠠᠭᠰᠠᠨ ᠪᠠᠶ᠋ᠢᠬᠤ ᠬᠡᠷᠡᠭᠲᠡᠶ᠃
      ᠰᠦᠢ᠍ᠳᠬᠡᠯ ᠬᠤᠷᠢᠶᠠᠬᠤ ᠡᠰᠡᠬᠦ᠄ ᠰᠦᠢ᠍ᠳᠬᠡᠯ ᠬᠤᠷᠢᠶᠠᠬᠤ ᠦᠭᠡᠢ
      ᠰᠦᠢ᠍ᠳᠬᠡᠯ ᠬᠤᠷᠢᠶᠠᠬᠤ ᠦᠨᠳᠦᠰᠦ ᠪᠠᠷᠢᠮᠲᠠ ᠵᠢᠴᠢ ᠪᠠᠷᠢᠮᠵᠢᠶ᠎ᠠ᠄
      ᠬᠢᠨᠠᠨ ᠵᠦᠪᠰᠢᠶᠡᠷᠡᠬᠦ ᠦᠷ᠎ᠡ ᠳ᠋ᠦᠩ᠄ ᠵᠠᠰᠠᠭ ᠵᠠᠬᠢᠷᠭ᠋ᠠᠨ᠎ᠤ ᠵᠥᠪᠰᠢᠶᠡᠷᠡᠯ ᠦᠭᠬᠦ ᠵᠦᠢ᠍ᠯᠡᠰ᠎ᠲᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠵᠢᠨ ᠲᠢᠩᠬᠢᠮ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ ᠥᠭᠬᠦ ᠲᠣᠭᠲᠠᠭ᠋ᠠᠯ᠎ᠤᠨ ᠪᠢᠴᠢᠭ》᠎ᠢ ᠭᠠᠷᠭ᠋ᠠᠨ᠂ ᠵᠦᠪᠰᠢᠶᠡᠷᠡᠬᠦᠯᠦᠭᠰᠡᠨ ᠬᠦᠮᠦᠨ᠎ᠳᠤ ᠰᠢᠭᠤᠳ ᠬᠦᠷᠭᠡᠬᠦ ᠪᠤᠶᠤ ᠭᠤᠪᠢᠭᠤᠯᠭ᠎ᠠ ᠵᠢᠨ ᠬᠡᠯᠪᠡᠷᠢ᠎ᠪᠠᠷ ᠬᠦᠷᠭᠡᠵᠦ ᠪᠤᠯᠤᠨ᠎ᠠ᠃ ᠵᠦᠪᠰᠢᠶᠡᠷᠡᠯ ᠦᠭᠬᠦ ᠦᠭᠡᠢ ᠵᠦᠢ᠍ᠯᠡᠰ᠎ᠲᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠵᠢᠨ ᠲᠢᠩᠬᠢᠮ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ ᠦᠯᠦ ᠥᠭᠬᠦ ᠲᠣᠭᠲᠠᠭ᠋ᠠᠯ᠎ᠤᠨ ᠪᠢᠴᠢᠭ》᠎ᠢ ᠭᠠᠷᠭ᠋ᠠᠵᠦ᠂ ᠲᠠᠬᠢᠨ ᠶᠠᠷᠢᠯᠴᠠᠬᠤ ᠪᠤᠶᠤ ᠵᠠᠷᠭᠤ ᠬᠢᠬᠦ ᠡᠷᠬᠡ᠎ᠲᠠᠢ ᠪᠠᠢ᠌ᠬᠤ ᠵᠢ ᠮᠡᠳᠡᠭᠳᠡᠬᠦ ᠬᠡᠷᠡᠭᠳᠡᠢ᠃
ᠦᠷ᠎ᠡ ᠳ᠋ᠦᠩ᠎ᠢ᠎ᠨᠢ ᠬᠦᠷᠭᠡᠵᠦ ᠥᠭᠬᠦ᠄ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠲᠣᠭᠲᠠᠭ᠋ᠠᠯ ᠭᠠᠷᠭ᠋ᠠᠭᠰᠠᠨ᠎ᠤ ᠲᠠᠷᠠᠭ᠎ᠠ᠂ 10 ᠠᠵᠢᠯᠯᠠᠬᠤ ᠡᠳᠦᠷ᠎ᠤᠨ ᠳᠣᠲᠣᠷ᠎ᠠ᠂ ᠭᠤᠶᠤᠴᠢᠯᠠᠭᠴᠢ᠎ᠳᠤ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠲᠣᠭᠲᠠᠭ᠋ᠠᠯ᠎ᠤᠨ ᠪᠢᠴᠢᠭ᠎ᠢ ᠰᠢᠭᠤᠳ ᠬᠦᠷᠭᠡᠬᠦ ᠪᠤᠶᠤ ᠰᠢᠦᠳᠠᠨ ᠵᠶ᠋ᠠᠷ ᠢᠯᠡᠭᠡᠬᠦ ᠠᠷᠭ᠎ᠠ ᠬᠡᠯᠪᠡᠷᠢ᠎ᠪᠠᠷ ᠬᠦᠷᠭᠡᠬᠦ ᠬᠡᠷᠡᠭᠲᠡᠶ᠃
      ᠵᠥᠪᠯᠡᠯᠭᠡ   ᠠᠪᠬᠤ ᠠᠷᠭ᠎ᠠ ᠵᠠᠮ᠄
      ᠵᠦᠪᠯᠡᠭᠡ ᠦᠭᠬᠦ ᠦᠢ᠍ᠯᠡᠴᠢᠯᠡᠬᠡ᠄
      ᠰᠠᠯᠠᠭ᠎ᠠ ᠮᠥᠴᠢᠷ᠎ᠤᠨ ᠨᠡᠷᠡᠶ᠋ᠢᠳᠦᠯ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠵᠢᠨ ᠠᠮᠢᠳᠠᠨ ᠤᠷᠭᠤᠮᠠᠯ᠎ᠢ ᠬᠠᠮᠠᠭ᠋ᠠᠯᠠᠬᠤ ᠲᠥᠪ
      ᠬᠠᠷᠢᠯᠴᠠᠬᠤ ᠬᠠᠶᠢᠭ᠄ ᠬᠥᠬᠡᠬᠣᠲᠠ ᠵᠢᠨ ᠰᠠᠶ᠋ᠢᠬᠠᠨ ᠲᠣᠭᠣᠷᠢᠭ᠎ᠤᠨ ᠰᠢᠤᠸᠡᠢ ᠶᠤᠸᠠᠨ ᠵᠡᠭᠦᠨ ᠵᠡᠭᠡᠯᠢ ᠵᠢᠨ 23 ᠳ᠋ᠤᠭ᠋ᠠᠷ ᠲᠣᠭ᠋ᠠᠲᠤ
      ᠤᠲᠠᠰᠤ᠄ 0471-2280384
      ᠬᠢᠨᠠᠯᠲᠠ ᠲᠠᠯᠪᠢᠨ ᠵᠠᠭ᠋ᠠᠯᠳᠤᠯᠭ᠎ᠠ ᠬᠢᠬᠦ ᠠᠷᠭ᠎ᠠ ᠵᠡᠮ᠄
     1. ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠵᠢᠨ ᠲᠢᠩᠬᠢᠮ ᠰᠢᠭᠤᠳ ᠬᠠᠷᠢᠶ᠎ᠠ ᠪᠠᠶ᠋ᠢᠭᠤᠯᠭ᠎ᠠ ᠵᠢᠨ ᠰᠠᠬᠢᠯᠭ᠎ᠠ ᠪᠠᠲᠤ ᠪᠠᠶ᠋ᠢᠴᠠᠭ᠋ᠠᠬᠤ ᠬᠣᠷᠢᠶ᠎ᠠ
      ᠬᠠᠷᠢᠯᠴᠠᠬᠤ ᠤᠲᠠᠰᠤ᠄ 0471-2280420
     2. ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠵᠢᠨ ᠲᠢᠩᠬᠢᠮ᠎ᠤᠨ ᠬᠠᠤᠯᠢ ᠲᠣᠭᠲᠠᠭ᠋ᠠᠯ᠎ᠤᠨ ᠭᠠᠵᠠᠷ
      ᠬᠠᠷᠢᠯᠴᠠᠬᠤ ᠤᠲᠠᠰᠤ᠄ 0471-2280323
      ᠬᠠᠶᠢᠭ᠄ ᠬᠥᠬᠡᠬᠣᠲᠠ ᠵᠢᠨ ᠰᠠᠶ᠋ᠢᠬᠠᠨ ᠲᠣᠭᠣᠷᠢᠭ᠎ᠤᠨ ᠰᠢᠤᠸᠡᠢ ᠶᠤᠸᠠᠨ ᠵᠡᠭᠦᠨ ᠵᠡᠭᠡᠯᠢ ᠵᠢᠨ 23 ᠳ᠋ᠤᠭ᠋ᠠᠷ ᠲᠣᠭ᠋ᠠᠲᠤ
      ᠰᠢᠦᠳᠠᠨ ᠳ᠋ᠤᠭ᠋ᠠᠷ᠄ 010020

      ᠡᠯᠧᠮᠧᠨ᠋ᠲ᠎ᠤᠨ ᠨᠡᠷᠡᠶ᠋ᠢᠳᠦᠯ᠄ ᠠᠭᠤᠯᠭ᠎ᠠ᠎ᠪᠠᠨ ᠢᠯᠡᠳᠬᠡᠬᠦ ᠱᠠᠭ᠋ᠠᠷᠳᠠᠯᠭ᠎ᠠ
      ᠮᠠᠲ᠋ᠧᠷᠢᠶᠠᠯ᠎ᠤᠨ ᠨᠡᠷᠡᠶ᠋ᠢᠳᠦᠯ᠄ 1. ᠰᠦᠯᠵᠢᠶᠡᠨ᠎ᠠᠴᠠ 《ᠵᠡᠷᠯᠢᠭ ᠠᠮᠢᠲᠠᠨ᠎ᠢ ᠬᠠᠮᠠᠭ᠋ᠠᠯᠠᠬᠤ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠵᠦᠢ᠍ᠯᠡᠰ᠎ᠢ ᠭᠤᠶᠤᠴᠢᠯᠠᠬᠤ ᠬᠦᠰᠦᠨᠦᠭᠲᠦ》 ᠵᠢ   ᠪᠠᠭᠤᠯᠭ᠋ᠠᠨ ᠠᠪᠴᠤ᠂ ᠪᠦᠷᠢᠨ ᠪᠦᠲᠦᠨ ᠲᠠᠭᠯᠠᠵᠤ᠂ ᠡᠭᠦᠨ᠎ᠳᠤ ᠭᠤᠶᠤᠴᠢᠯᠠᠭᠴᠢ ᠵᠢᠨ ᠭᠠᠷ᠎ᠤᠨ ᠦᠰᠦᠭ᠂ ᠠᠯᠪᠠᠨ ᠲᠠᠮᠠᠭ᠎ᠠ᠂ ᠡᠳᠦᠷ ᠬᠤᠭᠤᠴᠠᠭ᠎ᠠ ᠵᠢ ᠪᠠᠭᠳᠠᠭ᠋ᠠᠨ᠎ᠠ  ᠃ ᠡᠬᠡ ᠮᠠᠲᠸᠷᠢᠶᠠᠯ᠎ᠢ 2 ᠬᠤᠪᠢ ᠪᠡᠯᠡᠳᠬᠡᠨ᠎ᠡ᠃ 2. ᠭᠤᠶᠤᠴᠢᠯᠠᠭᠴᠢ ᠪᠠ ᠨᠠᠶ᠋ᠢᠳᠠᠭᠰᠠᠨ ᠣᠷᠣᠯᠠᠭᠴᠢ ᠵᠢᠨ ᠪᠡᠶ᠎ᠡ ᠵᠢᠨ ᠭᠠᠷᠤᠯ᠎ᠢ ᠬᠡᠷᠡᠴᠢᠯᠡᠬᠦ ᠬᠦᠴᠦᠨ᠎ᠲᠠᠢ ᠮᠠᠲ᠋ᠧᠷᠢᠶᠠᠯ ᠪᠤᠯᠤᠨ ᠣᠷᠣᠯᠠᠬᠤ   ᠬᠠᠷᠢᠴᠠᠭ᠋ᠠᠨ᠎ᠤ ᠭᠡᠷᠡᠴᠢ ᠵᠢᠴᠢ ᠬᠠᠮᠢᠶ᠎ᠠ ᠪᠥᠬᠥᠶ ᠠᠵᠢᠯᠯᠠᠭ᠋ᠠᠨ᠎ᠤ ᠠᠬᠤᠶ ᠪᠠᠶ᠋ᠢᠳᠠᠯ᠎ᠤᠨ ᠮᠠᠲ᠋ᠧᠷᠢᠶᠠᠯ ᠪᠠ ᠣᠨ᠎ᠤ ᠮᠡᠳᠡᠭᠦᠯᠦᠯᠲᠡ᠃ ᠣᠷᠣᠯᠠᠬᠤ ᠬᠠᠷᠢᠴᠠᠭ᠋ᠠᠨ᠎ᠤ ᠬᠡᠷᠡᠴᠢ᠎ᠨᠢ ᠡᠷᠬᠡᠪᠰᠢ ᠡᠬᠡ   ᠮᠠᠲᠸᠷᠢᠶᠠᠯ᠎ᠨᠢ ᠪᠠᠢ᠌ᠬᠤ ᠶᠤᠰᠤᠳᠠᠢ᠂ ᠪᠤᠰᠤᠳ᠎ᠨᠢ ᠴᠦᠮ 2 ᠬᠤᠪᠢ ᠬᠠᠭᠤᠯᠪᠤᠷᠢ ᠪᠢᠴᠢᠭ  (ᠭᠤᠶᠤᠴᠢᠯᠠᠭᠴᠢ᠎ᠨᠢ ᠢᠷᠭᠡᠨ ᠪᠠᠢ᠌ᠪᠠᠯ᠂ ᠪᠡᠶ᠎ᠡ ᠵᠢᠨ ᠦᠨᠡᠮᠯᠡᠯ ᠪᠤᠶᠤ ᠫᠠᠰᠫᠣᠷᠲ᠎ᠤᠨ ᠬᠠᠭᠤᠯᠪᠤᠷᠢ ᠬᠠᠩᠭ᠋ᠠᠬᠤ ᠬᠡᠷᠡᠭᠲᠡᠶ; ᠭᠤᠶᠤᠴᠢᠯᠠᠭᠴᠢ᠎ᠨᠢ ᠬᠠᠤᠯᠢ ᠵᠢᠨ ᠡᠷᠬᠡᠳᠡᠨ ᠪᠤᠶᠤ ᠪᠤᠰᠤᠳ ᠵᠣᠬᠢᠶᠠᠨ ᠪᠠᠶ᠋ᠢᠭᠤᠯᠤᠯᠲᠠ ᠪᠠᠶ᠋ᠢᠪᠠᠯ᠂ ᠭᠤᠶᠤᠴᠢᠯᠠᠭᠴᠢ᠎ᠨᠢ ᠦᠢ᠍ᠯᠡᠳᠪᠦᠷᠢ ᠬᠤᠳᠠᠯᠳᠤᠭ᠋ᠠᠨ᠎ᠤ ᠡᠵᠡᠩᠨᠡᠯᠲᠡ ᠵᠢᠨ ᠦᠨᠡᠮᠯᠡᠯ ᠪᠤᠶᠤ ᠬᠠᠤᠯᠢ ᠵᠢᠨ ᠡᠷᠬᠡᠳᠡᠨ᠎ᠤ ᠬᠡᠷᠡᠴᠢ ᠪᠢᠴᠢᠭ᠎ᠤᠨ ᠬᠠᠭᠤᠯᠪᠤᠷᠢ ᠵᠢ ᠬᠠᠩᠭ᠋ᠠᠬᠤ ᠬᠡᠷᠡᠭᠲᠡᠶ ᠪᠥᠭᠡᠳ ᠪᠠᠢ᠌ᠭᠤᠯᠭ᠎ᠠ ᠵᠢᠨ ᠲᠠᠮᠠᠭ᠎ᠠ ᠳᠠᠷᠤᠭᠰᠠᠨ ᠪᠠᠶ᠋ᠢᠬᠤ ᠬᠡᠷᠡᠭᠲᠡᠶ᠃ ᠭᠤᠶᠤᠴᠢᠯᠠᠭᠴᠢ᠎ᠨᠢ ᠪᠤᠰᠤᠳ ᠬᠥᠮᠦᠨ᠎ᠳᠤ ᠨᠠᠶ᠋ᠢᠳᠠᠵᠤ ᠣᠷᠣᠯᠠᠭᠤᠯᠤᠭᠰᠠᠨ ᠪᠠᠶ᠋ᠢᠪᠠᠯ᠂ ᠨᠠᠶ᠋ᠢᠳᠠᠯᠭ᠎ᠠ ᠵᠢ ᠬᠤᠳᠠᠯᠳᠤᠬᠤ᠂ ᠬᠤᠳᠠᠯᠳᠤᠨ ᠣᠷᠣᠭᠤᠯᠬᠤ᠂ ᠠᠰᠢᠭᠯᠠᠬᠤ ᠭᠡᠷ᠎ᠡ ᠪᠤᠶᠤ ᠬᠡᠯᠡᠯᠴᠡᠭᠡᠷ᠎ᠲᠤ ᠨᠡᠢ᠌ᠳᠠᠬᠤ ᠬᠡᠪᠴᠢᠶ᠎ᠡ ᠪᠠ ᠬᠠᠷᠢᠭᠤᠴᠠᠯᠭ᠎ᠠ ᠵᠢ ᠲᠣᠳᠣᠷᠬᠠᠶ᠋ᠢᠯᠠᠬᠤ ᠬᠡᠷᠡᠭᠲᠡᠶ; ᠭᠤᠶᠤᠴᠢᠯᠠᠭᠴᠢ᠎ᠠᠴᠠ ᠬᠡᠭᠡᠷ᠎ᠡ ᠵᠢᠨ ᠠᠮᠢᠲᠠᠨ ᠪᠤᠶᠤ ᠲᠡᠭᠦᠨ᠎ᠤ ᠪᠦᠲᠦᠭᠡᠭᠳᠡᠬᠦᠨ᠎ᠢ ᠭᠠᠳᠠᠭ᠋ᠠᠳᠤ᠎ᠠᠴᠠ ᠣᠷᠣᠭᠤᠯᠬᠤ ᠪᠠ ᠭᠠᠳᠠᠭ᠋ᠠᠳᠤ᠎ᠳᠤ ᠭᠠᠷᠭ᠋ᠠᠬᠤ ᠬᠣᠯᠪᠣᠭᠳᠠᠯ ᠪᠦᠬᠦᠢ ᠠᠵᠢᠯᠯᠠᠭ᠎ᠠ ᠵᠢᠨ ᠠᠬᠤᠶ ᠪᠠᠶ᠋ᠢᠳᠠᠯ᠎ᠤᠨ ᠮᠠᠲ᠋ᠧᠷᠢᠶᠠᠯ ᠪᠤᠶᠤ ᠣᠨ᠎ᠤ ᠮᠡᠳᠡᠭᠦᠯᠦᠯᠲᠡ ᠵᠢ ᠳᠡᠪᠰᠢᠭᠦᠯᠦᠨ ᠲᠤᠰᠢᠶᠠᠬᠤ ᠴᠢᠬᠤᠯᠠᠳᠠᠢ ᠮᠦᠷᠳᠡᠭᠡᠨ ᠭᠠᠷ᠎ᠤᠨ ᠦᠰᠦᠭ ᠵᠢᠷᠤᠵᠤ ᠲᠠᠮᠠᠭ᠎ᠠ ᠳᠠᠷᠤᠬᠤ ᠬᠡᠷᠡᠭᠲᠡᠶ)᠃ 3. ᠬᠡᠷᠡᠭᠵᠢᠭᠦᠯᠬᠦ ᠲᠥᠰᠦᠯ 2 ᠬᠤᠪᠢ (  ᠵᠣᠷᠢᠯᠭ᠎ᠠ᠂ ᠠᠭᠤᠯᠭ᠎ᠠ᠂ ᠬᠠᠨᠳᠤᠯᠭ᠎ᠠ ᠵᠢᠨ ᠡᠳᠡᠭᠡᠳ (ᠳ᠋ᠦᠢ᠍ᠰᠢᠶᠠᠩ)᠂ ᠲᠦᠷᠦᠯ ᠵᠦᠢ᠍ᠯ᠂ ᠲᠣᠭ᠎ᠠ ᠬᠡᠮᠵᠢᠶ᠎ᠡ᠂ ᠴᠠᠭ ᠬᠤᠭᠤᠴᠠᠭ᠎ᠠ᠂ ᠭᠠᠵᠠᠷ ᠣᠷᠣᠨ᠂ ᠪᠠᠭ᠋ᠠᠵᠢ ᠬᠡᠷᠡᠭᠰᠡᠯ᠂ ᠠᠷᠭ᠎ᠠ ᠬᠡᠮᠵᠢᠶ᠎ᠠ᠂ ᠵᠣᠬᠢᠶᠠᠨ ᠪᠠᠶ᠋ᠢᠭᠤᠯᠬᠤ ᠠᠷᠭ᠎ᠠ ᠮᠠᠶᠢᠭ᠂ ᠡᠷᠬᠡ ᠠᠰᠢᠭ᠎ᠤᠨ ᠬᠤᠪᠢᠶᠠᠷᠢᠯᠠᠯᠲᠠ ᠪᠠ ᠠᠵᠢᠯᠯᠠᠭ᠋ᠠᠨ᠎ᠤ ᠠᠷᠭ᠎ᠠ ᠮᠠᠶᠢᠭ ᠵᠡᠷᠭᠡ ᠠᠭᠤᠯᠭ᠎ᠠ ᠵᠢ ᠪᠠᠭᠳᠠᠭ᠋ᠠᠨ᠎ᠠ)᠃ 4. ᠭᠤᠶᠤᠴᠢᠯᠠᠭᠴᠢ ᠵᠢᠨ ᠬᠣᠯᠪᠣᠭᠳᠠᠯ ᠪᠦᠬᠦᠢ ᠠᠵᠢᠯᠯᠠᠭ᠋ᠠᠨ᠎ᠤ ᠵᠣᠷᠢᠯᠭ᠎ᠠ ᠵᠢ ᠬᠡᠷᠡᠴᠢᠯᠡᠬᠦ ᠪᠦᠲᠦᠮᠵᠢᠲᠡᠶ ᠪᠢᠴᠢᠭ ᠮᠠᠲ᠋ᠧᠷᠢᠶᠠᠯ᠎ᠤᠨ ᠬᠠᠭᠤᠯᠪᠤᠷᠢ ᠵᠢ 2 ᠬᠤᠪᠢ (  ᠲᠡᠬᠦᠨ ᠴᠤᠭᠯᠠᠭᠤᠯᠤᠭᠴᠢᠳ᠎ᠨᠢ ᠬᠤᠪᠢ ᠬᠥᠮᠦᠨ ᠪᠠᠢ᠌ᠪᠠᠯ ᠠᠩᠴᠢᠨ᠎ᠤ ᠭᠡᠷᠡᠴᠢ ᠪᠠᠷᠢᠮᠳᠠ ᠵᠢ ᠬᠠᠩᠭ᠋ᠠᠵᠦ᠂ ᠪᠤᠰᠤᠳ᠎ᠨᠢ ᠭᠠᠳᠠᠭ᠋ᠠᠳᠤ ᠵᠢᠨ ᠬᠠᠤᠯᠢ ᠵᠢᠨ   ᠡᠷᠬᠡᠳᠡᠨ ᠪᠠ ᠪᠤᠰᠤᠳ ᠵᠣᠬᠢᠶᠠᠨ ᠪᠠᠶ᠋ᠢᠭᠤᠯᠤᠯᠲᠠ ᠵᠢᠨ ᠪᠢᠴᠢᠭ᠎ᠤᠨ ᠭᠡᠷᠡᠴᠢ ᠬᠠᠩᠭ᠋ᠠᠨ᠎ᠠ; ᠺᠢᠨᠣ᠋ ᠰᠡᠬᠦᠳᠡᠷᠯᠡᠵᠦ ᠳᠦᠷᠰᠦ ᠰᠢᠩᠭᠡᠭᠰᠡᠳ᠎ᠠᠴᠠ ᠺᠢᠨᠤ᠋ ᠦᠢ᠍ᠯᠡᠳᠬᠦ ᠪᠠᠶ᠋ᠢᠭᠤᠯᠤᠮᠵᠢ ᠵᠢᠨ ᠭᠠᠷᠭ᠋ᠠᠭᠰᠠᠨ ᠺᠢᠨᠣ᠋ ᠰᠡᠬᠦᠳᠡᠷᠯᠡᠵᠦ ᠳᠦᠷᠰᠦ ᠰᠢᠩᠭᠡᠭᠡᠯᠲᠡ ᠬᠢᠬᠦ ᠭᠡᠷᠡᠴᠢ ᠵᠡᠷᠭᠡ ᠵᠢ ᠬᠠᠩᠭ᠋ᠠᠨ᠎ᠠ; ᠬᠡᠭᠡᠷ᠎ᠡ ᠵᠢᠨ ᠪᠠᠶ᠋ᠢᠴᠠᠭ᠋ᠠᠯᠲᠠ ᠬᠢᠭᠰᠡᠳ᠎ᠠᠴᠠ ᠬᠣᠯᠪᠣᠭᠳᠠᠯ ᠪᠦᠬᠦᠢ ᠤᠯᠤᠰ᠎ᠤᠨ ᠳᠣᠲᠣᠭ᠋ᠠᠳᠤ ᠵᠢᠨ ᠰᠢᠨᠵᠢᠯᠡᠬᠦ ᠤᠬᠠᠭ᠋ᠠᠨ᠎ᠤ ᠪᠠᠶ᠋ᠢᠭᠤᠯᠤᠮᠵᠢ ᠵᠢᠨ ᠰᠢᠨᠵᠢᠯᠡᠬᠡᠨ᠎ᠤ ᠭᠡᠷᠡᠴᠢ ᠬᠠᠩᠭ᠋ᠠᠬᠤ ᠬᠡᠷᠡᠭᠲᠡᠶ)᠃ 5. ᠠᠶ᠋ᠢᠮᠠᠭ ᠬᠤᠳᠠ ᠵᠢᠨ ᠤᠢ ᠰᠢᠭᠤᠶ ᠵᠢᠨ ᠵᠠᠰᠠᠭ ᠵᠠᠬᠢᠷᠭ᠋ᠠᠨ᠎ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ᠎ᠤᠨ ᠬᠢᠨᠠᠨ ᠬᠠᠷᠭᠤᠭᠤᠯᠤᠭᠰᠠᠨ ᠰᠠᠨᠠᠯ᠎ᠤᠨ ᠡᠭᠡ ᠮᠠᠲᠸᠷᠢᠶᠠᠯ᠎ᠢ 2 ᠬᠤᠪᠢ᠃ ᠳᠠᠷᠤᠮᠯᠠᠨ ᠭᠠᠷᠭ᠋ᠠᠭᠰᠠᠨ ᠮᠠᠲᠸᠷᠢᠶᠠᠯ᠎ᠢ ᠬᠠᠩᠭ᠋ᠠᠬᠤ ᠬᠡᠷᠡᠭᠳᠡᠢ᠂ ᠰᠦᠯᠵᠢᠶᠡᠨ ᠳᠡᠭᠡᠷ᠎ᠡ ᠪᠠ ᠡᠯᠧᠺᠲᠷᠣᠨ ᠬᠡᠪᠯᠡᠯ᠎ᠢᠶᠠᠷ ᠲᠤᠰᠢᠶᠠᠵᠦ ᠪᠤᠯᠬᠤ ᠦᠭᠡᠢ᠃
      ᠵᠠᠭᠤᠴᠢ ᠦᠢ᠍ᠯᠡᠴᠢᠯᠡᠬᠡᠨ᠎ᠤ ᠵᠦᠢ᠍ᠯᠡᠰ ᠪᠠᠢ᠌ᠬᠤ ᠡᠰᠡᠬᠦ᠄   ᠪᠠᠢ᠌ᠬᠤ ᠦᠭᠡᠢ
      ᠵᠠᠭᠤᠴᠢ ᠦᠢ᠍ᠯᠡᠴᠢᠯᠡᠬᠡᠨ᠎ᠤ ᠵᠦᠢ᠍ᠯᠡᠰ᠎ᠤᠨ ᠨᠡᠷᠡᠢ᠌ᠳᠤᠯ᠄
      ᠵᠠᠭᠤᠴᠢ ᠦᠢ᠍ᠯᠡᠴᠢᠯᠡᠭᠡᠨ᠎ᠤ ᠵᠦᠢ᠍ᠯᠡᠰ᠎ᠢ ᠪᠠᠶ᠋ᠢᠷᠢᠯᠠᠭᠤᠯᠤᠨ ᠲᠤᠭᠳᠠᠭ᠋ᠠᠬᠤ ᠦᠨᠳᠦᠰᠦᠯᠡᠯ᠄
      ᠰᠦᠢ᠍ᠳᠬᠡᠯ ᠬᠤᠷᠢᠶᠠᠬᠤ ᠦᠨᠳᠦᠰᠦᠯᠡᠯ᠂ ᠪᠠᠷᠢᠮᠵᠢᠶ᠎ᠠ  ᠄ ᠦᠭᠡᠢ
      ᠵᠠᠭᠤᠴᠢ ᠦᠢ᠍ᠯᠡᠴᠢᠯᠡᠬᠡ ᠵᠢ ᠬᠡᠷᠡᠭᠵᠢᠭᠦᠯᠬᠦ ᠪᠠᠶ᠋ᠢᠭᠤᠯᠤᠮᠵᠢ᠄
      ᠭᠡᠷᠡᠴᠢᠯᠡᠬᠦ ᠵᠦᠢ᠍ᠯᠡᠰ ᠪᠠᠶ᠋ᠢᠬᠤ ᠡᠰᠡᠬᠦ᠄   ᠬᠡᠷᠡᠴᠢᠯᠡᠬᠦ ᠵᠦᠢ᠍ᠯᠡᠰ ᠪᠠᠢ᠌ᠨ᠎ᠠ
      ᠭᠡᠷᠡᠴᠢᠯᠡᠬᠦ ᠵᠦᠢᠯᠡᠰ᠎ᠤᠨ ᠨᠡᠷᠡᠶ᠋ᠢᠳᠦᠯ᠄ ᠡᠷᠬᠢᠯᠡᠵᠦ ᠪᠠᠶ᠋ᠢᠭ᠎ᠠ ᠬᠣᠯᠪᠣᠭᠳᠠᠯ ᠪᠦᠬᠦᠢ ᠠᠵᠢᠯᠯᠠᠭ᠋ᠠᠨ᠎ᠤ ᠵᠣᠷᠢᠯᠭ᠎ᠠ ᠵᠢᠨ ᠪᠦᠲᠦᠮᠵᠢᠲᠡᠶ ᠪᠢᠴᠢᠭ ᠮᠠᠲ᠋ᠧᠷᠢᠶᠠᠯ
      ᠭᠡᠷᠡᠴᠢᠯᠡᠬᠦ ᠵᠦᠢ᠍ᠯᠡᠰ᠎ᠢ ᠲᠤᠭᠳᠠᠭ᠋ᠠᠬᠤ ᠪᠠᠷᠢᠮᠵᠢᠶ᠎ᠠ᠄ ᠤᠯᠤᠰ᠎ᠤᠨ ᠣᠶ ᠰᠢᠭᠤᠶ ᠵᠢᠨ ᠲᠣᠪᠴᠢᠶ᠎ᠠ ᠵᠢᠨ ᠠᠯᠪᠠᠨ ᠵᠠᠷ (2016 ᠣᠨ᠎ᠤ 15 ᠳ᠋ᠤᠭ᠋ᠠᠷ ᠲᠣᠭ᠋ᠠᠲᠤ)
      ᠭᠡᠷᠡᠴᠢᠯᠡᠬᠦ ᠪᠠᠶ᠋ᠢᠭᠤᠯᠤᠮᠵᠢ᠄ ᠬᠣᠯᠪᠣᠭᠳᠠᠯ ᠪᠦᠬᠦᠢ ᠰᠠᠯᠠᠭ᠎ᠠ ᠮᠥᠴᠢᠷ
      ᠬᠦᠰᠦᠨᠦᠭ᠎ᠤᠨ ᠨᠡᠷᠡᠶ᠋ᠢᠳᠦᠯ ᠪᠠ ᠭᠤᠶᠤᠴᠢᠯᠠᠯ᠎ᠤᠨ ᠮᠠᠲ᠋ᠧᠷᠢᠶᠠᠯ᠎ᠤᠨ ᠵᠢᠱ᠌ᠢᠶ᠎ᠡ ᠦᠵᠡᠭᠦᠯᠬᠦ ᠪᠢᠴᠢᠭ᠄ 《ᠬᠡᠭᠡᠷ᠎ᠡ ᠵᠢᠨ ᠠᠮᠢᠳᠠᠨ᠎ᠢ ᠬᠠᠮᠠᠭ᠋ᠠᠯᠠᠯᠳᠠ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠵᠦᠢ᠍ᠯᠡᠰ᠎ᠢ ᠭᠤᠶᠤᠴᠢᠯᠠᠬᠤ ᠬᠦᠰᠦᠨᠦᠭᠲᠦ》
      ᠦᠷᠭᠦᠯᠵᠢ ᠲᠣᠬᠢᠶᠠᠯᠳᠤᠳᠠᠭ ᠵᠢᠱ᠌ᠢᠶ᠎ᠡ ᠪᠠ ᠪᠠᠶ᠋ᠢᠩᠭᠤ ᠲᠣᠬᠢᠶᠠᠯᠳᠤᠬᠤ ᠠᠰᠠᠭᠤᠳᠠᠯ᠎ᠤᠨ ᠬᠠᠷᠢᠭᠤᠯᠲᠠ

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠢ ᠰᠢᠭᠤᠶ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠠᠯᠠᠨ ᠬᠠᠷ᠎ᠠ ᠠᠭᠤᠯᠠ ᠵᠢᠨ ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠳᠠᠷᠬᠠᠨ ᠣᠷᠣᠨ᠎ᠤ ᠨᠠᠮᠬᠠᠳᠬᠠᠯ ᠲᠣᠭᠣᠷᠢᠭ᠎ᠲᠤ ᠣᠷᠣᠵᠣ ᠡᠪᠳᠡᠯᠡᠭᠡ ᠵᠢᠨ ᠪᠤᠰᠣ ᠴᠢᠨᠠᠷᠲᠠᠶ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠂ ᠵᠢᠭ᠋ᠠᠨ ᠰᠤᠷᠭ᠋ᠠᠬᠤ ᠳᠠᠳᠤᠯᠭ᠎ᠠ ᠪᠠ ᠦᠯᠢᠭᠡᠷ ᠴᠤᠭᠯᠠᠭᠤᠯᠬᠤ ᠠᠵᠢᠯᠯᠠᠭ᠎ᠠ ᠬᠢᠬᠦ ᠬᠢᠨᠠᠨ ᠵᠥᠪᠰᠢᠶᠡᠷᠡᠯ
ᠡᠯᠡᠰᠦᠨ ᠳᠠᠩ᠎ᠢ ᠵᠠᠰᠠᠬᠤ ᠠᠷᠭ᠎ᠠ
ᠣᠶ ᠰᠢᠭᠤᠶ ᠵᠢᠨ ᠭᠠᠯ᠎ᠤᠨ ᠠᠶᠤᠯ᠎ᠤᠨ ᠲᠦᠭᠰᠢᠭᠦᠷᠢᠲᠡᠶ ᠴᠠᠭ ᠠᠭᠤᠷ ᠭᠡᠵᠦ ᠶᠠᠭᠤ ᠪᠣᠶ? ᠬᠡᠷᠬᠢᠨ ᠲᠥᠷᠥᠯ ᠬᠤᠪᠢᠶᠠᠬᠤ ᠪᠣᠶ?
ᠮᠣᠳᠣ ᠲᠠᠷᠢᠵᠤ ᠣᠶ᠋ᠢᠵᠢᠭᠤᠯᠬᠤ ᠶᠡᠷᠦ ᠵᠢᠨ ᠮᠡᠳᠡᠯᠭᠡ
ᠤᠢ ᠰᠢᠭᠤᠢ ᠵᠢᠨ ᠶᠡᠷᠦ ᠵᠢᠨ ᠮᠡᠳᠡᠯᠭᠡ
 
             蒙ICP备05000248号