ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠦᠢᠯᠡᠴᠢᠯᠡᠬᠦ᠌ ᠵᠦᠭᠯᠡᠬᠦᠷ
ᠮᠣᠳᠣ ᠲᠠᠷᠢᠵᠤ ᠣᠶ᠋ᠢᠵᠢᠭᠤᠯᠬᠤ ᠶᠡᠷᠦ ᠵᠢᠨ ᠮᠡᠳᠡᠯᠭᠡ
ᠨᠡᠶ᠋ᠢᠲᠡᠯᠡᠭᠰᠡᠨ ᠴᠠᠭ᠄ 2020-05-19

      ᠮᠣᠳᠣ ᠲᠠᠷᠢᠵᠤ ᠣᠶ᠋ᠢᠵᠢᠭᠤᠯᠬᠤ ᠶᠡᠷᠦ ᠵᠢᠨ ᠮᠡᠳᠡᠯᠭᠡ


     1. ᠶᠠᠭᠤ ᠵᠢ ᠬᠦᠷᠦᠰᠦᠨ᠎ᠳᠤ ᠲᠦᠰᠢᠭᠯᠡᠬᠦ ᠦᠭᠡᠢ᠎ᠪᠠᠷ ᠲᠠᠷᠢᠵᠤ ᠣᠶ᠋ᠢᠵᠢᠭᠤᠯᠬᠤ ᠭᠡᠬᠦ ᠪᠤᠢ?
      ᠬᠦᠷᠦᠰᠦᠨ᠎ᠳᠤ ᠲᠦᠰᠢᠭᠯᠡᠬᠦ ᠦᠭᠡᠢ᠎ᠪᠠᠷ ᠲᠠᠷᠢᠵᠤ ᠣᠶ᠋ᠢᠵᠢᠭᠤᠯᠬᠤ ᠪᠣᠯ ᠤᠷᠭᠤᠮᠠᠯ᠎ᠤᠨ ᠨᠢᠭᠡ ᠵᠦᠢ᠍ᠯ᠎ᠤᠨ ᠣᠨᠴᠠᠭ᠋ᠠᠶ ᠤᠷᠭᠤᠭᠤᠯᠬᠤ ᠠᠷᠭ᠎ᠠ ᠪᠠ ᠰᠤᠳᠤᠯᠬᠤ ᠠᠷᠭ᠎ᠠ ᠪᠣᠯᠤᠨ᠎ᠠ᠃ ᠲᠠᠷᠢᠵᠦ ᠣᠶ᠋ᠢᠵᠢᠭᠤᠯᠬᠤ᠎ᠨᠢ ᠬᠦᠷᠦᠰᠦᠨ᠎ᠳᠤ ᠲᠦᠰᠢᠭᠯᠡᠬᠦ ᠦᠭᠡᠢ᠎ᠪᠠᠷ ᠤᠷᠭᠤᠮᠠᠯ᠎ᠢ ᠠᠰᠬᠠᠨ ᠪᠣᠰᠣᠭ᠎ᠠ ᠤᠷᠭᠤᠭᠤᠯᠳᠠᠭ᠂ ᠬᠠᠷᠢᠨ ᠬᠠᠶ᠋ᠢᠷ᠂ ᠨᠡᠶ᠋ᠢᠯᠡᠯᠭᠡ ᠰᠦᠯᠢᠶᠣᠣ ᠮᠥᠬᠥᠯᠢᠭ᠂ ᠵᠠᠷᠢᠮ ᠤᠯᠠᠨ ᠨᠦᠬᠡ᠎ᠲᠠᠢ ᠴᠢᠯᠠᠭᠤᠯᠢᠭ ᠵᠶ᠋ᠠᠷ ᠵᠠᠭᠤᠴᠢ ᠪᠣᠯᠭ᠋ᠠᠳᠠᠭ; ᠶᠡᠷᠦ᠎ᠳᠡᠭᠡᠨ ᠬᠢᠮᠢ ᠵᠢᠨ ᠪᠣᠷᠳᠤᠭᠤᠷ ᠪᠤᠶᠤ ᠬᠢᠮᠢ ᠵᠢᠨ ᠪᠤᠳᠠᠰ᠎ᠢ ᠤᠰᠤ᠎ᠲᠠᠢ ᠬᠤᠯᠢᠵᠤ ᠰᠢᠮ᠎ᠡ ᠲᠡᠵᠢᠭᠡᠯᠲᠦ ᠰᠢᠩᠭᠡᠨ ᠪᠤᠯᠭ᠋ᠠᠨ ᠨᠠᠢ᠌ᠷᠠᠭᠤᠯᠵᠤ᠂ ᠤᠷᠭᠤᠮᠠᠯ᠎ᠤᠨ ᠬᠡᠷᠡᠭᠰᠡᠬᠦ ᠣᠷᠭ᠋ᠠᠨᠢᠭ ᠪᠤᠰᠤ ᠳᠠᠪᠤᠰᠤ ᠵᠢ ᠬᠠᠩᠭ᠋ᠠᠳᠠᠭ᠃ ᠬᠦᠷᠦᠰᠦᠨ᠎ᠳᠤ ᠲᠦᠰᠢᠭᠯᠡᠬᠦ ᠦᠭᠡᠢ᠎ᠪᠠᠷ ᠳᠠᠷᠢᠵᠤ ᠤᠷᠭᠤᠭᠤᠯᠬᠤ ᠵᠢ ᠪᠠᠰᠠ ᠤᠰᠤᠨ᠎ᠳᠤ ᠳᠠᠷᠢᠵᠤ ᠤᠷᠭᠤᠭᠤᠯᠬᠤ ᠪᠠ ᠡᠯᠡᠰᠦᠨ᠎ᠳᠤ ᠳᠠᠷᠢᠵᠤ ᠤᠷᠭᠤᠭᠤᠯᠬᠤ ᠭᠡᠵᠦ ᠬᠣᠶᠠᠷ ᠵᠦᠢ᠍ᠯ᠎ᠳᠤ ᠬᠤᠪᠢᠶᠠᠳᠠᠭ᠃
     2. ᠮᠠᠨ᠎ᠤ ᠤᠯᠤᠰ᠎ᠤᠨ ᠣᠶ᠋ᠢᠵᠢᠭᠤᠯᠬᠤ ᠮᠡᠷᠭᠡᠵᠢᠯ᠎ᠤᠨ ᠳᠦᠷᠢᠮ᠎ᠳᠤ᠂ ᠣᠶ᠋ᠢᠵᠢᠭᠤᠯᠤᠯᠲᠠ ᠵᠢᠨ ᠡᠳᠡᠭᠡᠷᠡᠯᠲᠡ ᠵᠢᠨ ᠨᠤᠷᠮ᠎ᠠ᠎ᠨᠢ ᠬᠡᠳᠦᠶ ᠪᠠᠶ᠋ᠢᠪᠠᠯ ᠬᠢᠷᠢ ᠲᠡᠩᠴᠡᠭᠰᠡᠨ᠎ᠳᠤ   ᠲᠤᠭ᠋ᠠᠴᠠᠭᠳᠠᠬᠤ ᠪᠤᠢ?      

      ᠡᠩ᠎ᠤᠨ ᠣᠶ᠋ᠢᠵᠢᠭᠤᠯᠤᠯᠲᠠ᠎ᠳᠤ᠂ ᠣᠶ᠋ᠢᠵᠢᠭᠤᠯᠤᠯᠲᠠ ᠵᠢᠨ ᠡᠳᠡᠭᠡᠷᠡᠯᠲᠡ ᠵᠢᠨ ᠨᠣᠷᠮ᠎ᠠ ᠵᠢ 85%᠎ᠠᠴᠠ ᠳᠡᠭᠡᠭᠰᠢ᠎ᠳᠤ ᠬᠦᠷᠭᠡᠨ᠎ᠡ; ᠲᠦᠷᠭᠡᠨ ᠤᠷᠭᠤᠬᠤ ᠡᠯᠪᠡᠭ ᠭᠠᠷᠤᠯᠲᠠ᠎ᠲᠠᠢ ᠤᠢ ᠮᠤᠳᠤᠨ᠎ᠤ ᠣᠶ᠋ᠢᠵᠢᠭᠤᠯᠵᠤ ᠡᠳᠡᠭᠡᠷᠡᠭᠦᠯᠬᠦ ᠨᠤᠷᠮ᠎ᠠ ᠵᠢ 90%᠎ᠠᠴᠠ ᠳᠡᠭᠡᠭᠰᠢ᠎ᠳᠤ   ᠬᠦᠷᠭᠡᠨ᠎ᠡ᠃
     3. 《ᠲᠦᠷᠪᠡᠨ ᠬᠠᠵᠠᠭᠤ》᠎ᠪᠠᠷ ᠤᠢ᠌ᠵᠢᠭᠤᠯᠬᠤ ᠭᠡᠭᠴᠢ ᠵᠢᠨ ᠲᠦᠷᠪᠡᠨ ᠬᠠᠵᠠᠭᠤ ᠭᠡᠭᠴᠢ᠎ᠨᠢ ᠶᠠᠮᠠᠷ ᠤᠷᠤᠨ ᠪᠦᠰᠡ ᠵᠢ ᠵᠢᠭ᠋ᠠᠵᠤ ᠪᠠᠢ᠌ᠬᠤ ᠪᠤᠢ?
     《ᠲᠦᠷᠪᠡᠨ ᠬᠠᠵᠠᠭᠤ》 ᠭᠡᠭᠴᠢ᠎ᠨᠢ ᠲᠤᠰᠬᠤᠨ᠎ᠤ ᠬᠠᠵᠠᠭᠤ᠂ ᠵᠠᠮ᠎ᠤᠨ ᠬᠠᠵᠠᠭᠤ᠂ ᠭᠤᠤᠯ ᠮᠦᠷᠡᠨ᠎ᠤ ᠬᠠᠵᠠᠭᠤ᠂ ᠭᠡᠷ᠎ᠤᠨ ᠬᠠᠵᠠᠭᠤ ᠵᠢ ᠵᠢᠭ᠋ᠠᠨ᠎ᠠ᠃
     4. ᠣᠶ᠋ᠢᠵᠢᠭᠤᠯᠤᠭᠰᠠᠨ᠎ᠤ ᠲᠠᠷᠠᠭ᠎ᠠ ᠶᠠᠭᠤᠨ᠎ᠳᠤ ᠳᠠᠷᠤᠢ᠌ᠬᠠᠨ ᠡᠪᠡᠰᠦ ᠠᠷᠢᠯᠭ᠋ᠠᠬᠤ᠂ ᠬᠥᠷᠥᠰᠥ ᠰᠤᠯᠠᠷᠠᠭᠤᠯᠬᠤ ᠵᠡᠷᠭᠡ ᠠᠷᠠᠴᠢᠯᠠᠭ᠎ᠠ ᠬᠠᠮᠢᠶᠠᠷᠤᠯᠳᠠ ᠬᠢᠬᠦ ᠬᠡᠷᠡᠭᠲᠡᠶ ᠪᠤᠢ?  

      ᠮᠤᠳᠤᠨ᠎ᠤ ᠤᠷᠭᠤᠯᠳᠠ ᠵᠢ ᠰᠠᠢ᠌ᠵᠢᠷᠠᠭᠤᠯᠤᠶ᠎ᠠ ᠭᠡᠪᠡᠯ ᠲᠡᠭᠦᠨ᠎ᠤ ᠤᠰᠤ᠂ ᠪᠤᠷᠳᠤᠭᠤᠷ᠂ ᠭᠡᠷᠡᠯ᠂ ᠳᠤᠯᠠᠭ᠋ᠠᠨ᠂ ᠠᠭ᠋ᠠᠷ ᠵᠡᠷᠭᠡ ᠭᠣᠣᠯ ᠪᠣᠯᠬᠤ ᠤᠷᠭᠤᠯᠳᠠ ᠵᠢᠨ ᠨᠥᠬᠥᠴᠡᠯ᠎ᠤᠨ ᠬᠡᠷᠡᠭᠴᠡᠭᠡ ᠵᠢ ᠬᠠᠩᠭ᠋ᠠᠬᠤ ᠬᠡᠷᠡᠭᠲᠡᠢ᠃ ᠡᠶ᠋ᠢᠮᠦ᠎ᠠᠴᠠ ᠡᠷᠬᠡᠪᠰᠢ ᠨᠢᠯᠬ᠎ᠠ ᠮᠣᠳᠣᠨ᠎ᠤ ᠤᠷᠭᠤᠯᠲᠠ ᠵᠢᠨ ᠬᠡᠷᠡᠭᠴᠡᠭᠡ ᠵᠢ ᠦᠨᠳᠦᠰᠦᠯᠡᠨ ᠡᠪᠡᠰᠦ ᠠᠷᠢᠯᠭ᠋ᠠᠬᠤ᠂ ᠬᠥᠷᠥᠰᠥ ᠰᠤᠯᠠᠷᠠᠭᠤᠯᠬᠤ᠂ ᠪᠤᠷᠳᠤᠭᠤᠷ ᠣᠷᠣᠭᠤᠯᠬᠤ᠂ ᠤᠰᠤᠯᠠᠬᠤ ᠵᠡᠷᠭᠡ ᠴᠢᠬᠤᠯᠠ ᠪᠦᠬᠦᠢ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠠᠪᠬᠤ ᠬᠡᠷᠡᠭᠲᠡᠶ᠃
     5. ᠲᠠᠷᠢᠶᠠᠨ ᠭᠠᠵᠠᠷ᠎ᠤᠨ ᠬᠠᠯᠬᠠᠪᠴᠢ ᠤᠢ ᠵᠢᠨ ᠪᠦᠰᠡ ᠵᠢ ᠶᠠᠮᠠᠷ ᠭᠤᠷᠪᠠᠨ ᠲᠥᠷᠥᠯ᠎ᠳᠤ ᠬᠤᠪᠢᠶᠠᠳᠠᠭ ᠪᠤᠢ

      ᠲᠠᠷᠢᠶᠠᠨ ᠭᠠᠵᠠᠷ᠎ᠤᠨ ᠬᠠᠯᠬᠠᠪᠴᠢ ᠣᠶ ᠵᠢᠨ ᠪᠦᠰᠡ ᠵᠢ ᠪᠦᠲᠦᠴᠡ᠎ᠪᠠᠷ᠎ᠨᠢ ᠨᠢᠭᠲᠠ ᠪᠦᠲᠦᠴᠡᠲᠦ ᠣᠶ ᠵᠢᠨ ᠪᠦᠰᠡ᠂ ᠰᠡᠢ᠌ᠷᠡᠭ ᠪᠦᠲᠦᠴᠡᠲᠦ ᠣᠶ ᠵᠢᠨ ᠪᠦᠰᠡ᠂ ᠰᠠᠯᠬᠢ ᠨᠡᠪᠲᠡᠷᠡᠬᠦ ᠪᠦᠲᠦᠴᠡᠲᠦ ᠣᠶ ᠵᠢᠨ ᠪᠦᠰᠡ ᠭᠡᠵᠦ ᠭᠤᠷᠪᠠᠨ ᠲᠥᠷᠥᠯ ᠬᠤᠪᠢᠶᠠᠨ᠎ᠠ᠃
     6. ᠮᠠᠨ᠎ᠤ ᠤᠯᠤᠰ᠎ᠲᠤ ᠶᠠᠮᠠᠷ ᠶᠠᠮᠠᠷ ᠬᠠᠯᠬᠠᠪᠴᠢ ᠣᠶ ᠵᠢᠨ ᠢᠨᠵᠧᠨᠧᠷᠢᠩ ᠪᠠᠶ᠋ᠢᠬᠤ ᠪᠣᠶ?
     《ᠭᠤᠷᠪᠠᠨ ᠤᠮᠠᠷᠠᠲᠤ》 ᠵᠢᠨ ᠬᠠᠯᠬᠠᠪᠴᠢ ᠤᠢ ᠵᠢᠨ ᠰᠢᠰᠲᠸᠮ᠎ᠤᠨ ᠪᠠᠶ᠋ᠢᠭᠤᠯᠤᠯᠲᠠ ᠵᠢᠨ ᠢᠨᠵᠧᠨᠧᠷᠢᠩ᠂ ᠪᠡᠭᠡᠵᠢᠩ ᠲᠢᠶᠠᠨᠵᠢᠨ᠎ᠤ ᠡᠷᠭᠢᠨ ᠲᠣᠭᠣᠷᠢᠨ᠎ᠤ ᠨᠣᠭᠣᠭ᠋ᠠᠷᠠᠭᠤᠯᠤᠯᠲᠠ ᠵᠢᠨ ᠢᠨᠵᠧᠨᠧᠷᠢᠩ᠂ ᠬᠥᠬᠡᠮᠥ᠋ᠷᠡᠨ᠎ᠤ ᠰᠠᠪᠠ ᠭᠠᠵᠠᠷ᠎ᠤᠨ ᠬᠠᠯᠬᠠᠪᠴᠢ ᠤᠢ ᠵᠢᠨ ᠰᠢᠰᠲᠸᠮ᠎ᠤᠨ ᠪᠠᠶ᠋ᠢᠭᠤᠯᠤᠯᠲᠠ ᠵᠢᠨ ᠢᠨᠵᠧᠨᠧᠷᠢᠩ᠂ ᠵᠦᠵᠢᠶᠠᠩ ᠮᠥᠷᠡᠨ᠎ᠤ ᠰᠠᠪᠠ ᠭᠠᠵᠠᠷ᠎ᠤᠨ ᠬᠠᠯᠬᠠᠪᠴᠢ ᠤᠢ ᠵᠢᠨ ᠰᠢᠰᠲᠸᠮ᠎ᠤᠨ ᠪᠠᠶ᠋ᠢᠭᠤᠯᠤᠯᠲᠠ ᠵᠢᠨ ᠢᠨᠵᠧᠨᠧᠷᠢᠩ᠂ ᠳᠠᠯᠠᠢ ᠳᠠᠭ᠋ᠠᠤ ᠵᠢᠨ ᠬᠠᠯᠬᠠᠪᠴᠢ ᠤᠢ ᠵᠢᠨ ᠰᠢᠰᠲᠸᠮ᠎ᠤᠨ ᠪᠠᠶ᠋ᠢᠭᠤᠯᠤᠯᠲᠠ ᠵᠢᠨ ᠢᠨᠵᠧᠨᠧᠷᠢᠩ᠂ ᠲᠠᠯ᠎ᠠ ᠭᠠᠵᠠᠷ᠎ᠤᠨ ᠨᠣᠭᠣᠭ᠋ᠠᠷᠠᠭᠤᠯᠤᠯᠲᠠ ᠵᠢᠨ ᠢᠨᠵᠧᠨᠧᠷᠢᠩ᠂᠎ᠲᠠᠢ ᠬᠠᠩ ᠱᠠᠨ ᠠᠭᠤᠯᠠ ᠵᠢᠨ ᠨᠣᠭᠣᠭ᠋ᠠᠷᠠᠭᠤᠯᠤᠯᠲᠠ ᠵᠢᠨ ᠢᠨᠵᠧᠨᠧᠷᠢᠩ᠃


ᠢᠷᠡᠯᠲᠡ᠄ ᠳᠤᠮᠳᠠᠳᠤ ᠤᠯᠤᠰ᠎ᠤᠨ ᠣᠶ ᠰᠢᠭᠤᠶ ᠪᠠ ᠨᠤᠳᠤᠭ ᠪᠡᠯᠴᠢᠭᠡᠷ ᠦ᠋᠊ᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠤᠢ ᠰᠢᠭᠤᠢ ᠵᠢᠨ ᠶᠡᠷᠦ ᠵᠢᠨ ᠮᠡᠳᠡᠯᠭᠡ
ᠮᠠᠯ᠎ᠤᠨ ᠬᠠᠰᠢᠶ᠎ᠠ ᠰᠠᠷᠠᠪᠴᠢ ᠪᠠᠷᠢᠬᠤ ᠮᠠᠲ᠋ᠧᠷᠢᠶᠠᠯ᠎ᠢ ᠬᠡᠷᠬᠢᠨ ᠰᠤᠨᠭ᠌ᠭᠤᠬᠤ ᠪᠤᠢ
ᠬᠠᠢ᠍ᠢ᠍ᠯᠠᠰᠤᠨ ᠮᠤᠳᠤᠨ᠎ᠤ ᠭᠡᠷᠡᠭᠴᠡᠭᠡ
ᠵᠢᠮᠢᠰ ᠨᠤᠭᠤᠭ᠎ᠠ᠎ᠳᠠᠬᠢ ᠲᠠᠷᠢᠶᠠᠨ ᠡᠮ᠎ᠤᠨ ᠦᠯᠡᠳᠡᠭᠳᠡᠯ᠎ᠢ ᠶᠠᠭ᠋ᠠᠬᠢᠪᠡᠯ ᠰᠠᠶᠢ ᠪᠦᠲᠦᠮᠵᠢᠲᠡᠢ ᠠᠷᠢᠯᠭ᠋ᠠᠵᠣ ᠴᠢᠳᠠᠬᠤ ᠪᠣᠢ?
ᠢᠳᠡᠰᠢᠨ ᠨᠤᠭᠤᠭ᠎ᠠ ᠢᠯᠡᠭᠦᠦ ᠢᠳᠡᠬᠦ ᠳᠡᠮ
 
             蒙ICP备05000248号