ᠣᠶ ᠰᠢᠭᠤᠶ ᠵᠢᠨ ᠭᠠᠯ᠎ᠤᠨ ᠠᠶᠤᠯ᠎ᠤᠨ ᠲᠦᠭᠰᠢᠭᠦᠷᠢᠲᠡᠶ ᠴᠠᠭ ᠠᠭᠤᠷ ᠭᠡᠳᠡᠭ ᠪᠣᠯ ᠣᠶ ᠰᠢᠭᠤᠶ ᠵᠢᠨ ᠭᠠᠯ᠎ᠤᠨ ᠠᠶᠤᠯ ᠡᠭᠦᠰᠭᠡᠬᠦ ᠴᠠᠭ ᠠᠭᠤᠷ᠎ᠤᠨ ᠨᠥᠬᠥᠴᠡᠯ᠎ᠢ ᠪᠦᠷᠢᠯᠳᠦᠭᠦᠯᠦᠭᠰᠡᠨ ᠪᠠᠶ᠋ᠢᠬᠤ ᠶᠤᠰᠤᠳᠠᠢ᠂ ᠵᠢᠱ᠌ᠢᠶᠡᠯᠡᠪᠡᠯ ᠠᠭ᠋ᠠᠷ᠎ᠤᠨ ᠳᠤᠯᠠᠭ᠋ᠠᠨ ᠥᠨᠳᠥᠷᠵᠢᠬᠦ᠂ ᠴᠢᠭᠢᠭᠲᠦᠴᠡ ᠨᠡᠯᠢᠶᠡᠳ ᠪᠠᠭ᠎ᠠ᠂ ᠠᠭᠤᠷ ᠠᠮᠢᠰᠬᠤᠯ ᠭᠠᠩ ᠬᠠᠭᠤᠷᠠᠶ᠂ ᠬᠤᠷ᠎ᠠ ᠲᠤᠨᠤᠳᠠᠰᠤ ᠪᠠᠭ᠎ᠠ᠂ ᠶᠡᠬᠡ ᠰᠠᠯᠬᠢ ᠰᠠᠯᠬᠢᠯᠠᠬᠤ ᠵᠡᠷᠭᠡ ᠪᠣᠯᠤᠨ᠎ᠠ᠂ ᠡᠢ᠌ᠮᠦᠷᠬᠦ ᠴᠠᠭ ᠠᠭᠤᠷ᠎ᠤᠨ ᠨᠥᠬᠥᠴᠡᠯ ᠳᠣᠤᠷ᠎ᠠ᠂ ᠭᠠᠯ᠎ᠤᠨ ᠰᠤᠷᠪᠤᠯᠵᠢ᠎ᠲᠠᠢ ᠪᠣᠯᠤᠮᠠᠭᠴᠠ ᠣᠶ ᠰᠢᠭᠤᠶ ᠵᠢᠨ ᠭᠠᠯ ᠲᠦᠢ᠍ᠮᠡᠷ ᠠᠮᠠᠷᠬᠠᠨ ᠡᠭᠦᠰᠦᠨ᠎ᠡ᠃
ᠣᠢ ᠰᠢᠭᠤᠶ ᠵᠢᠨ ᠭᠠᠯ᠎ᠤᠨ ᠠᠶᠤᠯ᠎ᠤᠨ ᠴᠠᠭ ᠠᠭᠤᠷ᠎ᠢ ᠲᠠᠪᠤᠨ ᠳᠡᠰ ᠬᠤᠪᠢᠶᠠᠨ᠎ᠠ᠄ ᠨᠢᠭᠡᠳᠦᠭᠡᠷ ᠳᠡᠰ᠎ᠨᠢ ᠨᠣᠴᠣᠬᠤ ᠦᠭᠡᠢ᠂ ᠠᠶᠤᠯ ᠦᠭᠡᠢ ᠪᠠᠢ᠌ᠵᠤ᠂ ᠭᠠᠯ ᠬᠡᠷᠡᠭᠯᠡᠵᠦ ᠪᠣᠯᠤᠨ᠎ᠠ; ᠬᠣᠶᠠᠳᠤᠭ᠋ᠠᠷ ᠳᠡᠰ᠎ᠨᠢ ᠨᠣᠴᠣᠬᠤ᠎ᠳᠤ ᠪᠡᠷᠬᠡ᠂ ᠠᠶᠤᠯ ᠦᠭᠡᠢ ᠪᠠᠢ᠌ᠵᠤ᠂ ᠭᠠᠯ ᠬᠡᠷᠡᠭᠯᠡᠵᠦ ᠪᠣᠯᠤᠨ᠎ᠠ; ᠭᠤᠷᠪᠠᠳᠤᠭ᠋ᠠᠷ ᠳᠡᠰ᠎ᠨᠢ ᠠᠮᠠᠷᠬᠠᠨ ᠨᠤᠴᠤᠬᠤ᠂ ᠳᠤᠮᠳᠠ ᠵᠡᠷᠭᠡ ᠵᠢᠨ ᠠᠶᠤᠯᠲᠠᠢ ᠪᠣᠯᠬᠣᠷ ᠭᠠᠯ ᠬᠡᠷᠡᠭᠯᠡᠬᠦ ᠵᠢ ᠬᠢᠵᠠᠭ᠋ᠠᠷᠯᠠᠵᠤ᠂ ᠬᠢᠨᠠᠯᠳᠠ ᠲᠠᠯᠪᠢᠬᠤ ᠵᠢ ᠨᠠᠶ᠋ᠢᠳᠠᠪᠤᠷᠢᠵᠢᠭᠤᠯᠵᠤ᠂ ᠭᠠᠯ ᠭᠠᠷᠬᠤ ᠵᠢ ᠰᠡᠷᠭᠡᠶ᠋ᠢᠯᠡᠬᠦ ᠬᠡᠷᠡᠭᠲᠡᠢ; ᠳᠥᠷᠪᠡᠳᠦᠭᠡᠷ ᠳᠡᠰ᠎ᠨᠢ ᠨᠡᠯᠢᠶᠡᠳ ᠠᠮᠠᠷᠬᠠᠨ ᠨᠤᠴᠤᠬᠤ᠂ ᠳᠡᠭᠡᠳᠦ ᠬᠡᠮᠵᠢᠶᠡᠨ᠎ᠤ ᠠᠶᠤᠯᠲᠠᠢ᠂ ᠰᠢᠭᠤᠶ᠋ᠢᠲᠤ ᠣᠷᠣᠨ᠎ᠳᠤ ᠭᠠᠯ ᠬᠡᠷᠡᠭᠯᠡᠬᠦ ᠵᠢ ᠪᠦᠬᠦ ᠲᠠᠯ᠎ᠠ᠎ᠪᠠᠷ ᠬᠢᠵᠠᠭ᠋ᠠᠷᠯᠠᠬᠤ ᠬᠡᠷᠡᠭᠳᠡᠢ; ᠲᠠᠪᠤᠳᠤᠭ᠋ᠠᠷ ᠳᠡᠰ᠎ᠨᠢ ᠨᠣᠴᠣᠮᠠᠲᠠᠭ᠋ᠠᠶ᠂ ᠲᠤᠶ᠋ᠢᠯ᠎ᠤᠨ ᠠᠶᠤᠯᠲᠠᠶ ᠲᠤᠯᠠ ᠬᠡᠭᠡᠷ᠎ᠡ ᠭᠠᠳᠠᠨ᠎ᠠ ᠭᠠᠯ ᠬᠡᠷᠡᠭᠯᠡᠬᠦ ᠵᠢ ᠴᠢᠩᠭ᠎ᠠ ᠴᠠᠭ᠋ᠠᠵᠠᠯᠠᠨ᠎ᠠ᠃