1. ᠳᠡᠯᠡᠬᠡᠶ ᠳᠡᠭᠡᠷ᠎ᠡ ᠬᠡᠳᠦᠨ ᠶᠡᠬᠡ ᠠᠮᠢᠳᠤ ᠪᠣᠳᠠᠰ᠎ᠤᠨ ᠢᠨᠵᠧᠨᠧᠷᠢᠩ ᠪᠠᠢ᠌ᠬᠤ ᠪᠤᠢ? ᠳᠤᠮᠳᠠᠳᠤ ᠤᠯᠤᠰ᠎ᠤᠨ 《ᠲᠦᠮᠡᠨ ᠭᠠᠵᠠᠷ᠎ᠤᠨ ᠨᠣᠭᠣᠭ᠋ᠠᠨ ᠤᠷᠲᠤ ᠴᠠᠭ᠋ᠠᠨ ᠬᠡᠷᠡᠮ》 ᠭᠡᠳᠡᠭ᠎ᠨᠢ ᠶᠠᠭᠤ ᠵᠢ ᠵᠢᠭ᠋ᠠᠵᠤ ᠪᠠᠢ᠌ᠬᠤ ᠪᠤᠢ?
ᠠᠮᠧᠷᠢᠺᠠ ᠵᠢᠨ 《ᠷᠤᠽᠸᠯᠲᠤᠨ ᠲᠠᠯ᠎ᠠ ᠨᠤᠲᠤᠭ᠎ᠤᠨ ᠢᠨᠵᠧᠨᠧᠷᠢᠩ》᠂ ᠵᠥᠪᠯᠡᠯᠲᠦ ᠵᠢᠨ 《ᠰᠲ᠋ᠠᠯᠢᠨᠤ ᠶᠡᠬᠡ ᠪᠠᠶ᠋ᠢᠭ᠋ᠠᠯᠢ ᠵᠢ ᠥᠭᠡᠷᠡᠴᠢᠯᠡᠬᠦ ᠲᠥᠯᠥᠪᠯᠡᠭᠡ》᠂ ᠤᠮᠠᠷᠠᠲᠤ ᠠᠹᠷᠢᠺᠠ ᠵᠢᠨ ᠲᠠᠪᠤᠨ ᠤᠯᠤᠰ (ᠮᠤᠷᠤᠺᠺᠤ᠂ ᠠᠯᠵᠧᠷᠢᠶ᠎ᠠ᠂ ᠲᠦᠨᠢᠰ᠂ ᠯᠢᠪᠢᠶᠠ᠂ ᠶᠧᠵᠢᠫᠲ)᠎ᠤᠨ 《ᠨᠣᠭᠣᠭ᠋ᠠᠨ ᠬᠠᠰᠢᠯᠭ᠎ᠠ ᠵᠢᠨ ᠪᠦᠲᠦᠭᠡᠨ ᠪᠠᠶ᠋ᠢᠭᠤᠯᠤᠯᠲᠠ》 ᠪᠠ ᠳᠤᠮᠳᠠᠳᠤ ᠤᠯᠤᠰ᠎ᠤᠨ 《ᠭᠤᠷᠪᠠᠨ ᠤᠮᠠᠷᠠᠲᠤ》 ᠵᠢᠨ ᠬᠠᠯᠬᠠᠪᠴᠢ ᠤᠢ ᠵᠢᠨ ᠢᠨᠵᠧᠨᠧᠷᠢᠩ ᠪᠣᠯ ᠳᠡᠯᠡᠬᠡᠶ ᠳᠡᠭᠡᠷ᠎ᠡ ᠠᠯᠳᠠᠷᠳᠠᠢ ᠳᠥᠷᠪᠡᠨ ᠶᠡᠬᠡ ᠠᠮᠢᠳᠤ ᠪᠣᠳᠠᠰ᠎ᠤᠨ ᠢᠨᠵᠧᠨᠧᠷᠢᠩ ᠪᠣᠯᠤᠨ᠎ᠠ᠃ ᠳᠤᠮᠳᠠᠳᠤ ᠤᠯᠤᠰ᠎ᠤᠨ 《ᠭᠤᠷᠪᠠᠨ ᠤᠮᠠᠷᠠᠲᠤ》 ᠵᠢᠨ ᠬᠠᠯᠬᠠᠪᠴᠢ ᠣᠶ ᠵᠢᠨ ᠰᠢᠰᠲ᠋ᠧᠮ᠎ᠤᠨ ᠪᠠᠶ᠋ᠢᠭᠤᠯᠤᠯᠲᠠ ᠵᠢᠨ ᠢᠨᠵᠧᠨᠧᠷᠢᠩ᠎ᠨᠢ ᠬᠥᠮᠦᠰ᠎ᠲᠤ ᠳᠤᠮᠳᠠᠳᠤ ᠤᠯᠤᠰ᠎ᠤᠨ 《ᠲᠦᠮᠡᠨ ᠭᠠᠵᠠᠷ᠎ᠤᠨ ᠨᠣᠭᠣᠭ᠋ᠠᠨ ᠤᠷᠲᠤ ᠴᠠᠭ᠋ᠠᠨ ᠬᠡᠷᠡᠮ》 ᠭᠡᠵᠦ ᠨᠡᠷᠡᠯᠡᠭᠳᠡᠵᠦ᠂ ᠳᠡᠯᠡᠬᠡᠶ ᠵᠢᠨ ᠳᠥᠷᠪᠡᠨ ᠶᠡᠬᠡ ᠠᠮᠢᠳᠤ ᠪᠣᠳᠠᠰ᠎ᠤᠨ ᠢᠨᠵᠧᠨᠧᠷᠢᠩ᠎ᠤᠨ ᠬᠠᠮᠤᠭ ᠶᠡᠬᠡ᠎ᠨᠢ ᠪᠣᠯᠤᠨ᠎ᠠ᠃
2. 《ᠭᠤᠷᠪᠠᠨ ᠤᠮᠠᠷᠠᠲᠤ》 ᠵᠢᠨ ᠬᠠᠯᠬᠠᠪᠴᠢ ᠤᠢ ᠵᠢᠨ ᠰᠢᠰᠲ᠋ᠧᠮ᠎ᠤᠨ ᠪᠦᠲᠦᠭᠡᠨ ᠪᠠᠶ᠋ᠢᠭᠤᠯᠤᠯᠲᠠ ᠵᠢᠨ ᠢᠨᠵᠧᠨᠧᠷᠢᠩ᠎ᠤᠨ ᠬᠦᠷᠢᠶ᠎ᠡ ᠬᠡᠪᠴᠢᠶ᠎ᠡ᠎ᠨᠢ ᠬᠡᠳᠦᠶ ᠶᠡᠬᠡ ᠪᠤᠢ? ᠶᠠᠮᠠᠷ ᠶᠠᠮᠠᠷ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢ ᠠᠯᠤᠰᠯᠠᠭᠰᠠᠨ ᠪᠤᠢ?
ᠡᠭᠦᠨ᠎ᠳᠤ ᠵᠡᠭᠦᠨ ᠬᠣᠶ᠋ᠢᠲᠤ ᠣᠷᠣᠨ᠎ᠤ ᠪᠠᠷᠠᠭᠤᠨ ᠬᠡᠰᠡᠭ᠂ ᠤᠮᠠᠷᠠᠲᠤ ᠣᠷᠣᠨ᠎ᠤ ᠬᠣᠶ᠋ᠢᠲᠤ ᠬᠡᠰᠡᠭ ᠪᠠ ᠪᠠᠷᠠᠭᠤᠨ ᠬᠤᠢ᠌ᠲᠤ ᠣᠷᠣᠨ᠎ᠤ ᠶᠡᠬᠡᠩᠬᠢ ᠭᠠᠵᠠᠷ ᠣᠷᠣᠨ᠎ᠢ ᠪᠠᠭᠳᠠᠭ᠋ᠠᠵᠤ᠂ ᠵᠡᠭᠦᠨᠰᠢ ᠪᠠᠷᠠᠭᠤᠨᠰᠢ 7000 ᠭᠠᠷᠤᠶ ᠺᠢᠯᠣᠮᠧᠲᠷ ᠣᠷᠳᠣ᠂ ᠡᠮᠦᠨᠡᠰᠢ ᠤᠮᠠᠷᠠᠰᠢ 400— 1700 ᠺᠢᠯᠣᠮᠧᠲᠷ ᠥᠷᠭᠡᠨ᠂ ᠶᠡᠷᠦᠩᠬᠡᠶ ᠲᠠᠯᠠᠪᠠᠶ᠎ᠨᠢ 406.9 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠠᠶ᠋ᠢᠵᠤ᠂ ᠪᠠᠷᠤᠭ ᠤᠯᠤᠰ᠎ᠤᠨ ᠨᠤᠲᠤᠭ ᠳᠡᠪᠢᠰᠬᠡᠷ᠎ᠤᠨ ᠶᠡᠷᠦᠩᠬᠡᠶ ᠲᠠᠯᠠᠪᠠᠶ ᠵᠢᠨ 42.4% ᠵᠢ ᠡᠵᠡᠯᠡᠨ᠎ᠡ᠃ ᠰᠢᠨᠵᠢᠶᠠᠩ᠂ ᠭᠠᠨᠰᠦ᠂ ᠬᠥᠬᠡᠨᠠᠭᠤᠷ᠂ ᠨᠢᠩᠰᠢᠶᠠ᠂ ᠱᠠᠨᠰᠢ᠂ ᠱᠠᠨ ᠰᠢ᠂ ᠥᠪᠥᠷ ᠮᠣᠩᠭᠣᠯ᠂ ᠡᠾᠸᠪᠸᠢ᠂ ᠪᠡᠭᠡᠵᠢᠩ᠂ ᠲᠢᠶᠠᠨᠵᠢᠨ᠂ ᠯᠢᠶᠣᠤᠨᠢᠩ᠂ ᠭᠢᠷᠢᠨ᠂ ᠬᠠᠷᠠᠮᠥ᠋ᠷᠡᠨ ᠵᠡᠷᠭᠡ 13 ᠮᠤᠵᠢ (ᠣᠷᠣᠨ᠂ ᠬᠣᠲᠠ) ᠵᠢ ᠰᠤᠨᠳᠠᠯᠠᠵᠤ᠂ 551 ᠰᠢᠶᠠᠨ (ᠬᠣᠰᠢᠭᠤ᠂ ᠬᠣᠲᠠ) ᠪᠠᠶ᠋ᠢᠨ᠎ᠠ᠃
3. 《ᠭᠤᠷᠪᠠᠨ ᠤᠮᠠᠷᠠᠲᠤ》 ᠵᠢᠨ ᠬᠠᠯᠬᠠᠪᠴᠢ ᠤᠢ ᠵᠢᠨ ᠨᠢᠭᠡᠳᠦᠭᠡᠷ ᠬᠤᠭᠤᠴᠠᠭ᠋ᠠᠨ᠎ᠤ ᠢᠨᠵᠧᠨᠧᠷᠢᠩ᠎ᠨᠢ ᠠᠯᠢ ᠵᠢᠯ᠎ᠠᠴᠠ ᠡᠬᠢᠯᠡᠭᠰᠡᠨ ᠪᠤᠢ? ᠠᠯᠢ ᠣᠨ᠎ᠳᠤ ᠪᠡᠶᠡᠯᠡᠭᠦᠯᠦᠭᠰᠡᠨ ᠪᠣᠶ?
《ᠭᠤᠷᠪᠠᠨ ᠤᠮᠠᠷᠠᠲᠤ》 ᠵᠢᠨ ᠬᠠᠯᠬᠠᠪᠴᠢ ᠤᠢ ᠵᠢᠨ ᠨᠢᠭᠡᠳᠦᠭᠡᠷ ᠬᠤᠭᠤᠴᠠᠭ᠋ᠠᠨ᠎ᠤ ᠢᠨᠵᠧᠨᠧᠷᠢᠩ᠎ᠤᠨ ᠪᠦᠳᠦᠭᠡᠨ ᠪᠠᠢ᠌ᠭᠤᠯᠤᠯᠳᠠ ᠪᠣᠯ 1978 ᠣᠨ᠎ᠠᠴᠠ ᠡᠬᠢᠯᠡᠵᠦ᠂ 1985 ᠣᠨ ᠪᠣᠯᠬᠤ᠎ᠳᠤ ᠬᠥᠮᠦᠨ᠎ᠤ ᠬᠦᠴᠦ᠎ᠪᠠᠷ ᠣᠶ᠋ᠢᠵᠢᠭᠤᠯᠵᠤ᠂ ᠬᠥᠮᠦᠨ᠎ᠤ ᠬᠦᠴᠦ᠎ᠪᠠᠷ 605.5 ᠲᠦᠮᠡᠨ ᠾᠧᠺᠲ᠋ᠠᠷ ᠣᠶ᠋ᠢᠵᠢᠭᠤᠯᠵᠤ᠂ ᠨᠢᠭᠡᠳᠦᠭᠡᠷ ᠬᠤᠭᠤᠴᠠᠭ᠋ᠠᠨ᠎ᠤ ᠢᠨᠵᠧᠨᠧᠷᠢᠩ᠎ᠤᠨ ᠬᠡᠪᠴᠢᠶ᠎ᠡ᠎ᠨᠢ 12 ᠮᠤᠵᠢ (ᠣᠷᠣᠨ᠂ ᠬᠤᠲᠠ) (ᠲᠢᠶᠠᠨᠵᠢ᠎ᠨᠢ ᠪᠠᠭᠲᠠᠭ᠋ᠠᠬᠤ ᠦᠭᠡᠢ)᠂ 396 ᠰᠢᠶᠠᠨ (ᠬᠣᠰᠢᠭᠤ᠂ ᠬᠤᠳᠠ)᠎ᠢ ᠪᠠᠭᠳᠠᠭ᠋ᠠᠵᠤ᠂ ᠪᠦᠬᠦ ᠲᠠᠯᠠᠪᠠᠢ᠎ᠨᠢ 347 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠣᠯᠤᠨ᠎ᠠ᠃ ᠤᠳᠤ ᠶᠠᠭ ᠬᠣᠶᠠᠳᠤᠭ᠋ᠠᠷ ᠬᠤᠭᠤᠴᠠᠭ᠋ᠠᠨ᠎ᠤ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢ ᠬᠢᠵᠦ ᠪᠠᠢ᠌ᠨ᠎ᠠ᠃
4. ᠬᠥᠬᠡᠮᠥ᠋ᠷᠡᠨ᠎ᠤ ᠳᠤᠮᠳᠠ ᠳᠡᠭᠡᠳᠦ ᠤᠷᠤᠰᠬᠠᠯ᠎ᠤᠨ ᠬᠠᠯᠬᠠᠪᠴᠢ ᠤᠢ ᠵᠢᠨ ᠰᠢᠰᠲ᠋ᠧᠮ᠎ᠤᠨ ᠪᠠᠶ᠋ᠢᠭᠤᠯᠤᠯᠲᠠ ᠵᠢᠨ ᠨᠢᠭᠡᠳᠦᠭᠡᠷ ᠬᠤᠭᠤᠴᠠᠭ᠋ᠠᠨ᠎ᠤ ᠢᠨᠵᠧᠨᠧᠷᠢᠩ᠎ᠤᠨ ᠬᠡᠪᠴᠢᠶ᠎ᠡ ᠵᠢᠴᠢ ᠪᠦᠳᠦᠭᠡᠨ ᠪᠠᠶ᠋ᠢᠭᠤᠯᠤᠯᠲᠠ ᠵᠢᠨ ᠡᠭᠦᠷᠭᠡ᠎ᠨᠢ ᠶᠠᠭᠤ ᠪᠤᠢ?
ᠬᠥᠬᠡᠮᠥ᠋ᠷᠡᠨ᠎ᠤ ᠳᠤᠮᠳᠠ᠂ ᠳᠡᠭᠡᠳᠦ ᠤᠷᠤᠰᠬᠠᠯ᠎ᠤᠨ ᠬᠠᠯᠬᠠᠪᠴᠢ ᠤᠢ ᠵᠢᠨ ᠨᠢᠭᠡᠳᠦᠭᠡᠷ ᠬᠤᠭᠤᠴᠠᠭ᠋ᠠᠨ᠎ᠤ ᠢᠨᠵᠧᠨᠧᠷᠢᠩ᠎ᠳᠤ ᠵᠢᠶᠠᠩᠰᠢ᠂ ᠬᠤᠪᠸᠢ᠂ ᠬᠤᠨᠠᠨ᠂ ᠰᠧᠴᠤᠸᠠᠨ᠂ ᠬᠦᠢ᠍ᠵᠸᠦ᠂ ᠶᠦᠨᠨᠠᠨ᠂ ᠱᠠᠨᠰᠢ᠂ ᠭᠠᠨᠰᠦ᠂ ᠬᠥᠬᠡᠨᠠᠭᠤᠷ ᠵᠡᠷᠭᠡ ᠶᠢᠰᠦᠨ ᠮᠤᠵᠢ ᠵᠢᠨ 145 ᠰᠢᠶᠠᠨ (ᠬᠤᠳᠠ)᠎ᠢ ᠪᠠᠭᠲᠠᠭ᠋ᠠᠵᠤ᠂ ᠪᠦᠳᠦᠭᠡᠨ ᠪᠠᠢ᠌ᠭᠤᠯᠤᠯᠳᠠ᠎ᠨᠢ 1989 ᠣᠨ᠎ᠠᠴᠠ ᠡᠬᠢᠯᠡᠵᠦ᠂ ᠠᠷᠪᠠᠨ ᠵᠢᠯ ᠣᠷᠴᠢᠮ᠎ᠤᠨ ᠴᠠᠭ᠎ᠢ ᠬᠡᠷᠡᠭᠰᠡᠵᠦ ᠪᠠᠶ᠋ᠢᠭ᠋ᠠᠳ ᠰᠢᠭᠤᠶ᠋ᠢᠲᠤ ᠭᠠᠵᠠᠷ᠎ᠤᠨ ᠲᠠᠯᠠᠪᠠᠢ ᠵᠢ ᠨᠢᠭᠡ ᠳ᠋ᠦᠩᠰᠢᠭᠤᠷ ᠮᠦ᠍ ᠨᠡᠮᠡᠭᠳᠡᠭᠦᠯᠬᠦ᠎ᠪᠠᠷ ᠲᠥᠯᠥᠪᠯᠡᠵᠦ ᠪᠠᠶ᠋ᠢᠨ᠎ᠠ᠃