ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠦᠢᠯᠡᠴᠢᠯᠡᠬᠦ᠌ ᠵᠦᠭᠯᠡᠬᠦᠷ
ᠣᠶ᠋ᠢᠲᠤ ᠭᠠᠵᠠᠷ᠎ᠢ ᠬᠡᠷᠡᠭᠯᠡᠬᠦ ᠵᠠᠰᠠᠭ ᠵᠠᠬᠢᠷᠭ᠋ᠠᠨ᠎ᠤ ᠵᠥᠪᠰᠢᠶᠡᠷᠡᠯ᠎ᠢ ᠭᠦᠢ᠍ᠴᠡᠳᠬᠡᠬᠦ
ᠨᠡᠶ᠋ᠢᠲᠡᠯᠡᠭᠰᠡᠨ ᠴᠠᠭ᠄ 2021-01-14

      ᠣᠶ᠋ᠢᠲᠤ ᠭᠠᠵᠠᠷ᠎ᠢ ᠬᠡᠷᠡᠭᠯᠡᠬᠦ ᠵᠠᠰᠠᠭ ᠵᠠᠬᠢᠷᠭ᠋ᠠᠨ᠎ᠤ ᠵᠥᠪᠰᠢᠶᠡᠷᠡᠯ᠎ᠢ ᠭᠦᠢ᠍ᠴᠡᠳᠬᠡᠬᠦ ᠦᠶ᠎ᠡ᠎ᠳᠤ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠣᠪᠴᠢᠶ᠎ᠠ ᠵᠢᠨ ᠭᠠᠵᠠᠷ ᠰᠢᠷᠣᠶ ᠵᠢ ᠤᠷᠢᠳᠴᠢᠯᠠᠨ ᠬᠢᠨᠠᠬᠤ ᠰᠠᠨᠠᠯ᠎ᠨᠢ ᠡᠷᠬᠡᠪᠰᠢ ᠤᠷᠢᠲᠠᠯ ᠨᠥᠬᠥᠴᠡᠯ ᠪᠠᠶ᠋ᠢᠬᠤ ᠬᠡᠷᠡᠭᠲᠡᠶ ᠤᠤ?
      ᠬᠠᠷᠢᠭᠤᠯᠲᠠ᠄ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ ᠬᠢᠨᠠᠨ ᠵᠥᠪᠰᠢᠶᠡᠷᠡᠬᠦ ᠴᠢᠬᠤᠯᠠᠲᠠᠶ ᠣᠶ᠋ᠢᠲᠤ ᠭᠠᠵᠠᠷ᠎ᠢ ᠬᠡᠷᠡᠭᠯᠡᠬᠦ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠳᠤ᠄
     1 . 《ᠤᠢ᠌ᠲᠤ ᠭᠠᠵᠠᠷ᠎ᠢ ᠬᠡᠷᠡᠭᠯᠡᠬᠦ ᠭᠤᠶᠤᠴᠢᠯᠠᠯ᠎ᠤᠨ ᠬᠦᠰᠦᠨᠦᠭᠲᠦ》
     2 . ᠭᠠᠵᠠᠷ ᠬᠡᠷᠡᠭᠯᠡᠬᠦ ᠨᠢᠭᠡᠴᠡ ᠵᠢᠨ ᠬᠢᠷᠢ ᠬᠡᠮ᠎ᠤᠨ ᠭᠡᠷᠡᠴᠢ ᠪᠤᠶᠤ ᠬᠤᠪᠢ ᠬᠥᠮᠦᠨ᠎ᠤ ᠪᠡᠶ᠎ᠡ ᠵᠢᠨ ᠦᠨᠡᠮᠯᠡᠯ᠃
     3. ᠪᠥᠳᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠬᠣᠯᠪᠣᠭᠳᠠᠯ ᠪᠥᠬᠥᠢ ᠵᠥᠪᠰᠢᠶᠡᠷᠡᠭᠰᠡᠨ ᠪᠢᠴᠢᠭ ᠮᠠᠲᠸᠷᠢᠶᠠᠯ᠃
     (1) ᠬᠢᠨᠠᠨ ᠵᠥᠪᠰᠢᠶᠡᠷᠡᠬᠦ ᠳᠦᠷᠢᠮ᠂ ᠬᠢᠨᠠᠨ ᠵᠥᠪᠰᠢᠶᠡᠷᠡᠬᠦ ᠳᠦᠷᠢᠮ᠎ᠤᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠳᠤ ᠲᠥᠷᠥᠯ ᠵᠦᠢ᠍ᠯ᠎ᠤᠨ ᠪᠣᠯᠤᠮᠵᠢᠲᠤ ᠰᠤᠳᠤᠯᠤᠯ᠎ᠤᠨ ᠮᠡᠳᠡᠭᠦᠯᠦᠯᠲᠡ ᠵᠢᠨ ᠴᠣᠬᠣᠯᠠᠪᠤᠷᠢ᠂ ᠬᠢᠨᠠᠨ ᠵᠥᠪᠰᠢᠶᠡᠷᠡᠬᠦ ᠴᠣᠬᠣᠯᠠᠪᠤᠷᠢ ᠵᠡᠷᠭᠡ ᠵᠢ ᠬᠠᠩᠭ᠋ᠠᠨ᠎ᠠ; ᠳᠠᠩᠰᠠᠯᠠᠭᠤᠯᠬᠤ ᠳᠦᠷᠢᠮ᠎ᠤᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠳᠤ ᠳᠠᠩᠰᠠᠯᠠᠭᠤᠯᠬᠤ ᠵᠢ ᠨᠤᠲᠠᠯᠠᠭᠰᠠᠨ ᠪᠢᠴᠢᠭ ᠮᠠᠲᠸᠷᠢᠶᠠᠯ ᠬᠠᠩᠭ᠋ᠠᠬᠤ ᠬᠡᠷᠡᠭᠲᠡᠶ᠃ ᠪᠤᠰᠤᠳ ᠵᠥᠪᠰᠢᠶᠡᠷᠡᠯ᠎ᠤᠨ ᠪᠢᠴᠢᠭ ᠮᠠᠲ᠋ᠧᠷᠢᠶᠠᠯ᠎ᠳᠤ ᠠᠩᠬᠠᠨ᠎ᠤ ᠵᠢᠷᠤᠭ ᠲᠥᠯᠥᠪᠯᠡᠭᠡ ᠵᠢ ᠬᠢᠨᠠᠨ ᠵᠥᠪᠰᠢᠶᠡᠷᠡᠬᠦ ᠴᠢᠬᠤᠯᠠᠲᠠᠶ ᠪᠥᠲᠥᠭᠡᠨ ᠪᠠᠶ᠋ᠢᠭᠤᠯᠤᠯᠲᠠ ᠵᠢᠨ ᠵᠦᠢ᠍ᠯᠡᠰ᠎ᠲᠤ ᠠᠩᠬᠠᠨ᠎ᠤ ᠵᠢᠷᠤᠭ ᠲᠥᠯᠥᠪᠯᠡᠭᠡ ᠵᠢᠨ ᠴᠣᠬᠣᠯᠠᠪᠤᠷᠢ ᠵᠢ ᠬᠠᠩᠭ᠋ᠠᠬᠤ ᠬᠡᠷᠡᠭᠲᠡᠶ; ᠬᠣᠲᠠ ᠪᠠᠯᠭ᠋ᠠᠰᠤ ᠵᠢᠨ ᠲᠥᠯᠥᠪᠵᠢᠭᠦᠯᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠳᠤ ᠪᠦᠲᠦᠭᠡᠨ ᠪᠠᠶ᠋ᠢᠭᠤᠯᠤᠯᠲᠠ ᠵᠢᠨ ᠬᠡᠷᠡᠭᠯᠡᠬᠦ ᠭᠠᠵᠠᠷ᠎ᠤᠨ ᠲᠥᠯᠥᠪᠵᠢᠭᠦᠯᠭᠡ ᠵᠢᠨ ᠵᠥᠪᠰᠢᠶᠡᠷᠡᠯ᠎ᠤᠨ ᠦᠨᠡᠮᠯᠡᠯ ᠪᠤᠶᠤ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠭᠠᠵᠠᠷ ᠰᠣᠩᠭᠣᠬᠤ ᠰᠠᠨᠠᠯ᠎ᠤᠨ ᠪᠢᠴᠢᠭ ᠬᠠᠩᠭ᠋ᠠᠬᠤ ᠬᠡᠷᠡᠭᠲᠡᠶ᠃
     (2) ᠬᠥᠳᠡᠭᠡ ᠲᠣᠰᠬᠣᠨ᠎ᠤ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠳᠤ ᠬᠣᠯᠪᠣᠭᠳᠠᠯ ᠪᠦᠬᠦᠢ ᠣᠷᠣᠨ ᠨᠤᠲᠤᠭ᠎ᠤᠨ ᠲᠣᠭᠲᠠᠭ᠋ᠠᠯ ᠶᠣᠰᠣᠭ᠋ᠠᠷ ᠲᠥᠷᠥᠯ ᠵᠦᠢ᠍ᠯ᠎ᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ᠎ᠢ ᠬᠠᠩᠭ᠋ᠠᠨ᠎ᠠ᠃ ᠡᠭᠦᠨ᠎ᠳᠤ ᠬᠥᠳᠡᠭᠡ ᠲᠣᠰᠬᠣᠨ᠎ᠤ ᠲᠥᠯᠥᠪᠵᠢᠭᠦᠯᠭᠡ᠎ᠳᠤ ᠨᠡᠶ᠋ᠢᠴᠡᠭᠰᠡᠨ ᠪᠦᠳᠦᠭᠡᠨ ᠪᠠᠶ᠋ᠢᠭᠤᠯᠤᠯᠲᠠ ᠵᠢᠨ ᠵᠦᠢ᠍ᠯᠡᠰ᠎ᠲᠤ ᠬᠥᠳᠡᠭᠡ ᠲᠣᠰᠬᠣᠨ᠎ᠤ ᠲᠥᠯᠥᠪᠵᠢᠭᠦᠯᠭᠡ ᠵᠢᠨ ᠵᠥᠪᠰᠢᠶᠡᠷᠡᠯ᠎ᠤᠨ ᠦᠨᠡᠮᠯᠡᠯ ᠪᠤᠶᠤ ᠰᠢᠶᠠᠨ᠎ᠤ ᠱᠠᠲᠤᠨ᠎ᠤ ᠬᠣᠳᠠ ᠬᠥᠳᠡᠭᠡ ᠵᠢᠨ ᠲᠥᠯᠥᠪᠵᠢᠭᠦᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠤᠨ ᠭᠠᠷᠭ᠋ᠠᠭᠰᠠᠨ ᠬᠥᠳᠡᠭᠡ ᠲᠣᠰᠬᠣᠨ᠎ᠤ ᠲᠥᠯᠥᠪᠵᠢᠭᠦᠯᠭᠡ᠎ᠳᠤ ᠨᠡᠶ᠋ᠢᠴᠡᠭᠰᠡᠨ ᠭᠡᠷᠡᠴᠢᠯᠡᠬᠦ ᠪᠢᠴᠢᠭ ᠮᠠᠲ᠋ᠧᠷᠢᠶᠠᠯ᠎ᠢ ᠬᠠᠩᠭ᠋ᠠᠬᠤ ᠬᠡᠷᠡᠭᠲᠡᠢ᠃
     (3) ᠬᠡᠰᠡᠭ ᠪᠦᠯᠦᠭ ᠬᠤᠪᠢᠶᠠᠨ ᠭᠠᠵᠠᠷ ᠬᠡᠷᠡᠭᠯᠡᠬᠦ ᠲᠥᠷᠥᠯ ᠵᠦᠢ᠍ᠯ᠎ᠳᠤ᠂ ᠬᠣᠯᠪᠣᠭᠳᠠᠯ ᠪᠦᠬᠦᠢ ᠠᠷᠠᠳ᠎ᠤᠨ ᠵᠠᠰᠠᠭ᠎ᠤᠨ ᠣᠷᠳᠣᠨ᠎ᠤ ᠵᠥᠪᠰᠢᠶᠡᠷᠡᠭᠰᠡᠨ ᠬᠡᠰᠡᠭ ᠪᠦᠯᠦᠭ ᠬᠤᠪᠢᠶᠠᠨ ᠭᠠᠵᠠᠷ ᠬᠡᠷᠡᠭᠯᠡᠬᠦ ᠲᠣᠳᠣᠷᠬᠠᠶ᠋ᠢᠯᠠᠯᠲᠠ ᠵᠢᠨ ᠪᠢᠴᠢᠭ᠎ᠢ ᠬᠠᠩᠭ᠋ᠠᠵᠤ᠂ ᠠᠭᠤᠯᠭ᠎ᠠ᠎ᠳᠤᠨᠢ ᠭᠠᠵᠠᠷ ᠬᠡᠷᠡᠭᠯᠡᠬᠦ ᠬᠡᠪᠴᠢᠶ᠎ᠡ᠂ ᠬᠡᠷᠡᠭᠯᠡᠬᠦ ᠭᠠᠵᠠᠷ᠎ᠤᠨ ᠲᠠᠯᠠᠪᠠᠶ᠂ ᠨᠡᠭᠡᠭᠡᠨ ᠠᠰᠢᠭᠯᠠᠬᠤ ᠬᠡᠷᠡᠭᠴᠡᠭᠡ (ᠪᠣᠳᠠᠲᠠᠶ ᠪᠦᠲᠦᠭᠡᠨ ᠪᠠᠶ᠋ᠢᠭᠤᠯᠬᠤ ᠠᠭᠤᠯᠭ᠎ᠠ)᠂ ᠬᠣᠲᠠ ᠪᠠᠯᠭ᠋ᠠᠰᠤ ᠵᠢᠨ ᠶᠡᠷᠦᠩᠬᠡᠶ ᠲᠥᠯᠥᠪᠵᠢᠭᠦᠯᠭᠡ ᠪᠤᠶᠤ ᠣᠶ᠋ᠢᠷ᠎ᠠ ᠵᠢᠨ ᠬᠤᠭᠤᠴᠠᠭ᠋ᠠᠨ᠎ᠤ ᠪᠦᠲᠦᠭᠡᠨ ᠪᠠᠶ᠋ᠢᠭᠤᠯᠤᠯᠲᠠ ᠵᠢᠨ ᠲᠥᠯᠥᠪᠵᠢᠭᠦᠯᠭᠡ ᠵᠢᠨ ᠪᠠᠶ᠋ᠢᠳᠠᠯ᠎ᠢ ᠪᠠᠭᠲᠠᠭ᠋ᠠᠬᠤ ᠮᠦᠷᠳᠡᠭᠡᠨ ᠬᠥᠳᠡᠭᠡ ᠲᠣᠰᠬᠣᠨ᠎ᠤ ᠲᠥᠯᠥᠪᠵᠢᠭᠦᠯᠭᠡ ᠵᠢᠨ ᠪᠠᠶ᠋ᠢᠳᠠᠯ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ᠃
     (4) ᠠᠭᠤᠷᠬᠠᠢ ᠵᠢᠨ ᠪᠤᠯᠠᠭᠳᠠᠴᠠ ᠵᠢ ᠬᠠᠶ᠋ᠢᠨ ᠪᠠᠶ᠋ᠢᠴᠠᠭ᠋ᠠᠬᠤ᠂ ᠨᠡᠭᠡᠭᠡᠨ ᠮᠠᠯᠲᠠᠬᠤ ᠵᠦᠢ᠍ᠯᠡᠰ᠎ᠲᠤ ᠬᠠᠶ᠋ᠢᠨ ᠪᠠᠶ᠋ᠢᠴᠠᠭ᠋ᠠᠬᠤ ᠵᠥᠪᠰᠢᠶᠡᠷᠡᠯ᠎ᠤᠨ ᠦᠨᠡᠮᠯᠡᠯ᠂ ᠠᠭᠤᠷᠬᠠᠢ ᠮᠠᠯᠲᠠᠬᠤ ᠵᠥᠪᠰᠢᠶᠡᠷᠡᠯ᠎ᠤᠨ ᠦᠨᠡᠮᠯᠡᠯ ᠪᠠ ᠲᠦᠷᠦᠯ ᠵᠦᠢ᠍ᠯ᠎ᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ᠎ᠢ ᠬᠠᠩᠭ᠋ᠠᠨ᠎ᠠ᠃
     (5) ᠱᠠᠰᠢᠨ ᠰᠤᠷᠲᠠᠬᠤᠨ᠂ ᠣᠷᠣᠰᠢᠭᠤᠯᠭ᠎ᠠ ᠵᠢᠨ ᠲᠥᠬᠥᠭᠡᠷᠦᠮᠵᠢ ᠵᠡᠷᠭᠡ ᠪᠦᠲᠦᠭᠡᠨ ᠪᠠᠶ᠋ᠢᠭᠤᠯᠤᠯᠲᠠ ᠵᠢᠨ ᠵᠦᠢ᠍ᠯᠡᠰ᠎ᠲᠤ ᠬᠣᠯᠪᠣᠭᠳᠠᠯ ᠪᠦᠬᠦᠢ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠤᠨ ᠵᠥᠪᠰᠢᠶᠡᠷᠡᠭᠰᠡᠨ ᠪᠢᠴᠢᠭ ᠮᠠᠲ᠋ᠧᠷᠢᠶᠠᠯ᠎ᠢ ᠬᠠᠩᠭ᠋ᠠᠨ᠎ᠠ᠃
     4. ᠤᠢ᠌ᠲᠤ ᠭᠠᠵᠠᠷ᠎ᠢ ᠬᠡᠷᠡᠭᠯᠡᠬᠦ᠎ᠪᠠᠷ ᠪᠠᠶ᠋ᠢᠭ᠎ᠠ ᠬᠣᠯᠪᠣᠭᠳᠠᠯ ᠪᠥᠬᠥᠢ ᠮᠠᠲᠸᠷᠢᠶᠠᠯ
      ᠣᠶ᠋ᠢᠲᠤ ᠭᠠᠵᠠᠷ᠎ᠤᠨ ᠡᠷᠬᠡ ᠵᠢᠨ ᠬᠠᠷᠢᠶᠠᠯᠠᠯ᠎ᠤᠨ ᠦᠨᠡᠮᠯᠡᠯ᠂ ᠣᠶ᠋ᠢᠲᠤ ᠭᠠᠵᠠᠷ᠎ᠤᠨ ᠡᠷᠬᠡ ᠵᠢᠨ ᠬᠠᠷᠢᠶᠠᠯᠠᠯ᠎ᠤᠨ ᠦᠨᠡᠮᠯᠡᠯ᠎ᠤᠨ ᠨᠠᠷᠢᠨ ᠬᠦᠰᠦᠨᠦᠭᠲᠦ ᠪᠤᠶᠤ ᠣᠶ᠋ᠢᠲᠤ ᠭᠠᠵᠠᠷ᠎ᠤᠨ ᠭᠡᠷᠡᠴᠢ᠃
     5 . ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠳᠤ ᠤᠢ᠌ᠲᠤ ᠭᠠᠵᠠᠷ᠎ᠢ ᠬᠡᠷᠡᠭᠯᠡᠬᠦ ᠪᠣᠯᠤᠮᠵᠢᠲᠤ ᠴᠢᠨᠠᠷ᠎ᠤᠨ ᠮᠡᠳᠡᠭᠦᠯᠦᠯᠲᠡ ᠪᠤᠶᠤ ᠤᠢ᠌ᠲᠤ ᠭᠠᠵᠠᠷ᠎ᠤᠨ ᠣᠳᠣᠬᠢ ᠪᠠᠶ᠋ᠢᠳᠠᠯ᠎ᠤᠨ ᠪᠠᠶ᠋ᠢᠴᠠᠭ᠋ᠠᠯᠲᠠ ᠵᠢᠨ ᠬᠦᠰᠦᠨᠦᠭᠲᠦ᠃
     6 . ᠮᠤᠵᠢ᠂ ᠬᠣᠲᠠ᠂ ᠰᠢᠶᠠᠨ᠎ᠤ ᠱᠠᠲᠤᠨ᠎ᠤ ᠣᠶ ᠰᠢᠭᠤᠶ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠠᠩᠬ᠎ᠠ ᠠᠯᠬᠤᠮ᠎ᠤᠨ ᠬᠢᠨᠠᠨ ᠪᠠᠶ᠋ᠢᠴᠠᠭ᠋ᠠᠭᠰᠠᠨ ᠰᠠᠨᠠᠯ᠃
     7 . ᠬᠣᠯᠪᠣᠭᠳᠠᠯ ᠪᠦᠬᠦᠢ ᠣᠶ ᠰᠢᠭᠤᠶ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠭᠠᠷᠭ᠋ᠠᠭᠰᠠᠨ ᠲᠤᠬᠠᠶ ᠵᠢᠨ ᠲᠠᠯᠠᠪᠠᠶ ᠵᠢᠨ ᠪᠠᠶ᠋ᠢᠴᠠᠭ᠋ᠠᠨ ᠰᠢᠯᠭ᠋ᠠᠬᠤ ᠬᠦᠰᠦᠨᠦᠭᠲᠦ᠃
   

ᠢᠷᠡᠯᠲᠡ᠄ ᠤᠯᠤᠰ᠎ᠤᠨ ᠤᠢ ᠰᠢᠭᠤᠢ ᠪᠠ ᠨᠤᠲᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠵᠢᠮᠢᠰ᠎ᠤᠨ ᠮᠣᠳᠣ ᠳᠠᠷᠢᠬᠤ ᠬᠦᠷᠢᠶᠡᠯᠡᠩ᠎ᠨᠢ ᠮᠣᠳᠣ ᠣᠭᠲᠣᠯᠬᠤ ᠵᠦᠪᠰᠢᠶᠡᠷᠡᠯ᠎ᠤᠨ ᠦᠨᠡᠮᠯᠡᠯ ᠭᠤᠶᠤᠴᠢᠯᠠᠬᠤ ᠴᠢᠬᠤᠯᠠᠲᠠᠶ ᠤᠤ?
ᠭᠠᠮᠰᠢᠭ᠎ᠢ ᠰᠠᠷᠬᠡᠢ᠍ᠢ᠍ᠯᠠᠵᠤ ᠭᠠᠮᠰᠢᠭ᠎ᠢ ᠪᠠᠭ᠋ᠠᠰᠬᠠᠬᠤ ᠮᠠᠳᠠᠯᠬᠡ ᠵᠢᠨ ᠠᠰᠠᠭᠤᠯᠳᠠ ᠬᠠᠷᠢᠭᠤᠯᠳᠠ
ᠤᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠬᠠᠤᠯᠢ᠎ᠳᠠᠬᠢ 《ᠤᠷᠴᠢᠨ ᠲᠤᠭᠤᠷᠢᠨ》᠎ᠤ ᠤᠬᠠᠭᠳᠠᠬᠤᠨ᠎ᠨᠢ ᠶᠠᠭᠤ ᠪᠤᠢ?
《ᠲᠠᠷᠢᠮᠠᠯ᠎ᠤᠨ ᠡᠪᠡᠳᠴᠢᠨ ᠬᠤᠷᠣᠬᠠᠶ ᠵᠢᠨ ᠬᠥᠨᠥᠭᠡᠯ᠎ᠢ ᠰᠡᠷᠭᠡᠶ᠋ᠢᠯᠡᠨ ᠵᠠᠰᠠᠬᠤ ᠳᠦᠷᠢᠮ》᠎ᠤᠨ ᠭᠤᠤᠯ ᠠᠭᠤᠯᠭ᠎ᠠ᠎ᠨᠢ ᠶᠠᠭᠤ ᠪᠣᠢ?
ᠲᠠᠷᠢᠶᠠᠯᠠᠬᠤ ᠵᠢ ᠵᠣᠭᠰᠣᠭ᠋ᠠᠵᠤ ᠣᠶ ᠰᠢᠭᠤᠶ ᠵᠢ ᠰᠡᠷᠭᠦᠭᠡᠬᠦ ᠨᠥᠬᠥᠪᠥᠷᠢ ᠵᠢᠨ ᠲᠤᠬᠠᠶ ᠬᠣᠯᠪᠣᠭᠳᠠᠯ ᠪᠥᠬᠥᠶ ᠲᠥᠷᠥ ᠵᠢᠨ ᠪᠣᠳᠣᠯᠭ᠎ᠠ᠎ᠨᠢ ᠶᠠᠮᠠᠷ ᠪᠣᠶ?
 
             蒙ICP备05000248号