ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠦᠢᠯᠡᠴᠢᠯᠡᠬᠦ᠌ ᠵᠦᠭᠯᠡᠬᠦᠷ
ᠤᠢ ᠰᠢᠭᠤᠢ ᠵᠢᠨ ᠳᠠᠷᠤᠭ᠎ᠠ ᠵᠢᠨ ᠠᠵᠢᠯ᠎ᠤᠨ ᠡᠭᠦᠷᠭᠡ ᠬᠠᠷᠢᠭᠤᠴᠠᠯᠭ᠎ᠠ᠎ᠨᠢ ᠶᠠᠭᠤ ᠪᠤᠢ?
ᠨᠡᠶ᠋ᠢᠲᠡᠯᠡᠭᠰᠡᠨ ᠴᠠᠭ᠄ 2021-12-29

      ᠡᠯ᠎ᠡ ᠱᠠᠲᠤᠨ᠎ᠤ ᠤᠢ ᠰᠢᠭᠤᠶ ᠵᠢᠨ ᠳᠠᠷᠤᠭ᠎ᠠ ᠵᠢᠨ ᠠᠵᠢᠯ᠎ᠤᠨ ᠡᠭᠦᠷᠭᠡ ᠬᠠᠷᠢᠭᠤᠴᠠᠯᠭ᠎ᠠ᠄ ᠬᠠᠷᠢᠭᠤᠴᠠᠯᠭ᠋ᠠᠲᠤ ᠣᠷᠣᠨ ᠪᠦᠰᠡ ᠵᠢᠨ ᠣᠶ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ᠎ᠢ ᠬᠠᠮᠠᠭ᠋ᠠᠯᠠᠨ ᠬᠥᠭᠵᠢᠭᠦᠯᠬᠦ ᠠᠵᠢᠯ᠎ᠢ ᠵᠣᠬᠢᠶᠠᠨ ᠪᠠᠶ᠋ᠢᠭᠤᠯᠤᠨ ᠤᠳᠤᠷᠢᠳᠴᠤ᠂ ᠣᠶ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ᠎ᠢ ᠬᠠᠮᠠᠭ᠋ᠠᠯᠠᠨ ᠬᠥᠭᠵᠢᠭᠦᠯᠬᠦ ᠬᠠᠷᠠᠯᠲᠠᠲᠤ ᠬᠠᠷᠢᠭᠤᠴᠠᠯᠭ᠎ᠠ ᠵᠢᠨ ᠳᠦᠷᠢᠮ᠎ᠢ ᠨᠠᠶ᠋ᠢᠳᠠᠪᠤᠷᠢᠵᠢᠭᠤᠯᠵᠤ᠂ ᠣᠶ ᠰᠢᠭᠤᠶ ᠵᠢᠨ ᠪᠦᠷᠬᠦᠴᠡ ᠵᠢᠨ ᠨᠣᠷᠮ᠎ᠠ᠂ ᠣᠶ ᠰᠢᠭᠤᠶ ᠵᠢᠨ ᠬᠠᠳᠠᠭ᠋ᠠᠯᠠᠭᠳᠠᠴᠠ ᠵᠢᠨ ᠬᠡᠮᠵᠢᠶ᠎ᠡ᠂ ᠨᠤᠲᠤᠭ ᠪᠡᠯᠴᠢᠭᠡᠷ᠎ᠤᠨ ᠶᠡᠷᠦᠩᠬᠡᠶ᠋ᠢᠯᠡᠭᠰᠡᠨ ᠤᠷᠭᠤᠮᠠᠯ᠎ᠤᠨ ᠬᠤᠴᠢᠯᠭ᠎ᠠ ᠵᠢᠨ ᠪᠦᠷᠬᠦᠴᠡ᠂ ᠡᠯᠡᠰᠦᠷᠬᠡᠭᠵᠢᠭᠰᠡᠨ ᠭᠠᠵᠠᠷ ᠰᠢᠷᠣᠶ ᠵᠢᠨ ᠵᠠᠰᠠᠯᠲᠠ ᠵᠢᠨ ᠲᠠᠯᠠᠪᠠᠶ ᠵᠡᠷᠭᠡ᠎ᠪᠠᠷ ᠴᠢᠬᠤᠯᠠ ᠭᠦᠢ᠍ᠴᠡᠳᠬᠡᠬᠦ ᠲᠣᠭ᠎ᠠ ᠪᠣᠯᠭ᠋ᠠᠵᠤ᠂ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ ᠡᠭᠦᠷᠭᠡ ᠬᠠᠷᠠᠯᠲᠠ᠎ᠪᠠᠨ ᠲᠣᠭᠲᠠᠭ᠋ᠠᠵᠤ᠂ ᠣᠶ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ᠎ᠤᠨ ᠬᠠᠮᠠᠭ᠋ᠠᠯᠠᠯᠲᠠ ᠬᠦᠭᠵᠢᠬᠦᠯᠦᠯᠳᠡ ᠵᠢᠨ ᠲᠥᠯᠥᠪᠵᠢᠭᠦᠯᠭᠡ ᠵᠢ ᠲᠣᠭᠲᠠᠭ᠋ᠠᠵᠤ᠂ ᠨᠢᠭᠡᠳᠦᠯᠲᠡᠶ ᠲᠥᠯᠥᠪᠯᠡᠨ ᠵᠠᠰᠠᠬᠤ ᠵᠢ ᠴᠢᠩᠭ᠋ᠠᠷᠠᠭᠤᠯᠤᠨ᠂ ᠲᠦᠷᠢᠮ᠎ᠤᠨ ᠪᠠᠶ᠋ᠢᠭᠤᠯᠤᠯᠲᠠ ᠵᠢ ᠠᠬᠢᠭᠤᠯᠵᠤ᠂ ᠬᠠᠷᠢᠭᠤᠴᠠᠯᠭ᠎ᠠ ᠵᠢᠨ ᠲᠣᠭᠲᠠᠴᠠ ᠵᠢ ᠲᠡᠭᠦᠯᠳᠡᠷᠵᠢᠭᠦᠯᠦᠨ᠂ ᠬᠠᠷᠢᠭᠤᠴᠠᠯᠭ᠋ᠠᠲᠤ ᠣᠷᠣᠨ ᠪᠦᠰᠡ ᠵᠢᠨ ᠭᠣᠤᠯᠳᠠᠯᠭ᠎ᠠ᠎ᠲᠠᠢ ᠬᠦᠴᠢᠷ ᠠᠰᠠᠭᠤᠳᠠᠯ᠎ᠢ ᠵᠣᠬᠢᠴᠠᠭᠤᠯᠤᠨ ᠰᠢᠢ᠍ᠳᠪᠦᠷᠢᠡᠯᠵᠦ᠂ ᠣᠶ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ᠎ᠢ ᠬᠠᠤᠯᠢ ᠶᠣᠰᠣᠭ᠋ᠠᠷ ᠪᠥᠬᠥ ᠲᠠᠯ᠎ᠠ᠎ᠪᠠᠷ ᠬᠠᠮᠠᠭ᠋ᠠᠯᠠᠨ᠂ ᠠᠮᠢ ᠠᠬᠤᠶ ᠵᠢ ᠬᠠᠮᠠᠭ᠋ᠠᠯᠠᠨ ᠰᠡᠷᠭᠦᠭᠡᠬᠦ ᠵᠢ ᠠᠬᠢᠭᠤᠯᠵᠤ᠂ ᠣᠶ ᠰᠢᠭᠤᠶ ᠨᠤᠲᠤᠭ ᠪᠡᠯᠴᠢᠭᠡᠷ᠎ᠤᠨ ᠭᠠᠯ᠎ᠢ ᠰᠡᠷᠭᠡᠶ᠋ᠢᠯᠡᠨ᠂ ᠬᠦᠨᠦᠭᠡᠯᠲᠤ ᠠᠮᠢᠳᠤ ᠪᠣᠳᠠᠰ᠎ᠢ ᠰᠡᠷᠭᠡᠶ᠋ᠢᠯᠡᠨ ᠵᠠᠰᠠᠬᠤ ᠬᠠᠷᠢᠭᠤᠴᠠᠯᠭ᠎ᠠ ᠪᠠ ᠠᠷᠭ᠎ᠠ ᠬᠡᠮᠵᠢᠶ᠎ᠡ ᠵᠢ ᠵᠣᠬᠢᠶᠠᠨ ᠪᠠᠶ᠋ᠢᠭᠤᠯᠤᠨ ᠨᠠᠶ᠋ᠢᠳᠠᠪᠤᠷᠢᠵᠢᠭᠤᠯᠵᠤ᠂ ᠣᠶ ᠰᠢᠭᠤᠶ ᠨᠤᠲᠤᠭ ᠪᠡᠯᠴᠢᠭᠡᠷ᠎ᠤᠨ ᠠᠵᠢᠯ ᠲᠥᠷᠥᠯ᠎ᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠴᠢᠩᠭ᠋ᠠᠷᠠᠭᠤᠯᠤᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠬᠠᠰᠢ ᠵᠢᠨ ᠮᠤᠳᠤ᠎ᠨᠢ ᠡᠪᠡᠰᠦᠯᠢᠭ ᠤᠷᠭᠤᠮᠠᠯ ᠤᠤ ᠡᠰᠡᠭᠦᠯ᠎ᠡ ᠮᠣᠳᠣᠯᠢᠭ ᠤᠷᠭᠤᠮᠠᠯ ᠤᠤ?
ᠲᠠᠬᠢᠶ᠎ᠠ ᠲᠡᠵᠢᠭᠡᠪᠡᠯ ᠪᠡᠯᠴᠢᠭᠡᠷ᠎ᠢ ᠰᠠᠶ᠋ᠢᠵᠢᠷᠠᠭᠤᠯᠵᠤ ᠴᠢᠳᠠᠨ᠎ᠠ
ᠨᠤᠲᠤᠭ ᠪᠡᠯᠴᠢᠭᠡᠷ ᠵᠶ᠋ᠠᠨ ᠲᠦᠷᠢᠶᠡᠰᠦᠯᠡᠭᠦᠯᠬᠦ ᠪᠠ ᠰᠢᠯᠵᠢᠭᠦᠯᠦᠨ ᠦᠭᠬᠦ ᠵᠢᠨ ᠴᠢᠨᠡᠷ᠎ᠤᠨ ᠢᠯᠭ᠋ᠠᠭ᠎ᠠ
ᠭᠠᠯ᠎ᠤᠨ ᠭᠠᠮᠰᠢᠭ ᠡᠭᠦᠰᠬᠦ ᠦᠶ᠎ᠡ᠎ᠳᠤ ᠤᠲᠤᠭ᠎ᠠ ᠮᠠᠨᠠᠨ᠎ᠢ ᠲᠤᠰᠭ᠋ᠠᠷᠯᠠᠵᠦ᠂ ᠨᠦᠢ᠍ᠳᠡᠨ ᠠᠯᠴᠢᠭᠤᠷ᠎ᠪᠠᠷ ᠠᠮ᠎ᠠ ᠬᠠᠮᠠᠷ ᠵᠶ᠋ᠠᠨ ᠲᠬᠠᠯᠠᠨ᠂ ᠪᠦᠬᠦᠶ᠋ᠢᠨ ᠬᠦᠶᠦᠵᠦ ᠠᠶᠤᠯ᠎ᠠᠴᠠ ᠮᠤᠯᠳᠤᠷᠠᠬᠤ ᠵᠢ ᠮᠡᠳᠡᠬᠦ ᠬᠡᠷᠡᠭᠳᠡᠢ᠃ 119 ᠤᠳᠠᠰᠦ᠎ᠪᠠᠷ ᠭᠠᠯ᠎ᠤᠨ ᠭᠠᠮᠰᠢᠭ᠎ᠢ ᠮᠡᠳᠡᠭᠦᠯᠵᠦ ᠴᠢᠳᠠᠬᠤ ᠦᠭᠡᠢ
ᠦᠠᠳᠦᠷ ᠬᠦᠴᠦᠳᠡᠯ᠂ ᠨᠤᠴᠤᠮᠠᠳᠠᠭ᠋ᠠᠢ᠂ ᠳᠠᠰᠤᠷᠠᠮᠠᠳᠡᠬᠡᠢ᠂ ᠲᠤᠠᠠᠰᠢᠨ ᠬᠤᠤᠷ᠎ᠲᠠᠢ᠂ ᠰᠠᠴᠤᠷᠠᠮᠠᠬᠠᠢ ᠴᠢᠨᠠᠷ᠎ᠲᠠᠢ᠂ ᠠᠮᠢᠳᠦ ᠪᠤᠳᠠᠰ᠎ᠤᠨ ᠠᠮᠤᠷ ᠲᠦᠪᠰᠢᠨ ᠵᠡᠷᠭᠡ ᠶᠡᠷᠦ᠎ᠳᠡᠭᠡᠨ ᠬᠠᠷᠬᠠᠳᠠᠳᠠᠭ ᠠᠶᠤᠯ᠎ᠤᠨ ᠳᠡᠮᠳᠡᠭ᠎ᠢ ᠢᠯᠭ᠋ᠠᠨ ᠴᠢᠳᠠᠵᠦ᠂ ᠠᠶᠤᠯ ᠲᠦᠭᠰᠢᠭᠦᠷᠢ ᠪᠤᠳᠠᠰ᠎ᠠᠴᠠ ᠬᠤᠯ᠎ᠠ ᠪᠠᠶ᠋ᠢᠬᠤ ᠬᠡᠷᠡᠭᠳᠡᠢ
 
             蒙ICP备05000248号