ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠦᠢᠯᠡᠴᠢᠯᠡᠬᠦ᠌ ᠵᠦᠭᠯᠡᠬᠦᠷ
ᠤᠢ ᠰᠢᠭᠤᠢ ᠵᠢᠨ ᠳᠠᠷᠤᠭ᠎ᠠ ᠵᠢᠨ ᠳᠦᠷᠢᠮ᠎ᠤᠨ ᠥᠭᠡᠷᠡᠴᠢᠯᠡᠯᠲᠡ᠎ᠨᠢ ᠠᠮᠢ ᠠᠬᠤᠢ᠎ᠪᠠᠷ ᠠᠷᠠᠳ᠎ᠲᠤ ᠠᠰᠢᠭ ᠬᠦᠷᠲᠡᠭᠡᠬᠦ ᠵᠢ ᠬᠡᠷᠬᠢᠨ ᠢᠯᠡᠷᠡᠭᠦᠯᠦᠭᠰᠡᠨ ᠪᠤᠢ?
ᠨᠡᠶ᠋ᠢᠲᠡᠯᠡᠭᠰᠡᠨ ᠴᠠᠭ᠄ 2021-12-29

      ᠣᠶ ᠰᠢᠭᠤᠶ ᠵᠢᠨ ᠳᠠᠷᠤᠭ᠎ᠠ ᠵᠢᠨ ᠳᠦᠷᠢᠮ᠎ᠢ ᠬᠡᠷᠡᠭᠵᠢᠭᠦᠯᠵᠦ᠂ ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠲᠠ ᠮᠥᠩᠭᠥᠨ ᠠᠭᠤᠯᠠ ᠤᠰᠤ ᠮᠦᠨ ᠭᠡᠬᠦ ᠣᠶ᠋ᠢᠯᠠᠭ᠋ᠠᠭᠳᠠᠬᠤᠨ᠎ᠢ ᠦᠢ᠍ᠯᠡᠳᠦᠯᠭᠡᠵᠢᠭᠦᠯᠵᠦ᠂ ᠠᠷᠠᠳ ᠲᠦᠮᠡᠨ ᠵᠶ᠋ᠠᠷ ᠭᠣᠣᠯ ᠪᠣᠯᠭ᠋ᠠᠬᠤ ᠵᠢ ᠢᠮᠠᠭᠲᠠ ᠪᠠᠷᠢᠮᠲᠠᠯᠠᠵᠤ᠂ ᠣᠶ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ᠎ᠤᠨ ᠬᠠᠮᠠᠭ᠋ᠠᠯᠠᠯᠲᠠ ᠬᠦᠭᠵᠢᠬᠦᠯᠦᠯᠳᠡ ᠵᠢ ᠠᠷᠠᠳ ᠣᠯᠠᠨ᠎ᠤ ᠬᠡᠷᠡᠭᠴᠡᠭᠡ ᠱᠠᠭ᠋ᠠᠷᠳᠠᠯᠭ᠎ᠠ᠎ᠲᠠᠢ ᠨᠢᠭᠲᠠ ᠤᠶᠠᠯᠳᠤᠭᠤᠯᠵᠤ᠂ ᠠᠮᠢ ᠠᠬᠤᠶ ᠵᠢᠨ ᠠᠵᠦ ᠦᠢ᠍ᠯᠡᠰ᠎ᠤᠨ ᠠᠮᠢ ᠠᠬᠤᠶ᠋ᠢᠵᠢᠯᠲᠠ ᠵᠢ ᠢᠳᠡᠪᠬᠢᠲᠡᠶ᠎ᠪᠠᠷ ᠠᠬᠢᠭᠤᠯᠵᠤ᠂ ᠣᠶ ᠰᠢᠭᠤᠶ ᠵᠢᠨ ᠡᠵᠡᠩᠨᠡᠯᠲᠡ᠂ ᠤᠨᠴᠠᠯᠢᠬᠳᠤ ᠠᠵᠤ ᠦᠢ᠍ᠯᠡᠰ᠎ᠤᠨ ᠬᠥᠭᠵᠢᠯᠲᠡ᠂ ᠲᠤᠰᠬᠠᠶ ᠪᠠᠯᠠ ᠮᠥᠩᠭᠥ ᠵᠢᠨ ᠣᠷᠣᠭᠤᠯᠤᠯᠲᠠ ᠵᠡᠷᠭᠡ᠎ᠪᠠᠷ ᠳᠠᠮᠵᠢᠭᠤᠯᠤᠨ᠂ ᠣᠶ ᠰᠢᠭᠤᠶ ᠵᠢᠨ ᠶᠠᠰᠤ ᠴᠢᠨᠠᠷ᠎ᠢ ᠳᠡᠭᠡᠭᠰᠢᠯᠡᠭᠦᠯᠵᠦ᠂ ᠣᠶ᠋ᠢᠲᠤ ᠭᠠᠵᠠᠷ᠎ᠤᠨ ᠭᠠᠷᠤᠯᠲᠠ ᠵᠢ ᠨᠡᠮᠡᠭᠳᠡᠭᠦᠯᠦᠨ᠂ ᠦᠨᠳᠦᠰᠦᠨ ᠱᠠᠲᠤᠨ᠎ᠤ ᠣᠯᠠᠨ ᠲᠦᠮᠡᠨ᠎ᠤ ᠠᠵᠢᠯ ᠣᠯᠭᠣᠯᠲᠠ ᠵᠢ ᠥᠷᠭᠡᠳᠬᠡᠵᠦ᠂ ᠠᠷᠠᠳ ᠣᠯᠠᠨ᠎ᠤ ᠦᠵᠡᠰᠭᠦᠯᠡᠩᠲᠤ ᠰᠠᠶ᠋ᠢᠬᠠᠨ ᠠᠮᠢ ᠠᠬᠤᠶ ᠵᠢᠨ ᠣᠷᠴᠢᠨ ᠲᠣᠭᠣᠷᠢᠨ᠂ ᠣᠬᠢ ᠰᠠᠶ᠋ᠢᠨ ᠠᠮᠢ ᠠᠬᠤᠶ ᠵᠢᠨ ᠪᠦᠲᠦᠭᠡᠭᠳᠡᠬᠦᠨ᠂ ᠰᠢᠯᠢᠳᠡᠭ ᠰᠠᠶ᠋ᠢᠨ ᠠᠮᠢ ᠠᠬᠤᠶ ᠵᠢᠨ ᠦᠢ᠍ᠯᠡᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠲᠠᠰᠤᠷᠠᠯᠲᠠ ᠥᠬᠡᠶ ᠬᠠᠩᠭ᠋ᠠᠬᠤ ᠬᠡᠷᠡᠭᠲᠡᠶ᠃ ᠣᠶ ᠰᠢᠭᠤᠶ ᠵᠢᠨ ᠳᠠᠷᠤᠭ᠎ᠠ ᠵᠢᠨ ᠲᠦᠷᠢᠮ᠎ᠢ ᠬᠡᠷᠡᠭᠵᠢᠭᠦᠯᠬᠦ ᠶᠠᠪᠤᠴᠠ᠎ᠳᠤ᠂ ᠣᠶ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ᠎ᠢ ᠬᠠᠮᠠᠭ᠋ᠠᠯᠠᠬᠤ ᠪᠠ ᠬᠥᠭᠵᠢᠭᠦᠯᠬᠦ ᠬᠠᠷᠠᠯᠲᠠ ᠵᠢ ᠪᠡᠶᠡᠯᠡᠭᠦᠯᠬᠦ ᠵᠢᠨ ᠬᠠᠮᠲᠤ᠂ ᠠᠮᠢ ᠠᠬᠤᠶ᠎ᠪᠠᠷ ᠠᠷᠠᠳ᠎ᠲᠤ ᠠᠰᠢᠭ ᠬᠦᠷᠲᠡᠭᠡᠬᠦ ᠵᠢ ᠳᠣᠪᠣᠶ᠋ᠢᠯᠭ᠋ᠠᠨ᠂ ᠥᠭᠡᠷᠡᠴᠢᠯᠡᠯᠲᠡ᠎ᠪᠠᠷ ᠠᠷᠠᠳ᠎ᠲᠤ ᠠᠰᠢᠭ ᠬᠦᠷᠲᠡᠭᠡᠬᠦ᠂ ᠠᠵᠤ   ᠦᠢ᠍ᠯᠡᠰ᠎ᠢ ᠬᠥᠭᠵᠢᠭᠦᠯᠵᠦ ᠠᠷᠠᠳ᠎ᠢ ᠪᠠᠶᠠᠵᠢᠭᠤᠯᠬᠤ ᠵᠢ ᠪᠠᠷᠢᠮᠲᠠᠯᠠᠵᠤ᠂ 《ᠠᠮᠢ ᠠᠬᠤᠶ ᠵᠢᠨ ᠴᠡᠪᠡᠷ ᠠᠰᠢᠭ》᠎ᠢ ᠪᠥᠬᠥ ᠬᠦᠴᠦᠨ ᠵᠶ᠋ᠠᠷ ᠵᠶ᠋ᠠᠨ ᠪᠠᠳᠠᠷᠠᠭᠤᠯᠵᠤ᠂ ᠠᠮᠢ ᠠᠬᠤᠶ ᠵᠢ ᠬᠠᠮᠠᠭ᠋ᠠᠯᠠᠬᠤ᠂ ᠠᠵᠤ ᠦᠢ᠍ᠯᠡᠰ᠎ᠢ ᠬᠥᠭᠵᠢᠭᠦᠯᠬᠦ᠂ ᠠᠷᠠᠳ᠎ᠢ ᠪᠠᠶᠠᠵᠢᠭᠤᠯᠬᠤ ᠣᠯᠠᠨ ᠲᠠᠯ᠎ᠠ᠎ᠪᠠᠷ ᠠᠰᠢᠭ ᠭᠥᠷᠳᠡᠬᠦ ᠬᠠᠷᠠᠯᠲᠠ ᠵᠢ ᠪᠡᠶᠡᠯᠡᠭᠦᠯᠬᠦ ᠬᠡᠷᠡᠭᠲᠡᠶ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠤᠢ ᠰᠢᠭᠤᠢ ᠵᠢᠨ ᠳᠠᠷᠤᠭ᠎ᠠ ᠵᠢᠨ ᠠᠵᠢᠯ᠎ᠤᠨ ᠡᠭᠦᠷᠭᠡ ᠬᠠᠷᠢᠭᠤᠴᠠᠯᠭ᠎ᠠ᠎ᠨᠢ ᠶᠠᠭᠤ ᠪᠤᠢ?
ᠬᠠᠰᠢ ᠵᠢᠨ ᠮᠤᠳᠤ᠎ᠨᠢ ᠡᠪᠡᠰᠦᠯᠢᠭ ᠤᠷᠭᠤᠮᠠᠯ ᠤᠤ ᠡᠰᠡᠭᠦᠯ᠎ᠡ ᠮᠣᠳᠣᠯᠢᠭ ᠤᠷᠭᠤᠮᠠᠯ ᠤᠤ?
ᠲᠠᠬᠢᠶ᠎ᠠ ᠲᠡᠵᠢᠭᠡᠪᠡᠯ ᠪᠡᠯᠴᠢᠭᠡᠷ᠎ᠢ ᠰᠠᠶ᠋ᠢᠵᠢᠷᠠᠭᠤᠯᠵᠤ ᠴᠢᠳᠠᠨ᠎ᠠ
ᠨᠤᠲᠤᠭ ᠪᠡᠯᠴᠢᠭᠡᠷ ᠵᠶ᠋ᠠᠨ ᠲᠦᠷᠢᠶᠡᠰᠦᠯᠡᠭᠦᠯᠬᠦ ᠪᠠ ᠰᠢᠯᠵᠢᠭᠦᠯᠦᠨ ᠦᠭᠬᠦ ᠵᠢᠨ ᠴᠢᠨᠡᠷ᠎ᠤᠨ ᠢᠯᠭ᠋ᠠᠭ᠎ᠠ
ᠭᠠᠯ᠎ᠤᠨ ᠭᠠᠮᠰᠢᠭ ᠡᠭᠦᠰᠬᠦ ᠦᠶ᠎ᠡ᠎ᠳᠤ ᠤᠲᠤᠭ᠎ᠠ ᠮᠠᠨᠠᠨ᠎ᠢ ᠲᠤᠰᠭ᠋ᠠᠷᠯᠠᠵᠦ᠂ ᠨᠦᠢ᠍ᠳᠡᠨ ᠠᠯᠴᠢᠭᠤᠷ᠎ᠪᠠᠷ ᠠᠮ᠎ᠠ ᠬᠠᠮᠠᠷ ᠵᠶ᠋ᠠᠨ ᠲᠬᠠᠯᠠᠨ᠂ ᠪᠦᠬᠦᠶ᠋ᠢᠨ ᠬᠦᠶᠦᠵᠦ ᠠᠶᠤᠯ᠎ᠠᠴᠠ ᠮᠤᠯᠳᠤᠷᠠᠬᠤ ᠵᠢ ᠮᠡᠳᠡᠬᠦ ᠬᠡᠷᠡᠭᠳᠡᠢ᠃ 119 ᠤᠳᠠᠰᠦ᠎ᠪᠠᠷ ᠭᠠᠯ᠎ᠤᠨ ᠭᠠᠮᠰᠢᠭ᠎ᠢ ᠮᠡᠳᠡᠭᠦᠯᠵᠦ ᠴᠢᠳᠠᠬᠤ ᠦᠭᠡᠢ
 
             蒙ICP备05000248号