ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠦᠢᠯᠡᠴᠢᠯᠡᠬᠦ᠌ ᠵᠦᠭᠯᠡᠬᠦᠷ
ᠵᠢᠮᠢᠰ᠎ᠤᠨ ᠮᠣᠳᠣ ᠳᠠᠷᠢᠬᠤ ᠬᠦᠷᠢᠶᠡᠯᠡᠩ᠎ᠨᠢ ᠮᠣᠳᠣ ᠣᠭᠲᠣᠯᠬᠤ ᠵᠦᠪᠰᠢᠶᠡᠷᠡᠯ᠎ᠤᠨ ᠦᠨᠡᠮᠯᠡᠯ ᠭᠤᠶᠤᠴᠢᠯᠠᠬᠤ ᠴᠢᠬᠤᠯᠠᠲᠠᠶ ᠤᠤ?
ᠨᠡᠶ᠋ᠢᠲᠡᠯᠡᠭᠰᠡᠨ ᠴᠠᠭ᠄ 2021-02-02

      ᠭᠠᠵᠠᠷ ᠰᠢᠷᠣᠶ ᠵᠢᠨ ᠰᠢᠨᠵᠢ ᠴᠢᠨᠠᠷ᠎ᠨᠢ ᠴᠡᠴᠡᠷᠯᠢᠭ ᠭᠠᠵᠠᠷ᠂ ᠬᠡᠰᠡᠭ ᠭᠠᠵᠠᠷ᠎ᠲᠤ ᠵᠢᠮᠢᠰ᠎ᠤᠨ ᠮᠣᠳᠣ (ᠲᠤᠷᠤᠭ ᠮᠣᠳᠣ) ᠲᠠᠷᠢᠭᠰᠠᠨ ᠪᠠᠢ᠌ᠨ᠎ᠠ᠂ ᠬᠡᠷᠪᠡ ᠡᠨᠡᠬᠦ ᠵᠢᠮᠢᠰ᠎ᠤᠨ ᠮᠣᠳᠣ ᠵᠢ ᠣᠭᠲᠣᠯᠬᠤ᠎ᠳᠤ ᠮᠣᠳᠣ ᠣᠭᠲᠣᠯᠬᠤ ᠵᠥᠪᠰᠢᠶᠡᠷᠡᠯ᠎ᠤᠨ ᠦᠨᠡᠮᠯᠡᠯ ᠠᠪᠬᠤ ᠴᠢᠬᠤᠯᠠᠲᠠᠶ ᠤᠤ?
      ᠬᠠᠷᠢᠭᠤᠯᠲᠠ᠄ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠣᠢ ᠰᠢᠭᠤᠢ ᠵᠢᠨ ᠬᠠᠤᠯᠢ》᠎ᠳᠤ᠄
      ᠲᠡᠪᠢᠠ ᠵᠢᠷᠭᠤᠳᠤᠭ᠋ᠠᠷ ᠵᠦᠢ᠍ᠯ ᠣᠶ᠋ᠢᠲᠤ ᠭᠠᠵᠠᠷ ᠳᠡᠭᠡᠷᠡᠬᠢ ᠤᠢ ᠮᠣᠳᠣ ᠵᠢ ᠣᠭᠲᠣᠯᠬᠤ᠎ᠳᠤ ᠮᠤᠳᠤ ᠣᠭᠲᠣᠯᠬᠤ ᠵᠥᠪᠰᠢᠶᠡᠷᠡᠯ᠎ᠤᠨ ᠦᠨᠡᠮᠯᠡᠯ ᠭᠤᠶᠤᠴᠢᠯᠠᠬᠤ ᠬᠡᠷᠡᠭᠲᠡᠢ ᠪᠥᠭᠡᠳ ᠮᠤᠳᠤ ᠣᠭᠲᠣᠯᠬᠤ ᠵᠥᠪᠰᠢᠶᠡᠷᠡᠯ᠎ᠤᠨ ᠦᠨᠡᠮᠯᠡᠯ᠎ᠳᠠᠬᠢ ᠲᠣᠭᠲᠠᠭ᠋ᠠᠯ ᠶᠣᠰᠣᠭ᠋ᠠᠷ ᠣᠭᠲᠣᠯᠬᠤ ᠬᠡᠷᠡᠭᠲᠡᠢ; ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠠᠴᠠ ᠭᠠᠳᠠᠨᠠᠬᠢ ᠬᠤᠯᠤᠰᠤᠨ ᠤᠢ ᠵᠢ ᠣᠭᠲᠣᠯᠬᠤ᠎ᠳᠤ ᠮᠤᠳᠤ ᠣᠭᠲᠣᠯᠬᠤ ᠵᠥᠪᠰᠢᠶᠡᠷᠡᠯ᠎ᠤᠨ ᠦᠨᠡᠮᠯᠡᠯ ᠭᠤᠶᠤᠴᠢᠯᠠᠬᠤ ᠬᠡᠷᠡᠭ ᠦᠬᠡᠢ᠂ ᠭᠡᠪᠡᠴᠦ ᠤᠢ ᠮᠣᠳᠣ ᠣᠭᠲᠣᠯᠬᠤ ᠮᠡᠷᠭᠡᠵᠢᠯ᠎ᠤᠨ ᠳᠦᠷᠢᠮᠵᠢᠯ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠢ᠃
      ᠬᠥᠳᠡᠭᠡ ᠲᠣᠰᠬᠣᠨ᠎ᠤ ᠰᠠᠭᠤᠭ᠋ᠠᠯᠢ ᠠᠷᠠᠳ ᠬᠤᠪᠢᠨ᠎ᠳᠠᠭᠠᠨ ᠦᠯᠡᠳᠡᠭᠡᠭᠰᠡᠨ ᠲᠡᠷᠢᠶ᠎ᠠ ᠪᠠ ᠪᠠᠶ᠋ᠢᠰᠢᠩ᠎ᠤᠨ ᠵᠶ᠋ᠠᠨ ᠠᠷᠤ ᠥᠪᠥᠷ᠎ᠲᠠᠬᠢ ᠬᠤᠪᠢ ᠵᠢᠨ ᠥᠮᠴᠢᠯᠡᠯ᠎ᠤᠨ ᠬᠡᠰᠡᠭ ᠪᠤᠰᠠᠭ ᠤᠢ ᠮᠣᠳᠣ᠎ᠪᠠᠨ ᠣᠭᠲᠣᠯᠬᠤ᠎ᠳᠤ ᠮᠤᠳᠤ ᠣᠭᠲᠣᠯᠬᠤ ᠵᠥᠪᠰᠢᠶᠡᠷᠡᠯ᠎ᠤᠨ ᠦᠨᠡᠮᠯᠡᠯ ᠭᠤᠶᠤᠴᠢᠯᠠᠬᠤ ᠬᠡᠷᠡᠭ ᠤᠢ᠍ᠭᠡᠢ᠃
      ᠣᠶ᠋ᠢᠲᠤ ᠭᠠᠵᠠᠷ᠎ᠤᠨ ᠪᠤᠰᠤ ᠲᠠᠷᠢᠶᠠᠨ ᠭᠠᠵᠠᠷ᠎ᠤᠨ ᠬᠠᠯᠬᠠᠪᠴᠢ ᠤᠢ᠂ ᠰᠠᠯᠬᠢ ᠵᠢ ᠬᠠᠯᠬᠠᠯᠠᠵᠤ ᠡᠯᠡᠰᠦ ᠵᠢ ᠲᠣᠭᠲᠠᠪᠤᠷᠢᠵᠢᠭᠤᠯᠬᠤ ᠤᠢ᠂ ᠵᠠᠮ ᠬᠠᠮᠠᠭ᠋ᠠᠯᠠᠬᠤ ᠤᠢ᠂ ᠬᠠᠰᠢᠯᠭ᠎ᠠ ᠬᠠᠮᠠᠭ᠋ᠠᠯᠠᠬᠤ ᠤᠢ ᠪᠣᠯᠤᠨ ᠬᠤᠳᠠ ᠪᠠᠯᠭ᠋ᠠᠰᠤᠨ᠎ᠤ ᠤᠢ ᠮᠣᠳᠣ ᠵᠡᠷᠭᠡ ᠵᠢ ᠰᠢᠨᠡᠳᠬᠡᠨ ᠣᠭᠲᠣᠯᠬᠤ ᠶᠠᠪᠤᠳᠠᠯ᠎ᠢ ᠬᠣᠯᠪᠣᠭᠳᠠᠯ ᠪᠦᠬᠦᠢ ᠡᠷᠬᠢᠯᠡᠠ ᠬᠠᠮᠢᠶᠠᠷᠬᠤ ᠰᠠᠯᠠᠭ᠎ᠠ ᠮᠥᠴᠢᠷ᠎ᠠᠴᠠ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠠᠮᠢᠶᠠᠷᠤᠨ᠎ᠠ᠃
      ᠤᠢ ᠮᠣᠳᠣ ᠵᠢ ᠤᠭᠲᠤᠯᠠᠬᠤ ᠲᠠᠷᠢᠬᠤ ᠰᠢᠯᠵᠢᠬᠦᠯᠬᠦ᠎ᠳᠤ ᠤᠢ ᠮᠤᠳᠤ ᠵᠢ ᠣᠭᠲᠣᠯᠬᠤ ᠬᠠᠮᠢᠶᠠᠷᠤᠯᠳᠠ ᠶᠣᠰᠣᠭ᠋ᠠᠷ ᠬᠠᠮᠢᠶᠠᠷᠤᠨ᠎ᠠ᠃ ᠪᠣᠳᠠᠲᠠᠢ ᠠᠷᠭ᠎ᠠ ᠵᠢ ᠲᠤᠢ᠍ᠷᠦ ᠵᠢᠨ ᠶᠠᠪᠤᠳᠠᠯ᠎ᠤᠨ ᠬᠣᠷᠢᠶᠠᠨ᠎ᠤ ᠤᠢ ᠰᠢᠭᠤᠢ ᠵᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ᠎ᠠᠴᠠ ᠲᠣᠭᠲᠠᠭ᠋ᠠᠨ᠎ᠠ᠃
 

ᠢᠷᠡᠯᠲᠡ᠄ ᠤᠯᠤᠰ᠎ᠤᠨ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠭᠠᠮᠰᠢᠭ᠎ᠢ ᠰᠠᠷᠬᠡᠢ᠍ᠢ᠍ᠯᠠᠵᠤ ᠭᠠᠮᠰᠢᠭ᠎ᠢ ᠪᠠᠭ᠋ᠠᠰᠬᠠᠬᠤ ᠮᠠᠳᠠᠯᠬᠡ ᠵᠢᠨ ᠠᠰᠠᠭᠤᠯᠳᠠ ᠬᠠᠷᠢᠭᠤᠯᠳᠠ
ᠤᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠬᠠᠤᠯᠢ᠎ᠳᠠᠬᠢ 《ᠤᠷᠴᠢᠨ ᠲᠤᠭᠤᠷᠢᠨ》᠎ᠤ ᠤᠬᠠᠭᠳᠠᠬᠤᠨ᠎ᠨᠢ ᠶᠠᠭᠤ ᠪᠤᠢ?
《ᠲᠠᠷᠢᠮᠠᠯ᠎ᠤᠨ ᠡᠪᠡᠳᠴᠢᠨ ᠬᠤᠷᠣᠬᠠᠶ ᠵᠢᠨ ᠬᠥᠨᠥᠭᠡᠯ᠎ᠢ ᠰᠡᠷᠭᠡᠶ᠋ᠢᠯᠡᠨ ᠵᠠᠰᠠᠬᠤ ᠳᠦᠷᠢᠮ》᠎ᠤᠨ ᠭᠤᠤᠯ ᠠᠭᠤᠯᠭ᠎ᠠ᠎ᠨᠢ ᠶᠠᠭᠤ ᠪᠣᠢ?
ᠲᠠᠷᠢᠶᠠᠯᠠᠬᠤ ᠵᠢ ᠵᠣᠭᠰᠣᠭ᠋ᠠᠵᠤ ᠣᠶ ᠰᠢᠭᠤᠶ ᠵᠢ ᠰᠡᠷᠭᠦᠭᠡᠬᠦ ᠨᠥᠬᠥᠪᠥᠷᠢ ᠵᠢᠨ ᠲᠤᠬᠠᠶ ᠬᠣᠯᠪᠣᠭᠳᠠᠯ ᠪᠥᠬᠥᠶ ᠲᠥᠷᠥ ᠵᠢᠨ ᠪᠣᠳᠣᠯᠭ᠎ᠠ᠎ᠨᠢ ᠶᠠᠮᠠᠷ ᠪᠣᠶ?
ᠬᠢᠨᠠᠨ ᠵᠥᠪᠰᠢᠶᠡᠷᠡᠭᠰᠡᠨ ᠪᠢᠴᠢᠭ (ᠰᠢᠭᠤᠶ᠋ᠢᠲᠤ ᠭᠠᠵᠠᠷ᠎ᠢ ᠥᠨᠢᠳᠡ ᠲᠠᠲᠠᠪᠤᠷᠢᠯᠠᠨ ᠡᠵᠡᠯᠡᠬᠦ) ᠬᠦᠴᠦᠨ᠎ᠲᠠᠢ ᠬᠤᠭᠤᠴᠠᠭ᠎ᠠ ᠪᠠᠶ᠋ᠢᠨ᠎ᠠ ᠦᠦ?
 
             蒙ICP备05000248号