ᠤᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠬᠠᠤᠯᠢ ᠵᠢᠨ ᠬᠤᠶᠠᠳᠤᠭ᠋ᠠᠷ ᠵᠦᠢ᠍ᠯ᠎ᠳᠤ᠂ ᠲᠤᠰ ᠬᠠᠤᠯᠢ᠎ᠳᠠᠬᠢ ᠤᠷᠴᠢᠨ ᠲᠤᠭᠤᠷᠢᠨ ᠪᠤᠯ ᠬᠦᠮᠦᠨ ᠲᠦᠷᠦᠯᠬᠢᠲᠡᠨ᠎ᠤ ᠤᠷᠤᠰᠢᠨ ᠲᠤᠭᠲᠠᠨᠢᠬᠤ ᠪᠠ ᠬᠦᠭᠵᠢᠬᠦ ᠵᠢ ᠨᠦᠯᠦᠭᠡᠯᠡᠬᠦ ᠡᠯ ᠠ ᠵᠦᠢ᠍ᠯ᠎ᠤᠨ ᠪᠠᠶ᠋ᠢᠭ᠋ᠠᠯᠢ ᠵᠢᠨ ᠪᠠ ᠬᠦᠮᠦᠨ᠎ᠤ ᠬᠦᠴᠤ᠎ᠪᠠᠷ ᠬᠤᠪᠢᠷᠠᠭᠤᠯᠤᠨ ᠪᠦᠲᠦᠭᠡᠭᠰᠡᠨ ᠪᠠᠶ᠋ᠢᠭ᠋ᠠᠯᠢ ᠵᠢᠨ ᠡᠯᠧᠮᠧᠨ᠋ᠲ ᠵᠢᠨ ᠶᠡᠷᠦᠩᠬᠡᠶ᠋ᠢᠯᠡᠯᠢ ᠵᠢᠭ᠋ᠠᠨ᠎ᠠ ᠭᠡᠵᠤ ᠲᠤᠭᠲᠠᠭ᠋ᠠᠵᠠᠢ᠃ ᠠᠭ᠋ᠠᠷ᠂ ᠤᠰᠤ᠂ ᠳᠠᠯᠠᠢ ᠲᠠᠩᠭᠢᠰ᠂ ᠭᠠᠵᠠᠷ ᠰᠢᠷᠤᠢ᠂ ᠠᠭᠤᠷᠬᠠᠢ ᠵᠢᠨ ᠪᠤᠯᠠᠭᠳᠠᠴᠠ᠂ ᠤᠢ ᠰᠢᠭᠤᠢ᠂ ᠲᠠᠯ ᠠ ᠨᠤᠲᠤᠭ᠂ ᠨᠠᠮᠤᠭ ᠭᠠᠵᠠᠷ᠂ ᠭᠡᠭᠡᠷ ᠠ ᠵᠢᠨ ᠤᠷᠭᠤᠮᠠᠯ᠂ ᠪᠠᠶ᠋ᠢᠭ᠋ᠠᠯᠢ ᠵᠢᠨ ᠦᠯᠡᠳᠡᠭᠳᠡᠯ᠂ ᠬᠦᠮᠦᠨ ᠰᠤᠶᠤᠯ᠎ᠤᠨ ᠦᠯᠡᠳᠡᠭᠳᠡᠯ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠤᠷᠤᠨ᠂ ᠦᠵᠡᠮᠵᠢ ᠵᠢᠨ ᠤᠷᠤᠨ᠂ ᠬᠤᠲᠠ ᠪᠠ ᠰᠢᠶᠠᠩ ᠲᠤᠰᠬᠤᠨ ᠵᠡᠷᠭᠡ ᠵᠢ ᠪᠠᠭᠲᠠᠭ᠋ᠠᠨ᠎ᠠ᠃