ᠣᠳᠣ ᠵᠢᠨ ᠬᠡᠷᠡᠭᠵᠢᠭᠦᠯᠵᠦ ᠪᠠᠶ᠋ᠢᠭ᠎ᠠ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ ᠶᠣᠰᠣᠭ᠋ᠠᠷ᠂ ᠰᠢᠨ᠎ᠡ ᠨᠢᠭᠡᠨ ᠡᠭᠡᠯᠵᠢ ᠵᠢᠨ ᠲᠠᠷᠢᠶᠠᠯᠠᠬᠤ ᠵᠢ ᠵᠣᠭᠰᠣᠭ᠋ᠠᠵᠤ ᠣᠶ ᠰᠢᠭᠤᠶ ᠵᠢ ᠰᠡᠷᠭᠦᠭᠡᠬᠦ᠎ᠳᠤ ᠲᠥᠪ᠎ᠠᠴᠠ ᠮᠦ᠍ ᠪᠦᠷᠢ᠎ᠳᠤ 1600 ᠲᠥᠭᠥᠷᠢᠭ᠎ᠤᠨ ᠨᠥᠬᠥᠪᠥᠷᠢ ᠣᠯᠭᠣᠨ᠎ᠠ (ᠡᠭᠦᠨ᠎ᠳᠤ ᠡᠳ᠋᠎ᠤᠨ ᠵᠠᠰᠠᠭ᠎ᠤᠨ ᠲᠤᠰᠬᠠᠶ ᠵᠦᠢ᠍ᠯ᠎ᠤᠨ ᠪᠡᠯᠡ ᠮᠥᠩᠭᠥ᠎ᠳᠤ 1200 ᠲᠥᠭᠥᠷᠢᠭ᠎ᠤᠨ ᠨᠥᠬᠥᠪᠥᠷᠢ ᠲᠣᠬᠢᠷᠠᠭᠤᠯᠵᠤ᠂ ᠲᠥᠰᠦᠪ᠎ᠤᠨ ᠳᠣᠲᠣᠷᠠᠬᠢ ᠪᠡᠯᠡ ᠣᠷᠣᠭᠤᠯᠤᠯᠲᠠ᠎ᠳᠤ ᠦᠷ᠎ᠡ ᠴᠢᠬᠢ ᠵᠢᠨ ᠣᠶ᠋ᠢᠵᠢᠭᠤᠯᠤᠯᠲᠠ ᠵᠢᠨ ᠵᠠᠷᠤᠳᠠᠯ᠎ᠤᠨ ᠨᠥᠬᠥᠪᠥᠷᠢ 400 ᠲᠥᠭᠥᠷᠢᠭ ᠲᠣᠬᠢᠷᠠᠭᠤᠯᠤᠨ᠎ᠠ); ᠲᠤᠰᠠᠯᠠᠮᠵᠢ ᠵᠢᠨ ᠪᠡᠯᠡ ᠮᠥᠩᠭᠥ ᠵᠢ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠭᠤᠷᠪᠠ ᠤᠳᠠᠭ᠎ᠠ ᠬᠤᠪᠢᠶᠠᠨ ᠪᠠᠭᠤᠯᠭ᠋ᠠᠵᠤ᠂ ᠮᠦ᠍ ᠪᠦᠷᠢ᠎ᠳᠤ ᠨᠢᠭᠡᠳᠦᠭᠡᠷ ᠵᠢᠯ 900 ᠲᠥᠭᠥᠷᠢᠭ (ᠦᠷ᠎ᠡ ᠴᠢᠬᠢ ᠵᠢᠨ ᠤᠢ᠌ᠵᠢᠭᠤᠯᠤᠯᠳᠠ ᠵᠢᠨ ᠵᠠᠷᠤᠳᠠᠯ 400 ᠲᠥᠭᠥᠷᠢᠭ ᠪᠠᠭᠲᠠᠨ᠎ᠠ)᠂ ᠭᠤᠷᠪᠠᠳᠤᠭ᠋ᠠᠷ ᠵᠢᠯ᠎ᠳᠤ 300 ᠲᠥᠭᠥᠷᠢᠭ᠂ ᠲᠠᠪᠤᠳᠤᠭ᠋ᠠᠷ ᠵᠢᠯ᠎ᠤᠨ 400 ᠲᠥᠭᠥᠷᠢᠭ ᠪᠣᠯᠤᠨ᠎ᠠ᠃ ᠡᠭᠦᠨ᠎ᠤ ᠬᠠᠮᠲᠤ᠂ 《ᠰᠢᠨ᠎ᠡ ᠨᠢᠭᠡ ᠡᠭᠡᠯᠵᠢ ᠵᠢᠨ ᠲᠠᠷᠢᠶᠠᠯᠠᠬᠤ ᠵᠢ ᠵᠣᠭᠰᠣᠭ᠋ᠠᠵᠤ ᠣᠶ ᠰᠢᠭᠤᠶ ᠡᠪᠡᠰᠦ ᠪᠡᠯᠴᠢᠭᠡᠷ᠎ᠢ ᠰᠡᠷᠭᠦᠭᠡᠬᠦ ᠶᠡᠷᠦᠩᠬᠡᠶ ᠲᠥᠰᠦᠯ》᠎ᠳᠤ᠂ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠲᠥᠪ᠎ᠤᠨ ᠨᠥᠬᠥᠪᠥᠷᠢ ᠵᠢᠨ ᠪᠠᠷᠢᠮᠵᠢᠶ᠎ᠠ᠎ᠠᠴᠠ ᠳᠤᠤᠷ᠎ᠠ ᠥᠬᠡᠶ ᠪᠠᠶ᠋ᠢᠬᠤ ᠰᠠᠭᠤᠷᠢᠨ ᠳᠡᠭᠡᠷ᠎ᠡ᠂ ᠲᠠᠷᠢᠶᠠᠯᠠᠬᠤ᠎ᠪᠠᠨ ᠵᠣᠭᠰᠣᠭᠰᠠᠨ ᠲᠠᠷᠢᠶᠠᠴᠢᠳ᠎ᠲᠤ ᠣᠯᠭᠣᠬᠤ ᠪᠣᠳᠠᠲᠠᠶ ᠨᠥᠬᠥᠪᠥᠷᠢ ᠵᠢᠨ ᠪᠠᠷᠢᠮᠵᠢᠶ᠎ᠠ ᠪᠠ ᠨᠦᠬᠦᠪᠦᠷᠢ ᠤᠯᠭᠤᠬᠤ ᠤᠳᠠᠭ᠎ᠠ ᠵᠢ ᠡᠵᠡᠨ ᠮᠡᠳᠡᠵᠦ ᠲᠣᠭᠲᠠᠭ᠋ᠠᠵᠤ ᠪᠣᠯᠤᠨ᠎ᠠ᠃ ᠣᠷᠣᠨ ᠨᠤᠲᠤᠭ᠎ᠤᠨ ᠳᠡᠭᠡᠭᠰᠢᠯᠡᠭᠦᠯᠬᠦ ᠪᠠᠷᠢᠮᠵᠢᠶ᠎ᠠ ᠵᠢᠨ ᠲᠥᠪ᠎ᠤᠨ ᠨᠥᠬᠥᠪᠥᠷᠢ ᠥᠭᠬᠦ ᠬᠡᠪᠴᠢᠶ᠎ᠡ᠎ᠠᠴᠠ ᠬᠡᠲᠦᠷᠡᠭᠰᠡᠨ ᠬᠡᠰᠡᠭ᠎ᠢ ᠣᠷᠣᠨ ᠨᠤᠲᠤᠭ᠎ᠤᠨ ᠡᠳ᠋᠎ᠤᠨ ᠵᠠᠰᠠᠭ᠎ᠠᠴᠠ ᠥᠪᠡᠰᠦᠪᠡᠨ ᠡᠭᠦᠷᠭᠡᠯᠡᠨ᠎ᠡ᠃ ᠲᠠᠷᠢᠶᠠᠯᠠᠬᠤ ᠵᠢ ᠵᠣᠭᠰᠣᠭ᠋ᠠᠵᠤ ᠤᠢ ᠰᠢᠭᠤᠶ ᠵᠢ ᠰᠡᠷᠭᠦᠭᠡᠭᠰᠡᠨ᠎ᠤ ᠲᠠᠷᠠᠭ᠎ᠠ ᠪᠤᠢ ᠪᠣᠯᠭ᠋ᠠᠭᠰᠠᠨ ᠤᠢ ᠮᠣᠳᠣ᠎ᠨᠢ ᠲᠣᠭᠲᠠᠭ᠋ᠠᠯ᠎ᠳᠤ ᠨᠡᠶ᠋ᠢᠴᠡᠪᠡᠯ ᠲᠥᠪ᠎ᠤᠨ ᠪᠠ ᠣᠷᠣᠨ ᠨᠤᠲᠤᠭ᠎ᠤᠨ ᠡᠳ᠋᠎ᠤᠨ ᠵᠠᠰᠠᠭ᠎ᠤᠨ ᠤᠢ ᠰᠢᠭᠤᠶ ᠵᠢᠨ ᠠᠮᠢ ᠠᠬᠤᠶ ᠵᠢᠨ ᠦᠷ᠎ᠡ ᠠᠰᠢᠭ᠎ᠤᠨ ᠨᠥᠬᠥᠪᠥᠷᠢ᠎ᠳᠤ ᠳᠤᠰ ᠳᠤᠰ ᠣᠷᠣᠭᠤᠯᠵᠤ ᠪᠣᠯᠤᠨ᠎ᠠ᠂ ᠨᠡᠶ᠋ᠢᠲᠡ ᠵᠢᠨ ᠠᠰᠠᠷᠠᠮᠵᠢ ᠵᠢᠨ ᠤᠢ᠎ᠳᠤ ᠣᠷᠣᠭᠤᠯᠤᠭᠰᠠᠨ ᠦᠬᠡᠢ ᠪᠠᠶ᠋ᠢᠪᠠᠯ᠂ ᠵᠥᠪᠰᠢᠶᠡᠷᠡᠭᠦᠯᠦᠭᠡᠳ ᠬᠠᠤᠯᠢ ᠶᠣᠰᠣᠭ᠋ᠠᠷ ᠣᠭᠲᠣᠯᠵᠤ ᠪᠣᠯᠤᠨ᠎ᠠ᠃ ᠡᠭᠦᠨ᠎ᠠᠴᠠ ᠭᠠᠳᠠᠨ᠎ᠠ᠂ ᠰᠢᠨ᠎ᠡ ᠨᠢᠭᠡᠨ ᠡᠭᠡᠯᠵᠢ ᠵᠢᠨ ᠲᠠᠷᠢᠶᠠᠯᠠᠬᠤ ᠵᠢ ᠵᠣᠭᠰᠣᠭ᠋ᠠᠵᠤ ᠣᠶ ᠰᠢᠭᠤᠶ ᠡᠪᠡᠰᠦ ᠪᠡᠯᠴᠢᠭᠡᠷ᠎ᠢ ᠰᠡᠷᠭᠦᠭᠡᠬᠦ᠎ᠳᠤ 《ᠲᠠᠷᠢᠶᠠᠴᠢᠳ᠎ᠤᠨ ᠰᠠᠢ᠌ᠨ ᠲᠤᠷ᠎ᠠ ᠵᠢᠨ ᠢᠳᠡᠪᠬᠢᠵᠢᠯ᠂ ᠵᠠᠰᠠᠭ᠎ᠤᠨ ᠣᠷᠳᠣᠨ᠎ᠤ ᠵᠢᠯᠤᠭᠤᠳᠤᠯᠭ᠎ᠠ》᠂ 《ᠵᠢᠮ᠎ᠡ ᠶᠣᠰᠣ ᠵᠢ ᠬᠦᠨᠳᠦᠳᠬᠡᠬᠦ᠂ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠬᠤ》 ᠵᠡᠷᠭᠡ ᠵᠠᠷᠴᠢᠮ᠎ᠢ ᠵᠢᠷᠤᠮᠯᠠᠨ᠂ ᠲᠠᠷᠢᠶᠠᠯᠠᠬᠤ᠎ᠪᠠᠨ ᠵᠤᠭᠰᠤᠭ᠋ᠠᠬᠤ ᠡᠰᠡᠬᠦ᠂ ᠤᠢ᠌ᠵᠢᠭᠤᠯᠬᠤ ᠪᠤᠶᠤ ᠡᠰᠡᠭᠦᠯ᠎ᠡ ᠡᠪᠡᠰᠦ ᠪᠡᠯᠴᠢᠭᠡᠷ᠎ᠢ ᠰᠡᠷᠭᠦᠭᠡᠬᠦ᠂ ᠶᠠᠮᠠᠷ ᠲᠥᠷᠥᠯ ᠵᠦᠢ᠍ᠯ ᠳᠠᠷᠢᠬᠤ ᠵᠢ ᠴᠥᠮ ᠲᠠᠷᠢᠶᠠᠴᠢᠳ ᠥᠪᠡᠰᠦᠪᠡᠨ ᠲᠣᠭᠲᠠᠭ᠋ᠠᠬᠤ ᠪᠥᠭᠡᠳ ᠠᠮᠢ ᠠᠬᠤᠶ ᠵᠢᠨ ᠣᠶ ᠪᠣᠯᠤᠨ ᠠᠵᠤ ᠠᠬᠤᠶ ᠵᠢᠨ ᠣᠶ ᠬᠡᠮᠡᠨ ᠠᠩᠬᠢᠯᠠᠬᠤ ᠦᠭᠡᠢ᠃ ᠲᠠᠷᠢᠶᠠᠯᠠᠬᠤ ᠵᠢ ᠵᠣᠭᠰᠣᠭ᠋ᠠᠵᠤ ᠠᠵᠤ ᠠᠬᠤᠶ ᠵᠢᠨ ᠣᠶ ᠰᠢᠭᠤᠶ ᠵᠢ ᠰᠡᠷᠭᠦᠭᠡᠭᠰᠡᠨ ᠪᠣᠯ ᠡᠵᠡᠩᠨᠡᠯᠲᠡ ᠵᠢᠨ ᠴᠢᠨᠠᠷᠲᠠᠶ ᠣᠷᠣᠯᠭ᠎ᠠ ᠵᠢ᠎ᠨᠢ ᠨᠡᠮᠡᠭᠳᠡᠭᠦᠯᠵᠦ ᠪᠣᠯᠤᠨ᠎ᠠ᠂ ᠠᠮᠢ ᠠᠬᠤᠶ ᠵᠢᠨ ᠣᠶ ᠰᠢᠭᠤᠶ ᠵᠢ ᠰᠡᠷᠭᠦᠭᠡᠭᠰᠡᠨ ᠪᠣᠯ ᠠᠵᠢᠯ ᠣᠯᠭᠣᠬᠤ ᠵᠢ ᠠᠬᠢᠭᠤᠯᠵᠤ᠂ ᠴᠠᠯᠢᠩ᠎ᠤᠨ ᠴᠢᠨᠠᠷᠲᠠᠶ ᠣᠷᠣᠯᠭ᠎ᠠ ᠵᠢ᠎ᠨᠢ ᠨᠡᠮᠡᠭᠳᠡᠭᠦᠯᠵᠦ ᠪᠣᠯᠤᠨ᠎ᠠ᠃