《ᠪᠦᠳᠤᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ᠎ᠳᠤ ᠣᠶ᠋ᠢᠲᠤ ᠭᠠᠵᠠᠷ᠎ᠢ ᠬᠡᠷᠡᠭᠯᠡᠬᠦ ᠵᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠬᠠᠮᠢᠶᠠᠷᠤᠯᠲᠠ ᠵᠢᠨ ᠠᠷᠭ᠎ᠠ》 ᠵᠢᠨ ᠬᠣᠷᠢᠨ ᠲᠠᠪᠤᠳᠤᠭ᠋ᠠᠷ ᠵᠦᠢ᠍ᠯ᠎ᠳᠤ᠄ ᠬᠢᠨᠠᠨ ᠬᠠᠷᠭᠤᠭᠤᠯᠤᠭ᠋ᠠᠳ ᠵᠥᠪᠰᠢᠶᠡᠷᠡᠭᠰᠡᠨ ᠣᠶ᠋ᠢᠲᠤ ᠭᠠᠵᠠᠷ᠎ᠢ ᠬᠡᠷᠡᠭᠯᠡᠬᠦ ᠪᠦᠳᠤᠭᠡᠨ ᠪᠠᠶ᠋ᠢᠭᠤᠯᠤᠯᠲᠠ ᠵᠢᠨ ᠵᠦᠢ᠍ᠯᠡᠰ᠎ᠲᠤ ᠵᠠᠰᠠᠭ ᠵᠠᠬᠢᠷᠭ᠋ᠠᠨ᠎ᠤ ᠵᠥᠪᠰᠢᠶᠡᠷᠡᠯ ᠥᠭᠬᠦ ᠲᠣᠭᠲᠠᠭ᠋ᠠᠯ᠎ᠤᠨ ᠪᠢᠴᠢᠭ᠎ᠤᠨ ᠬᠦᠴᠦᠨ᠎ᠲᠠᠢ ᠬᠤᠭᠤᠴᠠᠭ᠎ᠠ᠎ᠨᠢ ᠬᠣᠶᠠᠷ ᠵᠢᠯ ᠪᠣᠯᠤᠨ᠎ᠠ᠃ ᠪᠦᠳᠦᠭᠡᠨ ᠪᠠᠶ᠋ᠢᠭᠤᠯᠤᠯᠲᠠ ᠵᠢᠨ ᠵᠦᠢ᠍ᠯᠡᠰ᠎ᠨᠢ ᠬᠦᠴᠦᠨ᠎ᠲᠠᠢ ᠬᠤᠭᠤᠴᠠᠭ᠋ᠠᠨ᠎ᠳᠤ ᠪᠦᠳᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ᠎ᠢ ᠣᠯᠤᠭᠰᠠᠨ ᠦᠭᠡᠢ ᠪᠠᠶ᠋ᠢᠪᠠᠯ᠂ ᠭᠠᠵᠠᠷ ᠬᠡᠷᠡᠭᠯᠡᠬᠦ ᠨᠢᠭᠡᠴᠢ᠎ᠨᠢ ᠬᠦᠴᠦᠨ᠎ᠲᠠᠢ ᠬᠤᠭᠤᠴᠠᠭ᠎ᠠ ᠳᠦᠭᠦᠷᠬᠦ᠎ᠠᠴᠠ 3 ᠰᠠᠷ᠎ᠠ ᠵᠢᠨ ᠡᠮᠦᠨ᠎ᠡ ᠤᠤᠯ᠎ᠤᠨ ᠬᠢᠨᠠᠨ ᠬᠠᠷᠭᠤᠭᠤᠯᠬᠤ ᠪᠠᠶ᠋ᠢᠭᠤᠯᠭ᠎ᠠ᠎ᠳᠤ ᠬᠤᠭᠤᠴᠠᠭ᠎ᠠ ᠤᠷᠲᠤᠳᠬᠠᠬᠤ ᠭᠤᠶᠤᠴᠢᠯᠠᠯ ᠭᠠᠷᠭ᠋ᠠᠬᠤ ᠬᠡᠷᠡᠭᠲᠡᠢ᠂ ᠤᠤᠯ᠎ᠤᠨ ᠬᠢᠨᠠᠨ ᠬᠠᠷᠭᠤᠭᠤᠯᠵᠤ ᠵᠥᠪᠰᠢᠶᠡᠷᠡᠭᠰᠡᠨ ᠪᠠᠶ᠋ᠢᠭᠤᠯᠭ᠎ᠠ᠎ᠨᠢ ᠵᠠᠰᠠᠭ ᠵᠠᠬᠢᠷᠭ᠋ᠠᠨ᠎ᠤ ᠵᠥᠪᠰᠢᠶᠡᠷᠡᠯ ᠥᠭᠬᠦ ᠲᠣᠭᠲᠠᠭ᠋ᠠᠯ᠎ᠤᠨ ᠬᠦᠴᠦᠨ᠎ᠲᠠᠢ ᠬᠤᠭᠤᠴᠠᠭ᠎ᠠ ᠳᠦᠭᠦᠷᠬᠦ᠎ᠠᠴᠠ ᠡᠮᠦᠨ᠎ᠡ ᠬᠤᠭᠤᠴᠠᠭ᠎ᠠ ᠤᠷᠲᠤᠳᠬᠠᠬᠤ ᠵᠢ ᠵᠥᠪᠰᠢᠶᠡᠷᠡᠬᠦ ᠡᠰᠡᠬᠦ ᠲᠤᠬᠠᠢ ᠲᠣᠭᠲᠠᠭ᠋ᠠᠯ ᠭᠠᠷᠭ᠋ᠠᠬᠤ ᠬᠡᠷᠡᠭᠲᠡᠢ᠃ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠨᠢ ᠬᠦᠴᠦᠨ᠎ᠲᠠᠢ ᠬᠤᠭᠤᠴᠠᠭ᠋ᠠᠨ᠎ᠳᠤ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠵᠥᠪᠰᠢᠶᠡᠷᠡᠯ᠎ᠤᠨ ᠪᠢᠴᠢᠭ ᠮᠠᠲ᠋ᠧᠷᠢᠶᠠᠯ ᠣᠯᠤᠭ᠋ᠠᠳᠤᠶ ᠮᠥᠷᠲᠡᠭᠡᠨ ᠪᠠᠰᠠ ᠬᠤᠭᠤᠴᠠᠭ᠎ᠠ ᠤᠷᠲᠤᠳᠬᠠᠬᠤ᠎ᠪᠠᠷ ᠭᠤᠶᠤᠴᠢᠯᠠᠭᠰᠠᠨ ᠥᠬᠡᠶ ᠪᠣᠯ᠂ ᠵᠠᠰᠠᠭ ᠵᠠᠬᠢᠷᠭ᠋ᠠᠨ᠎ᠤ ᠵᠥᠪᠰᠢᠶᠡᠷᠡᠯ ᠥᠭᠬᠦ ᠲᠣᠭᠲᠠᠭ᠋ᠠᠯ᠎ᠤᠨ ᠪᠢᠴᠢᠭ᠎ᠨᠢ ᠬᠦᠴᠦᠨ ᠥᠬᠡᠶ ᠪᠣᠯᠤᠨ᠎ᠠ᠃