2016 ᠣᠨᠳᠤ᠂ ᠵᠢᠶᠠᠩᠰᠢ ᠮᠤᠵᠢ ᠵᠢᠨ ᠹᠦᠵᠧᠦ ᠬᠤᠲᠠ 《ᠠᠭᠤᠯᠠ ᠠᠭᠤᠷᠬᠠᠢ ᠵᠢᠨ ᠳᠠᠷᠤᠭ᠎ᠠ ᠵᠢᠨ ᠲᠦᠷᠢᠮ》ᠢ ᠲᠤᠷᠰᠢᠨ ᠬᠡᠷᠡᠭᠵᠢᠭᠦᠯᠵᠦ᠂ ᠦᠨᠢᠩ ᠰᠢᠶᠠᠨ 《ᠤᠢ ᠰᠢᠭᠤᠢ ᠵᠢᠨ ᠳᠠᠷᠤᠭ᠎ᠠ ᠵᠢᠨ ᠲᠦᠷᠢᠮ》ᠢ ᠲᠤᠷᠰᠢᠨ ᠬᠡᠷᠡᠭᠵᠢᠭᠦᠯᠪᠡ᠃ 2017 ᠣᠨᠤ 3 ᠰᠠᠷᠠᠳᠤ᠂ ᠠᠨᡁᠦᠢ᠍ᠢ ᠮᠤᠵᠢ ᠡᠩ ᠲᠡᠷᠢᠭᠦᠨᠳᠤ ᠾᠸᠹᠸᠢ᠂ ᠠᠨᠴᠢᠩ᠂ ᠰᠢᠤᠸᠠᠨᠴᠸᠩ 3 ᠬᠤᠳᠠᠳᠤ ᠤᠢ ᠰᠢᠭᠤᠢ ᠵᠢᠨ ᠳᠠᠷᠤᠭ᠎ᠠ ᠵᠢᠨ ᠳᠦᠷᠢᠮᠤᠨ ᠥᠭᠡᠷᠡᠴᠢᠯᠡᠯᠲᠡ ᠵᠢ ᠲᠤᠷᠰᠢᠨ ᠬᠡᠷᠡᠭᠵᠢᠬᠦᠯᠪᠡ᠃ 2018 ᠣᠨᠳᠤ ᠪᠦᠬᠦ ᠤᠯᠤᠰᠲᠤ ᠤᠢ ᠰᠢᠭᠤᠢ ᠵᠢᠨ ᠳᠠᠷᠤᠭ᠎ᠠ ᠵᠢᠨ ᠳᠦᠷᠢᠮᠤᠨ ᠥᠭᠡᠷᠡᠴᠢᠯᠡᠯᠲᠡ ᠵᠢ ᠪᠦᠬᠦ ᠲᠠᠯᠠᠪᠠᠷ ᠥᠷᠨᠢᠭᠦᠯᠵᠦ᠂ ᠨᠠᠮ ᠵᠠᠰᠠᠭᠤᠨ ᠤᠳᠤᠷᠢᠳᠤᠯᠭ᠎ᠠ ᠵᠢᠨ ᠬᠠᠷᠢᠭᠤᠴᠠᠯᠭ᠎ᠠ ᠵᠢᠨ ᠳᠦᠷᠢᠮ ᠵᠶ᠋ᠠᠷ ᠭᠣᠣᠯ ᠪᠣᠯᠭ᠋ᠠᠭᠰᠠᠨ ᠮᠤᠵᠢ᠂ ᠬᠣᠲᠠ᠂ ᠰᠢᠶᠠᠨ᠂ ᠰᠢᠶᠠᠩ᠂ ᠲᠣᠰᠬᠣᠨ ᠲᠠᠪᠤᠨ ᠳᠡᠰᠤᠨ ᠤᠢ ᠰᠢᠭᠤᠢ ᠵᠢᠨ ᠳᠠᠷᠤᠭ᠎ᠠ ᠵᠢᠨ ᠰᠢᠰᠲ᠋ᠧᠮᠢ ᠪᠠᠶ᠋ᠢᠭᠤᠯᠪᠠ᠃ ᠡᠭᠦᠨᠤ ᠲᠠᠷᠠᠭᠠᠪᠠᠷ ᠵᠢᠶᠠᠩᠰᠢ᠂ ᠱᠠᠨᠳᠦ᠋ᠩ ᠵᠡᠷᠭᠡ ᠭᠠᠵᠠᠷ ᠤᠢ ᠰᠢᠭᠤᠢ ᠵᠢᠨ ᠳᠠᠷᠤᠭ᠎ᠠ ᠵᠢᠨ ᠲᠦᠷᠢᠮᠤᠨ ᠥᠭᠡᠷᠡᠴᠢᠯᠡᠯᠲᠡ ᠵᠢ ᠪᠦᠬᠦ ᠲᠠᠯᠠᠪᠠᠷ ᠥᠷᠨᠢᠭᠦᠯᠪᠡ᠃ 2019 ᠣᠨᠤ 4 ᠰᠠᠷᠠᠳᠤ᠂ ᠤᠯᠤᠰᠤᠨ ᠣᠶ ᠰᠢᠭᠤᠶ ᠪᠠ ᠨᠤᠲᠤᠭ ᠪᠡᠯᠴᠢᠭᠡᠷᠤᠨ ᠲᠣᠪᠴᠢᠶᠠᠠᠴᠠ ᠠᠨᠾᠦ᠋ᠢ ᠮᠤᠵᠢ ᠵᠢᠨ ᠪᠥᠬᠥ ᠤᠯᠤᠰᠤᠨ ᠣᠶ ᠰᠢᠭᠤᠶ ᠵᠢᠨ ᠳᠠᠷᠤᠭ᠎ᠠ ᠵᠢᠨ ᠲᠦᠷᠢᠮᠤᠨ ᠥᠭᠡᠷᠡᠴᠢᠯᠡᠯᠲᠡ ᠵᠢᠨ ᠵᠢᠱ᠌ᠢᠶ᠎ᠡ ᠦᠵᠡᠭᠦᠯᠬᠦ ᠣᠷᠣᠨᠢ ᠡᠭᠦᠳᠦᠨ ᠪᠠᠶ᠋ᠢᠭᠤᠯᠬᠤ ᠵᠢ ᠵᠥᠪᠰᠢᠶᠡᠷᠡᠵᠦ᠂ ᠪᠥᠬᠥ ᠤᠯᠤᠰᠲᠤ ᠯᠠᠪᠯᠠᠯᠲᠠ ᠪᠣᠯᠭ᠋ᠠᠵᠤ ᠪᠣᠯᠬᠤ ᠦᠨᠳᠦᠰᠦᠯᠡᠯ ᠬᠠᠩᠭ᠋ᠠᠪᠠ᠃