《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠬᠠᠤᠯᠢ》᠎ᠳᠤ᠄ ᠤᠯᠤᠰ᠎ᠠᠴᠠ ᠬᠡᠭᠡᠷ᠎ᠡ ᠵᠢᠨ ᠠᠮᠢᠲᠠᠨ᠎ᠢ ᠲᠥᠷᠥᠯ ᠵᠦᠢ᠍ᠯ ᠪᠠ ᠲᠠᠰ ᠳᠠᠪᠬᠤᠷᠭ᠎ᠠ ᠬᠤᠪᠢᠶᠠᠵᠤ ᠬᠠᠮᠠᠭ᠋ᠠᠯᠠᠨ᠎ᠠ᠃ ᠤᠯᠤᠰ᠎ᠠᠴᠠ ᠮᠥᠬᠥᠬᠦ ᠰᠢᠬᠠᠭᠰᠠᠨ ᠬᠣᠪᠣᠷ ᠨᠠᠨᠳᠢᠨ ᠬᠡᠭᠡᠷ᠎ᠡ ᠵᠢᠨ ᠠᠮᠢᠲᠠᠨ᠎ᠢ ᠭᠣᠣᠯᠳᠠᠯᠭ᠎ᠠ᠎ᠲᠠᠢ ᠬᠠᠮᠠᠭ᠋ᠠᠯᠠᠨ᠎ᠠ᠃ ᠤᠯᠤᠰ᠎ᠤᠨ ᠭᠣᠣᠯᠳᠠᠯᠭ᠎ᠠ᠎ᠲᠠᠢ ᠬᠠᠮᠠᠭ᠋ᠠᠯᠠᠬᠤ ᠬᠡᠭᠡᠷ᠎ᠡ ᠵᠢᠨ ᠠᠮᠢᠲᠠᠨ᠎ᠢ ᠨᠢᠭᠡᠳᠦᠭᠡᠷ ᠳᠡᠰ᠎ᠤᠨ ᠬᠠᠮᠠᠭ᠋ᠠᠯᠠᠯᠲᠠ ᠵᠢᠨ ᠬᠡᠭᠡᠷ᠎ᠡ ᠵᠢᠨ ᠠᠮᠢᠲᠠᠨ ᠪᠠ ᠬᠣᠶᠠᠳᠤᠭ᠋ᠠᠷ ᠳᠡᠰ᠎ᠤᠨ ᠬᠠᠮᠠᠭ᠋ᠠᠯᠠᠯᠲᠠ ᠵᠢᠨ ᠬᠡᠭᠡᠷ᠎ᠡ ᠵᠢᠨ ᠠᠮᠢᠲᠠᠨ ᠭᠡᠵᠦ ᠬᠤᠪᠢᠶᠠᠨ᠎ᠠ᠃ ᠤᠯᠤᠰ᠎ᠤᠨ ᠭᠣᠣᠯᠳᠠᠯᠭ᠎ᠠ᠎ᠲᠠᠢ ᠬᠠᠮᠠᠭ᠋ᠠᠯᠠᠬᠤ ᠬᠡᠭᠡᠷ᠎ᠡ ᠵᠢᠨ ᠠᠮᠢᠲᠠᠨ᠎ᠤ ᠨᠡᠷᠡᠰ᠎ᠤᠨ ᠵᠢᠭᠰᠠᠭ᠋ᠠᠯᠲᠠ ᠵᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠬᠡᠭᠡᠷ᠎ᠡ ᠵᠢᠨ ᠠᠮᠢᠲᠠᠨ᠎ᠤ ᠬᠠᠮᠠᠭ᠋ᠠᠯᠠᠯᠲᠠ ᠵᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠠᠴᠠ ᠰᠢᠨᠵᠢᠯᠡᠬᠦ ᠤᠬᠠᠭ᠋ᠠᠨᠴᠢ ᠦᠨᠡᠯᠡᠨ ᠵᠢᠱ᠌ᠢᠯᠲᠡ᠎ᠲᠠᠢ ᠵᠣᠬᠢᠶᠠᠨ ᠪᠠᠶ᠋ᠢᠭᠤᠯᠤᠭᠰᠠᠨ᠎ᠤ ᠲᠠᠷᠠᠭ᠎ᠠ ᠲᠣᠭᠲᠠᠭ᠋ᠠᠬᠤ ᠪᠥᠭᠡᠳ ᠲᠠᠪᠤᠨ ᠵᠢᠯ ᠪᠦᠷᠢ᠎ᠳᠤ ᠦᠨᠡᠯᠡᠨ ᠵᠢᠱ᠌ᠢᠭᠰᠡᠨ ᠪᠠᠶ᠋ᠢᠳᠠᠯ᠎ᠢ ᠦᠨᠳᠦᠰᠦᠯᠡᠨ ᠨᠡᠷᠡᠰ᠎ᠤᠨ ᠵᠢᠭᠰᠠᠭ᠋ᠠᠯᠲᠠ᠎ᠳᠤ ᠲᠤᠬᠢᠷᠠᠭᠤᠯᠤᠯᠲᠠ ᠬᠢᠨ᠎ᠠ᠃ ᠤᠯᠤᠰ᠎ᠤᠨ ᠭᠣᠣᠯᠳᠠᠯᠭ᠎ᠠ᠎ᠲᠠᠢ ᠬᠠᠮᠠᠭ᠋ᠠᠯᠠᠬᠤ ᠬᠡᠭᠡᠷ᠎ᠡ ᠵᠢᠨ ᠠᠮᠢᠲᠠᠨ᠎ᠤ ᠨᠡᠷᠡᠰ᠎ᠤᠨ ᠵᠢᠭᠰᠠᠭ᠋ᠠᠯᠲᠠ ᠵᠢ ᠲᠦᠷᠦ ᠵᠢᠨ ᠶᠠᠪᠤᠳᠠᠯ᠎ᠤᠨ ᠬᠤᠷᠢᠶ᠎ᠠ᠎ᠳᠤ ᠮᠡᠳᠡᠭᠦᠯᠵᠦ ᠵᠥᠪᠰᠢᠶᠡᠷᠡᠭᠦᠯᠦᠭᠡᠳ ᠨᠡᠶ᠋ᠢᠲᠡᠯᠡᠨ᠎ᠡ᠃
《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠬᠠᠤᠯᠢ》 ᠵᠢᠨ ᠲᠣᠭᠲᠠᠭ᠋ᠠᠯ ᠶᠣᠰᠣᠭ᠋ᠠᠷ᠂ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠲᠠᠷᠢᠶᠠᠯᠠᠩ ᠬᠥᠳᠡᠭᠡ ᠲᠣᠰᠬᠣᠨ᠎ᠤ ᠶᠠᠮᠤᠨ 《ᠤᠯᠤᠰ᠎ᠤᠨ ᠭᠤᠤᠯᠳᠠᠯᠭ᠎ᠠ᠎ᠲᠠᠢ ᠬᠠᠮᠠᠭ᠋ᠠᠯᠠᠬᠤ ᠬᠡᠭᠡᠷ᠎ᠡ ᠵᠢᠨ ᠠᠮᠢᠲᠠᠨ᠎ᠤ ᠨᠡᠷᠡᠰ》᠎ᠢ ᠲᠣᠭᠲᠠᠭ᠋ᠠᠵᠤ᠂ ᠢᠯᠡ᠎ᠪᠠᠷ ᠰᠠᠨᠠᠯ ᠬᠤᠷᠢᠶᠠᠵᠤ᠂ ᠲᠥᠷᠥ ᠵᠢᠨ ᠶᠠᠪᠤᠳᠠᠯ᠎ᠤᠨ ᠬᠣᠷᠢᠶ᠎ᠠ᠎ᠳᠤ ᠮᠡᠳᠡᠭᠦᠯᠦᠨ ᠵᠥᠪᠰᠢᠶᠡᠷᠡᠭᠦᠯᠦᠭᠡᠳ ᠨᠡᠶ᠋ᠢᠲᠡᠯᠡᠨ ᠬᠡᠷᠡᠭᠵᠢᠭᠦᠯᠪᠡ᠃