2019 ᠤᠨ᠎ᠤ 8 ᠰᠠᠷ᠎ᠠ ᠵᠢᠨ 26᠎ᠤ ᠡᠳᠦᠷ᠂ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠡᠭᠭᠤ ᠵᠢᠨ ᠬᠤᠷᠢᠶᠠᠨ᠎ᠤ ᠠᠷᠪᠠᠨ ᠬᠤᠶᠠᠳᠤᠭ᠋ᠠᠷ ᠬᠤᠷᠠᠯ᠎ᠠᠴᠠ ᠬᠢᠨᠠᠨ ᠵᠦᠪᠯᠡᠵᠤ ᠪᠠᠲᠤᠯᠠᠭᠰᠠᠨ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠭᠠᠵᠠᠷ ᠰᠢᠷᠦᠢ ᠵᠢᠨ ᠬᠠᠤᠯᠢ》᠎ᠳᠤ ᠵᠠᠰᠠᠪᠤᠷᠢ ᠤᠷᠤᠭᠤᠯᠬᠤ ᠲᠤᠬᠠᠢ ᠲᠤᠭᠲᠠᠭ᠋ᠠᠯ᠎ᠢ 2020 ᠤᠨ᠎ᠤ 1 ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠪᠡ᠃ ᠲᠤᠰ ᠤᠳᠠᠭ᠎ᠠ 《ᠭᠠᠵᠠᠷ ᠰᠢᠷᠤᠢ ᠵᠢᠨ ᠬᠠᠮᠢᠶᠠᠷᠤᠯᠲᠠ ᠵᠢᠨ ᠬᠠᠤᠯᠢ》᠎ᠳᠤ ᠵᠠᠰᠠᠪᠤᠷᠢ ᠤᠷᠤᠭᠤᠯᠬᠤ᠎ᠳᠠᠭᠠᠨ ᠭᠠᠵᠠᠷ ᠰᠢᠷᠤᠢ ᠵᠢᠨ ᠨᠡᠶ᠋ᠢᠲᠡ ᠵᠢᠨ ᠦᠮᠴᠢᠯᠡᠯ᠎ᠢ ᠭᠤᠶ᠋ᠢᠪᠢᠰᠢ ᠦᠭᠡᠢ ᠪᠠᠷᠢᠮᠲᠠᠯᠠᠵᠤ᠂ ᠲᠠᠷᠢᠶᠠᠴᠢᠳ᠎ᠤᠨ ᠠᠰᠢᠭ ᠲᠤᠰᠠ ᠵᠢ ᠬᠤᠬᠢᠷᠠᠭᠤᠯᠬᠤ ᠦᠭᠡᠢ ᠪᠠᠶ᠋ᠢᠬᠤ ᠵᠢ ᠪᠠᠷᠢᠮᠲᠠᠯᠠᠵᠤ᠂ ᠲᠠᠷᠢᠶᠠᠨ ᠭᠠᠵᠠᠷ᠎ᠢ ᠬᠠᠮᠠᠭ᠋ᠠᠯᠠᠬᠤ ᠬᠠᠮᠤᠭ᠎ᠤᠨ ᠴᠢᠩᠭ᠎ᠠ ᠳᠦᠷᠢᠮ ᠪᠠ ᠭᠠᠵᠠᠷ᠎ᠢ ᠠᠷᠪᠢᠲᠠᠢ ᠪᠦᠭᠡᠳ ᠡᠷᠴᠢᠮᠯᠢᠭ ᠬᠡᠷᠡᠭᠯᠡᠬᠦ ᠬᠠᠮᠤᠭ᠎ᠤᠨ ᠴᠢᠩᠭ᠎ᠠ ᠳᠦᠷᠢᠮ᠎ᠢ ᠪᠠᠷᠢᠮᠲᠠᠯᠠᠪᠠ᠃ ᠰᠢᠨ᠎ᠠ᠎ᠪᠠᠷ ᠵᠠᠰᠠᠪᠤᠷᠢ ᠤᠷᠤᠭᠤᠯᠤᠭᠰᠠᠨ ᠭᠠᠵᠠᠷ ᠰᠢᠷᠤᠢ ᠵᠢᠨ ᠬᠠᠮᠢᠶᠠᠷᠤᠯᠲᠠ ᠵᠢᠨ ᠬᠠᠤᠯᠢ᠎ᠳᠤ ᠳᠤᠤᠷᠠᠬᠢ ᠲᠠᠪᠤᠨ ᠲᠠᠯ᠎ᠠ ᠵᠢᠨ ᠭᠤᠤᠯᠳᠠᠯᠭ᠎ᠠ᠎ᠲᠠᠢ᠄ ᠨᠢᠭᠡ᠂ ᠬᠦᠳᠡᠭᠡ ᠠᠵᠤ ᠠᠬᠤᠢ ᠬᠦᠳᠡᠭᠡ ᠲᠤᠰᠬᠤᠨ᠎ᠤ ᠠᠵᠢᠯ᠎ᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠎ᠠᠴᠠ ᠤᠷᠤᠨ ᠰᠠᠭᠤᠴᠠ ᠵᠢᠨ ᠰᠠᠭᠤᠷᠢ ᠭᠠᠵᠠᠷ᠎ᠤᠨ ᠦᠭᠡᠷᠡᠴᠢᠯᠡᠯᠲᠡ ᠪᠠ ᠬᠠᠮᠢᠶᠠᠷᠤᠯᠲᠠ ᠵᠢ ᠬᠠᠷᠢᠭᠤᠴᠠᠬᠤ ᠵᠢ ᠲᠤᠳᠤᠷᠬᠠᠢ᠍ᠢ᠍ᠯᠠᠪᠠ; ᠬᠤᠶᠠᠷ᠂ ᠬᠠᠮᠲᠤ ᠵᠢᠨ ᠡᠵᠡᠩᠨᠡᠯᠲᠡ ᠵᠢᠨ ᠴᠢᠨᠠᠷᠲᠠᠢ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠰᠢᠭᠤᠳ ᠵᠠᠬ᠎ᠠ ᠳᠡᠯᠭᠡᠭᠦᠷ᠎ᠲᠤ ᠤᠷᠤᠭᠤᠯᠬᠤ ᠵᠢ ᠵᠦᠪᠰᠢᠶᠡᠷᠡᠪᠡ; ᠭᠤᠷᠪᠠ᠂ ᠭᠠᠵᠠᠷ ᠲᠠᠲᠠᠪᠤᠷᠢᠯᠠᠬᠤ ᠶᠠᠪᠤᠴᠠ ᠵᠢ ᠵᠢᠷᠤᠮᠵᠢᠭᠤᠯᠪᠠ; ᠳᠦᠷᠪᠡ᠂ ᠦᠨᠳᠦᠰᠦᠨ ᠲᠠᠷᠢᠶᠠᠨ ᠭᠠᠵᠠᠷ᠎ᠤᠨ ᠦᠨᠢᠳᠡ ᠵᠢᠨ ᠬᠠᠮᠠᠭ᠋ᠠᠯᠠᠯᠲᠠ ᠵᠢ ᠴᠢᠩᠭ᠋ᠠᠳᠬᠠᠪᠠ; ᠲᠠᠪᠤ᠂ ᠬᠦᠳᠡᠭᠡ ᠲᠤᠰᠬᠤᠨ᠎ᠤ ᠠᠵᠤ ᠦᠢ᠍ᠯᠡᠰ᠎ᠤᠨ ᠬᠦᠭᠵᠢᠯᠲᠡ᠎ᠳᠤ ᠬᠡᠷᠡᠭᠯᠡᠬᠦ ᠭᠠᠵᠠᠷ᠎ᠢ ᠪᠠᠲᠤᠯᠠᠪᠠ᠃