ᠣᠶ ᠰᠢᠭᠤᠢ ᠵᠢᠨ ᠳᠠᠷᠤᠭ᠎ᠠ ᠵᠢᠨ ᠳᠦᠷᠢᠮ᠎ᠤᠨ ᠮᠡᠳᠡᠭᠡ ᠵᠠᠩᠭᠢ ᠨᠡᠶ᠋ᠢᠲᠡᠯᠡᠬᠦ ᠲᠠᠪᠴᠠᠩ ᠢ ᠪᠠᠶ᠋ᠢᠭᠤᠯᠵᠤ᠂ ᠣᠶ ᠰᠢᠭᠤᠢ ᠵᠢᠨ ᠳᠠᠷᠤᠭ᠎ᠠ ᠵᠢᠨ ᠣᠪᠣᠭ ᠨᠡᠷ᠎ᠡ᠂ ᠬᠠᠷᠢᠯᠴᠠᠬᠤ ᠤᠲᠠᠰᠤ᠂ ᠬᠠᠷᠢᠭᠤᠴᠠᠯᠭ᠎ᠠ ᠵᠢᠨ ᠬᠡᠪᠴᠢᠶ᠎ᠡ᠂ ᠠᠵᠢᠯ᠎ᠤᠨ ᠡᠭᠦᠷᠭᠡ ᠬᠠᠷᠢᠭᠤᠴᠠᠯᠭ᠎ᠠ ᠵᠡᠷᠭᠡ ᠵᠢ ᠬᠠᠷᠢᠭᠤᠴᠠᠯᠭ᠎ᠠ ᠵᠢᠨ ᠣᠷᠣᠨ ᠪᠦᠰᠡ ᠵᠢᠨ ᠬᠠᠷ᠎ᠠ ᠰᠠᠮᠪᠠᠷ᠎ᠠ᠎ᠳᠤ ᠢᠯᠡ ᠨᠡᠢ᠌ᠲᠡᠯᠡᠵᠦ᠂ ᠨᠡᠶ᠋ᠢᠭᠡᠮ᠎ᠤᠨ ᠬᠢᠨᠠᠯᠲᠠ ᠵᠢ ᠬᠦᠯᠢᠶᠡᠬᠦ ᠬᠡᠷᠡᠭᠲᠡᠶ᠃ ᠨᠥᠬᠥᠴᠡᠯ᠎ᠲᠠᠢ ᠭᠠᠵᠠᠷ ᠣᠷᠣᠨ᠎ᠨᠢ ᠣᠶ ᠰᠢᠭᠤᠢ ᠵᠢᠨ ᠳᠠᠷᠤᠭ᠎ᠠ ᠵᠢᠨ ᠲᠦᠷᠢᠮ᠎ᠢ ᠬᠡᠷᠡᠭᠵᠢᠭᠦᠯᠦᠭᠰᠡᠨ ᠪᠠᠶ᠋ᠢᠳᠠᠯ᠎ᠳᠤ ᠭᠤᠷᠪᠠᠳᠠᠬᠢ ᠡᠲᠡᠭᠡᠳ᠎ᠠᠴᠠ ᠦᠨᠡᠯᠡᠨ ᠵᠢᠱ᠌ᠢᠯᠲᠡ ᠬᠢᠬᠦ ᠵᠢ ᠬᠡᠷᠡᠭᠵᠢᠭᠦᠯᠵᠦ᠂ ᠵᠢᠯ ᠪᠦᠷᠢ ᠣᠶ ᠰᠢᠭᠤᠶ ᠵᠢᠨ ᠡᠬᠢ ᠪᠠᠶᠠᠯᠢᠭ᠎ᠢ ᠬᠠᠮᠠᠭ᠋ᠠᠯᠠᠨ ᠬᠥᠭᠵᠢᠭᠦᠯᠦᠭᠰᠡᠨ ᠪᠠᠶ᠋ᠢᠳᠠᠯ᠎ᠢ ᠨᠡᠶ᠋ᠢᠲᠡᠯᠡᠵᠦ ᠪᠣᠯᠤᠨ᠎ᠠ᠃