ᠬᠡᠷᠡᠭ᠎ᠤᠨ ᠵᠢᠱ᠌ᠢᠶ᠎ᠡ᠄
2001 ᠤᠨ᠎ᠤ 12 ᠰᠠᠷ᠎ᠠ ᠵᠢᠨ 28᠎ᠤ ᠡᠳᠤᠷ᠂ ᠮᠠᠯᠴᠢᠨ ᠳᠠᠯᠠᠢ ᠮᠢᠶᠤᠤ ᠤᠪᠤᠭᠳᠤ᠎ᠲᠠᠢ 《ᠨᠤᠲᠤᠭ ᠪᠡᠯᠴᠢᠭᠡᠷ᠎ᠢ ᠳᠠᠭ᠋ᠠᠭ᠋ᠠᠭᠴᠢᠯᠠᠨ ᠡᠵᠡᠩᠨᠡᠬᠦ ᠭᠡᠷ᠎ᠡ》 ᠲᠤᠭᠲᠠᠭᠰᠠᠨ ᠪᠠᠶ᠋ᠢᠨ᠎ᠠ᠃ ᠲᠠᠷᠤᠢ ᠳᠠᠯᠠᠢ ᠦᠪᠡᠷ᠎ᠤᠨ ᠳᠠᠭ᠋ᠠᠭ᠋ᠠᠴᠢᠯᠠᠨ ᠡᠵᠡᠩᠨᠡᠵᠤ ᠪᠠᠶ᠋ᠢᠭ᠎ᠠ 800 ᠮᠦ᠍ ᠨᠤᠳᠤᠭ ᠪᠡᠯᠴᠢᠭᠡᠷ ᠵᠶ᠋ᠠᠨ 25 ᠵᠢᠯ᠎ᠤᠨ ᠬᠤᠭᠤᠴᠠᠭ᠎ᠠ᠎ᠲᠠᠢ᠎ᠪᠠᠷ ᠮᠢᠶᠤᠤ ᠤᠪᠤᠭᠳᠤ᠎ᠳᠤ ᠳᠠᠭ᠋ᠠᠭ᠋ᠠᠴᠢᠯᠠᠨ ᠦᠭᠭᠦᠭᠰᠡᠨ ᠪᠠᠶ᠋ᠢᠨ᠎ᠠ᠃ 2016 ᠤᠨ᠎ᠳᠤ ᠳᠠᠯᠠᠢ ᠤᠯᠵᠤ ᠮᠡᠳᠡᠭᠰᠡᠨ᠎ᠨᠢ ᠲᠡᠭᠦᠨ᠎ᠤ ᠨᠤᠲᠤᠭ ᠪᠡᠯᠴᠢᠭᠡᠷ᠎ᠤᠨ ᠳᠠᠭ᠋ᠠᠭ᠋ᠠᠴᠢᠯᠠᠨ ᠡᠵᠩᠨᠡᠬᠦ ᠡᠷᠬᠡ ᠵᠢᠨ ᠳᠡᠪᠲᠡᠷ ᠳᠡᠭᠡᠷᠡᠬᠢ ᠳᠠᠭ᠋ᠠᠭ᠋ᠠᠴᠢᠯᠠᠨ ᠡᠵᠡᠩᠨᠡᠭᠴᠢ ᠵᠢᠨ ᠨᠡᠷ᠎ᠡ᠎ᠨᠢ ᠨᠢᠭᠡᠨᠳᠡ ᠮᠢᠶᠤᠤ ᠤᠪᠤᠭᠳᠤ ᠪᠤᠯᠵᠤ ᠬᠤᠪᠢᠷᠠᠭᠰᠠᠨ ᠪᠠᠶ᠋ᠢᠯ᠎ᠠ᠃ ᠳᠠᠯᠠᠢ ᠦᠪᠡᠷ᠎ᠤᠨ ᠬᠠᠤᠯᠢ ᠶᠤᠰᠤᠨ᠎ᠤ ᠡᠷᠬᠡ ᠠᠰᠢᠭ ᠵᠶ᠋ᠠᠨ ᠬᠠᠮᠠᠭ᠋ᠠᠯᠠᠬᠤ ᠵᠢᠨ ᠲᠦᠯᠦᠭᠡ ᠲᠠᠷᠤᠢ ᠲᠦᠷᠭᠡᠨ ᠤᠷᠳᠤᠰ ᠬᠤᠲᠠ ᠵᠢᠨ ᠠᠷᠠᠳ᠎ᠤᠨ ᠵᠠᠰᠠᠭ᠎ᠤᠨ ᠤᠷᠳᠤᠨ᠎ᠳᠤ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠭᠤᠶᠤᠴᠢᠯᠠᠯ ᠳᠡᠪᠰᠢᠭᠦᠯᠵᠤ ᠮᠢᠶᠤᠤ ᠤᠪᠤᠭᠲᠤ ᠵᠢᠨ ᠭᠠᠷ᠎ᠲᠤ ᠪᠠᠶ᠋ᠢᠭ᠎ᠠ ᠡᠨᠡᠬᠦ ᠨᠤᠲᠤᠭ ᠪᠡᠯᠴᠢᠭᠡᠷ᠎ᠤᠨ ᠳᠠᠭ᠋ᠠᠭ᠋ᠠᠴᠢᠯᠠᠨ ᠡᠵᠩᠨᠡᠬᠦ ᠡᠷᠬᠡ ᠵᠢᠨ ᠳᠡᠪᠲᠡᠷ᠎ᠢ ᠦᠭᠡᠶ᠋ᠢᠰᠭᠡᠬᠦ ᠵᠢ ᠵᠤᠷᠢᠪᠠ᠃ ᠭᠡᠪᠡᠴᠤ 2016 ᠤᠨ᠎ᠤ 12 ᠰᠠᠷ᠎ᠠ ᠵᠢᠨ 21᠎ᠤ ᠡᠳᠤᠷ ᠤᠷᠳᠤᠰ ᠬᠤᠲᠠ ᠵᠢᠨ ᠠᠷᠠᠳ᠎ᠤᠨ ᠵᠠᠰᠠᠭ᠎ᠤᠨ ᠤᠷᠳᠤᠨ᠎ᠠᠴᠠ ᠰᠢᠢ᠍ᠳᠪᠦᠷᠢ ᠪᠢᠴᠢᠭ ᠪᠠᠭᠤᠯᠭ᠋ᠠᠨ ᠳᠠᠯᠠᠢ ᠵᠢᠨ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠭᠤᠶᠤᠴᠢᠯᠠᠯ᠎ᠢ ᠨᠢᠴᠤᠭ᠋ᠠᠭᠰᠠᠨ ᠪᠠᠶ᠋ᠢᠨ᠎ᠠ᠃ ᠡᠭᠦᠨ᠎ᠠᠴᠠ ᠪᠤᠯᠵᠤ ᠳᠠᠯᠠᠢ ᠵᠢᠨ 800 ᠮᠦ᠍ ᠨᠤᠲᠤᠭ ᠪᠡᠯᠴᠢᠭᠡᠷ᠎ᠤᠨ ᠳᠠᠭ᠋ᠠᠭ᠋ᠠᠴᠢᠯᠠᠨ ᠡᠵᠡᠩᠨᠡᠬᠦ ᠡᠷᠬᠡ᠎ᠨᠢ ᠬᠠᠤᠯᠢ ᠪᠤᠰᠤ ᠬᠠᠯᠳᠠᠯᠠᠭᠠᠳᠤ ᠤᠴᠠᠷᠠᠭᠰᠠᠨ ᠪᠠᠶ᠋ᠢᠨ᠎ᠠ᠃ ᠲᠡᠭᠡᠪᠡᠯ ᠲᠤᠰ ᠬᠡᠷᠡᠭ᠎ᠲᠤ ᠶᠠᠭᠤᠨ᠎ᠤ ᠤᠴᠢᠷ᠎ᠠᠴᠠ ᠲᠠᠯᠠᠢ ᠵᠢᠨ ᠮᠢᠶᠤᠤ ᠤᠪᠤᠭᠳᠤ᠎ᠳᠤ ᠲᠦᠷᠢᠶᠡᠰᠦᠯᠡᠭᠦᠯᠦᠭᠰᠡᠨ 800 ᠮᠦ᠍ ᠨᠤᠲᠤᠭ ᠪᠡᠯᠴᠢᠭᠡᠷ᠎ᠨᠢ ᠡᠴᠤᠰ᠎ᠲᠡᠭᠡᠨ ᠰᠢᠯᠵᠢᠭᠦᠯᠦᠨ ᠦᠭᠭᠦᠭᠰᠡᠨ ᠦᠷ᠎ᠡ ᠳ᠋ᠦᠩ ᠭᠠᠷᠤᠭᠰᠠᠨ ᠪᠤᠢ? ᠬᠠᠤᠯᠢᠴᠢ ᠵᠢᠨ ᠵᠠᠳᠠᠯᠤᠯᠲᠠ᠄ ᠶᠠᠭᠤᠨ᠎ᠤ ᠡᠮᠤᠨ᠎ᠡ᠂ ᠳᠠᠯᠠᠢ ᠵᠢᠨ ᠨᠤᠲᠤᠭ ᠪᠡᠯᠴᠢᠭᠡᠷ ᠲᠦᠷᠢᠶᠡᠰᠦᠯᠡᠨ ᠦᠭᠬᠦ ᠭᠡᠷ᠎ᠡ ᠪᠢᠴᠢᠭ᠎ᠤᠨ ᠰᠢᠨᠵᠢ ᠴᠢᠨᠠᠷ᠎ᠲᠤ ᠬᠠᠤᠯᠢ ᠵᠢᠨ ᠲᠠᠯ᠎ᠠ᠎ᠠᠴᠠ ᠬᠢᠨᠠᠨ ᠲᠤᠭᠲᠠᠭ᠋ᠠᠯᠲᠠ ᠬᠢᠬᠦ ᠬᠡᠷᠡᠭᠲᠠᠢ᠃ ᠲᠤᠰ ᠬᠡᠷᠡᠭ᠎ᠤᠨ ᠲᠤᠬᠠᠢ ᠵᠢᠨ ᠬᠦᠮᠦᠨ ᠳᠠᠯᠠᠢ ᠵᠢᠨ ᠤᠭ ᠰᠠᠨᠠᠭ᠋ᠠᠨ᠎ᠤ ᠢᠯᠡᠳᠬᠡᠯᠲᠡ ᠪᠤᠯ ᠲᠠᠷᠤᠢ ᠦᠪᠡᠷ᠎ᠤᠨ ᠨᠤᠲᠤᠭ ᠪᠡᠯᠴᠢᠭᠡᠷ ᠵᠶ᠋ᠠᠨ ᠮᠢᠶᠤᠤ ᠤᠪᠤᠭᠳᠤ᠎ᠳᠤ ᠲᠦᠷᠢᠶᠡᠰᠦᠯᠡᠨ ᠦᠭᠬᠦ ᠶᠠᠪᠤᠳᠠᠯ ᠪᠤᠯᠤᠨ᠎ᠠ᠃ ᠭᠡᠪᠡᠴᠤ ᠲᠤᠬᠠᠢ ᠵᠢᠨ ᠦᠶ᠎ᠡ᠎ᠳᠤ ᠬᠠᠤᠯᠢ ᠴᠠᠭ᠋ᠠᠵᠠ ᠵᠢᠨ ᠤᠬᠠᠮᠰᠠᠷ ᠲᠤᠲᠠᠮᠠᠭ᠎ᠠᠴᠠ ᠪᠤᠯᠵᠤ ᠭᠡᠷ᠎ᠡ ᠪᠢᠴᠢᠭ᠎ᠤᠨ ᠠᠭᠤᠯᠭ᠎ᠠ᠎ᠨᠢ ᠨᠢᠭᠡᠨᠳᠡ ᠭᠡᠷ᠎ᠡ ᠵᠢᠨ ᠬᠤᠶᠠᠷ ᠲᠠᠯ᠎ᠠ ᠵᠢᠨ ᠲᠤᠬᠠᠢ ᠵᠢᠨ ᠬᠦᠮᠦᠨ᠎ᠤ ᠦᠨᠡᠨ ᠰᠠᠨᠠᠭ᠋ᠠᠨ᠎ᠤ ᠢᠯᠡᠳᠬᠡᠯᠳᠡ ᠵᠢ ᠢᠯᠡᠷᠡᠭᠦᠯᠬᠦ ᠵᠤᠷᠢᠯᠲᠠ᠎ᠳᠤ ᠬᠦᠷᠴᠤ ᠴᠢᠳᠠᠭᠰᠠᠨ ᠦᠭᠡᠢ ᠪᠠᠶ᠋ᠢᠨ᠎ᠠ᠃ ᠡᠭᠦᠨ᠎ᠠᠴᠠ ᠪᠤᠯᠵᠤ ᠲᠤᠬᠠᠢ ᠵᠢᠨ ᠬᠦᠮᠦᠨ ᠮᠢᠶᠤᠤ ᠤᠪᠤᠭᠳᠤ ᠵᠠᠪᠰᠢᠶᠠᠨ᠎ᠢ ᠳᠠᠯᠢᠮᠳᠠᠭᠤᠯᠤᠨ ᠬᠠᠮᠢᠶ᠎ᠠ ᠪᠦᠬᠦᠢ ᠪᠠᠶ᠋ᠢᠭᠤᠯᠤᠯᠭ᠎ᠠ᠎ᠪᠠᠷ ᠳᠠᠮᠵᠢᠨ ᠦᠪᠡᠷ᠎ᠤᠨ ᠬᠠᠤᠯᠢ ᠪᠤᠰᠤ ᠵᠤᠷᠢᠯᠳᠠ᠎ᠳᠠᠭᠠᠨ ᠬᠦᠷᠴᠤ ᠴᠢᠳᠠᠭᠰᠠᠨ ᠪᠠᠶ᠋ᠢᠨ᠎ᠠ᠃
ᠡᠶ᠋ᠢᠮᠤ᠎ᠠᠴᠠ ᠲᠤᠰ ᠬᠡᠷᠡᠭ᠎ᠤᠨ ᠭᠤᠤᠯ ᠰᠢᠯᠲᠠᠭ᠋ᠠᠨ ᠪᠤᠯ ᠳᠠᠷᠤᠢ 《ᠨᠤᠲᠤᠭ ᠪᠡᠯᠴᠢᠭᠡᠷ᠎ᠢ ᠳᠠᠭ᠋ᠠᠭ᠋ᠠᠴᠢᠯᠠᠨ ᠡᠵᠡᠩᠨᠡᠬᠦ ᠭᠡᠷ᠎ᠡ》 ᠵᠢᠨ ᠰᠢᠨᠵᠢ ᠴᠢᠨᠠᠷ᠎ᠨᠢ ᠴᠤᠬᠤᠮ 《ᠨᠤᠳᠤᠭ ᠪᠡᠯᠴᠢᠭᠡᠷ ᠲᠦᠷᠢᠶᠡᠰᠦᠯᠡᠨ ᠦᠭᠬᠦ ᠭᠡᠷ᠎ᠡ》 ᠪᠤᠯᠤᠨ 《ᠨᠤᠲᠤᠭ ᠪᠡᠯᠴᠢᠭᠡᠷ᠎ᠤᠨ ᠲᠠᠭ᠋ᠠᠭ᠋ᠠᠴᠢᠯᠠᠨ ᠡᠵᠡᠩᠨᠡᠬᠦ ᠡᠷᠬᠡ᠎ᠪᠠᠨ ᠰᠢᠯᠵᠢᠭᠦᠯᠦᠨ ᠦᠭᠭᠦ ᠭᠡᠷ᠎ᠡ》 ᠵᠢᠨ ᠠᠯᠢ ᠨᠢᠭᠡᠨ᠎ᠳᠤᠨᠢ ᠬᠠᠷᠢᠶᠠᠯᠠᠭᠳᠠᠬᠤ ᠵᠢ ᠮᠠᠭ᠋ᠠᠳᠯᠠᠨ ᠨᠤᠲᠠᠯᠠᠬᠤ ᠤᠴᠢᠷ ᠪᠤᠯᠤᠨ᠎ᠠ᠃ ᠮᠠᠨ᠎ᠤ ᠤᠯᠤᠰ᠎ᠤᠨ 《ᠬᠦᠳᠡᠭᠡ ᠲᠤᠰᠬᠤᠨ᠎ᠤ ᠭᠠᠵᠠᠷ ᠰᠢᠷᠤᠢ ᠵᠢᠨ ᠳᠠᠭ᠋ᠠᠭ᠋ᠠᠴᠢᠯᠠᠯᠲᠠ ᠵᠢᠨ ᠬᠠᠤᠯᠢ》 ᠵᠢᠨ 32 ᠳ᠋ᠤᠭ᠋ᠠᠷ ᠵᠦᠢ᠍ᠯ᠎ᠳᠤ ᠲᠤᠭᠲᠠᠭ᠋ᠠᠭᠰᠠᠨ᠎ᠨᠢ᠄ 《ᠡᠷᠤᠬᠡ᠎ᠳᠤ ᠳᠠᠭ᠋ᠠᠭ᠋ᠠᠴᠢᠯᠠᠭᠤᠯᠬᠤ᠎ᠪᠠᠷ ᠳᠠᠮᠵᠢᠭ᠋ᠠᠳ ᠤᠯᠤᠭᠰᠠᠨ ᠭᠠᠵᠠᠷ ᠰᠢᠷᠤᠢ ᠳᠠᠭ᠋ᠠᠭ᠋ᠠᠴᠢᠯᠠᠨ ᠡᠵᠡᠩᠨᠡᠬᠦ ᠡᠷᠬᠡ᠎ᠪᠠᠨ ᠬᠠᠤᠯᠢ ᠶᠤᠰᠤᠭ᠋ᠠᠷ ᠰᠢᠯᠵᠢᠭᠦᠯᠦᠨ ᠳᠠᠭ᠋ᠠᠭ᠋ᠠᠴᠢᠯᠠᠭᠤᠯᠬᠤ᠂ ᠲᠦᠷᠢᠶᠡᠰᠦᠯᠡᠭᠦᠯᠬᠦ᠂ ᠬᠠᠷᠢᠯᠴᠠᠨ ᠰᠤᠯᠢᠬᠤ᠂ ᠰᠢᠯᠵᠢᠭᠦᠯᠦᠨ ᠦᠭᠬᠦ ᠪᠤᠶᠤ ᠪᠤᠰᠤᠳ ᠬᠡᠯᠪᠡᠷᠢ᠎ᠪᠠᠷ ᠡᠷᠭᠢᠯᠳᠡᠳᠤ ᠤᠷᠤᠭᠤᠯᠵᠤ ᠪᠤᠯᠤᠨ᠎ᠠ》 ᠭᠡᠵᠤ ᠲᠤᠭᠲᠠᠭ᠋ᠠᠭᠰᠠᠨ ᠪᠠᠶ᠋ᠢᠳᠠᠭ᠃ ᠲᠤᠰ ᠵᠦᠢ᠍ᠯ᠎ᠳᠤ ᠲᠤᠭᠲᠠᠭ᠋ᠠᠵᠤ ᠪᠠᠶ᠋ᠢᠭ᠎ᠠ ᠰᠢᠯᠵᠢᠭᠦᠯᠦᠨ ᠳᠠᠭ᠋ᠠᠭ᠋ᠠᠴᠢᠯᠠᠬᠤ ᠪᠤᠯ ᠳᠠᠷᠤᠢ ᠦᠪᠡᠷ᠎ᠤᠨ ᠨᠤᠲᠤᠭ ᠪᠡᠯᠴᠢᠭᠡᠷ ᠵᠶ᠋ᠠᠨ ᠲᠤᠭᠲᠠᠭᠰᠠᠨ ᠬᠤᠭᠤᠴᠠᠭ᠎ᠠ᠎ᠲᠠᠢ᠎ᠪᠠᠷ ᠪᠤᠰᠤᠳ ᠬᠦᠮᠦᠨ᠎ᠳᠤ ᠳᠠᠭ᠋ᠠᠭ᠋ᠠᠴᠢᠯᠠᠨ ᠡᠵᠡᠩᠨᠡᠭᠦᠯᠬᠦ ᠪᠤᠶᠤ ᠲᠦᠷᠢᠶᠡᠰᠦᠯᠡᠭᠦᠯᠦᠨᠡ᠃ ᠭᠡᠪᠡᠴᠤ ᠳᠠᠭ᠋ᠠᠭ᠋ᠠᠴᠢᠯᠠᠭᠴᠢ ᠪᠤᠯᠤᠨ ᠳᠠᠭ᠋ᠠᠭ᠋ᠠᠴᠢᠯᠠᠭᠤᠯᠤᠭᠴᠢ ᠵᠢᠨ ᠳᠠᠭ᠋ᠠᠭ᠋ᠠᠴᠢᠯᠠᠯᠳᠠ ᠵᠢᠨ ᠬᠠᠷᠢᠴᠠᠭ᠎ᠠ᠎ᠨᠢ ᠬᠤᠪᠢᠷᠠᠬᠤ ᠦᠭᠡᠢ᠃ ᠰᠢᠯᠵᠢᠭᠦᠯᠦᠨ ᠦᠭᠬᠦ ᠪᠤᠯ ᠳᠠᠷᠤᠢ ᠦᠪᠡᠷ᠎ᠤᠨ ᠨᠤᠲᠤᠭ ᠪᠡᠯᠴᠢᠭᠡᠷ᠎ᠤᠨ ᠳᠠᠭ᠋ᠠᠭ᠋ᠠᠴᠢᠯᠠᠨ ᠡᠵᠡᠩᠨᠡᠬᠦ ᠡᠷᠬᠡ᠎ᠪᠠᠨ ᠪᠦᠷᠢᠮᠦᠰᠦᠨ ᠪᠤᠰᠤᠳ ᠬᠦᠮᠦᠨ᠎ᠳᠤ ᠰᠢᠯᠵᠢᠭᠦᠯᠦᠨ ᠦᠭᠭᠦᠨ᠎ᠡ᠃ ᠳᠠᠷᠤᠢ ᠲᠤᠰ ᠰᠢᠯᠵᠢᠭᠦᠯᠦᠨ ᠠᠪᠤᠭᠰᠠᠨ ᠬᠦᠮᠦᠨ᠎ᠨᠢ ᠳᠠᠭ᠋ᠠᠭ᠋ᠠᠴᠢᠯᠠᠭᠤᠯᠤᠭᠴᠢ᠎ᠲᠠᠢ ᠰᠢᠨ᠎ᠡ᠎ᠪᠠᠷ ᠳᠠᠭ᠋ᠠᠭ᠋ᠠᠴᠢᠯᠠᠯᠲᠠ ᠵᠢᠨ ᠬᠠᠷᠢᠴᠠᠭ᠎ᠠ ᠪᠠᠶ᠋ᠢᠭᠤᠯᠤᠨ᠎ᠠ᠂ ᠤᠤᠯ ᠳᠠᠭ᠋ᠠᠭ᠋ᠠᠴᠢᠯᠠᠭᠴᠢ ᠬᠢᠭᠡᠳ ᠳᠠᠭ᠋ᠠᠭ᠋ᠠᠴᠢᠯᠠᠭᠤᠯᠤᠭᠴᠢ ᠵᠢᠨ ᠲᠤᠰ ᠭᠠᠵᠠᠷ ᠰᠢᠷᠤᠢ ᠵᠢᠨ ᠲᠠᠯ᠎ᠠ᠎ᠪᠠᠷ᠎ᠬᠢ ᠲᠠᠭ᠋ᠠᠭ᠋ᠠᠴᠢᠯᠠᠯᠳᠠ ᠵᠢᠨ ᠬᠠᠷᠢᠴᠠᠭ᠎ᠠ ᠲᠠᠷᠤᠢ ᠳᠠᠭᠤᠰᠤᠨ᠎ᠠ᠃ ᠬᠠᠤᠯᠢᠴᠢ ᠵᠢᠨ ᠰᠠᠨᠠᠭᠤᠯᠤᠮᠵᠢ᠄ ᠮᠠᠯᠴᠢᠨ ᠲᠠᠷᠢᠶᠠᠴᠢᠳ᠎ᠤᠨ ᠰᠤᠶᠤᠯ᠎ᠤᠨ ᠬᠡᠮᠵᠢᠶ᠎ᠡ ᠪᠤᠯᠤᠨ ᠬᠠᠤᠯᠢ ᠴᠠᠭ᠋ᠠᠵᠠ ᠵᠢᠨ ᠮᠡᠳᠡᠯᠭᠡ ᠲᠤᠲᠠᠮᠠᠭ᠎ᠠᠴᠠ ᠪᠤᠯᠵᠤ᠂ ᠮᠠᠯᠴᠢᠳ᠎ᠤᠨ ᠳᠤᠮᠳᠠ ᠭᠡᠷ᠎ᠡ ᠲᠤᠭᠲᠠᠬᠤ ᠤᠭ ᠰᠠᠨᠠᠭ᠋ᠠᠨ᠎ᠤ ᠢᠯᠡᠳᠬᠡᠯᠳᠡ ᠪᠤᠯᠤᠨ ᠭᠡᠷ᠎ᠡ ᠵᠢᠨ ᠪᠢᠴᠢᠭ᠎ᠤᠨ ᠪᠣᠳᠠᠳᠠᠢ ᠠᠭᠤᠯᠭ᠎ᠠ᠎ᠨᠢ ᠬᠤᠭᠤᠷᠤᠨᠳᠤ᠎ᠪᠠᠨ ᠵᠥᠷᠢᠴᠡᠯ᠎ᠲᠠᠢ ᠪᠤᠯᠬᠤ ᠤᠴᠢᠷ ᠵᠦᠡᠭᠳᠡᠭᠡᠨ ᠭᠠᠷᠳᠠᠭ᠃
ᠡᠶ᠋ᠢᠮᠤ᠎ᠠᠴᠠ ᠤᠨᠴᠠᠭ᠋ᠠᠶ᠋ᠢᠯᠠᠨ ᠰᠠᠨᠠᠭᠤᠯᠬᠤ᠎ᠨᠢ᠂ ᠬᠠᠤᠯᠢ᠎ᠪᠠᠷ ᠤᠯᠤᠰ ᠵᠶ᠋ᠠᠨ ᠵᠠᠰᠠᠬᠤ ᠴᠠᠭ ᠦᠶ᠎ᠡ᠎ᠳᠤ ᠮᠠᠯᠴᠢᠳ ᠨᠤᠲᠤᠭ ᠪᠡᠯᠴᠢᠭᠡᠷ ᠵᠶ᠋ᠠᠨ ᠰᠢᠯᠵᠢᠭᠦᠯᠦᠨ ᠳᠠᠭ᠋ᠠᠭ᠋ᠠᠴᠢᠯᠠᠭᠤᠯᠬᠤ ᠪᠤᠶᠤ ᠰᠢᠯᠵᠢᠭᠦᠯᠦᠨ ᠦᠭᠬᠦ ᠭᠡᠷ᠎ᠡ ᠲᠤᠭᠲᠠᠬᠤ ᠦᠶ᠎ᠡ᠎ᠳᠤ ᠡᠷᠬᠡᠪᠰᠢ ᠭᠡᠷ᠎ᠡ ᠵᠢᠨ ᠠᠭᠤᠯᠭ᠎ᠠ ᠵᠢᠴᠢ ᠵᠤᠷᠢᠯᠲᠠ᠎ᠪᠠᠨ ᠵᠠᠪᠠᠯ ᠵᠦᠪ ᠤᠨᠤᠪᠴᠢᠲᠠᠢ ᠵᠤᠷᠪᠤᠰᠤᠯᠠᠨ ᠪᠢᠴᠢᠵᠤ᠂ ᠨᠤᠲᠤᠭ ᠪᠡᠯᠴᠢᠭᠡᠷ᠎ᠤᠨ ᠳᠠᠭ᠋ᠠᠭ᠋ᠠᠴᠢᠯᠠᠨ ᠡᠵᠡᠩᠨᠡᠬᠦ ᠡᠷᠬᠡ ᠵᠢᠨ ᠡᠷᠭᠢᠯᠳᠡ ᠵᠢᠨ ᠠᠷᠭ᠎ᠠ ᠬᠡᠯᠪᠡᠷᠢ ᠵᠢᠴᠢ ᠬᠠᠮᠢᠶ᠎ᠠ ᠪᠦᠬᠦᠢ ᠨᠡᠷ᠎ᠡ ᠲᠤᠮᠢᠶ᠎ᠠ᠎ᠳᠤ ᠬᠠᠤᠯᠢ ᠴᠠᠭ᠋ᠠᠵᠠ ᠵᠢᠨ ᠲᠠᠯ᠎ᠠ᠎ᠠᠴᠠ ᠵᠦᠪ ᠤᠨᠤᠪᠴᠢᠲᠠᠢ ᠤᠶ᠋ᠢᠯᠠᠭ᠋ᠠᠯᠲᠠ᠎ᠲᠠᠢ ᠪᠤᠯᠤᠭᠰᠠᠨ ᠰᠠᠭᠤᠷᠢᠨ ᠳᠡᠭᠡᠷ᠎ᠡ ᠰᠠᠶᠢ ᠭᠡᠷ᠎ᠡ ᠪᠢᠴᠢᠭ᠎ᠤᠨ ᠪᠤᠳᠠᠳᠠᠢ ᠠᠭᠤᠯᠭ᠎ᠠ᠎ᠪᠠᠨ ᠨᠠᠶ᠋ᠢᠷᠠᠭᠤᠯᠤᠨ ᠪᠢᠴᠢᠨ᠎ᠡ᠃ ᠴᠢᠬᠤᠯᠠᠲᠠᠢ ᠦᠶ᠎ᠡ᠎ᠳᠤ ᠬᠠᠮᠢᠶ᠎ᠠ ᠪᠦᠬᠦᠢ ᠬᠠᠤᠯᠢ ᠴᠠᠭ᠋ᠠᠵᠠ ᠵᠢᠨ ᠪᠠᠶ᠋ᠢᠭᠤᠯᠤᠮᠵᠢ ᠵᠢᠴᠢ ᠬᠠᠤᠯᠢᠴᠢ᠎ᠠᠴᠠ ᠵᠥᠪᠯᠡᠯᠭᠡ ᠠᠪᠬᠤ᠎ᠨᠢ ᠳᠠᠨ᠎ᠤ ᠡᠷᠭᠡ ᠠᠰᠢᠭ᠎ᠢ ᠬᠠᠮᠠᠭ᠋ᠠᠯᠠᠬᠤ᠎ᠳᠤ ᠳᠤᠰᠠᠳᠠᠢ ᠶᠤᠮ᠃