《ᠪᠥᠲᠥᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ᠎ᠳᠤ ᠬᠡᠷᠡᠭᠯᠡᠬᠦ ᠣᠶ᠋ᠢᠲᠤ ᠭᠠᠵᠠᠷ᠎ᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠬᠠᠮᠢᠶᠠᠷᠤᠯᠲᠠ ᠵᠢᠨ ᠵᠢᠷᠤᠮᠵᠢᠯ》᠎ᠳᠤ:
ᠳᠥᠷᠪᠡ᠂ ᠪᠥᠲᠥᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ᠎ᠳᠤ ᠬᠡᠷᠡᠭᠯᠡᠬᠦ ᠣᠶ᠋ᠢᠲᠤ ᠭᠠᠵᠠᠷ ᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠣᠨᠴᠠᠭ᠋ᠠᠶ ᠲᠣᠭᠲᠠᠭ᠋ᠠᠯ
(ᠭᠤᠷᠪᠠ) ᠵᠠᠰᠠᠮᠠᠯ ᠵᠠᠮ᠂ ᠲᠡᠮᠦᠷ ᠵᠠᠮ᠂ ᠤᠰᠤᠨ ᠠᠰᠢᠭᠯᠠᠯᠲᠠ᠂ ᠤᠰᠤᠨ ᠴᠠᠬᠢᠯᠭ᠋ᠠᠨ ᠂ ᠠᠭ᠋ᠠᠷ᠎ᠤᠨ ᠱᠤᠭᠤᠮ ᠵᠡᠷᠭᠡ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠳᠤ ᠲᠦᠷ ᠴᠠᠭ ᠬᠡᠷᠡᠭᠯᠡᠬᠦ ᠣᠶ᠋ᠢᠲᠤ ᠭᠠᠵᠠᠷ᠎ᠤᠨ ᠵᠦᠪᠰᠢᠶᠡᠷᠡᠯ᠎ᠤᠨ ᠬᠤᠭᠤᠴᠠᠭ᠎ᠠ᠎ᠨᠢ ᠳᠠᠭᠤᠰᠤᠭᠰᠠᠨ᠎ᠤ ᠳᠠᠷᠠᠭ᠎ᠠ ᠦᠷᠭᠦᠯᠵᠢᠯᠡᠨ ᠬᠡᠷᠡᠭᠯᠡᠬᠦ ᠴᠢᠬᠤᠯᠠᠲᠠᠶ ᠪᠠᠶ᠋ᠢᠪᠠᠯ᠂ ᠭᠠᠵᠠᠷ ᠬᠡᠷᠡᠭᠯᠡᠬᠦ ᠨᠢᠭᠡᠴᠡ ᠪᠤᠶᠤ ᠬᠤᠪᠢ ᠬᠥᠮᠦᠨ᠎ᠨᠢ ᠵᠦᠪᠰᠢᠶᠡᠷᠡᠯ᠎ᠤᠨ ᠬᠤᠭᠤᠴᠠᠭ᠎ᠠ᠎ᠨᠢ ᠳᠦᠭᠦᠷᠬᠦ᠎ᠠᠴᠠ ᠡᠮᠦᠨ᠎ᠡ 3 ᠰᠠᠷ᠎ᠠ ᠵᠢᠨ ᠳᠣᠲᠣᠷ᠎ᠠ᠂ ᠣᠶ᠋ᠢᠲᠤ ᠭᠠᠵᠠᠷ᠎ᠢ ᠲᠦᠷ ᠴᠠᠭ ᠬᠡᠷᠡᠭᠯᠡᠬᠦ ᠭᠤᠶᠤᠴᠢᠯᠠᠯ ᠵᠶ᠋ᠠᠨ ᠳᠤᠷᠠᠳᠴᠤ᠂ ᠦᠷᠬᠦᠯᠵᠢᠯᠡᠨ ᠬᠡᠷᠡᠭᠯᠡᠬᠦ ᠤᠴᠢᠷ ᠰᠢᠯᠲᠠᠭ᠋ᠠᠨ ᠵᠶ᠋ᠠᠨ ᠲᠣᠳᠣᠷᠬᠠᠶ᠋ᠢᠯᠠᠬᠤ ᠬᠡᠷᠡᠭᠲᠡᠶ᠃ 《ᠠᠷᠭ᠎ᠠ》᠎ᠳᠤ ᠲᠣᠭᠲᠠᠭ᠋ᠠᠭᠰᠠᠨ ᠨᠥᠬᠥᠴᠡᠯ᠎ᠳᠤ ᠨᠡᠶ᠋ᠢᠴᠡᠪᠡᠯ᠂ ᠤᠤᠯ᠎ᠤᠨ ᠬᠢᠨᠠᠨ ᠵᠥᠪᠰᠢᠶᠡᠷᠡᠭᠰᠡᠨ ᠪᠠᠶ᠋ᠢᠭᠤᠯᠭ᠎ᠠ᠎ᠪᠠᠷ ᠵᠥᠪᠰᠢᠶᠡᠷᠡᠭᠦᠯᠦᠭᠡᠳ ᠦᠷᠭᠦᠯᠵᠢᠯᠡᠨ ᠬᠡᠷᠡᠭᠯᠡᠵᠦ ᠪᠣᠯᠤᠨ᠎ᠠ᠂ ᠤᠳᠠᠭ᠎ᠠ ᠪᠦᠷᠢ ᠵᠢᠨ ᠦᠷᠭᠦᠯᠵᠢᠯᠡᠨ ᠬᠡᠷᠡᠭᠯᠡᠬᠦ ᠴᠠᠭ ᠬᠤᠭᠤᠴᠠᠭ᠎ᠠ ᠵᠢ 2 ᠵᠢᠯ᠎ᠠᠴᠠ ᠬᠡᠲᠦᠷᠡᠭᠦᠯᠵᠦ ᠪᠣᠯᠬᠤ ᠥᠬᠡᠶ᠂ ᠦᠷᠭᠦᠯᠵᠢᠯᠡᠨ ᠬᠡᠷᠡᠭᠯᠡᠬᠦ ᠴᠠᠭ ᠬᠤᠭᠤᠴᠠᠭ᠎ᠠ ᠵᠢ ᠲᠦᠷᠦᠯ ᠵᠦᠢ᠍ᠯ᠎ᠤᠨ ᠪᠥᠲᠥᠭᠡᠨ ᠪᠠᠶ᠋ᠢᠭᠤᠯᠬᠤ ᠠᠵᠢᠯ᠎ᠤᠨ ᠬᠤᠭᠤᠴᠠᠭ᠎ᠠ᠎ᠠᠴᠠ ᠬᠡᠲᠦᠷᠡᠭᠦᠯᠵᠦ ᠪᠣᠯᠬᠤ ᠥᠬᠡᠶ᠃