ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠦᠢᠯᠡᠴᠢᠯᠡᠬᠦ᠌ ᠵᠦᠭᠯᠡᠬᠦᠷ
ᠣᠶ ᠰᠢᠭᠤᠶ ᠵᠢᠨ ᠭᠠᠯ ᠰᠡᠷᠭᠡᠶ᠋ᠢᠯᠡᠬᠦ ᠬᠤᠭᠤᠴᠠᠭ᠋ᠠᠨ᠎ᠳᠤ ᠣᠶ ᠰᠢᠭᠤᠶ ᠵᠢᠨ ᠭᠠᠯ ᠰᠡᠷᠭᠡᠶ᠋ᠢᠯᠡᠬᠦ ᠣᠷᠣᠨ᠎ᠳᠤ ᠣᠷᠣᠵᠤ ᠳᠡᠯᠪᠡᠴᠢᠬᠦ ᠠᠵᠢᠯᠯᠠᠭ᠎ᠠ ᠬᠢᠬᠦ ᠵᠢ ᠬᠢᠨᠠᠨ ᠵᠥᠪᠰᠢᠶᠡᠷᠡᠬᠦ
ᠨᠡᠶ᠋ᠢᠲᠡᠯᠡᠭᠰᠡᠨ ᠴᠠᠭ᠄ 2025-01-16

   ᠡᠷᠬᠡ ᠵᠢᠨ ᠨᠡᠷᠡᠶ᠋ᠢᠳᠦᠯ
   ᠣᠶ ᠰᠢᠭᠤᠶ ᠵᠢᠨ ᠭᠠᠯ ᠰᠡᠷᠭᠡᠶ᠋ᠢᠯᠡᠬᠦ ᠬᠤᠭᠤᠴᠠᠭ᠋ᠠᠨ᠎ᠳᠤ ᠣᠶ ᠰᠢᠭᠤᠶ ᠵᠢᠨ ᠭᠠᠯ ᠰᠡᠷᠭᠡᠶ᠋ᠢᠯᠡᠬᠦ ᠣᠷᠣᠨ᠎ᠳᠤ ᠣᠷᠣᠵᠤ ᠳᠡᠯᠪᠡᠴᠢᠬᠦ ᠠᠵᠢᠯᠯᠠᠭ᠎ᠠ ᠬᠢᠬᠦ ᠵᠢ ᠬᠢᠨᠠᠨ ᠵᠥᠪᠰᠢᠶᠡᠷᠡᠬᠦ 

    ᠡᠷᠬᠡ ᠵᠢᠨ ᠲᠥᠷᠥᠯ ᠢᠯᠭ᠋ᠠᠯ    ᠵᠠᠰᠠᠭ ᠵᠠᠬᠢᠷᠭ᠋ᠠᠨ᠎ᠤ ᠵᠥᠪᠰᠢᠶᠡᠷᠡᠯ
   ᠬᠠᠷᠢᠭᠤᠴᠠᠯᠭ᠋ᠠᠲᠤ ᠭᠤᠤᠯ ᠴᠣᠭᠴᠠ ᠥᠪᠡᠷᠲᠡᠭᠡᠨ ᠵᠠᠰᠠᠬᠤ ᠣᠷᠣᠨ᠎ᠤ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ
   ᠲᠤᠭᠲᠠᠭ᠋ᠠᠭᠰᠠᠨ ᠦᠨᠳᠦᠰᠦᠯᠡᠯ

ᠵᠠᠰᠠᠭ ᠵᠠᠬᠢᠷᠭ᠋ᠠᠨ᠎ᠤ ᠬᠠᠦᠯᠢ ᠲᠤᠭᠲᠠᠭ᠋ᠠᠯ】 《ᠣᠶ ᠰᠢᠭᠤᠶ ᠵᠢᠨ ᠭᠠᠯ ᠰᠡᠷᠭᠡᠶ᠋ᠢᠯᠡᠬᠦ ᠳᠦᠷᠢᠮ》 (1988 ᠣᠨ᠎ᠳᠤ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠨᠡᠶ᠋ᠢᠲᠡᠯᠡᠵᠦ᠂ 2008 ᠣᠨ᠎ᠳᠤ ᠵᠠᠰᠠᠪᠤᠷᠢ ᠣᠷᠣᠭᠤᠯᠪᠠ)
   ᠬᠣᠷᠢᠨ ᠲᠠᠪᠤᠳᠤᠭ᠋ᠠᠷ ᠵᠦᠢ᠍ᠯ ᠣᠶ ᠰᠢᠭᠤᠶ ᠵᠢᠨ ᠭᠠᠯ ᠰᠡᠷᠭᠡᠶ᠋ᠢᠯᠡᠬᠦ ᠬᠤᠭᠤᠴᠠᠭ᠋ᠠᠨ᠎ᠳᠤ᠂ ᠣᠶ ᠰᠢᠭᠤᠶ ᠵᠢᠨ ᠭᠠᠯ ᠰᠡᠷᠭᠡᠶ᠋ᠢᠯᠡᠬᠦ ᠣᠷᠣᠨ᠎ᠳᠤ ᠭᠠᠯ ᠬᠡᠷᠡᠭᠯᠡᠬᠦ ᠵᠢ ᠴᠠᠭ᠋ᠠᠵᠠᠯᠠᠬᠤ ᠬᠡᠷᠡᠭᠲᠡᠶ᠃ ᠡᠪᠡᠳᠴᠢᠨ ᠬᠣᠷᠣᠬᠠᠶ ᠬᠤᠯᠤᠭ᠋ᠠᠨ᠎ᠠ ᠵᠢᠨ ᠬᠥᠨᠥᠭᠡᠯ᠎ᠢ ᠰᠡᠷᠭᠡᠶ᠋ᠢᠯᠡᠨ ᠵᠠᠰᠠᠬᠤ᠂  ᠮᠦᠰᠦᠳᠡᠯ᠎ᠤᠨ ᠭᠠᠮᠰᠢᠭ ᠵᠡᠷᠭᠡ ᠣᠨᠴᠣᠭᠣᠶ ᠪᠠᠶ᠋ᠢᠳᠠᠯ᠎ᠠᠴᠠ ᠪᠤᠯᠵᠤ ᠬᠡᠭᠡᠷ᠎ᠡ ᠭᠠᠳᠠᠨ᠎ᠠ ᠭᠠᠯ ᠬᠡᠷᠡᠭᠯᠡᠬᠦ ᠴᠢᠬᠤᠯᠠ᠎ᠲᠠᠢ ᠪᠣᠯ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠬᠦ ᠵᠢᠨ ᠬᠠᠮᠲᠤ ᠱᠠᠭ᠋ᠠᠷᠳᠠᠯᠭ᠎ᠠ ᠶᠣᠰᠣᠭ᠋ᠠᠷ ᠭᠠᠯ ᠰᠡᠷᠭᠡᠶ᠋ᠢᠯᠡᠬᠦ ᠠᠷᠭ᠎ᠠ ᠬᠡᠮᠵᠢᠶ᠎ᠡ ᠠᠪᠴᠤ᠂ ᠭᠠᠯ ᠠᠯᠳᠠᠬᠤ ᠵᠢ ᠴᠢᠩᠭ᠎ᠠ ᠰᠡᠷᠭᠡᠶ᠋ᠢᠯᠡᠬᠦ ᠬᠡᠷᠡᠭᠲᠡᠶ; ᠣᠶ ᠰᠢᠭᠤᠶ ᠵᠢᠨ ᠭᠠᠯ ᠰᠡᠷᠭᠡᠶ᠋ᠢᠯᠡᠬᠦ ᠣᠷᠣᠨ᠎ᠳᠤ ᠣᠷᠣᠵᠤ  ᠫᠣᠣᠳᠠᠯᠭ᠎ᠠ ᠵᠢᠨ ᠰᠣᠷᠢᠯᠲᠠ ᠬᠢᠬᠦ᠂ ᠳᠡᠯᠪᠡᠴᠢᠬᠦ ᠵᠡᠷᠭᠡ ᠠᠵᠢᠯᠯᠠᠭ᠎ᠠ ᠬᠢᠬᠦ ᠴᠢᠬᠤᠯᠠ᠎ᠲᠠᠢ ᠪᠣᠯ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠣᠶ ᠰᠢᠭᠤᠶ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠶ᠋ᠠᠷ ᠵᠥᠪᠰᠢᠶᠡᠷᠡᠭᠦᠯᠬᠦ ᠵᠢᠨ ᠬᠠᠮᠲᠤ ᠴᠢᠬᠤᠯᠠ ᠪᠦᠬᠦᠢ ᠭᠠᠯ ᠰᠡᠷᠭᠡᠶ᠋ᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠶ; ᠳᠤᠮᠳᠠᠳᠤ ᠤᠯᠤᠰ᠎ᠤᠨ ᠠᠷᠠᠳ᠎ᠤᠨ ᠴᠢᠯᠥᠭᠡᠯᠡᠬᠦ ᠴᠡᠷᠢᠭ ᠪᠣᠯᠤᠨ ᠳᠤᠮᠳᠠᠳᠤ ᠤᠯᠤᠰ᠎ᠤᠨ ᠠᠷᠠᠳ᠎ᠤᠨ ᠵᠡᠪᠰᠡᠭᠲᠦ ᠴᠠᠭᠳᠠᠭ᠎ᠠ ᠵᠢᠨ ᠴᠡᠷᠢᠭ ᠠᠩᠭᠢ ᠭᠡᠨᠡᠳᠲᠡ ᠵᠢᠨ ᠬᠡᠷᠡᠭ᠎ᠢ ᠰᠢᠢ᠍ᠳᠪᠦᠷᠢᠯᠡᠬᠦ ᠪᠠ ᠪᠤᠰᠤᠳ ᠪᠠᠴᠢᠮ ᠡᠭᠦᠷᠭᠡ ᠭᠦᠢ᠍ᠴᠡᠳᠬᠡᠬᠦ᠎ᠠᠴᠠ ᠪᠤᠯᠵᠤ᠂ ᠣᠶ ᠰᠢᠭᠤᠶ ᠵᠢᠨ ᠭᠠᠯ ᠰᠡᠷᠭᠡᠶ᠋ᠢᠯᠡᠬᠦ ᠣᠷᠣᠨ᠎ᠳᠤ ᠣᠷᠣᠬᠤ ᠴᠢᠬᠤᠯᠠ᠎ᠲᠠᠢ ᠪᠣᠯ ᠳᠡᠭᠡᠳᠦ ᠱᠠᠲᠤᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠶ᠋ᠠᠷ ᠵᠥᠪᠰᠢᠶᠡᠷᠡᠭᠦᠯᠬᠦ ᠵᠢᠨ ᠬᠠᠮᠲᠤ ᠴᠢᠬᠤᠯᠠ ᠪᠦᠬᠦᠢ ᠭᠠᠯ ᠰᠡᠷᠭᠡᠶ᠋ᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠶ᠃
   

ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ】 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠢ ᠰᠢᠭᠤᠢ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠲᠥᠷᠢᠮ》 (2016 ᠣᠨ᠎ᠳᠤ ᠵᠠᠰᠠᠪᠤᠷᠢ ᠣᠷᠣᠭᠤᠯᠤᠭᠰᠠᠨ)
   ᠭᠤᠷᠪᠠᠳᠤᠭ᠋ᠠᠷ ᠵᠦᠢ᠍ᠯ ᠤᠢ ᠰᠢᠭᠤᠢ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠠᠵᠢᠯ᠎ᠳᠤ ᠰᠡᠷᠭᠡᠶ᠋ᠢᠯᠡᠬᠦ᠎ᠪᠠᠷ ᠭᠣᠣᠯ ᠪᠣᠯᠭ᠋ᠠᠬᠤ᠂ ᠢᠳᠡᠪᠬᠢᠲᠡᠢ᠎ᠪᠠᠷ ᠤᠰᠠᠳᠬᠠᠬᠤ᠂ ᠰᠢᠨᠵᠢᠯᠡᠬᠦ ᠤᠬᠠᠭ᠋ᠠᠨᠴᠢ᠎ᠪᠠᠷ ᠭᠠᠯ ᠤᠨᠲᠠᠷᠠᠭ᠋ᠠᠬᠤ᠂ ᠬᠥᠮᠦᠨ ᠵᠶ᠋ᠠᠷ ᠦᠨᠳᠦᠰᠦ ᠪᠣᠯᠭ᠋ᠠᠬᠤ᠂ ᠬᠠᠷᠢᠶ᠎ᠠ ᠭᠠᠵᠠᠷ᠎ᠲᠤᠨᠢ ᠬᠠᠮᠢᠶᠠᠷᠤᠭᠤᠯᠬᠤ ᠵᠠᠷᠴᠢᠮ ᠎ᠢ ᠪᠠᠷᠢᠮᠲᠠᠯᠠᠨ᠎ᠠ᠃
   ᠭᠤᠴᠢᠨ ᠬᠣᠶᠠᠳᠤᠭ᠋ᠠᠷ ᠵᠦᠢ᠍ᠯ  ᠣᠶ ᠰᠢᠭᠤᠶ ᠨᠤᠲᠤᠭ ᠪᠡᠯᠴᠢᠭᠡᠷ᠎ᠤᠨ ᠭᠠᠯ᠎ᠤᠨ ᠲᠦᠭᠰᠢᠭᠦᠷᠢ ᠶᠡᠬᠡᠲᠡᠶ ᠬᠤᠭᠤᠴᠠᠭ᠋ᠠᠨ᠎ᠳᠤ᠂ ᠶᠠᠮᠠᠷᠪᠠ ᠨᠢᠭᠡᠴᠡ ᠪᠠ ᠬᠤᠪᠢ ᠬᠥᠮᠦᠨ ᠣᠶ ᠰᠢᠭᠤᠶ ᠨᠤᠲᠤᠭ ᠪᠡᠯᠴᠢᠭᠡᠷ᠎ᠤᠨ ᠭᠠᠯ᠎ᠤᠨ ᠲᠦᠭᠰᠢᠭᠦᠷᠢ ᠶᠡᠬᠡᠲᠡᠶ ᠣᠷᠣᠨ᠎ᠳᠤ ᠳᠤᠷ᠎ᠠ᠎ᠪᠠᠷ ᠵᠶ᠋ᠠᠨ ᠣᠷᠣᠵᠤ ᠪᠣᠯᠬᠤ ᠥᠬᠡᠶ᠃ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠬᠢᠬᠦ᠂ ᠠᠶᠤᠯ᠎ᠠᠴᠠ ᠠᠪᠤᠷᠠᠬᠤ ᠵᠡᠷᠭᠡ᠎ᠠᠴᠠ ᠪᠤᠯᠵᠤ ᠦᠨᠡᠬᠡᠷ ᠣᠷᠣᠬᠤ ᠴᠢᠬᠤᠯᠠᠲᠠᠢ ᠪᠠᠶ᠋ᠢᠪᠠᠯ᠂ ᠬᠠᠤᠯᠢ ᠶᠣᠰᠣᠭ᠋ᠠᠷ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠢ᠃ ᠵᠥᠪᠰᠢᠶᠡᠷᠡᠭᠦᠯᠦᠭᠡᠳ ᠣᠶ ᠰᠢᠭᠤᠶ ᠨᠤᠲᠤᠭ ᠪᠡᠯᠴᠢᠭᠡᠷ᠎ᠤᠨ ᠭᠠᠯ᠎ᠤᠨ ᠠᠶᠤᠯ ᠶᠡᠬᠡᠲᠡᠶ ᠣᠷᠣᠨ᠎ᠳᠤ ᠤᠷᠤᠭᠰᠠᠨ ᠪᠣᠯ ᠵᠥᠪᠰᠢᠶᠡᠷᠡᠭᠰᠡᠨ ᠴᠠᠭ ᠬᠤᠭᠤᠴᠠᠭ᠎ᠠ᠂ ᠭᠠᠵᠠᠷ ᠣᠷᠣᠨ᠂ ᠬᠦᠷᠢᠶ᠎ᠡ ᠬᠡᠪᠴᠢᠶ᠎ᠡ ᠵᠢ ᠴᠢᠩᠭ᠎ᠠ ᠵᠢᠷᠤᠮᠯᠠᠨ ᠠᠵᠢᠯᠯᠠᠭ᠎ᠠ ᠬᠢᠬᠦ ᠵᠢᠨ ᠬᠠᠮᠲᠤ ᠲᠤᠬᠠᠶ ᠵᠢᠨ ᠭᠠᠵᠠᠷ᠎ᠤᠨ ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠠᠵᠢᠯ᠎ᠤᠨ ᠵᠢᠯᠣᠭᠣᠳᠬᠤ ᠪᠠᠶ᠋ᠢᠭᠤᠯᠤᠮᠵᠢ ᠵᠢᠨ ᠬᠢᠨᠠᠯᠲᠠ ᠬᠠᠮᠢᠶᠠᠷᠤᠯᠲᠠ ᠵᠢ ᠬᠦᠯᠢᠶᠡᠬᠦ ᠬᠡᠷᠡᠭᠲᠡᠶ᠃
    ᠬᠠᠷᠢᠭᠤᠴᠠᠯᠭ᠎ᠠ ᠵᠢᠨ ᠵᠦᠢ᠍ᠯᠡᠰ
    1 . ᠭᠥᠯᠢᠶᠡᠨ ᠠᠪᠴᠤ ᠰᠢᠢ᠍ᠳᠪᠦᠷᠢᠯᠡᠬᠦ ᠬᠠᠷᠢᠭᠤᠴᠠᠯᠭ᠎ᠠ᠄ ᠬᠠᠤᠯᠢ ᠶᠣᠰᠣᠭ᠋ᠠᠷ ᠲᠤᠰᠢᠶᠠᠬᠤ ᠶᠣᠰᠣᠲᠠᠶ ᠮᠠᠲ᠋ᠧᠷᠢᠶᠠᠯ; ᠨᠥᠬᠥᠪᠥᠷᠢᠯᠡᠨ ᠵᠠᠯᠠᠷᠠᠭᠤᠯᠬᠤ ᠮᠠᠲ᠋ᠧᠷᠢᠶᠠᠯ ᠲᠤᠰᠢᠶᠠᠬᠤ ᠵᠢ ᠮᠡᠳᠡᠭᠳᠡᠬᠦ; ᠬᠠᠤᠯᠢ ᠶᠣᠰᠣᠭ᠋ᠠᠷ ᠬᠦᠯᠢᠶᠡᠨ ᠠᠪᠬᠤ ᠪᠤᠶᠤ ᠦᠯᠦ ᠬᠦᠯᠢᠶᠡᠨ ᠠᠪᠬᠤ; 
    2 . ᠬᠢᠨᠠᠨ ᠪᠠᠶ᠋ᠢᠴᠠᠭ᠋ᠠᠬᠤ ᠬᠠᠷᠢᠭᠤᠴᠠᠯᠭ᠎ᠠ᠄ ᠭᠤᠶᠤᠴᠢᠯᠠᠯ᠎ᠤᠨ ᠮᠠᠲ᠋ᠧᠷᠢᠶᠠᠯ᠎ᠢ ᠬᠢᠨᠠᠨ ᠬᠠᠷᠭᠤᠭᠤᠯᠵᠤ᠂ ᠬᠢᠨᠠᠨ ᠪᠠᠶ᠋ᠢᠴᠠᠭ᠋ᠠᠭᠰᠠᠨ ᠰᠠᠨᠠᠯ ᠳᠤᠷᠠᠳᠤᠨ᠎ᠠ᠃
    3.  ᠲᠤᠭᠲᠠᠭ᠋ᠠᠯ ᠭᠠᠷᠭ᠋ᠠᠬᠤ ᠬᠠᠷᠢᠭᠤᠴᠠᠯᠭ᠎ᠠ᠄ ᠵᠠᠰᠠᠭ ᠵᠠᠬᠢᠷᠭ᠋ᠠᠨ᠎ᠤ ᠵᠥᠪᠰᠢᠶᠡᠷᠡᠯ ᠪᠤᠶᠤ ᠦᠯᠦ ᠵᠥᠪᠰᠢᠶᠡᠷᠡᠬᠦ ᠲᠣᠭᠲᠠᠭ᠋ᠠᠯ ᠭᠠᠷᠭ᠋ᠠᠬᠤ (ᠦᠯᠦ ᠵᠥᠪᠰᠢᠶᠡᠷᠡᠬᠦ᠎ᠳᠤ ᠤᠴᠢᠷ ᠰᠢᠯᠲᠠᠭ᠋ᠠᠨ ᠵᠶ᠋ᠠᠨ ᠬᠡᠯᠡᠵᠦ ᠥᠭᠬᠦ ᠬᠡᠷᠡᠭᠲᠡᠢ)᠃
    4 .  ᠲᠤᠰᠢᠶᠠᠨ ᠦᠭᠬᠦ ᠬᠠᠷᠢᠭᠤᠴᠠᠯᠭ᠎ᠠ᠄ ᠬᠢᠨᠠᠨ ᠵᠥᠪᠰᠢᠶᠡᠷᠡᠭᠰᠡᠨ ᠰᠠᠨᠠᠯ ᠭᠠᠷᠭ᠋ᠠᠵᠤ᠂ ᠭᠤᠶᠤᠴᠢᠯᠠᠭᠴᠢ᠎ᠳᠤ ᠲᠤᠰᠢᠶᠠᠨ᠎ᠠ᠃
    5 . ᠬᠡᠷᠡᠭ᠎ᠤᠨ ᠳᠠᠷᠠᠭ᠎ᠠ ᠬᠢᠨᠠᠯᠲᠠ ᠲᠠᠯᠪᠢᠬᠤ ᠬᠠᠷᠢᠭᠤᠴᠠᠯᠭ᠎ᠠ᠄ 《ᠬᠣᠶᠠᠷ᠎ᠢ ᠰᠤᠭᠤᠴᠢᠵᠤ᠂ ᠨᠢᠭᠡ ᠵᠢ ᠢᠯᠡ ᠪᠣᠯᠭ᠋ᠠᠬᠤ》 ᠬᠢᠨᠠᠯᠲᠠ ᠬᠠᠮᠢᠶᠠᠷᠤᠯᠲᠠ ᠪᠠ ᠲᠤᠰᠬᠠᠶ ᠪᠠᠶ᠋ᠢᠴᠠᠭ᠋ᠠᠯᠲᠠ ᠵᠢ ᠥᠷᠨᠢᠭᠦᠯᠵᠦ᠂ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠴᠢᠩᠭ᠎ᠠ ᠬᠡᠷᠡᠭᠵᠢᠭᠦᠯᠦᠨ᠂ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠣᠯᠵᠤ ᠮᠡᠳᠡᠪᠡᠯ ᠬᠠᠤᠯᠢ ᠶᠣᠰᠣᠭ᠋ᠠᠷ ᠪᠠᠶ᠋ᠢᠴᠠᠭ᠋ᠠᠨ ᠰᠢᠢ᠍ᠳᠪᠦᠷᠢᠯᠡᠬᠦ ᠵᠢᠨ ᠬᠠᠮᠲᠤ ᠦᠷ᠎ᠡ ᠳ᠋ᠦᠩ᠎ᠢ ᠢᠯᠡ ᠪᠣᠯᠭ᠋ᠠᠨ᠎ᠠ᠃
    6 . ᠪᠤᠰᠤᠳ ᠬᠠᠤᠯᠢ ᠴᠠᠭ᠋ᠠᠵᠠ ᠬᠠᠤᠯᠢ ᠲᠣᠭᠲᠠᠭ᠋ᠠᠯ ᠳᠦᠷᠢᠮ ᠲᠣᠭᠲᠠᠭ᠋ᠠᠯ᠎ᠤᠨ ᠪᠢᠴᠢᠭ ᠮᠠᠲ᠋ᠧᠷᠢᠶᠠᠯ᠎ᠳᠤ ᠲᠣᠭᠲᠠᠭ᠋ᠠᠭᠰᠠᠨ ᠭᠦᠢ᠍ᠴᠡᠳᠬᠡᠬᠦ ᠶᠣᠰᠣᠲᠠᠶ ᠬᠠᠷᠢᠭᠤᠴᠠᠯᠭ᠎ᠠ᠃ 
  

    ᠬᠠᠷᠢᠭᠤᠴᠠᠯᠭ᠎ᠠ ᠨᠡᠬᠡᠮᠵᠢᠯᠡᠭᠰᠡᠨ ᠪᠠᠶ᠋ᠢᠳᠠᠯ ᠵᠢᠴᠢ ᠬᠠᠷᠢᠭᠤᠴᠠᠯᠭ᠎ᠠ ᠨᠡᠬᠡᠮᠵᠢᠯᠡᠭᠰᠡᠨ ᠦᠨᠳᠦᠰᠦᠯᠡᠯ 
 【 ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ】 《ᠣᠶ ᠰᠢᠭᠤᠶ ᠵᠢᠨ ᠭᠠᠯ ᠰᠡᠷᠭᠡᠶ᠋ᠢᠯᠡᠬᠦ ᠳᠦᠷᠢᠮ》 (1988 ᠣᠨ᠎ᠳᠤ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠨᠡᠶ᠋ᠢᠲᠡᠯᠡᠵᠦ᠂ 2008 ᠣᠨ᠎ᠳᠤ ᠵᠠᠰᠠᠪᠤᠷᠢ ᠣᠷᠣᠭᠤᠯᠪᠠ)
    ᠳᠥᠴᠢᠨ ᠳᠣᠯᠣᠳᠤᠭ᠋ᠠᠷ ᠵᠦᠢ᠍ᠯ ᠲᠤᠰ ᠳᠦᠷᠢᠮ᠎ᠤᠨ ᠲᠣᠭᠲᠠᠭ᠋ᠠᠯ᠎ᠠᠴᠠ ᠵᠥᠷᠢᠴᠡᠨ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠵᠢᠴᠢ ᠣᠶ ᠰᠢᠭᠤᠶ ᠵᠢᠨ ᠭᠠᠯ ᠰᠡᠷᠭᠡᠶ᠋ᠢᠯᠡᠯᠲᠡ ᠵᠢᠨ ᠵᠢᠯᠣᠭᠣᠳᠬᠤ ᠪᠠᠶ᠋ᠢᠭᠤᠯᠤᠮᠵᠢ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠣᠶ ᠰᠢᠭᠤᠶ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠠᠵᠢᠯᠲᠠᠨ᠎ᠳᠤ ᠳᠣᠣᠷᠠᠬᠢ ᠦᠢ᠍ᠯᠡ ᠠᠵᠢᠯᠯᠠᠭ᠎ᠠ ᠵᠢᠨ ᠨᠢᠭᠡ᠎ᠨᠢ ᠪᠠᠶ᠋ᠢᠪᠠᠯ᠂ ᠲᠡᠭᠦᠨ᠎ᠤ ᠳᠡᠭᠡᠳᠦ ᠱᠠᠲᠤᠨ᠎ᠤ ᠵᠠᠰᠠᠭ ᠵᠠᠬᠢᠷᠭ᠋ᠠᠨ᠎ᠤ ᠪᠠᠶ᠋ᠢᠭᠤᠯᠤᠯᠭ᠎ᠠ ᠪᠤᠶᠤ ᠬᠢᠨᠠᠨ ᠪᠠᠶ᠋ᠢᠴᠠᠭ᠋ᠠᠬᠤ ᠪᠠᠶ᠋ᠢᠭᠤᠯᠤᠯᠭ᠎ᠠ᠎ᠠᠴᠠ ᠵᠠᠷᠯᠢᠭᠳᠠᠨ ᠵᠠᠯᠠᠷᠠᠭᠤᠯᠬᠤ ᠬᠡᠷᠡᠭᠲᠡᠶ; ᠦᠢ᠍ᠯᠡ ᠪᠠᠶ᠋ᠢᠳᠠᠯ᠎ᠨᠢ ᠬᠦᠨᠳᠦ ᠨᠣᠴᠢᠲᠠᠶ ᠪᠣᠯ ᠰᠢᠭᠤᠳ ᠬᠠᠷᠢᠭᠤᠴᠠᠵᠤ ᠪᠠᠶ᠋ᠢᠭ᠎ᠠ ᠭᠣᠣᠯᠴᠢᠯᠠᠨ ᠬᠠᠮᠢᠶᠠᠷᠴᠤ ᠪᠦᠬᠦᠢ ᠬᠥᠮᠦᠰ ᠪᠣᠯᠤᠨ ᠪᠤᠰᠤᠳ ᠰᠢᠭᠤᠳ ᠬᠠᠷᠢᠭᠤᠴᠠᠯᠭ᠎ᠠ ᠡᠭᠦᠷᠭᠡᠯᠡᠭᠴᠢ᠎ᠳᠤ ᠬᠠᠤᠯᠢ ᠶᠣᠰᠣᠭ᠋ᠠᠷ ᠰᠢᠳᠬᠡᠯ ᠣᠯᠭᠣᠨ᠎ᠠ; ᠶᠠᠯ᠎ᠠ᠎ᠳᠤ ᠬᠦᠷᠦᠭᠰᠡᠨ ᠪᠣᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠄ ᠨᠢᠭᠡ᠂ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠣᠶ ᠰᠢᠭᠤᠶ ᠵᠢᠨ ᠭᠠᠯ᠎ᠤᠨ ᠠᠶᠤᠯ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠤᠷᠢᠳᠴᠢᠯᠠᠭᠰᠠᠨ ᠲᠥᠰᠦᠯ᠎ᠢ ᠨᠠᠶ᠋ᠢᠷᠠᠭᠤᠯᠤᠨ ᠵᠣᠬᠢᠶᠠᠭᠰᠠᠨ ᠦᠭᠡᠶ; ᠬᠣᠶᠠᠷ᠂ ᠣᠶ ᠰᠢᠭᠤᠶ ᠵᠢᠨ ᠭᠠᠯ᠎ᠤᠨ ᠠᠶᠤᠯ᠎ᠤᠨ ᠳᠠᠯᠳᠠ ᠭᠡᠮ ᠪᠠᠶ᠋ᠢᠬᠤ ᠵᠢ ᠣᠯᠵᠤ ᠮᠡᠳᠡᠭᠰᠡᠨ ᠪᠠᠶ᠋ᠢᠭ᠋ᠠᠳ ᠣᠶ ᠰᠢᠭᠤᠶ ᠵᠢᠨ ᠭᠠᠯ᠎ᠤᠨ ᠠᠶᠤᠯ᠎ᠤᠨ ᠳᠠᠯᠳᠠ ᠭᠡᠮ᠎ᠢ ᠴᠡᠭᠴᠡᠯᠡᠨ ᠵᠠᠰᠠᠬᠤ ᠮᠡᠳᠡᠭᠳᠡᠯ᠎ᠤᠨ ᠪᠢᠴᠢᠭ᠎ᠢ ᠴᠠᠭ ᠲᠤᠬᠠᠶ᠎ᠳᠤᠨᠢ ᠪᠠᠭᠤᠯᠭ᠋ᠠᠭᠰᠠᠨ ᠦᠭᠡᠶ;

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠲᠡᠵᠢᠭᠡᠯ ᠡᠪᠡᠰᠦ ᠲᠠᠷᠢᠬᠤ ᠮᠡᠷᠭᠡᠵᠢᠯ᠎ᠤᠨ ᠭᠤᠣᠯᠳᠠᠯᠭ᠎ᠠ
ᠬᠠᠪᠤᠷ᠎ᠤᠨ ᠤᠯᠠᠷᠢᠯ᠎ᠳᠤ ᠵᠢᠮᠢᠰ᠎ᠤᠨ ᠬᠦᠷᠢᠶᠡᠯᠡᠩ᠎ᠳᠤ ᠣᠷᠭ᠋ᠠᠨᠢᠭ ᠪᠣᠷᠳᠣᠭᠤᠷ ᠣᠷᠣᠭᠤᠯᠬᠤ᠎ᠨᠢ ᠰᠢᠨᠵᠢᠯᠡᠬᠦ ᠤᠬᠠᠭ᠋ᠠᠨᠴᠢ ᠪᠢᠰᠢ
ᠴᠢᠭᠢᠭᠴᠡ ᠵᠢ ᠬᠡᠮᠵᠢᠵᠦ ᠤᠰᠤᠯᠠᠬᠤ ᠮᠡᠷᠭᠡᠵᠢᠯ
ᠭᠣᠣᠯᠳᠠᠯᠭ᠎ᠠ᠎ᠲᠠᠢ ᠤᠯᠤᠰ᠎ᠤᠨ ᠦᠮᠴᠢᠯᠡᠯᠲᠤ ᠰᠢᠭᠤᠶ᠋ᠢᠲᠤ ᠣᠷᠣᠨ᠎ᠤ ᠮᠣᠳᠣᠨ ᠮᠠᠲ᠋ᠧᠷᠢᠶᠠᠯ᠎ᠢ ᠵᠥᠭᠡᠭᠡᠪᠦᠷᠢᠯᠡᠬᠦ ᠭᠡᠷᠡᠴᠢ ᠳᠡᠮᠳᠡᠭ᠎ᠢ ᠬᠢᠨᠠᠨ ᠣᠯᠭᠣᠬᠤ
ᠭᠠᠳᠠᠭ᠋ᠠᠳᠤ ᠤᠯᠤᠰ᠎ᠤᠨ ᠬᠥᠮᠦᠨ᠎ᠠᠴᠠ ᠤᠯᠤᠰ᠎ᠤᠨ ᠭᠣᠣᠯᠳᠠᠯᠭ᠎ᠠ᠎ᠲᠠᠢ ᠬᠠᠮᠠᠭ᠋ᠠᠯᠠᠬᠤ ᠬᠡᠭᠡᠷ᠎ᠡ ᠵᠢᠨ ᠠᠮᠢᠲᠠᠨ᠎ᠳᠤ ᠬᠡᠭᠡᠷ᠎ᠡ ᠵᠢᠨ ᠪᠠᠢ᠌ᠴᠠᠭ᠋ᠠᠯᠳᠠ ᠬᠢᠬᠦ᠂ ᠦᠯᠢᠭᠡᠷ ᠴᠤᠭᠯᠠᠭᠤᠯᠬᠤ ᠪᠤᠶᠤ ᠺᠢᠨᠣ᠋ ᠰᠡᠭᠦᠳᠡᠷᠯᠡᠬᠦ᠂ ᠳᠦᠷᠰᠦ ᠰᠢᠩᠭᠡᠭᠡᠯᠳᠡ ᠬᠢᠬᠦ ᠬᠢᠨᠠᠨ ᠵᠦᠪᠰᠢᠶᠡᠷᠡᠯ
 
             蒙ICP备05000248号