ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠦᠢᠯᠡᠴᠢᠯᠡᠬᠦ᠌ ᠵᠦᠭᠯᠡᠬᠦᠷ
ᠬᠠᠪᠤᠷ᠎ᠤᠨ ᠤᠯᠠᠷᠢᠯ᠎ᠳᠤ ᠵᠢᠮᠢᠰ᠎ᠤᠨ ᠬᠦᠷᠢᠶᠡᠯᠡᠩ᠎ᠳᠤ ᠣᠷᠭ᠋ᠠᠨᠢᠭ ᠪᠣᠷᠳᠣᠭᠤᠷ ᠣᠷᠣᠭᠤᠯᠬᠤ᠎ᠨᠢ ᠰᠢᠨᠵᠢᠯᠡᠬᠦ ᠤᠬᠠᠭ᠋ᠠᠨᠴᠢ ᠪᠢᠰᠢ
ᠨᠡᠶ᠋ᠢᠲᠡᠯᠡᠭᠰᠡᠨ ᠴᠠᠭ᠄ 2025-05-26

   1. ᠲᠠᠰᠤᠷᠠᠭᠰᠠᠨ ᠦᠨᠳᠦᠰᠦ ᠵᠢ᠎ᠨᠢ ᠰᠡᠷᠭᠦᠭᠡᠵᠦ ᠲᠡᠶ᠋ᠢᠯᠳᠡᠭ ᠦᠭᠡᠢ᠃

    ᠬᠠᠪᠤᠷ᠎ᠤᠨ ᠤᠯᠠᠷᠢᠯ᠎ᠳᠤ ᠰᠠᠭᠤᠷᠢ ᠪᠣᠷᠳᠣᠭᠤᠷ ᠣᠷᠤᠭᠤᠯᠵᠤ᠂ ᠰᠠᠭᠤᠷᠢ ᠪᠣᠷᠳᠣᠭᠤᠷ᠎ᠨᠢ ᠭᠤᠣᠯᠳᠠᠭᠤ ᠣᠷᠭ᠋ᠠᠨᠢᠭ ᠪᠣᠷᠳᠣᠭᠤᠷ᠂ ᠨᠠᠶ᠋ᠢᠷᠠᠯᠭ᠎ᠠ᠎ᠲᠠᠢ ᠪᠣᠷᠳᠣᠭᠤᠷ᠂ ᠴᠠᠬᠢᠭᠤᠷ ᠺᠠᠯᠼ ᠮᠠᠭᠨᠢ ᠪᠣᠯᠣᠨ᠎ᠠ᠂ ᠡᠳᠡᠭᠡᠷ᠎ᠨᠢ ᠦᠨᠳᠦᠰᠦᠨ᠎ᠳᠡᠭᠡᠨ ᠪᠦᠷ ᠬᠠᠲᠠᠭᠤ ᠪᠡᠶᠡᠲᠦ ᠪᠣᠷᠳᠣᠭᠤᠷ ᠪᠠᠶ᠋ᠢᠵᠤ᠂ ᠬᠠᠲᠠᠭᠤ ᠪᠡᠶᠡᠲᠦ ᠪᠣᠷᠳᠣᠭᠤᠷ᠎ᠢ ᠣᠷᠣᠭᠤᠯᠬᠤ᠎ᠳᠤ ᠨᠦᠬᠡ ᠮᠠᠯᠲᠠᠬᠤ ᠪᠤᠶᠤ ᠭᠤᠤ ᠭᠠᠷᠭ᠋ᠠᠨ᠎ᠠ᠂ ᠨᠦᠬᠡ ᠮᠠᠯᠲᠠᠬᠤ ᠪᠤᠶᠤ ᠭᠤᠤ ᠭᠠᠷᠭ᠋ᠠᠬᠤ᠎ᠳᠤ ᠦᠨᠳᠦᠰᠦ ᠵᠢ᠎ᠨᠢ ᠲᠠᠰᠤᠯᠬᠤ᠎ᠨᠢ ᠵᠠᠶ᠋ᠢᠯᠠᠰᠢ ᠦᠭᠡᠢ ᠶᠤᠮ᠃ ᠬᠠᠪᠤᠷ᠎ᠤᠨ ᠦᠨᠳᠦᠰᠦ᠎ᠨᠢ ᠮᠣᠳᠣᠨ᠎ᠤ ᠨᠠᠪᠴᠢ ᠨᠠᠮᠠᠭ᠎ᠠ ᠵᠢ ᠤᠷᠭᠤᠭᠤᠯᠤᠨ᠎ᠠ᠂ ᠬᠡᠷᠪᠡ ᠲᠠᠰᠤᠷᠠᠪᠠᠯ ᠵᠢᠮᠢᠰ᠎ᠤᠨ ᠮᠣᠳᠣ ᠴᠠᠭ ᠲᠤᠬᠠᠢ᠎ᠳᠤᠨᠢ ᠵᠠᠰᠠᠵᠤ ᠰᠡᠯᠪᠢᠬᠦ ᠴᠢᠳᠠᠯ ᠦᠭᠡᠢ ᠪᠣᠯᠳᠠᠭ᠃

    2. ᠦᠨᠳᠦᠰᠦᠨ ᠰᠢᠰᠲ᠋ᠧᠮ᠎ᠳᠤ ᠰᠢᠮ᠎ᠡ ᠲᠡᠵᠢᠭᠡᠯ᠎ᠢ ᠬᠠᠳᠠᠭ᠋ᠠᠯᠠᠳᠠᠭ᠃

     ᠬᠠᠪᠤᠷ᠎ᠤᠨ ᠦᠨᠳᠦᠰᠦ ᠰᠣᠶᠣᠭ᠋ᠠᠯᠠᠵᠤ ᠡᠨᠡ ᠦᠶ᠎ᠡ᠎ᠳᠤ ᠰᠢᠨ᠎ᠡ ᠨᠠᠪᠴᠢ ᠤᠷᠭᠤᠭ᠋ᠠᠳᠤᠶ ᠪᠠᠶ᠋ᠢᠬᠤ᠎ᠳᠤ ᠵᠢᠮᠢᠰ᠎ᠤᠨ ᠮᠣᠳᠣ ᠬᠠᠷᠢᠨ ᠮᠠᠰᠢ ᠲᠦᠷᠭᠡᠨ ᠵᠶ᠋ᠠᠷ ᠪᠣᠷᠳᠣᠭᠤᠷ ᠬᠡᠷᠡᠭᠯᠡᠬᠦ ᠬᠠᠮᠤᠭ᠎ᠤᠨ ᠶᠡᠭᠡ ᠠᠰᠢᠭᠯᠠᠮᠵᠢ ᠵᠢᠨ ᠬᠤᠭᠤᠴᠠᠭ᠋ᠠᠨ᠎ᠳᠤ ᠣᠷᠣᠳᠠᠭ᠂ ᠤᠴᠢᠷ᠎ᠨᠢ ᠵᠢᠮᠢᠰ᠎ᠤᠨ ᠮᠣᠳᠣᠨ᠎ᠳᠤ ᠦᠨᠳᠦᠰᠦ ᠤᠷᠭᠤᠬᠤ᠂ ᠮᠥᠴᠢᠷ ᠰᠠᠯᠭ᠋ᠠᠬᠤ᠂ ᠨᠠᠪᠴᠢ ᠳᠡᠯᠭᠡᠬᠦ᠂ ᠴᠡᠴᠡᠭ ᠳᠡᠯᠭᠡᠷᠡᠬᠦ᠂ ᠵᠢᠮᠢᠰ ᠰᠠᠭᠤᠬᠤ᠎ᠳᠤ ᠶᠡᠭᠡ ᠬᠡᠮᠵᠢᠶᠡᠨ᠎ᠤ ᠰᠢᠮ᠎ᠡ ᠲᠡᠵᠢᠭᠡᠯ ᠵᠠᠷᠤᠴᠠᠭᠤᠯᠳᠠᠭ᠂ ᠵᠢᠮᠢᠰ᠎ᠤᠨ ᠮᠣᠳᠣ ᠶᠠᠭᠤᠨ᠎ᠤ ᠡᠮᠦᠨ᠎ᠡ ᠵᠢᠮᠢᠰ᠎ᠤᠨ ᠮᠣᠳᠣᠨ᠎ᠤ ᠪᠡᠶ᠎ᠡ᠎ᠳᠤ ᠬᠠᠳᠠᠭ᠋ᠠᠯᠠᠵᠤ ᠪᠠᠶ᠋ᠢᠭ᠎ᠠ ᠰᠢᠮ᠎ᠡ ᠲᠡᠵᠢᠭᠡᠯ᠎ᠢ ᠬᠡᠷᠡᠭᠯᠡᠳᠡᠭ᠂ ᠲᠦᠷᠦᠭᠦᠦ ᠵᠢᠯ᠎ᠤᠨ ᠨᠠᠮᠤᠷ ᠰᠠᠭᠤᠷᠢ ᠪᠣᠷᠳᠣᠭᠤᠷ ᠣᠷᠣᠭᠤᠯᠤᠭᠰᠠᠨ ᠵᠢᠮᠢᠰ᠎ᠤᠨ ᠮᠣᠳᠣᠨ᠎ᠳᠤ ᠬᠠᠳᠠᠭ᠋ᠠᠯᠠᠵᠤ ᠪᠠᠶ᠋ᠢᠭ᠎ᠠ ᠰᠢᠮ᠎ᠡ ᠲᠡᠵᠢᠭᠡᠯ᠎ᠤᠨ ᠣᠯᠠᠩᠬᠢ᠎ᠨᠢ ᠪᠦᠷ ᠦᠨᠳᠦᠰᠦ ᠵᠢᠨ ᠬᠡᠰᠡᠭ᠎ᠲᠤ ᠪᠠᠶ᠋ᠢᠵᠤ᠂ ᠦᠨᠳᠦᠰᠦ ᠲᠠᠰᠤᠷᠠᠬᠤ᠎ᠨᠢ ᠰᠢᠮ᠎ᠡ ᠲᠡᠵᠢᠭᠡᠯ ᠳᠠᠮᠵᠢᠭᠤᠯᠬᠤ ᠵᠢ ᠲᠠᠰᠤᠯᠤᠭᠰᠠᠨ᠎ᠲᠠᠢ ᠠᠳᠠᠯᠢ ᠶᠤᠮ᠃

    3. ᠦᠨᠳᠦᠰᠦ ᠲᠠᠰᠤᠷᠠᠬᠤ᠎ᠨᠢ ᠠᠮᠠᠰᠠᠷ᠎ᠢ ᠭᠡᠮᠲᠦᠭᠡᠬᠦ᠎ᠲᠠᠢ ᠠᠳᠠᠯᠢ᠃

    ᠵᠢᠮᠢᠰ᠎ᠤᠨ ᠮᠣᠳᠣ ᠤᠰᠤ ᠪᠣᠷᠳᠣᠭᠤᠷ ᠰᠢᠩᠭᠡᠭᠡᠬᠦ᠎ᠳᠡᠭᠡᠨ ᠭᠤᠣᠯᠳᠠᠭᠤ ᠭᠠᠵᠠᠷ᠎ᠤᠨ ᠭᠠᠳᠠᠷᠭᠤ᠎ᠠᠴᠠ 20 ᠰᠡᠨᠲ᠋ᠢᠮᠸᠲᠷ᠎ᠤᠨ ᠳᠤᠮᠳᠠ ᠳᠠᠪᠬᠤᠷᠭ᠎ᠠ ᠵᠢᠨ ᠰᠠᠬᠠᠯ ᠦᠨᠳᠦᠰᠦ᠎ᠳᠤ ᠲᠦᠰᠢᠭᠯᠡᠨ᠎ᠡ᠂ ᠬᠡᠷᠪᠡ ᠡᠳᠡᠭᠡᠷ ᠰᠠᠬᠠᠯ ᠦᠨᠳᠦᠰᠦ ᠵᠢ ᠰᠢᠷᠬᠠᠲᠤᠭᠤᠯᠪᠠᠯ ᠬᠡᠪ᠎ᠤᠨ ᠪᠠᠶ᠋ᠢᠳᠠᠯ ᠵᠶ᠋ᠠᠷ ᠤᠰᠤ ᠪᠣᠷᠳᠣᠭᠤᠷ ᠰᠣᠷᠣᠵᠤ ᠳᠡᠶ᠋ᠢᠯᠬᠦ ᠦᠭᠡᠢ᠂ ᠨᠡᠩ ᠴᠤ᠌ ᠮᠣᠳᠣᠨ᠎ᠤ ᠪᠡᠶ᠎ᠡ ᠵᠢᠨ ᠦᠨᠳᠦᠰᠦ᠂ ᠰᠠᠯᠠᠭ᠎ᠠ᠂ ᠨᠠᠪᠴᠢ ᠵᠢ ᠴᠢᠷᠦᠭᠳᠡᠭᠦᠯᠦᠨ᠎ᠡ᠃

    4. ᠣᠷᠭ᠋ᠠᠨᠢᠭ ᠪᠣᠷᠳᠣᠭᠤᠷ ᠣᠷᠣᠭᠤᠯᠬᠤ᠎ᠳᠤ ᠬᠦᠴᠦ ᠬᠦᠷᠦᠯᠴᠡᠬᠦ ᠦᠭᠡᠢ᠃

     ᠬᠠᠪᠤᠷ᠎ᠤᠨ ᠤᠯᠠᠷᠢᠯ᠎ᠳᠤ ᠵᠢᠮᠢᠰ᠎ᠤᠨ ᠮᠣᠳᠣᠨ᠎ᠤ ᠦᠨᠳᠦᠰᠦ ᠤᠷᠭᠤᠬᠤ᠂ ᠮᠥᠴᠢᠷ ᠰᠠᠯᠭ᠋ᠠᠬᠤ᠂ ᠨᠠᠪᠴᠢ ᠳᠡᠯᠭᠡᠬᠦ᠂ ᠴᠡᠴᠡᠭ ᠳᠡᠯᠭᠡᠷᠡᠬᠦ᠂ ᠵᠢᠮᠢᠰ ᠰᠠᠭᠤᠬᠤ᠎ᠳᠤ ᠶᠡᠭᠡ ᠬᠡᠮᠵᠢᠶᠡᠨ᠎ᠤ ᠰᠢᠮ᠎ᠡ ᠲᠡᠵᠢᠭᠡᠯ ᠬᠡᠷᠡᠭᠰᠡᠨ᠎ᠡ᠂ ᠡᠨᠡ ᠬᠤᠭᠤᠴᠠᠭ᠋ᠠᠨ᠎ᠤ ᠰᠢᠮ᠎ᠡ ᠲᠡᠵᠢᠭᠡᠯ᠎ᠢ ᠭᠦᠢ᠍ᠴᠡᠳ ᠬᠠᠩᠭ᠋ᠠᠵᠤ ᠳᠡᠶ᠋ᠢᠯᠬᠦ ᠦᠭᠡᠢ ᠪᠣᠯ ᠵᠢᠮᠢᠰ᠎ᠤᠨ ᠮᠣᠳᠣᠨ᠎ᠤ ᠰᠡᠭᠦᠯᠴᠢ ᠵᠢᠨ ᠬᠤᠭᠤᠴᠠᠭ᠋ᠠᠨ᠎ᠤ ᠥᠰᠦᠯᠲᠡ ᠵᠢ ᠨᠥᠯᠥᠭᠡᠯᠡᠵᠦ᠂ ᠴᠡᠴᠡᠭ ᠵᠤᠯᠭ᠋ᠠᠷᠠᠵᠤ ᠵᠢᠮᠢᠰ ᠤᠨᠠᠬᠤ᠂ ᠤᠨᠠᠯᠲᠠ ᠪᠠᠭᠤᠷᠠᠬᠤ᠂ ᠰᠢᠬᠢᠷ᠎ᠤᠨ ᠥᠩᠭᠡ ᠬᠦᠷᠦᠯᠴᠡᠬᠦ ᠦᠭᠡᠢ᠂ ᠵᠢᠮᠢᠰ᠎ᠤᠨ ᠶᠠᠰᠤ ᠴᠢᠨᠠᠷ ᠮᠠᠭᠤᠳᠠᠬᠤ ᠬᠦᠨᠳᠦ ᠨᠣᠴᠢᠲᠠᠢ ᠦᠷ᠎ᠡ ᠳ᠋ᠦᠩ᠎ᠢ ᠪᠣᠢ ᠪᠣᠯᠭ᠋ᠠᠨ᠎ᠠ᠃ ᠡᠶ᠋ᠢᠮᠦ᠎ᠠᠴᠠ ᠬᠠᠪᠤᠷ᠎ᠤᠨ ᠤᠯᠠᠷᠢᠯ᠎ᠳᠤ ᠤᠰᠤᠨ᠎ᠳᠤ ᠠᠭᠤᠰᠬᠤ ᠴᠢᠨᠠᠷᠲᠠᠢ ᠪᠣᠷᠳᠣᠭᠤᠷ᠎ᠢ ᠶᠡᠭᠡ᠎ᠪᠠᠷ ᠬᠡᠷᠡᠭᠯᠡᠬᠦ ᠵᠢ ᠡᠷᠬᠢᠮᠯᠡᠬᠦ᠎ᠠᠴᠠ ᠪᠢᠰᠢ᠂ ᠣᠷᠭ᠋ᠠᠨᠢᠭ ᠪᠣᠷᠳᠣᠭᠤᠷ ᠪᠢᠰᠢ ᠶᠤᠮ᠃ ᠮᠡᠳᠡᠭᠡ ᠵᠠᠩᠭᠢ ᠵᠢᠨ
    

ᠢᠷᠡᠯᠲᠡ᠄ ᠤᠯᠠᠭ᠋ᠠᠨᠬᠠᠳᠠ ᠬᠤᠳᠠ ᠵᠢᠨ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠴᠢᠭᠢᠭᠴᠡ ᠵᠢ ᠬᠡᠮᠵᠢᠵᠦ ᠤᠰᠤᠯᠠᠬᠤ ᠮᠡᠷᠭᠡᠵᠢᠯ
ᠭᠣᠣᠯᠳᠠᠯᠭ᠎ᠠ᠎ᠲᠠᠢ ᠤᠯᠤᠰ᠎ᠤᠨ ᠦᠮᠴᠢᠯᠡᠯᠲᠤ ᠰᠢᠭᠤᠶ᠋ᠢᠲᠤ ᠣᠷᠣᠨ᠎ᠤ ᠮᠣᠳᠣᠨ ᠮᠠᠲ᠋ᠧᠷᠢᠶᠠᠯ᠎ᠢ ᠵᠥᠭᠡᠭᠡᠪᠦᠷᠢᠯᠡᠬᠦ ᠭᠡᠷᠡᠴᠢ ᠳᠡᠮᠳᠡᠭ᠎ᠢ ᠬᠢᠨᠠᠨ ᠣᠯᠭᠣᠬᠤ
ᠭᠠᠳᠠᠭ᠋ᠠᠳᠤ ᠤᠯᠤᠰ᠎ᠤᠨ ᠬᠥᠮᠦᠨ᠎ᠠᠴᠠ ᠤᠯᠤᠰ᠎ᠤᠨ ᠭᠣᠣᠯᠳᠠᠯᠭ᠎ᠠ᠎ᠲᠠᠢ ᠬᠠᠮᠠᠭ᠋ᠠᠯᠠᠬᠤ ᠬᠡᠭᠡᠷ᠎ᠡ ᠵᠢᠨ ᠠᠮᠢᠲᠠᠨ᠎ᠳᠤ ᠬᠡᠭᠡᠷ᠎ᠡ ᠵᠢᠨ ᠪᠠᠢ᠌ᠴᠠᠭ᠋ᠠᠯᠳᠠ ᠬᠢᠬᠦ᠂ ᠦᠯᠢᠭᠡᠷ ᠴᠤᠭᠯᠠᠭᠤᠯᠬᠤ ᠪᠤᠶᠤ ᠺᠢᠨᠣ᠋ ᠰᠡᠭᠦᠳᠡᠷᠯᠡᠬᠦ᠂ ᠳᠦᠷᠰᠦ ᠰᠢᠩᠭᠡᠭᠡᠯᠳᠡ ᠬᠢᠬᠦ ᠬᠢᠨᠠᠨ ᠵᠦᠪᠰᠢᠶᠡᠷᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠠᠯᠠᠨ ᠬᠠᠷ᠎ᠠ ᠠᠭᠤᠯᠠ ᠵᠢᠨ ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠳᠠᠷᠬᠠᠨ ᠣᠷᠣᠨ᠎ᠤ ᠨᠠᠮᠬᠠᠳᠬᠠᠯ ᠲᠣᠭᠣᠷᠢᠭ᠎ᠲᠤ ᠣᠷᠣᠵᠣ ᠡᠪᠳᠡᠯᠡᠭᠡ ᠵᠢᠨ ᠪᠤᠰᠣ ᠴᠢᠨᠠᠷᠲᠠᠶ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠂ ᠵᠢᠭ᠋ᠠᠨ ᠰᠤᠷᠭ᠋ᠠᠬᠤ ᠳᠠᠳᠤᠯᠭ᠎ᠠ ᠪᠠ ᠦᠯᠢᠭᠡᠷ ᠴᠤᠭᠯᠠᠭᠤᠯᠬᠤ ᠠᠵᠢᠯᠯᠠᠭ᠎ᠠ ᠬᠢᠬᠦ ᠬᠢᠨᠠᠨ ᠵᠥᠪᠰᠢᠶᠡᠷᠡᠯ
ᠡᠯᠡᠰᠦᠨ ᠳᠠᠩ᠎ᠢ ᠵᠠᠰᠠᠬᠤ ᠠᠷᠭ᠎ᠠ
 
             蒙ICP备05000248号