ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠦᠢᠯᠡᠴᠢᠯᠡᠬᠦ᠌ ᠵᠦᠭᠯᠡᠬᠦᠷ
ᠴᠢᠭᠢᠭᠴᠡ ᠵᠢ ᠬᠡᠮᠵᠢᠵᠦ ᠤᠰᠤᠯᠠᠬᠤ ᠮᠡᠷᠭᠡᠵᠢᠯ
ᠨᠡᠶ᠋ᠢᠲᠡᠯᠡᠭᠰᠡᠨ ᠴᠠᠭ᠄ 2025-05-28


   
     ᠡᠨᠡ᠎ᠨᠢ ᠲᠠᠷᠢᠮᠠᠯ᠎ᠤᠨ ᠭᠤᠣᠯ ᠪᠣᠯᠬᠤ ᠦᠷᠡᠵᠢᠯ᠎ᠤᠨ ᠬᠤᠭᠤᠴᠠᠭ᠋ᠠᠨ᠎ᠳᠠᠬᠢ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠰᠢᠷᠣᠢ ᠵᠢᠨ ᠤᠰᠤᠨ᠎ᠤ ᠠᠭᠤᠯᠤᠭᠳᠠᠴᠠ᠎ᠪᠠᠷ ᠬᠠᠷᠠᠯᠲᠠ ᠤᠰᠤᠨ᠎ᠤ ᠠᠭᠤᠯᠤᠭᠳᠠᠴᠠ ᠪᠣᠯᠭ᠋ᠠᠵᠤ᠂ ᠡᠯ᠎ᠡ ᠦᠷᠡᠵᠢᠯ᠎ᠤᠨ ᠬᠤᠭᠤᠴᠠᠭ᠋ᠠᠨ᠎ᠳᠤ ᠬᠥᠷᠥᠰᠥ ᠰᠢᠷᠣᠢ ᠵᠢᠨ ᠴᠢᠭᠢᠭ᠎ᠤᠨ ᠪᠠᠶ᠋ᠢᠳᠠᠯ᠎ᠢ ᠬᠡᠮᠵᠢᠨ ᠲᠣᠭᠲᠠᠭ᠋ᠠᠵᠤ᠂ ᠲᠠᠷᠢᠮᠠᠯ᠎ᠤᠨ ᠤᠰᠤ ᠬᠡᠷᠡᠭᠰᠡᠬᠦ ᠣᠨᠴᠠᠯᠢᠭ᠎ᠢ ᠦᠨᠳᠦᠰᠦᠯᠡᠨ ᠨᠥᠬᠦᠪᠦᠷᠢᠯᠡᠬᠦ ᠤᠰᠤᠨ᠎ᠤ ᠬᠡᠮᠵᠢᠶ᠎ᠡ ᠵᠢ ᠪᠤᠳᠤᠵᠤ᠂ ᠲᠣᠭᠲᠠᠭᠰᠠᠨ ᠬᠡᠮᠵᠢᠶ᠎ᠡ᠎ᠲᠠᠢ ᠤᠰᠤᠯᠠᠬᠤ ᠨᠢᠭᠡ ᠵᠦᠢ᠍ᠯ᠎ᠤᠨ ᠠᠷᠭ᠎ᠠ ᠪᠣᠯᠣᠨ᠎ᠠ᠃ ᠲᠠᠷᠢᠮᠠᠯ᠎ᠢ ᠤᠰᠤᠯᠠᠵᠤ ᠤᠰᠤ ᠨᠥᠬᠦᠬᠦ ᠴᠢᠬᠤᠯᠠ᠎ᠲᠠᠢ ᠡᠰᠡᠬᠦ ᠵᠢ ᠳᠣᠣᠷᠠᠬᠢ ᠬᠡᠳᠦᠨ ᠵᠦᠢ᠍ᠯ᠎ᠤᠨ ᠳᠥᠭᠦᠮ ᠠᠷᠭ᠎ᠠ᠎ᠪᠠᠷ ᠯᠠᠪᠯᠠᠯᠲᠠ ᠪᠣᠯᠭ᠋ᠠᠵᠤ ᠪᠣᠯᠣᠨ᠎ᠠ᠃

    ᠨᠢᠭᠡ᠂ ᠬᠥᠷᠥᠰᠥ ᠰᠢᠷᠣᠢ ᠵᠢᠨ ᠤᠰᠤᠨ᠎ᠤ ᠰᠡᠷᠡᠯ᠎ᠤᠨ ᠡᠷᠬᠡᠲᠡᠨ᠎ᠤ ᠪᠠᠶ᠋ᠢᠳᠠᠯ᠎ᠢ ᠦᠨᠳᠦᠰᠦᠯᠡᠨ ᠮᠠᠭ᠋ᠠᠳᠯᠠᠬᠤ

    (ᠨᠢᠭᠡ) ᠲᠠᠷᠢᠶᠠᠨ ᠭᠠᠵᠠᠷ᠎ᠤᠨ ᠬᠥᠷᠥᠰᠥ ᠰᠢᠷᠣᠢ ᠵᠢᠨ ᠥᠩᠭᠡ᠂ ᠰᠢᠨᠵᠢ ᠪᠠᠶ᠋ᠢᠳᠠᠯ᠎ᠢ ᠠᠵᠢᠭᠯᠠᠨ᠎ᠠ᠃ ᠬᠡᠷᠪᠡ ᠦᠡᠭᠭᠡᠨ ᠲᠠᠯ᠎ᠠ ᠵᠢᠨ ᠬᠥᠷᠥᠰᠥ ᠰᠢᠷᠣᠢ ᠵᠢᠨ ᠥᠩᠭᠡ᠎ᠨᠢ ᠭᠦᠢ᠍ᠬᠡᠨ ᠪᠣᠯᠬᠤ ᠪᠤᠶᠤ ᠴᠠᠶ᠋ᠢᠪᠤᠷ ᠪᠣᠯᠬᠤ᠂ ᠨᠠᠷᠢᠨ ᠴᠠᠪᠠ ᠭᠠᠷᠬᠤ᠎ᠳᠤ ᠬᠦᠷᠪᠡᠯ᠂ ᠬᠥᠷᠥᠰᠥ ᠰᠢᠷᠣᠢ ᠤᠰᠤ ᠳᠤᠲᠠᠭᠳᠠᠭᠰᠠᠨ᠎ᠢ ᠬᠠᠷᠠᠭᠤᠯᠵᠤ ᠪᠠᠶ᠋ᠢᠨ᠎ᠠ; ᠬᠡᠷᠪᠡ ᠬᠥᠷᠥᠰᠥ ᠰᠢᠷᠣᠢ ᠵᠢᠨ ᠥᠩᠭᠡ᠎ᠨᠢ ᠬᠡᠪ᠎ᠤᠨ ᠥᠩᠭᠡ᠎ᠠᠴᠠ ᠭᠦᠨ ᠪᠤᠶᠤ ᠬᠦᠷᠡᠩ ᠥᠩᠭᠡ᠎ᠲᠠᠢ ᠪᠣᠯ ᠤᠰᠤ ᠳᠤᠲᠠᠬᠤ ᠦᠭᠡᠢ ᠵᠢ ᠬᠠᠷᠠᠭᠤᠯᠵᠤ ᠪᠠᠶ᠋ᠢᠨ᠎ᠠ᠃

    (ᠬᠤᠶᠠᠷ) ᠨᠠᠷᠢᠨ ᠮᠣᠳᠣ ᠵᠢ ᠭᠠᠳᠠᠷ ᠬᠥᠷᠥᠰᠥᠨ᠎ᠳᠤ 10cm᠎ᠠᠴᠠ ᠳᠣᠷᠣᠭᠰᠢ ᠬᠠᠳᠬᠤᠵᠤ᠂ ᠳᠠᠷᠠᠭ᠎ᠠ᠎ᠨᠢ ᠮᠣᠳᠣ ᠵᠢ ᠰᠤᠭᠤᠯᠵᠤ ᠭᠠᠷᠭ᠋ᠠᠭ᠋ᠠᠳ ᠳᠠᠭ᠋ᠠᠵᠤ ᠭᠠᠷᠴᠤ ᠢᠷᠡᠭᠰᠡᠨ ᠬᠥᠷᠥᠰᠥ ᠰᠢᠷᠤᠢ ᠵᠢ ᠠᠵᠢᠭᠯᠠᠨ᠎ᠠ᠃ ᠬᠡᠷᠪᠡ ᠬᠥᠷᠥᠰᠥ ᠰᠢᠷᠤᠢ᠎ᠨᠢ ᠨᠡᠯᠢᠶᠡᠳ ᠨᠣᠶ᠋ᠢᠲᠠᠨ ᠪᠠᠶ᠋ᠢᠪᠠᠯ ᠤᠰᠤ ᠲᠤᠳᠠᠵᠤ ᠦᠭᠡᠢ᠂ ᠲᠦᠷ ᠴᠠᠭ ᠤᠰᠤᠯᠠᠬᠤ ᠴᠢᠬᠤᠯᠠ ᠦᠭᠡᠢ ᠭᠡᠰᠡᠨ᠎ᠢ ᠬᠠᠷᠠᠭᠤᠯᠵᠤ ᠪᠠᠶ᠋ᠢᠨ᠎ᠠ᠃ ᠬᠡᠷᠪᠡ ᠬᠥᠷᠥᠰᠥ ᠰᠢᠷᠤᠢ᠎ᠨᠢ ᠨᠡᠯᠢᠶᠡᠳ ᠬᠠᠭᠤᠷᠠᠢ ᠪᠤᠶᠤ ᠮᠣᠳᠣᠨ ᠲᠡᠭᠡᠷ᠎ᠡ ᠬᠦᠷᠦᠰᠦ ᠰᠢᠷᠤᠢ ᠳᠠᠭ᠋ᠠᠵᠤ ᠭᠠᠷᠴᠤ ᠢᠷᠡᠭᠰᠡᠨ ᠦᠭᠡᠢ ᠪᠣᠯ ᠬᠥᠷᠥᠰᠥ ᠰᠢᠷᠣᠢ ᠤᠰᠤ ᠳᠤᠲᠠᠭᠳᠠᠭᠰᠠᠨ᠎ᠢ ᠬᠠᠷᠠᠭᠤᠯᠵᠤ᠂ ᠴᠠᠭ ᠲᠤᠬᠠᠢ᠎ᠳᠤᠨᠢ ᠲᠠᠷᠢᠮᠠᠯ ᠵᠶ᠋ᠠᠨ ᠤᠰᠤᠯᠠᠬᠤ ᠴᠢᠬᠤᠯᠠ᠎ᠲᠠᠢ ᠪᠠᠶ᠋ᠢᠳᠠᠭ᠃

    (ᠭᠤᠷᠪᠠ) ᠭᠠᠳᠠᠷ ᠬᠥᠷᠥᠰᠥᠨ᠎ᠤ ᠳᠣᠣᠷᠠᠬᠢ 10cm ᠣᠷᠴᠢᠮ᠎ᠤᠨ ᠬᠥᠷᠥᠰᠥ ᠵᠢ ᠭᠠᠷ ᠵᠶ᠋ᠠᠷ ᠵᠶ᠋ᠠᠨ ᠠᠳᠬᠤᠭ᠋ᠠᠳ ᠠᠯᠠᠭ᠋ᠠᠨ ᠳᠡᠭᠡᠷ᠎ᠡ᠎ᠪᠠᠨ ᠲᠠᠯᠪᠢᠵᠤ᠂ ᠴᠢᠩᠭ᠎ᠠ ᠠᠳᠬᠤᠭᠰᠠᠨ᠎ᠤ ᠳᠠᠷᠠᠭ᠎ᠠ ᠲᠠᠯᠪᠢᠨ᠎ᠠ᠃ ᠬᠡᠷᠪᠡ ᠭᠠᠷ᠎ᠤᠨ ᠠᠯᠠᠭ᠎ᠠ ᠨᠣᠶ᠋ᠢᠲᠠᠨ ᠰᠢᠭ᠋ ᠰᠠᠨᠠᠭᠳᠠᠬᠤ ᠦᠭᠡᠢ ᠮᠥᠷᠲᠡᠭᠡᠨ ᠬᠦᠴᠦᠲᠡᠢ ᠠᠳᠬᠤᠭᠰᠠᠨ ᠴᠤ᠌ ᠬᠥᠷᠥᠰᠥ ᠵᠢ ᠪᠥᠭᠡᠮᠨᠡᠷᠡᠭᠦᠯᠵᠦ ᠳᠡᠶ᠋ᠢᠯᠬᠦ ᠦᠭᠡᠢ᠂ ᠭᠠᠷ᠎ᠤᠨ ᠠᠯᠠᠭ᠎ᠠ᠎ᠪᠠᠨ ᠲᠠᠯᠪᠢᠭᠰᠠᠨ᠎ᠤ ᠳᠠᠷᠠᠭ᠎ᠠ ᠳᠠᠷᠤᠶ᠋ᠢᠬᠠᠨ ᠪᠣᠲᠠᠷᠠᠵᠤ ᠪᠠᠶ᠋ᠢᠪᠠᠯ ᠬᠦᠷᠦᠰᠦ ᠰᠢᠷᠦᠢ ᠵᠢᠨ ᠲᠠᠷᠢᠶᠠᠨ᠎ᠤ ᠤᠰᠤ ᠬᠠᠳᠠᠭ᠋ᠠᠯᠠᠬᠤ ᠬᠡᠮᠵᠢᠶ᠎ᠡ᠎ᠨᠢ 30%᠎ᠠᠴᠠ ᠳᠣᠷᠣᠭᠰᠢ ᠪᠠᠶ᠋ᠢᠵᠤ᠂ ᠬᠦᠨᠳᠦ ᠨᠣᠴᠢᠲᠠᠢ ᠤᠰᠤ ᠳᠤᠲᠠᠭᠳᠠᠵᠤ ᠴᠠᠭ ᠲᠤᠬᠠᠢ᠎ᠳᠤᠨᠢ ᠤᠰᠤᠯᠠᠬᠤ ᠴᠢᠬᠤᠯᠠᠲᠠᠢ ᠭᠡᠰᠡᠨ᠎ᠢ ᠬᠠᠷᠠᠭᠤᠯᠵᠤ ᠪᠠᠶ᠋ᠢᠨ᠎ᠠ᠃ ᠬᠡᠷᠪᠡ ᠭᠠᠷ᠎ᠤᠨ ᠠᠯᠠᠭ᠎ᠠ ᠵᠢᠭ᠋ᠠᠬᠠᠨ ᠴᠢᠬᠢᠭᠳᠦᠵᠦ ᠬᠥᠷᠥᠰᠥ ᠵᠢ ᠪᠥᠭᠡᠮᠨᠡᠷᠡᠭᠦᠯᠵᠦ᠂ ᠲᠠᠯᠪᠢᠭᠰᠠᠨ᠎ᠤ ᠳᠠᠷᠠᠭ᠎ᠠ ᠠᠶᠠᠨᠳᠠᠭ᠋ᠠᠨ ᠲᠠᠷᠬᠠᠵᠤ ᠪᠠᠶ᠋ᠢᠪᠠᠯ ᠬᠦᠷᠦᠰᠦ ᠰᠢᠷᠦᠢ ᠵᠢᠨ ᠤᠰᠤ ᠬᠠᠳᠠᠭ᠋ᠠᠯᠠᠬᠤ ᠬᠡᠮᠵᠢᠶ᠎ᠡ᠎ᠨᠢ 50% ᠣᠷᠴᠢᠮ ᠪᠠᠶ᠋ᠢᠵᠤ᠂ ᠴᠢᠭᠢᠭ᠎ᠤᠨ ᠬᠡᠮᠵᠢᠶ᠎ᠡ᠎ᠨᠢ ᠬᠦᠷᠦᠯᠴᠡᠵᠦ ᠪᠠᠶ᠋ᠢᠬᠤ ᠵᠢ ᠬᠠᠷᠠᠭᠤᠯᠵᠤ᠂ ᠶᠡᠷᠦ᠎ᠳᠡᠭᠡᠨ ᠤᠰᠤᠯᠠᠬᠤ ᠴᠢᠬᠤᠯᠠ ᠦᠭᠡᠢ ᠪᠠᠶ᠋ᠢᠳᠠᠭ᠃ ᠬᠡᠷᠪᠡ ᠭᠠᠷ᠎ᠤᠨ ᠠᠯᠠᠭ᠎ᠠ ᠵᠢ ᠨᠡᠯᠢᠶᠡᠳ ᠴᠢᠭᠢᠭᠳᠡᠭᠦᠯᠵᠦ᠂ ᠬᠥᠷᠥᠰᠥ ᠰᠢᠷᠤᠢ ᠵᠢ ᠴᠢᠩᠭ᠎ᠠ ᠠᠳᠬᠤᠪᠠᠯ ᠤᠰᠤ᠎ᠨᠢ ᠰᠢᠬᠠᠭᠳᠠᠨ ᠭᠠᠷᠴᠤ᠂ ᠠᠯᠠᠭ᠎ᠠ᠎ᠪᠠᠨ ᠲᠠᠯᠪᠢᠭᠰᠠᠨ᠎ᠤ ᠳᠠᠷᠠᠭ᠎ᠠ ᠬᠥᠷᠥᠰᠥ ᠰᠢᠷᠤᠢ ᠰᠤᠯᠠᠷᠠᠬᠤ ᠦᠭᠡᠢ ᠮᠥᠷᠲᠡᠭᠡᠨ ᠭᠠᠷ᠎ᠤᠨ ᠠᠯᠠᠭ᠎ᠠ᠎ᠳᠤ ᠨᠠᠭ᠋ᠠᠯᠳᠤᠵᠤ ᠪᠠᠶ᠋ᠢᠪᠠᠯ᠂ ᠬᠦᠷᠦᠰᠦ ᠰᠢᠷᠦᠢ ᠵᠢᠨ ᠤᠰᠤ ᠬᠠᠳᠠᠭ᠋ᠠᠯᠠᠬᠤ ᠬᠡᠮᠵᠢᠶ᠎ᠡ᠎ᠨᠢ 85%᠎ᠠᠴᠠ ᠳᠡᠭᠡᠭᠰᠢ ᠪᠠᠶ᠋ᠢᠵᠤ᠂ ᠤᠰᠤᠨ᠎ᠤ ᠠᠭᠤᠯᠤᠭᠳᠠᠴᠠ᠎ᠨᠢ ᠨᠡᠯᠢᠶᠡᠳ ᠥᠨᠳᠥᠷ ᠭᠡᠳᠡᠭ᠎ᠢ ᠬᠠᠷᠠᠭᠤᠯᠵᠤ ᠪᠠᠶ᠋ᠢᠨ᠎ᠠ᠃ ᠴᠠᠭ ᠲᠤᠬᠠᠢ᠎ᠳᠤᠨᠢ ᠰᠤᠪᠠᠭ ᠮᠠᠯᠲᠠᠵᠤ ᠤᠰᠤ ᠵᠠᠯᠠᠬᠤ᠂ ᠤᠰᠤ ᠬᠢᠵᠠᠭ᠋ᠠᠷᠯᠠᠬᠤ ᠠᠵᠢᠯ᠎ᠢ ᠰᠠᠶ᠋ᠢᠲᠤᠷ ᠬᠢᠬᠦ ᠴᠢᠬᠤᠯᠠᠲᠠᠢ ᠪᠠᠶ᠋ᠢᠳᠠᠭ᠃

    ᠬᠤᠶᠠᠷ᠂ ᠲᠠᠷᠢᠮᠠᠯ᠎ᠤᠨ ᠤᠷᠭᠤᠴᠠ ᠵᠢᠨ ᠪᠠᠶ᠋ᠢᠳᠠᠯ᠎ᠢ ᠦᠨᠳᠦᠰᠦᠯᠡᠨ ᠮᠠᠭ᠋ᠠᠳᠯᠠᠬᠤ ᠬᠦᠷᠦᠰᠦ ᠰᠢᠷᠦᠢ ᠵᠢᠨ ᠤᠰᠤ ᠬᠦᠷᠦᠯᠴᠡᠬᠦ ᠦᠭᠡᠢ ᠪᠤᠶᠤ ᠬᠡᠲᠦᠷᠬᠡᠢ ᠠᠷᠪᠢᠳᠪᠠᠯ ᠲᠠᠷᠢᠮᠠᠯ᠎ᠤᠨ ᠬᠡᠪ᠎ᠤᠨ ᠥᠰᠦᠯᠲᠡ ᠵᠢ ᠨᠥᠯᠥᠭᠡᠯᠡᠨ᠎ᠡ᠃ ᠲᠠᠷᠢᠮᠠᠯ᠎ᠳᠤ ᠤᠰᠤ ᠳᠤᠲᠠᠭᠳᠠᠬᠤ ᠦᠶ᠎ᠡ᠎ᠳᠤ᠂ ᠨᠠᠪᠴᠢ ᠪᠠ ᠰᠢᠨ᠎ᠡ ᠮᠥᠴᠢᠷ᠎ᠨᠢ ᠦᠬᠦᠰᠢᠷᠡᠨ ᠤᠨᠵᠢᠢ᠍ᠵᠤ᠂ ᠭᠡᠷᠡᠯ ᠭᠢᠯᠪᠠᠭ᠎ᠠ᠎ᠪᠠᠨ ᠠᠯᠳᠠᠵᠤ᠂ ᠤᠰᠤ ᠬᠦᠨᠳᠦ ᠨᠣᠴᠢᠲᠠᠢ ᠳᠤᠲᠠᠭᠳᠠᠬᠤ ᠦᠶ᠎ᠡ᠎ᠳᠤ ᠨᠠᠪᠴᠢ᠎ᠨᠢ ᠰᠢᠷᠠᠯᠠᠵᠤ᠂ ᠴᠢᠨᠠᠭᠰᠢᠯᠠᠪᠠᠯ ᠦᠬᠦᠰᠢᠷᠡᠳᠡᠭ᠃ ᠡᠨᠡ ᠦᠶ᠎ᠡ᠎ᠳᠤ ᠴᠠᠭ ᠲᠤᠬᠠᠢ᠎ᠳᠤᠨᠢ ᠤᠰᠤᠯᠠᠵᠤ ᠤᠰᠤ ᠨᠥᠬᠦᠬᠦ ᠴᠢᠬᠤᠯᠠᠲᠠᠢ ᠭᠡᠰᠡᠨ᠎ᠢ ᠬᠠᠷᠠᠭᠤᠯᠵᠤ ᠪᠠᠶ᠋ᠢᠨ᠎ᠠ᠃

    ᠭᠤᠷᠪᠠ᠂ ᠤᠰᠤᠨ᠎ᠤ ᠪᠠᠶ᠋ᠢᠳᠠᠯ᠎ᠢ ᠬᠢᠨᠠᠨ ᠬᠡᠮᠵᠢᠭᠰᠡᠨ ᠲᠤᠭ᠎ᠠ ᠪᠠᠷᠢᠮᠲᠠ ᠵᠢ ᠦᠨᠳᠦᠰᠦᠯᠡᠨ ᠮᠠᠭ᠋ᠠᠳᠯᠠᠬᠤ ᠬᠥᠷᠥᠰᠥᠨ᠎ᠤ ᠴᠢᠭᠢᠭ᠎ᠤᠨ ᠪᠠᠶ᠋ᠢᠳᠠᠯ᠎ᠢ ᠲᠦᠷᠭᠡᠨ ᠬᠡᠮᠵᠢᠬᠦ ᠬᠡᠮᠵᠢᠭᠦᠷᠯᠢᠭ ᠪᠣᠯ ᠳᠠᠷᠤᠢ ᠨᠢᠭᠡ ᠵᠦᠢ᠍ᠯ᠎ᠤᠨ ᠬᠥᠷᠥᠰᠥᠨ᠎ᠤ ᠤᠰᠤ ᠵᠢ ᠰᠢᠯᠭ᠋ᠠᠨ ᠬᠡᠮᠵᠢᠬᠦ ᠬᠡᠮᠵᠢᠭᠦᠷᠯᠢᠭ ᠪᠣᠯᠣᠨ᠎ᠠ᠂ ᠲᠡᠭᠦᠨ᠎ᠤ ᠠᠵᠢᠯᠯᠠᠬᠤ ᠵᠢᠷᠤᠮ᠎ᠨᠢ ᠳᠠᠷᠤᠢ ᠲᠠᠷᠢᠮᠠᠯ᠎ᠤᠨ ᠡᠭᠦᠯᠳᠡᠷ᠂ ᠦᠷᠡᠵᠢᠯ᠎ᠤᠨ ᠬᠤᠭᠤᠴᠠᠭ᠎ᠠ᠂ ᠬᠢᠨᠠᠨ ᠬᠡᠮᠵᠢᠬᠦ ᠴᠠᠭ᠂ ᠬᠥᠷᠥᠰᠥᠨ᠎ᠤ ᠭᠦᠨ᠎ᠤ ᠬᠡᠮᠵᠢᠶ᠎ᠡ ᠵᠡᠷᠭᠡ ᠰᠤᠷᠠᠭ ᠵᠠᠩᠭᠢ ᠵᠢ ᠤᠷᠢᠳᠴᠢᠯᠠᠨ ᠲᠣᠬᠢᠷᠠᠭᠤᠯᠵᠤ᠂ ᠳᠠᠷᠠᠭ᠎ᠠ᠎ᠨᠢ ᠲᠡᠮᠦᠷᠯᠢᠭ ᠬᠠᠶ᠋ᠢᠭᠤᠷ᠎ᠢ ᠪᠦᠬᠦᠨ᠎ᠢ ᠬᠥᠷᠥᠰᠥᠨ᠎ᠳᠤ ᠬᠠᠳᠬᠤᠵᠤ᠂ ᠬᠥᠷᠥᠰᠥᠨ᠎ᠤ ᠴᠢᠭᠢᠭᠲᠦᠴᠡ ᠵᠢᠨ ᠰᠡᠷᠡᠯ ᠳᠠᠮᠵᠢᠭᠤᠯᠤᠭᠴᠢ᠎ᠪᠠᠷ ᠳᠠᠮᠵᠢᠨ ᠬᠥᠷᠥᠰᠥᠨ ᠳᠣᠲᠣᠷᠠᠬᠢ ᠤᠰᠤ ᠵᠢ ᠬᠢᠨᠠᠨ ᠬᠡᠮᠵᠢᠵᠦ᠂ ᠲᠤᠭ᠎ᠠ ᠪᠠᠷᠢᠮᠲᠠ ᠵᠢ ᠴᠤᠭᠯᠠᠭᠤᠯᠵᠤ᠂ ᠲᠤᠭ᠎ᠠ ᠪᠠᠷᠢᠮᠲᠠ ᠵᠢ ᠬᠠᠳᠠᠭ᠋ᠠᠯᠠᠬᠤ ᠨᠢᠭᠡᠨ ᠵᠦᠢ᠍ᠯ᠎ᠤᠨ ᠬᠡᠮᠵᠢᠭᠦᠷᠯᠢᠭ ᠪᠣᠯᠣᠨ᠎ᠠ᠃ ᠲᠡᠷᠡ᠎ᠨᠢ ᠲᠠᠷᠢᠶᠠᠨ ᠭᠠᠵᠠᠷ᠎ᠤᠨ ᠤᠰᠤᠨ᠎ᠤ ᠪᠣᠳᠠᠲᠤ ᠪᠠᠶ᠋ᠢᠳᠠᠯ᠎ᠢ ᠦᠨᠳᠦᠰᠦᠯᠡᠨ ᠰᠢᠨᠵᠢᠯᠡᠬᠦ ᠤᠬᠠᠭ᠋ᠠᠨᠴᠢ᠎ᠪᠠᠷ ᠤᠰᠤᠯᠠᠵᠤ᠂ ᠬᠥᠷᠥᠰᠥᠨ᠎ᠤ ᠤᠰᠤᠨ᠎ᠤ ᠠᠭᠤᠯᠤᠭᠳᠠᠴᠠ ᠵᠢ ᠨᠡᠯᠢᠶᠡᠳ ᠲᠣᠬᠢᠷᠠᠮᠵᠢᠲᠠᠢ ᠬᠡᠪᠴᠢᠶᠡᠨ᠎ᠳᠤ ᠪᠠᠶ᠋ᠢᠯᠭ᠋ᠠᠬᠤ ᠵᠢ ᠪᠠᠲᠤᠯᠠᠳᠠᠭ᠃ ᠲᠠᠷᠢᠶᠠᠴᠢᠨ ᠡᠷᠦᠬᠡ ᠪᠠᠰᠠ ᠡᠯ᠎ᠡ ᠭᠠᠵᠠᠷ᠎ᠤᠨ ᠲᠠᠷᠢᠶᠠᠯᠠᠩ ᠮᠠᠯ ᠠᠵᠤ ᠠᠬᠤᠢ ᠵᠢᠨ ᠰᠠᠯᠠᠭ᠎ᠠ ᠮᠥᠴᠢᠷ᠎ᠤᠨ ᠨᠡᠶ᠋ᠢᠲᠡᠯᠡᠭᠰᠡᠨ ᠴᠢᠭᠢᠭ᠎ᠤᠨ ᠪᠠᠶ᠋ᠢᠳᠠᠯ᠎ᠢ ᠬᠢᠨᠠᠨ ᠬᠡᠮᠵᠢᠭᠰᠡᠨ ᠲᠤᠭ᠎ᠠ ᠪᠠᠷᠢᠮᠲᠠ᠎ᠪᠠᠷ ᠯᠠᠪᠯᠠᠯᠲᠠ ᠪᠣᠯᠭ᠋ᠠᠵᠤ᠂ ᠰᠢᠨᠵᠢᠯᠡᠬᠦ ᠤᠬᠠᠭ᠋ᠠᠨᠴᠢ᠎ᠪᠠᠷ ᠤᠰᠤᠯᠠᠯᠲᠠ ᠬᠢᠵᠦ ᠪᠣᠯᠣᠨ᠎ᠠ᠃ ᠡᠩ᠎ᠤᠨ ᠪᠠᠶ᠋ᠢᠳᠠᠯ᠎ᠳᠤ ᠬᠥᠷᠥᠰᠥᠨ᠎ᠤ ᠤᠰᠤᠨ᠎ᠤ ᠠᠭᠤᠯᠤᠭᠳᠠᠴᠠ᠎ᠨᠢ 80%᠎ᠠᠴᠠ ᠳᠡᠭᠡᠭᠰᠢ ᠪᠠᠶ᠋ᠢᠪᠠᠯ ᠬᠡᠳᠦ ᠠᠷᠪᠢᠨ᠂ ᠬᠥᠷᠥᠰᠥᠨ᠎ᠤ ᠤᠰᠤᠨ᠎ᠤ ᠠᠭᠤᠯᠤᠭᠳᠠᠴᠠ᠎ᠨᠢ 60%~80%᠎ᠳᠤ ᠪᠠᠶ᠋ᠢᠪᠠᠯ ᠲᠣᠬᠢᠷᠠᠮᠵᠢᠲᠠᠢ᠂ ᠬᠥᠷᠥᠰᠥᠨ᠎ᠤ ᠤᠰᠤᠨ᠎ᠤ ᠠᠭᠤᠯᠤᠭᠳᠠᠴᠠ᠎ᠨᠢ 60%᠎ᠠᠴᠠ ᠳᠣᠷᠣᠭᠰᠢ ᠪᠠᠶ᠋ᠢᠪᠠᠯ ᠭᠦᠢ᠍ᠴᠡᠳ ᠦᠭᠡᠢ ᠪᠠᠶ᠋ᠢᠳᠠᠭ᠃ ᠡᠩ᠎ᠤᠨ ᠪᠠᠶ᠋ᠢᠳᠠᠯ᠎ᠳᠤ ᠬᠥᠷᠥᠰᠥᠨ᠎ᠤ ᠤᠰᠤᠨ᠎ᠤ ᠠᠭᠤᠯᠤᠭᠳᠠᠴᠠ᠎ᠨᠢ 45%~60% ᠪᠠᠶ᠋ᠢᠪᠠᠯ ᠬᠥᠩᠭᠡᠨ ᠭᠠᠩ ᠬᠠᠭᠤᠷᠠᠢ᠂ ᠬᠥᠷᠥᠰᠥᠨ᠎ᠤ ᠤᠰᠤᠨ᠎ᠤ ᠠᠭᠤᠯᠤᠭᠳᠠᠴᠠ᠎ᠨᠢ 30%~45% ᠪᠠᠶ᠋ᠢᠪᠠᠯ ᠳᠤᠮᠳᠠ ᠭᠠᠩ ᠬᠠᠭᠤᠷᠠᠢ᠂ ᠬᠥᠷᠥᠰᠥᠨ᠎ᠤ ᠤᠰᠤᠨ᠎ᠤ ᠠᠭᠤᠯᠤᠭᠳᠠᠴᠠ᠎ᠨᠢ 30%᠎ᠠᠴᠠ ᠳᠣᠷᠣᠭᠰᠢ ᠪᠠᠶ᠋ᠢᠪᠠᠯ ᠬᠦᠨᠳᠦ ᠭᠠᠩ ᠬᠠᠭᠤᠷᠠᠢ ᠪᠣᠯᠣᠨ᠎ᠠ᠃

ᠢᠷᠡᠯᠲᠡ᠄ ᠦᠪᠦᠷ ᠮᠤᠩᠭᠤᠯ᠎ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠭᠢᠮ
          
ᠬᠠᠮᠢᠶ᠎ᠡ ᠪᠦᠬᠦᠢ ᠰᠣᠨᠢᠨ
ᠭᠣᠣᠯᠳᠠᠯᠭ᠎ᠠ᠎ᠲᠠᠢ ᠤᠯᠤᠰ᠎ᠤᠨ ᠦᠮᠴᠢᠯᠡᠯᠲᠤ ᠰᠢᠭᠤᠶ᠋ᠢᠲᠤ ᠣᠷᠣᠨ᠎ᠤ ᠮᠣᠳᠣᠨ ᠮᠠᠲ᠋ᠧᠷᠢᠶᠠᠯ᠎ᠢ ᠵᠥᠭᠡᠭᠡᠪᠦᠷᠢᠯᠡᠬᠦ ᠭᠡᠷᠡᠴᠢ ᠳᠡᠮᠳᠡᠭ᠎ᠢ ᠬᠢᠨᠠᠨ ᠣᠯᠭᠣᠬᠤ
ᠭᠠᠳᠠᠭ᠋ᠠᠳᠤ ᠤᠯᠤᠰ᠎ᠤᠨ ᠬᠥᠮᠦᠨ᠎ᠠᠴᠠ ᠤᠯᠤᠰ᠎ᠤᠨ ᠭᠣᠣᠯᠳᠠᠯᠭ᠎ᠠ᠎ᠲᠠᠢ ᠬᠠᠮᠠᠭ᠋ᠠᠯᠠᠬᠤ ᠬᠡᠭᠡᠷ᠎ᠡ ᠵᠢᠨ ᠠᠮᠢᠲᠠᠨ᠎ᠳᠤ ᠬᠡᠭᠡᠷ᠎ᠡ ᠵᠢᠨ ᠪᠠᠢ᠌ᠴᠠᠭ᠋ᠠᠯᠳᠠ ᠬᠢᠬᠦ᠂ ᠦᠯᠢᠭᠡᠷ ᠴᠤᠭᠯᠠᠭᠤᠯᠬᠤ ᠪᠤᠶᠤ ᠺᠢᠨᠣ᠋ ᠰᠡᠭᠦᠳᠡᠷᠯᠡᠬᠦ᠂ ᠳᠦᠷᠰᠦ ᠰᠢᠩᠭᠡᠭᠡᠯᠳᠡ ᠬᠢᠬᠦ ᠬᠢᠨᠠᠨ ᠵᠦᠪᠰᠢᠶᠡᠷᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠠᠯᠠᠨ ᠬᠠᠷ᠎ᠠ ᠠᠭᠤᠯᠠ ᠵᠢᠨ ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠳᠠᠷᠬᠠᠨ ᠣᠷᠣᠨ᠎ᠤ ᠨᠠᠮᠬᠠᠳᠬᠠᠯ ᠲᠣᠭᠣᠷᠢᠭ᠎ᠲᠤ ᠣᠷᠣᠵᠣ ᠡᠪᠳᠡᠯᠡᠭᠡ ᠵᠢᠨ ᠪᠤᠰᠣ ᠴᠢᠨᠠᠷᠲᠠᠶ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠂ ᠵᠢᠭ᠋ᠠᠨ ᠰᠤᠷᠭ᠋ᠠᠬᠤ ᠳᠠᠳᠤᠯᠭ᠎ᠠ ᠪᠠ ᠦᠯᠢᠭᠡᠷ ᠴᠤᠭᠯᠠᠭᠤᠯᠬᠤ ᠠᠵᠢᠯᠯᠠᠭ᠎ᠠ ᠬᠢᠬᠦ ᠬᠢᠨᠠᠨ ᠵᠥᠪᠰᠢᠶᠡᠷᠡᠯ
ᠡᠯᠡᠰᠦᠨ ᠳᠠᠩ᠎ᠢ ᠵᠠᠰᠠᠬᠤ ᠠᠷᠭ᠎ᠠ
ᠣᠶ ᠰᠢᠭᠤᠶ ᠵᠢᠨ ᠭᠠᠯ᠎ᠤᠨ ᠠᠶᠤᠯ᠎ᠤᠨ ᠲᠦᠭᠰᠢᠭᠦᠷᠢᠲᠡᠶ ᠴᠠᠭ ᠠᠭᠤᠷ ᠭᠡᠵᠦ ᠶᠠᠭᠤ ᠪᠣᠶ? ᠬᠡᠷᠬᠢᠨ ᠲᠥᠷᠥᠯ ᠬᠤᠪᠢᠶᠠᠬᠤ ᠪᠣᠶ?
 
             蒙ICP备05000248号