ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠰᠢᠨᠵᠢᠯᠡᠭᠡ ᠮᠡᠷᠭᠡᠵᠢᠯ
ᠤᠷᠭᠤᠮᠠᠯ᠎ᠤᠨ ᠡᠪᠡᠳᠴᠢᠨ᠎ᠤ ᠬᠦᠨᠦᠭᠡᠯ᠎ᠢ ᠶᠠᠮᠠᠷ ᠬᠡᠳᠦᠨ ᠲᠦᠷᠦᠯ᠎ᠳᠤ ᠬᠤᠪᠢᠶᠠᠬᠤ ᠪᠤᠢ
ᠨᠡᠶ᠋ᠢᠲᠡᠯᠡᠭᠰᠡᠨ ᠴᠠᠭ᠄ 2021-01-26

      ᠣᠷᠭᠤᠮᠠᠯ᠎ᠤᠨ ᠡᠪᠡᠳᠴᠢᠨ ᠡᠭᠦᠰᠭᠡᠭᠴᠢ ᠠᠮᠢᠳᠤ ᠪᠤᠳᠠᠰ᠎ᠲᠤ ᠬᠠᠯᠳᠠᠪᠤᠷᠢᠯᠠᠭᠳᠠᠬᠤ ᠪᠣᠶᠣ ᠮᠠᠭᠤ ᠤᠷᠴᠢᠨ ᠲᠤᠭᠤᠷᠢᠨ᠎ᠤ ᠨᠦᠭᠦᠴᠡᠯ᠎ᠳᠤ ᠨᠦᠯᠦᠭᠡᠯᠡᠭᠳᠡᠬᠦ ᠦᠶᠡᠰ ᠲᠡᠭᠦᠨ᠎ᠤ ᠰᠣᠯᠢᠯᠴᠠᠭ᠎ᠠ᠂ ᠹᠢᠽᠢᠣᠯᠣᠭᠢ ᠵᠢᠨ ᠴᠢᠳᠠᠪᠬᠢ᠎ᠨᠢ ᠬᠠᠷᠰᠢᠯᠠᠭᠳᠠᠬᠤ ᠪᠠ ᠡᠪᠳᠡᠭᠳᠡᠵᠦ᠂ ᠲᠤᠲᠤᠭ᠋ᠠᠳᠤᠬᠢ ᠹᠢᠽᠢᠣᠯᠣᠭᠢ ᠵᠢᠨ ᠠᠵᠢᠯᠯᠠᠭ᠎ᠠ ᠪᠣᠶᠣ ᠨᠡᠭᠡᠳᠡᠰᠦ ᠵᠢᠨ ᠪᠦᠲᠦᠴᠡ᠎ᠨᠢ ᠡᠳᠦᠢ ᠲᠡᠳᠦᠢ ᠡᠪᠡᠳᠴᠢᠨ᠎ᠤ ᠬᠤᠪᠢᠷᠠᠯᠲᠠ ᠡᠭᠦᠰᠴᠦ᠂ ᠭᠠᠳᠠᠷ ᠬᠡᠯᠪᠡᠷᠢ ᠳᠦᠷᠰᠦ᠎ᠨᠢ ᠬᠡᠪ᠎ᠤᠨ ᠪᠤᠰᠤ ᠪᠠᠶ᠋ᠢᠳᠠᠯ᠎ᠲᠠᠢ ᠪᠣᠯᠵᠣ᠂ ᠴᠢᠨᠠᠭᠰᠢᠯᠠᠪᠠᠯ ᠨᠢᠭᠡ ᠬᠡᠰᠡᠭ ᠪᠣᠶᠣ ᠪᠦᠬᠦᠯᠢ ᠤᠷᠭᠤᠮᠠᠯ ᠵᠶ᠋ᠠᠷ ᠵᠶ᠋ᠠᠨ ᠦᠬᠦᠳᠡᠭ᠃ ᠡᠨᠡ ᠦᠵᠡᠭᠳᠡᠯ᠎ᠢ ᠤᠷᠭᠤᠮᠠᠯ᠎ᠤᠨ ᠡᠪᠡᠳᠴᠢᠨ᠎ᠤ ᠬᠦᠨᠦᠭᠡᠯ ᠭᠡᠳᠡᠭ᠃ ᠣᠷᠭᠤᠮᠠᠯ᠎ᠤᠨ ᠡᠪᠡᠳᠴᠢᠨ᠎ᠤ ᠬᠦᠨᠦᠭᠡᠯ᠎ᠢ ᠬᠠᠯᠳᠠᠪᠤᠷᠢᠯᠠᠯ᠎ᠤᠨ ᠪᠤᠰᠤ ᠴᠢᠨᠠᠷᠲᠠᠢ ᠡᠪᠡᠳᠴᠢᠨ᠎ᠤ ᠬᠦᠨᠦᠭᠡᠯ ᠪᠠ ᠬᠠᠯᠳᠠᠪᠤᠷᠢᠯᠠᠯ ᠴᠢᠨᠠᠷᠲᠠᠢ ᠡᠪᠡᠳᠴᠢᠨ᠎ᠤ ᠬᠦᠨᠦᠭᠡᠯ ᠭᠡᠵᠦ ᠬᠤᠪᠢᠶᠠᠵᠤ᠂ ᠬᠠᠯᠳᠠᠪᠤᠷᠢᠯᠠᠯ᠎ᠤᠨ ᠴᠢᠨᠠᠷᠲᠠᠢ ᠡᠪᠡᠳᠴᠢᠨ᠎ᠤ ᠬᠦᠨᠦᠭᠡᠯ᠎ᠳᠤ ᠵᠢᠩᠬᠢᠨᠢ ᠮᠦᠭᠦ ᠵᠢᠨ ᠴᠢᠨᠠᠷᠲᠠᠢ ᠡᠪᠡᠳᠴᠢᠨ᠎ᠤ ᠬᠦᠨᠦᠭᠡᠯ᠂ ᠪᠠᠺᠲ᠋ᠧᠷᠢ ᠵᠢᠨ ᠴᠢᠨᠠᠷᠲᠠᠢ ᠡᠪᠡᠳᠴᠢᠨ᠎ᠤ ᠬᠦᠨᠦᠭᠡᠯ᠂ ᠸᠢᠷᠦ᠋ᠰ᠎ᠤᠨ ᠴᠢᠨᠠᠷᠲᠠᠢ ᠡᠪᠡᠳᠴᠢᠨ᠎ᠤ ᠬᠦᠨᠦᠭᠡᠯ ᠹᠢᠽᠢᠣᠯᠣᠭᠢ᠎ᠤᠨ ᠴᠢᠨᠠᠷᠲᠠᠢ ᠡᠪᠡᠳᠴᠢᠨ᠎ᠤ ᠬᠦᠨᠦᠭᠡᠯ ᠭᠡᠵᠦ ᠳᠦᠷᠪᠡᠨ ᠵᠦᠢ᠍ᠯ ᠪᠠᠶ᠋ᠢᠳᠠᠭ᠃

     1. ᠵᠢᠩᠬᠢᠨᠢ ᠮᠦᠭᠦ ᠵᠢᠨ ᠴᠢᠨᠠᠷᠲᠠᠢ ᠡᠪᠡᠳᠴᠢᠨ᠎ᠤ ᠬᠦᠨᠦᠭᠡᠯ ᠪᠣᠯ ᠤᠷᠭᠤᠮᠠᠯ᠎ᠤᠨ ᠡᠪᠡᠳᠴᠢᠨ᠎ᠤ ᠬᠦᠨᠦᠭᠡᠯ ᠲᠤᠲᠤᠷ᠎ᠠ ᠡᠭᠦᠰᠬᠦ ᠨᠤᠷᠮ᠎ᠠ᠎ᠨᠢ ᠬᠠᠮᠤᠭ ᠦᠨᠳᠦᠷ᠂ ᠬᠠᠮᠤᠭ ᠦᠷᠭᠦᠯᠵᠢ ᠲᠤᠬᠢᠶᠠᠯᠳᠤᠳᠠᠭ ᠨᠢᠭᠡ ᠵᠦᠢ᠍ᠯ ᠮᠦᠨ᠃ ᠵᠢᠩᠬᠢᠨᠢ ᠮᠦᠭᠦ ᠵᠢᠨ ᠴᠢᠨᠠᠷᠲᠠᠢ ᠡᠪᠡᠳᠴᠢᠨ᠎ᠤ ᠬᠦᠨᠦᠭᠡᠯ ᠡᠭᠦᠰᠦᠭᠰᠡᠨ ᠤᠷᠭᠤᠮᠠᠯ ᠳᠡᠭᠡᠷ᠎ᠡ ᠶᠡᠷᠦ᠎ᠳᠡᠭᠡᠨ ᠴᠠᠭ᠋ᠠᠨ ᠲᠤᠭᠤᠰᠤᠲᠤ ᠳᠠᠪᠬᠤᠷᠭ᠎ᠠ᠂ ᠬᠠᠷ᠎ᠠ ᠲᠤᠭᠤᠰᠤᠲᠤ ᠳᠠᠪᠬᠤᠷᠭ᠎ᠠ᠂ ᠴᠠᠩᠳᠤᠮᠠᠯ ᠬᠦᠬᠡᠴᠦ ᠵᠢᠨ ᠳᠠᠪᠬᠤᠷᠭ᠎ᠠ᠂ ᠵᠢᠪᠡ ᠰᠫᠤᠷ᠎ᠤᠨ ᠤᠪᠤᠭ᠋ᠠᠷᠠᠯᠲᠠ᠂ ᠮᠦᠭᠦ ᠵᠢᠨ ᠪᠦᠭᠡᠮ ᠵᠡᠷᠭᠡ ᠡᠭᠦᠰᠦᠨ᠎ᠡ᠃ ᠬᠡᠷᠪᠡ ᠡᠪᠡᠳᠴᠢᠯᠡᠭᠰᠡᠨ ᠤᠷᠭᠤᠮᠠᠯ ᠳᠡᠭᠡᠷ᠎ᠡ ᠳᠡᠭᠡᠷᠡᠬᠢ ᠤᠨᠴᠠᠯᠢᠭ᠎ᠤᠳ᠎ᠤᠨ ᠨᠢᠭᠡ᠎ᠨᠢ ᠢᠯᠡᠷᠡᠭᠰᠡᠨ ᠪᠠᠶ᠋ᠢᠪᠠᠯ᠂ ᠵᠢᠩᠬᠢᠨᠢ ᠮᠦᠭᠦ ᠵᠢᠨ ᠴᠢᠨᠠᠷᠲᠠᠢ ᠡᠪᠡᠳᠴᠢᠨ᠎ᠤ ᠬᠦᠨᠦᠭᠡᠯ ᠭᠡᠰᠡᠨ᠎ᠢ ᠠᠩᠬ᠎ᠠ ᠠᠯᠬᠤᠮ ᠮᠠᠭ᠋ᠠᠳᠯᠠᠵᠤ ᠪᠣᠯᠣᠨ᠎ᠠ᠃    

     2. ᠪᠠᠺᠲ᠋ᠧᠷᠢ ᠵᠢᠨ ᠴᠢᠨᠠᠷᠲᠠᠢ ᠡᠪᠡᠳᠴᠢᠨ᠎ᠤ ᠬᠦᠨᠦᠭᠡᠯ ᠪᠣᠯ ᠤᠷᠭᠤᠮᠠᠯ᠎ᠤᠨ ᠡᠪᠡᠳᠴᠢᠨ᠎ᠤ ᠬᠦᠨᠦᠭᠡᠯ ᠳᠤᠲᠤᠷᠠᠬᠢ ᠬᠠᠮᠤᠭ ᠴᠦᠬᠡᠨ ᠲᠤᠬᠢᠶᠠᠯᠳᠤᠳᠠᠭ ᠨᠢᠭᠡ ᠵᠦᠢ᠍ᠯ ᠪᠣᠯᠪᠠᠴᠤ ᠮᠠᠰᠢ ᠤᠯᠠᠨ ᠪᠠᠺᠲ᠋ᠧᠷᠢ ᠵᠢᠨ ᠴᠢᠨᠠᠷᠲᠠᠢ ᠡᠪᠡᠳᠴᠢᠨ᠎ᠤ ᠬᠦᠨᠦᠭᠡᠯ᠎ᠨᠢ ᠲᠠᠷᠢᠶᠠᠯᠠᠯ᠎ᠢ ᠬᠦᠨᠳᠦ ᠨᠤᠴᠢᠲᠠᠢ ᠨᠦᠯᠦᠭᠡᠯᠡᠵᠦ᠂ ᠤᠨᠠᠯᠲᠠ ᠵᠢ ᠶᠡᠭᠡ᠎ᠪᠠᠷ ᠬᠠᠰᠤᠭᠳᠠᠭᠤᠯᠬᠤ ᠪᠣᠶᠣ ᠲᠠᠷᠢᠶ᠎ᠠ ᠵᠢ ᠪᠦᠷᠢᠮᠦᠰᠦᠨ ᠦᠭᠡᠶ᠋ᠢᠬᠢᠵᠦ ᠬᠠᠶᠠᠳᠠᠭ᠃ ᠪᠠᠺᠲ᠋ᠧᠷᠢ᠎ᠨᠢ ᠤᠷᠭᠤᠮᠠᠯ᠎ᠤᠨ ᠬᠡᠢ ᠵᠢᠨ ᠰᠦᠪᠡ᠂ ᠰᠢᠷᠬ᠎ᠠ ᠵᠡᠷᠭᠡ ᠭᠠᠵᠠᠷ ᠵᠶ᠋ᠠᠷ ᠬᠠᠯᠳᠠᠪᠤᠷᠢᠯᠠᠨ ᠤᠷᠤᠵᠤ᠂ ᠡᠪᠡᠳᠴᠢᠯᠡᠭᠰᠡᠨ᠎ᠤ ᠰᠡᠭᠦᠯᠡᠷ ᠤᠷᠭᠤᠮᠠᠯ᠎ᠨᠢ ᠶᠡᠷᠦ᠎ᠳᠡᠭᠡᠨ ᠦᠬᠦᠵᠢᠬᠦ᠂ ᠢᠯᠵᠢᠷᠡᠬᠦ ᠪᠣᠶᠣ ᠦᠬᠦᠰᠢᠷᠡᠳᠡᠭ᠃

     3. ᠤᠷᠭᠤᠮᠠᠯ᠎ᠤᠨ ᠸᠢᠷᠦ᠋ᠰ᠎ᠤᠨ ᠴᠢᠨᠠᠷᠲᠠᠢ ᠡᠪᠡᠳᠴᠢᠨ᠎ᠤ ᠬᠦᠨᠦᠭᠡᠯ᠎ᠢ ᠪᠠᠰᠠ ᠨᠠᠪᠴᠢ ᠠᠯᠠᠭ ᠡᠪᠡᠳᠴᠢᠨ ᠭᠡᠳᠡᠭ᠃ ᠡᠭᠦᠰᠬᠦ ᠨᠤᠷᠮ᠎ᠠ᠎ᠨᠢ ᠵᠢᠩᠬᠢᠨᠢ ᠮᠦᠭᠦ ᠵᠢᠨ ᠴᠢᠨᠠᠷᠲᠠᠢ ᠡᠪᠡᠳᠴᠢᠨ᠎ᠤ ᠬᠦᠨᠦᠭᠡᠯ᠎ᠤᠨ ᠳᠠᠷᠠᠭ᠎ᠠ ᠯᠡ ᠤᠷᠤᠨ᠎ᠠ᠃ ᠸᠢᠷᠦ᠋ᠰ᠎ᠠᠴᠠ ᠪᠣᠯᠣᠭᠰᠠᠨ ᠤᠷᠭᠤᠮᠠᠯ᠎ᠤᠨ ᠡᠪᠡᠳᠴᠢᠨ᠎ᠤ ᠬᠦᠨᠦᠭᠡᠯ᠎ᠨᠢ ᠤᠯᠠᠩᠬᠢ᠎ᠳᠠᠭᠠᠨ ᠰᠢᠰᠲ᠋ᠧᠮᠲᠦ ᠴᠢᠨᠠᠷᠲᠠᠢ ᠡᠪᠡᠳᠴᠢᠨ᠎ᠤ ᠬᠦᠨᠦᠭᠡᠯ ᠵᠶ᠋ᠠᠷ ᠢᠯᠡᠷᠡᠨ᠎ᠡ᠃ ᠳᠠᠷᠤᠢ ᠪᠦᠬᠦ ᠤᠷᠭᠤᠮᠠᠯ᠎ᠨᠢ ᠰᠢᠷᠠᠯᠠᠬᠤ᠂ ᠨᠢᠭᠡ ᠬᠡᠰᠡᠭ ᠪᠣᠶᠣ ᠪᠦᠬᠦᠨ ᠵᠶ᠋ᠠᠷ ᠵᠶ᠋ᠠᠨ ᠦᠬᠦᠰᠢᠷᠡᠬᠦ᠂ ᠵᠢᠵᠢᠭ ᠨᠠᠪᠴᠢᠯᠠᠬᠤ᠂ ᠵᠢᠵᠢᠭ ᠵᠢᠮᠢᠰᠯᠡᠬᠦ᠂ ᠪᠣᠭᠤᠨᠢ ᠪᠣᠯᠬᠤ᠂ ᠰᠠᠯᠠᠭ᠎ᠠ᠎ᠨᠢ ᠰᠠᠭᠰᠠᠶ᠋ᠢᠬᠤ᠂ ᠨᠠᠪᠴᠢ᠎ᠨᠢ ᠦᠢ᠍ᠮᠡᠳᠡᠵᠦ ᠵᠡᠷᠡᠮᠳᠡᠭ ᠪᠣᠯᠬᠤ ᠵᠡᠷᠭᠡ ᠡᠪᠡᠳᠴᠢᠨ᠎ᠤ ᠬᠤᠪᠢᠷᠠᠯᠲᠠ ᠪᠤᠯᠤᠨ ᠡᠪᠡᠳᠴᠢᠨ᠎ᠤ ᠢᠯᠡᠷᠡᠯ᠎ᠲᠠᠢ᠃

     4. ᠹᠢᠽᠢᠣᠯᠣᠭᠢ ᠵᠢᠨ ᠴᠢᠨᠠᠷᠲᠠᠢ ᠡᠪᠡᠳᠴᠢᠨ᠎ᠤ ᠬᠦᠨᠦᠭᠡᠯ ᠪᠣᠯ ᠨᠢᠭᠡ ᠵᠦᠢ᠍ᠯ᠎ᠤᠨ ᠬᠠᠮᠢᠶᠠᠷᠤᠯᠲᠠ ᠵᠢᠨ ᠠᠷᠭ᠎ᠠ ᠵᠣᠬᠢᠰ ᠦᠭᠡᠢ᠎ᠠᠴᠠ ᠪᠣᠯᠵᠣ ᠤᠷᠭᠤᠮᠠᠯ᠎ᠢ ᠨᠦᠯᠦᠭᠡᠯᠡᠬᠦ ᠡᠪᠡᠳᠴᠢᠨ᠎ᠤ ᠬᠦᠨᠦᠭᠡᠯ ᠪᠣᠯᠣᠨ᠎ᠠ᠃ ᠵᠢᠱ᠌ᠢᠶᠡᠯᠡᠪᠡᠯ ᠠᠽᠤᠲ ᠲᠤᠲᠠᠭᠳᠠᠬᠤ᠎ᠠᠴᠠ ᠤᠷᠭᠤᠮᠠᠯ᠎ᠤᠨ ᠨᠠᠪᠴᠢ᠎ᠨᠢ ᠭᠦᠢ᠍ᠬᠡᠨ ᠨᠤᠭᠤᠭ᠋ᠠᠨ ᠪᠣᠯᠵᠣ᠂ ᠰᠠᠭᠤᠷᠢ ᠵᠢᠨ ᠨᠠᠪᠴᠢ᠎ᠨᠢ ᠠᠭ᠋ᠠᠵᠢᠮ ᠵᠶ᠋ᠠᠷ ᠰᠢᠷᠠᠯᠠᠨ ᠬᠠᠲᠠᠩᠬᠢᠷᠠᠳᠠᠭ᠃ ᠺᠠᠯᠢ ᠲᠤᠲᠠᠭᠳᠠᠬᠤ᠎ᠠᠴᠠ ᠬᠠᠭᠤᠴᠢᠨ ᠨᠠᠪᠴᠢ᠎ᠨᠢ ᠬᠦᠷᠡᠩ ᠨᠤᠭᠤᠭ᠋ᠠᠨ ᠪᠣᠯᠵᠣ᠂ ᠨᠠᠪᠴᠢᠨ᠎ᠤ ᠬᠦᠪᠡᠭᠡ᠎ᠪᠠᠷ᠎ᠨᠢ ᠮᠠᠰᠢ ᠤᠯᠠᠨ ᠵᠢᠵᠢᠭ ᠬᠦᠷᠡᠩ ᠲᠤᠯᠪᠤ ᠭᠠᠷᠬᠤ ᠵᠡᠷᠭᠡ᠃ (ᠢᠷᠡᠯᠲᠡ᠄ ᠰᠢ ᠢᠩ᠎ᠤᠨ ᠨᠠᠶ᠋ᠢᠷᠠᠭᠤᠯᠤᠭᠰᠠᠨ 《ᠤᠷᠭᠤᠮᠠᠯ᠎ᠤᠨ ᠡᠪᠡᠳᠴᠢᠨ ᠬᠤᠷᠤᠬᠠᠢ ᠡᠪᠡᠰᠦᠨ᠎ᠤ ᠬᠦᠨᠦᠭᠡᠯ᠎ᠢ ᠬᠢᠵᠠᠭ᠋ᠠᠷᠯᠠᠬᠤ ᠠᠰᠠᠭᠤᠯᠲᠠ ᠬᠠᠷᠢᠭᠤᠯᠲᠠ》 ᠭᠡᠬᠦ ᠨᠤᠮ᠎ᠠᠴᠠ ᠰᠤᠩᠭᠤᠨ ᠰᠡᠶ᠋ᠢᠷᠡᠭᠦᠯᠪᠡ᠃)
    ᠢᠷᠡᠯᠲᠡ᠄ 《ᠤᠷᠭᠤᠮᠠᠯ᠎ᠤᠨ ᠡᠪᠡᠳᠴᠢᠨ ᠬᠤᠷᠤᠬᠠᠢ ᠡᠪᠡᠰᠦᠨ᠎ᠤ ᠬᠦᠨᠦᠭᠡᠯ᠎ᠢ ᠬᠢᠵᠠᠭ᠋ᠠᠷᠯᠠᠬᠤ ᠠᠰᠠᠭᠤᠯᠲᠠ ᠬᠠᠷᠢᠭᠤᠯᠲᠠ》


ᠢᠷᠡᠯᠲᠡ᠄
          
ᠬᠠᠮᠢᠶ᠎ᠡ ᠪᠦᠬᠦᠢ ᠰᠣᠨᠢᠨ
ᠷᠠᠰᠢᠶᠠᠨ ᠤᠰᠤᠨ᠎ᠤ ᠦᠢ᠍ᠯᠡᠳᠦᠯ
ᠮᠠᠨ᠎ᠤ ᠤᠯᠤᠰ ᠨᠤᠳᠤᠭ ᠪᠡᠯᠴᠢᠭᠡᠷ᠎ᠤᠨ ᠲᠠᠴᠢᠷᠳᠡᠯ᠎ᠢ ᠵᠠᠰᠠᠬᠤ ᠲᠠᠯ᠎ᠠ᠎ᠪᠠᠷ ᠶᠠᠮᠠᠷ ᠬᠠᠤᠯᠢ ᠴᠠᠭ᠋ᠠᠵᠠ ᠪᠠᠶ᠋ᠢᠬᠤ ᠪᠤᠢ?
ᠶᠠᠭᠤ ᠵᠢ ᠨᠤᠲᠤᠭ ᠪᠡᠯᠴᠢᠭᠡᠷ᠎ᠤᠨ ᠲᠠᠴᠢᠷᠳᠠᠯ ᠭᠡᠬᠦ ᠪᠤᠢ?
ᠬᠦᠨᠦᠭᠡᠯᠲᠦ ᠰᠢᠪᠡᠵᠢ ᠵᠢᠨ ᠡᠭᠦᠰᠬᠦ ᠬᠤᠭᠤᠴᠠᠭ᠎ᠠ ᠵᠢ ᠤᠷᠢᠳᠴᠢᠯᠠᠨ ᠬᠡᠮᠵᠢᠬᠦ᠎ᠳᠤ ᠶᠠᠮᠠᠷ ᠬᠡᠳᠦᠨ ᠵᠦᠢ᠍ᠯ᠎ᠤᠨ ᠠᠷᠭ᠎ᠠ ᠪᠠᠶ᠋ᠢᠳᠠᠭ ᠪᠤᠢ
ᠨᠤᠳᠤᠭ ᠪᠡᠯᠴᠢᠭᠡᠷ᠎ᠤᠨ ᠠᠮᠢ ᠠᠬᠤᠢ ᠵᠢᠨ ᠴᠢᠳᠠᠪᠤᠷᠢ ᠭᠢᠭᠡᠳ ᠲᠠᠭ᠋ᠠᠭ᠋ᠠᠴᠠ ᠴᠢᠳᠠᠯ᠎ᠢ ᠭᠡᠷᠭᠢᠨ ᠵᠦᠪ ᠲᠠᠨᠢᠬᠤ ᠪᠤᠢ?
 
             蒙ICP备05000248号