ᠲᠠᠴᠢᠷᠳᠠᠯ ᠭᠡᠳᠡᠭ ᠡᠨᠡ ᠦᠭᠡ ᠪᠣᠯ 1977 ᠤᠨ᠎ᠳᠤ ᠪᠤᠯᠤᠭᠰᠠᠨ ᠣᠯᠠᠨ ᠣᠯᠣᠰ᠎ᠤᠨ ᠬᠤᠯᠪᠤᠭ᠋ᠠᠲᠤ ᠪᠠᠶ᠋ᠢᠭᠤᠯᠭ᠎ᠠ ᠵᠢᠨ ᠲᠠᠴᠢᠷᠳᠠᠯ᠎ᠤᠨ ᠲᠤᠬᠠᠢ ᠬᠤᠷᠠᠯᠳᠤᠭ᠋ᠠᠨ᠎ᠠᠴᠠ ᠦᠷᠭᠡᠨ ᠳᠡᠯᠭᠡᠷ ᠬᠡᠷᠡᠭᠯᠡᠭᠳᠡᠭᠰᠡᠨ ᠨᠢᠭᠡᠨ ᠰᠢᠨᠵᠢᠯᠡᠬᠦ ᠤᠬᠠᠭ᠋ᠠᠨ᠎ᠤ ᠨᠡᠷ᠎ᠡ ᠲᠣᠮᠢᠶ᠎ᠠ ᠪᠣᠯᠣᠨ᠎ᠠ᠃ 1992 ᠤᠨ᠎ᠳᠤ ᠪᠤᠯᠤᠭᠰᠠᠨ ᠤᠯᠠᠨ ᠤᠯᠤᠰ᠎ᠤᠨ ᠬᠤᠯᠪᠤᠭ᠋ᠠᠲᠤ ᠪᠠᠶ᠋ᠢᠭᠤᠯᠭ᠎ᠠ ᠵᠢᠨ ᠤᠷᠴᠢᠨ ᠠᠬᠤᠢ ᠬᠢᠭᠡᠳ ᠬᠦᠭᠵᠢᠯᠲᠡ ᠵᠢᠨ ᠶᠡᠭᠡ ᠬᠤᠷᠠᠯ ᠳᠡᠭᠡᠷ᠎ᠡ ᠲᠡᠭᠦᠨ᠎ᠤ ᠲᠤᠮᠢᠶᠠᠯᠠᠯᠢ ᠲᠤᠪᠴᠢᠯᠠᠨ ᠬᠤᠷᠢᠶᠠᠩᠭᠤᠶ᠋ᠢᠯᠠᠭ᠋ᠠᠳ᠂ ᠲᠠᠴᠢᠷᠳᠠᠯ ᠭᠡᠳᠡᠭ᠎ᠨᠢ ᠴᠠᠭ ᠠᠭᠤᠷ᠎ᠤᠨ ᠬᠠᠪᠢᠷᠠᠯᠲᠠ ᠪᠤᠯᠤᠨ ᠬᠦᠮᠦᠨ ᠲᠦᠷᠦᠯᠬᠢᠲᠡᠨ᠎ᠤ ᠠᠵᠢᠯᠯᠠᠭ᠎ᠠ ᠵᠢ ᠪᠠᠭᠲᠠᠭ᠋ᠠᠭᠰᠠᠨ ᠵᠦᠢ᠍ᠯ ᠵᠦᠢ᠍ᠯ᠎ᠤᠨ ᠡᠯᠧᠮᠧᠨ᠋ᠲ᠎ᠠᠴᠠ ᠪᠣᠯᠣᠭ᠋ᠠᠳ ᠭᠠᠩ ᠬᠠᠭᠤᠷᠠᠢ᠂ ᠬᠠᠭ᠋ᠠᠰ ᠭᠠᠩ ᠬᠠᠭᠤᠷᠠᠢ ᠪᠠ ᠬᠠᠭ᠋ᠠᠰ ᠴᠢᠭᠢᠭᠲᠡᠢ ᠭᠠᠵᠠᠷ ᠤᠷᠤᠨ᠎ᠤ ᠬᠦᠷᠦᠰᠦ ᠰᠢᠷᠤᠢ ᠲᠠᠴᠢᠷᠳᠠᠨ ᠮᠠᠭᠤᠲᠠᠬᠤ ᠵᠢ ᠵᠢᠭ᠋ᠠᠵᠤ ᠪᠠᠶ᠋ᠢᠨ᠎ᠠ ᠭᠡᠪᠡ᠃ ᠡᠨᠡ ᠬᠦ᠌ ᠤᠬᠠᠭᠳᠠᠭᠤᠨ᠎ᠨᠢ ᠴᠤ᠌ ᠲᠠᠴᠢᠷᠳᠠᠯ᠎ᠢ ᠵᠠᠰᠠᠬᠤ ᠳᠡᠯᠡᠬᠡᠢ ᠨᠡᠶ᠋ᠢᠲᠡ ᠵᠢᠨ ᠭᠡᠷ᠎ᠡ᠎ᠳᠤ ᠬᠡᠷᠡᠭᠯᠡᠭᠳᠡᠭᠰᠡᠨ ᠪᠠᠶ᠋ᠢᠨ᠎ᠠ᠃ ᠲᠠᠴᠢᠷᠳᠠᠯ ᠪᠣᠯ ᠳᠡᠯᠡᠬᠡᠢ ᠵᠢᠨ ᠪᠦᠮᠪᠦᠷᠴᠡᠭ ᠳᠡᠭᠡᠷ᠎ᠡ ᠬᠦᠷᠦᠰᠦ ᠰᠢᠷᠤᠢ ᠬᠠᠮᠤᠭ᠎ᠤᠨ ᠨᠡᠶ᠋ᠢᠳᠡᠮ ᠮᠠᠭᠤᠲᠠᠵᠤ ᠪᠠᠶ᠋ᠢᠬᠤ ᠬᠡᠯᠪᠡᠷᠢ ᠮᠦᠨ᠂ ᠮᠠᠰᠢ ᠬᠦᠨᠳᠦ ᠨᠤᠴᠢᠲᠡᠢ ᠳᠡᠯᠡᠬᠡᠢ ᠵᠢᠨ ᠪᠦᠮᠪᠦᠷᠴᠡᠭ᠎ᠤᠨ ᠲᠠᠬᠤᠯ ᠡᠪᠡᠳᠴᠢᠨ ᠮᠦᠨ ᠪᠦᠭᠡᠳ ᠴᠢᠨᠠᠭᠰᠢᠯᠠᠪᠠᠯ 《ᠳᠡᠯᠡᠬᠡᠢ ᠵᠢᠨ ᠪᠦᠮᠪᠦᠷᠴᠡᠭ᠎ᠤᠨ ᠦᠮᠠᠨ ᠡᠪᠡᠳᠴᠢᠨ》 ᠬᠡᠮᠡᠨ ᠬᠡᠯᠡᠭᠳᠡᠵᠦ ᠪᠠᠶ᠋ᠢᠨ᠎ᠠ᠃ ᠬᠦᠷᠦᠰᠦ ᠰᠢᠷᠤᠢ ᠡᠯᠡᠰᠦᠷᠬᠡᠭᠵᠢᠬᠦ᠂ ᠳᠠᠪᠤᠰᠤ᠎ᠵᠢᠨ ᠬᠤᠵᠢᠷᠰᠢᠬᠤ ᠪᠠ ᠨᠤᠲᠤᠭ ᠪᠡᠯᠴᠢᠭᠡᠷ ᠮᠠᠭᠤᠲᠠᠬᠤ ᠭᠤᠷᠪᠠᠨ ᠬᠡᠯᠪᠡᠷᠢ᠎ᠪᠠᠷ ᠢᠯᠡᠷᠡᠳᠡᠭ᠃
(ᠢᠷᠡᠯᠲᠡ᠄ ᠪᠦᠷᠢᠨᠪᠠᠶᠠᠷ᠂ ᠮᠦᠩᠬᠡᠪᠠᠭ᠋ᠠᠲᠤᠷ᠂ ᠬᠤᠩ ᠮᠧᠢ ᠨᠠᠷ᠎ᠤᠨ ᠨᠠᠶ᠋ᠢᠷᠠᠭᠤᠯᠤᠭᠰᠠᠨ ᠭᠡᠬᠦ ᠨᠤᠮ᠎ᠠᠴᠠ ᠰᠤᠩᠭᠤᠨ ᠰᠡᠶ᠋ᠢᠷᠡᠭᠦᠯᠪᠡ᠃)