ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠰᠢᠨᠵᠢᠯᠡᠭᠡ ᠮᠡᠷᠭᠡᠵᠢᠯ
 ᠮᠠᠨ᠎ᠤ ᠤᠯᠤᠰ᠎ᠤᠨ ᠨᠤᠳᠤᠭ ᠪᠡᠯᠴᠢᠭᠡᠷ᠎ᠤᠨ ᠲᠠᠴᠢᠷᠳᠡᠯ᠎ᠤᠨ ᠦᠨᠳᠤᠰᠤ ᠰᠤᠷᠪᠤᠯᠵᠢ ᠭᠢᠭᠡᠳ ᠠᠬᠤᠢ ᠪᠠᠶ᠋ᠢᠳᠠᠯ ᠶᠠᠮᠠᠷ ᠪᠠᠶ᠋ᠢᠭ᠎ᠠ ᠪᠤᠢ?
ᠨᠡᠶ᠋ᠢᠲᠡᠯᠡᠭᠰᠡᠨ ᠴᠠᠭ᠄ 2021-03-05

     20 ᠳ᠋ᠤᠭ᠋ᠠᠷ ᠵᠠᠭᠤᠨ᠎ᠤ ᠲᠠᠪᠢᠭ᠋ᠠᠳ ᠤᠨ᠎ᠠᠴᠠ ᠨᠠᠰᠢ ᠭᠦᠮᠦᠨ ᠠᠮᠠ ᠵᠢᠨ ᠨᠡᠮᠡᠭᠳᠡᠯ ᠭᠢᠭᠡᠳ ᠠᠵᠤ ᠠᠬᠤᠢ ᠵᠢᠨ ᠭᠦᠭᠵᠢᠯᠳᠡ᠎ᠨᠢ ᠲᠠᠯ᠎ᠠ ᠨᠣᠳᠤᠭ᠎ᠤᠨ ᠮᠠᠯᠵᠢᠬᠤ ᠤᠷᠤᠨ ᠪᠠ ᠲᠠᠷᠢᠶᠠᠯᠠᠩ ᠮᠠᠯ ᠠᠵᠤ ᠠᠬᠤᠢ ᠰᠤᠯᠪᠢᠴᠬᠠᠰᠠᠨ ᠭᠠᠵᠠᠷ ᠤᠷᠤᠨ᠎ᠤ ᠦᠢ᠍ᠯᠡᠳᠪᠤᠷᠢᠯᠡᠯ᠎ᠤᠨ ᠭᠡᠪᠴᠢᠶ᠎ᠠ ᠵᠢ ᠲᠠᠰᠤᠷᠠᠯᠳᠠ ᠦᠭᠡᠢ ᠦᠷᠭᠡᠳᠭᠡᠵᠤ᠂ ᠨᠤᠳᠤᠭ ᠪᠡᠯᠴᠢᠭᠡᠷ᠎ᠤᠨ ᠡᠭᠢ ᠪᠠᠶᠠᠯᠢᠭ᠎ᠢ ᠭᠡᠮᠵᠢᠶᠠᠨ᠎ᠠᠴᠠ᠎ᠨᠢ ᠭᠡᠳᠦᠷᠡᠳᠡᠯ᠎ᠡ ᠠᠰᠢᠠᠠᠯᠬᠠᠰᠠᠨ ᠪᠠ ᠨᠡᠭᠡᠭᠡᠨ ᠭᠦᠭᠵᠢᠭᠦᠯᠦᠭᠰᠡᠨ ᠶᠠᠪᠤᠳᠠᠯ᠎ᠨᠢ ᠨᠤᠳᠤᠭ ᠪᠡᠯᠴᠢᠭᠡᠷ᠎ᠤᠨ ᠲᠠᠴᠢᠷᠳᠡᠯ᠎ᠢ ᠪᠤᠢ ᠪᠤᠯᠭ᠋ᠠᠠᠠᠰᠠᠨ ᠠᠮᠢ ᠠᠬᠤᠢ᠂ ᠠᠵᠤ ᠠᠬᠤᠢ ᠪᠤᠯᠤᠨ ᠨᠠᠶ᠋ᠢᠭᠡᠮ᠎ᠤᠨ ᠦᠨᠳᠤᠰᠤ ᠰᠤᠷᠪᠤᠯᠵᠢ ᠪᠤᠯᠤᠠᠠᠰᠠᠨ ᠪᠠᠶ᠋ᠢᠨ᠎ᠠ᠃ ᠤᠳᠤ ᠮᠠᠯᠵᠢᠬᠤ ᠤᠷᠤᠨ ᠪᠠ ᠲᠠᠷᠢᠶᠠᠯᠠᠩ ᠮᠠᠯ ᠠᠵᠤ ᠠᠬᠤᠢ ᠰᠤᠯᠪᠢᠴᠬᠠᠰᠠᠨ ᠤᠷᠤᠨ᠎ᠢ ᠪᠠᠭᠳᠠᠭ᠋ᠠᠠᠠᠰᠠᠨ ᠤᠮᠠᠷᠠᠳᠤ ᠵᠢᠨ ᠲᠠᠯ᠎ᠠ ᠨᠤᠳᠤᠭ᠎ᠤᠨ ᠲᠠᠴᠢᠷᠳᠡᠯ᠎ᠨᠢ ᠨᠢᠭᠡᠨᠳᠡ ᠤᠯᠠᠨ ᠲᠠᠯ᠎ᠠ ᠵᠢᠨ ᠬᠠᠷᠠᠰᠠᠯᠳᠤ ᠦᠷ᠎ᠡ ᠳ᠋ᠦᠩ᠎ᠢ ᠪᠤᠢ ᠪᠤᠯᠭ᠋ᠠᠵᠠᠢ᠃ ᠲᠠᠯ᠎ᠠ ᠨᠤᠳᠤᠭ᠎ᠤᠨ ᠤᠷᠭᠤᠮᠠᠯ᠎ᠤᠨ ᠪᠦᠷᠭᠦᠴᠡ ᠲᠠᠴᠢᠷᠳᠡᠵᠤ᠂ ᠠᠮᠢᠳᠤ ᠪᠤᠳᠠᠰ᠎ᠤᠨ ᠡᠭᠡ ᠪᠠᠶᠠᠯᠢᠭ ᠰᠢᠷᠦᠭᠦᠨ ᠬᠠᠰᠤᠠᠠᠳᠠᠵᠤ᠂ ᠨᠤᠳᠤᠭ ᠪᠡᠯᠴᠢᠭᠡᠷ᠎ᠤᠨ ᠦᠢ᠍ᠯᠡᠳᠪᠤᠷᠢᠯᠡᠯ᠎ᠤᠨ ᠭᠦᠴᠤᠨ ᠲᠤᠮᠳᠠᠴᠢ᠎ᠪᠠᠷ 60%~70%᠎ᠪᠠᠷ ᠪᠠᠭᠤᠷᠠᠵᠠᠢ᠃ ᠰᠠᠯᠭᠢ ᠡᠯᠡᠰᠤᠨ᠎ᠤ ᠭᠤᠶᠠᠳᠠᠯᠳᠠ ᠪᠠ ᠤᠰᠤ ᠭᠦᠷᠦᠰᠤᠨ᠎ᠤ ᠢᠳᠡᠭᠳᠡᠯ ᠭᠡᠴᠡᠭᠦᠳᠡᠵᠤ᠂ ᠲᠠᠷᠢᠶᠠᠨ ᠭᠠᠵᠠᠷ᠎ᠤᠨ ᠦᠩ ᠰᠢᠮᠡᠯᠢᠭ ᠭᠦᠴᠤᠨ ᠮᠠᠭᠤᠳᠠᠵᠤ᠂ ᠨᠠᠭᠤᠷ ᠪᠦᠷᠢᠳᠤ ᠬᠠᠳᠠᠵᠤ᠂ ᠲᠠᠯ᠎ᠠ ᠭᠠᠵᠠᠷ ᠲᠠᠪᠤᠰᠤᠵᠢᠨ ᠬᠤᠵᠢᠷᠰᠢᠵᠤ᠂ ᠲᠤᠠᠠᠳᠠᠮᠠᠯ ᠪᠠ ᠬᠠᠭ᠋ᠠᠰ ᠲᠤᠠᠠᠳᠠᠮᠠᠯ ᠮᠠᠩᠬ᠎ᠠ ᠭᠦᠨᠳᠤ ᠰᠦᠷᠡᠭᠡᠢ ᠡᠯᠡᠰᠦᠷᠭᠡᠭᠵᠢᠵᠤ᠂ ᠡᠯᠡᠰᠤ ᠲᠤᠭᠤᠰᠤ ᠪᠠ ᠡᠯᠡᠰᠤᠨ ᠰᠢᠭᠤᠷᠭ᠎ᠠ ᠵᠠᠯᠭ᠋ᠠᠭ᠎ᠠ᠎ᠪᠠᠷ ᠲᠡᠭᠳᠡᠵᠤ ᠪᠠᠶ᠋ᠢᠬᠤ᠎ᠨᠢ ᠴᠦᠮ ᠲᠠᠴᠢᠷᠳᠡᠯ᠎ᠤᠨ ᠲᠤᠪᠤᠶ᠋ᠢᠮ᠎ᠠ ᠢᠯᠡᠷᠡᠯ ᠪᠤᠯᠤᠨ᠎ᠠ᠃ ᠦᠪᠤᠷ ᠮᠤᠩᠭᠤᠯ᠎ᠤᠨ ᠦᠪᠠᠷᠳᠡᠭᠡᠨ ᠵᠠᠰᠠᠬᠤ ᠤᠷᠤᠨ ᠪᠤᠯ ᠮᠠᠨ᠎ᠤ ᠤᠯᠤᠰ᠎ᠤᠨ ᠭᠦᠷᠤᠰᠤ ᠰᠢᠷᠤᠢ ᠵᠢᠨ ᠲᠠᠴᠢᠷᠳᠡᠯ ᠪᠠ ᠡᠯᠡᠰᠦᠷᠭᠡᠭᠵᠢᠯ ᠵᠶ᠋ᠠᠷ ᠬᠠᠮᠤᠭ᠎ᠤᠨ ᠲᠦᠪᠯᠡᠷᠡᠩᠭᠦᠢ᠂ ᠬᠠᠮᠤᠭ᠎ᠤᠨ ᠭᠦᠨᠳᠤ ᠨᠤᠴᠢᠳᠡᠢ ᠪᠠᠶ᠋ᠢᠭ᠎ᠠ ᠮᠤᠵᠢ ᠤᠷᠤᠨ᠎ᠤ ᠨᠢᠭᠡ ᠪᠤᠯᠤᠨ᠎ᠠ᠃ ᠮᠦᠨ ᠴᠦ᠍ ᠪᠦᠭᠦ ᠤᠯᠤᠰ᠎ᠤᠨ ᠲᠠᠴᠢᠷᠳᠡᠯ ᠪᠠ ᠡᠯᠡᠰᠦᠷᠭᠡᠭᠵᠢᠯ᠎ᠢ ᠰᠢᠯᠭ᠋ᠠᠨ ᠭᠡᠮᠵᠢᠭᠦ ᠭᠤᠤᠯᠳᠠᠯᠭ᠎ᠠ᠎ᠲᠠᠢ ᠭᠠᠵᠠᠷ ᠤᠷᠤᠨ ᠪᠤᠯᠤᠨ᠎ᠠ᠃

     (ᠢᠷᠡᠯᠲᠡ᠄ ᠪᠦᠷᠢᠨᠪᠠᠶᠠᠷ᠂ ᠮᠦᠩᠬᠡᠪᠠᠭ᠋ᠠᠲᠤᠷ᠂ ᠬᠤᠩ ᠮᠧᠢ ᠨᠠᠷ᠎ᠤᠨ ᠨᠠᠶ᠋ᠢᠷᠠᠭᠤᠯᠤᠭᠰᠠᠨ 《ᠮᠠᠯᠵᠢᠯ᠎ᠤᠨ ᠮᠡᠳᠡᠯᠭᠡ ᠮᠡᠷᠭᠡᠵᠢᠯ》 ᠭᠡᠬᠦ ᠨᠤᠮ᠎ᠠᠴᠠ ᠰᠤᠩᠭᠤᠨ ᠰᠡᠶ᠋ᠢᠷᠡᠭᠦᠯᠪᠡ᠃)


ᠢᠷᠡᠯᠲᠡ᠄ 《ᠮᠠᠯᠵᠢᠯ᠎ᠤᠨ ᠮᠡᠳᠡᠯᠭᠡ ᠮᠡᠷᠭᠡᠵᠢᠯ》
          
ᠬᠠᠮᠢᠶ᠎ᠡ ᠪᠦᠬᠦᠢ ᠰᠣᠨᠢᠨ
ᠡᠯᠡᠰᠣᠷᠬᠡᠭ ᠭᠠᠵᠠᠷ᠎ᠲᠤ ᠬᠠᠷᠭ᠋ᠠᠨ᠎ᠡ ᠲᠠᠷᠢᠪᠡᠯ
ᠪᠡᠯᠴᠢᠭᠡᠷ᠎ᠢ ᠠᠮᠠᠷᠠᠭᠤᠯᠵᠤ ᠠᠰᠢᠬᠯᠠᠬᠤ ᠵᠢᠨ ᠤᠬᠠᠭ᠋ᠠᠨ
ᠬᠠᠳᠤᠯᠠᠩ᠎ᠢ ᠰᠠᠶ᠋ᠢᠵᠢᠷᠠᠭᠤᠯᠬᠤ ᠠᠷᠭ᠎ᠠ
ᠨᠤᠳᠤᠭ ᠪᠡᠯᠴᠢᠭᠡᠷ ᠶᠠᠭ᠋ᠠᠭᠢᠬᠤ᠎ᠳᠠᠭᠠᠨ ᠲᠠᠴᠢᠷᠳᠠᠵᠤ ᠪᠠᠶ᠋ᠢᠬᠤ ᠪᠤᠢ?
ᠶᠠᠭ᠋ᠠᠭᠢᠬᠤ᠎ᠳᠠᠭᠠᠨ ᠲᠤᠷ᠎ᠡ᠎ᠪᠠᠷ ᠵᠶ᠋ᠠᠨ ᠮᠠᠯᠳᠠᠵᠤ ᠲᠡᠭᠦᠭᠦ᠎ᠨᠢ ᠨᠤᠳᠤᠭ ᠪᠡᠯᠴᠢᠭᠡᠷ᠎ᠢ ᠲᠠᠴᠢᠷᠳᠠᠭᠤᠯᠤᠯ᠎ᠠ ᠭᠡᠵᠤ ᠭᠡᠯᠡᠵᠤ ᠪᠠᠶ᠋ᠢᠬᠤ ᠪᠤᠢ?
 
             蒙ICP备05000248号