ᠡᠯᠳᠡᠪ ᠡᠪᠡᠰᠦ ᠭᠡᠳᠡᠭ᠎ᠨᠢ ᠬᠦᠮᠦᠨ ᠲᠦᠷᠦᠯᠬᠢᠲᠡᠨ᠎ᠤ ᠤᠷᠤᠰᠢᠨ ᠲᠤᠭᠲᠠᠨᠢᠬᠤ᠎ᠳᠤ ᠬᠤᠤᠷ᠎ᠲᠠᠢ ᠪᠠ ᠬᠦᠳᠡᠯᠭᠡᠭᠡᠨ᠎ᠤ ᠲᠠᠯᠠᠪᠤᠷ᠎ᠲᠤ ᠤᠷᠭᠤᠳᠠᠭ ᠤᠷᠭᠤᠮᠠᠯ᠎ᠢ ᠬᠡᠯᠡᠨ᠎ᠡ᠂ ᠶᠡᠷᠦ᠎ᠳᠡᠭᠡᠨ ᠠᠶᠠᠨᠳᠠᠭ᠋ᠠᠨ ᠤᠷᠭᠤᠭᠰᠠᠨ ᠵᠡᠷᠯᠢᠭ ᠤᠷᠭᠤᠮᠠᠯ ᠪᠤᠶᠤ ᠬᠦᠮᠦᠨ ᠲᠦᠷᠦᠯᠬᠢᠲᠡᠨ᠎ᠳᠤ ᠶᠠᠮᠠᠷ ᠴᠤ᠌ ᠠᠰᠢᠭ ᠦᠭᠡᠢ ᠤᠷᠭᠤᠮᠠᠯ ᠪᠤᠯᠤᠨ᠎ᠠ᠃ ᠬᠢᠮᠢ ᠵᠢᠨ ᠠᠷᠭ᠎ᠠ᠎ᠪᠠᠷ ᠰᠡᠷᠭᠡᠶ᠋ᠢᠯᠡᠨ ᠤᠰᠠᠳᠬᠠᠬᠤ ᠱᠠᠭ᠋ᠠᠷᠳᠠᠯᠭ᠎ᠠ ᠵᠢ ᠦᠨᠳᠦᠰᠦᠯᠡᠨ ᠦᠶᠡᠲᠦ ᠡᠪᠡᠰᠦ᠂ ᠰᠠᠬᠠᠯ ᠡᠪᠡᠰᠦ ᠪᠤᠯᠤᠨ ᠦᠷᠭᠡᠨ ᠨᠠᠪᠴᠢᠲᠤ ᠡᠪᠡᠰᠦ ᠭᠡᠵᠦ ᠬᠤᠪᠢᠶᠡᠨᠡ᠃ ᠡᠭᠦᠨ᠎ᠠᠴᠠ ᠭᠠᠳᠠᠨ᠎ᠠ ᠡᠯᠳᠡᠪ ᠡᠪᠡᠰᠦᠨ᠎ᠤ ᠰᠢᠮ᠎ᠡ ᠲᠡᠵᠢᠭᠡᠯ᠎ᠤᠨ ᠲᠦᠷᠦᠯ ᠵᠦᠢ᠍ᠯ᠂ ᠤᠷᠭᠤᠯᠲᠠ ᠵᠢᠨ ᠬᠡᠪ ᠶᠤᠰᠤ ᠪᠤᠯᠤᠨ ᠦᠷᠡᠵᠢᠯ᠎ᠤᠨ ᠠᠷᠭ᠎ᠠ ᠮᠠᠶᠢᠭ ᠵᠡᠷᠭᠡ ᠵᠢ᠎ᠨᠢ ᠦᠨᠳᠦᠰᠦᠯᠡᠨ ᠲᠦᠷᠦᠯ ᠬᠤᠪᠢᠶᠡᠵᠤ ᠪᠤᠯᠤᠨ᠎ᠠ᠃ ᠲᠡᠭᠦᠨ᠎ᠤ ᠠᠮᠢᠳᠤ ᠪᠤᠳᠠᠰ᠎ᠤᠨ ᠤᠨᠴᠠᠯᠢᠭ᠎ᠨᠢ᠄ ᠤᠯᠠᠮᠵᠢᠯᠠᠬᠤ ᠬᠡᠯᠪᠡᠷᠢ᠎ᠨᠢ ᠤᠯᠠᠨ᠂ ᠦᠷᠡᠵᠢᠬᠦ ᠪᠠ ᠳᠠᠬᠢᠨ ᠤᠷᠭᠤᠬᠤ ᠴᠢᠳᠠᠪᠤᠷᠢ᠎ᠨᠢ ᠴᠢᠩᠭ᠎ᠠ᠂ ᠠᠮᠢᠳᠤᠷᠠᠯ᠎ᠤᠨ ᠦᠶᠡᠯᠡᠯ᠎ᠨᠢ ᠶᠡᠷᠦ᠎ᠳᠡᠭᠡᠨ ᠲᠠᠷᠢᠮᠠᠯ᠎ᠠᠴᠠ ᠤᠬᠤᠷ᠂ ᠦᠷ᠎ᠡ᠎ᠨᠢ ᠪᠤᠯᠪᠠᠰᠤᠷᠠᠬᠤ ᠵᠢᠨ ᠳᠠᠭ᠋ᠠᠤ ᠤᠨᠠᠵᠤ᠂ ᠰᠦᠷᠬᠦ ᠵᠢ ᠡᠰᠡᠷᠭᠦᠴᠡᠬᠦ ᠴᠢᠨᠠᠷ ᠵᠶ᠋ᠠᠷ ᠴᠢᠩᠭ᠎ᠠ᠂ ᠭᠡᠷᠡᠯ᠎ᠤᠨ ᠨᠡᠶ᠋ᠢᠯᠡᠯᠭᠡ ᠵᠢᠨ ᠦᠷ᠎ᠡ ᠠᠰᠢᠭ᠎ᠨᠢ ᠦᠨᠳᠦᠷ ᠵᠡᠷᠭᠡ᠃ ᠲᠠᠷᠢᠶᠠᠨ᠎ᠳᠠᠬᠢ ᠡᠯᠳᠡᠪ ᠡᠪᠡᠰᠦ ᠵᠢᠨ ᠭᠤᠤᠯ ᠬᠦᠨᠦᠭᠡᠯ᠎ᠨᠢ᠄ ᠲᠠᠷᠢᠮᠠᠯ᠎ᠲᠠᠢ ᠰᠢᠮ᠎ᠡ ᠲᠡᠵᠢᠭᠡᠯ᠂ ᠤᠰᠤ᠂ ᠨᠠᠷᠠᠨ᠎ᠤ ᠭᠡᠷᠡᠯ ᠪᠤᠯᠤᠨ ᠤᠷᠤᠨ ᠵᠠᠢ ᠪᠤᠯᠢᠶᠠᠯᠴᠠᠵᠤ᠂ ᠲᠠᠷᠢᠶᠠᠨ᠎ᠤ ᠰᠠᠯᠬᠢ ᠨᠡᠪᠲᠡᠷᠡᠬᠦ ᠵᠢ ᠬᠠᠷᠰᠢᠯᠠᠭ᠋ᠠᠳ ᠲᠠᠷᠢᠮᠠᠯ᠎ᠤᠨ ᠤᠨᠠᠯᠲᠠ ᠪᠤᠯᠤᠨ ᠶᠠᠰᠤ ᠴᠢᠨᠠᠷ᠎ᠢ ᠳᠤᠷᠤᠭᠰᠢᠯᠠᠭᠤᠯᠤᠨ᠎ᠠ᠃ ᠮᠠᠰᠢ ᠤᠯᠠᠨ ᠡᠯᠳᠡᠪ ᠡᠪᠡᠰᠦ᠎ᠨᠢ ᠡᠪᠡᠳᠴᠢᠯᠡᠭᠦᠯᠬᠦ ᠮᠢᠺᠷᠣᠪ ᠪᠤᠯᠤᠨ ᠬᠦᠨᠦᠭᠡᠯᠲᠦ ᠰᠢᠪᠠᠵᠢ ᠵᠢᠨ ᠵᠠᠪᠰᠠᠷ᠎ᠤᠨ ᠮᠦᠯᠵᠢᠭᠳᠡᠭᠴᠢ ᠪᠤᠶᠤ ᠮᠦᠯᠵᠢᠨ ᠤᠷᠤᠰᠢᠬᠤ ᠭᠠᠵᠠᠷ ᠲᠤᠯᠠ ᠡᠪᠡᠳᠴᠢᠯᠡᠭᠦᠯᠬᠦ ᠪᠠ ᠰᠢᠪᠠᠵᠢ ᠵᠢᠨ ᠬᠦᠨᠦᠭᠡᠯ ᠡᠭᠦᠰᠭᠡᠳᠡᠭ᠃ ᠡᠭᠦᠨ᠎ᠠᠴᠠ ᠭᠠᠳᠠᠨ᠎ᠠ ᠵᠠᠷᠢᠮ ᠡᠯᠳᠡᠪ ᠡᠪᠡᠰᠦ ᠵᠢᠨ ᠦᠷ᠎ᠡ ᠪᠤᠶᠤ ᠴᠡᠴᠡᠭ᠎ᠤᠨ ᠲᠤᠭᠤᠰᠤ ᠳᠤᠲᠤᠷ᠎ᠠ ᠬᠤᠤᠷᠲᠤ ᠡᠳ᠋ ᠠᠭᠤᠯᠤᠭᠳᠠᠵᠤ ᠬᠦᠮᠦᠨ ᠮᠠᠯ᠎ᠢ ᠬᠤᠤᠷᠳᠠᠭᠤᠯᠳᠠᠭ ᠪᠠᠶ᠋ᠢᠨ᠎ᠠ᠃
(ᠢᠷᠡᠯᠲᠡ᠄ ᠰᠢ ᠢᠩ᠎ᠤᠨ ᠨᠠᠶ᠋ᠢᠷᠠᠭᠤᠯᠤᠭᠰᠠᠨ 《ᠤᠷᠭᠤᠮᠠᠯ᠎ᠤᠨ ᠡᠪᠡᠳᠴᠢᠨ ᠬᠤᠷᠤᠬᠠᠢ ᠡᠪᠡᠰᠦᠨ᠎ᠤ ᠬᠦᠨᠦᠭᠡᠯ᠎ᠢ ᠬᠢᠵᠠᠭ᠋ᠠᠷᠯᠠᠬᠤ ᠠᠰᠠᠭᠤᠯᠲᠠ ᠬᠠᠷᠢᠭᠤᠯᠲᠠ》 ᠭᠡᠬᠦ ᠨᠤᠮ᠎ᠠᠴᠠ ᠰᠤᠩᠭᠤᠨ ᠰᠡᠶ᠋ᠢᠷᠡᠭᠦᠯᠪᠡ᠃)