ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠰᠢᠨᠵᠢᠯᠡᠭᠡ ᠮᠡᠷᠭᠡᠵᠢᠯ
ᠭᠦᠷᠤᠰᠤ ᠰᠢᠷᠤᠢ ᠵᠢ ᠬᠠᠮᠠᠭ᠋ᠠᠯᠠᠬᠤ ᠲᠤᠬᠠᠢ ᠭᠦᠮᠦᠰ᠎ᠤᠨ ᠦᠵᠡᠯ ᠲᠠᠨᠢᠯᠳᠡ ᠵᠢ ᠭᠡᠷᠭᠢᠨ ᠲᠡᠭᠡᠭᠰᠢᠯᠡᠭᠦᠯᠭᠦ ᠪᠤᠢ?
ᠨᠡᠶ᠋ᠢᠲᠡᠯᠡᠭᠰᠡᠨ ᠴᠠᠭ᠄ 2021-07-09

      ᠲᠡᠤᠭᠡᠨ ᠲᠡᠭᠡᠷ᠎ᠡ ᠨᠡᠭᠦᠳᠡᠯᠴᠢᠨ ᠦᠨᠳᠤᠰᠤᠳᠡᠨ ᠭᠦᠷᠦᠰᠤ ᠬᠠᠮᠠᠭ᠋ᠠᠯᠠᠬᠤ ᠶᠠᠪᠤᠳᠠᠯ᠎ᠢ ᠲᠠᠯ᠎ᠠ ᠨᠤᠳᠤᠭ᠎ᠤᠨ ᠡᠭᠢ ᠪᠠᠶᠠᠯᠢᠭ ᠪᠤᠯᠤᠨ ᠠᠮᠢ ᠠᠬᠤᠢ ᠵᠢᠨ ᠬᠠᠮᠠᠭ᠋ᠠᠯᠠᠯᠳᠠ ᠲᠤᠮᠳᠡᠭᠢ ᠬᠠᠮᠤᠭ᠎ᠤᠨ ᠴᠢᠬᠤᠯᠠ ᠶᠠᠪᠤᠳᠠᠯ ᠪᠤᠯᠭ᠋ᠠᠨ ᠵᠠᠩᠰᠢᠯ᠎ᠤᠨ ᠬᠠᠤᠯᠢ᠂ ᠪᠢᠴᠢᠮᠡᠯ ᠬᠠᠤᠯᠢ᠎ᠪᠠᠷ ᠲᠤᠠᠠᠳᠠᠭ᠋ᠠᠭ᠋ᠠᠳ᠂ ᠠᠮᠢᠳᠤᠷᠠᠯ᠎ᠤᠨ ᠵᠠᠩ ᠲᠠᠳᠬᠠᠯ᠂ ᠤᠳᠬ᠎ᠠ ᠵᠤᠭᠢᠶᠠᠯ ᠤᠷᠠᠯᠢᠭ᠂ ᠶᠤᠰᠤ ᠰᠤᠷᠳᠠᠬᠤᠨ᠎ᠤ ᠲᠠᠯ᠎ᠠ᠎ᠪᠠᠷ ᠢᠯᠡᠷᠡᠭᠦᠯᠵᠤ᠂ ᠦᠪᠡᠷᠮᠢᠴᠡ ᠤᠨᠴᠠᠯᠢᠭ ᠪᠦᠭᠦᠢ ᠠᠮᠢ ᠠᠬᠤᠢ ᠵᠢᠨ ᠰᠤᠶᠤᠯ᠎ᠢ ᠪᠤᠢ ᠪᠤᠯᠭ᠋ᠠᠠᠠᠰᠠᠨ ᠪᠠᠶ᠋ᠢᠨ᠎ᠠ᠃ ᠡᠶ᠋ᠢᠮᠤ᠎ᠠᠴᠠ ᠡᠩ ᠲᠠᠷᠢᠭᠦᠨ᠎ᠳᠤ ᠡᠨᠡ ᠬᠦ᠌ ᠰᠤᠶᠤᠯ᠎ᠤᠨ ᠤᠯᠠᠮᠵᠢᠯᠡᠯ᠎ᠢ ᠵᠠᠯᠭ᠋ᠠᠮᠵᠢᠯᠡᠨ ᠭᠦᠭᠵᠢᠭᠦᠯᠵᠤ᠂ ᠭᠦᠷᠦᠰᠤᠨ ᠲᠠᠪᠬᠤᠷᠭ᠎ᠠ ᠵᠢ ᠬᠠᠮᠠᠭ᠋ᠠᠯᠠᠬᠤ ᠦᠵᠡᠯ ᠲᠠᠨᠢᠯᠳᠡ᠎ᠪᠠᠨ ᠰᠢᠨ᠎ᠠ᠎ᠪᠠᠷ ᠪᠤᠢ ᠪᠤᠯᠭ᠋ᠠᠬᠤ ᠪᠠ ᠲᠠᠰᠤᠷᠠᠯᠳᠠ ᠦᠭᠡᠢ ᠲᠡᠭᠡᠭᠰᠢᠯᠡᠭᠦᠯᠵᠤ᠂ ᠲᠡᠭᠦᠨ᠎ᠢ᠎ᠪᠠᠨ ᠲᠠᠯ᠎ᠠ ᠨᠤᠳᠤᠭ᠎ᠤᠨ ᠦᠢ᠍ᠯᠡᠳᠪᠤᠷᠢᠯᠡᠯ ᠠᠮᠢᠳᠤᠷᠠᠯ᠎ᠤᠨ ᠲᠤᠮᠳᠠ ᠨᠠᠶ᠋ᠢᠳᠠᠪᠤᠷᠢᠵᠢᠭᠤᠯᠵᠤ᠂ ᠰᠢᠨᠵᠢᠯᠡᠭᠦ ᠤᠬᠠᠭ᠋ᠠᠠᠴᠢ ᠭᠦᠭᠵᠢᠯᠳᠡ ᠵᠢᠨ ᠦᠵᠡᠯᠳᠡ ᠪᠤᠯᠤᠨ ᠭᠦᠮᠦᠨ ᠪᠠᠶ᠋ᠢᠭ᠋ᠠᠯᠢ ᠵᠢᠨ ᠵᠤᠭᠢᠴᠠᠯᠳᠤᠨ ᠤᠷᠤᠰᠢᠬᠤ ᠱᠠᠭ᠋ᠠᠷᠳᠠᠯᠭ᠎ᠠ᠎ᠳᠤ ᠨᠡᠶ᠋ᠢᠴᠡᠭᠦᠯᠭᠦ ᠭᠡᠷᠡᠭᠳᠡᠢ᠃ ᠲᠠᠷᠠᠭ᠎ᠠ᠎ᠳᠤᠨᠢ ᠤᠷᠴᠢᠨ ᠠᠬᠤᠢ ᠵᠢᠨ ᠬᠤᠪᠢᠷᠠᠯᠳᠠ ᠵᠢ ᠢᠳᠡᠪᠭᠢᠳᠡᠢ ᠲᠠᠭ᠋ᠠᠵᠤ᠂ ᠨᠤᠳᠤᠭ ᠪᠡᠯᠴᠢᠭᠡᠷ᠎ᠤᠨ ᠤᠷᠭᠤᠮᠠᠯ᠎ᠤᠨ ᠪᠦᠷᠭᠦᠴᠡ ᠦᠪᠠᠷ ᠵᠶ᠋ᠠᠨ ᠰᠡᠷᠭᠦᠭᠦ᠎ᠳᠤ ᠤᠷᠤᠨ ᠵᠠᠢ ᠤᠯᠭᠤᠨ ᠦᠭᠴᠤ᠂ ᠠᠮᠢ ᠠᠬᠤᠢ ᠵᠢᠨ ᠰᠡᠷᠭᠦᠯᠳᠡ ᠵᠢᠨ ᠦᠶᠡᠯᠡᠯ᠎ᠤᠨ ᠬᠤᠭᠤᠴᠠᠭ᠎ᠠ ᠵᠢ ᠪᠤᠭᠤᠨᠢᠰᠬᠠᠨ᠂ ᠰᠡᠷᠭᠡᠶ᠋ᠢᠯᠡᠨ ᠵᠠᠰᠠᠬᠤ ᠵᠠᠷᠤᠳᠠᠯ᠎ᠢ ᠠᠷᠪᠢᠯᠡᠵᠤ᠂ ᠤᠳᠤ ᠪᠠᠶ᠋ᠢᠬᠤ ᠲᠠᠷᠢᠶᠠᠨ ᠭᠠᠵᠠᠷ᠎ᠢ ᠪᠠᠶ᠋ᠢᠭ᠋ᠠᠯᠢ ᠵᠢᠨ ᠤᠷᠭᠤᠮᠠᠯ᠎ᠤᠨ ᠪᠦᠷᠭᠦᠴᠡ ᠪᠤᠯᠭ᠋ᠠᠨ ᠠᠮᠢ ᠠᠬᠤᠢ ᠵᠢᠨ ᠰᠢᠰᠲ᠋ᠧᠮ᠎ᠤᠨ ᠪᠦᠷᠢᠨ ᠪᠦᠳᠦᠨ ᠴᠢᠨᠠᠷ᠎ᠢ ᠰᠡᠷᠭᠦᠭᠡᠵᠤ᠂ ᠲᠠᠯ᠎ᠠ ᠨᠤᠳᠤᠭ᠎ᠤᠨ ᠠᠮᠢ ᠠᠬᠤᠢ ᠵᠢᠨ ᠠᠶᠤᠯ ᠦᠬᠡᠢ ᠪᠠᠶ᠋ᠢᠬᠤ ᠵᠢ ᠪᠠᠳᠤᠯᠠᠬᠤ ᠭᠡᠷᠡᠭᠳᠡᠢ᠃ ᠪᠡᠯᠴᠢᠭᠡᠷ᠎ᠤᠨ ᠪᠠᠭᠳᠠᠭ᠋ᠠᠮᠵᠢ ᠵᠢᠨ ᠭᠡᠮᠵᠢᠶ᠎ᠠ ᠵᠢ ᠴᠢᠩᠭ᠎ᠠ ᠭᠢᠵᠠᠭ᠋ᠠᠷᠯᠠᠬᠤ ᠭᠡᠷᠡᠭᠳᠡᠢ᠃ ᠠᠮᠢ ᠠᠬᠤᠢ ᠵᠢᠨ ᠪᠠᠶ᠋ᠢᠳᠠᠯ ᠵᠶ᠋ᠠᠷ ᠠᠶᠤᠯ᠎ᠲᠠᠢ ᠪᠠᠶ᠋ᠢᠬᠤ ᠭᠠᠵᠠᠷ ᠤᠷᠤᠨ᠎ᠤ ᠪᠠᠭᠳᠠᠭ᠋ᠠᠮᠵᠢ᠎ᠠᠴᠠ ᠭᠡᠳᠦᠷᠡᠭᠰᠡᠨ ᠰᠠᠭᠤᠭ᠋ᠠᠯᠢ ᠠᠷᠠᠳ᠎ᠢ ᠨᠡᠭᠦᠯᠭᠡᠵᠤ᠂ ᠲᠤᠠᠠᠳᠠᠭ᠋ᠠᠠᠠᠰᠠᠨ ᠭᠢᠵᠠᠭ᠋ᠠᠷᠳᠤ ᠲᠤᠭ᠋ᠠᠨ᠎ᠤ ᠮᠠᠯ ᠰᠦᠷᠦᠭ᠎ᠢ ᠪᠡᠯᠴᠢᠭᠡᠷᠯᠡᠭᠦᠯᠭᠦ ᠭᠡᠷᠡᠭᠳᠡᠢ᠃ ᠠᠮᠢ ᠠᠬᠤᠢ ᠵᠢᠨ ᠪᠠᠶ᠋ᠢᠳᠠᠯ ᠭᠡᠴᠡᠭᠦᠳᠡᠭᠰᠡᠨ ᠭᠠᠵᠠᠷ ᠤᠷᠤᠨ᠎ᠳᠤ ᠠᠮᠢ ᠠᠬᠤᠢ ᠵᠢᠨ ᠬᠠᠮᠠᠭ᠋ᠠᠯᠠᠯᠳᠠ ᠵᠢᠨ ᠲᠤᠭᠤᠷᠢᠭ ᠪᠠᠶ᠋ᠢᠭᠤᠯᠬᠤ ᠭᠡᠷᠭᠳᠡᠢ᠃ ᠲᠠᠷᠢᠶᠠᠯᠠᠩ ᠠᠵᠤ ᠦᠢ᠍ᠯᠡᠰ᠎ᠤᠨ ᠪᠦᠳᠦᠴᠡ ᠪᠡ ᠭᠦᠭᠵᠢᠯᠳᠡ ᠵᠢᠨ ᠴᠢᠭᠯᠡᠯ᠎ᠢ ᠲᠤᠭᠢᠷᠠᠭᠤᠯᠵᠤ᠂ ᠠᠮᠢ ᠠᠬᠤᠢ ᠵᠢᠨ ᠬᠠᠮᠠᠭ᠋ᠠᠯᠠᠯᠳᠡ ᠵᠢᠨ ᠭᠡᠯᠪᠡᠷᠢᠳᠤ ᠮᠠᠯ ᠠᠵᠤ ᠠᠬᠤᠢ ᠵᠢ ᠭᠦᠭᠵᠢᠭᠦᠯᠭᠦ ᠭᠡᠷᠡᠭᠳᠡᠢ᠃ ᠮᠠᠯ ᠠᠵᠤ ᠠᠬᠤᠢ ᠵᠢᠨ ᠦᠢ᠍ᠯᠡᠳᠪᠤᠷᠢᠯᠡᠯ᠎ᠤᠨ ᠭᠡᠷᠡᠭᠴᠡᠭᠡ ᠵᠢ ᠬᠠᠨᠭ᠌ᠭ᠋ᠠᠬᠤ᠎ᠪᠠᠷ ᠭᠤᠤᠯ ᠵᠤᠷᠢᠯᠭ᠎ᠠ ᠪᠤᠯᠭ᠋ᠠᠠᠠᠰᠠᠨ ᠲᠠᠷᠢᠮᠠᠯ᠎ᠤᠨ ᠦᠢ᠍ᠯᠡᠰ᠎ᠤᠨ ᠤᠷᠤᠨ ᠲᠤᠭᠤᠷᠢᠭ ᠭᠠᠷᠭ᠋ᠠᠵᠤ᠂ ᠮᠠᠯ ᠠᠵᠤ ᠠᠬᠤᠢ ᠵᠢᠨ ᠭᠦᠭᠵᠢᠯᠳᠡ᠎ᠳᠤ ᠲᠡᠵᠢᠭᠡᠯ ᠪᠤᠷᠳᠤᠭ᠎ᠠ ᠲᠤᠳ᠋ᠬᠠᠳᠠᠵᠤ ᠪᠠᠶ᠋ᠢᠬᠤ ᠠᠰᠠᠭᠤᠳᠠᠯ᠎ᠢ ᠰᠢᠢ᠍ᠳᠪᠤᠷᠢᠯᠡᠵᠤ᠂ ᠮᠠᠯ ᠠᠵᠤ ᠠᠬᠤᠢ ᠵᠢᠨ ᠭᠦᠭᠵᠢᠯᠳᠡ ᠵᠢᠨ ᠡᠳᠤᠷ ᠢᠷᠡᠭᠦᠶ᠎ᠠ ᠭᠡᠪᠡᠷᠡᠭᠵᠢᠵᠤ ᠪᠠᠶ᠋ᠢᠭ᠎ᠠ ᠲᠠᠯ᠎ᠠ ᠨᠤᠳᠤᠭ᠎ᠤᠨ ᠠᠮᠢ ᠠᠬᠤᠢ ᠵᠢᠨ ᠰᠢᠰᠲ᠋ᠧᠮ᠎ᠳᠠᠬᠢ ᠲᠠᠷᠤᠯᠳᠠ ᠵᠢ ᠭᠦᠡᠭᠭᠡᠷᠡᠭᠦᠯᠭᠦ ᠭᠡᠷᠡᠭᠳᠡᠢ᠃ ᠭᠤᠷᠪᠡᠳᠤᠭ᠋ᠠᠷ᠎ᠲᠤ᠂ ᠨᠠᠷᠡᠨ ᠡᠨᠧᠷᠭᠢ᠂ ᠰᠠᠯᠭᠢᠨ ᠡᠨᠧᠷᠭᠢ᠎ᠪᠠᠷ ᠲᠠᠮᠵᠢᠨ ᠡᠨᠧᠷᠭᠢ ᠵᠢᠨ ᠬᠤᠷᠠᠮᠳᠤᠭᠤᠯᠭ᠎ᠠ ᠵᠢ ᠦᠷᠭᠦᠯᠵᠢᠯᠡᠨ ᠦᠷᠭᠡᠳᠭᠡᠵᠤ᠂ ᠨᠠᠷᠠᠨ᠎ᠤ ᠰᠠᠴᠤᠷᠠᠭ ᠵᠢᠴᠢ ᠰᠠᠯᠭᠢᠨ᠎ᠤ ᠭᠦᠨᠦᠭᠡᠯ᠎ᠢ ᠴᠠᠭᠢᠯᠭ᠋ᠠᠨ ᠡᠨᠧᠷᠭᠢ ᠪᠤᠯᠭ᠋ᠠᠬᠤ ᠵᠢ ᠡᠷᠴᠢᠮᠵᠢᠭᠦᠯᠵᠤ᠂ ᠨᠤᠳᠤᠭ ᠪᠡᠯᠴᠢᠭᠡᠷ ᠪᠡ ᠡᠯᠡᠰᠤᠨ᠎ᠤ ᠤᠷᠭᠤᠮᠠᠯ᠎ᠤᠨ ᠪᠦᠷᠭᠦᠴᠡ ᠵᠢ ᠠᠯᠢ ᠴᠢᠳᠠᠬᠤ᠎ᠪᠠᠷ ᠰᠠᠶ᠋ᠢᠨ ᠬᠠᠮᠠᠭ᠋ᠠᠯᠠᠵᠤ᠂ ᠲᠡᠭᠦᠨ᠎ᠤ ᠠᠮᠢ ᠠᠬᠤᠢ ᠵᠢᠨ ᠦᠷ᠎ᠡ ᠠᠰᠢᠭ᠎ᠢ᠎ᠨᠢ ᠭᠦᠢ᠍ᠴᠡᠳ ᠪᠠᠳᠠᠷᠠᠭᠤᠯᠬᠤ ᠭᠡᠷᠡᠭᠳᠡᠢ᠃ ᠲᠦᠷᠪᠡᠳᠦᠭᠡᠷ᠎ᠲᠤ᠂ ᠤᠷᠴᠢᠨ ᠲᠤᠭᠤᠷᠢᠨ᠎ᠳᠤ ᠨᠦᠯᠦᠭᠡ ᠪᠠᠭ᠎ᠠ᠎ᠲᠠᠢ ᠰᠢᠨ᠎ᠠ ᠡᠨᠧᠷᠭᠢ᠂ ᠠᠭᠤᠷᠬᠠᠢ ᠵᠢᠨ ᠭᠠᠷᠤᠯᠳᠠ᠂ ᠪᠤᠭᠢᠷᠳᠤᠯ ᠦᠭᠡᠢ ᠢᠳᠡᠭᠡᠨ᠂ ᠠᠮᠢ ᠠᠬᠤᠢ ᠵᠢᠨ ᠰᠤᠶᠤᠯ᠎ᠤᠨ ᠵᠢᠭᠤᠯᠴᠢᠯᠠᠯ᠎ᠤᠨ ᠠᠵᠤ ᠦᠢ᠍ᠯᠡᠰ᠎ᠢ ᠶᠡᠭᠡ᠎ᠪᠠᠷ ᠲᠡᠳᠭᠦᠵᠤ᠂ ᠨᠤᠳᠤᠭ ᠪᠡᠯᠴᠢᠭᠡᠷ᠎ᠤᠨ ᠠᠮᠢ ᠠᠬᠤᠢ ᠵᠢᠨ ᠤᠠᠴᠠᠯᠢᠭ᠎ᠲᠤ ᠲᠤᠭᠢᠷᠬᠠᠰᠠᠨ ᠡᠷᠭᠢᠯᠳᠡᠳᠤ ᠠᠵᠤ ᠠᠬᠤᠢ ᠵᠢᠨ ᠭᠦᠭᠵᠢᠯᠳᠡ ᠵᠢᠨ ᠦᠯᠢᠭᠡᠷ ᠭᠡᠪ᠎ᠢ ᠡᠷᠢᠯᠭᠢᠯᠡᠭᠦ ᠭᠡᠷᠡᠭᠳᠡᠢ᠃ ᠲᠠᠪᠤᠳᠤᠭ᠋ᠠᠷ᠎ᠲᠤ᠂ ᠮᠠᠯ᠎ᠤᠨ ᠡᠭᠦᠯᠳᠡᠷ᠎ᠢ ᠰᠠᠶ᠋ᠢᠵᠢᠷᠠᠭᠤᠯᠬᠤ᠂ ᠡᠯᠡᠰᠦᠷᠭᠡᠭᠵᠢᠯ᠎ᠢ ᠵᠠᠰᠠᠬᠤ᠂ ᠡᠪᠡᠰᠤᠨ ᠦᠷ᠎ᠡ ᠵᠢ ᠰᠢᠯᠢᠳᠡᠭᠵᠢᠭᠦᠯᠭᠦ᠂ ᠬᠤᠯᠤᠭ᠋ᠠᠨ᠎ᠠ ᠵᠢᠨ ᠭᠦᠨᠦᠭᠡᠯ᠎ᠢ ᠰᠡᠷᠭᠡᠶ᠋ᠢᠯᠡᠨ ᠵᠠᠰᠠᠬᠤ ᠵᠡᠷᠭᠡ ᠲᠠᠯ᠎ᠠ᠎ᠪᠠᠷ᠎ᠬᠢ ᠬᠠᠮᠢᠶ᠎ᠠ ᠪᠦᠭᠦᠢ ᠲᠤᠰᠬᠠᠢ ᠴᠢᠳᠠᠪᠤᠷᠢᠳᠡᠨ᠎ᠢ ᠭᠦᠮᠦᠵᠢᠭᠦᠯᠭᠦ ᠪᠡ ᠰᠢᠨᠵᠢᠯᠡᠭᠦ ᠤᠬᠠᠭ᠋ᠠᠨ ᠮᠡᠷᠭᠡᠵᠢᠯ᠎ᠤᠨ ᠲᠠᠪᠰᠢᠯᠳᠡ ᠪᠤᠯᠤᠨ ᠲᠡᠭᠦᠨ᠎ᠢ ᠤᠯᠠᠷᠢᠭᠤᠯᠬᠤ ᠵᠢ ᠲᠦᠷᠭᠡᠳᠭᠡᠵᠤ᠂ ᠦᠷᠭᠡᠨ ᠤᠯᠠᠨ ᠮᠠᠯᠵᠢᠬᠤ ᠤᠷᠤᠨ᠎ᠤ ᠭᠡᠷᠡᠭᠴᠡᠭᠡ᠎ᠳᠤ ᠲᠤᠭᠢᠷᠠᠭᠤᠯᠵᠤ᠂ ᠡᠯᠡᠰᠦᠷᠭᠡᠭᠵᠢᠯ᠎ᠢ ᠵᠠᠰᠠᠬᠤ ᠡᠷᠴᠢᠮ ᠵᠶ᠋ᠠᠨ ᠴᠢᠩᠭ᠋ᠠᠯᠠᠬᠤ ᠭᠡᠷᠡᠭᠳᠡᠢ᠃ (ᠢᠷᠡᠯᠲᠡ᠄ ᠪᠦᠷᠢᠨᠪᠠᠶᠠᠷ᠂ ᠮᠦᠩᠬᠡᠪᠠᠭ᠋ᠠᠲᠤᠷ᠂ ᠬᠤᠩ ᠮᠧᠢ ᠨᠠᠷ᠎ᠤᠨ ᠨᠠᠶ᠋ᠢᠷᠠᠭᠤᠯᠤᠭᠰᠠᠨ 《ᠮᠠᠯᠵᠢᠯ᠎ᠤᠨ ᠮᠡᠳᠡᠯᠭᠡ ᠮᠡᠷᠭᠡᠵᠢᠯ》 ᠭᠡᠬᠦ ᠨᠤᠮ᠎ᠠᠴᠠ ᠰᠤᠩᠭᠤᠨ ᠰᠡᠶ᠋ᠢᠷᠡᠭᠦᠯᠪᠡ᠃)

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠭᠦᠮᠦᠨ ᠠᠮᠠ ᠵᠢᠨ ᠨᠡᠮᠡᠭᠳᠡᠯ ᠭᠢᠭᠡᠳ ᠨᠤᠳᠤᠭ ᠪᠡᠯᠴᠢᠭᠡᠷ᠎ᠤᠨ ᠲᠠᠴᠢᠷᠳᠡᠯ᠎ᠤᠨ ᠵᠦᠷᠢᠴᠡᠯ᠎ᠢ ᠭᠡᠷᠭᠢᠨ ᠰᠢᠢ᠍ᠳᠪᠤᠷᠢᠯᠡᠭᠦ ᠪᠤᠢ?
ᠲᠠᠷᠢᠮᠠᠯ᠎ᠤᠨ ᠦᠷᠡᠵᠢᠯ᠎ᠤᠨ ᠬᠤᠭᠤᠴᠠᠭ᠎ᠠ ᠵᠢ ᠲᠤᠬᠢᠷᠠᠭᠤᠯᠬᠤ᠎ᠪᠠᠷ ᠳᠠᠮᠵᠢᠨ ᠡᠪᠡᠳᠴᠢᠨ ᠬᠤᠷᠤᠬᠠᠢ ᠵᠢᠨ ᠬᠦᠨᠦᠭᠡᠯ᠎ᠢ ᠬᠡᠷᠬᠢᠨ ᠬᠢᠵᠠᠭ᠋ᠠᠷᠯᠠᠬᠤ ᠪᠤᠢ
ᠲᠠᠯ᠎ᠠ ᠨᠤᠳᠤᠭ᠎ᠲᠤ ᠡᠪᠡᠰᠤ ᠮᠤᠳᠤ ᠶᠡᠭᠡ᠎ᠪᠠᠷ ᠲᠠᠷᠢᠪᠡᠯ᠂ ᠨᠤᠳᠤᠭ ᠪᠡᠯᠴᠢᠭᠡᠷ᠎ᠤᠨ ᠲᠠᠴᠢᠷᠳᠠᠯ᠎ᠢ ᠵᠤᠠᠠᠰᠤᠭ᠋ᠠᠵᠤ ᠲᠠᠶ᠋ᠢᠯᠦᠨ᠎ᠠ ᠤᠤ?
ᠨᠢᠰᠭᠡᠯ ᠵᠶ᠋ᠠᠷ ᠡᠪᠡᠰᠤ ᠲᠠᠷᠢᠬᠤ᠎ᠨᠢ ᠡᠯᠡᠰᠦᠷᠭᠡᠭᠵᠢᠯ᠎ᠢ ᠵᠠᠰᠠᠬᠤ ᠵᠢᠱ᠌ᠢᠭᠰᠡᠨ ᠦᠷ᠎ᠠ ᠳ᠋ᠦᠩ᠎ᠳᠤ ᠭᠦᠷᠴᠤ ᠴᠢᠳᠠᠨ᠎ᠠ ᠤᠤ?
ᠲᠠᠯ᠎ᠠ ᠨᠤᠳᠤᠭ᠎ᠲᠤ ᠡᠪᠡᠰᠤ ᠮᠤᠳᠤ ᠶᠡᠭᠡ᠎ᠪᠠᠷ ᠲᠠᠷᠢᠪᠡᠯ᠂ ᠨᠤᠳᠤᠭ ᠪᠡᠯᠴᠢᠭᠡᠷ᠎ᠤᠨ ᠲᠠᠴᠢᠷᠳᠠᠯ᠎ᠢ ᠵᠤᠠᠠᠰᠤᠭ᠋ᠠᠵᠤ ᠲᠠᠶ᠋ᠢᠯᠦᠨ᠎ᠠ ᠤᠤ?
 
             蒙ICP备05000248号