ᠭᠦᠮᠦᠨ ᠠᠮᠠ ᠵᠢᠨ ᠨᠡᠮᠡᠭᠳᠡᠯ ᠪᠤᠯ ᠨᠤᠳᠤᠭ ᠪᠡᠯᠴᠢᠭᠡᠷ᠎ᠢ ᠲᠠᠴᠢᠷᠳᠠᠭᠤᠯᠵᠤ ᠪᠠᠶ᠋ᠢᠬᠤ ᠵᠢᠨ ᠴᠢᠬᠤᠯᠠ ᠭᠦᠴᠤᠨ ᠵᠦᠢ᠍ᠯ ᠪᠤᠯᠤᠨ᠎ᠠ᠃ ᠡᠶ᠋ᠢᠮᠤ᠎ᠠᠴᠠ ᠠᠮᠢ ᠠᠬᠤᠢ ᠵᠢᠨ ᠰᠢᠰᠲ᠋ᠧᠮ᠎ᠤᠨ ᠲᠠᠴᠢᠷᠳᠡᠯ᠎ᠢ ᠵᠠᠰᠠᠶ᠎ᠠ ᠭᠡᠪᠡᠯ ᠡᠷᠭᠡᠪᠰᠢ ᠭᠦᠮᠦᠨ᠎ᠤ ᠭᠦᠴᠤᠨ ᠵᠦᠢ᠍ᠯ᠎ᠢ ᠰᠢᠢ᠍ᠳᠪᠤᠷᠢᠯᠡᠭᠦ᠎ᠠᠴᠠ ᠭᠠᠷᠳᠠᠬᠤ ᠭᠡᠷᠡᠭᠳᠡᠢ᠃ ᠭᠦᠮᠦᠰ᠎ᠤᠨ ᠤᠷᠤᠰᠢᠨ ᠲᠤᠠᠠᠳᠠᠨᠢᠯᠢ ᠰᠢᠢ᠍ᠳᠪᠤᠷᠢᠯᠡᠭᠦ ᠪᠤᠯ ᠦᠨᠳᠤᠰᠤ᠎ᠠᠴᠠ᠎ᠨᠢ ᠵᠠᠰᠠᠬᠤ ᠶᠠᠪᠤᠳᠠᠯ ᠪᠤᠯᠤᠨ᠎ᠠ᠃ ᠲᠡᠳᠡᠭᠡᠷ ᠵᠠᠰᠠᠬᠤ᠎ᠳᠤ ᠮᠠᠰᠢ ᠪᠡᠷᠭᠡᠳᠡᠢ ᠪᠠᠶ᠋ᠢᠭ᠎ᠠ ᠭᠠᠵᠠᠷ ᠤᠷᠤᠨ᠎ᠳᠤ ᠪᠤᠯ ᠬᠠᠮᠤᠭ᠎ᠤᠨ ᠰᠠᠶ᠋ᠢᠨ ᠠᠷᠭ᠎ᠠ᠎ᠨᠢ ᠭᠦᠮᠦᠰ᠎ᠢ ᠨᠡᠭᠦᠯᠭᠡᠵᠤ᠂ ᠭᠦᠮᠦᠨ᠎ᠤ ᠲᠠᠷᠤᠯᠳᠠ ᠵᠢ ᠭᠦᠡᠭᠭᠡᠯᠡᠵᠤ᠂ ᠪᠠᠶ᠋ᠢᠭ᠋ᠠᠯᠢ ᠠᠬᠤᠢ ᠵᠢ ᠠᠶᠠᠠᠳᠠᠭ᠋ᠠᠨ ᠰᠡᠷᠭᠦᠭᠡᠭᠦ ᠭᠡᠷᠡᠭᠳᠡᠢ᠃ ᠡᠳᠡᠭᠡᠷ ᠭᠠᠵᠠᠷ ᠤᠷᠤᠨ᠎ᠤ ᠭᠤᠪᠢ ᠭᠠᠵᠠᠷ ᠲᠡᠭᠡᠷ᠎ᠡ ᠨᠢᠭᠡᠨ ᠲᠠᠪᠬᠤᠷᠭ᠎ᠠ ᠪᠠᠶ᠋ᠢᠭ᠋ᠠᠯᠢ ᠵᠢᠨ ᠬᠠᠳᠠᠭᠤ ᠬᠠᠯᠢᠰᠤ ᠪᠠᠶ᠋ᠢᠬᠤ ᠪᠦᠭᠡᠳ ᠤᠤᠯ᠎ᠤᠨ ᠡᠯᠡᠰᠤ ᠮᠠᠩᠬᠠᠨ ᠲᠡᠭᠡᠷ᠎ᠡ ᠴᠤ᠌ ᠨᠢᠭᠡᠨ ᠲᠠᠪᠬᠤᠷᠭ᠎ᠠ ᠪᠠᠶ᠋ᠢᠭ᠋ᠠᠯᠢ ᠵᠢᠨ ᠪᠦᠷᠭᠦᠪᠴᠢ ᠪᠠᠶ᠋ᠢᠳᠠᠭ ᠪᠤᠯᠬᠤᠷ ᠲᠡᠭᠦᠨ᠎ᠢ ᠤᠴᠢᠵᠤ ᠭᠦᠨᠳᠡᠭᠦ ᠦᠭᠡᠢ ᠯᠡ ᠶᠤᠮ ᠪᠤᠯ ᠭᠦᠷᠤᠰᠤ ᠰᠢᠷᠤᠢ ᠵᠢ ᠰᠠᠯᠭᠢᠨ᠎ᠳᠤ ᠦᠯᠢᠶᠡᠭᠳᠡᠨ ᠲᠠᠴᠢᠷᠳᠠᠬᠤ᠎ᠠᠴᠠ ᠬᠠᠮᠠᠭ᠋ᠠᠯᠠᠵᠤ᠂ ᠲᠠᠶ᠋ᠢᠮᠤ ᠶᠡᠭᠡ ᠭᠦᠨᠦᠭᠡᠯ ᠤᠴᠠᠷᠠᠭᠤᠯᠬᠤ ᠦᠭᠡᠢ ᠶᠤᠮ᠃ ᠮᠠᠩᠬᠠᠨ ᠭᠠᠵᠠᠷ ᠡᠶ᠋ᠢᠮᠤᠪᠠᠷ ᠪᠠᠷᠠᠬᠤ ᠦᠭᠡᠢ ᠪᠠᠶ᠋ᠢᠭ᠋ᠠᠯᠢ ᠵᠢᠨ ᠠᠮᠢ ᠠᠬᠤᠢ ᠵᠢᠨ ᠨᠦᠭᠦᠴᠡᠯ ᠵᠶ᠋ᠠᠷ ᠨᠡᠯᠢᠶᠡᠳ ᠰᠠᠶ᠋ᠢᠨ ᠪᠠᠶ᠋ᠢᠭ᠎ᠠ ᠲᠠᠯ᠎ᠠ ᠨᠤᠳᠤᠭ ᠪᠤᠯᠤᠨ ᠡᠯᠡᠰᠦᠷᠭᠡᠭ ᠤᠷᠤᠨ᠎ᠳᠤ ᠴᠤ᠌ ᠭᠦᠮᠦᠰ᠎ᠢ ᠨᠡᠭᠦᠯᠭᠡᠪᠡᠯ ᠰᠡᠷᠭᠦᠯᠳᠡ ᠵᠢᠨ ᠦᠷ᠎ᠠ ᠳ᠋ᠦᠩ᠎ᠨᠢ ᠮᠠᠰᠢ ᠰᠠᠶ᠋ᠢᠨ ᠪᠠᠶ᠋ᠢᠳᠠᠭ᠃ ᠲᠡᠭᠡᠪᠡᠯ ᠶᠠᠭ᠋ᠠᠭᠢᠪᠠᠯ ᠰᠠᠶᠢ ᠬᠠᠮᠤᠭ᠎ᠤᠨ ᠰᠠᠶ᠋ᠢᠨ ᠦᠷ᠎ᠠ ᠳ᠋ᠦᠩ ᠤᠯᠵᠤ ᠴᠢᠳᠠᠬᠤ ᠪᠤᠢ? ᠡᠭᠦᠨ᠎ᠢ ᠨᠡᠩ ᠤᠯᠠᠨ ᠡᠷᠳᠡᠮᠳᠡᠨ ᠮᠡᠷᠭᠡᠳ ᠪᠡ ᠵᠠᠰᠠᠭ᠎ᠤᠨ ᠤᠷᠳᠤᠨ᠎ᠤ ᠰᠠᠯᠠᠭ᠎ᠠ ᠮᠦᠴᠢᠷ᠎ᠤᠳ ᠭᠢᠨᠠᠮᠠᠭ᠋ᠠᠢ ᠰᠤᠳᠤᠯᠬᠤ ᠴᠢᠬᠤᠯᠠᠲᠠᠢ ᠪᠠᠶ᠋ᠢᠨ᠎ᠠ᠃ ᠭᠡᠷᠡᠭ ᠲᠡᠭᠡᠷ᠎ᠡ᠎ᠪᠠᠨ ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠳᠤ ᠶᠠᠭ ᠭᠡᠷᠡᠭᠵᠢᠭᠦᠯᠵᠤ ᠪᠠᠶ᠋ᠢᠭ᠎ᠠ 《ᠪᠢᠳᠡᠭᠦᠮᠵᠢᠯᠡᠨ ᠨᠡᠭᠦᠯᠭᠡᠭᠦ ᠪᠡ ᠨᠡᠭᠦᠯᠭᠡᠨ ᠭᠦᠭᠵᠢᠭᠦᠯᠭᠦ》 ᠪᠠᠶ᠋ᠢᠯᠳᠤᠬᠤ ᠪᠤᠳᠤᠯᠭ᠎ᠠ᠎ᠨᠢ ᠪᠠᠶ᠋ᠢᠭ᠋ᠠᠯᠢ ᠵᠢᠨ ᠨᠤᠳᠤᠭ ᠪᠡᠯᠴᠢᠭᠡᠷ᠎ᠢ ᠰᠡᠷᠭᠦᠭᠡᠭᠦ᠎ᠳᠤ ᠴᠦᠮ ᠮᠠᠰᠢ ᠠᠰᠢᠠᠠᠳᠠᠢ ᠶᠤᠮ᠃
(ᠢᠷᠡᠯᠲᠡ᠄ ᠪᠦᠷᠢᠨᠪᠠᠶᠠᠷ᠂ ᠮᠦᠩᠬᠡᠪᠠᠭ᠋ᠠᠲᠤᠷ᠂ ᠬᠤᠩ ᠮᠧᠢ ᠨᠠᠷ᠎ᠤᠨ ᠨᠠᠶ᠋ᠢᠷᠠᠭᠤᠯᠤᠭᠰᠠᠨ 《ᠮᠠᠯᠵᠢᠯ᠎ᠤᠨ ᠮᠡᠳᠡᠯᠭᠡ ᠮᠡᠷᠭᠡᠵᠢᠯ》 ᠭᠡᠬᠦ ᠨᠤᠮ᠎ᠠᠴᠠ ᠰᠤᠩᠭᠤᠨ ᠰᠡᠶ᠋ᠢᠷᠡᠭᠦᠯᠪᠡ᠃)