ᠹᠢᠽᠢᠺ᠎ᠤᠨ ᠠᠷᠭ᠎ᠠ᠎ᠪᠠᠷ ᠰᠡᠷᠭᠡᠶ᠋ᠢᠯᠡᠨ ᠵᠠᠰᠠᠬᠤ ᠭᠡᠳᠡᠭ᠎ᠨᠢ ᠳᠦᠭᠦᠮ ᠪᠠᠭ᠋ᠠᠵᠢ ᠭᠡᠷᠡᠭᠰᠡᠯ ᠪᠠ ᠡᠯ᠎ᠡ ᠵᠦᠢ᠍ᠯ᠎ᠤᠨ ᠹᠢᠽᠢᠺ᠎ᠤᠨ ᠡᠯᠧᠮᠧᠨ᠋ᠲ᠂ ᠵᠢᠱ᠌ᠢᠶᠡᠯᠡᠪᠡᠯ ᠭᠡᠷᠡᠯ᠂ ᠢᠯᠴᠢ᠂ ᠴᠠᠬᠢᠯᠭ᠋ᠠᠨ᠂ ᠳᠤᠯᠠᠭ᠋ᠠᠨ᠎ᠤ ᠬᠡᠮᠵᠢᠶ᠎ᠡ᠂ ᠴᠢᠬᠢᠭ᠎ᠤᠨ ᠬᠡᠮᠵᠢᠶ᠎ᠡ ᠪᠠ ᠰᠠᠴᠤᠷᠠᠭ᠎ᠤᠨ ᠡᠨᠧᠷᠬᠢ᠂ ᠳᠠᠭᠤᠨ ᠳᠣᠯᠬᠢᠶᠠᠨ ᠵᠡᠷᠭᠡ ᠵᠢ ᠠᠰᠢᠭᠯᠠᠨ ᠡᠪᠡᠳᠴᠢᠨ ᠬᠤᠷᠤᠬᠠᠢ ᠵᠢᠨ ᠬᠦᠨᠦᠭᠡᠯ᠎ᠢ ᠰᠡᠷᠭᠡᠶ᠋ᠢᠯᠡᠨ ᠵᠠᠰᠠᠬᠤ ᠠᠷᠭ᠎ᠠ ᠵᠢ ᠬᠡᠯᠡᠨ᠎ᠡ᠃ ᠡᠳᠡᠭᠡᠷ ᠠᠷᠭ᠎ᠠ᠎ᠨᠢ ᠭᠤᠣᠯᠳᠠᠭᠤ ᠬᠦᠨᠦᠭᠡᠯᠲᠦ ᠰᠢᠪᠡᠵᠢ ᠵᠢᠨ ᠭᠡᠷᠡᠯ᠎ᠤᠨ ᠬᠠᠨᠳᠤᠯᠭ᠎ᠠ᠂ ᠬᠢᠮᠢ ᠵᠢᠨ ᠬᠠᠨᠳᠤᠯᠭ᠎ᠠ᠂ ᠢᠯᠴᠢ ᠵᠢᠨ ᠬᠠᠨᠳᠤᠯᠭ᠎ᠠ᠂ ᠰᠢᠪᠡᠵᠢ ᠵᠢᠨ ᠴᠢᠨᠠᠷᠲᠠᠢ ᠵᠠᠩᠬᠢ ᠡᠳ᠋ (昆虫性 信息素) ᠵᠡᠷᠭᠡ ᠵᠢ ᠠᠰᠢᠭᠯᠠᠨ ᠬᠦᠨᠦᠭᠡᠯᠲᠦ ᠰᠢᠪᠡᠵᠢ ᠵᠢ ᠬᠢᠵᠠᠭ᠋ᠠᠷᠯᠠᠨ᠎ᠠ᠃ ᠡᠳᠡᠭᠡᠷ ᠠᠷᠭ᠎ᠠ᠎ᠨᠢ ᠣᠷᠴᠢᠨ ᠲᠤᠭᠤᠷᠢᠨ᠎ᠢ ᠪᠤᠬᠢᠷᠳᠤᠭᠤᠯᠬᠤ ᠦᠭᠡᠢ᠂ ᠬᠤᠣᠷ᠎ᠲᠦ ᠦᠯᠡᠳᠡᠭᠳᠡᠯ ᠦᠭᠡᠢ᠂ ᠬᠦᠮᠦᠨ ᠮᠠᠯ᠎ᠳᠤ ᠬᠤᠣᠷ ᠦᠭᠡᠢ ᠲᠤᠯᠠ ᠨᠢᠭᠡᠨ ᠲᠦᠷᠦᠯ᠎ᠤᠨ ᠬᠦᠭᠵᠢᠯ᠎ᠤᠨ ᠢᠷᠡᠭᠡᠳᠦᠢ᠎ᠲᠠᠢ ᠪᠤᠬᠢᠷᠳᠤᠯ ᠦᠭᠡᠢ ᠰᠡᠷᠭᠡᠶ᠋ᠢᠯᠡᠨ ᠬᠢᠵᠠᠭ᠋ᠠᠷᠯᠠᠬᠤ ᠮᠡᠷᠭᠡᠵᠢᠯ ᠪᠤᠯᠤᠨ᠎ᠠ᠃
(ᠢᠷᠡᠯᠲᠡ᠄ ᠰᠢ ᠢᠩ᠎ᠤᠨ ᠨᠠᠶ᠋ᠢᠷᠠᠭᠤᠯᠤᠭᠰᠠᠨ 《ᠤᠷᠭᠤᠮᠠᠯ᠎ᠤᠨ ᠡᠪᠡᠳᠴᠢᠨ ᠬᠤᠷᠤᠬᠠᠢ ᠡᠪᠡᠰᠦᠨ᠎ᠤ ᠬᠦᠨᠦᠭᠡᠯ᠎ᠢ ᠬᠢᠵᠠᠭ᠋ᠠᠷᠯᠠᠬᠤ ᠠᠰᠠᠭᠤᠯᠲᠠ ᠬᠠᠷᠢᠭᠤᠯᠲᠠ》 ᠭᠡᠬᠦ ᠨᠤᠮ᠎ᠠᠴᠠ ᠰᠤᠩᠭᠤᠨ ᠰᠡᠶ᠋ᠢᠷᠡᠭᠦᠯᠪᠡ᠃)