ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠰᠢᠨᠵᠢᠯᠡᠭᠡ ᠮᠡᠷᠭᠡᠵᠢᠯ
3 ᠰᠠᠷ᠎ᠠ ᠵᠢᠨ 1᠎ᠠᠴᠠ ᠬᠡᠷᠡᠭᠵᠢᠭᠦᠯᠬᠦ ᠰᠢᠨ᠎ᠡ ᠲᠣᠭᠲᠠᠭ᠋ᠠᠯ᠎ᠤᠳ!
ᠨᠡᠶ᠋ᠢᠲᠡᠯᠡᠭᠰᠡᠨ ᠴᠠᠭ᠄ 2022-03-01


     1. ᠡᠮᠴᠢ᠎ᠳᠤ  《ᠡᠮ ᠬᠡᠷᠡᠭᠯᠡᠬᠦ ᠲᠣᠳᠣᠷᠬᠠᠢ᠌ᠯᠠᠯᠲᠠ ᠵᠢᠨ ᠪᠢᠴᠢᠭ᠎ᠲᠠᠬᠢ ᠪᠠᠷᠢᠮᠵᠢᠶ᠎ᠠ᠎ᠠᠴᠠ   ᠬᠡᠲᠦᠷᠡᠭᠦᠯᠦᠨ ᠡᠮ ᠬᠡᠷᠡᠭᠯᠡᠬᠦ》 ᠲᠠᠰᠤᠯᠤᠯᠲᠠ ᠵᠢᠨ ᠡᠷᠬᠡ ᠵᠢ ᠣᠯᠭᠣᠨ᠎ᠠ      

     《ᠪᠦᠬᠦᠳᠠ   ᠨᠠᠶ᠋ᠢᠷᠠᠮᠳᠠᠬᠤ   ᠳᠤᠮᠳᠠᠳᠤ   ᠠᠷᠠᠳ   ᠤᠯᠤᠰ᠎ᠤᠨ   ᠡᠮᠴᠢ ᠵᠢᠨ   ᠬᠠᠤᠯᠢ》 ᠵᠢ 3 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠂ ᠡᠭᠦᠨ᠎ᠤ ᠳᠠᠭ᠋ᠠᠤ᠎ᠳᠤᠨᠢ ᠨᠢᠭᠡᠨᠲᠡ 20 ᠭᠠᠷᠤᠢ ᠵᠢᠯ ᠬᠡᠷᠡᠭᠵᠢᠭᠦᠯᠦᠭᠰᠡᠨ 《ᠪᠦᠬᠦᠳᠠ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠵᠢᠯ ᠡᠷᠬᠢᠯᠡᠬᠦ ᠡᠮᠴᠢ ᠵᠢᠨ ᠬᠠᠤᠯᠢ》 ᠵᠢ ᠬᠦᠴᠦᠨ ᠤᠢ᠍ᠭᠡᠢ ᠪᠣᠯᠭ᠋ᠠᠨ᠎ᠠ᠃ ᠡᠮᠴᠢ ᠵᠢᠨ ᠬᠠᠤᠯᠢ ᠵᠢᠨ ᠬᠢᠯᠠᠰ ᠴᠡᠭ ᠮᠠᠰᠢ ᠣᠯᠠᠨ᠂ ᠵᠢᠱ᠌ᠢᠶᠡᠯᠡᠪᠡᠯ 27 ᠳ᠋ᠤᠭ᠋ᠠᠷ ᠵᠦᠢ᠍ᠯ᠎ᠳᠤ᠂ ᠤᠯᠤᠰ᠎ᠠᠴᠠ ᠡᠮᠴᠢ ᠵᠢᠨ ᠣᠯᠠᠨ ᠨᠡᠶ᠋ᠢᠲᠡ ᠵᠢᠨ ᠵᠠᠮ ᠬᠠᠷᠢᠯᠴᠠᠭ᠋ᠠᠨ᠎ᠤ ᠪᠠᠭ᠋ᠠᠵᠢ ᠵᠡᠷᠭᠡ ᠣᠯᠠᠨ ᠨᠡᠶ᠋ᠢᠲᠡ ᠵᠢᠨ ᠲᠠᠯᠠᠪᠤᠷ᠎ᠤᠨ ᠲᠦᠷᠭᠡᠨ ᠠᠪᠤᠷᠠᠯᠳᠠ ᠵᠢᠨ ᠦᠢ᠍ᠯᠡᠴᠢᠯᠡᠭᠡ᠎ᠳᠤ ᠢᠳᠡᠪᠬᠢᠲᠡᠶ ᠣᠷᠣᠯᠴᠠᠬᠤ ᠵᠢ ᠵᠣᠷᠢᠭᠵᠢᠭᠤᠯᠤᠨ᠎ᠠ; ᠡᠮᠴᠢ ᠰᠡᠢ᠍ᠢ᠍ᠠ ᠳᠤᠷ᠎ᠠ᠎ᠠᠴᠠ᠎ᠪᠠᠨ ᠲᠦᠷᠭᠡᠨ ᠠᠪᠤᠷᠠᠯᠳᠠ ᠬᠢᠭᠡᠳ ᠲᠤᠰᠠᠯᠠᠮᠵᠢ ᠬᠦᠷᠳᠡᠭᠴᠢ᠎ᠳᠤ ᠬᠣᠬᠢᠷᠠᠯ ᠤᠴᠠᠷᠠᠭᠤᠯᠤᠭᠰᠠᠨ ᠪᠠᠶ᠋ᠢᠪᠠᠯ ᠢᠷᠭᠡᠨ᠎ᠤ ᠬᠡᠷᠡᠭ᠎ᠤᠨ ᠬᠠᠷᠢᠭᠤᠴᠠᠯᠭ᠎ᠠ ᠡᠭᠦᠷᠭᠡᠯᠡᠬᠦ ᠤᠢ᠍ᠭᠡᠢ ᠭᠡᠵᠦ ᠲᠣᠭᠲᠠᠭ᠋ᠠᠵᠠᠶ᠃        

      ᠡᠭᠦᠨ᠎ᠠᠴᠠ ᠭᠠᠳᠠᠨ᠎ᠠ᠂ ᠡᠮᠴᠢ ᠵᠢᠨ ᠬᠠᠤᠯᠢ᠎ᠳᠤ ᠶᠡᠬᠡ ᠡᠮᠴᠢ᠎ᠳᠤ 《ᠡᠮ ᠬᠡᠷᠡᠭᠯᠡᠬᠦ ᠲᠣᠳᠣᠷᠬᠠᠢ᠌ᠯᠠᠯᠲᠠ ᠵᠢᠨ ᠪᠢᠴᠢᠭ᠎ᠲᠠᠬᠢ ᠪᠠᠷᠢᠮᠵᠢᠶ᠎ᠠ᠎ᠠᠴᠠ ᠬᠡᠲᠦᠷᠡᠭᠦᠯᠦᠨ ᠡᠮ ᠬᠡᠷᠡᠭᠯᠡᠬᠦ》 ᠲᠠᠰᠤᠯᠤᠯᠲᠠ ᠵᠢᠨ ᠡᠷᠬᠡ ᠣᠯᠭᠣᠵᠤ᠂ 《ᠣᠯᠠᠨ ᠴᠡᠭ᠎ᠲᠤ ᠠᠵᠢᠯ ᠡᠷᠭᠢᠯᠡᠬᠦ》 ᠬᠠᠮᠢᠶ᠎ᠠ ᠪᠥᠬᠥᠶ ᠵᠢᠷᠤᠮᠵᠢᠯ᠎ᠢ ᠲᠣᠳᠣᠷᠬᠠᠶ᠋ᠢᠯᠠᠵᠤ᠂ 《ᠳᠠᠳᠤᠯᠭ᠎ᠠ ᠵᠢᠨ ᠡᠮᠴᠢ》 ᠵᠢᠨ ᠡᠮᠴᠢᠯᠡᠭᠡᠨ᠎ᠤ ᠣᠨᠣᠰᠢᠯᠠᠨ ᠡᠮᠨᠡᠬᠦ ᠠᠵᠢᠯᠯᠠᠭ᠎ᠠ᠎ᠳᠤ ᠣᠷᠣᠯᠴᠠᠬᠤ ᠬᠣᠯᠪᠣᠭᠳᠠᠯ ᠪᠥᠬᠥᠶ ᠱᠠᠭ᠋ᠠᠷᠳᠠᠯᠭ᠎ᠠ ᠵᠢ ᠲᠣᠳᠣᠷᠬᠠᠶ᠋ᠢᠯᠠᠪᠠ᠃        

     

     2. ᠨᠠᠰᠤᠨ᠎ᠳᠤ ᠦᠯᠦ ᠬᠦᠷᠦᠭᠰᠡᠳ᠎ᠤᠨ ᠬᠦᠷᠲᠡᠬᠦ ᠬᠢᠨᠠᠨ ᠬᠠᠮᠠᠭ᠋ᠠᠯᠠᠬᠤ ᠡᠷᠬᠡ ᠠᠰᠢᠭ᠎ᠢ ᠪᠠᠲᠤᠯᠠᠨ᠎ᠠ        

      ᠢᠷᠭᠡᠨ᠎ᠤ ᠬᠠᠤᠯᠢ ᠵᠢᠨ ᠪᠢᠴᠢᠭ᠎ᠤᠨ ᠶᠡᠷᠦᠩᠬᠡᠶ ᠲᠦᠷᠢᠮ᠎ᠤᠨ ᠬᠠᠤᠯᠢ ᠵᠢᠨ ᠲᠠᠶ᠋ᠢᠯᠪᠤᠷᠢᠯᠠᠯᠲᠠ ᠵᠢ 3 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ ᠨᠠᠰᠤᠨ᠎ᠳᠤ ᠦᠯᠦ ᠬᠦᠷᠦᠭᠰᠡᠳ᠎ᠤᠨ ᠡᠷᠬᠡ ᠠᠰᠢᠭ᠎ᠢ ᠬᠠᠮᠠᠭ᠋ᠠᠯᠠᠬᠤ ᠲᠠᠯ᠎ᠠ᠎ᠪᠠᠷ᠂ ᠲᠠᠶ᠋ᠢᠯᠪᠤᠷᠢᠯᠠᠯᠲᠠ᠎ᠳᠤ᠂ ᠨᠠᠰᠤᠨ᠎ᠳᠤ ᠦᠯᠦ ᠬᠦᠷᠦᠭᠰᠡᠳ᠎ᠤᠨ ᠡᠴᠢᠭᠡ ᠡᠬᠡ᠎ᠨᠢ ᠬᠠᠤᠯᠢ ᠶᠣᠰᠣᠭ᠋ᠠᠷ ᠬᠢᠨᠠᠨ ᠬᠠᠮᠠᠭ᠋ᠠᠯᠠᠬᠤ ᠬᠢᠷᠢ ᠬᠡᠮ᠎ᠲᠠᠢ ᠪᠤᠰᠤᠳ ᠬᠥᠮᠦᠨ᠎ᠲᠠᠢ ᠬᠡᠯᠡᠯᠴᠡᠭᠡᠷ᠎ᠪᠠᠷ ᠳᠠᠮᠵᠢᠨ᠂ ᠬᠢᠨᠠᠨ ᠬᠠᠮᠠᠭ᠋ᠠᠯᠠᠬᠤ ᠴᠢᠳᠠᠪᠤᠷᠢ᠎ᠲᠠᠢ ᠡᠴᠢᠭᠡ ᠡᠬᠡ ᠵᠢᠨ ᠬᠢᠨᠠᠨ ᠬᠠᠮᠠᠭ᠋ᠠᠯᠠᠬᠤ ᠲᠤᠰᠢᠶᠠᠯ ᠬᠠᠷᠢᠭᠤᠴᠠᠯᠭ᠎ᠠ ᠵᠢ ᠬᠡᠯᠲᠦᠷᠢᠭᠦᠯᠬᠦ᠎ᠪᠠᠷ ᠪᠣᠯᠵᠣᠨ ᠲᠣᠭᠲᠠᠭᠰᠠᠨ ᠪᠠᠶ᠋ᠢᠪᠠᠯ᠂ ᠠᠷᠠᠳ᠎ᠤᠨ ᠰᠢᠭᠦᠬᠦ ᠬᠣᠷᠢᠶ᠎ᠠ ᠳᠡᠮᠵᠢᠬᠦ ᠦᠭᠡᠢ᠃   ᠰᠢᠭᠦᠬᠦ ᠬᠣᠷᠢᠶ᠎ᠠ ᠬᠣᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ ᠬᠢᠨᠠᠨ ᠬᠠᠮᠠᠭ᠋ᠠᠯᠠᠭᠴᠢ ᠵᠢ ᠵᠢᠭ᠋ᠠᠨ ᠲᠣᠭᠲᠠᠭ᠋ᠠᠬᠤ᠎ᠳᠠᠭᠠᠨ᠂ ᠬᠢᠨᠠᠨ ᠬᠠᠮᠠᠭ᠋ᠠᠯᠠᠭᠳᠠᠭᠴᠢ ᠵᠢᠨ ᠦᠨᠡᠨ ᠪᠣᠳᠠᠲᠠᠢ ᠬᠦᠰᠡᠯ ᠰᠠᠨᠠᠭ᠎ᠠ ᠵᠢ   ᠬᠦᠨᠳᠦᠳᠬᠡᠵᠦ᠂   ᠬᠢᠨᠠᠨ ᠬᠠᠮᠠᠭ᠋ᠠᠯᠠᠭᠳᠠᠭᠴᠢ᠎ᠳᠤ ᠬᠠᠮᠤᠭ᠎ᠤᠨ ᠠᠰᠢᠭᠲᠠᠢ ᠪᠠᠶ᠋ᠢᠬᠤ ᠵᠠᠷᠴᠢᠮ ᠶᠣᠰᠣᠭ᠋ᠠᠷ ᠵᠢᠭ᠋ᠠᠨ   ᠲᠣᠭᠲᠠᠭ᠋ᠠᠬᠤ ᠬᠡᠷᠡᠭᠲᠡᠢ᠂  《ᠬᠢᠨᠠᠨ ᠬᠠᠮᠠᠭ᠋ᠠᠯᠠᠭᠳᠠᠭᠴᠢ ᠵᠢᠨ ᠠᠮᠢᠳᠤᠷᠠᠯ᠂ ᠬᠠᠶ᠋ᠢᠷ᠎ᠠ ᠰᠡᠳᠬᠢᠯᠭᠡ᠎ᠲᠠᠢ ᠨᠢᠭᠲᠠ ᠬᠣᠯᠪᠣᠭ᠎ᠠ᠎ᠲᠠᠢ ᠪᠠᠶ᠋ᠢᠬᠤ ᠬᠡᠮᠵᠢᠶ᠎ᠡ》 ᠵᠡᠷᠭᠡ ᠬᠦᠴᠦᠨ ᠵᠦᠢ᠍ᠯ ᠵᠶ᠋ᠠᠷ ᠪᠣᠳᠠᠲᠠᠢ ᠯᠠᠪᠯᠠᠯᠲᠠ ᠪᠣᠯᠭ᠋ᠠᠬᠤ ᠬᠡᠷᠡᠭᠲᠡᠢ ᠭᠡᠵᠡᠢ᠃        

     3. ᠠᠷᠠᠳ᠎ᠤᠨ ᠳᠡᠭᠡᠳᠦ ᠰᠢᠭᠦᠬᠦ ᠬᠣᠷᠢᠶ᠎ᠠ ᠬᠠᠤᠯᠢ ᠪᠠᠷᠢᠬᠤ ᠲᠠᠶ᠋ᠢᠯᠪᠤᠷᠢᠯᠠᠯᠲᠠ᠎ᠳᠤ ᠵᠠᠰᠠᠪᠤᠷᠢ ᠣᠷᠣᠭᠤᠯᠵᠤ  P2P ᠵᠡᠷᠭᠡ ᠬᠠᠤᠯᠢ ᠪᠤᠰᠤ᠎ᠪᠠᠷ ᠪᠠᠯᠠ ᠴᠤᠭᠯᠠᠭᠤᠯᠬᠤ ᠠᠵᠢᠯᠯᠠᠭ᠎ᠠ ᠵᠢ ᠵᠠᠯᠬᠠᠭ᠋ᠠᠨ ᠰᠢᠳᠬᠡᠬᠦ᠎ᠳᠤ ᠦᠨᠳᠦᠰᠦᠯᠡᠯ ᠬᠠᠩᠭ᠋ᠠᠪᠠ      

      ᠠᠷᠠᠳ᠎ᠤᠨ ᠳᠡᠭᠡᠳᠦ ᠰᠢᠭᠦᠬᠦ ᠬᠣᠷᠢᠶ᠎ᠠ ᠣᠶ᠋ᠢᠷ᠎ᠠ᠎ᠳᠤ ᠰᠢᠨ᠎ᠡ᠎ᠪᠠᠷ ᠵᠠᠰᠠᠪᠤᠷᠢ ᠣᠷᠣᠭᠤᠯᠤᠭᠰᠠᠨ ᠬᠠᠤᠯᠢ ᠪᠤᠰᠤ᠎ᠪᠠᠷ ᠪᠠᠯᠠ ᠴᠤᠭᠯᠠᠭᠤᠯᠤᠭᠰᠠᠨ ᠡᠷᠡᠭᠦᠦ ᠵᠢᠨ ᠬᠡᠷᠡᠭ᠎ᠤᠨ ᠬᠠᠤᠯᠢ ᠪᠠᠷᠢᠬᠤ ᠲᠠᠶ᠋ᠢᠯᠪᠤᠷᠢᠯᠠᠯᠲᠠ ᠵᠢ ᠨᠡᠢ᠌ᠲᠡᠯᠡᠪᠡ᠂  3 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ ᠰᠦᠯᠵᠢᠶᠡᠨ᠎ᠤ ᠵᠢᠭᠡᠯᠡᠯᠭᠡ᠂   ᠵᠢᠱ᠌ᠢᠮᠡᠭ ᠵᠣᠭᠣᠰ᠎ᠤᠨ ᠠᠷᠠᠯᠵᠢᠶ᠎ᠠ᠂   ᠪᠡᠯᠡ ᠲᠤᠬᠢᠷᠠᠭᠤᠯᠭ᠎ᠠ ᠵᠢᠨ ᠲᠦᠷᠢᠶᠡᠰᠦᠯᠡᠯ ᠵᠡᠷᠭᠡ ᠪᠡᠯᠡ ᠮᠥᠩᠭᠥ ᠵᠢ ᠬᠠᠤᠯᠢ ᠪᠤᠰᠤ᠎ᠪᠠᠷ ᠰᠢᠩᠭᠡᠭᠡᠨ ᠠᠪᠬᠤ ᠰᠢᠨ᠎ᠡ ᠬᠡᠯᠪᠡᠷᠢ ᠵᠢᠨ ᠦᠢ᠍ᠯᠡ ᠠᠵᠢᠯᠯᠠᠭ᠎ᠠ ᠵᠢᠨ ᠠᠷᠭ᠎ᠠ ᠮᠠᠶᠢᠭ᠎ᠢ ᠨᠡᠮᠡᠵᠦ ᠲᠣᠭᠲᠠᠭ᠋ᠠᠬᠤ ᠵᠢᠨ ᠬᠠᠮᠲᠤ 《〈ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ〉 ᠬᠠᠩᠭ᠋ᠠᠬᠤ᠂ 〈ᠨᠠᠰᠤᠵᠢᠯ᠎ᠤᠨ ᠠᠰᠠᠷᠠᠮᠵᠢ ᠵᠢᠨ ᠵᠦᠢ᠍ᠯᠡᠰ〉᠎ᠳᠤ ᠪᠡᠯᠡ ᠣᠷᠣᠭᠤᠯᠬᠤ᠂ 〈ᠨᠠᠰᠤᠲᠠᠶ᠋ᠢᠴᠤᠳ᠎ᠤᠨ ᠦᠢ᠍ᠯᠡᠳᠬᠦᠨ〉᠎ᠢ ᠪᠣᠷᠣᠯᠠᠭᠤᠯᠬᠤ ᠵᠡᠷᠭᠡ ᠠᠷᠭ᠎ᠠ ᠮᠠᠶᠢᠭ ᠵᠶ᠋ᠠᠷ ᠪᠡᠯᠡ ᠮᠥᠩᠭᠥ ᠵᠢ ᠬᠠᠤᠯᠢ ᠪᠤᠰᠤ᠎ᠪᠠᠷ ᠰᠢᠩᠭᠡᠭᠡᠨ ᠠᠪᠬᠤ》ᠪᠠᠶ᠋ᠢᠳᠠᠯ᠎ᠢ ᠨᠡᠮᠡᠵᠦ᠂ P2P᠂ ᠵᠢᠱ᠌ᠢᠮᠡᠭ ᠵᠣᠭᠣᠰ᠎ᠤᠨ ᠠᠷᠠᠯᠵᠢᠶ᠎ᠠ᠂ ᠨᠠᠰᠤᠵᠢᠯ᠎ᠤᠨ ᠠᠰᠠᠷᠠᠮᠵᠢ ᠵᠢᠨ ᠬᠦᠷᠢᠶ᠎ᠡ ᠵᠡᠷᠭᠡ ᠬᠠᠤᠯᠢ ᠪᠤᠰᠤ᠎ᠪᠠᠷ ᠪᠡᠯᠡ ᠮᠥᠩᠭᠥ ᠴᠤᠭᠯᠠᠭᠤᠯᠤᠭᠰᠠᠨ ᠶᠠᠯᠠᠲᠤ ᠠᠵᠢᠯᠯᠠᠭ᠎ᠠ ᠵᠢ ᠬᠠᠤᠯᠢ ᠶᠣᠰᠣᠭ᠋ᠠᠷ ᠵᠠᠯᠬᠠᠭ᠋ᠠᠨ ᠰᠢᠳᠬᠡᠬᠦ᠎ᠳᠤ ᠦᠨᠳᠦᠰᠦᠯᠡᠯ ᠬᠠᠩᠭ᠋ᠠᠪᠠ᠃        

     4. ᠰᠢᠭᠦᠬᠦ ᠬᠣᠷᠢᠶ᠎ᠠ᠎ᠠᠴᠠ ᠭᠦᠢ᠍ᠴᠡᠳᠬᠡᠬᠦ ᠡᠳ᠋ ᠬᠦᠷᠦᠨᠭᠭᠡ ᠵᠢ   ᠪᠤᠷᠤᠭᠤ ᠰᠢᠢ᠍ᠳᠪᠦᠷᠢᠯᠡᠭᠰᠡᠨ ᠪᠠᠶ᠋ᠢᠪᠠᠯ ᠤᠯᠤᠰ᠎ᠤᠨ ᠲᠥᠯᠥᠪᠦᠷᠢ ᠡᠷᠡᠮᠡᠯᠵᠡᠯᠡᠵᠦ ᠪᠣᠯᠤᠨ᠎ᠠ      

      ᠠᠷᠠᠳ᠎ᠤᠨ ᠳᠡᠭᠡᠳᠦ ᠰᠢᠭᠦᠬᠦ ᠬᠣᠷᠢᠶ᠎ᠠ 《ᠬᠠᠤᠯᠢ ᠴᠠᠭ᠋ᠠᠵᠠ ᠵᠢᠨ ᠲᠥᠯᠥᠪᠦᠷᠢ᠎ᠳᠤ ᠬᠣᠯᠪᠣᠭᠳᠠᠭᠰᠠᠨ ᠬᠡᠷᠡᠭ᠎ᠢ ᠰᠢᠭᠦᠬᠦ᠎ᠳᠤ ᠬᠠᠤᠯᠢ ᠴᠠᠭ᠋ᠠᠵᠠ ᠵᠢ ᠬᠡᠷᠡᠭᠯᠡᠬᠦ ᠠᠰᠠᠭᠤᠳᠠᠯ᠎ᠤᠳ᠎ᠤᠨ ᠲᠤᠬᠠᠢ ᠲᠠᠶ᠋ᠢᠯᠪᠤᠷᠢᠯᠠᠯᠲᠠ》 ᠵᠢ   ᠨᠡᠶ᠋ᠢᠲᠡᠯᠡᠪᠡ᠂ 《ᠲᠠᠶ᠋ᠢᠯᠪᠤᠷᠢᠯᠠᠯᠲᠠ》᠎ᠳᠤ᠂ ᠠᠷᠠᠳ᠎ᠤᠨ ᠰᠢᠭᠦᠬᠦ ᠬᠣᠷᠢᠶ᠎ᠠ ᠲᠠᠰᠤᠯᠤᠯᠲᠠ᠂ ᠲᠣᠭᠲᠠᠭ᠋ᠠᠯᠲᠠ ᠵᠢᠴᠢ ᠪᠤᠰᠤᠳ ᠬᠦᠴᠦᠨ᠎ᠲᠠᠢ ᠪᠣᠯᠤᠭᠰᠠᠨ ᠬᠠᠤᠯᠢ ᠴᠠᠭ᠋ᠠᠵᠠ ᠵᠢᠨ ᠪᠢᠴᠢᠭ ᠬᠠᠷ᠎ᠠ ᠵᠢ ᠭᠦᠢ᠍ᠴᠡᠳᠬᠡᠬᠦ ᠶᠠᠪᠤᠴᠠ᠎ᠳᠤ᠂ ᠡᠳ᠋ ᠬᠥᠷᠥᠩᠭᠡ ᠵᠢ ᠪᠠᠶ᠋ᠢᠴᠠᠭ᠋ᠠᠬᠤ᠂ ᠡᠵᠡᠮᠳᠡᠬᠦ᠂ ᠰᠢᠢ᠍ᠳᠪᠦᠷᠢᠯᠡᠬᠦ᠂ ᠲᠤᠰᠢᠶᠠᠬᠤ᠂ ᠬᠤᠪᠢᠶᠠᠷᠢᠯᠠᠬᠤ ᠵᠡᠷᠭᠡ ᠭᠦᠢ᠍ᠴᠡᠳᠬᠡᠬᠦ ᠠᠷᠭ᠎ᠠ ᠬᠡᠮᠵᠢᠶ᠎ᠡ ᠪᠤᠶᠤ ᠵᠣᠭᠣᠰ ᠵᠶ᠋ᠠᠷ ᠲᠣᠷᠭ᠋ᠠᠬᠤ᠂ ᠲᠦᠷ ᠬᠣᠷᠢᠬᠤ ᠵᠡᠷᠭᠡ ᠠᠯᠪᠠᠳᠠᠯᠭ᠎ᠠ ᠵᠢᠨ ᠠᠷᠭ᠎ᠠ ᠬᠡᠮᠵᠢᠶ᠎ᠡ ᠵᠢ ᠪᠤᠷᠤᠭᠤ ᠠᠪᠴᠤ᠂ ᠠᠷᠠᠳ ᠢᠷᠭᠡᠨ᠂ ᠬᠠᠤᠯᠢ ᠵᠢᠨ ᠬᠥᠮᠦᠨ ᠪᠠ ᠪᠤᠰᠤᠳ ᠵᠣᠬᠢᠶᠠᠨ ᠪᠠᠶ᠋ᠢᠭᠤᠯᠤᠯᠲᠠ ᠵᠢᠨ ᠬᠠᠤᠯᠢ ᠶᠣᠰᠣᠨ᠎ᠤ ᠡᠷᠬᠡ ᠠᠰᠢᠭ᠎ᠲᠤ ᠬᠠᠯᠳᠠᠭᠰᠠᠨ ᠪᠥᠭᠡᠳ ᠬᠣᠬᠢᠷᠠᠯ ᠤᠴᠠᠷᠠᠭᠤᠯᠤᠭᠰᠠᠨ ᠪᠠᠶ᠋ᠢᠪᠠᠯ᠂ ᠬᠣᠬᠢᠷᠠᠯ ᠠᠮᠰᠠᠭᠴᠢ ᠤᠯᠤᠰ᠎ᠤᠨ ᠲᠥᠯᠥᠪᠦᠷᠢ᠎ᠢ ᠡᠷᠡᠮᠡᠯᠵᠡᠯᠡᠵᠦ ᠪᠣᠯᠤᠨ᠎ᠠ᠃ 《ᠲᠠᠶ᠋ᠢᠯᠪᠤᠷᠢᠯᠠᠯᠲᠠ》 ᠵᠢ ᠡᠨᠡ ᠵᠢᠯ᠎ᠤᠨ 3 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃        

     5. ᠬᠤᠳᠠᠯᠳᠤᠭ᠋ᠠᠨ᠎ᠤ ᠨᠠᠰᠤᠵᠢᠯ᠎ᠤᠨ ᠠᠰᠠᠷᠠᠮᠵᠢ ᠵᠢᠨ ᠲᠤᠰᠬᠠᠢ ᠳᠠᠭ᠋ᠠᠳᠬᠠᠯ᠎ᠤᠨ ᠲᠤᠷᠰᠢᠯᠲᠠ ᠵᠢ   ᠪᠦᠬᠦ   ᠤᠯᠤᠰ᠎ᠲᠤ ᠬ᠋ᠦᠷᠲᠡᠯ᠎ᠡ ᠥᠷᠭᠡᠳᠬᠡᠨ᠎ᠡ         

      ᠣᠶ᠋ᠢᠷ᠎ᠠ᠎ᠳᠤ᠂ ᠪᠠᠩᠬᠢ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠵᠥᠪᠯᠡᠯ 《ᠬᠤᠳᠠᠯᠳᠤᠭ᠋ᠠᠨ᠎ᠤ ᠨᠠᠰᠤᠵᠢᠯ᠎ᠤᠨ ᠠᠰᠠᠷᠠᠮᠵᠢ ᠵᠢᠨ ᠲᠤᠰᠬᠠᠢ ᠳᠠᠭ᠋ᠠᠳᠬᠠᠯ᠎ᠤᠨ ᠲᠤᠷᠰᠢᠯᠲᠠ ᠵᠢᠨ ᠬᠡᠪᠴᠢᠶ᠎ᠡ ᠵᠢ ᠥᠷᠭᠡᠳᠬᠡᠬᠦ ᠲᠤᠬᠠᠶ ᠮᠡᠳᠡᠭᠳᠡᠯ》᠎ᠢ ᠳᠠᠷᠤᠮᠠᠯᠯᠠᠨ ᠲ᠋ᠠᠷᠬᠠᠭ᠋ᠠᠪᠠ᠃ 《ᠮᠡᠳᠡᠭᠳᠡᠯ》᠎ᠳᠤ᠂ 3 ᠰᠠᠷ᠎ᠠ ᠵᠢᠨ 1᠎ᠤ ᠡᠳᠦᠷ᠎ᠠᠴᠠ ᠡᠬᠢᠯᠡᠨ᠂ ᠬᠤᠳᠠᠯᠳᠤᠭ᠋ᠠᠨ᠎ᠤ ᠨᠠᠰᠤᠵᠢᠯ᠎ᠤᠨ ᠠᠰᠠᠷᠠᠮᠵᠢ ᠵᠢᠨ ᠲᠤᠰᠬᠠᠢ ᠳᠠᠭ᠋ᠠᠳᠬᠠᠯ᠎ᠤᠨ ᠲᠤᠷᠰᠢᠯᠲᠠ ᠵᠢᠨ ᠣᠷᠣᠨ᠎ᠢ ᠪᠥᠬᠥ ᠤᠯᠤᠰ᠎ᠤᠨ ᠬᠡᠪᠴᠢᠶᠡᠨ᠎ᠳᠤ ᠬᠦᠷᠲᠡᠯ᠎ᠡ ᠥᠷᠭᠡᠳᠬᠡᠵᠦ᠂ ᠤᠤᠯ᠎ᠤᠨ 6 ᠲᠤᠷᠰᠢᠯᠲᠠ ᠵᠢᠨ ᠳᠠᠭ᠋ᠠᠳᠬᠠᠯ᠎ᠤᠨ ᠺᠣᠮᠫᠠᠨᠢ ᠵᠢᠨ ᠰᠠᠭᠤᠷᠢᠨ ᠳᠡᠭᠡᠷ᠎ᠡ᠂ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠺᠣᠮᠫᠠᠨᠢ ᠵᠢᠨ ᠲᠤᠷᠰᠢᠯᠲᠠ᠎ᠳᠤ ᠣᠷᠣᠯᠴᠠᠬᠤ ᠵᠢ ᠵᠥᠪᠰᠢᠶᠡᠷᠡᠨ᠎ᠡ᠃ ᠬᠤᠳᠠᠯᠳᠤᠭ᠋ᠠᠨ᠎ᠤ ᠨᠠᠰᠤᠵᠢᠯ᠎ᠤᠨ ᠠᠰᠠᠷᠠᠮᠵᠢ ᠵᠢᠨ ᠲᠤᠰᠬᠠᠢ ᠳᠠᠭ᠋ᠠᠳᠬᠠᠯ ᠭᠡᠳᠡᠭ᠎ᠨᠢ ᠨᠠᠰᠤᠵᠢᠯ᠎ᠤᠨ ᠪᠠᠲᠤᠯᠠᠭ᠎ᠠ᠎ᠪᠠᠷ ᠵᠣᠷᠢᠯᠭ᠎ᠠ ᠪᠣᠯᠭ᠋ᠠᠭᠰᠠᠨ᠂ ᠪᠦᠬᠦᠯᠢ 60 ᠨᠠᠰᠤ ᠵᠢᠴᠢ ᠲᠡᠭᠦᠨ᠎ᠠᠴᠠ ᠳᠡᠭᠡᠭᠰᠢᠬᠢ ᠨᠠᠰᠤ ᠵᠢᠯ᠎ᠲᠠᠢ ᠬᠤᠪᠢ ᠬᠥᠮᠦᠨ᠎ᠤ ᠨᠠᠰᠤᠵᠢᠯ᠎ᠤᠨ ᠮᠥᠩᠭᠥ ᠵᠢᠨ ᠳᠠᠭ᠋ᠠᠳᠬᠠᠯ᠎ᠤᠨ ᠨᠡᠷᠡᠳᠬᠦᠨ᠎ᠢ ᠵᠢᠭ᠋ᠠᠵᠤ ᠪᠤᠢ᠃ ᠦᠢ᠍ᠯᠡᠳᠬᠦᠨ᠎ᠨᠢ ᠬᠤᠷᠠᠮᠳᠤᠭᠤᠯᠬᠤ ᠬᠤᠭᠤᠴᠠᠭ᠎ᠠ ᠪᠠ ᠭᠠᠷᠭ᠋ᠠᠨ ᠠᠪᠬᠤ ᠬᠤᠭᠤᠴᠠᠭ᠎ᠠ ᠭᠡᠵᠦ ᠬᠣᠶᠠᠷ ᠱᠠᠲᠤ ᠬᠤᠪᠢᠶᠠᠵᠤ᠂ ᠭᠠᠷᠭ᠋ᠠᠨ ᠠᠪᠬᠤ ᠬᠤᠭᠤᠴᠠᠭ᠎ᠠ ᠵᠢ 10 ᠵᠢᠯ᠎ᠠᠴᠠ ᠣᠬᠣᠷ ᠪᠠᠶ᠋ᠢᠯᠭ᠋ᠠᠵᠤ ᠪᠣᠯᠬᠤ ᠥᠬᠡᠶ᠃      

     6. 《ᠢᠨᠲᠸᠷ ᠰᠦᠯᠵᠢᠶᠡᠨ᠎ᠤ ᠮᠡᠳᠡᠭᠡ ᠵᠠᠩᠭᠢ ᠵᠢᠨ ᠦᠢ᠍ᠯᠡᠴᠢᠯᠡᠭᠡᠨ᠎ᠤ ᠪᠤᠳᠤᠬᠤ ᠠᠷᠭ᠎ᠠ ᠵᠢᠨ ᠲᠠᠨᠢᠯᠴᠠᠭᠤᠯᠭ᠎ᠠ ᠵᠢᠨ ᠬᠠᠮᠢᠶᠠᠷᠤᠯᠲᠠ ᠵᠢᠨ ᠲᠣᠭᠲᠠᠭ᠋ᠠᠯ》 ᠬᠡᠷᠡᠭᠵᠢᠭᠦᠯᠵᠦ᠂ 《ᠲᠣᠮᠣ ᠳ᠋ᠠᠢ᠌ᠲ᠋ᠠ ᠵᠢ ᠠᠰᠢᠭᠯᠠᠨ ᠲᠠᠨᠢᠯ ᠵᠶ᠋ᠠᠨ ᠵᠣᠯᠢᠬᠤ》 ᠵᠢ ᠬᠣᠷᠢᠭᠯᠠᠵᠠᠢ        

      ᠵᠠᠷᠢᠮ ᠠᠵᠤ ᠠᠬᠤᠶ᠋ᠢᠯᠠᠯ᠎ᠤᠨ ᠬᠤᠪᠢ ᠬᠥᠮᠦᠨ᠎ᠤ ᠮᠡᠳᠡᠭᠡ ᠵᠠᠩᠭᠢ ᠵᠢ ᠠᠰᠢᠭᠯᠠᠨ ᠲᠣᠮᠣ ᠳ᠋ᠠᠶ᠋ᠢᠲ᠋ᠠ᠎ᠪᠠᠷ ᠳᠠᠮᠵᠢᠨ 《ᠲᠠᠨᠢᠯ ᠵᠶ᠋ᠠᠨ ᠵᠣᠯᠢᠵᠤ》᠂ ᠠᠳᠠᠯᠢ ᠪᠤᠰᠤ ᠬᠠᠮᠲᠤ ᠨᠡᠢ᠌ᠲᠡ᠎ᠳᠤ ᠵᠥᠷᠢᠶᠡᠲᠦ ᠦᠨ᠎ᠡ ᠲᠣᠭᠲᠠᠭ᠋ᠠᠯᠲᠠ ᠬᠢᠵᠦ᠂ 《ᠦᠨ᠎ᠡ ᠬᠠᠩᠰᠢ ᠵᠢᠨ ᠭᠠᠳᠠᠭᠤᠷᠴᠢᠯᠠᠯ》᠎ᠢ ᠬᠡᠷᠡᠭᠵᠢᠭᠦᠯᠵᠦ ᠪᠠᠶ᠋ᠢᠭ᠎ᠠ ᠪᠠᠶ᠋ᠢᠳᠠᠯ᠎ᠳᠤ ᠴᠢᠭᠯᠡᠭᠦᠯᠦᠨ᠂ 3 ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠬᠦ 《ᠢᠨᠲᠸᠷ ᠰᠦᠯᠵᠢᠶᠡᠨ᠎ᠤ ᠮᠡᠳᠡᠭᠡ ᠵᠠᠩᠭᠢ ᠵᠢᠨ ᠦᠢ᠍ᠯᠡᠴᠢᠯᠡᠭᠡᠨ᠎ᠤ ᠪᠤᠳᠤᠬᠤ ᠠᠷᠭ᠎ᠠ ᠵᠢ ᠲᠠᠨᠢᠯᠴᠠᠭᠤᠯᠬᠤ ᠬᠠᠮᠢᠶᠠᠷᠤᠯᠲᠠ ᠵᠢᠨ ᠲᠣᠭᠲᠠᠭ᠋ᠠᠯ》᠎ᠳᠤ ᠲᠣᠳᠣᠷᠬᠠᠶ ᠲᠣᠭᠲᠠᠭ᠋ᠠᠭᠰᠠᠨ᠎ᠨᠢ᠄ ᠪᠤᠳᠤᠬᠤ ᠠᠷᠭ᠎ᠠ ᠵᠢ ᠠᠰᠢᠭᠯᠠᠨ ᠦᠢ᠍ᠯᠡᠴᠢᠯᠡᠭᠡ ᠬᠠᠩᠭ᠋ᠠᠭᠴᠢ᠎ᠠᠴᠠ ᠬᠡᠷᠡᠭᠯᠡᠭᠴᠢᠳ᠎ᠲᠤ ᠲᠠᠸᠠᠷ ᠪᠣᠷᠣᠯᠠᠭᠤᠯᠬᠤ ᠪᠤᠶᠤ ᠦᠢ᠍ᠯᠡᠴᠢᠯᠡᠭᠡ ᠬᠠᠩᠭ᠋ᠠᠬᠤ᠎ᠳᠤ ᠭᠦᠷᠪᠡᠯ᠂ ᠬᠡᠷᠡᠭᠯᠡᠭᠴᠢᠳ᠎ᠤᠨ ᠡᠷᠬᠡ ᠲᠡᠭᠰᠢ᠎ᠪᠠᠷ ᠠᠷᠠᠯᠵᠢᠶᠠᠯᠠᠬᠤ ᠡᠷᠬᠡ ᠵᠢ ᠬᠠᠮᠠᠭ᠋ᠠᠯᠠᠬᠤ ᠬᠡᠷᠡᠭᠲᠡᠶ᠂ ᠬᠡᠷᠡᠭᠯᠡᠭᠴᠢᠳ᠎ᠤᠨ ᠳᠤᠷᠠᠰᠢᠯ᠂ ᠠᠷᠠᠯᠵᠢᠶᠠᠨ᠎ᠤ ᠳᠠᠳᠬᠠᠯ ᠵᠡᠷᠭᠡ ᠣᠨᠴᠠᠯᠢᠭ᠎ᠢ ᠦᠨᠳᠦᠰᠦᠯᠡᠨ᠂ ᠪᠤᠳᠤᠬᠤ ᠠᠷᠭ᠎ᠠ ᠵᠢ ᠠᠰᠢᠭᠯᠠᠨ ᠠᠷᠠᠯᠵᠢᠶᠠᠯᠠᠬᠤ ᠦᠨ᠎ᠡ ᠵᠡᠷᠭᠡ ᠠᠷᠠᠯᠵᠢᠶᠠᠯᠠᠬᠤ ᠨᠥᠬᠥᠴᠡᠯ᠎ᠤᠨ ᠲᠠᠯ᠎ᠠ᠎ᠪᠠᠷ ᠵᠦᠶ ᠵᠣᠬᠢᠰ ᠥᠬᠡᠶ ᠵᠦᠷᠢᠶ᠎ᠡ᠎ᠲᠠᠢ ᠬᠠᠨᠳᠤᠬᠤ ᠵᠡᠷᠭᠡ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ ᠵᠢ ᠬᠡᠷᠡᠭᠵᠢᠭᠦᠯᠵᠦ ᠪᠣᠯᠬᠤ ᠥᠬᠡᠶ᠃        

     7. ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠥ ᠵᠢ ᠬᠠᠤᠯᠢ ᠪᠤᠰᠤ᠎ᠪᠠᠷ ᠬᠡᠷᠡᠭᠯᠡᠭᠰᠡᠨ᠎ᠢ ᠢᠯᠡᠴᠢᠯᠡᠨ ᠮᠡᠳᠡᠭᠦᠯᠪᠡᠯ ᠱᠠᠩᠨᠠᠯ ᠣᠯᠵᠤ ᠪᠣᠯᠤᠨ᠎ᠠ      

      ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠨᠡᠶ᠋ᠢᠲᠡᠯᠡᠭᠰᠡᠨ 《ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠥ ᠵᠢᠨ ᠬᠡᠷᠡᠭᠯᠡᠯᠲᠡ ᠵᠢᠨ ᠬᠢᠨᠠᠯᠲᠠ ᠬᠠᠮᠢᠶᠠᠷᠤᠯᠲᠠ ᠵᠢᠨ ᠢᠯᠡᠴᠢᠯᠡᠨ ᠮᠡᠳᠡᠭᠦᠯᠦᠯᠲᠡ ᠵᠢ ᠰᠢᠢ᠍ᠳᠪᠦᠷᠢᠯᠡᠬᠦ ᠲᠦᠷ ᠬᠡᠷᠡᠭᠵᠢᠭᠦᠯᠬᠦ ᠠᠷᠭ᠎ᠠ》 ᠵᠢ 3 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ ᠠᠷᠭ᠎ᠠ᠎ᠳᠤ᠂ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠥ ᠵᠢᠨ ᠬᠡᠷᠡᠭᠯᠡᠯᠲᠡ ᠵᠢᠨ ᠬᠢᠨᠠᠯᠲᠠ ᠬᠠᠮᠢᠶᠠᠷᠤᠯᠲᠠ ᠵᠢ ᠵᠥᠷᠢᠴᠡᠭᠰᠡᠨ ᠰᠡᠵᠢᠭᠯᠡᠯᠲᠡᠶ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠨᠡᠶ᠋ᠢᠭᠡᠮ ᠨᠡᠶ᠋ᠢᠲᠡ ᠵᠢᠨ ᠬᠢᠨᠠᠯᠲᠠ ᠲᠠᠯᠪᠢᠬᠤ ᠪᠠ ᠶᠠᠷᠢᠶ᠎ᠠ ᠬᠡᠯᠡᠯᠴᠡᠭᠡᠨ᠎ᠤ ᠬᠢᠨᠠᠯᠲᠠ ᠲᠠᠯᠪᠢᠬᠤ ᠵᠢ ᠵᠣᠷᠢᠭᠵᠢᠭᠤᠯᠤᠨ᠎ᠠ ᠭᠡᠵᠦ ᠲᠣᠳᠣᠷᠬᠠᠶ ᠲᠣᠭᠲᠠᠭ᠋ᠠᠪᠠ᠃ ᠢᠯᠡᠴᠢᠯᠡᠨ ᠮᠡᠳᠡᠭᠦᠯᠦᠭᠴᠢ᠎ᠨᠢ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠥ ᠵᠢᠨ ᠬᠡᠷᠡᠭᠯᠡᠯᠲᠡ ᠵᠢᠨ ᠬᠢᠨᠠᠯᠲᠠ ᠬᠠᠮᠢᠶᠠᠷᠤᠯᠲᠠ ᠵᠢᠨ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠲᠦᠷᠢᠮ ᠲᠣᠭᠲᠠᠭ᠋ᠠᠯ᠎ᠠᠴᠠ ᠵᠥᠷᠢᠴᠡᠭᠰᠡᠨ ᠰᠡᠵᠢᠭᠯᠡᠯᠲᠡᠶ ᠪᠣᠳᠠᠲᠠᠶ ᠰᠦᠪᠡᠭᠴᠢ ᠵᠢ ᠬᠠᠩᠭ᠋ᠠᠬᠤ ᠬᠡᠷᠡᠭᠲᠡᠶ᠃ ᠢᠯᠡᠴᠢᠯᠡᠨ ᠮᠡᠳᠡᠭᠦᠯᠦᠭᠰᠡᠨ᠎ᠨᠢ ᠱᠠᠩᠨᠠᠬᠤ ᠨᠥᠬᠥᠴᠡᠯ᠎ᠳᠤ ᠨᠡᠢ᠌ᠴᠡᠪᠡᠯ᠂ ᠡᠮᠴᠢᠯᠡᠭᠡᠨ᠎ᠤ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠲᠣᠭᠲᠠᠭ᠋ᠠᠯ ᠶᠣᠰᠣᠭ᠋ᠠᠷ ᠱᠠᠩᠨᠠᠨ᠎ᠠ᠃

ᠢᠷᠡᠯᠲᠡ᠄ ᠠᠷᠠᠳ᠎ᠤᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠮᠠᠨ᠎ᠤ ᠤᠯᠤᠰ᠎ᠤᠨ ᠤᠯᠤᠰ᠎ᠤᠨ ᠦᠮᠴᠢᠯᠡᠯᠲᠦ ᠣᠶ᠋ᠢᠲᠤ ᠭᠠᠵᠠᠷ᠂ ᠬᠠᠮᠲᠤ ᠵᠢᠨ ᠦᠮᠴᠢᠯᠡᠯᠲᠦ ᠣᠶ᠋ᠢᠲᠤ ᠭᠠᠵᠠᠷ᠎ᠤᠨ ᠬᠠᠷᠢᠴᠠᠯ᠎ᠨᠢ ᠬᠡᠳᠦᠶ ᠪᠤᠢ?
ᠮᠦᠰᠥ ᠴᠠᠰᠥᠨ᠎ᠤ ᠳᠠᠷᠠᠭ᠎ᠠ ᠳᠠᠷᠢᠮᠠᠯ ᠵᠶ᠋ᠠᠨ ᠬᠡᠷᠬᠢᠨ ᠠᠷᠠᠴᠢᠯᠠᠬᠤ ᠪᠤᠢ
ᠵᠢᠮᠢᠰ᠎ᠤᠨ ᠮᠣᠳᠤᠨ᠎ᠤ ᠪᠤᠷᠳᠤᠭᠤᠷ᠎ᠤᠨ ᠬᠤᠤᠷ ᠬᠥᠨᠥᠭᠡᠯ᠎ᠢ ᠰᠡᠷᠭᠡᠶ᠋ᠢᠯᠡᠨ ᠵᠠᠰᠠᠬᠤ ᠠᠷᠭ᠎ᠠ
ᠴᠢᠪᠠᠭ᠎ᠠ ᠪᠤᠯ ᠡᠮᠡᠭᠳᠡᠢ ᠬᠦᠮᠦᠨ᠎ᠤ ᠬᠠᠮᠤᠭ᠎ᠤᠨ ᠰᠠᠶ᠋ᠢᠨ ᠢᠳᠡᠭᠡᠨ
ᠤᠯᠢᠶᠠᠰᠤᠨ᠎ᠤ ᠲᠦᠷᠦᠯ
 
             蒙ICP备05000248号