《ᠨᠡᠭᠦᠷᠡᠰᠦᠲᠥ᠋ᠷᠥᠭᠴᠢ ᠵᠢ ᠤᠷᠬᠢᠯ᠎ᠳᠤ ᠬᠦᠷᠭᠡᠬᠦ ᠪᠠ ᠨᠡᠭᠦᠷᠡᠰᠦᠳᠦ᠋ᠷᠦᠭᠴᠢ ᠵᠢ ᠱᠠᠭ᠋ᠠᠷᠮᠠᠭᠵᠢᠭᠤᠯᠬᠤ》 ᠬᠤᠤᠰ ᠬᠠᠷᠠᠯᠲᠠ ᠵᠢ ᠪᠡᠶᠡᠯᠡᠭᠦᠯᠬᠦ᠎ᠳᠤ ᠨᠡᠭᠦᠷᠡᠰᠦᠲᠥ᠋ᠷᠥᠭᠴᠢ ᠵᠢ ᠲᠣᠭᠲᠠᠪᠤᠷᠢᠵᠢᠭᠤᠯᠬᠤ ᠲᠠᠯ᠎ᠠ᠎ᠪᠠᠷ ᠬᠦᠴᠦᠯᠡᠬᠦ ᠬᠡᠷᠡᠭᠲᠡᠶ᠃ ᠤᠢ ᠰᠢᠭᠤᠢ ᠪᠠ ᠨᠤᠲᠤᠭ ᠪᠡᠯᠴᠢᠭᠡᠷ᠎ᠨᠢ ᠤᠯᠤᠰ᠎ᠤᠨ ᠠᠮᠢ ᠠᠬᠤᠢ ᠵᠢᠨ ᠠᠮᠤᠷ ᠲᠦᠪᠰᠢᠨ᠎ᠳᠤ ᠰᠠᠭᠤᠷᠢᠯᠠᠬᠤ ᠴᠢᠨᠠᠷᠲᠠᠢ᠂ ᠪᠠᠶ᠋ᠢᠯᠳᠤᠬᠤ ᠪᠤᠳᠤᠯᠭ᠎ᠠ ᠵᠢᠨ ᠴᠢᠨᠠᠷᠲᠠᠢ ᠦᠢ᠍ᠯᠡᠳᠦᠯ᠎ᠲᠠᠢ ᠪᠠᠶ᠋ᠢᠳᠠᠭ᠃ ᠤᠢ ᠰᠢᠭᠤᠢ᠎ᠨᠢ ᠨᠡᠩ ᠴᠤ᠌ ᠡᠭᠡ ᠬᠠᠭᠤᠷᠠᠢ ᠳᠡᠭᠡᠷᠡᠬᠢ ᠬᠠᠮᠤᠭ᠎ᠤᠨ ᠶᠡᠬᠡ 《ᠨᠡᠭᠦᠷᠡᠰᠦᠲᠥ᠋ᠷᠥᠭᠴᠢ ᠵᠢᠨ ᠬᠥᠮᠥᠷᠭᠡ》 ᠮᠥᠨ᠂ ᠨᠡᠭᠦᠷᠡᠰᠦᠲᠥ᠋ᠷᠥᠭᠴᠢ ᠵᠢ ᠲᠣᠭᠲᠠᠪᠤᠷᠢᠵᠢᠭᠤᠯᠬᠤ ᠦᠢ᠍ᠯᠡᠳᠦᠯ᠎ᠨᠢ ᠮᠠᠰᠢ ᠢᠯᠡᠷᠬᠡᠢ ᠮᠥᠷᠲᠡᠭᠡᠨ ᠨᠡᠭᠦᠷᠡᠰᠦᠲᠥ᠋ᠷᠥᠭᠴᠢ ᠵᠢ ᠰᠢᠩᠭᠡᠭᠡᠨ ᠠᠪᠬᠤ ᠲᠠᠯᠳᠠ ᠬᠦᠴᠦᠨ ᠵᠶ᠋ᠠᠷ ᠶᠡᠬᠡ᠂ ᠥᠪᠡᠷ᠎ᠤᠨ ᠦᠷᠳᠡᠭ ᠵᠶ᠋ᠠᠷ ᠳᠣᠣᠷ᠎ᠠ᠂ ᠠᠮᠢ ᠠᠬᠤᠢ ᠵᠢᠨ ᠨᠡᠮᠡᠯᠲᠡ ᠦᠷᠳᠡᠭ ᠵᠶ᠋ᠠᠷ ᠥᠨᠳᠥᠷ ᠵᠡᠷᠭᠡ ᠳᠠᠪᠠᠭᠤᠯᠢᠭ ᠲᠠᠯ᠎ᠠ᠎ᠲᠠᠢ ᠪᠠᠶ᠋ᠢᠵᠤ᠂ ᠪᠦᠬᠥ ᠪᠥᠮᠪᠥᠷᠴᠡᠭ᠎ᠤᠨ ᠨᠡᠭᠦᠷᠡᠰᠦᠲᠥ᠋ᠷᠥᠭᠴᠢ ᠵᠢᠨ ᠲᠡᠩᠴᠡᠭᠦᠷᠢ ᠵᠢ ᠪᠠᠲᠤᠯᠠᠬᠤ᠎ᠳᠤ ᠯᠤᠲᠤ ᠶᠡᠬᠡ ᠦᠢ᠍ᠯᠡᠳᠦᠯ ᠦᠵᠡᠭᠦᠯᠵᠦ ᠪᠠᠶ᠋ᠢᠳᠠᠭ᠃ ᠤᠢ᠍ᠢ᠍ᠷ᠎ᠠ ᠵᠢᠨ ᠵᠢᠯ᠎ᠠᠴᠠ᠂ ᠮᠠᠨ᠎ᠤ ᠤᠯᠤᠰ᠎ᠤᠨ ᠬᠣᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠳ ᠤᠢ ᠰᠢᠭᠤᠢ ᠵᠢᠨ ᠪᠦᠳᠦᠭᠡᠨ ᠪᠠᠶ᠋ᠢᠭᠤᠯᠤᠯᠲᠠ ᠵᠢᠨ ᠰᠢᠨ᠎ᠡ ᠵᠠᠭᠪᠤᠷ᠎ᠢ ᠢᠳᠡᠪᠬᠢᠲᠡᠢ ᠰᠦᠪᠡᠭᠴᠢᠯᠡᠵᠦ᠂ ᠤᠢ ᠰᠢᠭᠤᠢ ᠭᠡᠬᠦ 《ᠨᠡᠭᠦᠷᠡᠰᠦᠲᠥ᠋ᠷᠥᠭᠴᠢ ᠵᠢᠨ ᠬᠥᠮᠥᠷᠭᠡ》 ᠵᠢ ᠨᠡᠩ ᠴᠢᠨᠠᠷ ᠰᠠᠶ᠋ᠢᠲᠠᠢ᠂ ᠨᠡᠩ ᠲᠣᠭᠲᠠᠭᠤᠨ ᠪᠤᠯᠭ᠋ᠠᠬᠤ᠎ᠪᠠᠷ ᠬᠦᠴᠦᠯᠡᠵᠦ ᠪᠤᠢ᠃