ᠬᠤᠷᠴᠢᠨ᠎ᠤ ᠡᠯᠡᠰᠦᠷᠬᠡᠭ ᠭᠠᠵᠠᠷ
ᠥᠪᠥᠷ ᠮᠣᠩᠭᠣᠯ᠎ᠤᠨ ᠵᠡᠭᠦᠨ ᠡᠮᠦᠨᠡᠲᠦ ᠬᠡᠰᠡᠭ᠂ ᠶᠡᠬᠡ ᠬᠢᠩᠭ᠋ᠠᠨ ᠳᠠᠪᠠᠭ᠎ᠠ ᠪᠠ ᠾᠸᠪᠸᠢ ᠵᠢᠨ ᠬᠣᠶ᠋ᠢᠲᠤ ᠬᠡᠰᠡᠭ᠎ᠤᠨ ᠠᠭᠤᠯᠠᠷᠬᠠᠭ ᠭᠠᠵᠠᠷ᠎ᠤᠨ ᠬᠣᠭᠣᠷᠣᠨᠳᠣᠬᠢ ᠭᠤᠷᠪᠠᠯᠵᠢᠨ ᠣᠷᠣᠨ ᠪᠦᠰᠡ᠎ᠳᠤ ᠣᠷᠣᠰᠢᠵᠤ᠂ ᠬᠢᠩᠭ᠋ᠠᠨ ᠠᠶ᠋ᠢᠮᠠᠭ᠂ ᠲᠦᠩᠯᠢᠶᠣᠤ ᠬᠣᠲᠠ᠂ ᠤᠯᠠᠭ᠋ᠠᠨᠬᠠᠳᠠ ᠬᠣᠲᠠ ᠵᠢᠴᠢ ᠯᠢᠶᠣᠤᠨᠢᠩ᠎ᠤᠨ ᠪᠠᠷᠠᠭᠤᠨ ᠬᠣᠶ᠋ᠢᠲᠤ ᠬᠡᠰᠡᠭ᠂ ᠭᠢᠷᠢᠨ᠎ᠤ ᠪᠠᠷᠠᠭᠤᠨ ᠬᠡᠰᠡᠭ᠎ᠤᠨ ᠡᠯᠡᠰᠦᠷᠬᠡᠭ ᠤᠷᠤᠨ ᠪᠦᠰᠡ ᠵᠢ ᠪᠠᠭᠲᠠᠭ᠋ᠠᠨ᠎ᠠ᠃ ᠶᠡᠷᠦᠩᠬᠡᠶ ᠲᠠᠯᠠᠪᠠᠶ᠎ᠨᠢ ᠪᠠᠷᠤᠭ 5.06 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠠᠶ᠋ᠢᠵᠤ᠂ ᠳᠤᠮᠳᠠᠳᠤ ᠤᠯᠤᠰ᠎ᠤᠨ ᠬᠠᠮᠤᠭ᠎ᠤᠨ ᠶᠡᠬᠡ ᠡᠯᠡᠰᠦᠷᠬᠡᠭ ᠭᠠᠵᠠᠷ ᠪᠣᠯᠤᠨ᠎ᠠ᠂ ᠭᠠᠵᠠᠷ᠎ᠤᠨ ᠪᠠᠶ᠋ᠢᠴᠠ᠎ᠨᠢ ᠡᠮᠦᠨ᠎ᠡ ᠤᠮᠠᠷ᠎ᠠ ᠥᠨᠳᠥᠷ᠂ ᠳᠤᠮᠳᠠ ᠬᠡᠰᠡᠭ᠎ᠨᠢ ᠳᠣᠣᠷ᠎ᠠ᠂ ᠪᠠᠷᠠᠭᠤᠨ ᠬᠡᠰᠡᠭ᠎ᠨᠢ ᠥᠨᠳᠥᠷ᠂ ᠵᠡᠭᠦᠨ ᠬᠡᠰᠡᠭ᠎ᠨᠢ ᠳᠣᠣᠷ᠎ᠠ ᠪᠠᠶ᠋ᠢᠵᠤ᠂ ᠭᠣᠣᠯ ᠪᠣᠯᠬᠤ ᠪᠦᠯᠦᠭᠯᠡᠯ᠎ᠤᠨ ᠲᠥᠷᠥᠯ ᠵᠦᠢ᠍ᠯ᠎ᠨᠢ ᠰᠢᠷᠠᠯᠵᠢ᠂ ᠠᠭᠤᠯᠠ ᠵᠢᠨ ᠬᠦᠢ᠍ᠯᠡᠰᠦ ᠵᠶ᠋ᠡᠷ ᠭᠤᠤᠯᠯᠠᠭᠰᠠᠨ ᠬᠡᠭᠡᠷ᠎ᠡ ᠲᠠᠯ᠎ᠠ ᠪᠣᠯᠤᠨ᠎ᠠ᠃
ᠬᠤᠯᠠᠨ ᠰᠢᠷᠭ᠎ᠠ ᠳᠠᠭ᠎ᠠ ᠵᠢᠨ ᠡᠯᠡᠰᠦᠷᠬᠡᠭ ᠭᠠᠵᠠᠷ
ᠥᠪᠥᠷ ᠮᠣᠩᠭᠣᠯ᠎ᠤᠨ ᠳᠤᠮᠳᠠᠳᠤ ᠬᠡᠰᠡᠭ᠎ᠤᠨ ᠰᠢᠯᠢ ᠵᠢᠨ ᠭᠣᠣᠯ᠎ᠤᠨ ᠥᠨᠳᠥᠷᠯᠢᠭ᠎ᠤᠨ ᠳᠤᠮᠳᠠᠳᠤ ᠡᠮᠦᠨᠡᠲᠦ ᠬᠡᠰᠡᠭ᠂ ᠰᠢᠯᠢ ᠵᠢᠨ ᠭᠣᠣᠯ᠎ᠤᠨ ᠲᠠᠯ᠎ᠠ ᠨᠤᠲᠤᠭ᠎ᠤᠨ ᠡᠮᠦᠨ᠎ᠡ ᠵᠠᠬ᠎ᠠ᠎ᠳᠤ ᠪᠠᠢ᠌ᠷᠢᠯᠠᠵᠦ᠂ ᠶᠡᠷᠦᠩᠬᠡᠶ ᠲᠠᠯᠠᠪᠠᠶ᠎ᠨᠢ ᠪᠠᠷᠤᠭ 2.38 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠠᠶ᠋ᠢᠵᠤ᠂ ᠭᠠᠵᠠᠷ᠎ᠤᠨ ᠪᠠᠶ᠋ᠢᠴᠠ᠎ᠨᠢ ᠵᠡᠭᠦᠨ ᠡᠮᠦᠨ᠎ᠡ᠎ᠪᠠᠨ ᠥᠨᠳᠥᠷ ᠪᠠᠷᠠᠭᠤᠨ ᠬᠣᠶ᠋ᠢᠨ᠎ᠠ᠎ᠪᠠᠨ ᠳᠣᠣᠷ᠎ᠠ᠂ ᠭᠠᠵᠠᠷ᠎ᠤᠨ ᠭᠠᠳᠠᠷᠭᠤ ᠵᠢᠨ ᠡᠷᠬᠦᠭᠳᠡᠭᠴᠡ ᠵᠢᠨ ᠵᠦᠷᠢᠶ᠎ᠡ ᠶᠡᠬᠡ ᠪᠢᠰᠢ᠃ ᠬᠤᠯᠠᠨ ᠰᠢᠷᠭ᠎ᠠ ᠳᠠᠭ᠎ᠠ ᠵᠢᠨ ᠡᠯᠡᠰᠦᠷᠬᠡᠭ ᠭᠠᠵᠠᠷ᠎ᠲᠤ ᠮᠠᠰᠢ ᠣᠯᠠᠨ ᠵᠢᠵᠢᠭ ᠨᠠᠭᠤᠷ ᠪᠠ ᠪᠤᠯᠠᠭ ᠲᠠᠷᠬᠠᠵᠤ᠂ ᠡᠯᠡᠰᠦᠷᠬᠡᠭ ᠭᠠᠵᠠᠷ᠎ᠤᠨ ᠵᠠᠬ᠎ᠠ᠎ᠨᠢ ᠪᠣᠭᠣᠨᠢ ᠠᠭᠤᠯᠠ᠂ ᠳᠣᠪᠣᠷᠬᠠᠭ ᠤᠷᠤᠨ ᠪᠦᠰᠡ ᠪᠤᠯᠤᠨ᠎ᠠ᠃
ᠬᠥᠯᠥᠨ ᠪᠣᠶ᠋ᠢᠷ᠎ᠤᠨ ᠡᠯᠡᠰᠦᠷᠬᠡᠭ ᠭᠠᠵᠠᠷ
ᠬᠥᠯᠥᠨ ᠪᠣᠶ᠋ᠢᠷ ᠬᠣᠲᠠ ᠵᠢᠨ ᠪᠠᠷᠠᠭᠤᠨ ᠬᠡᠰᠡᠭ᠂ ᠶᠡᠬᠡ ᠬᠢᠩᠭ᠋ᠠᠨ ᠳᠠᠪᠠᠭ᠎ᠠ ᠵᠢᠨ ᠳᠤᠮᠳᠠ ᠬᠡᠰᠡᠭ᠂ ᠬᠥᠯᠥᠨ ᠨᠠᠭᠤᠷ᠎ᠠᠴᠠ ᠵᠡᠭᠦᠨᠰᠢ᠂ ᠬᠥᠯᠥᠨ ᠪᠣᠶ᠋ᠢᠷ᠎ᠤᠨ ᠲᠠᠯ᠎ᠠ ᠨᠤᠲᠤᠭ᠎ᠤᠨ ᠥᠷᠥᠴᠡᠨ᠎ᠳᠤ ᠪᠠᠶ᠋ᠢᠷᠢᠰᠢᠵᠤ᠂ ᠶᠡᠷᠦᠩᠬᠡᠶ ᠲᠠᠯᠠᠪᠠᠶ᠎ᠨᠢ ᠪᠠᠷᠤᠭ 0.91 ᠲᠦᠮᠡᠨ ᠲᠡᠭᠰᠢ ᠳᠥᠷᠪᠡᠯᠵᠢᠨ ᠺᠢᠯᠣᠮᠧᠲᠷ᠂ ᠭᠠᠵᠠᠷ᠎ᠤᠨ ᠪᠠᠶ᠋ᠢᠴᠠ᠎ᠨᠢ ᠵᠡᠭᠦᠨ᠎ᠠᠴᠠ ᠪᠠᠷᠠᠭᠤᠨᠰᠢ ᠠᠭ᠋ᠠᠵᠢᠮ ᠵᠶ᠋ᠠᠷ ᠳᠣᠷᠣᠭᠰᠢᠯᠠᠵᠤ᠂ ᠭᠣᠤᠯ ᠮᠥᠷᠡᠨ᠂ ᠨᠠᠭᠤᠷ᠂ ᠨᠠᠮᠤᠭ ᠭᠠᠵᠠᠷ ᠨᠡᠯᠢᠶᠡᠳ ᠤᠯᠠᠨ ᠪᠤᠢ᠃ ᠤᠰᠤᠨ᠎ᠤ ᠨᠥᠬᠥᠴᠡᠯ᠎ᠨᠢ ᠳᠠᠪᠠᠭᠤᠯᠢᠭ ᠪᠠᠶ᠋ᠢᠳᠠᠭ᠃
ᠦᠵᠦᠮᠦᠴᠢᠨ᠎ᠤ ᠡᠯᠡᠰᠦᠷᠬᠡᠭ ᠭᠠᠵᠠᠷ
ᠰᠢᠯᠢ ᠵᠢᠨ ᠭᠣᠤᠯ ᠠᠶ᠋ᠢᠮᠠᠭ᠎ᠤᠨ ᠪᠠᠷᠠᠭᠤᠨ ᠦᠵᠦᠮᠦᠴᠢᠨ ᠬᠣᠰᠢᠭᠤ᠂ ᠵᠡᠭᠦᠨ ᠦᠵᠦᠮᠦᠴᠢᠨ ᠬᠣᠰᠢᠭᠤᠨ᠎ᠳᠤ ᠪᠠᠶ᠋ᠢᠷᠢᠯᠠᠵᠤ᠂ ᠶᠡᠷᠦᠩᠬᠡᠢ ᠲᠠᠯᠠᠪᠠᠶ᠎ᠨᠢ ᠪᠠᠷᠤᠭ 0.304 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠠᠶ᠋ᠢᠨ᠎ᠠ᠃
ᠮᠤᠤᠠᠤᠰᠤ ᠵᠢᠨ ᠡᠯᠡᠰᠦᠷᠬᠡᠭ ᠭᠠᠵᠠᠷ
ᠪᠠᠰᠠ ᠣᠷᠳᠣᠰ᠎ᠤᠨ ᠡᠯᠡᠰᠦᠷᠬᠡᠭ ᠭᠠᠵᠠᠷ ᠭᠡᠳᠡᠭ᠂ ᠭᠣᠤᠯᠳᠠᠭᠤ ᠣᠷᠳᠣᠰ᠎ᠤᠨ ᠥᠨᠳᠥᠷᠯᠢᠭ ᠬᠢᠭᠡᠳ ᠰᠢᠷ᠎ᠠ ᠬᠥᠷᠥᠰᠥᠲᠦ ᠥᠨᠳᠥᠷᠯᠢᠭ᠎ᠤᠨ ᠬᠣᠭᠣᠷᠣᠨᠳᠣᠬᠢ ᠲᠤᠨᠤᠮᠠᠯ ᠲᠠᠯ᠎ᠠ ᠭᠠᠵᠠᠷ᠎ᠲᠤ ᠣᠷᠣᠰᠢᠵᠤ᠂ ᠥᠪᠥᠷ ᠮᠣᠩᠭᠣᠯ᠂ ᠱᠠᠨᠰᠢ᠂ ᠨᠢᠩᠰᠢᠶᠠ ᠵᠡᠷᠭᠡ ᠭᠠᠵᠠᠷ᠎ᠢ ᠰᠤᠨᠳᠠᠯᠠᠵᠤ᠂ ᠶᠡᠷᠦᠩᠬᠡᠶ ᠲᠠᠯᠠᠪᠠᠶ᠎ᠨᠢ 3.21 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠠᠢ᠌ᠨ᠎ᠠ᠃